ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠶᠡᠭᠡ ᠬᠡᠷᠡᠭ ᠶᠠᠪᠤᠳᠠᠯ ᠤᠨ ᠲᠡᠮᠳᠡᠭᠯᠡᠯ
ᠨᠡᠶᠢᠲᠡᠯᠡᠭᠰᠡᠨ ᠴᠠᠭ᠄
2023/12/6
    ︵8 ᠳ᠋ᠤᠭᠠᠷ ᠰᠠᠷ᠎ᠠ ᠶᠢᠨ 1 ᠤ ᠡᠳᠦᠷ ᠠᠴᠠ 8 ᠳ᠋ᠤᠭᠠᠷ ᠰᠠᠷ᠎ᠠ ᠶᠢᠨ 31 ᠤ ᠡᠳᠦᠷ︶    8 ᠳ᠋ᠤᠭᠠᠷ ᠰᠠᠷ᠎ᠠ ᠶᠢᠨ 4 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠬᠠᠢ ᠶᠢᠩ ᠬᠤᠤᠯᠢᠩᠭᠤᠤᠯ ᠬᠤᠳᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠣᠷᠣᠨ ᠪᠦᠰᠡ ᠶᠢᠨ ᠬᠠᠮᠲᠤᠷᠠᠯᠴᠠᠭᠠᠨ ᠤ ᠬᠠᠮᠲᠤᠷᠠᠭᠰᠠᠨ ᠬᠤᠷᠠᠯ ᠢ ᠡᠷᠬᠢᠯᠡᠨ ᠬᠤᠷᠠᠯᠳᠤᠭᠤᠯᠪᠠ᠃    8 ᠳ᠋ᠤᠭᠠᠷ ᠰᠠᠷ᠎ᠠ ᠶᠢᠨ 5 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠬᠠᠢ ᠶᠢᠩ 2023 ᠳᠤᠮᠳᠠᠳᠤ ᠤᠯᠤᠰ ᠤᠨ ᠬᠢᠲᠠᠳ ᠮᠣᠩᠭᠤᠯ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠡᠭᠡ ᠬᠤᠷᠠᠯ ᠢ ᠡᠷᠬᠢᠯᠡᠨ ᠬᠤᠷᠠᠯᠳᠤᠭᠤᠯᠪᠠ᠃    8 ᠳ᠋ᠤᠭᠠᠷ ᠰᠠᠷ᠎ᠠ ᠶᠢᠨ 9 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠬᠠᠢ ᠶᠢᠩ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠴᠤᠤᠯ ᠭᠤᠣᠯ ᠤᠨ ᠤᠰᠤ ᠶᠢ ᠲᠠᠲᠠᠵᠤ ᠯᠢᠶᠣᠤ ᠾᠧ ᠭᠤᠣᠯ ᠳᠤ ᠣᠷᠣᠭᠤᠯᠬᠤ ᠢᠨᠵᠧᠨᠧᠷᠢᠩ ᠤᠨ ᠲᠣᠬᠢᠷᠠᠭᠤᠯᠤᠯᠲᠠ ᠶᠢᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠪᠠ᠃    8 ᠳ᠋ᠤᠭᠠᠷ ᠰᠠᠷ᠎ᠠ ᠶᠢᠨ 12 ᠤᠨ ᠡᠳᠦᠷ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠬᠠᠢ ᠶᠢᠩ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠮᠣᠩᠭᠤᠯ ᠡᠮᠨᠡᠯᠭᠡ ᠶᠢᠨ ᠰᠤᠳᠤᠯᠭᠠᠨ ᠤ ᠭᠠᠵᠠᠷ᠂ ᠮᠣᠩᠭᠤᠯ ᠡᠮᠨᠡᠯᠭᠡ ᠶᠢᠨ ᠬᠤᠷᠢ᠊ ᠡᠶ᠎ᠡ ᠪᠠᠶᠢᠭᠤᠯᠤᠭᠳᠠᠭᠰᠠᠨ 50 ᠵᠢᠯ ᠤᠨ ᠣᠢ ᠶᠢᠨ ᠶᠣᠰᠣᠯᠠᠯ ᠤᠨ ᠶᠣᠰᠣᠯᠠᠯ ᠢ ᠡᠷᠬᠢᠯᠡᠨ ᠬᠤᠷᠠᠯᠳᠤᠭᠤᠯᠪᠠ᠃    8 ᠳ᠋ᠤᠭᠠᠷ ᠰᠠᠷ᠎ᠠ ᠶᠢᠨ 15 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠬᠠᠢ ᠶᠢᠩ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠢᠭᠦᠯᠡᠰᠦᠩᠭᠦᠢ ᠶᠢᠨ ᠨᠡᠶᠢᠭᠡᠮᠯᠢᠭ ᠤᠨ ᠬᠤᠶᠠᠳᠤᠭᠠᠷ ᠬᠤᠭᠤᠴᠠᠭᠠᠨ ᠤ ᠭᠡᠰᠢᠭᠦᠳ ᠤᠨ ᠶᠡᠭᠡ ᠬᠤᠷᠠᠯ ᠢ ᠡᠷᠬᠢᠯᠡᠨ ᠬᠤᠷᠠᠯᠳᠤᠭᠤᠯᠪᠠ᠃    8 ᠳ᠋ᠤᠭᠠᠷ ᠰᠠᠷ᠎ᠠ ᠶᠢᠨ 23 ᠤ ᠡᠳᠦᠷ᠂ ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ ︵2023᠂ ᠥᠪᠥᠷ ᠮᠣᠩᠭᠤᠯ︶ ᠤᠨ ᠦᠬᠡᠷ ᠤᠨ ᠠᠷᠠᠯᠵᠢᠶᠠᠨ ᠤ ᠶᠡᠭᠡ ᠬᠤᠷᠠᠯ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠦᠪᠡᠳᠡᠭᠰᠢ ᠶᠡᠭᠡ ᠪᠠᠷ ᠡᠬᠢᠯᠡᠪᠡ᠃    8 ᠳ᠋ᠤᠭᠠᠷ ᠰᠠᠷ᠎ᠠ ᠶᠢᠨ 24 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠬᠠᠢ ᠶᠢᠩ ᠠᠴᠠ ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ ︵2023 · ᠥᠪᠥᠷ ᠮᠣᠩᠭᠤᠯ︶ ᠤᠨ ᠦᠬᠡᠷ ᠤᠨ ᠠᠷᠠᠯᠵᠢᠶᠠᠨ ᠤ ᠶᠡᠭᠡ ᠬᠤᠷᠠᠯ · ᠦᠬᠡᠷ ᠤᠨ ᠠᠷᠠᠯᠵᠢᠶᠠᠨ ᠤ ᠴᠤᠭᠯᠠᠭᠠᠨ ᠢ ᠡᠷᠬᠢᠯᠡᠵᠦ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠩ ᠠᠨ ᠶᠡᠭᠡ ᠰᠦᠮ᠎ᠡ ᠶᠢᠨ ᠦᠬᠡᠷ ᠬᠤᠨᠢᠨ ᠤ ᠠᠷᠠᠯᠵᠢᠶᠠᠨ ᠤ ᠵᠠᠬ᠎ᠠ ᠳᠡᠯᠭᠡᠭᠦᠷ ᠲᠤ ᠦᠪᠡᠳᠡᠭᠰᠢ ᠶᠡᠭᠡ ᠪᠠᠷ ᠡᠬᠢᠯᠡᠭᠦᠯᠪᠡ᠃    8 ᠳ᠋ᠤᠭᠠᠷ ᠰᠠᠷ᠎ᠠ ᠶᠢᠨ 28 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠬᠠᠢ ᠶᠢᠩ ᠬᠤᠤᠯᠢᠩᠭᠤᠤᠯ ᠳᠤ ᠬᠦᠷᠴᠦ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠬᠤᠤᠯᠢᠩᠭᠤᠤᠯ ᠬᠤᠲᠠ ᠶᠢᠨ ᠬᠠᠮᠲᠤᠷᠠᠯᠴᠠᠭ᠎ᠠ ᠰᠣᠯᠢᠯᠴᠠᠭᠠᠨ ᠤ ᠶᠠᠷᠢᠯᠴᠠᠬᠤ ᠬᠤᠷᠠᠯ ᠳᠤ ᠣᠷᠣᠯᠴᠠᠪᠠ᠃    8 ᠳ᠋ᠤᠭᠠᠷ ᠰᠠᠷ᠎ᠠ ᠶᠢᠨ 31 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠬᠠᠢ ᠶᠢᠩ 2023 ᠣᠨ ᠤ 10 ᠳ᠋ᠤᠭᠠᠷ ᠤᠳᠠᠭᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ︽ᠲᠠᠪᠤᠨ ᠶᠡᠭᠡ ᠡᠭᠦᠷᠭᠡ︾ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠬᠤᠶᠠᠳᠤᠭᠠᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号