ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠣᠷᠴᠢᠨ ᠲᠣᠭᠤᠷᠢᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/2/10
 ᠬᠤᠷᠴᠢᠨ ᠪᠠᠷᠠᠭᠤᠨ ᠭᠠᠷᠤᠨ ᠳᠤᠮᠳᠠᠳᠤ ᠵᠠᠰᠠᠭ ᠠᠯᠪᠠᠨ ᠲᠠᠷᠬᠠᠭᠠᠭᠰᠠᠨ 〔2022〕 76 ᠳ᠋ᠤᠭᠠᠷ ᠲᠣᠭᠠᠲᠤᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄    ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠣᠷᠴᠢᠨ ᠲᠣᠭᠤᠷᠢᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ︾᠎ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠢ᠃           2022 ᠣᠨ ᠤ 10 ᠰᠠᠷ᠎ᠠ ᠶᠢᠨ 21᠎ ᠤ ᠡᠳᠦᠷᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠣᠷᠴᠢᠨ ᠲᠣᠭᠤᠷᠢᠨ ᠤ ᠭᠡᠨᠡᠳᠲᠡ ᠶᠢᠨ ᠬᠡᠷᠡᠭ ᠢ ᠪᠠᠴᠢᠮ ᠠᠷᠭᠠᠴᠠᠬᠤ ᠲᠥᠰᠥᠯ   ᠨᠢᠭᠡ᠂ ᠶᠡᠷᠦᠩᠬᠡᠢ ᠳᠦᠷᠢᠮ   ︵ᠨᠢᠭᠡ︶ ᠣᠷᠣᠨ ᠲᠤᠭ᠎ᠠ ᠶᠢᠨ ᠵᠣᠷᠢᠯᠭ᠎ᠠ ᠪᠠ ᠦᠨᠳᠦᠰᠦᠯᠡᠯᠣᠷᠴᠢᠨ ᠠᠬᠤᠢ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠲᠦᠷᠭᠡᠨ ᠪᠥᠭᠡᠳ ᠰᠢᠨᠵᠢᠯᠡᠬᠦ ᠤᠬᠠᠭᠠᠨᠴᠢ ᠪᠠᠷ ᠠᠷᠭᠠᠴᠠᠨ ᠰᠢᠢᠳᠪᠦᠷᠢᠯᠡᠵᠦ᠂ ᠣᠷᠴᠢᠨ ᠠᠬᠤᠢ ᠶᠢᠨ ᠭᠡᠨᠡᠳᠲᠡ ᠶᠢᠨ ᠬᠡᠷᠡᠭ ᠤᠨ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠤᠴᠠᠷᠠᠭᠤᠯᠬᠤ ᠬᠤᠣᠷ ᠬᠥᠨᠥᠭᠡᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠣᠷᠴᠢᠨ ᠠᠬᠤᠢ ᠶᠢᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠦᠨᠡᠨ ᠬᠦ ᠪᠠᠲᠤᠯᠠᠵᠤ᠂ ᠨᠡᠶᠢᠭᠡᠮ ᠤᠨ ᠪᠦᠬᠦ ᠲᠠᠯ᠎ᠠ ᠶᠢᠨ᠂ ᠵᠣᠬᠢᠴᠠᠩᠭᠤᠢ᠂ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠶᠢᠨ ᠲᠥᠯᠥᠭᠡ ᠶᠤᠮ᠃︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ︾ ︽ᠤᠯᠤᠰ ᠤᠨ ᠣᠷᠴᠢᠨ ᠲᠣᠭᠤᠷᠢᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠠᠴᠤᠷᠠᠭ ᠴᠢᠨᠠᠷᠲᠠᠢ ᠪᠣᠬᠢᠷᠳᠤᠯ ᠢ ᠰᠡᠷᠭᠡᠶᠢᠯᠡᠨ ᠵᠠᠰᠠᠬᠤ ᠬᠠᠤᠯᠢ︾ ︽ᠤᠯᠤᠰ ᠤᠨ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠶᠡᠷᠦᠩᠬᠡᠢ ᠪᠠᠴᠢᠮ ᠪᠠᠶᠢᠳᠠᠯ ᠢ ᠠᠷᠭᠠᠴᠠᠬᠤ ᠲᠥᠰᠥᠯ︾ ᠵᠡᠷᠭᠡ ᠬᠠᠤᠯᠢ ᠴᠠᠭᠠᠵᠠ᠂ ᠳᠦᠷᠢᠮ ᠲᠣᠭᠲᠠᠭᠠᠯ ᠢ ᠦᠨᠳᠦᠰᠦᠯᠡᠵᠦ᠂ ᠮᠠᠨ ᠤ ᠬᠤᠰᠢᠭᠤᠨ ᠤ ᠪᠣᠳᠠᠲᠠᠢ ᠪᠠᠶᠢᠳᠠᠯ ᠲᠠᠢ ᠤᠶᠠᠯᠳᠤᠭᠤᠯᠤᠨ ᠲᠣᠰ ᠪᠠᠴᠢᠮ ᠪᠠᠶᠢᠳᠠᠯ ᠢ ᠠᠷᠭᠠᠴᠠᠬᠤ ᠲᠥᠰᠥᠯ ᠢ ᠲᠣᠭᠲᠠᠭᠠᠪᠠ᠃    ︵ᠬᠤᠶᠠᠷ︶ ᠵᠢᠯᠤᠭᠤᠳᠬᠤ ᠦᠵᠡᠯ ᠰᠠᠨᠠᠭ᠎ᠠ ᠪᠠ ᠵᠠᠷᠴᠢᠮ    ᠨᠡᠶᠢᠭᠡᠮ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠ ᠣᠷᠴᠢᠨ ᠠᠬᠤᠢ ᠶᠢᠨ ᠭᠡᠨᠡᠳᠲᠡ ᠶᠢᠨ ᠬᠡᠷᠡᠭ ᠢ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠰᠡᠷᠭᠡᠶᠢᠯᠡᠬᠦ ᠪᠠᠷ ᠭᠤᠣᠯᠳᠠᠯᠭ᠎ᠠ ᠪᠣᠯᠭᠠᠬᠤ᠂ ᠴᠥᠬᠦᠷᠡᠰᠢ ᠦᠭᠡᠢ ᠪᠠᠶᠢᠩᠭᠤ ᠪᠡᠯᠡᠳᠬᠡᠬᠦ᠂ ᠲᠦᠷᠭᠡᠨ ᠲᠤᠰᠬᠠᠬᠤ᠂ ᠨᠢᠭᠡᠳᠦᠯᠲᠡᠢ ᠵᠢᠯᠤᠭᠤᠳᠬᠤ᠂ ᠱᠠᠲᠤ ᠬᠤᠪᠢᠶᠠᠨ ᠬᠠᠷᠢᠭᠤᠴᠠᠬᠤ᠂ ᠨᠢᠭᠡᠴᠢ ᠥᠪᠡᠷ ᠢ ᠪᠠᠨ ᠠᠪᠤᠷᠠᠬᠤ ᠪᠠ ᠨᠡᠶᠢᠭᠡᠮ ᠤᠨ ᠠᠪᠤᠷᠠᠨ ᠲᠤᠰᠠᠯᠠᠬᠤ ᠶᠢ ᠤᠶᠠᠯᠳᠤᠭᠤᠯᠬᠤ ᠵᠠᠷᠴᠢᠮ ᠢ ᠪᠠᠷᠢᠮᠲᠠᠯᠠᠨ᠎ᠠ᠃ ᠣᠷᠴᠢᠨ ᠠᠬᠤᠢ ᠶᠢᠨ ᠭᠡᠨᠡᠳᠲᠡ ᠶᠢᠨ ᠬᠡᠷᠡᠭ ᠡᠭᠦᠰᠬᠦ ᠳᠤ ᠬᠦᠷᠪᠡᠯ᠂ ᠬᠠᠮᠤᠭ ᠤᠨ ᠲᠦᠷᠭᠡᠨ ᠬᠤᠷᠳᠤᠴᠠ ᠪᠠᠷ᠂ ᠬᠠᠮᠤᠭ ᠤᠨ ᠥᠨᠳᠥᠷ ᠦᠢᠯᠡᠳᠦᠯ ᠴᠢᠳᠠᠪᠤᠷᠢ ᠪᠠᠷ ᠠᠪᠤᠷᠠᠨ ᠲᠤᠰᠠᠯᠠᠬᠤ ᠪᠠ ᠰᠢᠢᠳᠪᠦᠷᠢᠯᠡᠬᠦ ᠶᠢ ᠡᠮᠬᠢ ᠵᠢᠷᠤᠮ ᠲᠠᠢ ᠪᠠᠷ ᠬᠡᠷᠡᠭᠵᠢᠭᠦᠯᠵᠦ᠂ ᠬᠥᠮᠥᠨ ᠤ ᠦᠬᠦᠯ ᠰᠢᠷᠬᠠᠲᠤᠯ ᠪᠠ ᠡᠳ᠋ ᠬᠥᠷᠥᠩᠭᠡ ᠶᠢᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠡ᠊ᠨᠳᠡᠯ ᠤᠨ ᠬᠤᠣᠷ ᠬᠥᠨᠥᠭᠡᠯ ᠢ ᠬᠠᠮᠤᠭ ᠤᠨ ᠳᠣᠣᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠵᠤ᠂ ᠨᠡᠶᠢᠭᠡᠮ ᠤᠨ ᠠᠮᠤᠷ ᠲᠦᠪᠰᠢᠨ ᠪᠠ ᠬᠥᠮᠥᠨ ᠤ ᠰᠡᠳᠬᠢᠯ ᠤᠨ ᠲᠣᠭᠲᠠᠭᠤᠨ ᠪᠠᠶᠢᠳᠠᠯ ᠢ ᠬᠠᠮᠠᠭᠠᠯᠠᠨ᠎ᠠ᠃   ︵ᠭᠤᠷᠪᠠ︶ ᠬᠡᠷᠡᠭ ᠶᠠᠪᠤᠳᠠᠯ ᠤᠨ ᠬᠤᠪᠢᠶᠠᠷᠢ   ᠣᠷᠴᠢᠨ ᠠᠬᠤᠢ ᠶᠢᠨ ᠭᠡᠨᠡᠳᠲᠡ ᠶᠢᠨ ᠬᠡᠷᠡᠭ ᠤᠨ ᠬᠦᠨᠳᠦ ᠨᠣᠴᠢᠲᠠᠢ ᠴᠢᠨᠠᠷ ᠪᠠ ᠪᠠᠴᠢᠮ ᠪᠠᠶᠢᠳᠠᠯ ᠤᠨ ᠬᠡᠮᠵᠢᠶ᠎ᠡ ᠶᠢ ᠦᠨᠳᠦᠰᠦᠯᠡᠨ᠂ ᠣᠷᠴᠢᠨ ᠠᠬᠤᠢ ᠶᠢᠨ ᠭᠡᠨᠡᠳᠲᠡ ᠶᠢᠨ ᠬᠡᠷᠡᠭ ᠢ ᠣᠨᠴᠠᠭᠠᠶ ᠴᠢᠬᠤᠯᠠ ᠶᠡᠭᠡ ᠣᠷᠴᠢᠨ ᠠᠬᠤᠢ ᠶᠢᠨ ᠬᠡᠷᠡᠭ ︵Ⅰ ᠳᠡᠰ︶᠂ ᠴᠢᠬᠤᠯᠠ ᠶᠡᠭᠡ ᠣᠷᠴᠢᠨ ᠠᠬᠤᠢ ᠶᠢᠨ ᠬᠡᠷᠡᠭ ︵Ⅱ ᠳᠡᠰ︶᠂ ᠨᠡᠯᠢᠶᠡᠳ ᠶᠡᠭᠡ ᠣᠷᠴᠢᠨ ᠠᠬᠤᠢ ᠶᠢᠨ ᠬᠡᠷᠡᠭ ︵Ⅲ ᠳᠡᠰ︶ ᠪᠠ ᠡᠩ ᠤᠨ ᠣᠷᠴᠢᠨ ᠠᠬᠤᠢ ᠶᠢᠨ ᠬᠡᠷᠡᠭ ︵Ⅳ ᠳᠡᠰ︶ ᠭᠡᠵᠦ ᠬᠤᠪᠢᠶᠠᠵᠤ ᠪᠣᠯᠣᠨ᠎ᠠ᠃1.ᠣᠷᠴᠢᠨ ᠠᠬᠤᠢ ᠶᠢᠨ ᠣᠨᠴᠠᠭᠠᠶ ᠬᠦᠨᠳᠦ ᠶᠡᠭᠡ ᠭᠡᠨᠡᠳᠲᠡ ᠶᠢᠨ ᠬᠡᠷᠡᠭᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠳᠤᠨᠢ ᠨᠡᠶᠢᠴᠡᠭᠰᠡᠨ ᠪᠠᠶᠢᠪᠠᠯ ᠣᠷᠴᠢᠨ ᠠᠬᠤᠢ ᠶᠢᠨ ᠣᠨᠴᠠᠭᠠᠶ ᠬᠦᠨᠳᠦ ᠶᠡᠭᠡ ᠭᠡᠨᠡᠳᠲᠡ ᠶᠢᠨ ᠬᠡᠷᠡᠭ ᠲᠤ ᠲᠣᠭᠠᠴᠠᠭᠳᠠᠨ᠎ᠠ᠄    ︵1︶ ᠣᠷᠴᠢᠨ ᠠᠬᠤᠢ ᠶᠢᠨ ᠪᠣᠬᠢᠷᠳᠤᠯ ᠠᠴᠠ ᠪᠣᠯᠵᠤ ᠰᠢᠭᠤᠳ 30᠎ ᠠᠴᠠ ᠳᠡᠭᠡᠭᠰᠢ ᠬᠥᠮᠥᠨ ᠢ ᠦᠬᠦᠭᠦᠯᠦᠭᠰᠡᠨ ᠪᠤᠶᠤ 100᠎ ᠠᠴᠠ ᠳᠡᠭᠡᠭᠰᠢ ᠬᠥᠮᠥᠨ ᠢ ᠬᠤᠣᠷᠳᠠᠭᠤᠯᠤᠭᠰᠠᠨ ᠪᠤᠶᠤ ᠬᠦᠨᠳᠦ ᠰᠢᠷᠬᠠᠲᠤᠭᠤᠯᠤᠭᠰᠠᠨ     ︵2︶ ᠣᠷᠴᠢᠨ ᠠᠬᠤᠢ ᠶᠢᠨ ᠪᠣᠬᠢᠷᠳᠤᠯ ᠠᠴᠠ ᠪᠣᠯᠵᠤ ᠲᠠᠷᠬᠠᠭᠠᠭᠰᠠᠨ᠂ ᠰᠢᠯᠵᠢᠭᠰᠡᠨ ᠬᠥᠮᠥᠨ ᠨᠢ 5 ᠲᠦᠮᠡ ᠠᠴᠠ ᠳᠡᠭᠡᠭᠰᠢ ᠪᠠᠶᠢᠬᠤ︔    ︵3︶ ᠣᠷᠴᠢᠨ ᠠᠬᠤᠢ ᠶᠢᠨ ᠪᠣᠬᠢᠷᠳᠤᠯ ᠠᠴᠠ ᠪᠣᠯᠵᠤ 1 ᠳ᠋ᠦᠩᠰᠢᠭᠤᠷ ᠲᠥᠭᠦᠷᠢᠭ ᠠᠴᠠ ᠳᠡᠭᠡᠭᠰᠢ ᠠᠵᠤ ᠠᠬᠤᠢ ᠶᠢᠨ ᠰᠢᠭᠤᠳ ᠬᠤᠬᠢᠷᠠᠯ ᠤᠴᠠᠷᠠᠭᠤᠯᠤᠭᠰᠠᠨ︔    ︵4︶ ᠣᠷᠴᠢᠨ ᠠᠬᠤᠢ ᠶᠢᠨ ᠪᠣᠬᠢᠷᠳᠤᠯ ᠠᠴᠠ ᠪᠣᠯᠵᠤ ᠣᠷᠣᠨ ᠪᠦᠰᠡ ᠶᠢᠨ ᠠᠮᠢ ᠠᠬᠤᠢ ᠶᠢᠨ ᠴᠢᠳᠠᠮᠵᠢ ᠶᠢ ᠠᠯᠳᠠᠭᠤᠯᠤᠭᠰᠠᠨ ᠪᠤᠶᠤ ᠲᠤᠰ ᠣᠷᠣᠨ ᠪᠦᠰᠡ ᠶᠢᠨ ᠤᠯᠤᠰ ᠤᠨ ᠭᠤᠣᠯᠳᠠᠯᠭ᠎ᠠ ᠲᠠᠢ ᠬᠠᠮᠠᠭᠠᠯᠠᠯᠲᠠ ᠳᠤ ᠪᠠᠶᠢᠭ᠎ᠠ ᠪᠣᠳᠠᠰ ᠤᠨ ᠳᠦᠷᠰᠦ ᠶᠢ ᠤᠰᠠᠳᠬᠠᠭᠰᠠᠨ;    ︵5︶ ᠣᠷᠴᠢᠨ ᠲᠣᠭᠤᠷᠢᠨ ᠤ ᠪᠣᠬᠢᠷᠳᠤᠯ ᠎ ᠠᠴᠠ ᠪᠣᠯᠵᠤ ᠲᠣᠭᠤᠷᠢᠭ ᠪᠠᠶᠢᠭᠤᠯᠤᠭᠰᠠᠨ ᠬᠤᠰᠢᠭᠤᠨ ᠤ ᠲᠠᠰ  ᠎ ᠠᠴᠠ ᠳᠡᠭᠡᠭᠰᠢᠬᠢ ᠬᠤᠲᠠ ᠶᠢᠨ ᠲᠥᠪᠯᠡᠷᠡᠩᠭᠦᠢ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠎ ᠠᠴᠠ ᠤᠰᠤ ᠠᠪᠬᠤ ᠶᠢ ᠲᠠᠰᠤᠯᠳᠠᠭᠤᠯᠤᠭᠰᠠᠨ︔    ︵6︶ Ⅰ᠂ Ⅱ᠎ ᠤᠨ ᠲᠦᠷᠦᠯ ᠤᠨ ᠰᠠᠴᠤᠷᠠᠭ ᠡᠭᠦᠰᠬᠡᠭᠴᠢ ᠭᠡᠭᠡᠭᠳᠡᠭᠰᠡᠨ᠂ ᠬᠤᠯᠠᠭᠠᠶᠢᠯᠠᠭᠳᠠᠭᠰᠠᠨ᠂ ᠡᠵᠡᠮᠳᠡᠯ ᠢᠶᠠᠨ ᠠᠯᠳᠠᠭᠰᠠᠨ ᠪᠥᠭᠡᠳ ᠶᠡᠭᠡ ᠬᠡᠪᠴᠢᠶᠡᠨ ᠤ ᠬᠦᠨᠳᠦ ᠨᠣᠴᠢᠲᠠᠢ ᠰᠠᠴᠤᠷᠠᠭ ᠤᠨ ᠪᠣᠬᠢᠷᠳᠤᠯ ᠤᠨ ᠦᠷ᠎ᠡ ᠳ᠋ᠦᠩ ᠢ ᠪᠤᠢ ᠪᠣᠯᠭᠠᠭᠰᠠᠨ︔ ᠰᠠᠴᠤᠷᠠᠭ ᠢᠳᠡᠪᠬᠢ ᠢᠵᠢᠯᠢ ᠪᠠᠶᠢᠷᠢᠲᠤ ᠡᠯᠧᠮᠧᠨ᠋ᠲ ᠪᠠ ᠰᠠᠴᠤᠷᠠᠭ ᠤᠨ ᠲᠣᠨᠣᠭᠯᠠᠯ ᠡᠵᠡᠮᠳᠡᠯ ᠢᠶᠠᠨ ᠠᠯᠳᠠᠭᠰᠠᠨ ᠠᠴᠠ ᠪᠣᠯᠵᠤ 3᠎ ᠠᠴᠠ ᠳᠡᠭᠡᠭᠰᠢ ᠬᠥᠮᠥᠨ ᠲᠦᠷᠭᠡᠨ ᠴᠢᠨᠠᠷᠲᠠᠢ ᠪᠠᠷ ᠦᠬᠦᠭᠰᠡᠨ;ᠰᠠᠴᠤᠷᠠᠭ ᠴᠢᠨᠠᠷᠲᠠᠢ ᠪᠣᠳᠠᠰ ᠯᠡᠪᠡᠷᠡᠭᠡᠳ ᠶᠡᠭᠡ ᠬᠡᠪᠴᠢᠶᠡᠨ ᠤ ᠰᠠᠴᠤᠷᠠᠯᠲᠠ ᠶᠢᠨ ᠪᠣᠬᠢᠷᠳᠤᠯ ᠤᠨ ᠦᠷ᠎ᠡ ᠳ᠋ᠦᠩ ᠢ ᠪᠤᠢ ᠪᠣᠯᠭᠠᠭᠰᠠᠨ︔    2. ᠣᠷᠴᠢᠨ ᠠᠬᠤᠢ ᠶᠢᠨ ᠭᠡᠨᠡᠳᠲᠡ ᠶᠢᠨ ᠬᠦᠨᠳᠦ ᠶᠡᠭᠡ ᠬᠡᠷᠡᠭ    ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠳᠤ ᠨᠡᠶᠢᠴᠡᠭᠰᠡᠨ ᠪᠠᠶᠢᠪᠠᠯ ᠣᠷᠴᠢᠨ ᠠᠬᠤᠢ ᠶᠢᠨ ᠭᠡᠨᠡᠳᠲᠡ ᠶᠢᠨ ᠬᠦᠨᠳᠦ ᠶᠡᠭᠡ ᠬᠡᠷᠡᠭ ᠪᠣᠯᠣᠨ᠎ᠠ᠄    ︵1︶ ᠣᠷᠴᠢᠨ ᠠᠬᠤᠢ ᠶᠢᠨ ᠪᠣᠬᠢᠷᠳᠤᠯ ᠠᠴᠠ ᠪᠣᠯᠵᠤ 10᠎ ᠠᠴᠠ ᠳᠡᠭᠡᠭᠰᠢ 30 ᠬᠥᠮᠥᠨ ᠠᠴᠠ ᠳᠣᠭᠤᠭᠰᠢ ᠬᠥᠮᠥᠨ ᠢ ᠰᠢᠭᠤᠳ ᠦᠬᠦᠭᠦᠯᠦᠭᠰᠡᠨ ᠪᠤᠶᠤ 50᠎ ᠠᠴᠠ ᠳᠡᠭᠡᠭᠰᠢ 100 ᠬᠥᠮᠥᠨ ᠠᠴᠠ ᠳᠣᠭᠤᠭᠰᠢ ᠬᠥᠮᠥᠨ ᠢ ᠰᠢᠭᠤᠳ ᠬᠤᠣᠷᠳᠠᠭᠤᠯᠤᠭᠰᠠᠨ ᠪᠤᠶᠤ ᠬᠦᠨᠳᠦ ᠰᠢᠷᠬᠠᠲᠤᠭᠤᠯᠤᠭᠰᠠᠨ︔    ︵2︶ ᠣᠷᠴᠢᠨ ᠠᠬᠤᠢ ᠶᠢᠨ ᠪᠣᠬᠢᠷᠳᠤᠯ ᠠᠴᠠ ᠪᠣᠯᠵᠤ ᠲᠠᠷᠬᠠᠭᠠᠭᠰᠠᠨ᠂ ᠰᠢᠯᠵᠢᠭᠰᠡᠨ ᠬᠥᠮᠥᠨ ᠤ ᠲᠤᠭ᠎ᠠ ᠨᠢ 1 ᠲᠦᠮᠡ ᠠᠴᠠ ᠳᠡᠭᠡᠭᠰᠢ 5 ᠲᠦᠮᠡ ᠠᠴᠠ ᠳᠣᠭᠤᠭᠰᠢ ᠪᠠᠶᠢᠬᠤ︔    ︵3︶ ᠣᠷᠴᠢᠨ ᠠᠬᠤᠢ ᠶᠢᠨ ᠪᠣᠬᠢᠷᠳᠤᠯ ᠠᠴᠠ ᠪᠣᠯᠵᠤ ᠤᠴᠠᠷᠠᠭᠤᠯᠤᠭᠰᠠᠨ ᠠᠵᠤ ᠠᠬᠤᠢ ᠶᠢᠨ ᠰᠢᠭᠤᠳ ᠬᠤᠬᠢᠷᠠᠯ ᠨᠢ 2000 ᠲᠦᠮᠡᠨ ᠲᠥᠭᠦᠷᠢᠭ ᠠᠴᠠ ᠳᠡᠭᠡᠭᠰᠢ 1 ᠳ᠋ᠦᠩᠰᠢᠭᠤᠷ ᠲᠥᠭᠦᠷᠢᠭ ᠠᠴᠠ ᠳᠣᠭᠤᠭᠰᠢ ᠪᠠᠶᠢᠬᠤ     ︵4︶ ᠣᠷᠴᠢᠨ ᠠᠬᠤᠢ ᠶᠢᠨ ᠪᠣᠬᠢᠷᠳᠤᠯ ᠠᠴᠠ ᠪᠣᠯᠵᠤ ᠣᠷᠣᠨ ᠪᠦᠰᠡ ᠶᠢᠨ ᠠᠮᠢ ᠠᠬᠤᠢ ᠶᠢᠨ ᠴᠢᠳᠠᠮᠵᠢ ᠪᠠᠨ ᠬᠡᠰᠡᠭ ᠲᠠᠯ᠎ᠠ ᠪᠠᠷ ᠠᠯᠳᠠᠭᠰᠠᠨ ᠪᠤᠶᠤ ᠲᠤᠰ ᠣᠷᠣᠨ ᠪᠦᠰᠡ ᠶᠢᠨ ᠤᠯᠤᠰ ᠤᠨ ᠭᠤᠣᠯᠳᠠᠯᠭ᠎ᠠ ᠲᠠᠢ ᠬᠠᠮᠠᠭᠠᠯᠠᠯᠲᠠ ᠳᠤ ᠪᠠᠶᠢᠭ᠎ᠠ ᠬᠡᠭᠡᠷ᠎ᠡ ᠶᠢᠨ ᠠᠮᠢᠲᠠᠨ ᠤᠷᠭᠤᠮᠠᠯ ᠤᠨ ᠳᠦᠷᠰᠦ ᠶᠢᠨ ᠰᠦᠷᠦᠭ ᠶᠡᠭᠡ ᠬᠡᠮᠵᠢᠶ᠎ᠡ ᠪᠠᠷ ᠡᠪᠳᠡᠭᠳᠡᠭᠰᠡᠨ︔    ︵5︶ Ⅰ᠂ Ⅱᠲᠦᠷᠦᠯ ᠤᠨ ᠰᠠᠴᠤᠷᠠᠭ ᠡᠭᠦᠰᠬᠡᠭᠴᠢ ᠭᠡᠭᠡᠭᠳᠡᠭᠰᠡᠨ᠂ ᠬᠤᠯᠠᠭᠠᠶᠢᠯᠠᠭᠳᠠᠭᠰᠠᠨ;ᠰᠠᠴᠤᠷᠠᠭ ᠴᠢᠨᠠᠷᠲᠠᠢ ᠢᠵᠢᠯ ᠪᠠᠶᠢᠷᠢᠲᠤ ᠡᠯᠧᠮᠧᠨ᠋ᠲ ᠪᠠ ᠰᠠᠴᠤᠷᠠᠭ ᠤᠨ ᠲᠣᠨᠣᠭᠯᠠᠯ ᠡᠵᠡᠮᠳᠡᠯ ᠢᠶᠠᠨ ᠠᠯᠳᠠᠭᠰᠠᠨ ᠠᠴᠠ ᠪᠣᠯᠵᠤ 3 ᠬᠥᠮᠥᠨ ᠠᠴᠠ ᠳᠣᠭᠤᠭᠰᠢ ᠲᠦᠷᠭᠡᠨ ᠴᠢᠨᠠᠷᠲᠠᠢ ᠦᠬᠦᠭᠰᠡᠨ ᠪᠤᠶᠤ 10 ᠬᠥᠮᠥᠨ ᠠᠴᠠ ᠳᠡᠭᠡᠭᠰᠢ ᠲᠦᠷᠭᠡᠨ ᠴᠢᠨᠠᠷᠲᠠᠢ ᠬᠦᠨᠳᠦ ᠬᠡᠮᠵᠢᠶᠡᠨ ᠤ ᠰᠠᠴᠤᠷᠠᠭ ᠤᠨ ᠡᠪᠡᠳᠴᠢᠨ᠂ ᠬᠡᠰᠡᠭ ᠭᠠᠵᠠᠷ ᠤᠨ ᠡᠷᠬᠡᠲᠡᠨ ᠵᠡᠮᠳᠡᠭ ᠪᠣᠯᠤᠭᠰᠠᠨ︔ ᠰᠠᠴᠤᠷᠠᠭ ᠴᠢᠨᠠᠷᠲᠠᠢ ᠪᠣᠳᠠᠰ ᠯᠡᠪᠡᠷᠡᠭᠡᠳ ᠨᠡᠯᠢᠶᠡᠳ ᠶᠡᠭᠡ ᠬᠡᠪᠴᠢᠶᠡᠨ ᠤ ᠰᠠᠴᠤᠷᠠᠯᠲᠠ ᠶᠢᠨ ᠪᠣᠬᠢᠷᠳᠤᠯ ᠤᠨ ᠦᠷ᠎ᠡ ᠳ᠋ᠦᠩ ᠢ ᠪᠤᠢ ᠪᠣᠯᠭᠠᠭᠰᠠᠨ︔    3. ᠣᠷᠴᠢᠨ ᠠᠬᠤᠢ ᠶᠢᠨ ᠨᠡᠯᠢᠶᠡᠳ ᠶᠡᠭᠡ ᠭᠡᠨᠡᠳᠲᠡ ᠶᠢᠨ ᠬᠡᠷᠡᠭᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠳᠤ ᠨᠡᠶᠢᠴᠡᠭᠰᠡᠨ ᠪᠠᠶᠢᠪᠠᠯ ᠣᠷᠴᠢᠨ ᠠᠬᠤᠢ ᠶᠢᠨ ᠨᠡᠯᠢᠶᠡᠳ ᠶᠡᠭᠡ ᠭᠡᠨᠡᠳᠲᠡ ᠶᠢᠨ ᠬᠡᠷᠡᠭ ᠪᠣᠯᠣᠨ᠎ᠠ᠄    ︵1︶ ᠣᠷᠴᠢᠨ ᠠᠬᠤᠢ ᠶᠢᠨ ᠪᠣᠬᠢᠷᠳᠤᠯ ᠠᠴᠠ ᠪᠣᠯᠵᠤ ᠰᠢᠭᠤᠳ 3᠎ ᠠᠴᠠ ᠳᠡᠭᠡᠭᠰᠢ 10᠎ ᠠᠴᠠ ᠳᠣᠭᠤᠭᠰᠢ ᠬᠥᠮᠥᠨ ᠢ ᠦᠬᠦᠭᠦᠯᠦᠭᠰᠡᠨ ᠪᠤᠶᠤ 10᠎ ᠠᠴᠠ ᠳᠡᠭᠡᠭᠰᠢ 50᠎ ᠠᠴᠠ ᠳᠣᠭᠤᠭᠰᠢ ᠬᠥᠮᠥᠨ ᠢ ᠬᠤᠣᠷᠳᠠᠭᠤᠯᠤᠭᠰᠠᠨ ᠪᠤᠶᠤ ᠬᠦᠨᠳᠦ ᠰᠢᠷᠬᠠᠲᠤᠭᠤᠯᠤᠭᠰᠠᠨ︔    ︵2︶ ᠣᠷᠴᠢᠨ ᠠᠬᠤᠢ ᠶᠢᠨ ᠪᠣᠬᠢᠷᠳᠤᠯ ᠠᠴᠠ ᠪᠣᠯᠵᠤ ᠲᠠᠷᠬᠠᠭᠠᠭᠰᠠᠨ᠂ ᠰᠢᠯᠵᠢᠭᠰᠡᠨ ᠬᠥᠮᠥᠨ ᠨᠢ 5000 ᠬᠥᠮᠥᠨ ᠠᠴᠠ ᠳᠡᠭᠡᠭᠰᠢ 1 ᠲᠦᠮᠡ ᠠᠴᠠ ᠳᠣᠭᠤᠭᠰᠢ ᠪᠠᠶᠢᠬᠤ︔    ︵3︶ ᠣᠷᠴᠢᠨ ᠠᠬᠤᠢ ᠶᠢᠨ ᠪᠣᠬᠢᠷᠳᠤᠯ ᠠᠴᠠ ᠪᠣᠯᠵᠤ ᠤᠴᠠᠷᠠᠭᠤᠯᠤᠭᠰᠠᠨ ᠠᠵᠤ ᠠᠬᠤᠢ ᠶᠢᠨ ᠰᠢᠭᠤᠳ ᠬᠤᠬᠢᠷᠠᠯ ᠨᠢ 500 ᠲᠦᠮᠡᠨ ᠲᠥᠭᠦᠷᠢᠭ ᠠᠴᠠ ᠳᠡᠭᠡᠭᠰᠢ 2000 ᠲᠦᠮᠡᠨ ᠲᠥᠭᠦᠷᠢᠭ ᠠᠴᠠ ᠳᠣᠭᠤᠭᠰᠢ ᠪᠠᠶᠢᠬᠤ︔    ︵4︶ ᠣᠷᠴᠢᠨ ᠠᠬᠤᠢ ᠶᠢᠨ ᠪᠣᠬᠢᠷᠳᠤᠯ ᠠᠴᠠ ᠪᠣᠯᠵᠤ ᠤᠯᠤᠰ ᠤᠨ ᠭᠤᠣᠯᠳᠠᠯᠭ᠎ᠠ ᠲᠠᠢ ᠬᠠᠮᠠᠭᠠᠯᠠᠯᠲᠠ ᠳᠤ ᠪᠠᠶᠢᠭ᠎ᠠ ᠠᠮᠢᠳᠠᠨ ᠤᠷᠭᠤᠮᠠᠯ ᠤᠨ ᠳᠦᠷᠰᠦ ᠶᠢ ᠡᠪᠳᠡᠯᠡᠭᠡ ᠳᠤ ᠤᠴᠠᠷᠠᠭᠤᠯᠤᠭᠰᠠᠨ︔    ︵5︶ ᠣᠷᠴᠢᠨ ᠠᠬᠤᠢ ᠶᠢᠨ ᠪᠣᠬᠢᠷᠳᠤᠯ ᠠᠴᠠ ᠪᠣᠯᠵᠤ ᠰᠢᠶᠠᠩ ᠪᠠᠯᠭᠠᠰᠤᠨ ᠤ ᠲᠥᠪᠯᠡᠷᠡᠩᠭᠦᠢ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠠᠴᠠ ᠤᠰᠤ ᠠᠪᠬᠤ ᠶᠢ ᠲᠠᠰᠤᠯᠳᠠᠭᠤᠯᠤᠭᠰᠠᠨ︔   ︵6︶ Ⅲ ᠲᠦᠷᠦᠯ ᠤᠨ ᠰᠠᠴᠤᠷᠠᠭ ᠡᠭᠦᠰᠬᠡᠭᠴᠢ ᠭᠡᠭᠡᠭᠳᠡᠭᠰᠡᠨ᠂ ᠬᠤᠯᠠᠭᠠᠶᠢᠯᠠᠭᠳᠠᠭᠰᠠᠨ;ᠰᠠᠴᠤᠷᠠᠭ ᠢᠳᠡᠪᠬᠢ ᠢᠵᠢᠯᠢ ᠪᠠᠶᠢᠷᠢᠲᠤ ᠡᠯᠧᠮᠧᠨ᠋ᠲ ᠪᠠ ᠰᠠᠴᠤᠷᠠᠭ ᠤᠨ ᠲᠣᠨᠣᠭᠯᠠᠯ ᠡᠵᠡᠮᠳᠡᠯ ᠢᠶᠠᠨ ᠠᠯᠳᠠᠭᠰᠠᠨ ᠠᠴᠠ ᠪᠣᠯᠵᠤ 10 ᠬᠥᠮᠥᠨ ᠠᠴᠠ ᠳᠣᠭᠤᠭᠰᠢ ᠲᠦᠷᠭᠡᠨ ᠴᠢᠨᠠᠷᠲᠠᠢ ᠬᠦᠨᠳᠦ ᠰᠠᠴᠤᠷᠠᠭ ᠡᠪᠡᠳᠴᠢᠨ᠂ ᠬᠡᠰᠡᠭ ᠭᠠᠵᠠᠷ ᠤᠨ ᠡᠷᠬᠡᠲᠡᠨ ᠵᠡᠮᠳᠡᠭ ᠪᠣᠯᠤᠭᠰᠠᠨ︔ ᠰᠠᠴᠤᠷᠠᠭ ᠴᠢᠨᠠᠷᠲᠠᠢ ᠪᠣᠳᠠᠰ ᠯᠡᠪᠡᠷᠡᠭᠡᠳ ᠪᠠᠭ᠎ᠠ ᠬᠡᠪᠴᠢᠶᠡᠨ ᠤ ᠰᠠᠴᠤᠷᠠᠯᠲᠠ ᠶᠢᠨ ᠪᠣᠬᠢᠷᠳᠤᠯ ᠤᠨ ᠦᠷ᠎ᠡ ᠳ᠋ᠦᠩ ᠢ ᠪᠤᠢ ᠪᠣᠯᠭᠠᠭᠰᠠᠨ︔    4.ᠣᠷᠴᠢᠨ ᠠᠬᠤᠢ ᠶᠢᠨ ᠡᠩ ᠤᠨ ᠭᠡᠨᠡᠳᠲᠡ ᠶᠢᠨ ᠬᠡᠷᠡᠭ   ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠳᠤᠨᠢ ᠨᠡᠶᠢᠴᠡᠭᠰᠡᠨ ᠪᠠᠶᠢᠪᠠᠯ ᠡᠩ ᠤᠨ ᠣᠷᠴᠢᠨ ᠠᠬᠤᠢ ᠶᠢᠨ ᠭᠡᠨᠡᠳᠲᠡ ᠶᠢᠨ ᠬᠡᠷᠡᠭ ᠲᠤ ᠲᠣᠭᠠᠴᠠᠭᠳᠠᠨ᠎ᠠ᠄   ︵1︶ ᠣᠷᠴᠢᠨ ᠠᠬᠤᠢ ᠶᠢᠨ ᠪᠣᠬᠢᠷᠳᠤᠯ ᠠᠴᠠ ᠪᠣᠯᠵᠤ 3 ᠬᠥᠮᠥᠨ ᠠᠴᠠ ᠳᠣᠭᠤᠭᠰᠢ ᠬᠥᠮᠥᠨ ᠢ ᠰᠢᠭᠤᠳ ᠦᠬᠦᠭᠦᠯᠦᠭᠰᠡᠨ ᠪᠤᠶᠤ 10 ᠬᠥᠮᠥᠨ ᠠᠴᠠ ᠳᠣᠭᠤᠭᠰᠢ ᠬᠥᠮᠥᠨ ᠢ ᠬᠤᠣᠷᠳᠠᠭᠤᠯᠤᠭᠰᠠᠨ ᠪᠤᠶᠤ ᠬᠦᠨᠳᠦ ᠰᠢᠷᠬᠠᠲᠤᠭᠤᠯᠤᠭᠰᠠᠨ︔    ︵2︶ ᠣᠷᠴᠢᠨ ᠠᠬᠤᠢ ᠶᠢᠨ ᠪᠣᠬᠢᠷᠳᠤᠯ ᠠᠴᠠ ᠪᠣᠯᠵᠤ ᠲᠠᠷᠬᠠᠭᠠᠭᠰᠠᠨ᠂ ᠰᠢᠯᠵᠢᠭᠰᠡᠨ ᠬᠥᠮᠥᠨ ᠨᠢ 5000 ᠬᠥᠮᠥᠨ ᠠᠴᠠ ᠳᠣᠭᠤᠭᠰᠢ ᠪᠠᠶᠢᠬᠤ︔    ︵3︶ ᠣᠷᠴᠢᠨ ᠠᠬᠤᠢ ᠶᠢᠨ ᠪᠣᠬᠢᠷᠳᠤᠯ ᠠᠴᠠ ᠪᠣᠯᠵᠤ ᠤᠴᠠᠷᠠᠭᠤᠯᠤᠭᠰᠠᠨ ᠠᠵᠤ ᠠᠬᠤᠢ ᠶᠢᠨ ᠰᠢᠭᠤᠳ ᠬᠤᠬᠢᠷᠠᠯ ᠨᠢ 500 ᠲᠦᠮᠡᠨ ᠲᠥᠭᠦᠷᠢᠭ ᠠᠴᠠ ᠳᠣᠭᠤᠭᠰᠢ ᠪᠠᠶᠢᠬᠤ︔    ︵4︶ ᠣᠷᠴᠢᠨ ᠠᠬᠤᠢ ᠶᠢᠨ ᠪᠣᠬᠢᠷᠳᠤᠯ ᠠᠴᠠ ᠪᠣᠯᠵᠤ ᠰᠢᠶᠠᠨ ᠤ ᠱᠠᠲᠤᠨ ᠤ ᠵᠠᠰᠠᠭ ᠵᠠᠬᠢᠷᠭᠠᠨ ᠤ ᠣᠷᠣᠨ ᠢ ᠠᠯᠤᠰᠯᠠᠭᠰᠠᠨ ᠵᠢᠭᠤᠷᠠᠯᠳᠤᠭᠠᠨ ᠢ ᠡᠭᠦᠰᠬᠡᠵᠦ᠂ ᠡ᠊ᠩ ᠤᠨ ᠴᠢᠨᠠᠷᠲᠠᠢ ᠬᠠᠮᠲᠤᠯᠢᠭ ᠤᠨ ᠨᠥᠯᠥᠭᠡ ᠶᠢ ᠡᠭᠦᠰᠬᠡᠭᠰᠡᠨ︔    ︵5︶ I᠂ V ᠲᠦᠷᠦᠯ ᠤᠨ ᠰᠠᠴᠤᠷᠠᠭ ᠡᠭᠦᠰᠬᠡᠭᠴᠢ ᠭᠡᠭᠡᠭᠳᠡᠭᠰᠡᠨ᠂ ᠬᠤᠯᠠᠭᠠᠶᠢᠯᠠᠭᠳᠠᠭᠰᠠᠨ︔ᠰᠠᠴᠤᠷᠠᠭ ᠢᠳᠡᠪᠬᠢ ᠢᠵᠢᠯᠢ ᠪᠠᠶᠢᠷᠢᠲᠤ ᠡᠯᠧᠮᠧᠨ᠋ᠲ ᠪᠠ ᠰᠠᠴᠤᠷᠠᠭ ᠤᠨ ᠲᠣᠨᠣᠭᠯᠠᠯ ᠡᠵᠡᠮᠳᠡᠯ ᠢᠶᠠᠨ ᠠᠯᠳᠠᠭᠰᠠᠨ ᠠᠴᠠ ᠪᠣᠯᠵᠤ ᠬᠥᠮᠥᠰ ᠲᠤ ᠵᠢᠯ ᠤᠨ ᠡᠮ ᠤᠨ ᠬᠡᠮᠵᠢᠶᠡᠨ ᠤ ᠬᠢᠵᠠᠭᠠᠷ ᠬᠡᠮᠵᠢᠭᠳᠡᠯ ᠠᠴᠠ ᠬᠡᠲᠦᠷᠡᠭᠰᠡᠨ ᠲᠤᠰᠬᠠᠯ ᠢ ᠤᠴᠠᠷᠠᠭᠤᠯᠤᠭᠰᠠᠨ︔ ᠰᠠᠴᠤᠷᠠᠭ ᠴᠢᠨᠠᠷᠲᠠᠢ ᠪᠣᠳᠠᠰ ᠯᠡᠪᠡᠷᠡᠭᠡᠳ ᠦᠢᠯᠡᠳᠪᠦᠷᠢ ᠶᠢᠨ ᠲᠣᠭᠤᠷᠢᠭ ᠤᠨ ᠳᠣᠲᠣᠷ᠎ᠠ ᠪᠤᠶᠤ ᠲᠥᠬᠦᠭᠡᠷᠦᠮᠵᠢ ᠶᠢᠨ ᠳᠣᠲᠣᠷᠠᠬᠢ ᠬᠡᠰᠡᠭ ᠭᠠᠵᠠᠷ ᠤᠨ ᠰᠠᠴᠤᠷᠠᠭ ᠤᠨ ᠪᠣᠬᠢᠷᠳᠤᠯ ᠤᠨ ᠦᠷ᠎ᠡ ᠳ᠋ᠦᠩ ᠢ ᠪᠤᠢ ᠪᠣᠯᠭᠠᠭᠰᠠᠨ︔ ᠦᠷᠡᠨ ᠤ ᠬᠦᠳᠡᠷ ᠢ ᠬᠠᠶᠢᠯᠤᠭᠤᠯᠬᠤ᠂ ᠳᠠᠭᠠᠯᠳᠤᠪᠤᠷᠢ ᠬᠦᠳᠡᠷ ᠢ ᠪᠠᠷᠢᠮᠵᠢᠶ᠎ᠠ ᠠᠴᠠ ᠬᠡᠲᠦᠷᠡᠭᠦᠯᠦᠨ ᠭᠠᠳᠠᠭᠰᠢᠯᠠᠭᠤᠯᠤᠭᠠᠳ ᠣᠷᠴᠢᠨ ᠠᠬᠤᠢ ᠶᠢᠨ ᠰᠠᠴᠤᠷᠠᠯᠲᠠ ᠶᠢᠨ ᠪᠣᠬᠢᠷᠳᠤᠯ ᠤᠨ ᠦᠷ᠎ᠡ ᠳ᠋ᠦᠩ ᠢ ᠪᠤᠢ ᠪᠣᠯᠭᠠᠭᠰᠠᠨ︔    ︵6︶ ᠣᠷᠴᠢᠨ ᠠᠬᠤᠢ ᠳᠤ ᠵᠣᠬᠢᠬᠤ ᠨᠥᠯᠥᠭᠡ ᠦᠵᠡᠭᠦᠯᠦᠭᠰᠡᠨ ᠪᠣᠯᠪᠠᠴᠤ ᠣᠷᠴᠢᠨ ᠠᠬᠤᠢ ᠶᠢᠨ ᠭᠡᠨᠡᠳᠲᠡ ᠶᠢᠨ ᠬᠡᠷᠡᠭ ᠤᠨ ᠨᠡᠯᠢᠶᠡᠳ ᠶᠡᠭᠡ ᠲᠡᠰ ᠲᠤ ᠬᠠᠷᠠᠬᠠᠨ ᠬᠦᠷᠦᠭᠡᠳᠦᠢ ᠪᠠᠶᠢᠬᠤ᠃ᠳᠡᠭᠡᠷ᠎ᠡ ᠳᠤᠷᠠᠳᠤᠭᠰᠠᠨ ᠲᠡᠰ ᠬᠤᠪᠢᠶᠠᠬᠤ ᠪᠠᠷᠢᠮᠵᠢᠶ᠎ᠠ ᠶᠢᠨ ᠬᠤᠯᠪᠣᠭᠳᠠᠯ ᠪᠦᠬᠦᠢ ᠲᠤᠭ᠎ᠠ ᠬᠡᠮᠵᠢᠶ᠎ᠡ ᠶᠢᠨ ᠲᠣᠭᠠᠴᠢᠯᠲᠠ ᠳᠤ ︽ᠳᠡᠭᠡᠭᠰᠢ︾ ᠭᠡᠳᠡᠭ ᠲᠤ ᠤᠤᠯ ᠲᠤᠭ᠎ᠠ ᠶᠢ ᠪᠠᠭᠲᠠᠭᠠᠨ᠎ᠠ᠂ ︽ᠳᠣᠷᠣᠭᠰᠢ︾ ᠭᠡᠳᠡᠭ ᠲᠤ ᠤᠤᠯ ᠲᠤᠭ᠎ᠠ ᠶᠢ ᠪᠠᠭᠲᠠᠭᠠᠬᠤ ᠦᠭᠡᠢ᠃    ︵ᠳᠥᠷᠪᠡ︶ ᠬᠡᠷᠡᠭᠯᠡᠬᠦ ᠬᠡᠪᠴᠢᠶ᠎ᠡ    ᠲᠣᠰ ᠪᠡᠯᠡᠳᠬᠡᠯ ᠲᠥᠰᠥᠯ ᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠢᠯᠢ ᠳᠣᠲᠣᠷ᠎ᠠ ᠡᠭᠦᠰᠦᠭᠰᠡᠨ ᠣᠷᠴᠢᠨ ᠠᠬᠤᠢ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠳᠤ ᠬᠡᠷᠡᠭᠯᠡᠨ᠎ᠡ᠃ 
 
ᠢᠷᠡᠯᠲᠡ᠄ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号