ᠬᠤᠷᠴᠢᠨ ᠪᠠᠷᠠᠭᠤᠨ ᠭᠠᠷᠤᠨ ᠳᠤᠮᠳᠠᠳᠤ ᠵᠠᠰᠠᠭ ᠲᠠᠷᠬᠠᠭᠠᠬᠤ 〔2023〕 3 ᠳ᠋ᠤᠭᠠᠷ ᠲᠣᠭᠠᠲᠤ | | | ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2022 ᠣᠨ ᠤ ᠤᠯᠤᠰ ᠤᠨ ᠭᠠᠵᠠᠷ ᠰᠢᠷᠤᠢ ᠶᠢᠨ | ᠬᠤᠪᠢᠷᠠᠯᠳᠠ ᠶᠢ ᠪᠠᠶᠢᠴᠠᠭᠠᠬᠤ ᠠᠵᠢᠯ ᠤᠨ ᠲᠥᠰᠥᠯ︾ ᠢ ᠳᠠᠷᠬᠠᠭᠠᠬᠤ ᠳᠤᠬᠠᠢ ᠬᠤᠷᠴᠢᠨ ᠪᠠᠷᠠᠭᠤᠨ ᠭᠠᠷᠤᠨ | ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠡᠳᠡᠭᠳᠡᠯ | | | ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠰᠢᠭᠤᠳ ᠬᠠᠷᠢᠶ᠎ᠠ ᠬᠠᠮᠢᠶ᠎ᠠ ᠪᠦᠬᠦᠢ | ᠰᠠᠯᠠᠭ᠎ᠠ ᠮᠥᠴᠢᠷ ᠲᠤ᠄ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠬᠤᠷᠴᠢᠨ ᠪᠠᠷᠠᠭᠤᠨ | ᠭᠠᠷᠤᠨ ᠳᠤᠮᠳᠠᠳᠤ ᠬᠤᠰᠢᠭᠤᠨ ᠤ 2022 ᠣᠨ ᠤ ᠤᠯᠤᠰ ᠤᠨ ᠭᠠᠵᠠᠷ ᠰᠢᠷᠣᠢ ᠶᠢᠨ ᠬᠤᠪᠢᠷᠠᠯᠲᠠ ᠶᠢᠨ | ᠪᠠᠶᠢᠴᠠᠭᠠᠯᠲᠠ ᠶᠢᠨ ᠠᠵᠢᠯ ᠤᠨ ᠲᠥᠰᠥᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ | ᠤᠶᠠᠯᠳᠤᠭᠤᠯᠤᠨ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠬᠢᠭᠡᠷᠡᠢ᠃ | 2023 ᠣᠨ ᠤ 1 ᠰᠠᠷ᠎ᠠ ᠶᠢᠨ 4 ᠤ ᠡᠳᠦᠷ | | | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2022 ᠣᠨ ᠤ ᠤᠯᠤᠰ ᠤᠨ ᠨᠤᠲᠤᠭ ᠳᠡᠪᠢᠰᠬᠡᠷ ᠤᠨ | ᠬᠤᠪᠢᠷᠠᠯᠲᠠ ᠶᠢ ᠪᠠᠶᠢᠴᠠᠭᠠᠬᠤ ᠠᠵᠢᠯ ᠤᠨ ᠲᠥᠰᠥᠯ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾ | ︽ᠭᠠᠵᠠᠷ ᠰᠢᠷᠣᠢ ᠶᠢᠨ ᠪᠠᠶᠢᠴᠠᠭᠠᠯᠲᠠ ᠶᠢᠨ ᠳᠦᠷᠢᠮ︾ ︽ᠭᠠᠵᠠᠷ ᠰᠢᠷᠣᠢ ᠶᠢᠨ ᠪᠠᠶᠢᠴᠠᠭᠠᠯᠲᠠ ᠶᠢᠨ ᠳᠦᠷᠢᠮ ᠢ | ᠬᠡᠷᠡᠭᠵᠢᠭᠦᠯᠬᠦ ᠠᠷᠭ᠎ᠠ︾ ᠪᠠ ︽ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠤᠯᠤᠰ ᠤᠨ ᠨᠤᠲᠤᠭ | ᠳᠡᠪᠢᠰᠬᠡᠷ ᠤᠨ ᠪᠠᠶᠢᠴᠠᠭᠠᠯᠲᠠ ᠶᠢᠨ ᠮᠡᠷᠭᠡᠵᠢᠯ ᠤᠨ ᠳᠦᠷᠢᠮ︾ ︵TD/T1055-2019︶ ︵ᠳᠣᠷᠣᠭᠰᠢ ︽ | ᠮᠡᠷᠭᠡᠵᠢᠯ ᠤᠨ ᠳᠦᠷᠢᠮ︾ ᠭᠡᠵᠦ ᠲᠣᠪᠴᠢᠯᠠᠨ᠎ᠠ︶ ᠢ ᠦᠨᠳᠦᠰᠦᠯᠡᠨ᠂ 2022 ᠣᠨ ᠤ ᠪᠥᠬᠦ ᠤᠯᠤᠰ ᠤᠨ | ᠤᠯᠤᠰ ᠤᠨ ᠨᠤᠲᠤᠭ ᠳᠡᠪᠢᠰᠬᠡᠷ ᠤᠨ ᠬᠤᠪᠢᠷᠠᠯᠲᠠ ᠶᠢᠨ ᠪᠠᠶᠢᠴᠠᠭᠠᠯᠲᠠ ᠪᠠ ᠠᠯᠤᠰ ᠰᠡᠷᠡᠯ ᠤᠨ ᠬᠢᠨᠠᠨ | ᠬᠡᠮᠵᠢᠯᠲᠡ ᠶᠢᠨ ᠠᠵᠢᠯ ᠢ ᠰᠠᠶᠢᠲᠤᠷ ᠬᠢᠬᠦ ᠶᠢᠨ ᠲᠤᠰᠠᠳᠠ᠂ ᠲᠣᠰ ᠲᠥᠰᠥᠯ ᠢ ᠲᠣᠭᠲᠠᠭᠠᠪᠠ᠃ | ᠨᠢᠭᠡ᠂ ᠶᠡᠷᠦᠩᠬᠡᠢ ᠬᠠᠷᠠᠯᠲᠠ | 2021 ᠣᠨ ᠤ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠶᠢᠨ ᠦᠷ᠎ᠡ ᠪᠦᠲᠦᠭᠡᠯ ᠤᠨ ᠰᠠᠭᠤᠷᠢᠨ | ᠳᠡᠭᠡᠷ᠎ᠡ᠂ ᠠᠯᠤᠰ ᠰᠡᠷᠡᠯ ᠤᠨ ᠬᠢᠨᠠᠨ ᠬᠡᠮᠵᠢᠯᠲᠡ ᠶᠢ ᠥᠷᠨᠢᠭᠦᠯᠵᠦ᠂ ᠲᠤᠬᠠᠢ ᠶᠢᠨ ᠭᠠᠵᠠᠷ ᠲᠤᠨᠢ ᠪᠠᠶᠢᠴᠠᠭᠠᠯᠲᠠ | ᠬᠢᠵᠦ ᠭᠡᠷᠡᠴᠢ ᠳᠤᠷᠠᠳᠬᠤ᠂ ᠥᠪᠡᠷᠲᠡᠭᠡᠨ ᠵᠠᠰᠠᠬᠤ ᠣᠷᠣᠨ ᠤ ᠲᠠᠰ᠂ ᠤᠯᠤᠰ ᠤᠨ ᠲᠠᠰ ᠤᠨ ᠬᠢᠨᠠᠨ | ᠪᠠᠶᠢᠴᠠᠭᠠᠬᠤ ᠪᠠᠷ ᠳᠡᠮᠵᠢᠨ᠂ 2022 ᠣᠨ ᠤ ᠤᠯᠤᠰ ᠤᠨ ᠭᠠᠵᠠᠷ ᠰᠢᠷᠣᠢ ᠶᠢᠨ ᠠᠰᠢᠭᠯᠠᠯᠲᠠ ᠶᠢᠨ | ᠬᠤᠪᠢᠷᠠᠯᠲᠠ ᠶᠢᠨ ᠪᠠᠶᠢᠳᠠᠯ ᠢ ᠡᠵᠡᠮᠰᠢᠵᠦ᠂ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠶᠢᠨ ᠲᠤᠭ᠎ᠠ | ᠪᠠᠷᠢᠮᠲᠠ ᠶᠢᠨ ᠬᠥᠮᠥᠷᠭᠡ ᠶᠢ ᠰᠢᠨᠡᠳᠬᠡᠬᠦ ᠶᠢᠨ ᠬᠠᠮᠲᠤ 2022 ᠣᠨ ᠤ ᠲᠠᠷᠢᠶᠠᠨ ᠭᠠᠵᠠᠷ ᠤᠨ ᠡᠬᠢ ᠪᠠᠶᠠᠯᠢᠭ ᠤᠨ | ᠶᠠᠰᠤ ᠴᠢᠨᠠᠷ ᠤᠨ ᠲᠥᠷᠥᠯ ᠬᠤᠪᠢᠶᠠᠭᠰᠠᠨ ᠣᠨ ᠤ ᠰᠢᠨᠡᠳᠬᠡᠬᠦ ᠪᠠ ᠬᠢᠨᠠᠨ ᠬᠡᠮᠵᠢᠬᠦ ᠠᠵᠢᠯ ᠢ ᠰᠠᠶᠢᠲᠤᠷ ᠬᠢᠨ᠎ᠡ᠃ | ᠡᠭᠦᠨ ᠤ ᠵᠡᠷᠭᠡᠴᠡᠭᠡᠪᠡᠷ᠂ ᠵᠢᠯ ᠤᠨ ᠡᠴᠦᠰ ᠲᠤ ᠭᠡᠷᠡᠴᠢ ᠪᠠᠷᠢᠮᠲᠠ ᠶᠢ ᠲᠥᠪᠯᠡᠷᠡᠭᠦᠯᠦᠨ ᠬᠤᠪᠢᠷᠠᠭᠤᠯᠬᠤ ᠠᠵᠢᠯ ᠤᠨ | ᠳᠠᠷᠤᠯᠲᠠ ᠶᠢ ᠬᠥᠩᠭᠡᠷᠡᠭᠦᠯᠬᠦ ᠶᠢᠨ ᠲᠥᠯᠥᠭᠡ᠂ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠠᠵᠢᠯ ᠲᠠᠢ | ᠤᠶᠠᠯᠳᠤᠭᠤᠯᠤᠨ᠂ ᠡᠳᠦᠷ ᠲᠤᠳᠤᠮ ᠤᠨ ᠬᠤᠪᠢᠷᠠᠯᠲᠠ ᠶᠢᠨ ᠪᠠᠶᠢᠴᠠᠭᠠᠯᠲᠠ ᠶᠢᠨ ᠠᠵᠢᠯ ᠢ ᠤᠯᠠᠮ ᠨᠢᠭᠡ ᠠᠯᠬᠤᠮ | ᠴᠢᠩᠭᠠᠳᠬᠠᠨ᠎ᠠ᠃ | ᠬᠤᠶᠠᠷ᠂ ᠠᠵᠢᠯ ᠤᠨ ᠡᠭᠦᠷᠭᠡ | ᠤᠯᠤᠰ ᠤᠨ ᠨᠢᠭᠡᠳᠦᠯᠲᠡᠢ ᠪᠠᠷᠢᠮᠵᠢᠶ᠎ᠠ ᠶᠣᠰᠣᠭᠠᠷ᠂ ᠪᠥᠬᠦ ᠤᠯᠤᠰ ᠤᠨ ᠬᠡᠪᠴᠢᠶᠡᠨ ᠳᠤ ᠳᠠᠭᠠᠭᠤᠯᠢ ᠣᠳᠣᠨ ᠤ | ᠠᠯᠤᠰ ᠰᠡᠷᠡᠯ᠂ ᠭᠠᠵᠠᠷ ᠵᠦᠢ ᠶᠢᠨ ᠮᠡᠳᠡᠭᠡ ᠵᠠᠩᠭᠢ ᠶᠢᠨ ᠰᠢᠰᠲ᠋ᠧᠮ᠂ ᠢᠨᠲ᠋ᠧᠷ ᠰᠦᠯᠵᠢᠶ᠎ᠡ᠂ ᠡᠭᠦᠯᠡᠨ ᠪᠣᠳᠣᠯᠲᠠ | ᠵᠡᠷᠭᠡ ᠮᠡᠷᠭᠡᠵᠢᠯ ᠢ ᠠᠰᠢᠭᠯᠠᠨ᠂ ᠣᠲᠣ ᠶᠢᠨ ᠪᠠᠶᠢᠭ᠎ᠠ ᠮᠠᠲ᠋ᠧᠷᠢᠶᠠᠯ ᠢ ᠨᠢᠭᠡᠳᠦᠯᠲᠡᠢ ᠲᠥᠯᠥᠪᠯᠡᠨ ᠠᠰᠢᠭᠯᠠᠵᠤ᠂ | 2022 ᠣᠨ ᠤ ᠡᠴᠦᠰ ᠤᠨ ᠳᠠᠭᠠᠭᠤᠯᠢ ᠣᠳᠣᠨ ᠤ ᠠᠯᠤᠰ ᠰᠡᠷᠡᠯ ᠤᠨ ᠵᠢᠷᠤᠭ ᠳᠦᠷᠰᠦ ᠶᠢᠨ ᠲᠤᠭ᠎ᠠ ᠪᠠᠷᠢᠮᠲᠠ ᠶᠢ | ᠴᠤᠭᠯᠠᠭᠤᠯᠤᠨ᠂ ᠠᠰ ᠲᠤᠰᠬᠠᠯᠲᠠ ᠶᠢᠨ ᠵᠢᠷᠤᠭ ᠳᠦᠷᠰᠦ ᠵᠣᠬᠢᠶᠠᠵᠤ᠂ 2021 ᠣᠨ ᠤ ᠤᠯᠤᠰ ᠤᠨ ᠭᠠᠵᠠᠷ | ᠰᠢᠷᠣᠢ ᠶᠢᠨ ᠬᠤᠪᠢᠷᠠᠯᠲᠠ ᠶᠢᠨ ᠪᠠᠶᠢᠴᠠᠭᠠᠯᠲᠠ ᠶᠢᠨ ᠦᠷ᠎ᠡ ᠳ᠋ᠦᠩ ᠲᠠᠢ ᠬᠠᠷᠢᠴᠠᠭᠤᠯᠤᠨ᠂ ᠤᠯᠤᠰ ᠤᠨ ᠭᠠᠵᠠᠷ | ᠰᠢᠷᠣᠢ ᠶᠢᠨ ᠠᠰᠢᠭᠯᠠᠯᠲᠠ ᠶᠢᠨ ᠬᠤᠪᠢᠷᠠᠯᠲᠠ ᠶᠢᠨ ᠮᠡᠳᠡᠭᠡ ᠵᠠᠩᠭᠢ ᠶᠢ ᠭᠠᠷᠭᠠᠨ ᠠᠪᠴᠤ᠂ ᠬᠤᠪᠢᠷᠠᠯᠲᠠ ᠶᠢᠨ | ᠪᠠᠶᠢᠴᠠᠭᠠᠯᠲᠠ ᠶᠢᠨ ᠠᠵᠢᠯ ᠢ ᠥᠷᠨᠢᠭᠦᠯᠬᠦ ᠶᠢᠨ ᠵᠢᠯᠣᠭᠤᠳᠤᠮᠵᠢ ᠪᠣᠯᠭᠠᠨ᠎ᠠ᠃ ᠬᠠᠮᠢᠶ᠎ᠠ ᠪᠦᠬᠦᠢ ᠬᠢᠨᠠᠨ ᠬᠡᠮᠵᠢᠯᠲᠡ | ᠵᠢᠴᠢ ᠬᠠᠮᠢᠶ᠎ᠠ ᠪᠦᠬᠦᠢ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠮᠡᠳᠡᠭᠡ ᠵᠠᠩᠭᠢ ᠲᠠᠢ ᠤᠶᠠᠯᠳᠤᠭᠤᠯᠤᠨ | ᠂ ᠭᠠᠳᠠᠷ ᠠᠵᠢᠯ ᠲᠥᠷᠥᠯ ᠤᠨ ᠪᠠᠶᠢᠴᠠᠭᠠᠯᠲᠠ ᠶᠢᠨ ᠡᠬᠡ ᠵᠢᠷᠤᠭ ᠢ ᠵᠣᠬᠢᠶᠠᠵᠤ᠂ ᠲᠤᠬᠠᠢ ᠶᠢᠨ ᠭᠠᠵᠠᠷ ᠲᠤᠨᠢ | ᠪᠠᠶᠢᠴᠠᠭᠠᠯᠲᠠ ᠬᠢᠵᠦ ᠭᠡᠷᠡᠴᠢ ᠳᠤᠷᠠᠳᠬᠤ ᠶᠢ ᠥᠷᠨᠢᠭᠦᠯᠦᠨ᠂ 2022 ᠣᠨ ᠤ ᠭᠠᠵᠠᠷ ᠰᠢᠷᠣᠢ ᠶᠢᠨ | ᠠᠰᠢᠭᠯᠠᠯᠲᠠ ᠶᠢᠨ ᠣᠳᠣᠬᠢ ᠪᠠᠶᠢᠳᠠᠯ ᠤᠨ ᠭᠠᠵᠠᠷ ᠰᠢᠷᠣᠢ ᠶᠢᠨ ᠲᠥᠷᠥᠯ᠂ ᠲᠠᠯᠠᠪᠠᠶ᠂ ᠬᠠᠷᠢᠶᠠᠲᠤ ᠴᠢᠨᠠᠷ ᠵᠢᠴᠢ | ᠬᠠᠮᠢᠶ᠎ᠠ ᠪᠦᠬᠦᠢ ᠵᠢᠷᠤᠭ ᠤᠨ ᠳᠠᠪᠬᠤᠷᠭ᠎ᠠ ᠶᠢᠨ ᠬᠠᠷᠢᠶᠠᠲᠤ ᠴᠢᠨᠠᠷ ᠤᠨ ᠮᠡᠳᠡᠭᠡ ᠵᠠᠩᠭᠢ ᠶᠢᠨ ᠬᠤᠪᠢᠷᠠᠯᠲᠠ ᠶᠢᠨ | ᠪᠠᠶᠢᠳᠠᠯ ᠢ ᠪᠥᠬᠦ ᠲᠠᠯ᠎ᠠ ᠪᠠᠷ ᠡᠵᠡᠮᠰᠢᠵᠦ᠂ ᠮᠠᠨ ᠤ ᠬᠤᠰᠢᠭᠤᠨ ᠤ ᠤᠯᠤᠰ ᠤᠨ ᠭᠠᠵᠠᠷ ᠰᠢᠷᠣᠢ ᠶᠢᠨ | ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠬᠥᠮᠥᠷᠭᠡ ᠶᠢ ᠰᠢᠨᠡᠳᠬᠡᠵᠦ᠂ ᠣᠨ ᠤ ᠬᠤᠪᠢᠷᠠᠯᠲᠠ ᠶᠢᠨ ᠨᠡᠮᠡᠭᠳᠡᠯ ᠤᠨ | ᠪᠣᠭᠤᠳᠠᠯ ᠢ ᠪᠣᠶ ᠪᠣᠯᠭᠠᠨ᠎ᠠ᠃ | ︵ᠨᠢᠭᠡ︶ 2022 ᠣᠨ ᠤ ᠬᠤᠪᠢᠷᠠᠯᠲᠠ ᠶᠢᠨ ᠪᠠᠶᠢᠴᠠᠭᠠᠯᠲᠠ ᠶᠢᠨ ᠲᠤᠬᠠᠢ ᠶᠢᠨ ᠭᠠᠵᠠᠷ ᠲᠤᠨᠢ ᠪᠠᠶᠢᠴᠠᠭᠠᠯᠲᠠ | ᠬᠢᠬᠦ ᠪᠠ ᠬᠥᠮᠥᠷᠭᠡ ᠪᠠᠶᠢᠭᠤᠯᠬᠤ ᠠᠵᠢᠯ ᠢ ᠥᠷᠨᠢᠭᠦᠯᠦᠨ᠎ᠡ | ᠶᠠᠮᠤᠨ ᠤ ᠪᠠᠭᠤᠯᠭᠠᠭᠰᠠᠨ 2022 ᠣᠨ ᠤ ᠠᠯᠤᠰ ᠰᠡᠷᠡᠯ ᠤᠨ ᠬᠢᠨᠠᠨ ᠬᠡᠮᠵᠢᠯᠲᠡ ᠶᠢᠨ ᠦᠷ᠎ᠡ ᠪᠦᠲᠦᠭᠡᠯ ᠢᠶᠠᠷ | ᠰᠠᠭᠤᠷᠢ ᠪᠣᠯᠭᠠᠵᠤ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ ᠤᠨ ᠱᠠᠲᠤᠨ ᠤ 2022 ᠣᠨ ᠤ ᠬᠢᠨᠠᠨ | ᠬᠡᠮᠵᠢᠯᠲᠡ ᠳᠤ ᠢᠯᠡᠷᠡᠭᠦᠯᠦᠭᠰᠡᠨ ᠡᠯ᠎ᠡ ᠲᠥᠷᠥᠯ ᠤᠨ ᠤᠯᠤᠰ ᠤᠨ ᠭᠠᠵᠠᠷ ᠰᠢᠷᠣᠢ ᠶᠢᠨ ᠠᠰᠢᠭᠯᠠᠯᠲᠠ ᠶᠢᠨ | ᠬᠤᠪᠢᠷᠠᠯᠲᠠ ᠶᠢᠨ ᠮᠡᠳᠡᠭᠡ ᠵᠠᠩᠭᠢ ᠵᠢᠴᠢ ᠡᠯ᠎ᠡ ᠲᠥᠷᠥᠯ ᠤᠨ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ | ᠮᠡᠳᠡᠭᠡ ᠵᠠᠩᠭᠢ ᠲᠠᠢ ᠤᠶᠠᠯᠳᠤᠭᠤᠯᠤᠨ᠂ 2022 ᠣᠨ ᠤ ᠬᠤᠪᠢᠷᠠᠯᠲᠠ ᠶᠢᠨ ᠪᠠᠶᠢᠴᠠᠭᠠᠯᠲᠠ ᠶᠢᠨ ᠭᠠᠳᠠᠭᠠᠳᠤ | ᠦᠢᠯᠡᠰ ᠤᠨ ᠪᠠᠶᠢᠴᠠᠭᠠᠯᠲᠠ ᠶᠢᠨ ᠠᠵᠢᠯ ᠤᠨ ᠡᠬᠡ ᠵᠢᠷᠤᠭ ︵ᠳᠣᠷᠣᠭᠰᠢ ︽ᠠᠵᠢᠯ ᠤᠨ ᠡᠬᠡ ᠵᠢᠷᠤᠭ︾ ᠭᠡᠵᠦ | ᠲᠣᠪᠴᠢᠯᠠᠨ᠎ᠠ︶ ᠢ ᠵᠣᠬᠢᠶᠠᠨ᠎ᠠ᠃ᠪᠠᠷᠢᠮᠵᠢᠶᠠᠲᠤ ᠴᠠᠭ ᠤᠨ ᠡᠮᠦᠨ᠎ᠡ ᠬᠤᠶᠢᠨᠠᠬᠢ ᠨᠠᠩ ᠥᠨᠳᠥᠷ ᠢᠯᠭᠠᠮᠵᠢ ᠲᠠᠢ ᠠᠯᠤᠰ | ᠰᠡᠷᠡᠯ ᠤᠨ ᠳᠦᠷᠰᠦ ᠰᠢᠩᠭᠡᠭᠡᠯᠲᠡ ᠶᠢᠨ ᠲᠤᠭ᠎ᠠ ᠪᠠᠷᠢᠮᠲᠠ ᠶᠢ ᠥᠪᠡᠰᠦᠪᠡᠨ ᠴᠤᠭᠯᠠᠭᠤᠯᠵᠤ ᠪᠣᠯᠣᠨ᠎ᠠ᠂ 2021 | ᠣᠨ ᠤ ᠤᠯᠤᠰ ᠤᠨ ᠨᠤᠲᠤᠭ ᠳᠡᠪᠢᠰᠬᠡᠷ ᠤᠨ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠬᠥᠮᠥᠷᠭᠡ ᠪᠣᠯᠣᠨ | ᠬᠠᠮᠤᠭ ᠤᠨ ᠰᠢᠨ᠎ᠡ ᠠᠯᠤᠰ ᠰᠡᠷᠡᠯ ᠤᠨ ᠠᠰ ᠲᠤᠰᠬᠠᠯᠲᠠ ᠶᠢᠨ ᠳᠦᠷᠰᠦ ᠰᠢᠩᠭᠡᠭᠡᠯᠲᠡ ᠶᠢᠨ ᠵᠢᠷᠤᠭ ᠢ | ᠬᠠᠷᠢᠴᠠᠭᠤᠯᠬᠤ ᠪᠠᠷ ᠳᠠᠮᠵᠢᠭᠤᠯᠤᠨ᠂ ᠳᠣᠲᠣᠭᠠᠳᠤ ᠦᠢᠯᠡᠰ ᠠᠴᠠ 2022 ᠣᠨ ᠤ ᠡᠯ᠎ᠡ ᠲᠥᠷᠥᠯ ᠤᠨ ᠭᠠᠵᠠᠷ | ᠰᠢᠷᠣᠢ ᠶᠢᠨ ᠬᠤᠪᠢᠷᠠᠯᠲᠠ ᠶᠢᠨ ᠪᠠᠶᠢᠳᠠᠯ ᠢ ᠨᠥᠬᠦᠪᠦᠷᠢᠯᠡᠨ ᠭᠠᠷᠭᠠᠵᠤ ᠠᠪᠤᠨ᠎ᠠ᠃ ᠥᠪᠡᠷᠲᠡᠭᠡᠨ ᠴᠤᠭᠯᠠᠭᠤᠯᠵᠤ | ᠦᠢᠯᠡᠳᠪᠦᠷᠢᠯᠡᠭᠰᠡᠨ ᠠᠯᠤᠰ ᠰᠡᠷᠡᠯ ᠤᠨ ᠠᠰ ᠲᠤᠰᠬᠠᠯᠲᠠ ᠶᠢᠨ ᠳᠦᠷᠰᠦ ᠶᠢᠨ ᠵᠢᠷᠤᠭ ᠢ ᠣᠨ ᠤ | ᠬᠤᠪᠢᠷᠠᠭᠤᠯᠤᠯᠲᠠ ᠶᠢᠨ ᠪᠠᠶᠢᠴᠠᠭᠠᠯᠲᠠ ᠶᠢᠨ ᠦᠷ᠎ᠡ ᠪᠦᠲᠦᠭᠡᠯ ᠲᠠᠢ ᠬᠠᠮᠲᠤ ᠳᠤᠨᠢ ᠳᠡᠭᠡᠭᠰᠢ ᠮᠡᠳᠡᠭᠦᠯᠵᠦ᠂ | ᠤᠯᠤᠰ ᠤᠨ ᠲᠠᠰ ᠤᠨ ᠬᠠᠷᠭᠤᠭᠤᠯᠤᠨ ᠪᠠᠶᠢᠴᠠᠭᠠᠬᠤ ᠳᠤ ᠬᠡᠷᠡᠭᠯᠡᠬᠦ ᠬᠡᠷᠡᠭᠲᠡᠢ᠃ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠶᠢᠴᠠᠭᠠᠯᠲᠠ ᠶᠢᠨ ᠨᠢᠭᠡᠴᠡ ᠨᠢ ᠲᠤᠬᠠᠢ ᠶᠢᠨ ᠭᠠᠵᠠᠷ ᠤᠨ | ᠣᠳᠣᠬᠢ ᠪᠠᠶᠢᠳᠠᠯ ᠳᠤ ᠭᠠᠵᠠᠷ ᠤᠨ ᠲᠥᠷᠥᠯ ᠢ ᠮᠠᠭᠠᠳᠯᠠᠨ ᠲᠣᠭᠲᠠᠭᠠᠬᠤ ᠪᠠᠷ ᠵᠠᠷᠴᠢᠮ ᠪᠣᠯᠭᠠᠵᠤ᠂ ᠠᠵᠢᠯ ᠤᠨ | ᠰᠠᠭᠤᠷᠢ ᠵᠢᠷᠤᠭ ᠳᠡᠭᠡᠷᠡᠬᠢ ᠬᠤᠪᠢᠷᠠᠯᠲᠠ ᠶᠢᠨ ᠲᠣᠯᠪᠤ ᠨᠢᠭᠡᠪᠦᠷᠢ ᠶᠢᠨ ᠭᠠᠵᠠᠷ ᠤᠨ ᠲᠥᠷᠥᠯ᠂ ᠲᠠᠯᠠᠪᠠᠶ᠂ ᠬᠠᠷᠢᠶᠠᠲᠤ | ᠴᠢᠨᠠᠷ᠂ ᠡᠷᠬᠡ ᠶᠢᠨ ᠬᠠᠷᠢᠶᠠᠯᠠᠯ ᠵᠡᠷᠭᠡ ᠪᠣᠳᠠᠲᠠᠢ ᠪᠠᠶᠢᠳᠠᠯ ᠢ ᠪᠠᠶᠢᠴᠠᠭᠠᠨ ᠲᠣᠳᠣᠯᠠᠨ᠎ᠠ︔ ᠭᠡᠷᠡᠴᠢ ᠪᠠᠷᠢᠮᠲᠠ | ᠳᠤᠷᠠᠳᠬᠤ ᠴᠢᠬᠤᠯᠠᠲᠠᠢ ᠵᠢᠷᠤᠭ ᠤᠨ ᠲᠣᠯᠪᠤ ᠶᠢ ᠨᠢᠭᠡᠳ ᠨᠢᠭᠡ ᠪᠠᠷ ᠪᠣᠳᠠᠲᠠᠢ ᠭᠠᠵᠠᠷ ᠲᠤᠨᠢ ᠰᠡᠭᠦᠳᠡᠷᠯᠡᠨ ᠭᠡᠷᠡᠴᠢ | ᠪᠠᠷᠢᠮᠲᠠ ᠳᠤᠷᠠᠳᠤᠨ᠎ᠠ︔ ᠡᠳᠦᠷ ᠲᠤᠲᠤᠮ ᠤᠨ ᠬᠤᠪᠢᠷᠠᠭᠤᠯᠤᠯᠲᠠ ᠶᠢᠨ ᠬᠢᠨᠠᠨ ᠲᠣᠭᠲᠠᠭᠠᠭᠰᠠᠨ ᠵᠢᠷᠤᠭ ᠤᠨ | ᠲᠣᠯᠪᠤ ᠶᠢᠨ ᠦᠷ᠎ᠡ ᠳ᠋ᠦᠩ ᠢ 2022 ᠣᠨ ᠤ ᠠᠯᠤᠰ ᠰᠡᠷᠡᠯ ᠤᠨ ᠬᠢᠨᠠᠨ ᠬᠡᠮᠵᠢᠯᠲᠡ ᠶᠢᠨ ᠨᠢᠭᠡᠳᠦᠯᠲᠦ ᠴᠢᠨᠠᠷ ᠢᠶᠠᠷ | ᠬᠢᠨᠠᠨ ᠬᠠᠷᠭᠤᠭᠤᠯᠵᠤ ᠨᠤᠲᠠᠯᠠᠭᠰᠠᠨ ᠪᠠᠶᠢᠪᠠᠯ᠂ ᠬᠤᠪᠢᠷᠠᠭᠤᠯᠤᠯᠲᠠ ᠶᠢᠨ ᠪᠠᠶᠢᠴᠠᠭᠠᠯᠲᠠ ᠶᠢᠨ ᠱᠠᠭᠠᠷᠳᠠᠯᠭ᠎ᠠ | ᠶᠣᠰᠣᠭᠠᠷ ᠨᠡᠮᠡᠭᠳᠡᠯ ᠲᠤᠭ᠎ᠠ ᠪᠠᠷᠢᠮᠲᠠ ᠶᠢ ᠰᠢᠭᠤᠳ ᠪᠣᠶ ᠪᠣᠯᠭᠠᠵᠤ ᠪᠣᠯᠣᠨ᠎ᠠ᠂ ᠳᠠᠭᠢᠵᠤ ᠲᠤᠬᠠᠢ ᠶᠢᠨ ᠭᠠᠵᠠᠷ ᠲᠤᠨᠢ | ᠭᠡᠷᠡᠴᠢ ᠳᠤᠷᠠᠳᠬᠤ ᠴᠢᠬᠤᠯᠠ ᠦᠭᠡᠢ︔ᠡᠳᠦᠷ ᠲᠤᠲᠤᠮ ᠤᠨ ᠬᠤᠪᠢᠷᠠᠯᠲᠠ ᠶᠢᠨ ᠬᠢᠨᠠᠨ ᠲᠣᠭᠲᠠᠭᠠᠭᠰᠠᠨ ᠵᠢᠷᠤᠭ ᠤᠨ | ᠲᠣᠯᠪᠤ ᠶᠢᠨ ᠦᠷ᠎ᠡ ᠳ᠋ᠦᠩ ᠨᠢ 2022 ᠣᠨ ᠤ ᠠᠯᠤᠰ ᠰᠡᠷᠡᠯ ᠤᠨ ᠬᠢᠨᠠᠨ ᠬᠡᠮᠵᠢᠯᠲᠡ ᠶᠢᠨ ᠦᠷ᠎ᠡ ᠪᠦᠲᠦᠭᠡᠯ ᠲᠠᠢ | ᠨᠢᠭᠡᠳᠦᠯ ᠦᠭᠡᠢ ᠪᠠᠶᠢᠪᠠᠯ᠂ ᠳᠠᠬᠢᠨᠲᠠ ᠲᠤᠬᠠᠢ ᠶᠢᠨ ᠭᠠᠵᠠᠷ ᠲᠤᠨᠢ ᠭᠡᠷᠡᠴᠢ ᠳᠤᠷᠠᠳᠬᠤ ᠬᠡᠷᠡᠭᠲᠡᠢ︔ 2021 | ᠣᠨ ᠤ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠬᠥᠮᠥᠷᠭᠡ ᠶᠢᠨ ᠰᠠᠭᠤᠷᠢᠨ | ᠳᠡᠭᠡᠷ᠎ᠡ᠂ ᠣᠶ ᠰᠢᠭᠤᠢ ᠡᠪᠡᠰᠦ ᠪᠡᠯᠴᠢᠭᠡᠷ ᠵᠡᠷᠭᠡ ᠲᠤᠰᠬᠠᠢ ᠵᠦᠢᠯ ᠤᠨ ᠪᠠᠶᠢᠴᠠᠭᠠᠨ ᠰᠢᠨᠵᠢᠬᠦ ᠠᠵᠢᠯ ᠤᠨ | ᠰᠢᠯᠵᠢᠭᠦᠯᠦᠨ ᠲᠤᠰᠢᠶᠠᠭᠰᠠᠨ ᠬᠤᠪᠢᠷᠠᠯᠲᠠ ᠶᠢᠨ ᠵᠢᠷᠤᠭ ᠤᠨ ᠲᠣᠯᠪᠤ ᠵᠢᠴᠢ ᠭᠡᠷᠡᠴᠢ ᠳᠤᠷᠠᠳᠤᠭᠰᠠᠨ ᠦᠷ᠎ᠡ | ᠪᠦᠲᠦᠭᠡᠯ ᠲᠠᠢ ᠤᠶᠠᠯᠳᠤᠭᠤᠯᠤᠨ᠂ ᠭᠠᠵᠠᠷ ᠰᠢᠷᠣᠢ ᠶᠢᠨ ᠲᠥᠷᠥᠯ ᠵᠦᠢᠯ ᠢ ᠬᠤᠪᠢᠷᠠᠭᠤᠯᠬᠤ ᠳᠤ ᠬᠤᠯᠪᠣᠭᠳᠠᠭᠰᠠᠨ | ᠪᠠᠶᠢᠪᠠᠯ᠂ ᠲᠤᠭ᠎ᠠ ᠪᠠᠷᠢᠮᠲᠠ ᠶᠢᠨ ᠬᠥᠮᠥᠷᠭᠡ ᠶᠢ ᠰᠢᠨᠡᠳᠬᠡᠬᠦ ᠮᠡᠷᠭᠡᠵᠢᠯ ᠤᠨ ᠱᠠᠭᠠᠷᠳᠠᠯᠭ᠎ᠠ ᠶᠣᠰᠣᠭᠠᠷ᠂ 2022 | ᠣᠨ ᠤ ᠤᠯᠤᠰ ᠤᠨ ᠭᠠᠵᠠᠷ ᠰᠢᠷᠣᠢ ᠶᠢᠨ ᠬᠤᠪᠢᠷᠠᠯᠲᠠ ᠶᠢᠨ ᠪᠠᠶᠢᠴᠠᠭᠠᠨ ᠰᠢᠨᠡᠳᠬᠡᠬᠦ ᠲᠤᠭ᠎ᠠ ᠪᠠᠷᠢᠮᠲᠠ ᠶᠢᠨ | ᠨᠡᠮᠡᠭᠳᠡᠯ ᠤᠨ ᠪᠣᠭᠤᠳᠠᠯ ᠢ ᠪᠣᠶ ᠪᠣᠯᠭᠠᠵᠤ᠂ ᠳᠡᠭᠡᠭᠰᠢ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ | ᠪᠠᠶᠠᠯᠢᠭ ᠤᠨ ᠲᠢᠩᠬᠢᠮ ᠳᠤ ᠮᠡᠳᠡᠭᠦᠯᠦᠨ᠎ᠡ᠃ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠭᠤᠣᠯ | ᠤᠳᠤᠷᠢᠳᠤᠯᠭ᠎ᠠ ᠨᠢ 2022 ᠣᠨ ᠤ ᠬᠤᠪᠢᠷᠠᠭᠤᠯᠤᠯᠲᠠ ᠶᠢᠨ ᠪᠠᠶᠢᠴᠠᠭᠠᠯᠲᠠ ᠶᠢᠨ ᠦᠷ᠎ᠡ ᠪᠦᠲᠦᠭᠡᠯ ᠤᠨ ᠦᠨᠡᠨ | ᠪᠣᠳᠠᠲᠤ ᠴᠢᠨᠠᠷ ᠲᠤ ᠬᠠᠷᠢᠭᠤᠴᠠᠨ᠎ᠠ᠃ | ︵ᠬᠤᠶᠠᠷ︶ 2022 ᠣᠨ ᠤ ᠬᠤᠪᠢᠷᠠᠭᠤᠯᠤᠯᠲᠠ ᠶᠢᠨ ᠪᠠᠶᠢᠴᠠᠭᠠᠯᠲᠠ ᠶᠢᠨ ᠦᠷ᠎ᠡ ᠪᠦᠲᠦᠭᠡᠯ ᠤᠨ ᠥᠪᠡᠷᠲᠡᠭᠡᠨ | ᠵᠠᠰᠠᠬᠤ ᠣᠷᠣᠨ ᠤ ᠲᠠᠰ ᠤᠨ ᠪᠥᠬᠦ ᠲᠠᠯ᠎ᠠ ᠶᠢᠨ ᠪᠠᠶᠢᠴᠠᠭᠠᠯᠲᠠ ᠶᠢ ᠥᠷᠨᠢᠭᠦᠯᠦᠨ᠎ᠡ | ᠥᠪᠡᠷᠲᠡᠭᠡᠨ ᠵᠠᠰᠠᠬᠤ ᠣᠷᠣᠨ ᠤ ᠱᠠᠲᠤᠨ ᠠᠴᠠ ᠪᠠᠶᠢᠴᠠᠭᠠᠯᠲᠠ ᠶᠢᠨ ᠦᠷ᠎ᠡ ᠪᠦᠲᠦᠭᠡᠯ ᠢ ᠬᠠᠷᠭᠤᠭᠤᠯᠤᠨ | ᠪᠠᠶᠢᠴᠠᠭᠠᠬᠤ ᠪᠣᠭᠤᠮᠲᠠ ᠶᠢ ᠰᠠᠶᠢᠲᠤᠷ ᠵᠣᠬᠢᠶᠠᠨ ᠪᠠᠶᠢᠭᠤᠯᠬᠤ ᠶᠢ ᠬᠠᠷᠢᠭᠤᠴᠠᠬᠤ ᠶᠢᠨ ᠬᠠᠮᠲᠤ᠂ ᠲᠣᠰ ᠣᠷᠣᠨ | ᠪᠦᠰᠡ ᠶᠢᠨ ᠪᠠᠶᠢᠴᠠᠭᠠᠯᠲᠠ ᠶᠢᠨ ᠦᠷ᠎ᠡ ᠪᠦᠲᠦᠭᠡᠯ ᠤᠨ ᠶᠠᠰᠤ ᠴᠢᠨᠠᠷ ᠲᠤ ᠶᠡᠷᠦᠩᠬᠡᠢ ᠬᠠᠷᠢᠭᠤᠴᠠᠯᠭ᠎ᠠ ᠡᠭᠦᠷᠭᠡᠯᠡᠨ᠎ᠡ᠃ | ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠲᠤᠰᠬᠠᠢ ᠮᠡᠷᠭᠡᠵᠢᠯ ᠤᠨ ᠡᠩᠨᠡᠭᠡ ᠶᠢ | ᠵᠣᠬᠢᠶᠠᠨ ᠪᠠᠶᠢᠭᠤᠯᠵᠤ ᠡᠯ᠎ᠡ ᠰᠢᠶᠠᠨ ᠤ ᠱᠠᠲᠤᠨ ᠤ ᠪᠠᠶᠢᠴᠠᠭᠠᠯᠲᠠ ᠶᠢᠨ ᠨᠢᠭᠡᠴᠡ ᠶᠢᠨ 2022 ᠣᠨ ᠤ | ᠬᠤᠪᠢᠷᠠᠭᠤᠯᠤᠯᠲᠠ ᠶᠢᠨ ᠪᠠᠶᠢᠴᠠᠭᠠᠯᠲᠠ ᠶᠢᠨ ᠦᠷ᠎ᠡ ᠪᠦᠲᠦᠭᠡᠯ ᠳᠤ ᠪᠥᠬᠦ ᠲᠠᠯ᠎ᠠ ᠶᠢᠨ ᠪᠠᠶᠢᠴᠠᠭᠠᠯᠲᠠ ᠬᠢᠵᠦ᠂ | ᠪᠠᠶᠢᠴᠠᠭᠠᠯᠲᠠ ᠶᠢᠨ ᠦᠷ᠎ᠡ ᠪᠦᠲᠦᠭᠡᠯ ᠤᠨ ᠶᠠᠰᠤ ᠴᠢᠨᠠᠷ ᠢ ᠦᠨᠡᠨ ᠬᠦ ᠪᠠᠲᠤᠯᠠᠨ᠎ᠠ᠃ | ︵ᠭᠤᠷᠪᠠ︶ 2022 ᠣᠨ ᠤ ᠬᠤᠪᠢᠷᠠᠭᠤᠯᠤᠯᠲᠠ ᠶᠢᠨ ᠪᠠᠶᠢᠴᠠᠭᠠᠯᠲᠠ ᠶᠢᠨ ᠦᠷ᠎ᠡ ᠪᠦᠲᠦᠭᠡᠯ ᠢ ᠤᠯᠤᠰ ᠤᠨ | ᠲᠠᠰ ᠤᠨ ᠳᠣᠲᠣᠭᠠᠳᠤ ᠦᠢᠯᠡᠰ ᠤᠨ ᠬᠠᠷᠭᠤᠭᠤᠯᠤᠨ ᠪᠠᠶᠢᠴᠠᠭᠠᠬᠤ ᠠᠵᠢᠯ ᠢ ᠦᠷᠨᠢᠬᠦᠯᠦᠨ᠎ᠡ᠃ | ᠶᠠᠮᠤᠨ ᠠᠴᠠ ᠲᠤᠰᠬᠠᠢ ᠮᠡᠷᠭᠡᠵᠢᠯ ᠤᠨ ᠡᠩᠨᠡᠭᠡ ᠶᠢ ᠵᠣᠬᠢᠶᠠᠨ ᠪᠠᠶᠢᠭᠤᠯᠵᠤ᠂ 2022 ᠣᠨ ᠤ ᠪᠠᠶᠢᠴᠠᠭᠠᠨ | ᠰᠢᠨᠡᠳᠬᠡᠭᠰᠡᠨ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ ᠢ ᠳᠣᠲᠣᠭᠠᠳᠤ ᠶᠢᠨ ᠠᠵᠢᠯ ᠲᠥᠷᠥᠯ ᠤᠨ ᠬᠢᠨ ᠤ | ᠬᠠᠷᠭᠤᠭᠤᠯᠤᠨ ᠪᠠᠶᠢᠴᠠᠭᠠᠵᠤ ᠢᠯᠡᠷᠡᠭᠦᠯᠦᠭᠰᠡᠨ ᠰᠡᠵᠢᠭᠲᠡᠢ ᠪᠤᠷᠤᠭᠤ ᠵᠢᠷᠤᠭ ᠢ ᠣᠷᠣᠨ ᠨᠤᠲᠤᠭ ᠤᠨ ᠬᠢᠨ ᠳᠤ | ᠬᠠᠷᠢᠭᠤ ᠲᠤᠰᠬᠠᠵᠤ᠂ ᠪᠣᠳᠠᠲᠠᠢ ᠭᠠᠵᠠᠷ ᠲᠤᠨᠢ ᠬᠠᠷᠭᠤᠭᠤᠯᠤᠨ ᠴᠡᠭᠴᠡᠯᠡᠨ ᠰᠠᠶᠢᠵᠢᠷᠠᠭᠤᠯᠵᠤ᠂ ᠨᠥᠬᠦᠪᠦᠷᠢᠯᠡᠨ | ᠭᠡᠷᠡᠴᠢ ᠳᠤᠷᠠᠳᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢᠶᠠᠨ ᠳᠡᠭᠡᠭᠰᠢ ᠮᠡᠳᠡᠭᠦᠯᠪᠡ᠃ | ᠶᠠᠮᠤᠨ ᠠᠴᠠ ᠣᠷᠣᠨ ᠨᠤᠲᠤᠭ ᠤᠨ ᠳᠡᠭᠡᠭᠰᠢ ᠮᠡᠳᠡᠭᠦᠯᠦᠭᠰᠡᠨ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠳᠤ | ᠤᠯᠤᠰ ᠤᠨ ᠲᠡᠰ ᠤᠨ ᠳᠣᠲᠣᠭᠠᠳᠤ ᠦᠢᠯᠡᠰ ᠤᠨ ᠲᠠᠬᠢᠨ ᠬᠢᠨᠠᠯᠲᠠ ᠬᠢᠨᠠᠯᠲᠠ ᠶᠢ ᠥᠷᠨᠢᠭᠦᠯᠦᠨ᠎ᠡ᠃ | ᠡᠳᠦᠷ ᠲᠤᠲᠤᠮ ᠤᠨ ᠬᠤᠪᠢᠷᠠᠭᠤᠯᠤᠯᠲᠠ ᠶᠢᠨ ᠠᠵᠢᠯ ᠤᠨ ᠳᠤᠮᠳᠠ᠂ ᠶᠠᠮᠤᠨ ᠠᠴᠠ ᠲᠤᠰᠬᠠᠢ ᠮᠡᠷᠭᠡᠵᠢᠯ ᠤᠨ | ᠡᠩᠨᠡᠭᠡ ᠶᠢ ᠵᠣᠬᠢᠶᠠᠨ ᠪᠠᠶᠢᠭᠤᠯᠵᠤ᠂ ᠡᠯ᠎ᠡ ᠭᠠᠵᠠᠷ ᠤᠨ ᠳᠡᠭᠡᠭᠰᠢ ᠮᠡᠳᠡᠭᠦᠯᠦᠭᠰᠡᠨ ᠡᠳᠦᠷ ᠲᠤᠲᠤᠮ ᠤᠨ | ᠬᠤᠪᠢᠷᠠᠭᠤᠯᠤᠯᠲᠠ ᠶᠢᠨ ᠪᠠᠶᠢᠴᠠᠭᠠᠯᠲᠠ ᠶᠢᠨ ᠦᠷ᠎ᠡ ᠪᠦᠲᠦᠭᠡᠯ ᠢ ᠴᠠᠭ ᠲᠤᠬᠠᠢ ᠳᠤᠨᠢ ᠬᠠᠷᠭᠤᠭᠤᠯᠤᠨ ᠪᠠᠶᠢᠴᠠᠭᠠᠪᠠ᠃ | ᠡᠳᠦᠷ ᠲᠤᠲᠤᠮ ᠤᠨ ᠬᠤᠪᠢᠷᠠᠯᠲᠠ ᠶᠢ ᠬᠠᠷᠭᠤᠭᠤᠯᠤᠨ ᠪᠠᠶᠢᠴᠠᠭᠠᠭᠰᠠᠨ ᠦᠷ᠎ᠡ ᠳ᠋ᠦᠩ ᠢ ᠳᠤᠮᠳᠠᠳᠤ ᠤᠯᠤᠰ ᠤᠨ | ᠤᠯᠤᠰ ᠤᠨ ᠨᠤᠲᠤᠭ ᠳᠡᠪᠢᠰᠬᠡᠷ ᠢ ᠬᠠᠶᠢᠨ ᠬᠡᠮᠵᠢᠬᠦ ᠲᠥᠯᠦᠪᠵᠢᠭᠦᠯᠭᠡ ᠶᠢᠨ ᠬᠦᠷᠢᠶᠡᠯᠡᠩ ᠤᠨ ︽ᠤᠯᠤᠰ ᠤᠨ | ᠨᠤᠲᠤᠭ ᠳᠡᠪᠢᠰᠬᠡᠷ ᠤᠨ ᠪᠠᠶᠢᠴᠠᠭᠠᠯᠲᠠ ᠶᠢᠨ ᠤᠯᠤᠰ ᠤᠨ ᠬᠠᠷᠭᠤᠭᠤᠯᠤᠨ ᠪᠠᠶᠢᠴᠠᠭᠠᠭᠰᠠᠨ ᠠᠬᠢᠴᠠ ᠶᠢ ᠪᠠᠶᠢᠴᠠᠭᠠᠨ | ᠯᠠᠪᠯᠠᠬᠤ ᠰᠢᠰᠲ᠋ᠧᠮ︾ ᠤᠨ ᠬᠠᠷᠢᠭᠤ ᠲᠤᠰᠬᠠᠭᠰᠠᠨ ᠰᠠᠨᠠᠯ ᠢᠶᠠᠷ ᠪᠠᠷᠢᠮᠵᠢᠶ᠎ᠠ ᠪᠣᠯᠭᠠᠨ᠎ᠠ᠃ | ︵ᠳᠥᠷᠪᠡ︶ 2022 ᠣᠨ ᠤ ᠬᠤᠪᠢᠷᠠᠭᠤᠯᠤᠯᠲᠠ ᠶᠢᠨ ᠪᠠᠶᠢᠴᠠᠭᠠᠯᠲᠠ ᠶᠢ ᠥᠷᠨᠢᠭᠦᠯᠵᠦ ᠤᠯᠤᠰ ᠤᠨ | ᠲᠠᠰ ᠤᠨ ᠭᠠᠳᠠᠭᠠᠳᠤ ᠦᠢᠯᠡᠰ ᠤᠨ ᠰᠤᠭᠤᠴᠢᠨ ᠪᠠᠶᠢᠴᠠᠭᠠᠵᠤ ᠬᠠᠷᠭᠤᠭᠤᠯᠤᠨ ᠲᠣᠳᠣᠯᠠᠨ᠎ᠠ᠃ | ᠤᠯᠤᠰ ᠤᠨ ᠲᠠᠰ ᠤᠨ ᠳᠣᠲᠣᠭᠠᠳᠤ ᠠᠵᠢᠯ ᠲᠥᠷᠥᠯ ᠤᠨ ᠳᠠᠬᠢᠨ ᠬᠢᠨᠠᠯᠲᠠ ᠳᠤ ᠮᠥᠨ ᠬᠦ ᠮᠠᠳᠠᠭ ᠲᠠᠢ ᠵᠢᠷᠤᠭ ᠲᠤ᠂ | ᠶᠠᠮᠤᠨ ᠠᠴᠠ ᠲᠤᠰᠬᠠᠢ ᠮᠡᠷᠭᠡᠵᠢᠯ ᠤᠨ ᠡᠩᠨᠡᠭᠡ ᠶᠢ ᠵᠣᠬᠢᠶᠠᠨ ᠪᠠᠶᠢᠭᠤᠯᠵᠤ ᠤᠯᠤᠰ ᠤᠨ ᠲᠠᠰ ᠤᠨ ︽ᠢᠨᠲ᠋ᠧᠷ | ᠰᠦᠯᠵᠢᠶ᠎ᠡ +︾ ᠶᠢ ᠰᠦᠯᠵᠢᠶᠡᠨ ᠳᠡᠭᠡᠷ᠎ᠡ ᠬᠠᠷᠭᠤᠭᠤᠯᠤᠨ ᠪᠠᠶᠢᠴᠠᠭᠠᠬᠤ ᠪᠤᠶᠤ ᠭᠠᠳᠠᠭᠠᠳᠤ ᠠᠵᠢᠯ ᠲᠥᠷᠥᠯ ᠤᠨ | ᠲᠤᠬᠠᠢ ᠶᠢᠨ ᠭᠠᠵᠠᠷ ᠲᠤᠨᠢ ᠰᠤᠭᠤᠴᠢᠨ ᠪᠠᠶᠢᠴᠠᠭᠠᠵᠤ ᠬᠠᠷᠭᠤᠭᠤᠯᠤᠨ ᠲᠣᠳᠣᠯᠠᠬᠤ ᠠᠵᠢᠯ ᠢ ᠥᠷᠨᠢᠭᠦᠯᠪᠡ᠃ | ᠬᠠᠷᠭᠤᠭᠤᠯᠤᠨ ᠪᠠᠶᠢᠴᠠᠭᠠᠭᠠᠳ ᠢᠯᠡᠷᠡᠭᠦᠯᠦᠭᠰᠡᠨ ᠠᠰᠠᠭᠤᠳᠠᠯ ᠤᠨ ᠵᠢᠷᠤᠭ ᠢ ᠣᠷᠣᠨ ᠨᠤᠲᠤᠭ ᠤᠨ ᠬᠢᠨ ᠳᠤ | ᠳᠠᠭᠠᠭᠠᠯᠭᠠᠵᠤ ᠴᠡᠭᠴᠡᠯᠡᠨ ᠥᠭᠡᠷᠡᠴᠢᠯᠡᠭᠦᠯᠦᠨ᠎ᠡ᠃ | ︵ᠲᠠᠪᠤ︶ ᠤᠯᠤᠰ ᠤᠨ ᠲᠠᠰ ᠤᠨ ᠤᠯᠤᠰ ᠤᠨ ᠨᠤᠲᠤᠭ ᠳᠡᠪᠢᠰᠬᠡᠷ ᠤᠨ ᠪᠠᠶᠢᠴᠠᠭᠠᠯᠲᠠ ᠶᠢᠨ ᠳ᠋ᠠᠶᠢᠲ᠋ᠠ ᠶᠢ | ᠰᠢᠨᠡᠳᠭᠡᠨ᠎ᠡ | ᠶᠠᠮᠤᠨ ᠲᠤᠰᠬᠠᠢ ᠮᠡᠷᠭᠡᠵᠢᠯ ᠤᠨ ᠡᠩᠨᠡᠭᠡ ᠶᠢ ᠵᠣᠬᠢᠶᠠᠨ ᠪᠠᠶᠢᠭᠤᠯᠵᠤ᠂ 2022 ᠣᠨ ᠤ ᠬᠤᠪᠢᠷᠠᠭᠤᠯᠤᠯᠲᠠ ᠶᠢᠨ | ᠪᠠᠶᠢᠴᠠᠭᠠᠯᠲᠠ ᠶᠢᠨ ᠨᠡᠮᠡᠭᠳᠡᠯ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠪᠠᠶᠢᠴᠠᠭᠠᠯᠲᠠ ᠪᠠ ᠤᠯᠤᠰ ᠤᠨ ᠲᠠᠰ ᠤᠨ | ᠲᠤᠭ᠎ᠠ ᠪᠠᠷᠢᠮᠲᠠ ᠶᠢᠨ ᠬᠥᠮᠥᠷᠭᠡ ᠶᠢᠨ ᠰᠢᠨᠡᠴᠢᠯᠡᠯᠲᠡ ᠶᠢᠨ ᠠᠵᠢᠯ ᠢ ᠥᠷᠨᠢᠭᠦᠯᠵᠦ᠂ ᠪᠠᠶᠢᠴᠠᠭᠠᠯᠲᠠ ᠶᠢ | ᠥᠩᠭᠡᠷᠡᠭᠡᠭᠰᠡᠨ ᠰᠢᠶᠠᠨ ᠤ ᠱᠠᠲᠤᠨ ᠤ 2022 ᠣᠨ ᠤ ᠬᠤᠪᠢᠷᠠᠭᠤᠯᠤᠯᠲᠠ ᠶᠢᠨ ᠪᠠᠶᠢᠴᠠᠭᠠᠯᠲᠠ ᠶᠢᠨ ᠲᠤᠭ᠎ᠠ | ᠪᠠᠷᠢᠮᠲᠠ ᠶᠢᠨ ᠦᠷ᠎ᠡ ᠪᠦᠲᠦᠭᠡᠯ ᠢ ᠬᠥᠮᠥᠷᠭᠡ ᠳᠤ ᠣᠷᠣᠭᠤᠯᠵᠤ᠂ ᠡᠴᠦᠰ ᠲᠡᠭᠡᠨ 2022 ᠣᠨ ᠤ 12 ᠰᠠᠷ᠎ᠠ ᠶᠢᠨ | 31 ᠤ ᠡᠳᠦᠷ ᠢ ᠨᠢᠭᠡᠳᠦᠯᠲᠡᠢ ᠴᠠᠭ ᠪᠣᠯᠭᠠᠭᠰᠠᠨ ᠪᠥᠬᠦ ᠤᠯᠤᠰ ᠤᠨ ᠤᠯᠤᠰ ᠤᠨ ᠨᠤᠲᠤᠭ ᠳᠡᠪᠢᠰᠬᠡᠷ ᠤᠨ | ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠬᠥᠮᠥᠷᠭᠡ ᠶᠢ ᠪᠣᠶ ᠪᠤᠯᠭᠠᠨ᠎ᠠ᠃ | ︵ᠵᠢᠷᠭᠤᠭ᠎ᠠ︶ 2022 ᠣᠨ ᠤ ᠲᠠᠷᠢᠶᠠᠨ ᠭᠠᠵᠠᠷ ᠤᠨ ᠡᠬᠢ ᠪᠠᠶᠠᠯᠢᠭ ᠤᠨ ᠶᠠᠰᠤ ᠴᠢᠨᠠᠷ ᠢ ᠲᠥᠷᠥᠯ | ᠬᠤᠪᠢᠶᠠᠨ ᠰᠢᠨᠡᠳᠬᠡᠬᠦ ᠪᠠ ᠬᠢᠨᠠᠨ ᠬᠡᠮᠵᠢᠬᠦ ᠶᠢ ᠥᠷᠨᠢᠭᠦᠯᠦᠨ᠎ᠡ᠃ | 2021 ᠣᠨ ᠤ ᠲᠠᠷᠢᠶᠠᠨ ᠭᠠᠵᠠᠷ ᠤᠨ ᠡᠬᠢ ᠪᠠᠶᠠᠯᠢᠭ ᠤᠨ ᠶᠠᠰᠤ ᠴᠢᠨᠠᠷ ᠤᠨ ᠲᠥᠷᠥᠯ ᠬᠤᠪᠢᠶᠠᠭᠰᠠᠨ ᠦᠷ᠎ᠡ | ᠪᠦᠲᠦᠭᠡᠯ ᠵᠢᠴᠢ 2022 ᠣᠨ ᠤ ᠤᠯᠤᠰ ᠤᠨ ᠭᠠᠵᠠᠷ ᠰᠢᠷᠣᠢ ᠶᠢᠨ ᠬᠤᠪᠢᠷᠠᠯᠲᠠ ᠶᠢᠨ ᠪᠠᠶᠢᠴᠠᠭᠠᠯᠲᠠ ᠶᠢᠨ ᠦᠷ᠎ᠡ | ᠪᠦᠲᠦᠭᠡᠯ ᠢᠶᠠᠷ ᠰᠠᠭᠤᠷᠢ ᠪᠣᠯᠭᠠᠵᠤ᠂ 2022 ᠣᠨ ᠤ ᠪᠣᠶ ᠪᠦᠬᠦᠢ ᠭᠠᠵᠠᠷ ᠰᠢᠷᠣᠢ ᠶᠢ ᠴᠡᠭᠴᠡᠯᠡᠨ ᠵᠠᠰᠠᠭᠰᠠᠨ᠂ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠵᠡᠷᠭᠡ ᠲᠥᠷᠥᠯ ᠵᠦᠢᠯ ᠤᠨ ᠪᠠᠷᠢᠯᠭ᠎ᠠ | ᠳᠠᠭᠤᠰᠤᠭᠰᠠᠨ ᠢ ᠰᠢᠯᠭᠠᠨ ᠠᠪᠤᠭᠰᠠᠨ ᠮᠠᠲ᠋ᠧᠷᠢᠶᠠᠯ ᠲᠠᠢ ᠤᠶᠠᠯᠳᠤᠭᠤᠯᠤᠨ᠂ 2022 ᠣᠨ ᠤ ᠲᠠᠷᠢᠶᠠᠨ ᠭᠠᠵᠠᠷ ᠤᠨ | ᠡᠬᠢ ᠪᠠᠶᠠᠯᠢᠭ ᠤᠨ ᠶᠠᠰᠤ ᠴᠢᠨᠠᠷ ᠢ ᠲᠥᠷᠥᠯ ᠬᠤᠪᠢᠶᠠᠨ ᠰᠢᠨᠡᠳᠬᠡᠬᠦ ᠪᠠ ᠬᠢᠨᠠᠨ ᠬᠡᠮᠵᠢᠬᠦ ᠠᠵᠢᠯ ᠢ ᠥᠷᠨᠢᠭᠦᠯᠵᠦ᠂ | ᠣᠨ ᠤ ᠳᠣᠲᠣᠷᠠᠬᠢ ᠲᠠᠷᠢᠶᠠᠨ ᠭᠠᠵᠠᠷ ᠤᠨ ᠶᠠᠰᠤ ᠴᠢᠨᠠᠷ ᠤᠨ ᠬᠤᠪᠢᠷᠠᠯᠲᠠ ᠶᠢᠨ ᠪᠠᠶᠢᠳᠠᠯ ᠢ ᠪᠥᠬᠦ ᠲᠠᠯ᠎ᠠ ᠪᠠᠷ | ᠡᠵᠡᠮᠰᠢᠨ᠎ᠡ᠃ | ︵ᠳᠣᠯᠤᠭ᠎ᠠ︶ ᠪᠠᠶᠢᠴᠠᠭᠠᠯᠲᠠ ᠶᠢᠨ ᠦᠷ᠎ᠡ ᠪᠦᠲᠦᠭᠡᠯ ᠤᠨ ᠶᠠᠰᠤ ᠴᠢᠨᠠᠷ ᠤᠨ ᠦᠨᠡᠯᠡᠯᠲᠡ ᠬᠢᠨ᠎ᠡ᠃ | ᠶᠠᠮᠤᠨ ᠠᠴᠠ ᠤᠯᠤᠰ ᠤᠨ ᠲᠠᠰ ᠤᠨ ᠬᠠᠷᠭᠤᠭᠤᠯᠤᠨ ᠪᠠᠶᠢᠴᠠᠭᠠᠭᠰᠠᠨ ᠦᠷ᠎ᠡ ᠳ᠋ᠦᠩ ᠳᠤ ᠰᠠᠭᠤᠷᠢᠯᠠᠨ᠂ | ᠰᠢᠨ᠎ᠡ ᠪᠠᠷ ᠨᠡᠮᠡᠭᠳᠡᠭᠰᠡᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠵᠢᠷᠤᠭ ᠤᠨ ᠲᠣᠯᠪᠤ᠂ ᠲᠠᠷᠢᠶᠠᠨ | ᠭᠠᠵᠠᠷ ᠤᠨ ᠵᠢᠷᠤᠭ ᠤᠨ ᠲᠣᠯᠪᠤ ᠶᠢ ᠨᠥᠬᠦᠪᠦᠷᠢᠯᠡᠬᠦ ᠲᠠᠩ ᠵᠦᠢᠯ ᠤᠨ ᠲᠠᠰᠢᠶᠠᠷᠠᠯ ᠤᠨ ᠨᠣᠷᠮ᠎ᠠ ᠪᠠ ᠨᠢᠭᠡᠳᠦᠭᠡᠷ | ᠳᠡᠰ ᠤᠨ ᠭᠠᠵᠠᠷ ᠤᠨ ᠲᠥᠷᠥᠯ ᠪᠠ ᠲᠠᠷᠢᠶᠠᠨ ᠭᠠᠵᠠᠷ ᠤᠨ ᠬᠤᠶᠠᠳᠤᠭᠠᠷ ᠳᠡᠰ ᠤᠨ ᠭᠠᠵᠠᠷ ᠤᠨ ᠲᠥᠷᠥᠯ ᠳᠤ | ᠬᠤᠯᠪᠣᠭᠳᠠᠬᠤ ᠬᠤᠪᠢᠷᠠᠯᠲᠠ ᠶᠢᠨ ᠵᠢᠷᠤᠭ ᠤᠨ ᠲᠣᠯᠪᠤ ᠶᠢᠨ ᠶᠡᠷᠦᠩᠬᠡᠢ ᠲᠠᠰᠢᠶᠠᠷᠠᠯ ᠤᠨ ᠨᠣᠷᠮ᠎ᠠ ᠶᠢ ᠪᠤᠳᠤᠵᠤ᠂ | ᠰᠢᠶᠠᠨ ᠤ ᠱᠠᠲᠤᠨ ᠤ ᠣᠨ ᠤ ᠤᠯᠤᠰ ᠤᠨ ᠨᠤᠲᠤᠭ ᠳᠡᠪᠢᠰᠬᠡᠷ ᠤᠨ ᠬᠤᠪᠢᠷᠠᠯᠲᠠ ᠶᠢᠨ ᠪᠠᠶᠢᠴᠠᠭᠠᠯᠲᠠ ᠶᠢᠨ ᠦᠷ᠎ᠡ | ᠳ᠋ᠦᠩ ᠳᠤ ᠶᠠᠰᠤ ᠴᠢᠨᠠᠷ ᠤᠨ ᠦᠨᠡᠯᠡᠯᠲᠡ ᠬᠢᠵᠦ᠂ ᠭᠤᠷᠪᠠᠨ ᠵᠦᠢᠯ ᠤᠨ ᠲᠠᠰᠢᠶᠠᠷᠠᠯ ᠤᠨ ᠨᠣᠷᠮ᠎ᠠ ᠨᠢ ᠴᠥᠮ 2% | ᠠᠴᠠ ᠳᠣᠣᠷ᠎ᠠ ᠪᠠᠶᠢᠪᠠᠯ ᠬᠢᠷᠢ ᠲᠡᠩᠴᠡᠭᠰᠡᠨ ᠳᠤ ᠲᠣᠭᠠᠴᠠᠨ᠎ᠠ᠃ | | |