ᠤᠷᠠᠯᠢᠭ ᠤᠨ ᠲᠠᠪᠴᠠᠩ ᠳᠤ ᠬᠢᠯᠠᠯᠵᠠᠭᠰᠠᠨ ᠤᠷᠠᠳ ᠨᠤᠲᠤᠭ ᠤᠨ ᠤᠯᠠᠭᠠᠨᠮᠦ᠋ᠴᠢᠷ
ᠨᠡᠶᠢᠲᠡᠯᠡᠭᠰᠡᠨ ᠴᠠᠭ᠄
2023/2/14
   ᠤᠷᠠᠳ ᠨᠤᠲᠤᠭ ᠤᠨ ᠬᠠᠯᠠᠭᠤᠨ ᠬᠦᠷᠦᠰᠦᠨ ᠳᠤ ᠦᠨᠲᠦᠰᠦᠯᠡᠨ᠂ ᠤᠶᠠᠩᠭ᠎ᠠ ᠲᠠᠭᠤᠤ᠂ ᠤᠷᠠᠨ ᠪᠦᠵᠢᠭ ᠢᠶᠠᠷ ᠢᠶᠠᠨ ᠦᠷᠭᠡᠨ ᠤᠯᠠᠨ ᠲᠦᠮᠡᠨ ᠳᠤ ᠪᠠᠨ ᠦᠢᠯᠡᠴᠢᠯᠡᠵᠦ᠂ ᠦᠯᠡᠮᠵᠢ ᠠᠮᠵᠢᠯᠲᠠ ᠪᠠᠷ ᠦᠢᠯᠡᠰ ᠤᠨ ᠰᠠᠶᠢᠬᠠᠨ ᠢ ᠪᠢᠴᠢᠭᠯᠡᠵᠦ ᠪᠠᠶᠢᠭ᠎ᠠ ᠤᠷᠠᠳ ᠤᠨ ᠳᠤᠮᠳᠠᠳᠤ ᠬᠤᠰᠢᠭᠤᠨ ᠤ ᠤᠯᠠᠭᠠᠨᠮᠦ᠋ᠴᠢᠷ ᠪᠠᠶᠢᠭᠤᠯᠤᠭᠲᠠᠭᠠᠳ ᠨᠢᠭᠡᠨᠲᠡ ᠲᠠᠪᠢ ᠭᠠᠷᠤᠢ ᠵᠢᠯ ᠤᠨ ᠲᠡᠤᠭᠡ ᠲᠠᠢ ᠪᠤᠯᠤᠭᠰᠠᠨ ᠪᠠᠶᠢᠨ᠎ᠠ᠃    1957 ᠤᠨ ᠤ ᠨᠠᠮᠤᠷ᠂ ᠤᠷᠠᠳ ᠤᠨ ᠲᠤᠮᠲᠠᠲᠤ ᠬᠤᠶᠢᠳᠤ ᠬᠤᠰᠢᠭᠤᠨ ᠤ ᠤᠯᠠᠭᠠᠨᠮᠦ᠋ᠴᠢᠷ ᠢ ᠲᠤᠷᠰᠢᠨ ᠪᠠᠶᠢᠭᠤᠯᠵᠤ᠂ 1962 ᠤᠨ ᠤ 11 ᠰᠠᠷ᠎ᠠ ᠳᠤ ᠵᠢᠩᠬᠢᠨᠢ ᠪᠠᠷ ᠪᠠᠶᠢᠭᠤᠯᠤᠭᠲᠠᠪᠠ᠃ ᠠᠩᠬ᠎ᠠ ᠡᠬᠢᠨ ᠳᠤ ᠪᠠᠨ ᠮᠠᠯᠴᠢᠨ ᠲᠦᠮᠡᠨ ᠤ ᠦᠵᠡᠵᠦ ᠰᠤᠨᠤᠰᠬᠤ ᠳᠤᠷᠠᠲᠠᠢ ᠵᠢᠵᠢᠭ ᠬᠡᠯᠪᠡᠷᠢ ᠶᠢᠨ ᠲᠤᠭᠯᠠᠯᠲᠠ ᠭᠠᠷᠭᠠᠵᠤ᠂ ᠦᠨᠳᠦᠰᠦᠲᠡᠨ ᠤ ᠳᠠᠭᠤᠤ ᠪᠦᠵᠢᠭ᠂ ᠬᠤᠯᠪᠤᠭ᠎ᠠ᠂ ᠦᠯᠢᠭᠡᠷ ᠶᠠᠷᠢᠬᠤ᠂ ᠭᠤᠴᠤᠯᠠᠯ ᠳᠠᠭᠤᠤ᠂ ᠭᠤᠴᠤᠯᠠᠯ ᠪᠦᠵᠢᠭ ᠢᠶᠠᠷ ᠭᠤᠤᠯᠳᠠᠯᠭ᠎ᠠ ᠪᠤᠯᠭᠠᠳᠠᠭ ᠪᠠᠶᠢᠭᠰᠠᠨ᠃    1967 ᠤᠨ ᠳᠤ ᠤᠯᠠᠭᠠᠨᠮᠦ᠋ᠴᠢᠷ ᠢ ᠦᠬᠡᠷᠡᠴᠢᠯᠡᠭᠡᠳ ︿︿ᠮᠠᠤ ᠽᠧ ᠳ᠋ᠦᠩ ᠤᠨ ᠦᠵᠡᠯ ᠰᠠᠨᠠᠭ᠎ᠠ ᠶᠢ ᠤᠬᠠᠭᠤᠯᠬᠤ ᠠᠩᠬᠢ﹀﹀ ᠪᠤᠯᠭᠠᠵᠤ᠂ 1970 ᠤᠨ ᠳᠤ ᠤᠭ ᠤᠨ ᠨᠡᠷᠡᠶᠢᠳᠦᠯ ᠢ ᠨᠢ ᠰᠡᠷᠬᠦᠭᠡᠭᠰᠡᠨ ᠲᠡᠤᠭᠡ ᠲᠠᠢ᠃ ᠤᠷᠠᠳ ᠤᠨ ᠲᠤᠮᠲᠠᠲᠤ ᠬᠤᠰᠢᠭᠤᠨ ᠤ ᠤᠯᠠᠭᠠᠨᠮᠦ᠋ᠴᠢᠷ ᠪᠠᠶᠢᠭᠤᠯᠤᠭᠲᠠᠭᠰᠠᠨ ᠠᠴᠠ ᠨᠠᠰᠢ ᠮᠠᠯᠵᠢᠬᠤ ᠤᠷᠤᠨ ᠢᠶᠠᠷ ᠬᠦᠨᠵᠡᠭᠡᠶᠢᠷᠡᠨ ᠮᠠᠯᠴᠢᠨ ᠲᠦᠮᠡᠨ ᠳᠤ  ᠪᠠᠨ ᠭᠤᠶᠢᠲᠠ ᠰᠠᠶᠢᠬᠠᠨ ᠲᠤᠭᠯᠠᠯᠲᠠ ᠪᠠᠨ ᠰᠤᠨᠢᠷᠬᠠᠭᠤᠯᠬᠤ ᠶᠢᠨ ᠲᠠᠭᠠᠤ ᠦᠪᠡᠷ ᠤᠨ ᠤᠷ᠎ᠠ ᠮᠡᠷᠭᠡᠵᠢᠯ ᠢᠶᠠᠨ ᠲᠡᠭᠡᠭᠰᠢᠯᠡᠬᠦᠯᠦᠭᠰᠡᠨ ᠢᠶᠠᠷ ᠤᠯᠤᠰ ᠤᠨ ᠲᠤᠲᠤᠭᠠᠲᠤ ᠭᠠᠲᠠᠭᠠᠲᠤ ᠶᠢᠨ ᠤᠷᠠᠯᠢᠭ ᠤᠨ ᠲᠠᠪᠴᠠᠩ ᠳᠤ ᠤᠷ᠎ᠠ ᠠᠪᠢᠶᠠᠰ ᠢᠶᠠᠨ ᠭᠠᠶᠢᠬᠠᠭᠤᠯᠵᠤ᠂ ᠦᠵᠡᠭᠴᠢ ᠲᠦᠮᠡᠨ ᠳᠤ ᠪᠠᠨ ᠱᠠᠭᠰᠢᠭᠲᠠᠭᠰᠠᠨ ᠪᠠᠶᠢᠨ᠎ᠠ᠃     1971 ᠤᠨ ᠳᠤ ᠤᠯᠠᠭᠠᠨᠮᠦ᠋ᠴᠢᠷ ᠤᠨ ᠪᠦᠬᠦ ᠬᠡᠰᠢᠭᠦᠳ ᠦᠪᠦᠷ ᠮᠤᠩᠭᠤᠯ ᠤᠨ ᠤᠷᠠᠯᠢᠭ ᠤᠨ ᠰᠤᠷᠭᠠᠭᠤᠯᠢ ᠳᠤ 3 ᠰᠠᠷ᠎ᠠ ᠶᠢᠨ ᠪᠤᠯᠪᠠᠰᠤᠷᠠᠯ ᠬᠦᠷᠲᠡᠭᠰᠡᠨ ᠪᠠᠶᠢᠨ᠎ᠠ᠃ 1972 ᠤᠨ ᠳᠤ ᠬᠤᠰᠢᠭᠤᠨ ᠤ ᠤᠯᠠᠭᠠᠨᠮᠦ᠋ᠴᠢᠷ ᠨᠢ ᠦᠪᠡᠷᠲᠡᠭᠡᠨ ᠵᠠᠰᠠᠬᠤ ᠤᠷᠤᠨ ᠤ ᠤᠯᠠᠭᠠᠨᠮᠦ᠋ᠴᠢᠷ ᠤᠨ ᠬᠠᠷᠢᠭᠤ ᠮᠡᠳᠡᠭᠦᠯᠦᠯᠲᠡ ᠶᠢᠨ ᠲᠤᠭᠯᠠᠯᠲᠠ ᠳᠤ ᠤᠷᠤᠯᠴᠠᠵᠤ᠂ ᠪᠦᠵᠢᠭ ︽ᠤᠯᠠᠭᠠᠨᠬᠤᠸᠠᠷ ᠨᠠᠷᠠ ᠪᠠᠨ ᠳᠠᠭᠠᠭᠰᠠᠨ︾᠂ ︽ᠠᠽᠢᠶ᠎ᠠ ᠠᠹᠷᠢᠺᠠ ᠯᠠᠲ᠋ᠢᠨ ᠠᠮᠧᠷᠢᠺᠠ ᠶᠢᠨ ᠠᠷᠠᠳ ᠲᠦᠮᠡᠨ ᠬᠠᠮᠳᠤ  ᠪᠠᠷ ᠲᠡᠮᠡᠴᠡᠭᠰᠡᠨ︾᠂ ︽ᠴᠡᠷᠢᠭ ᠠᠷᠠᠳ ᠬᠠᠮᠲᠤᠷᠠᠨ ᠰᠡᠷᠭᠡᠶᠢᠯᠡᠵᠤ ᠬᠢᠯᠢ ᠬᠢᠵᠠᠭᠠᠷ ᠢᠶᠠᠨ ᠬᠠᠮᠠᠭᠠᠯᠠᠭᠰᠠᠨ︾᠂ ᠪᠠᠭ᠎ᠠ ᠵᠦᠴᠦᠭᠡ ︽ᠭᠤᠪᠢ ᠶᠢᠨ ᠲᠤᠩᠭᠠᠯᠠᠭ ᠪᠤᠯᠠᠭ︾᠂ ᠳᠠᠭᠤᠤ ︽ᠪᠢ ᠪᠤᠯ ᠨᠢᠭᠡᠳᠦᠯ ᠤᠨ ᠪᠢᠴᠢᠬᠠᠨ ᠮᠠᠯᠴᠢᠨ︾ ᠵᠡᠷᠭᠡ ᠲᠤᠭᠯᠠᠯᠲᠠ ᠨᠢ ᠪᠦᠬᠦ ᠤᠷᠤᠨ ᠤ ᠤᠯᠠᠭᠠᠨᠮᠦ᠋ᠴᠢᠷ ᠤᠨ ᠬᠠᠷᠢᠭᠤ ᠮᠡᠳᠡᠭᠦᠯᠦᠯᠲᠡ ᠶᠢᠨ ᠲᠤᠭᠯᠠᠯᠲᠠ ᠶᠢᠨ ᠰᠢᠯᠢᠳᠡᠭ ᠲᠤᠭᠯᠠᠯᠲᠠ ᠶᠢᠨ ᠱᠠᠩᠨᠠᠯ ᠢ ᠤᠯᠵᠠᠢ᠃ ᠲᠤᠰ ᠵᠢᠯ ᠤᠨ 5 ᠰᠠᠷ᠎ᠠ ᠳᠤ ᠬᠤᠰᠢᠭᠤᠨ ᠤ ᠤᠯᠠᠭᠠᠨᠮᠦ᠋ᠴᠢᠷ ᠤᠨ ᠲᠡᠷᠢᠭᠦᠨ ᠤ ᠦᠢᠯᠡ ᠠᠵᠢᠯᠯᠠᠭ᠎ᠠ ᠶᠢ ︽ᠠᠷᠠᠳ ᠤᠨ ᠡᠳᠤᠷ ᠤᠨ ᠰᠤᠨᠢᠨ︾᠂ ᠲᠦᠪ ᠤᠨ ᠠᠷᠠᠳ ᠤᠨ ᠷᠠᠳᠢᠤ᠋ ᠨᠡᠪᠲᠡᠷᠡᠭᠦᠯᠭᠡ ᠶᠢᠨ ᠬᠤᠷᠢᠶ᠎ᠠ ᠠᠴᠠ ᠮᠡᠳᠡᠭᠡᠯᠡᠪᠡ     1977 ᠤᠨ ᠤ 9 ᠰᠠᠷ᠎ᠠ ᠶᠢᠨ 24 ᠤ ᠡᠳᠤᠷ ᠠᠴᠠ 10 ᠰᠠᠷ᠎ᠠ ᠶᠢᠨ 24 ᠤ ᠡᠳᠤᠷ ᠬᠦᠷᠲᠡᠯ᠎ᠡ ᠬᠤᠰᠢᠭᠤᠨ ᠤ ᠤᠯᠠᠭᠠᠨᠮᠦ᠋ᠴᠢᠷ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠤᠯᠤᠨ ᠵᠠᠰᠠᠭ ᠤᠨ ᠤᠷᠳᠤᠨ ᠤ ᠨᠠᠶᠢᠳᠠᠯᠭ᠎ᠠ ᠪᠠᠷ ᠲᠦᠪᠡᠳ ᠲᠤ ᠬᠦᠷᠴᠦ 23 ᠤᠳᠠᠭ᠎ᠠ ᠶᠢᠨ ᠲᠤᠬᠤᠨᠢᠭᠤᠯᠬᠤ ᠲᠤᠬᠯᠠᠯᠳᠠ ᠶᠢ ᠭᠠᠷᠭᠠᠵᠤ᠂ ᠦᠵᠡᠭᠴᠢᠳ ᠨᠢ 2 ᠲᠦᠮᠡ 3 ᠮᠢᠩᠭ᠎ᠠ ᠢᠯᠡᠭᠦᠦ ᠬᠦᠮᠦᠨ ᠳᠤ ᠬᠦᠷᠴᠡᠢ᠃ ᠲᠤᠭᠯᠠᠯᠲᠠ ᠶᠢᠨ ᠡᠭᠦᠷᠭᠡ ᠪᠠᠨ ᠲᠡᠭᠦᠰ ᠠᠮᠵᠢᠯᠲᠠ ᠲᠠᠢ ᠪᠠᠷ ᠪᠡᠶᠡᠯᠡᠭᠦᠯᠵᠤ᠂ ᠬᠦᠷᠦᠭᠰᠡᠨ ᠭᠠᠵᠠᠷ ᠪᠤᠯᠭᠠᠨ ᠳᠤ ᠴᠦᠮ ᠬᠠᠯᠠᠭᠤᠨ ᠢᠶᠠᠷ ᠤᠭᠲᠤᠭᠳᠠᠵᠠᠢ᠃ ᠤᠴᠢᠵᠤ ᠪᠤᠴᠠᠬᠤ ᠵᠠᠮ ᠳᠠᠭᠠᠨ ᠪᠠᠰᠠ ᠴᠧᠩᠳᠦ᠋  ᠶᠢᠨ ᠴᠡᠷᠢᠭ ᠤᠨ ᠲᠤᠭᠤᠷᠢᠭ᠂ ᠴᠧᠩᠳᠦ᠋ ᠶᠢᠨ ᠨᠢᠰᠭᠡᠯ ᠤᠨ ᠪᠠᠭᠤᠳᠠᠯ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠦᠪ ᠬᠤᠷᠢᠶ᠎ᠠ ᠶᠢᠨ ᠨᠢᠭᠡᠳᠤᠮᠠᠯ ᠹᠷᠤᠨᠲ  ᠤᠨ ᠬᠡᠯᠲᠡᠰ᠂ ᠮᠠᠤ ᠲᠡᠷᠢᠭᠦᠯᠡᠭᠴᠢ ᠶᠢᠨ ᠳᠤᠷᠠᠰᠬᠠᠯ ᠤᠨ ᠲᠡᠩᠬᠢᠮ ᠵᠡᠷᠭᠡ ᠨᠢᠭᠡᠴᠡ ᠶᠢᠨ ᠤᠳᠤᠷᠢᠳᠤᠯᠭ᠎ᠠ ᠪᠤᠯᠤᠨ ᠠᠵᠢᠯᠲᠠᠨ ᠳᠤ 8 ᠤᠳᠠᠭ᠎ᠠ ᠲᠤᠭᠯᠠᠯᠲᠠ ᠭᠠᠷᠭᠠᠵᠤ᠂ ᠦᠵᠡᠭᠴᠢᠳ ᠨᠢ 1 ᠲᠦᠮᠡ ᠢᠯᠡᠭᠦᠦ ᠬᠦᠮᠦᠨ ᠤᠳᠠᠭ᠎ᠠ ᠳᠤ ᠬᠦᠷᠴᠡᠢ᠃ ᠲᠤᠬᠯᠠᠭᠴᠢ ᠮᠠ ᠯᠢ᠂ ᠮᠠ ᠳ᠋ᠠᠢ ᠹᠧᠨ ᠪᠠᠰᠠ ︽ᠲᠦᠷᠪᠡᠨ ᠬᠦᠮᠦᠨ ᠤ ᠪᠦᠯᠦᠭ︾ ᠢ ᠪᠤᠲᠠ ᠨᠢᠷᠬᠢᠭᠰᠡᠡ ᠪᠦᠬᠦ ᠤᠯᠤᠰ ᠤᠨ ᠳᠠᠭᠤᠯᠠᠯᠲᠤ ᠤᠷᠠᠯᠢᠭ ᠤᠨ ᠰᠤᠩᠭᠤᠮᠠᠯ ᠲᠤᠭᠯᠠᠯᠲᠠ ᠳᠤ ᠤᠷᠤᠯᠴᠠᠵᠠᠢ᠃ 1978 ᠤᠨ ᠤ 10 ᠰᠠᠷ᠎ᠠ ᠳᠤ ᠲᠤᠭᠯᠠᠭᠴᠢ ᠴᠡᠩᠬᠡᠯᠲᠤ ᠦᠪᠦᠷ ᠮᠤᠩᠭᠤᠯ ᠤᠨ ᠤᠷᠠᠯᠢᠭ ᠤᠨ ᠪᠦᠯᠬᠦᠮ ᠢ ᠳᠠᠭᠠᠵᠤ᠂ ᠪᠠᠷᠠᠭᠤᠨ ᠠᠹᠷᠢᠺᠠ ᠶᠢᠨ 3 ᠤᠯᠤᠰ ᠢᠶᠠᠷ ᠠᠶᠢᠯᠴᠢᠯᠠᠪᠠ᠃     1979 ᠤᠨ ᠤ 7 ᠰᠠᠷ᠎ᠠ ᠳᠤ ᠡᠮᠡᠭᠲᠡᠢ ᠳᠠᠭᠤᠴᠢᠨ ᠪᠠᠳᠮ᠎ᠠ ᠳᠤᠮᠳᠠᠳᠤ ᠤᠯᠤᠰ ᠤᠨ ᠵᠠᠯᠠᠭᠤᠴᠤᠳ ᠤᠨ ᠲᠦᠯᠦᠭᠡᠯᠡᠭᠴᠢᠳ ᠤᠨ ᠪᠦᠯᠬᠦᠮ ᠢ ᠳᠠᠭᠠᠵᠤ ᠶᠠᠫᠤᠨ ᠳᠤ ᠠᠶᠢᠯᠴᠢᠯᠠᠯᠲᠠ ᠬᠢᠵᠤ ᠲᠤᠭᠯᠠᠯᠲᠠ ᠭᠠᠷᠭᠠᠵᠠᠢ᠃ 1980 ᠤᠨ ᠤ 4 ᠰᠠᠷ᠎ᠠ ᠶᠢᠨ 12 ᠤ ᠡᠳᠤᠷ ᠠᠴᠠ 7 ᠰᠠᠷ᠎ᠠ ᠶᠢᠨ 12 ᠤ ᠡᠳᠤᠷ ᠬᠦᠷᠲᠡᠯ᠎ᠡ ᠤᠯᠠᠭᠠᠨᠮᠦ᠋ᠴᠢᠷ ᠭᠠᠨᠰᠤ᠂ ᠬᠦᠬᠡᠨᠠᠭᠤᠷ᠂ ᠨᠢᠩᠰᠢᠶᠠ ᠭᠤᠷᠪᠠᠨ ᠮᠤᠵᠢ ᠤᠷᠤᠨ ᠢᠶᠠᠷ ᠲᠤᠭᠤᠷᠢᠨ 87 ᠤᠳᠠᠭ᠎ᠠ ᠲᠤᠭᠯᠠᠯᠲᠠ ᠭᠠᠷᠭᠠᠵᠤ᠂ ᠦᠵᠡᠭᠴᠢᠳ 8 ᠲᠦᠮᠡ ᠢᠯᠡᠭᠦᠦ ᠬᠦᠮᠦᠨ ᠤᠳᠠᠭ᠎ᠠ ᠳᠤ ᠬᠦᠷᠴᠦ᠂ ᠬᠦᠷᠦᠭᠰᠡᠨ ᠭᠠᠵᠠᠷ ᠪᠤᠯᠭᠠᠨ ᠳᠤ ᠪᠦᠷ ᠲᠤᠰ ᠭᠠᠵᠠᠷ ᠤᠷᠤᠨ ᠤ ᠨᠠᠮ ᠵᠠᠰᠠᠭ ᠤᠨ ᠤᠳᠤᠷᠢᠳᠤᠯᠭ᠎ᠠ ᠪᠤᠯᠤᠨ ᠤᠯᠠᠨ ᠲᠦᠮᠡᠨ ᠤ ᠬᠠᠯᠠᠭᠤᠨ ᠤᠭᠲᠤᠯᠭ᠎ᠠ ᠪᠠ ᠬᠠᠯᠠᠭᠤᠮᠰᠤᠭ ᠵᠤᠴᠢᠯᠠᠭ᠎ᠠ ᠶᠢ ᠬᠦᠷᠲᠡᠵᠡᠢ᠃ ᠯᠠᠨᠵᠧᠤ ᠳᠤ ᠲᠤᠬᠤᠨᠢᠭᠤᠯᠬᠤ ᠲᠤᠭᠯᠠᠯᠲᠠ ᠭᠠᠷᠭᠠᠬᠤ ᠬᠤᠭᠤᠴᠠᠭᠠᠨ ᠳᠤ ᠪᠠᠰᠠ 3 ᠤᠳᠠᠭ᠎ᠠ ᠭᠠᠳᠠᠭᠠᠳᠤ ᠶᠠᠪᠤᠳᠠᠯ  ᠤᠨ ᠲᠤᠭᠯᠠᠯᠲᠠ ᠭᠠᠷᠭᠠᠬᠤ ᠡᠭᠦᠷᠭᠡ ᠶᠢ ᠬᠦᠯᠢᠶᠠᠨ ᠠᠪᠴᠤ ᠠᠮᠧᠷᠢᠺᠠ᠂ ᠶᠠᠫᠤᠨ ᠪᠤᠯᠤᠨ ᠺᠠᠨᠠᠳᠠ ᠶᠢᠨ ᠵᠤᠴᠢᠳ ᠤᠨ ᠨᠡᠯᠢᠶᠡᠳ ᠦᠨᠳᠦᠷ ᠦᠨᠡᠯᠡᠯᠲᠡ ᠶᠢ ᠤᠯᠵᠠᠢ᠃     1982 ᠤᠨ ᠳᠤ ᠲᠦᠪ ᠤᠨ ᠠᠷᠠᠳ ᠤᠨ ᠷᠠᠳᠢᠤ᠋ ᠨᠡᠪᠲᠡᠷᠡᠭᠦᠯᠭᠡ ᠶᠢᠨ ᠬᠤᠷᠢᠶ᠎ᠠ ᠠᠴᠠ ᠤᠷᠠᠳ ᠤᠨ ᠳᠤᠮᠳᠠᠳᠤ ᠬᠤᠰᠢᠭᠤᠨ ᠤ ᠤᠯᠠᠭᠠᠨᠮᠦ᠋ᠴᠢᠷ ᠤᠨ ᠲᠡᠷᠢᠭᠦᠨ ᠤ ᠦᠢᠯᠡ ᠠᠵᠢᠯᠯᠠᠭ᠎ᠠ ᠶᠢ ᠮᠡᠳᠡᠭᠡᠯᠡᠵᠡᠢ᠃ ᠲᠤᠰ ᠵᠢᠯ ᠳᠤ ᠤᠯᠠᠭᠠᠨᠮᠦ᠋ᠴᠢᠷ ᠦᠪᠡᠷᠲᠡᠭᠡᠨ ᠵᠠᠰᠠᠬᠤ ᠤᠷᠤᠨ ᠤ ᠤᠯᠠᠭᠠᠨᠮᠦ᠋ᠴᠢᠷ ᠪᠠᠶᠢᠭᠤᠯᠤᠭᠳᠠᠭᠰᠠᠨ 25 ᠵᠢᠯ ᠤᠨ ᠤᠢ ᠶᠢ ᠪᠡᠯᠭᠡᠯᠡᠬᠦ ᠬᠠᠷᠢᠭᠤ ᠮᠡᠳᠡᠭᠦᠯᠦᠯᠲᠡ ᠶᠢᠨ ᠲᠤᠭᠯᠠᠯᠲᠠ ᠳᠤ ᠤᠷᠤᠯᠴᠠᠵᠤ᠂ ᠳᠠᠭᠤᠯᠠᠯᠲᠤ ᠪᠦᠵᠢᠭ ︽ᠱᠠᠭᠠᠭᠤᠷ ᠬᠤᠩᠬᠤ ︵ᠮᠤᠷᠢᠨ ᠤ ᠬᠤᠩᠬᠤ︶  ᠶᠢᠨ ᠪᠦᠵᠢᠭ︾ ᠨᠢ ᠰᠢᠯᠢᠳᠡᠭ ᠡᠭᠦᠳᠦᠨ ᠪᠦᠲᠦᠭᠡᠯ ᠤᠨ ᠱᠠᠩᠨᠠᠯ ᠢ ᠤᠯᠵᠤ᠂ ᠲᠡᠷᠡᠴᠢᠯᠡᠨ 1983 ᠤᠨ ᠤ ᠪᠦᠬᠦ ᠤᠯᠤᠰ ᠤᠨ ᠤᠯᠠᠭᠠᠨᠮᠦ᠋ᠴᠢᠷ ᠤᠨ ᠡᠭᠦᠳᠦᠨ ᠪᠦᠲᠦᠭᠡᠯ ᠤᠨ ᠱᠠᠩᠨᠠᠯ ᠢ ᠤᠯᠵᠤ᠂ ︽ᠪᠠᠶᠠᠷ ᠤᠨ ᠴᠢᠮᠡᠭᠡ ᠲᠠᠯ᠎ᠠ ᠨᠤᠲᠤᠭ ᠲᠤ ᠤᠯᠠᠮᠵᠢᠯᠠᠭᠳᠠᠯ᠎ᠠ︾ ᠭᠡᠰᠡᠨ ᠳᠠᠭᠤᠯᠠᠯᠲᠤ ᠪᠦᠵᠢᠭ᠂ ︽ᠲᠤᠷᠠᠰᠤᠯ︾ ᠭᠡᠰᠡᠨ ᠳᠠᠭᠤᠤ ᠨᠢ ᠡᠭᠦᠳᠦᠨ ᠪᠦᠲᠦᠭᠡᠯ ᠤᠨ ᠱᠠᠩᠨᠠᠯ ᠢ ᠤᠯᠵᠤ᠂ ︽ᠬᠦᠷᠭᠡᠨ ᠰᠤᠩᠭᠤᠭᠰᠠᠨ︾ ᠭᠡᠰᠡᠨ ᠱᠤᠭ ᠶᠠᠷᠢᠶ᠎ᠠ ᠨᠢ ᠮᠤᠩᠭᠤᠯ ᠶᠠᠷᠢᠶ᠎ᠠ ᠬᠡᠯᠡᠨ ᠤ ᠰᠢᠯᠢᠳᠡᠭ ᠲᠤᠭᠯᠠᠯᠲᠠ ᠶᠢᠨ ᠱᠠᠩᠨᠠᠯ ᠢ ᠤᠯᠵᠠᠢ᠃ ᠦᠪᠦᠷ ᠮᠤᠩᠭᠤᠯ ᠤᠨ ᠲᠧᠯᠸᠢᠰ ᠬᠤᠷᠢᠶ᠎ᠠ᠂ ᠤᠷᠠᠳ ᠤᠨ ᠲᠤᠮᠲᠠᠲᠤ ᠬᠤᠰᠢᠭᠤᠨ ᠤ ᠲᠧᠯᠸᠢᠰ ᠬᠤᠷᠢᠶ᠎ᠠ ᠬᠠᠮᠲᠤᠷᠠᠨ ᠰᠡᠬᠦᠲᠡᠷᠯᠡᠭᠰᠡᠨ ᠪᠦᠬᠦ ᠤᠯᠤᠰ ᠤᠨ ᠬᠠᠮᠤᠭ ᠤᠨ ᠠᠩᠬᠠᠨ ᠤ 8 ᠪᠦᠯᠦᠭᠲᠦ ᠮᠤᠩᠭᠤᠯ ᠲᠧᠯᠸᠢᠰ ᠵᠦᠴᠦᠭᠡ ︽ᠴᠦᠢᠲᠤᠷ ᠨᠤᠷᠵᠢᠨ︾ ᠳᠤ ᠲᠤᠰ ᠬᠤᠰᠢᠭᠤᠨ ᠤ ᠤᠯᠠᠭᠠᠨᠮᠦ᠋ᠴᠢᠷ ᠤᠨ ᠲᠤᠭᠯᠠᠭᠴᠢᠳ ᠪᠦᠬᠦᠨ ᠢᠶᠠᠷ ᠢᠶᠠᠨ ᠤᠷᠤᠯᠴᠠᠨ᠂ 1984 ᠤᠨ ᠳᠤ ᠲᠧᠯᠸᠢᠰ ᠤᠨ ᠴᠡᠭᠡᠨ ᠬᠦᠰᠢᠭᠡ ᠪᠠᠷ ᠦᠵᠡᠭᠴᠢ ᠲᠦᠮᠡᠨ ᠲᠠᠢ ᠪᠠᠨ ᠵᠤᠯᠭᠠᠵᠤ᠂ ᠦᠵᠡᠭᠴᠢ ᠲᠦᠮᠡᠨ ᠤ ᠲᠠᠭᠠᠰᠢᠶᠠᠯ ᠮᠠᠭᠲᠠᠭᠠᠯ ᠢ ᠬᠦᠷᠲᠡᠭᠰᠡᠨ ᠶᠤᠮ᠃ ᠲᠠᠪᠢ ᠭᠠᠷᠤᠢ ᠵᠢᠯ ᠤᠨ ᠲᠤᠷᠰᠢ ᠤᠷᠠᠳ ᠤᠨ ᠲᠤᠮᠲᠠᠲᠤ ᠬᠤᠰᠢᠭᠤᠨ ᠤ ᠤᠯᠠᠭᠠᠨᠮᠦ᠋ᠴᠢᠷ ᠨᠢ ᠠᠷᠠᠳ ᠲᠦᠮᠡᠨ ᠳᠤ ᠦᠢᠯᠡᠴᠢᠯᠡᠬᠦ ᠪᠠᠷ ᠵᠤᠷᠢᠯᠲᠡ ᠪᠠᠨ ᠪᠤᠯᠭᠠᠵᠤ᠂ ᠤᠷᠠᠯᠢᠭ ᠨᠢ ︽ᠠᠷᠠᠳ ᠲᠦᠮᠡᠨ ᠳᠤ ᠦᠢᠯᠡᠴᠢᠯᠡᠬᠦ᠂ ᠨᠡᠶᠢᠭᠡᠮ ᠵᠢᠷᠤᠮ ᠳᠤ ᠦᠢᠯᠡᠴᠢᠯᠡᠬᠦ︾ ᠪᠠᠷ ᠬᠦᠭᠵᠢᠯᠲᠡ ᠶᠢᠨ ᠬᠠᠨᠲᠤᠰᠢ ᠪᠠᠨ ᠪᠤᠯᠭᠠᠨ᠂ ︽ᠴᠡᠴᠡᠭ ᠪᠦᠬᠦᠠ ᠢ ᠵᠠᠷᠬᠡ ᠪᠠᠷ ᠳᠠᠯᠬᠡᠷᠠᠬᠦᠯᠵᠤ᠂ ᠡᠷᠳᠠᠮᠳᠠᠠ ᠪᠦᠬᠦᠠ ᠢ ᠴᠢᠯᠣᠬᠡᠳᠠᠢ ᠶᠠᠷᠢᠯᠴᠠᠭᠤᠯᠬᠤ︾ ᠪᠠᠷ ᠴᠢᠭᠯᠡᠯᠲᠡ ᠪᠤᠯᠭᠠᠵᠤ᠂ ︽ᠠᠮᠢᠲᠤᠷᠠᠯ ᠲᠠᠢ ᠤᠶᠢᠷᠠᠲᠤᠬᠤ᠂ ᠤᠯᠠᠨ ᠲᠦᠮᠡᠨ ᠲᠠᠢ ᠤᠶᠢᠷᠠᠲᠤᠬᠤ᠂ ᠪᠤᠲᠠᠲᠠᠢ ᠲᠠᠢ ᠤᠶᠢᠷᠠᠲᠤᠬᠤ︾ ᠵᠡᠷᠴᠢᠮ ᠢᠶᠠᠷ ᠦᠨᠲᠦᠰᠦᠲᠡᠨ ᠤ ᠤᠷᠠᠯᠢᠭ ᠤᠨ ᠠᠯᠲᠠᠨ ᠬᠦᠷᠦᠰᠦᠨ ᠠᠴᠠ ᠰᠢᠮ᠎ᠡ ᠲᠡᠵᠢᠭᠡᠯ ᠬᠦᠷᠲᠡᠨ᠂ ᠡᠭᠡ ᠤᠯᠤᠰ ᠤᠨ ᠤᠮᠠᠷᠠᠲᠤ ᠬᠢᠯᠢ ᠶᠢᠨ ᠤᠷᠠᠳ ᠨᠤᠲᠤᠭ ᠤᠨ ᠤᠯᠠᠨ ᠲᠦᠮᠡᠨ ᠳᠤ ᠤᠷᠠᠯᠢᠭ ᠤᠨ ᠭᠤᠸ᠎ᠠ ᠰᠠᠶᠢᠬᠠᠨ ᠤ ᠬᠦᠷᠲᠡᠭᠡᠯ ᠪᠤᠯᠭᠠᠨ ᠲᠠᠪᠰᠢᠬᠦᠯᠦᠭᠰᠡᠨ ᠪᠠᠶᠢᠨ᠎ᠠ᠃ ᠬᠠᠯᠠᠭᠤᠨ ᠵᠤᠨ᠂ ᠬᠠᠬᠢᠷ ᠬᠦᠢᠲᠡᠨ ᠢ ᠢᠯᠡᠭᠠᠯ ᠦᠭᠡᠢ ᠮᠠᠯᠵᠢᠬᠤ ᠲᠠᠷᠢᠶᠠᠯᠠᠬᠤ ᠤᠷᠤᠨ᠂ ᠰᠤᠷᠭᠠᠭᠤᠯᠢ ᠶᠢᠨ ᠬᠦᠷᠢᠶ᠎ᠡ᠂ ᠠᠭᠤᠷᠬᠠᠢ᠂ ᠴᠡᠷᠢᠭ ᠤᠨ ᠬᠤᠸᠠᠷᠠᠨ᠂ ᠬᠠᠷᠠᠭᠤᠯ ᠤᠨ ᠭᠠᠵᠠᠷ ᠲᠤ ᠤᠷᠠᠨ ᠰᠠᠶᠢᠬᠠᠨ ᠤ ᠲᠤᠭᠯᠠᠯᠲᠠ ᠭᠠᠷᠭᠠᠨ᠂ ︽ᠲᠠᠯ᠎ᠠ ᠨᠤᠲᠤᠭ ᠤᠨ ᠬᠦᠩᠭᠡᠨ ᠮᠤᠷᠢᠲᠦ ᠴᠡᠷᠢᠭ︾ ᠤᠨ ᠰᠢᠯᠢᠲᠡᠭ ᠭᠡᠪ ᠰᠤᠷᠲᠠᠯ ᠤᠯᠠᠮᠵᠢᠯᠠᠯ ᠢ ᠪᠠᠲᠠᠷᠠᠭᠤᠯᠵᠤ᠂ ᠲᠤᠬᠠᠢ ᠶᠢᠨ ᠭᠠᠵᠠᠷ ᠤᠷᠤᠨ ᠤ ᠠᠵᠤ ᠠᠬᠤᠢ ᠶᠢᠨ ᠬᠦᠭᠵᠢᠯᠲᠡ᠂ ᠨᠡᠶᠢᠭᠡᠮ ᠤᠨ ᠲᠠᠪᠰᠢᠯᠲᠡ᠂ ᠦᠨᠲᠦᠰᠦᠲᠡᠨ ᠤ ᠪᠦᠯᠬᠦᠮᠲᠡᠯ᠂ ᠰᠤᠶᠤᠯ ᠤᠨ ᠴᠡᠴᠡᠭᠯᠡᠯᠲᠡ ᠳᠤ ᠢᠲᠡᠪᠬᠢᠲᠡᠢ ᠦᠢᠯᠡᠲᠦᠯ ᠦᠵᠡᠬᠦᠯᠦᠭᠰᠡᠭᠡᠷ ᠢᠷᠡᠭᠰᠡᠨ ᠪᠠᠶᠢᠨ᠎ᠠ᠃ ᠤᠷᠠᠳ ᠤᠨ ᠲᠤᠮᠲᠠᠲᠤ ᠬᠤᠰᠢᠭᠤᠨ ᠤ ᠤᠯᠠᠭᠠᠨᠮᠦ᠋ᠴᠢᠷ ᠠᠩᠬ᠎ᠠ ᠪᠠᠶᠢᠭᠤᠯᠤᠭᠲᠠᠬᠤ ᠳᠤ 12 ᠭᠡᠰᠢᠭᠦᠨ ᠲᠠᠢ᠂ 9 ᠬᠦᠮᠦᠨ ᠲᠠᠢ ᠪᠠᠶᠢᠭᠰᠠᠨ ᠪᠤᠯ ᠤᠲᠤ ᠪᠤᠯᠬᠤ ᠳᠤ 50 ᠭᠠᠷᠤᠢ ᠲᠤᠭᠯᠠᠭᠴᠢᠳ ᠲᠠᠢ᠂ ᠲᠤᠨᠤᠭ ᠲᠦᠬᠦᠭᠡᠷᠦᠮᠵᠢ ᠨᠢ ᠰᠠᠶᠢᠵᠢᠷᠠᠭᠰᠠᠨ᠂ ᠲᠤᠭᠯᠠᠭᠴᠢᠳ ᠨᠢ ᠤᠯᠠᠨ ᠲᠠᠯ᠎ᠠ ᠳᠤ ᠮᠡᠷᠭᠡᠰᠢᠭᠰᠡᠨ ᠡᠩᠨᠡᠭᠡ ᠪᠤᠯᠤᠨ ᠪᠤᠵᠠᠭᠠᠶᠢᠷᠠᠵᠤ᠂ 2013 ᠤᠨ ᠳᠤ ᠪᠦᠬᠦ ᠤᠷᠤᠨ ᠤ ᠨᠢᠭᠡᠲᠦᠭᠡᠷ ᠵᠡᠷᠭᠡᠯᠡᠯ ᠤᠨ ᠤᠯᠠᠭᠠᠨᠮᠦ᠋ᠴᠢᠷ ᠢᠶᠠᠷ ᠦᠨᠡᠯᠡᠭᠲᠡᠭᠰᠡᠨ ᠶᠤᠮ᠃     ᠤᠶᠢᠷ᠎ᠠ ᠶᠢᠨ ᠭᠡᠲᠦᠨ ᠵᠢᠯ  ᠳᠤ ᠨᠠᠮ ᠵᠠᠰᠠᠭ ᠤᠨ ᠬᠠᠯᠠᠮᠵᠢᠯᠠᠯ ᠢᠶᠠᠷ ᠲᠠᠪᠠᠭᠤᠯᠢᠭ ᠢᠶᠠᠨ ᠪᠠᠲᠠᠷᠠᠭᠤᠯᠵᠤ᠂ ᠲᠤᠰ ᠤᠯᠠᠭᠠᠨᠮᠦ᠋ᠴᠢᠷ ᠤᠨ ᠲᠤᠭᠯᠠᠭᠰᠠᠨ ︽ᠤᠷᠠᠳ ᠬᠤᠷᠢᠮ︾᠂ ᠲᠤᠮᠤ ᠭᠡᠯᠪᠡᠷᠢ  ᠶᠢᠨ ᠦᠨᠲᠦᠰᠦᠲᠠᠨ ᠤ ᠪᠦᠵᠢᠭᠲᠦ ᠵᠦᠴᠦᠭᠡ ︽ᠬᠤᠨ ᠭᠠᠯᠠᠭᠤᠨ ᠤ ᠦᠯᠦᠭᠡᠢ︾ ᠵᠡᠷᠭᠡ ᠨᠢ ᠨᠦᠯᠦᠭᠡ ᠲᠤᠰᠬᠠᠯ ᠶᠠᠭᠡᠲᠡᠢ ᠪᠤᠯᠤᠭᠰᠠᠨ ᠪᠠᠶᠢᠨ᠎ᠠ᠃ ᠢᠯᠠᠩᠭᠤᠶ᠎ᠠ 2017 ᠤᠨ ᠳᠤ ᠲᠤᠭᠯᠠᠭᠰᠠᠨ ᠲᠠᠭᠤᠯᠠᠯᠲᠤ ᠪᠦᠵᠢᠭᠲᠦ ᠮᠤᠩᠭᠤᠯ ᠵᠦᠴᠦᠭᠡ ︽ᠬᠤᠨ ᠭᠠᠯᠠᠭᠤ︾ ᠨᠢ ᠪᠦᠬᠦ ᠤᠷᠤᠨ ᠤ ᠠᠩᠬᠠᠲᠠᠭᠴᠢ ᠤᠲᠠᠭᠠᠨ ᠤ ᠮᠤᠩᠭᠤᠯ ᠵᠦᠴᠦᠭᠡ ᠶᠢᠨ ᠰᠤᠩᠭᠤᠭᠲᠠᠭᠰᠠᠨ ᠵᠦᠴᠦᠭᠡ ᠶᠢᠨ ᠱᠠᠩᠨᠠᠯ᠂ ᠬᠠᠮᠤᠭ ᠤᠨ ᠰᠠᠶᠢᠨ ᠬᠦᠭᠵᠢᠮ ᠤᠨ ᠱᠠᠩᠨᠠᠯ ᠪᠠ 3 ᠲᠤᠭᠯᠠᠭᠴᠢ ᠨᠢ ᠠᠯᠲᠠ᠂ ᠮᠦᠩᠬᠦ᠂ ᠬᠦᠷᠠᠯ ᠮᠧᠲᠠᠯ ᠢ ᠲᠤᠰ ᠲᠤᠰ ᠬᠦᠷᠲᠡᠭᠰᠡᠨ ᠪᠦᠭᠡᠳ ᠪᠠᠶᠠᠨᠨᠠᠭᠤᠷ ᠬᠤᠲᠠ ᠳᠤ ᠲᠤᠮᠤ ᠭᠡᠯᠪᠡᠷᠢ ᠶᠢᠨ ᠮᠤᠩᠭᠤᠯ ᠵᠦᠴᠦᠭᠡ ᠪᠠᠶᠢᠭᠰᠠᠨ ᠦᠭᠡᠢ ᠬᠤᠭᠤᠰᠤᠨ ᠢ ᠨᠦᠬᠦᠪᠦᠷᠢᠯᠡᠵᠡᠢ᠃ ᠡᠬᠦᠨ ᠲᠠᠭᠠᠤ ᠪᠦᠬᠦ ᠤᠷᠤᠨ ᠤ ︽ᠨᠠᠷᠠᠩᠬᠤᠸᠠᠷ ᠵᠦᠴᠦᠭᠡ ᠶᠢᠨ ᠨᠠᠶᠢᠷ︾ ᠲᠤ ᠪᠠᠰᠠ ᠰᠤᠩᠭᠤᠭᠲᠠᠭᠰᠠᠨ ᠵᠦᠴᠦᠭᠡ ᠶᠢᠨ ᠱᠠᠩᠨᠠᠯ ᠪᠠ 1 ᠲᠤᠭᠯᠠᠭᠴᠢ ᠨᠢ ᠮᠦᠩᠬᠦ᠂ 2 ᠲᠤᠭᠯᠠᠭᠴᠢ ᠨᠢ ᠰᠢᠨ᠎ᠠ ᠬᠦᠮᠦᠨ ᠤ ᠱᠠᠩᠨᠠᠯ ᠢ ᠬᠦᠷᠲᠡᠨ᠂ ᠦᠪᠦᠷ ᠮᠤᠩᠭᠤᠯ ᠤᠨ ᠨᠠᠮ ᠤᠨ ᠬᠤᠷᠢᠶᠠᠨ ᠤ ᠤᠬᠠᠭᠤᠯᠬᠤ ᠭᠡᠯᠲᠡᠰ ᠤᠨ ᠲᠤᠬᠢᠷᠠᠭᠤᠯᠤᠯᠲᠠ ᠪᠠᠷ ᠰᠢᠯᠢ ᠶᠢᠨ ᠭᠤᠤᠯ ᠠᠶᠢᠮᠠᠭ᠂ ᠤᠯᠠᠭᠠᠨᠴᠡᠪ ᠬᠤᠲᠠ᠂ ᠤᠯᠠᠭᠠᠨᠬᠠᠳᠠ ᠬᠤᠲᠠ ᠵᠡᠷᠭᠡ ᠭᠠᠵᠠᠷ ᠢᠶᠠᠷ ᠲᠤᠭᠤᠷᠢᠨ ᠲᠤᠭᠯᠠᠵᠤ᠂ ᠦᠵᠡᠭᠴᠢ ᠲᠦᠮᠡᠨ ᠢᠶᠠᠨ ᠪᠠᠶᠠᠰᠬᠠᠯ᠎ᠠ᠃ ᠪᠦᠷᠢᠨ ᠪᠤᠰᠤ ᠪᠦᠷᠢᠳᠭᠡᠯ ᠢ ᠦᠨᠲᠦᠰᠦᠯᠡᠪᠡᠯ᠂ 50 ᠭᠠᠷᠤᠢ ᠵᠢᠯ ᠤᠨ ᠲᠤᠷᠰᠢ ᠲᠤᠰ ᠬᠤᠰᠢᠭᠤᠨ ᠤ ᠤᠯᠠᠭᠠᠨᠮᠦ᠋ᠴᠢᠷ ᠦᠨᠲᠦᠰᠦᠨ ᠱᠠᠲᠤᠨ ᠳᠤ 6000 ᠭᠠᠷᠤᠢ ᠡᠲᠦᠷ 5500 ᠭᠠᠷᠤᠢ ᠲᠠᠯᠠᠪᠤᠷ ᠲᠤᠭᠯᠠᠯᠲᠠ ᠭᠠᠷᠭᠠᠨ᠂ ᠦᠵᠡᠭᠴᠢᠳ 200 ᠲᠦᠮᠡᠨ ᠬᠦᠮᠦᠨ ᠤᠲᠠᠭ᠎ᠠ ᠳᠤ ᠬᠦᠷᠦᠭᠰᠡᠨ ᠪᠦᠭᠡᠳ ᠪᠦᠬᠦ ᠤᠯᠤᠰ ᠤᠨ 30 ᠭᠠᠷᠤᠢ ᠮᠤᠵᠢ ᠬᠤᠲᠠ ᠪᠠᠷ ᠲᠤᠭᠤᠷᠢᠨ ᠲᠤᠭᠯᠠᠯᠲᠠ ᠭᠠᠷᠭᠠᠭᠰᠠᠨ ᠪᠠᠶᠢᠨ᠎ᠠ᠃ ᠭᠡᠲᠦᠨ ᠦᠶ᠎ᠡ ᠵᠨ ᠤᠷᠠᠯᠢᠭᠴᠢᠳ ᠤᠨ ᠴᠦᠬᠦᠷᠡᠯ ᠦᠭᠡᠢ ᠴᠢᠷᠮᠠᠶᠢᠯᠭ᠎ᠠ ᠪᠠᠷ ᠲᠠᠯ᠎ᠠ ᠨᠤᠲᠤᠭ ᠤᠨ ᠬᠦᠩᠭᠡᠨ ᠮᠤᠷᠢᠲᠦ ᠴᠡᠷᠢᠭ ᠨᠢ ᠠᠯᠢ ᠤᠯᠠᠨ ᠰᠢᠨ᠎ᠠ ᠠᠮᠵᠢᠯᠲᠠ ᠶᠢ ᠡᠬᠦᠳᠴᠦ ᠢᠷᠡᠭᠰᠡᠨ ᠲᠡᠤᠭᠡ ᠲᠠᠢ᠃     2017 ᠤᠨ ᠤ 12 ᠰᠠᠷ᠎ᠠ ᠳᠤ᠂ ᠤᠷᠠᠳ ᠤᠨ ᠲᠤᠮᠲᠠᠲᠤ ᠬᠤᠰᠢᠭᠤᠨ ᠤ ᠤᠯᠠᠭᠠᠨᠮᠦ᠋ᠴᠢᠷ ᠨᠢ ᠪᠦᠬᠦ ᠤᠷᠤᠨ ᠤ ︽ᠠᠷᠪᠠᠨ ᠰᠤᠲᠤᠨ ᠤᠯᠠᠭᠠᠨᠮᠦ᠋ᠴᠢᠷ︾ ᠢᠶᠠᠷ ᠬᠦᠬᠢᠬᠦᠯᠦᠭᠲᠡᠵᠦ᠂ 3 ᠲᠤᠭᠯᠠᠭᠴᠢ ᠨᠢ ︽ᠤᠯᠠᠭᠠᠨᠮᠦ᠋ᠴᠢᠷ ᠤᠨ ᠠᠵᠢᠯ ᠢ 30 ᠵᠢᠯ ᠠᠴᠠ ᠲᠡᠭᠡᠭᠰᠢ ᠬᠢᠭᠰᠡᠨ ᠰᠢᠯᠢᠲᠡᠭ ᠲᠤᠭᠯᠠᠭᠴᠢ︾ ᠶᠢᠨ ᠢᠷᠠᠭᠤ ᠠᠯᠲᠠᠷ ᠢ ᠬᠦᠷᠲᠡᠭᠰᠡᠨ ᠪᠠᠶᠢᠨ᠎ᠠ᠃ ᠤᠲᠤᠬᠠᠨ ᠲᠤᠰ ᠬᠤᠰᠢᠭᠤᠨ ᠤ ᠤᠯᠠᠭᠠᠨᠮᠦ᠋ᠴᠢᠷ ᠨᠢ ᠰᠢ ᠶᠢᠨ ᠫᠢᠩ ᠶᠡᠷᠦᠩᠭᠡᠢ ᠱᠦᠵᠢ ᠶᠢᠨ ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ ᠲᠤ ᠦᠭᠬᠦᠭᠰᠡᠨ ᠬᠠᠷᠢᠭᠤ ᠵᠠᠬᠢᠲᠠᠯ ᠤᠨ ᠵᠤᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠨᠢᠮᠪᠠᠢ ᠨᠠᠶᠢᠲᠠᠪᠤᠷᠢᠵᠢᠭᠤᠯᠵᠦ᠂ ᠨᠡᠶᠢᠭᠡᠮ ᠵᠢᠷᠤᠮ ᠤᠨ ᠤᠳᠬ᠎ᠠ ᠤᠷᠠᠯᠢᠭ ᠪᠤᠯ ᠠᠷᠠᠳ ᠲᠦᠮᠡᠨ ᠤ ᠤᠷᠠᠯᠢᠭ ᠪᠤᠯᠬᠤ ᠮᠦᠨ ᠴᠢᠨᠠᠷ ᠤᠨ ᠱᠠᠭᠠᠷᠲᠠᠯᠭ᠎ᠠ ᠶᠢ ᠬᠦᠨᠵᠡᠭᠡᠢ ᠤᠶᠢᠯᠠᠭᠠᠨ ᠠᠬᠠᠮᠠᠳ ᠦᠶ᠎ᠡ ᠶᠢᠨ ᠤᠷᠠᠯᠢᠭᠴᠢᠳ ᠤᠨ ᠮᠠᠨᠢ ᠤᠯᠤᠭᠰᠠᠨ ᠠᠤᠭ᠎ᠠ ᠠᠮᠵᠢᠯᠲᠠ ᠪᠠᠷ ᠲᠤᠯᠢᠲᠠᠵᠦ᠂ ᠤᠷ᠎ᠠ ᠮᠡᠷᠭᠡᠵᠢᠯ ᠢᠶᠠᠨ ᠲᠠᠰᠤᠷᠠᠯᠲᠠ ᠦᠭᠡᠢ ᠲᠡᠭᠡᠭᠰᠢᠯᠡᠬᠦᠯᠦᠨ᠂ ᠬᠦᠭᠵᠢᠯᠲᠡ ᠶᠢᠨ ᠲᠤᠮᠲᠠᠬᠢ ᠬᠦᠴᠢᠷ ᠪᠡᠷᠭᠡᠰᠢᠶᠡᠯ ᠢ ᠵᠤᠷᠢᠭᠲᠠᠢ ᠢᠯᠡᠨ ᠲᠠᠪᠠᠵᠤ᠂ ᠰᠢᠨ᠎ᠠ ᠶᠢ ᠡᠬᠦᠲᠦᠭᠰᠡᠨ ᠰᠢᠯᠢᠲᠡᠭ ᠲᠤᠭᠯᠠᠯᠲᠠ ᠪᠠᠨ ᠦᠵᠡᠭᠴᠢ ᠲᠦᠮᠡᠨ ᠳᠤ ᠪᠠᠨ ᠬᠦᠷᠭᠡᠬᠦ ᠪᠠᠷ ᠭᠤᠤᠯ ᠵᠤᠷᠢᠯᠭ᠎ᠠ ᠪᠠᠨ ᠪᠤᠯᠭᠠᠨ᠂ ᠤᠶᠠᠩᠭ᠎ᠠ ᠲᠠᠭᠤᠤ᠂ ᠤᠷᠠᠨ ᠪᠦᠵᠢᠭ ᠵᠡᠷᠭᠡ ᠠᠯᠢ ᠤᠯᠠᠨ ᠰᠢᠯᠢᠲᠡᠭ ᠪᠦᠲᠦᠭᠡᠯ ᠢᠶᠠᠷ ᠢᠶᠠᠨ ᠪᠦᠬᠦ ᠤᠷᠤᠨ᠂ ᠪᠦᠬᠦ ᠤᠯᠤᠰ᠂ ᠲᠡᠷᠡᠴᠢᠯᠡᠨ ᠲᠡᠯᠡᠭᠡᠢ ᠶᠢᠨ ᠤᠷᠠᠯᠢᠭ  ᠤᠨ ᠲᠠᠪᠴᠠᠩ ᠳᠤ ᠷᠢᠳᠢ ᠰᠢᠳᠢ ᠪᠠᠨ ᠭᠠᠶᠢᠬᠠᠭᠤᠯᠬᠤ ᠨᠢ ᠯᠠᠪᠲᠠᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号