ᠪᠥᠵᠢᠭᠲᠦ ᠵᠦᠴᠦᠭᠡ ︽ᠵᠤᠤ ᠵᠢᠶᠦ᠋ᠨ︾ ᠢ ᠪᠡᠭᠡᠵᠢᠩ ᠳᠤ ᠲᠤᠬᠯᠠᠪᠠ
ᠨᠡᠶᠢᠲᠡᠯᠡᠭᠰᠡᠨ ᠴᠠᠭ᠄
2023/2/16
   ᠣᠶᠢᠷ᠎ᠠ ᠳᠤ ᠬᠥᠬᠡᠬᠤᠲᠠ ᠶᠢᠨ ᠰᠣᠶᠣᠯ ᠵᠢᠭᠤᠯᠴᠢᠯᠠᠯ ᠤᠨ ᠪᠠᠯᠠ ᠣᠷᠣᠭᠤᠯᠤᠯᠲᠠ ᠶᠢᠨ ᠪᠦᠯᠦᠭᠯᠡᠯ ᠠᠴᠠ ᠳᠤᠮᠳᠠᠳᠤ ᠤᠯᠤᠰ ᠤᠨ ᠳᠠᠭᠤᠯᠠᠯᠲᠤ ᠵᠦᠴᠦᠭᠡ ᠪᠥᠵᠢᠭᠲᠦ ᠵᠦᠴᠦᠭᠡ ᠶᠢᠨ ᠬᠦᠷᠢᠶᠡᠯᠡᠩ ᠲᠠᠢ ᠬᠠᠮᠲᠤᠷᠠᠨ ᠵᠤᠬᠢᠶᠠᠨ ᠪᠦᠲᠦᠭᠡᠭᠰᠡᠨ ᠪᠥᠵᠢᠭᠲᠦ ᠵᠦᠴᠦᠭᠡ ︽ᠵᠣᠣ ᠵᠢᠶᠦ᠋ᠨ︾ ᠢ ᠪᠡᠭᠡᠵᠢᠩ ᠤᠨ ᠦᠵᠡᠰᠭᠦᠯᠡᠩ ᠤᠨ ᠣᠷᠳᠣᠨ ᠤ ᠲᠢᠶᠠᠲᠷ ᠲᠤ 2023 ᠣᠨ ᠤ ᠠᠩᠬᠠᠨ ᠤ ᠲᠣᠭᠯᠠᠯᠲᠠ ᠪᠠᠨ ᠡᠬᠢᠯᠡᠭᠦᠯᠪᠡ᠃   ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠤᠨ ᠲᠡᠮᠳᠡᠭ ᠪᠠ ᠳᠦᠷᠢ ᠲᠥᠷᠬᠦ ᠳᠤ ᠠᠩᠬᠠᠷᠤᠯ ᠢᠶᠠᠨ ᠲᠥᠪᠯᠡᠷᠡᠭᠦᠯᠦᠭᠰᠡᠨ ᠪᠥᠵᠢᠭᠲᠦ ᠵᠦᠴᠦᠭᠡ ︽ᠵᠤᠤ ᠵᠢᠶᠦ᠋ᠨ︾ ᠨᠢ ᠵᠤᠤ ᠵᠢᠶᠦ᠋ᠨ ᠤ ᠪᠣᠭᠤᠮᠲᠠ ᠶᠢᠨ ᠠᠷᠤ ᠳᠤ ᠮᠤᠷᠳᠠᠬᠰᠠᠨ ᠲᠡᠦᠬᠡ ᠶᠢᠨ ᠰᠠᠶᠢᠬᠠᠨ ᠦᠯᠢᠭᠡᠷ ᠢᠶᠠᠷ ᠦᠨᠳᠦᠰᠦᠲᠡᠨ ᠤ ᠪᠦᠯᠬᠦᠮᠳᠡᠯ ᠤᠨ ᠭᠤᠣᠯ ᠬᠦᠭ ᠠᠶᠠᠰ ᠢ ᠳᠠᠭᠤᠯᠠᠵᠤ᠂ ᠦᠨᠳᠦᠰᠦᠲᠡᠨ ᠤ ᠠᠭᠤᠰᠤᠯᠴᠠᠯ ᠤᠨ ᠰᠦᠷᠯᠢᠭ ᠰᠠᠶᠢᠬᠠᠨ ᠦᠵᠡᠮᠵᠢ ᠶᠢ ᠵᠢᠷᠤᠭᠯᠠᠪᠠ᠃ ᠲᠤᠰ ᠵᠦᠴᠦᠭᠡ ᠨᠢ ᠣᠷᠣᠰᠢᠯ ︽ᠲᠦᠳᠡᠭ ᠭᠠᠯ︾᠂ ᠨᠢᠭᠡᠳᠤᠭᠡᠷ ᠪᠦᠯᠦᠭ ︽ᠡᠪᠰᠡᠯ ᠤᠷᠤᠭ︾᠂ ᠬᠤᠶᠠᠳᠤᠭᠠᠷ ᠪᠦᠯᠦᠭ ︽ᠪᠣᠭᠤᠮᠲᠠ ᠶᠢᠨ ᠠᠷᠤ ᠳᠤ ᠮᠤᠷᠳᠠᠬᠰᠠᠨ︾᠂ ᠭᠤᠷᠪᠠᠳᠤᠭᠠᠷ ᠪᠦᠯᠦᠭ ︽ᠤᠷᠤᠭ ᠤᠨ ᠪᠠᠶᠠᠷ︾᠂ ᠲᠦᠷᠪᠡᠳᠤᠭᠡᠷ ᠪᠦᠯᠦᠭ ︽ᠬᠢᠯᠢ ᠶᠢ ᠠᠮᠤᠷᠵᠢᠭᠤᠯᠤᠬᠴᠢ︾ ᠵᠢᠴᠢ ᠲᠡᠭᠦᠰᠭᠡᠯ ︽ᠬᠠᠮᠲᠤ ᠪᠠᠷ ᠴᠡᠴᠡᠭᠯᠡᠨ ᠬᠥᠭᠵᠢᠭᠰᠡᠨ ᠨᠢ︾ ᠬᠡᠬᠦ ᠵᠢᠷᠭᠤᠭᠠᠨ ᠬᠡᠰᠡᠭ ᠢᠶᠠᠷ ᠲᠠᠮᠵᠢᠵᠤ ᠠᠯᠬᠤᠮ ᠠᠯᠬᠤᠮ ᠢᠶᠠᠷ ᠬᠦ᠋ᠨᠵᠡᠭᠡᠶᠢᠷᠡᠵᠤ᠂ ᠬᠠᠨ ᠶᠤᠸᠠᠨ ᠳ᠋ᠢ ᠬᠠᠭᠠᠨ ᠤ ᠦᠶ᠎ᠡ ᠳᠤ ᠬᠢᠯᠢ ᠬᠢᠵᠠᠭᠠᠷ ᠢ ᠪᠠᠲᠤᠯᠠᠨ ᠬᠠᠮᠠᠭᠠᠯᠠᠬᠤ ᠶᠢᠨ ᠲᠥᠯᠥᠭᠡ ᠵᠣᠣ ᠵᠢᠶᠦ᠋ᠨ ᠪᠣᠭᠤᠮᠲᠠ ᠶᠢᠨ ᠠᠷᠤ ᠳᠤ ᠮᠤᠷᠳᠠᠵᠤ᠂ ᠾᠦ᠋ᠩᠨᠤ ᠪᠤᠯᠤᠨ ᠬᠠᠨ ᠤᠯᠤᠰ ᠡᠶ᠎ᠡ ᠡᠪᠳᠠᠢ ᠶᠠᠪᠤᠯᠴᠠᠨ᠂ ᠲᠠᠶᠢᠨ ᠲᠡᠵᠢᠨ ᠲᠠᠰᠤᠷᠠᠵᠤ ᠠᠷᠠᠳ ᠲᠦᠮᠡᠨ ᠠᠮᠤᠷ ᠲᠠᠶᠢᠪᠤᠡᠭ ᠠᠮᠢᠳᠤᠷᠠᠬᠤ ᠪᠤᠯᠤᠬᠰᠠᠨ ᠦᠨᠳᠦᠰᠦᠲᠡᠨ ᠤ ᠡᠶ᠎ᠡ ᠨᠠᠶᠢᠷᠠᠮᠳᠠᠯ ᠢ ᠠᠬᠢᠭᠤᠯᠤᠭᠰᠠᠨ ᠰᠠᠶᠢᠬᠠᠨ ᠦᠯᠢᠭᠡᠷ ᠢ ᠶᠠᠷᠢᠭᠰᠠᠨ ᠪᠠᠶᠢᠨ᠎ᠠ᠃
 
ᠢᠷᠡᠯᠲᠡ᠄ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号