1. ᠭᠠᠭᠴᠠᠭᠠᠷ ᠢᠶᠠᠨ ᠪᠠᠶᠢᠵᠦ ᠰᠣᠷᠬᠤ᠃ ᠭᠠᠭᠴᠠᠭᠠᠷ ᠪᠠᠶᠢᠬᠤ ᠪᠣᠯ ᠨᠢᠭᠡ ᠵᠦᠢᠯ ᠤᠨ ᠴᠢᠳᠠᠪᠤᠷᠢ ᠮᠥᠨ᠃ | ᠨᠢᠭᠡ ᠬᠥᠮᠥᠨ ᠤ ᠶᠢᠷᠲᠢᠨᠴᠦ ᠳᠤ᠂ ᠥᠪᠡᠷ ᠢ ᠪᠠᠨ ᠰᠠᠶᠢᠲᠤᠷ ᠳᠣᠬᠢᠷᠠᠭᠤᠯᠵᠦ᠂ ᠳᠣᠲᠣᠭᠠᠳᠤ ᠰᠡᠳᠬᠢᠯ ᠢᠶᠠᠨ ᠮᠡᠳᠡᠷᠡᠨ | ᠂ ᠡᠷᠬᠡ ᠴᠢᠯᠦᠭᠡ ᠲᠠᠢ ᠪᠠᠷ ᠥᠪᠡᠷ ᠤᠨ ᠰᠠᠨᠠᠬᠰᠠᠨ ᠵᠦᠢᠯ ᠢᠶᠠᠨ ᠢᠯᠡᠷᠡᠭᠦᠯᠵᠦ᠂ ᠰᠡᠳᠬᠢᠯ ᠤᠨ ᠳᠣᠲᠣᠭᠠᠳᠤ | ᠬᠦᠴᠦᠨ ᠴᠢᠳᠠᠯ ᠢᠶᠠᠨ ᠠᠭᠤᠳᠠᠯᠯᠠᠵᠦ ᠠᠮᠢᠳᠣᠷᠠᠬᠤ ᠳᠤ ᠭᠠᠭᠴᠠᠭᠠᠷ ᠪᠠᠶᠢᠬᠤ ᠦᠶ᠎ᠡ ᠳᠣᠰᠠᠯᠠᠳᠠᠭ᠃ 2. | ᠦᠬᠡᠳᠡᠷᠬᠡᠭ ᠪᠠᠶᠢᠵᠦ ᠰᠣᠷᠬᠤ᠃ ᠠᠮᠢᠳᠤᠷᠠᠯ ᠪᠣᠯ ᠦᠪᠡᠷ ᠢ ᠪᠠᠨ ᠳᠣᠯᠢᠳᠠᠬᠤ ᠲᠣᠯᠢ ᠮᠥᠨ᠃ ᠴᠢᠮᠠᠶᠢ ᠪᠠᠶᠠᠷᠳᠠᠢ | ᠦᠶ᠎ᠡ ᠳᠤ ᠲᠡᠷᠡ ᠥᠭᠡᠳᠡ ᠠᠴᠠ ᠴᠢᠨᠢ ᠮᠦᠰᠢᠶᠡᠵᠦ ᠪᠠᠶᠢᠳᠠᠭ᠃ ᠭᠤᠨᠢᠬᠯᠠᠪᠠᠯ ᠮᠦᠨ ᠳᠠᠭᠠᠭᠠᠳ ᠭᠤᠨᠢᠬᠳᠠᠢ | ᠬᠠᠷᠠᠭᠳᠠᠳᠠᠭ᠃ ᠡᠶᠢᠮᠦ ᠠᠴᠠ ᠦᠩᠭᠡᠷᠡᠭᠰᠡᠨ ᠢ ᠮᠠᠷᠳᠠᠵᠦ᠂ ᠣᠷᠣᠬᠰᠢ ᠪᠠᠨ ᠬᠠᠷᠠᠵᠦ᠂ ᠦᠭᠡᠳᠡᠷᠭᠡᠭ ᠠᠮᠢᠳᠣᠷᠠᠬᠤ | ᠶᠤᠰᠤᠳᠠᠢ᠃ 3. ᠦᠪᠡᠷ ᠤᠨ ᠬᠢ ᠪᠠᠷ ᠢᠶᠠᠨ ᠰᠡᠳᠬᠢᠵᠦ ᠰᠣᠷᠬᠤ᠃ ᠨᠠᠷᠢᠨ ᠪᠤᠳᠤᠯᠢᠶᠠᠨᠲᠠᠢ ᠭᠡᠷᠡᠭ ᠶᠠᠪᠤᠳᠠᠯ ᠤᠨ | ᠡᠮᠦᠨ᠎ᠡ᠂ ᠬᠡᠷᠪᠡ ᠪᠡᠶ᠎ᠡ ᠪᠠᠨ ᠳᠠᠭᠠᠭᠠᠵᠤ ᠦᠪᠡᠷ ᠤᠨ ᠬᠢ ᠪᠠᠷ ᠢᠶᠠᠨ ᠰᠡᠳᠬᠢᠬᠦ ᠴᠢᠳᠠᠪᠤᠷᠢ ᠦᠭᠡᠢ ᠪᠣᠯ ᠣᠶᠤᠨᠴᠢ | ᠮᠠᠭᠠᠳᠯᠠᠯᠲᠠ ᠪᠠᠨ ᠠᠯᠳᠠᠬᠤ ᠳ᠋ᠤᠬᠦ᠋ᠷᠦᠨᠡ᠃ ᠰᠢᠢᠳᠪᠦᠷᠢ ᠭᠠᠷᠭᠠᠬᠤ ᠠᠴᠠ ᠪᠠᠨ ᠡᠮᠦᠨ᠎ᠡ᠂ ᠥᠪᠡᠷ ᠤᠨ ᠪᠡᠶ᠎ᠡ ᠳᠡᠭᠡᠨ | ᠢᠯᠡᠭᠦᠬᠡᠨ ᠰᠡᠳᠬᠢᠬᠦ ᠴᠠᠭ ᠥᠭᠴᠦ᠂ ᠦᠷᠭᠦᠯᠵᠢ ᠰᠡᠳᠬᠢᠪᠡᠯ ᠰᠠᠶ᠋ᠢ ᠠᠯᠬᠤᠮ ᠳᠠᠪᠰᠢᠵᠤ ᠲᠠᠶᠢᠯᠤᠨ᠎ᠠ᠃ ᠪᠤᠰᠤᠳ ᠢ | ᠰᠣᠬᠤᠷ ᠪᠠᠯᠠᠢ ᠪᠠᠷ ᠳᠠᠭᠠᠬᠤ ᠭᠡᠷᠡᠭ ᠦᠬᠡᠢ᠃ 4. ᠰᠤᠷᠤᠯᠴᠠᠬᠤ ᠶᠢ ᠪᠠᠷᠢᠮᠳᠠᠯᠠᠬᠤ᠃ ᠡᠳᠦᠷ ᠪᠦᠷᠢ ᠵᠣᠬᠢᠬᠤ ᠴᠠᠭ | ᠭᠠᠷᠭᠠᠨ ᠰᠤᠷᠤᠯᠴᠠᠵᠤ᠂ ᠮᠡᠳᠡᠯᠬᠡ ᠪᠠᠨ ᠥᠷᠭᠡᠳᠬᠡᠨ᠂ ᠪᠤᠯᠪᠠᠰᠣᠷᠠᠯ ᠢᠶᠠᠨ ᠳᠡᠭᠡᠭᠰᠢᠯᠡᠭᠦᠯᠪᠡᠯ ᠰᠠᠶ᠋ᠢ ᠠᠮᠢᠳᠤᠷᠠᠯ ᠢ | ᠠᠷᠭᠠᠴᠠᠭᠠᠬᠤ ᠢᠳᠡᠬᠡᠯ ᠬᠦᠴᠦᠨ ᠲᠠᠢ ᠪᠣᠯᠵᠤ ᠴᠢᠳᠠᠨ᠎ᠠ᠃ ᠤᠳᠬ᠎ᠠ ᠠᠭᠤᠯᠭ᠎ᠠ ᠲᠠᠢ ᠶᠠᠪᠤᠳᠠᠯ ᠳᠡᠭᠡᠷ᠎ᠡ ᠢᠯᠡᠬᠦᠦ | ᠴᠠᠭ ᠬᠤᠭᠤᠴᠠᠭ᠎ᠠ ᠵᠠᠷᠤᠴᠠᠭᠤᠯᠵᠤ᠂ ᠰᠢᠨᠲᠠᠷᠠᠰᠢ ᠦᠭᠡᠢ ᠪᠠᠷᠢᠮᠲᠠᠯᠠᠨ᠂ ᠰᠠᠶᠢᠨ ᠢ ᠬᠥᠭᠡᠭᠡᠴᠡᠯᠳᠦᠪᠡᠯ ᠰᠠᠶ᠋ᠢ | ᠥᠪᠡᠷ ᠤᠨ ᠬᠦᠰᠡᠵᠦ ᠰᠠᠨᠠᠭᠰᠠᠨ ᠠᠮᠢᠳᠤᠷᠠᠯ ᠢ ᠡᠳ᠋ᠯᠡᠵᠦ ᠴᠢᠳᠠᠨ᠎ᠠ᠃ |