ᠣᠳᠣᠬᠠᠨ ᠳᠤ ᠣᠯᠠᠨ ᠵᠦᠢᠯ ᠤᠨ ᠠᠮᠢᠰᠬᠤᠯ ᠤᠨ ᠵᠠᠮ ᠤᠨ ᠡᠪᠡᠳᠴᠢᠨ ᠳᠡᠯᠭᠡᠷᠡᠵᠦ ᠪᠠᠶᠢᠨ᠎ᠠ᠂ 13 ᠤ ᠡᠳᠦᠷ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ | ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠢ ᠤᠷᠢᠵᠤ ᠮᠠᠨ ᠤ ᠤᠯᠤᠰ ᠤᠨ ᠡᠪᠦᠯ ᠤᠨ ᠤᠯᠠᠷᠢᠯ ᠤᠨ | ᠠᠮᠢᠰᠬᠤᠯ ᠤᠨ ᠵᠠᠮ ᠤᠨ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠬᠤᠯᠪᠣᠭᠳᠠᠯ ᠪᠦᠬᠦᠢ ᠪᠠᠶᠢᠳᠠᠯ ᠢ | ᠲᠠᠨᠢᠯᠴᠠᠭᠤᠯᠪᠠ᠃ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠰᠣᠨᠢᠨ ᠮᠡᠳᠡᠭᠡᠨ ᠤ | ᠥᠭᠦᠯᠡᠭᠴᠢ ᠮᠢ ᠹᠧᠩ᠄ ᠡᠯ᠎ᠡ ᠭᠠᠵᠠᠷ ᠤᠨ ᠬᠢᠨ ᠬᠤᠶᠢᠨ᠎ᠠ ᠬᠤᠶᠢᠨ᠎ᠠ ᠠᠴᠠ ᠪᠠᠨ ᠡᠪᠦᠯ ᠣᠷᠣᠬᠤ ᠶᠢ ᠳᠠᠭᠠᠯᠳᠤᠨ᠂ | ᠠᠮᠢᠰᠬᠤᠯ ᠤᠨ ᠵᠠᠮ ᠤᠨ ᠡᠪᠡᠳᠴᠢᠨ ᠣᠯᠠᠨ ᠡᠭᠦᠰᠬᠦ ᠤᠯᠠᠷᠢᠯ ᠳᠤ ᠣᠷᠣᠵᠤ᠂ ᠣᠳᠣᠬᠠᠨ ᠳᠤ ᠣᠯᠠᠨ ᠵᠦᠢᠯ ᠤᠨ | ᠠᠮᠢᠰᠬᠤᠯ ᠤᠨ ᠵᠠᠮ ᠤᠨ ᠡᠪᠡᠳᠴᠢᠨ ᠳᠠᠪᠬᠤᠴᠠᠨ ᠲᠡᠯᠭᠡᠷᠡᠵᠦ ᠪᠠᠶᠢᠨ᠎ᠠ᠃ ᠡᠯ᠎ᠡ ᠭᠠᠵᠠᠷ ᠤᠨ ᠬᠢᠨ ᠤᠯᠠᠨ | ᠡᠪᠡᠳᠴᠢᠨ ᠢ ᠵᠡᠷᠭᠡᠪᠡᠷ ᠰᠡᠷᠭᠡᠶᠢᠯᠡᠵᠦ ᠵᠡᠷᠭᠡᠪᠡᠷ ᠵᠠᠰᠠᠬᠤ ᠶᠢ ᠪᠠᠷᠢᠮᠲᠠᠯᠠᠵᠤ᠂ ᠠᠭᠤᠰᠬᠢᠨ ᠦᠷᠪᠢᠰᠦᠯ ᠤᠨ ᠰᠠᠯᠠᠭᠠᠲᠤ | ᠠᠩᠬᠠᠨ ᠤ ᠪᠡᠶᠡᠲᠦ᠂ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ᠂ ᠲᠠᠬᠤᠯ ᠲᠠᠭᠰᠢᠭᠤᠷ᠂ ᠳ᠋ᠥᠩᠬᠦ᠋ | ᠬᠠᠯᠠᠭᠤᠷᠠᠯ᠂ ᠨᠦᠷᠦ᠋ ᠸᠢᠷᠦ᠋ᠰ ᠤᠨ ᠬᠠᠯᠳᠠᠪᠤᠷᠢᠯᠠᠯ ᠵᠡᠷᠭᠡ ᠳᠡᠯᠭᠡᠷᠡᠵᠦ ᠪᠠᠶᠢᠭ᠎ᠠ ᠪᠠᠶᠢᠳᠠᠯ ᠢ ᠨᠢᠭᠲᠠ ᠠᠩᠬᠠᠷᠴᠤ᠂ | ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠸᠢᠷᠦ᠋ᠰ ᠤᠨ ᠠᠵᠢᠯᠯᠠᠭ᠎ᠠ ᠶᠢᠨ ᠬᠦᠴᠦᠯᠡᠴᠡ᠂ | ᠸᠢᠷᠦ᠋ᠰ ᠤᠨ ᠣᠨᠳᠣᠣᠰᠢᠯ ᠵᠡᠷᠭᠡ ᠬᠤᠪᠢᠷᠠᠯᠲᠠ ᠶᠢ ᠡᠵᠡᠮᠰᠢᠬᠦ ᠬᠡᠷᠡᠭᠲᠡᠢ︔ ᠬᠥᠳᠡᠭᠡ ᠲᠣᠰᠬᠤᠨ ᠤ ᠭᠠᠵᠠᠷ ᠣᠷᠣᠨ᠂ | ᠰᠤᠷᠭᠠᠭᠤᠯᠢ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ ᠬᠡᠦᠬᠡᠳ ᠰᠠᠭᠠᠲᠠᠭᠤᠯᠬᠤ ᠪᠠᠶᠢᠭᠤᠯᠤᠮᠵᠢ ᠵᠡᠷᠭᠡ | ᠭᠤᠣᠯᠳᠠᠯᠭ᠎ᠠ ᠲᠠᠢ ᠭᠠᠵᠠᠷ ᠣᠷᠣᠨ᠂ ᠭᠤᠣᠯᠳᠠᠯᠭ᠎ᠠ ᠲᠠᠢ ᠲᠠᠯᠠᠪᠤᠷ ᠭᠠᠵᠠᠷ ᠤᠨ ᠬᠠᠯᠳᠠᠪᠤᠷᠢᠲᠤ ᠡᠪᠡᠳᠴᠢᠨ ᠢ ᠬᠢᠨᠠᠨ | ᠬᠡᠮᠵᠢᠬᠦ ᠪᠠ ᠡᠷᠡᠭᠦᠯ ᠮᠡᠨᠳᠦ ᠶᠢᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ︔ ᠨᠠᠰᠤᠲᠠᠶᠢᠴᠤᠳ᠂ ᠰᠠᠭᠤᠷᠢ | ᠴᠢᠨᠠᠷᠲᠠᠢ ᠡᠪᠡᠳᠴᠢᠲᠡᠨ᠂ ᠬᠡᠦᠬᠡᠳ ᠵᠡᠷᠭᠡ ᠭᠤᠣᠯᠳᠠᠯᠭ᠎ᠠ ᠲᠠᠢ ᠬᠥᠮᠥᠰ ᠢ ᠳᠠᠭᠠᠵᠤ ᠰᠤᠷᠪᠤᠯᠵᠢᠯᠠᠬᠤ ᠠᠵᠢᠯ ᠢ | ᠰᠠᠶᠢᠲᠤᠷ ᠬᠢᠵᠦ᠂ ᠸᠠᠺᠼᠢᠨ ᠤ ᠲᠠᠷᠢᠯᠭ᠎ᠠ ᠶᠢᠨ ᠦᠢᠯᠡᠴᠢᠯᠡᠭᠡ ᠶᠢ ᠰᠢᠯᠢᠳᠡᠭᠵᠢᠭᠦᠯᠬᠦ ᠬᠡᠷᠡᠭᠲᠡᠢ᠃ ᠪᠡᠭᠡᠵᠢᠩ ᠤᠨ | ᠬᠡᠦᠬᠡᠳ ᠤᠨ ᠡᠮᠨᠡᠯᠭᠡ ᠶᠢᠨ ᠬᠤᠷᠢᠶᠠᠨ ᠤ ᠡᠷᠬᠢᠯᠡᠭᠴᠢ ᠡᠮᠴᠢ ᠸᠠᠩ ᠴᠢᠤᠸᠠᠨ᠄ ᠭᠡᠷ ᠤᠨ ᠠᠬᠠᠮᠠᠳ ᠬᠡᠦᠬᠡᠳ ᠲᠡᠭᠡᠨ | ᠠᠼᠠᠮᠢᠼᠢᠨ ︵阿奇霉素︶ ᠵᠡᠷᠭᠡ ᠡᠮ ᠢ ᠦᠪᠡᠷ ᠤᠨ ᠰᠠᠨᠠᠭ᠎ᠠ ᠪᠠᠷ ᠢᠶᠠᠨ ᠤᠤᠭᠤᠯᠭᠠᠬᠤ ᠶᠢ | ᠰᠠᠨᠠᠭᠠᠴᠢᠯᠠᠬᠤ ᠦᠭᠡᠢ᠃ ᠣᠳᠣᠬᠠᠨ ᠳᠤ ᠪᠣᠯ ᠬᠡᠦᠬᠡᠳ ᠤᠨ ᠠᠮᠢᠰᠬᠤᠯ ᠤᠨ ᠵᠠᠮ ᠤᠨ ᠡᠪᠡᠳᠴᠢᠨ ᠣᠯᠠᠨ ᠡᠭᠦᠰᠬᠦ | ᠤᠯᠠᠷᠢᠯ ᠮᠥᠨ᠂ ᠬᠡᠳᠦ᠋ᠢᠪᠡᠷ ᠠᠭᠤᠰᠬᠢᠨ ᠦᠷᠪᠢᠰᠦᠯ ᠤᠨ ᠰᠠᠯᠠᠭᠠᠲᠤ ᠠᠩᠬᠠᠨ ᠤ ᠪᠡᠶᠡᠲᠦ ᠶᠢᠨ ᠬᠠᠯᠳᠠᠪᠤᠷᠢᠯᠠᠯ ᠤᠨ | ᠡᠵᠡᠯᠡᠬᠦ ᠬᠠᠷᠢᠴᠠᠯ ᠨᠢ ᠪᠠᠭ᠎ᠠ ᠪᠤᠰᠤ ᠪᠣᠯᠪᠠᠴᠤ᠂ ᠪᠦᠬᠦᠯᠢ ᠴᠣᠭᠴᠠ ᠠᠴᠠ ᠨᠢ ᠠᠪᠴᠤ ᠦᠵᠡᠪᠡᠯ᠂ ᠸᠢᠷᠦ᠋ᠰ ᠪᠣᠯ | ᠮᠥᠨ ᠯᠡ ᠣᠳᠣᠬᠠᠨ ᠤ ᠬᠡᠦᠬᠡᠳ ᠤᠨ ᠠᠮᠢᠰᠬᠤᠯ ᠤᠨ ᠵᠠᠮ ᠤᠨ ᠬᠠᠯᠳᠠᠪᠤᠷᠢᠯᠠᠯ ᠤᠨ ᠬᠠᠮᠤᠭ ᠤᠨ ᠣᠯᠠᠨ | ᠲᠣᠬᠢᠶᠠᠯᠳᠤᠳᠠᠭ ᠡᠪᠡᠳᠴᠢᠨ ᠡᠭᠦᠰᠬᠡᠭᠴᠢ ᠮᠥᠨ᠂ ᠠᠼᠠᠮᠢᠼᠢᠨ ᠨᠢ ᠸᠢᠷᠦ᠋ᠰ ᠤᠨ ᠬᠠᠯᠳᠠᠪᠤᠷᠢᠯᠠᠯ ᠳᠤ ᠲᠤᠰᠠ ᠪᠣᠯᠬᠤ | ᠦᠭᠡᠢ᠂ ᠠᠼᠠᠮᠢᠼᠢᠨ ᠢᠶᠠᠷ ᠸᠢᠷᠦ᠋ᠰ ᠤᠨ ᠬᠠᠯᠳᠠᠪᠤᠷᠢᠯᠠᠯ ᠢ ᠵᠠᠰᠠᠬᠤ ᠨᠢ ᠴᠦ ᠵᠣᠬᠢᠰ ᠦᠭᠡᠢ ᠶᠤᠮ᠃ ᠡᠮ ᠢ | ᠳᠤᠷ᠎ᠠ ᠪᠠᠷ ᠢᠶᠠᠨ ᠬᠡᠷᠡᠭᠯᠡᠪᠡᠯ ᠬᠡᠦᠬᠡᠳ ᠲᠤ ᠮᠠᠭᠤ ᠦᠢᠯᠡᠳᠦᠯ ᠭᠠᠷᠭᠠᠵᠤ ᠮᠡᠳᠡᠨ᠎ᠡ᠂ ᠠᠷᠾᠢᠮᠢᠼᠢᠨ ᠪᠣᠯ ᠵᠣᠷ ᠤᠨ ᠡᠮ | ᠪᠣᠯᠬᠤᠷ ᠡᠮᠴᠢ ᠶᠢᠨ ᠵᠢᠯᠣᠭᠤᠳᠤᠯᠭ᠎ᠠ ᠪᠠᠷ ᠳᠦᠷᠢᠮᠵᠢᠭᠦᠯᠦᠨ ᠬᠡᠷᠡᠭᠯᠡᠪᠡᠯ ᠵᠣᠬᠢᠨ᠎ᠠ᠂ ᠡᠭᠦᠨ ᠳᠤ ᠡᠮ ᠤᠨ ᠬᠡᠮᠵᠢᠶ᠎ᠡ | ᠨᠢ ᠲᠣᠬᠢᠷᠠᠮᠵᠢᠲᠠᠢ᠂ ᠡᠮᠴᠢᠯᠡᠭᠡᠨ ᠤ ᠬᠤᠭᠤᠴᠠᠭ᠎ᠠ ᠨᠢ ᠲᠣᠬᠢᠷᠠᠮᠵᠢᠲᠠᠢ᠂ ᠡᠮ ᠥᠭᠬᠦ ᠠᠷᠭ᠎ᠠ ᠵᠠᠮ ᠨᠢ ᠵᠥᠪ | ᠵᠡᠷᠭᠡ ᠶᠢ ᠪᠠᠭᠲᠠᠭᠠᠨ᠎ᠠ᠃ ᠭᠡᠷ ᠤᠨ ᠠᠬᠠᠮᠠᠳ ᠲᠤ ᠰᠠᠨᠠᠭᠤᠯᠬᠤ ᠨᠢ᠂ ᠬᠡᠦᠬᠡᠳ ᠪᠣᠯ ᠨᠠᠰᠤᠨ ᠳᠤ ᠭᠦᠷᠦᠭᠰᠡᠳ ᠤᠨ | ᠪᠠᠭᠠᠰᠬᠠᠭᠰᠠᠨ ᠬᠡᠪ ᠪᠢᠰᠢ᠂ ᠳᠤᠷ᠎ᠠ ᠪᠠᠷ ᠢᠶᠠᠨ ᠡᠮ ᠬᠡᠷᠡᠭᠯᠡᠵᠦ ᠪᠣᠯᠬᠤ ᠦᠭᠡᠢ᠂ ᠠᠶᠤᠯᠭᠦᠢ ᠴᠢᠨᠠᠷ ᠪᠠ ᠪᠦᠲᠦᠮᠵᠢᠲᠡᠶ | ᠴᠢᠨᠠᠷ ᠢ ᠨᠢ ᠠᠩᠬᠠᠷᠬᠤ ᠬᠡᠷᠡᠭᠲᠡᠢ᠃ |