ᠦᠶ᠎ᠡ ᠭᠡᠰᠢᠬᠦᠦ ᠶᠢᠨ ᠦᠷᠪᠢᠰᠦᠯ ᠭᠡᠳᠡᠭ ᠨᠢ ᠳᠠᠷᠤᠢ ᠦᠶ᠎ᠡ ᠶᠢᠨ ᠬᠡᠰᠡᠭ ᠤᠨ ᠦᠷᠪᠢᠰᠦᠯ ᠪᠣᠯᠤᠨ᠎ᠠ᠂ | ᠡᠪᠡᠳᠴᠢᠯᠡᠬᠦ ᠨᠤᠷᠮ᠎ᠠ ᠨᠢ ᠲᠦᠢᠯ ᠤᠨ ᠥᠨᠳᠥᠷ ᠪᠠᠶᠢᠳᠠᠭ᠃ ᠦᠶ᠎ᠡ ᠭᠡᠰᠢᠬᠦᠦ ᠶᠢᠨ ᠦᠷᠪᠢᠰᠦᠯ ᠤᠨ ᠬᠠᠮᠤᠭ ᠣᠯᠠᠨ | ᠲᠣᠬᠢᠶᠠᠯᠳᠤᠳᠠᠭ ᠬᠡᠯᠪᠡᠷᠢ ᠪᠣᠯ ᠶᠠᠰᠤᠨ ᠤ ᠦᠶ᠎ᠡ ᠭᠡᠰᠢᠬᠦᠦ ᠶᠢᠨ ᠦᠷᠪᠢᠰᠦᠯ ᠪᠣᠯᠤᠨ᠎ᠠ᠂ ᠲᠡᠷᠡ ᠨᠢ ᠨᠢᠭᠡ ᠵᠦᠢᠯ ᠤᠨ | ᠦᠶ᠎ᠡ ᠭᠡᠰᠢᠭᠦᠦ ᠮᠠᠭᠤᠳᠠᠬᠤ ᠪᠤᠶᠤ ᠦᠶ᠎ᠡ ᠭᠡᠰᠢᠭᠦᠦ ᠶᠢ ᠬᠡᠲᠦᠷᠡᠲᠡᠯ᠎ᠡ ᠬᠡᠷᠡᠭᠯᠡᠬᠦ ᠠᠴᠠ ᠪᠤᠯᠤᠬᠰᠠᠨ ᠬᠠᠯᠳᠠᠪᠤᠷᠢᠯᠠᠯ ᠤᠨ | ᠪᠤᠰᠤ ᠦᠷᠪᠢᠰᠦᠯ ᠤᠨ ᠴᠢᠨᠠᠷᠲᠠᠢ ᠡᠪᠡᠳᠴᠢᠨ ᠪᠣᠯᠤᠨ᠎ᠠ᠃ ᠳᠡᠯᠡᠬᠡᠢ ᠶᠢᠨ ᠡᠷᠡᠭᠦᠯ ᠬᠠᠮᠠᠭᠠᠯᠠᠯ ᠤᠨ ᠵᠣᠬᠢᠶᠠᠨ | ᠪᠠᠶᠢᠭᠤᠯᠤᠯᠲᠠ ᠶᠢᠨ ᠲᠤᠭ᠎ᠠ ᠪᠠᠷᠢᠮᠲᠠ ᠳᠤ ᠬᠠᠷᠠᠭᠤᠯᠤᠭᠰᠠᠨ ᠢᠶᠠᠷ᠂ ᠪᠦᠬᠦ ᠪᠥᠮᠪᠥᠷᠴᠡᠭ ᠤᠨ ᠶᠠᠰᠤᠨ ᠤ ᠦᠶ᠎ᠡ | ᠭᠡᠰᠢᠬᠦᠦ ᠶᠢᠨ ᠦᠷᠪᠢᠰᠦᠯ ᠲᠠᠢ ᠡᠪᠡᠳᠴᠢᠲᠡᠨ ᠨᠢᠭᠡᠨᠲᠡ 5 ᠳ᠋ᠦᠩᠰᠢᠭᠤᠷ ᠢ ᠳᠠᠪᠠᠵᠤ᠂ ᠮᠠᠨ ᠤ ᠤᠯᠤᠰ ᠤᠨ | ᠶᠠᠰᠤᠨ ᠤ ᠦᠶ᠎ᠡ ᠭᠡᠰᠢᠬᠦᠦ ᠶᠢᠨ ᠦᠷᠪᠢᠰᠦᠯ ᠲᠠᠢ ᠡᠪᠡᠳᠴᠢᠲᠡᠨ 1 ᠳ᠋ᠦᠩᠰᠢᠭᠤᠷ ᠢ ᠳᠠᠪᠠᠵᠠᠢ᠃ ᠨᠡᠶᠢᠰᠯᠡᠯ ᠤᠨ | ᠡᠮᠨᠡᠯᠭᠡ ᠶᠢᠨ ᠶᠡᠭᠡ ᠰᠤᠷᠭᠠᠭᠤᠯᠢ ᠶᠢᠨ ᠰᠢᠤᠸᠠᠨ ᠦ᠋ ᠡᠮᠨᠡᠯᠭᠡ ᠶᠢᠨ ᠬᠤᠷᠢᠶᠠᠨ ᠤ ᠶᠠᠰᠤᠨ ᠤ ᠰᠠᠯᠠᠭᠠᠨ ᠤ ᠡᠷᠬᠢᠯᠡᠭᠴᠢ | ᠡᠮᠴᠢ ᠹᠧᠩ ᠮᠢᠩ ᠯᠢ᠄ ᠡᠶᠢᠮᠦᠷᠬᠦ ᠮᠡᠰᠡ ᠵᠠᠰᠠᠯ ᠨᠢ ᠭᠡᠮᠲᠦᠯ ᠢᠶᠠᠷ ᠪᠠᠭ᠎ᠠ᠂ ᠴᠢᠰᠤ ᠭᠠᠷᠬᠤ ᠪᠠᠷ ᠪᠠᠭ᠎ᠠ᠂ | ᠡᠳᠡᠭᠡᠷᠡᠬᠦ ᠨᠢ ᠲᠦᠷᠭᠡᠨ᠂ ᠡᠪᠡᠳᠴᠢᠲᠡᠨ ᠠᠮᠠᠷᠬᠠᠨ ᠭᠥᠯᠢᠶᠡᠨ ᠠᠪᠳᠠᠭ᠃ ᠤᠤᠯ ᠳᠤ ᠪᠠᠨ ᠬᠢᠮᠡᠯ ᠡᠪᠦᠳᠦᠭ ᠤᠨ | ᠦᠶ᠎ᠡ ᠶᠢᠨ ᠦᠨ᠎ᠡ ᠨᠢ 4 ᠲᠦᠮᠡ ᠭᠠᠷᠤᠶ ᠲᠥᠭᠦᠷᠢᠭ ᠠᠴᠠ 5 ᠲᠦᠮᠡᠨ ᠲᠥᠭᠦᠷᠢᠭ ᠪᠠᠶᠢᠵᠠᠢ᠂ ᠤᠯᠤᠰ ᠠᠴᠠ | ᠨᠢᠭᠡᠳᠦᠯᠳᠡᠢ ᠪᠠᠷ ᠬᠤᠳᠠᠯᠳᠤᠨ ᠠᠪᠬᠤ ᠪᠤᠯᠤᠬᠰᠠᠨ ᠤ ᠳᠠᠷᠠᠭ᠎ᠠ ᠡᠪᠡᠳᠴᠢᠲᠡᠨ ᠨᠢᠭᠡ ᠬᠢᠮᠡᠯ ᠡᠪᠦᠳᠦᠭ ᠤᠨ ᠦᠶ᠎ᠡ | ᠰᠤᠯᠢᠬᠤ ᠳᠤ᠂ ᠥᠪᠡᠷᠲᠡᠭᠡᠨ 1 ᠲᠦᠮᠡ ᠠᠴᠠ 2 ᠲᠦᠮᠡᠨ ᠲᠥᠭᠦᠷᠢᠭ ᠵᠠᠷᠤᠴᠠᠭᠤᠯᠪᠠᠯ ᠪᠣᠯᠴᠢᠬᠠᠨ᠎ᠠ ᠭᠡᠪᠡ᠃ | ᠲᠤᠰᠬᠠᠶ ᠮᠡᠷᠭᠡᠵᠢᠯᠲᠡᠨ ᠰᠠᠨᠠᠭᠤᠯᠬᠤ ᠳᠠᠭᠠᠨ᠄ ᠣᠷᠳᠣ ᠬᠤᠭᠤᠴᠠᠭ᠎ᠠ ᠪᠠᠷ ᠬᠥᠯ ᠢᠶᠠᠨ ᠠᠴᠢᠵᠦ ᠰᠠᠭᠤᠬᠤ᠂ ᠤᠳᠠᠭᠠᠨ | ᠰᠠᠭᠤᠬᠤ ᠨᠢ ᠪᠦᠷ ᠦᠶ᠎ᠡ ᠭᠡᠰᠢᠭᠦᠦ ᠶᠢ ᠭᠡᠮᠲᠦᠭᠡᠵᠦ ᠮᠡᠳᠡᠨ᠎ᠡ᠃ ᠡᠭᠦᠨ ᠠᠴᠠ ᠭᠠᠳᠠᠨ᠎ᠠ᠂ ᠬᠡᠲᠦᠷᠬᠡᠢ ᠬᠥᠳᠡᠯᠭᠡᠭᠡᠨ | ᠬᠢᠬᠦ ᠨᠢ ᠡᠰᠡᠷᠭᠦ ᠦᠢᠯᠡᠳᠦᠯ ᠭᠠᠷᠭᠠᠵᠤ ᠮᠡᠳᠡᠨ᠎ᠡ᠂ ᠦᠶ᠎ᠡ ᠭᠡᠰᠢᠭᠦᠨ ᠤ ᠦᠷᠪᠢᠰᠦᠯ ᠲᠠᠢ ᠡᠪᠡᠳᠴᠢᠲᠡᠨ ᠠᠯᠬᠤᠬᠤ᠂ | ᠤᠳᠠᠭᠠᠨ ᠭᠦᠶᠦᠬᠦ᠂ ᠤᠮᠪᠠᠭ᠋ᠤ ᠵᠡᠷᠭᠡ ᠦᠶ᠎ᠡ ᠭᠡᠰᠢᠭᠦᠨ ᠳᠤ ᠨᠡᠯᠢᠶᠡᠳ ᠬᠥᠩᠭᠡᠨ ᠰᠢᠭ ᠬᠥᠳᠡᠯᠭᠡᠭᠡᠨ ᠢ ᠰᠣᠩᠭᠤᠵᠤ᠂ | ᠦᠶ᠎ᠡ ᠭᠡᠰᠢᠭᠦᠨ ᠤ ᠲᠣᠭᠲᠠᠪᠤᠷᠢᠲᠤ ᠴᠢᠨᠠᠷ ᠢ ᠴᠢᠩᠭᠠᠯᠠᠵᠤ ᠪᠤᠯᠤᠨ᠎ᠠ ᠭᠡᠪᠡ᠃ | |