ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ 20 ᠳ᠋ᠤᠭᠠᠷ ᠤᠳᠠᠭ᠎ᠠ ᠶᠢᠨ ᠲᠡᠷᠢᠭᠦᠯᠡᠭᠴᠢᠳ ᠤᠨ ᠬᠤᠷᠠᠯ ᠬᠢᠪᠡ
ᠨᠡᠶᠢᠲᠡᠯᠡᠭᠰᠡᠨ ᠴᠠᠭ᠄
2023/12/30
    ᠵᠠᠩ ᠶᠠᠨ ᠺᠦᠨ ᠬᠤᠷᠠᠯ ᠢ ᠡᠷᠬᠢᠯᠡᠵᠦ ᠶᠠᠷᠢᠶ᠎ᠠ ᠲᠠᠯᠪᠢᠵᠠᠢ   12 ᠰᠠᠷ᠎ᠠ ᠶᠢᠨ 29᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ 20 ᠳ᠋ᠤᠭᠠᠷ ᠤᠳᠠᠭ᠎ᠠ ᠶᠢᠨ ᠲᠡᠷᠢᠭᠦᠯᠡᠭᠴᠢᠳ ᠤᠨ ᠬᠤᠷᠠᠯ ᠬᠢᠪᠡ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠳᠡᠳ᠋ ᠲᠡᠷᠢᠭᠦᠯᠡᠭᠴᠢ ᠯᠦᠸᠧ ᡁᠢ ᠬᠤ᠋᠂ ᠸᠧᠶ ᠭᠦᠸᠧ ᠨᠠᠨ ᠵᠢᠴᠢ ᠨᠠᠷᠢᠨ ᠪᠢᠴᠢᠭ ᠤᠨ ᠳᠠᠷᠤᠭ᠎ᠠ ᠶᠠᠩ ᠯᠢ ᠮᠢᠨ ᠬᠤᠷᠠᠯ ᠳᠤ ᠣᠷᠣᠯᠴᠠᠵᠠᠶ᠃    ᠬᠤᠷᠠᠯ ᠠᠴᠠ᠂ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠤᠷᠢᠶ᠎ᠠ ᠶᠢᠨ ᠬᠤᠶᠠᠳᠤᠭᠠᠷ ᠬᠤᠷᠠᠯ ᠢ ᠬᠤᠷᠠᠯᠳᠤᠭᠤᠯᠬᠤ ᠲᠤᠬᠠᠶ ᠲᠣᠭᠲᠠᠭᠠᠯ ︵ᠲᠥᠰᠦᠯ︶ ᠵᠡᠷᠭᠡ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠢ ᠬᠢᠨᠠᠨ ᠵᠥᠪᠯᠡᠪᠡ᠃    ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠦᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠶᠡᠭᠡ ᠶᠠᠪᠤᠳᠠᠯ︾᠎ ᠤᠨ ᠲᠣᠭᠤᠷᠢᠨ ᠳᠤ᠂ ︽ᠵᠢᠷᠭᠤᠭᠠᠨ ᠢᠨᠵᠧᠨᠧᠷᠢᠩ︾ ᠪᠣᠯᠤᠨ ︽ᠲᠤᠯᠤᠭᠠᠨ ᠲᠠᠯ᠎ᠠ ᠶᠢᠨ ᠭᠤᠣᠯᠳᠠᠯᠭ᠎ᠠ ᠲᠠᠢ ᠡᠭᠦᠷᠭᠡ︾᠎ ᠳᠤ ᠠᠩᠬᠠᠷᠤᠯ ᠢᠶᠠᠨ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ 2024 ᠣᠨ ᠤ ᠭᠤᠣᠯᠳᠠᠯᠭ᠎ᠠ ᠲᠠᠢ ᠠᠵᠢᠯ ᠢ ᠨᠢᠭᠡᠳᠦᠯᠲᠡᠢ ᠲᠥᠯᠥᠪᠵᠢᠭᠦᠯᠵᠦ᠂ ᠨᠠᠮ ᠤᠨ ᠬᠤᠷᠢᠶ᠎ᠠ ᠤᠷᠢᠶᠠᠯᠠᠭ᠎ᠠ ᠲᠠᠢ᠂ ᠤᠯᠤᠰ ᠲᠦᠷᠦ ᠶᠢᠨ ᠵᠥᠪᠯᠡᠯᠭᠡᠨ ᠠᠵᠢᠯᠯᠠᠭ᠎ᠠ ᠲᠠᠢ᠂ ᠨᠠᠮ ᠤᠨ ᠬᠤᠷᠢᠶ᠎ᠠ ᠱᠠᠭᠠᠷᠳᠠᠯᠭ᠎ᠠ ᠲᠠᠢ᠂ ᠤᠯᠤᠰ ᠲᠦᠷᠦ ᠶᠢᠨ ᠵᠥᠪᠯᠡᠯᠭᠡᠨ ᠵᠢᠳᠬᠦᠯ ᠴᠢᠷᠮᠠᠶᠢᠯᠭ᠎ᠠ ᠲᠠᠢ ᠪᠠᠶᠢᠬᠤ ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠴᠢᠩᠭ᠎ᠠ ᠪᠣᠳᠠᠲᠠᠢ ᠰᠤᠷᠲᠠᠯ ᠢ ᠪᠠᠲᠤᠯᠠᠵᠤ᠂ ᠤᠯᠤᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ ᠂ ᠬᠠᠮᠵᠢᠯᠴᠠᠭ᠎ᠠ ᠪᠠᠨ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠤᠨ ᠡᠯ᠎ᠡ ᠵᠦᠢᠯ ᠤᠨ ᠪᠡᠯᠡᠳᠭᠡᠯ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号