︽ᠡᠷᠡᠭᠦᠯ ᠡᠩᠬᠡ ᠳᠤᠮᠳᠠᠳᠤ ᠤᠯᠤᠰ ᠤᠨ ᠠᠵᠢᠯᠯᠠᠭ᠎ᠠ ︵2019 — 2030 ᠣᠨ︶︾᠂ ︽ᠰᠠᠪᠠ ᠶᠢᠨ | ᠬᠦᠵᠦᠭᠦᠨ ᠤ ᠥᠮᠡᠨ ᠢ ᠰᠢᠭᠰᠢᠨ ᠪᠠᠶᠢᠴᠠᠭᠠᠬᠤ ᠠᠵᠢᠯ ᠤᠨ ᠲᠥᠰᠦᠯ ᠪᠠ ᠬᠥᠬᠦᠨ ᠪᠤᠯᠴᠢᠷᠬᠠᠢ ᠶᠢᠨ ᠥᠮᠡᠨ ᠢ | ᠰᠢᠭᠰᠢᠨ ᠪᠠᠶᠢᠴᠠᠭᠠᠬᠤ ᠠᠵᠢᠯ ᠤᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠢ ᠤᠯᠤᠰ ᠤᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠲᠢᠩᠬᠢᠮ ᠤᠨ ᠮᠡᠳᠡᠭᠳᠡᠯ︾ ︵ᠤᠯᠤᠰ ᠤᠨ ᠡᠷᠡᠭᠦᠯ ᠬᠠᠮᠠᠭᠠᠯᠠᠯ ᠤᠨ | ᠠᠯᠪᠠᠨ ᠭᠡᠷ ᠤᠨ ᠡᠮᠡᠭᠲᠡᠢ ᠨᠢᠯᠬ᠎ᠠ ᠬᠡᠦᠬᠡᠳ ᠤᠨ ︿ᠬᠤᠶᠠᠷ ᠥᠮᠡᠨ﹀ ᠢ ᠰᠢᠭᠰᠢᠨ ᠪᠠᠶᠢᠴᠠᠭᠠᠬᠤ ᠲᠥᠷᠥᠯ ᠵᠦᠢᠯ ᠤᠨ | ᠬᠡᠷᠡᠭᠵᠢᠭᠦᠯᠬᠦ ᠲᠥᠰᠦᠯ︾ ︵ᠰᠢᠩ ᠸᠧᠢ ᠪᠦᠰᠡᠭᠦᠢ ᠦᠰᠦᠭ ﹇2020﹈ 17 ᠳ᠋ᠤᠭᠠᠷ ᠲᠣᠭᠠᠲᠤ︶ ᠤᠨ | ᠱᠠᠭᠠᠷᠳᠠᠯᠭ᠎ᠠ ᠶᠣᠰᠣᠭᠠᠷ᠂ ᠪᠦᠬᠦ ᠬᠤᠰᠢᠭᠤᠨ ᠤ ᠡᠮᠡᠭᠲᠡᠶᠢᠴᠦᠳ ᠤᠨ ᠰᠠᠪᠠ ᠶᠢᠨ ᠬᠦᠵᠦᠭᠦᠨ ᠤ ᠥᠮᠡᠨ ᠪᠠ ᠬᠥᠬᠦᠨ | ᠪᠤᠯᠴᠢᠷᠬᠠᠢ ᠶᠢᠨ ᠥᠮᠡᠨ ︵ᠳᠣᠷᠣᠭᠰᠢ ︽ᠬᠤᠶᠠᠷ ᠥᠮᠡᠨ︾ ᠭᠡᠵᠦ ᠲᠣᠪᠴᠢᠯᠠᠨ᠎ᠠ︶ ᠤᠨ ᠰᠦᠢᠳᠬᠡᠯ ᠬᠤᠷᠢᠶᠠᠬᠤ | ᠦᠭᠡᠢ ᠪᠠᠷ ᠰᠢᠭᠰᠢᠨ ᠪᠠᠶᠢᠴᠠᠭᠠᠬᠤ ᠲᠥᠷᠥᠯ ᠵᠦᠢᠯ ᠢ ᠰᠠᠶᠢᠲᠤᠷ ᠬᠢᠵᠦ᠂ ᠥᠷᠭᠡᠨ ᠣᠯᠠᠨ ᠡᠮᠡᠭᠲᠡᠶᠢᠴᠦᠳ ᠤᠨ | ᠡᠷᠡᠭᠦᠯ ᠮᠡᠨᠳᠦ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ᠮᠠᠨ ᠤ ᠬᠤᠰᠢᠭᠤᠨ ᠤ ᠪᠣᠳᠠᠲᠤ | ᠪᠠᠶᠢᠳᠠᠯ ᠲᠠᠢ ᠤᠶᠠᠯᠳᠤᠭᠤᠯᠤᠨ ᠲᠤᠰ ᠲᠥᠰᠦᠯ ᠢ ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ | ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠡᠷᠡᠭᠦᠯ ᠡᠩᠬᠡ ᠥᠪᠥᠷ | ᠮᠣᠩᠭᠤᠯ ᠤᠨ ᠪᠦᠲᠦᠭᠡᠨ ᠪᠠᠶᠢᠭᠤᠯᠤᠯᠲᠠ᠂ ᠡᠷᠡᠭᠦᠯ ᠡᠩᠬᠡ ᠬᠢᠩᠭᠠᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ | ᠪᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠠᠵᠢᠯ ᠤᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ | ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ ᠡᠮᠡᠭᠲᠡᠶᠢᠴᠦᠳ ᠤᠨ ᠬᠥᠭᠵᠢᠯᠲᠡ ᠶᠢᠨ ᠬᠥᠲᠥᠯᠪᠦᠷᠢ ︵ | 2021 - 2030 ᠣᠨ︶ ᠶᠢᠨ ᠬᠠᠷᠠᠯᠲᠠ ᠶᠢᠨ ᠱᠠᠭᠠᠷᠳᠠᠯᠭ᠎ᠠ ᠶᠣᠰᠣᠭᠠᠷ᠂ ᠡᠮᠡᠭᠲᠡᠶᠢᠴᠦᠳ ᠤᠨ ︽ᠬᠤᠶᠠᠷ | ᠥᠮᠡᠨ︾ ᠢ ᠰᠢᠭᠰᠢᠨ ᠪᠠᠶᠢᠴᠠᠭᠠᠬᠤ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠡᠮᠡᠭᠲᠡᠶᠢᠴᠦᠳ ᠤᠨ ︽ᠬᠤᠶᠠᠷ | ᠥᠮᠡᠨ︾ ᠢ ᠰᠡᠷᠭᠡᠶᠢᠯᠡᠨ ᠵᠠᠰᠠᠬᠤ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠦᠨ᠂ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠦᠷ᠎ᠡ ᠪᠦᠲᠦᠭᠡᠯ ᠢ ᠪᠦᠬᠦ ᠬᠤᠰᠢᠭᠤᠨ ᠤ ᠥᠷᠭᠡᠨ ᠣᠯᠠᠨ ᠡᠮᠡᠭᠲᠡᠶᠢᠴᠦᠳ ᠲᠤ ᠨᠡᠩ ᠣᠯᠠᠨ ᠨᠠᠩ | ᠡᠷᠬᠡ ᠲᠡᠭᠰᠢ ᠪᠠᠷ ᠬᠦᠷᠲᠡᠭᠡᠪᠡ᠃ | ᠬᠤᠶᠠᠷ᠂ ᠦᠨᠳᠦᠰᠦᠨ ᠵᠠᠷᠴᠢᠮ | ᠵᠠᠰᠠᠭ ᠤᠨ ᠣᠷᠳᠣᠨ ᠢᠶᠠᠷ ᠭᠤᠣᠯᠯᠠᠭᠤᠯᠵᠤ᠂ ᠰᠠᠯᠠᠭ᠎ᠠ ᠮᠥᠴᠢᠷ ᠤᠳ ᠬᠠᠮᠵᠢᠯᠴᠠᠨ᠂ ᠣᠯᠠᠨ ᠲᠦᠮᠡᠨ | ᠣᠷᠣᠯᠴᠠᠬᠤ ᠶᠢ ᠪᠠᠷᠢᠮᠲᠠᠯᠠᠬᠤ ᠬᠡᠷᠡᠭᠲᠡᠢ᠃ ᠰᠡᠷᠭᠡᠶᠢᠯᠡᠬᠦ ᠪᠠᠷ ᠭᠤᠣᠯ ᠪᠣᠯᠭᠠᠬᠤ᠂ ᠰᠡᠷᠭᠡᠶᠢᠯᠡᠬᠦ ᠪᠠ ᠵᠠᠰᠠᠬᠤ ᠶᠢ | ᠤᠶᠠᠯᠳᠤᠭᠤᠯᠬᠤ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠨ᠂ ᠲᠠᠷᠢᠶᠠᠯᠠᠬᠤ ᠮᠠᠯᠵᠢᠬᠤ | ᠣᠷᠣᠨ᠂ ᠬᠤᠲᠠ ᠪᠠᠯᠭᠠᠰᠤ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ | ᠪᠦᠯᠢ ᠶᠢᠨ ᠲᠣᠬᠢᠷᠠᠬᠤ ᠨᠠᠰᠤᠨ ᠤ ᠡᠮᠡᠭᠲᠡᠶᠢᠴᠦᠳ ᠢᠶᠠᠷ ᠭᠤᠣᠯᠳᠠᠯᠭ᠎ᠠ ᠪᠣᠯᠭᠠᠨ᠂ ᠡᠮᠡᠭᠲᠡᠶᠢᠴᠦᠳ ᠤᠨ ᠡᠷᠡᠭᠦᠯ | ᠮᠡᠨᠳᠦ ᠶᠢ ᠪᠠᠲᠤᠯᠠᠬᠤ ᠪᠠᠷ ᠡᠭᠦᠰᠭᠡᠯ ᠪᠠ ᠵᠣᠭᠰᠣᠴᠠ ᠪᠣᠯᠭᠠᠵᠤ᠂ ᠡᠮᠡᠭᠲᠡᠶᠢᠴᠦᠳ ᠤᠨ ᠡᠷᠡᠭᠦᠯ ᠴᠢᠭᠢᠷᠠᠭ ᠤᠨ ᠬᠢᠷᠢ | ᠬᠡᠮᠵᠢᠶ᠎ᠡ ᠶᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠨ᠂ ᠲᠣᠬᠢᠷᠠᠬᠤ ᠨᠠᠰᠤᠨ ᠤ ᠡᠮᠡᠭᠲᠡᠶᠢᠴᠦᠳ ᠲᠤ ᠰᠠᠪᠠ ᠶᠢᠨ | ᠬᠦᠵᠦᠭᠦᠦ ᠶᠢᠨ ᠥᠮᠡᠨ ᠪᠣᠯᠤᠨ ᠬᠥᠬᠦᠨ ᠪᠤᠯᠴᠢᠷᠬᠠᠢ ᠶᠢᠨ ᠥᠮᠡᠨ ᠢ ᠰᠢᠭᠰᠢᠨ ᠪᠠᠶᠢᠴᠠᠭᠠᠬᠤ ᠦᠢᠯᠡᠴᠢᠯᠡᠭᠡᠨ ᠢ | ᠰᠦᠢᠳᠬᠡᠯ ᠬᠤᠷᠢᠶᠠᠬᠤ ᠦᠭᠡᠢ ᠪᠠᠷ ᠬᠠᠩᠭᠠᠵᠤ᠂ ᠡᠮᠡᠭᠲᠡᠶᠢᠴᠦᠳ ᠤᠨ ︽ᠬᠤᠶᠠᠷ ᠥᠮᠡᠨ︾ ᠢ ᠡᠷᠲᠡ ᠣᠨᠣᠰᠢᠯᠠᠨ | ᠡᠷᠲᠡ ᠵᠠᠰᠠᠬᠤ ᠶᠢ ᠠᠬᠢᠭᠤᠯᠬᠤ ᠬᠡᠷᠡᠭᠲᠡᠢ᠃ | ᠭᠤᠷᠪᠠ᠂ ᠲᠥᠷᠥᠯ ᠵᠦᠢᠯ ᠤᠨ ᠬᠠᠷᠠᠯᠲᠠ ᠪᠠ ᠰᠢᠭᠰᠢᠨ ᠪᠠᠶᠢᠴᠠᠭᠠᠬᠤ ᠡᠭᠦᠷᠭᠡ | ︵ᠨᠢᠭᠡ︶ 2023 ᠣᠨ ᠳᠤ 10000 35 - 64 ᠨᠠᠰᠤᠨ ᠤ ᠮᠠᠯᠵᠢᠬᠤ ᠲᠠᠷᠢᠶᠠᠯᠠᠬᠤ ᠣᠷᠣᠨ ᠪᠠ ᠬᠤᠲᠠ | ᠪᠠᠯᠭᠠᠰᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠵᠣᠬᠢᠬᠤ ᠨᠠᠰᠤᠨ ᠤ ᠡᠮᠡᠭᠲᠡᠶᠢᠴᠦᠳ ᠲᠤ | ᠰᠠᠪᠠ ᠶᠢᠨ ᠬᠦᠵᠦᠭᠦᠨ ᠤ ᠥᠮᠡᠨ ᠢ ᠦᠨ᠎ᠡ ᠲᠥᠯᠥᠪᠦᠷᠢ ᠦᠭᠡᠢ ᠪᠠᠷ ᠰᠢᠭᠰᠢᠨ ᠪᠠᠶᠢᠴᠠᠭᠠᠯᠲᠠ ᠬᠢᠨ᠎ᠡ︔ 2023 | ᠣᠨ ᠳᠤ 10000 ᠨᠡᠷᠡᠰ 35-64 ᠨᠠᠰᠤᠨ ᠤ ᠮᠠᠯᠵᠢᠬᠤ ᠲᠠᠷᠢᠶᠠᠯᠠᠬᠤ ᠣᠷᠣᠨ ᠪᠠ ᠬᠤᠲᠠ ᠪᠠᠯᠭᠠᠰᠤᠨ ᠤ | ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠵᠣᠬᠢᠬᠤ ᠨᠠᠰᠤᠨ ᠤ ᠡᠮᠡᠭᠲᠡᠶᠢᠴᠦᠳ ᠲᠤ ᠦᠨ᠎ᠡ ᠲᠥᠯᠥᠪᠦᠷᠢ | ᠦᠭᠡᠢ ᠪᠠᠷ ᠬᠥᠬᠦᠨ ᠪᠤᠯᠴᠢᠷᠬᠠᠢ ᠶᠢᠨ ᠥᠮᠡᠨ ᠤ ᠰᠢᠭᠰᠢᠨ ᠪᠠᠶᠢᠴᠠᠭᠠᠯᠲᠠ ᠬᠢᠵᠦ᠂ ︽ᠬᠤᠶᠠᠷ ᠥᠮᠡᠨ︾ ᠢ ᠰᠢᠭᠰᠢᠨ | ᠪᠠᠶᠢᠴᠠᠭᠠᠬᠤ ᠬᠠᠷᠠᠯᠲᠠ ᠶᠢᠨ ᠬᠥᠮᠦᠰ ᠤᠨ ᠪᠦᠷᠬᠦᠴᠡ ᠶᠢᠨ ᠨᠣᠷᠮ᠎ᠠ ᠶᠢ 100% ᠳᠤ ᠬᠦᠷᠦᠭᠦᠯᠬᠦ ᠶᠢ ᠦᠨᠡᠨᠬᠦ | ᠪᠠᠲᠤᠯᠠᠨ᠎ᠠ᠃ 2023 ᠣᠨ ᠳᠤ ᠰᠦᠢᠳᠬᠡᠯ ᠬᠤᠷᠢᠶᠠᠬᠤ ᠦᠭᠡᠢ ᠪᠠᠷ ᠰᠢᠭᠰᠢᠨ ᠪᠠᠶᠢᠴᠠᠭᠠᠬᠤ ᠳᠤ 2021 ᠣᠨ᠂ | 2022 ᠣᠨ ᠳᠤ ᠨᠢᠭᠡᠨᠲᠡ ︽ᠬᠤᠶᠠᠷ ᠥᠮᠡᠨ︾ ᠢ ᠰᠢᠭᠰᠢᠨ ᠪᠠᠶᠢᠴᠠᠭᠠᠬᠤ ᠠᠵᠢᠯ ᠳᠤ ᠣᠷᠣᠯᠴᠠᠭᠰᠠᠨ ᠬᠥᠮᠦᠰ ᠢ | ᠪᠠᠭᠲᠠᠭᠠᠬᠤ ᠦᠭᠡᠢ᠃ | ︵ᠬᠤᠶᠠᠷ︶ ᠮᠠᠯᠵᠢᠬᠤ ᠲᠠᠷᠢᠶᠠᠯᠠᠬᠤ ᠣᠷᠣᠨ ᠪᠣᠯᠤᠨ ᠬᠤᠲᠠ ᠪᠠᠯᠭᠠᠰᠤ ᠶᠢᠨ ᠠᠮᠢᠳᠤᠷᠠᠯ ᠤᠨ ᠨᠠᠭᠠᠳᠤ | ᠵᠠᠬ᠎ᠠ ᠶᠢᠨ ᠪᠠᠲᠤᠯᠠᠭ᠎ᠠ ᠶᠢᠨ ᠵᠣᠬᠢᠬᠤ ᠨᠠᠰᠤᠨ ᠤ ᠡᠮᠡᠭᠲᠡᠶᠢᠴᠦᠳ ᠤᠨ ᠥᠪᠡᠷ ᠢ ᠪᠠᠨ ᠬᠠᠮᠠᠭᠠᠯᠠᠬᠤ ᠦᠵᠡᠯ ᠤᠬᠠᠮᠰᠠᠷ | ᠵᠢᠴᠢ ︽ᠬᠤᠶᠠᠷ ᠥᠮᠡᠨ︾ ᠢ ᠰᠡᠷᠭᠡᠶᠢᠯᠡᠨ ᠵᠠᠰᠠᠬᠤ ᠦᠵᠡᠯ ᠤᠬᠠᠮᠰᠠᠷ ᠪᠣᠯᠤᠨ ᠴᠢᠳᠠᠪᠤᠷᠢ ᠶᠢ ᠳᠡᠭᠡᠭᠰᠢᠯᠡᠭᠦᠯᠵᠦ᠂ | ᠡᠮᠡᠭᠲᠡᠶᠢᠴᠦᠳ ᠤᠨ ︽ᠬᠤᠶᠠᠷ ᠥᠮᠡᠨ︾ ᠢ ᠰᠡᠷᠭᠡᠶᠢᠯᠡᠨ ᠵᠠᠰᠠᠬᠤ ᠭᠤᠣᠯ ᠮᠡᠳᠡᠯᠭᠡ ᠶᠢᠨ ᠣᠶᠢᠯᠠᠭᠠᠬᠤ ᠨᠣᠷᠮ᠎ᠠ ᠶᠢ | 80% ᠠᠴᠠ ᠳᠡᠭᠡᠭᠰᠢ ᠳᠤ ᠬᠦᠷᠦᠭᠦᠯᠦᠨ᠎ᠡ᠃ | ︵ᠭᠤᠷᠪᠠ︶ ︽ᠬᠤᠶᠠᠷ ᠥᠮᠡᠨ︾ ᠢ ᠰᠡᠷᠭᠡᠶᠢᠯᠡᠨ ᠵᠠᠰᠠᠬᠤ ᠮᠡᠳᠡᠯᠭᠡ ᠶᠢ ᠲᠦᠭᠡᠮᠡᠯᠵᠢᠭᠦᠯᠵᠦ᠂ | ᠡᠮᠡᠭᠲᠡᠶᠢᠴᠦᠳ ᠤᠨ ᠥᠪᠡᠷ ᠢ ᠪᠠᠨ ᠡᠷᠡᠭᠦᠯᠵᠢᠭᠦᠯᠬᠦ ᠤᠬᠠᠮᠰᠠᠷ ᠪᠠ ᠮᠡᠷᠭᠡᠵᠢᠯ ᠴᠢᠳᠠᠪᠤᠷᠢ ᠶᠢ ᠨᠡᠮᠡᠭᠳᠡᠭᠦᠯᠦᠨ᠂ ᠦᠬᠦᠬᠦ | ᠨᠤᠷᠮ᠎ᠠ ᠶᠢ ᠪᠠᠭᠤᠷᠠᠭᠤᠯᠵᠤ᠂ ᠬᠤᠲᠠ ᠬᠥᠳᠡᠭᠡ ᠶᠢᠨ ᠡᠮᠡᠭᠲᠡᠶᠢᠴᠦᠳ ᠤᠨ ᠡᠷᠡᠭᠦᠯ ᠮᠡᠨᠳᠦ ᠶᠢᠨ ᠪᠠᠶᠢᠳᠠᠯ ᠢ | ᠰᠠᠶᠢᠵᠢᠷᠠᠭᠤᠯᠤᠨ᠎ᠠ᠃ ᠡᠮᠡᠭᠲᠡᠶᠢᠴᠦᠳ ᠤᠨ ︽ᠬᠤᠶᠠᠷ ᠥᠮᠡᠨ︾ ᠢ ᠰᠡᠷᠭᠡᠶᠢᠯᠡᠨ ᠵᠠᠰᠠᠬᠤ ᠠᠵᠢᠯ ᠤᠨ ᠲᠣᠭᠲᠠᠴᠠ ᠶᠢ | ᠲᠡᠭᠦᠯᠳᠡᠷᠵᠢᠭᠦᠯᠵᠦ᠂ ᠦᠢᠯᠡᠴᠢᠯᠡᠭᠡ ᠳᠤ ᠳᠣᠭᠢᠷᠠᠬᠤ ᠵᠠᠭᠪᠤᠷ ᠢ ᠬᠠᠶᠢᠨ ᠰᠦᠪᠡᠭᠴᠢᠯᠡᠵᠦ᠂ ︽ᠬᠤᠶᠠᠷ ᠥᠮᠡᠨ︾ ᠢ | ᠡᠷᠲᠡ ᠣᠨᠣᠰᠢᠯᠠᠬᠤ᠂ ᠡᠷᠲᠡ ᠵᠠᠰᠠᠬᠤ ᠨᠣᠷᠮ᠎ᠠ ᠶᠢ ᠳᠡᠭᠡᠭᠰᠢᠯᠡᠭᠦᠯᠦᠨ᠎ᠡ᠃ | ︵ᠳᠥᠷᠪᠡ︶ ᠡᠮ ᠡᠮᠨᠡᠯᠭᠡ ᠡᠷᠡᠭᠦᠯ ᠮᠡᠨᠳᠦ ᠶᠢ ᠬᠠᠮᠠᠭᠠᠯᠠᠬᠤ ᠠᠵᠢᠯᠲᠠᠨ ᠤ ᠮᠡᠷᠭᠡᠵᠢᠯ ᠤᠨ ᠬᠢᠷᠢ ᠬᠡᠮᠵᠢᠶ᠎ᠡ | ᠪᠣᠯᠤᠨ ᠦᠢᠯᠡᠴᠢᠯᠡᠭᠡᠨ ᠤ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠬᠤᠶᠠᠷ ᠥᠮᠡᠨ︾ ᠤ | ᠰᠢᠯᠢᠨ ᠪᠠᠶᠢᠴᠠᠭᠠᠬᠤ ᠶᠢ ᠡᠭᠦᠷᠭᠡᠯᠡᠭᠰᠡᠨ ᠬᠥᠮᠦᠰ ᠤᠨ ᠪᠣᠯᠪᠠᠰᠤᠷᠠᠭᠤᠯᠤᠯ ᠤᠨ ᠪᠦᠷᠬᠦᠴᠡ ᠶᠢᠨ ᠨᠣᠷᠮ᠎ᠠ ᠶᠢ | 95% ᠠᠴᠠ ᠳᠡᠭᠡᠭᠰᠢ ᠳᠤ ᠬᠦᠷᠦᠭᠦᠯᠬᠦ ᠬᠡᠷᠡᠭᠲᠡᠢ᠃ | ᠳᠥᠷᠪᠡ᠂ ᠠᠵᠢᠯ ᠤᠨ ᠡᠭᠦᠷᠭᠡ ᠬᠠᠷᠢᠭᠤᠴᠠᠯᠭ᠎ᠠ | ︵ᠨᠢᠭᠡ︶ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠲᠦᠷᠦᠭᠦᠯᠡᠬᠦ ᠰᠠᠯᠠᠭ᠎ᠠ | ᠮᠥᠴᠢᠷ ᠪᠣᠯᠤᠭᠰᠠᠨ ᠤ ᠬᠤᠪᠢ ᠳᠤ᠂ ᠪᠦᠬᠦ ᠬᠤᠰᠢᠭᠤᠨ ᠤ ︽ᠬᠤᠶᠠᠷ ᠥᠮᠡᠨ︾ ᠢ ᠰᠢᠭᠰᠢᠨ ᠪᠠᠶᠢᠴᠠᠭᠠᠬᠤ ᠲᠥᠷᠥᠯ | ᠵᠦᠢᠯ ᠢ ᠵᠣᠬᠢᠶᠠᠨ ᠪᠠᠶᠢᠭᠤᠯᠬᠤ᠂ ᠵᠣᠬᠢᠴᠠᠭᠤᠯᠬᠤ ᠪᠠ ᠬᠢᠨᠠᠨ ᠬᠠᠮᠢᠶᠠᠷᠬᠤ ᠠᠵᠢᠯ ᠢ ᠰᠠᠶᠢᠲᠤᠷ ᠬᠢᠬᠦ ᠶᠢ | ᠬᠠᠷᠢᠭᠤᠴᠠᠨ᠎ᠠ᠃ | ︵ᠬᠤᠶᠠᠷ︶ ᠬᠤᠰᠢᠭᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠥᠪ᠂ ᠥᠪᠡᠷᠲᠡᠭᠡᠨ ᠵᠠᠰᠠᠬᠤ ᠣᠷᠣᠨ᠂ | ᠠᠶᠢᠮᠠᠭ ᠤᠨ ᠳᠡᠰ᠂ ᠬᠤᠰᠢᠭᠤᠨ ᠱᠠᠲᠤᠨ ᠤ ᠢᠵᠢ ᠪᠦᠷᠢᠳᠦᠭᠦᠯᠬᠦ ᠪᠡᠯᠡ ᠮᠥᠩᠭᠦ ᠶᠢ ᠬᠠᠷᠢᠭᠤᠴᠠᠨ | ᠨᠠᠶᠢᠳᠠᠪᠤᠷᠢᠵᠢᠭᠤᠯᠤᠨ᠎ᠠ᠃ | ︵ᠭᠤᠷᠪᠠ︶ ᠬᠤᠰᠢᠭᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠬᠤᠲᠠ ᠪᠠᠯᠭᠠᠰᠤᠨ ᠤ ᠨᠠᠭᠠᠳᠤ | ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠵᠣᠬᠢᠬᠤ ᠨᠠᠰᠤᠨ ᠤ ᠡᠮᠡᠭᠲᠡᠶᠢᠴᠦᠳ ᠤᠨ ᠰᠠᠭᠤᠷᠢ ᠲᠤᠭ᠎ᠠ ᠶᠢ | ᠪᠦᠷᠢᠳᠬᠡᠬᠦ ᠶᠢ ᠬᠠᠷᠢᠭᠤᠴᠠᠵᠤ᠂ ᠬᠤᠲᠠ ᠪᠠᠯᠭᠠᠰᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ | ᠵᠣᠬᠢᠬᠤ ᠨᠠᠰᠤᠨ ᠤ ᠡᠮᠡᠭᠲᠡᠶᠢᠴᠦᠳ ᠢ ᠳᠠᠶᠢᠴᠢᠯᠠᠨ ︽ᠬᠤᠶᠠᠷ ᠥᠮᠡᠨ︾ ᠢ ᠰᠢᠭᠰᠢᠨ ᠪᠠᠶᠢᠴᠠᠭᠠᠨ᠎ᠠ᠃ | ︵ᠲᠦᠷᠪᠡ︶ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ᠂ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ | ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢ ᠵᠣᠬᠢᠶᠠᠨ ᠪᠠᠶᠢᠭᠤᠯᠵᠤ ᠲᠤᠬᠠᠢ ᠶᠢᠨ ᠭᠠᠵᠠᠷ ᠤᠨ ᠨᠠᠮ ᠤᠨ | ᠬᠤᠷᠢᠶᠠᠨ ᠤ ᠵᠠᠰᠠᠭ ᠤᠨ ᠣᠷᠳᠣᠨ ᠢ ᠬᠠᠮᠵᠢᠨ ᠰᠢᠭᠰᠢᠨ ᠪᠠᠶᠢᠴᠠᠭᠠᠬᠤ ᠠᠵᠢᠯ ᠤᠨ ᠲᠥᠷᠥ ᠶᠢᠨ ᠪᠣᠳᠣᠯᠭ᠎ᠠ ᠶᠢ | ᠤᠬᠠᠭᠤᠯᠤᠨ ᠲᠠᠶᠢᠯᠪᠤᠷᠢᠯᠠᠬᠤ᠂ ᠡᠷᠡᠭᠦᠯ ᠮᠡᠨᠳᠦ ᠶᠢᠨ ᠬᠥᠮᠦᠵᠢᠯ᠂ ᠵᠣᠬᠢᠶᠠᠨ ᠪᠠᠶᠢᠭᠤᠯᠵᠤ ᠳᠠᠶᠢᠴᠢᠯᠠᠬᠤ ᠵᠡᠷᠭᠡ | ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ᠃ | ︵ᠲᠠᠪᠤ︶ ᠡᠯ᠎ᠡ ᠰᠤᠮᠤ ᠪᠠᠯᠭᠠᠰᠤᠨ ᠤ ᠵᠠᠰᠠᠭ ᠤᠨ ᠣᠷᠳᠣᠨ᠂ ᠨᠠᠮ ᠣᠯᠠᠨ ᠲᠦᠮᠡᠨ ᠤ ᠦᠢᠯᠡᠴᠢᠯᠡᠭᠡᠨ ᠤ | ᠲᠥᠪ ᠨᠢ ᠡᠮᠡᠭᠲᠡᠶᠢᠴᠦᠳ ᠤᠨ ︽ᠬᠤᠶᠠᠷ ᠥᠮᠡᠨ︾ ᠢ ᠰᠢᠭᠰᠢᠨ ᠪᠠᠶᠢᠴᠠᠭᠠᠬᠤ ᠠᠵᠢᠯ ᠢ ᠪᠠᠶᠢᠴᠠᠭᠠᠨ ᠣᠶᠢᠯᠠᠭᠠᠬᠤ᠂ | ᠤᠬᠠᠭᠤᠯᠤᠨ ᠳᠠᠶᠢᠴᠢᠯᠠᠬᠤ ᠪᠠ ᠰᠢᠭᠰᠢᠨ ᠪᠠᠶᠢᠴᠠᠭᠠᠬᠤ ᠡᠲᠡᠭᠡᠳ ᠢ ᠵᠣᠬᠢᠶᠠᠨ ᠪᠠᠶᠢᠭᠤᠯᠤᠨ ᠰᠢᠭᠰᠢᠨ ᠪᠠᠶᠢᠴᠠᠭᠠᠬᠤ | ᠠᠵᠢᠯ ᠢ ᠬᠠᠷᠢᠭᠤᠴᠠᠵᠤ᠂ ᠬᠠᠷᠢᠶ᠎ᠠ ᠣᠷᠣᠨ ᠤ ᠪᠠᠨ ᠨᠥᠬᠦᠴᠡᠯ ᠳᠤ ᠨᠡᠶᠢᠴᠡᠬᠦ 35 - 64 ᠨᠠᠰᠤᠨ ᠤ | ᠡᠮᠡᠭᠲᠡᠶᠢᠴᠦᠳ ᠲᠤ ᠡᠯᠬᠡᠭ ᠢ ᠨᠢᠭᠡᠳᠦᠯᠲᠡᠢ ᠲᠥᠯᠥᠪᠯᠡᠨ ᠲᠣᠬᠢᠷᠠᠭᠤᠯᠤᠨ᠎ᠠ᠃ |