ᠥᠪᠥᠷ ᠮᠣᠩᠭᠤᠯ ᠤᠨ ᠮᠦᠽᠧᠶ ᠶᠢᠨ ᠨᠡᠶᠢᠭᠡᠮ ᠤᠨ ᠰᠤᠷᠭᠠᠨ ᠬᠥᠮᠦᠵᠢᠯ ᠤᠨ ᠠᠵᠢᠯᠯᠠᠭ᠎ᠠ ᠮᠠᠨ ᠤ ᠤᠷᠤᠨ ᠤ ᠰᠤᠶᠤᠯ ᠵᠢᠭᠤᠯᠴᠢᠯᠠᠯ ᠤᠨ ᠨᠢᠭᠡᠨ ᠬᠢᠯᠠᠰ ᠴᠡᠭ ᠪᠤᠯᠪᠠ
ᠨᠡᠶᠢᠲᠡᠯᠡᠭᠰᠡᠨ ᠴᠠᠭ᠄
2023/2/16
   ᠥᠪᠥᠷ ᠮᠣᠩᠭᠤᠯ ᠤᠨ ᠮᠦᠽᠧᠶ ᠠᠴᠠ ᠤᠶᠢᠯᠠᠭᠠᠭᠰᠠᠨ ᠢᠶᠠᠷ᠂ ᠣᠶᠢᠷ᠎ᠠ ᠶᠢᠨ ᠬᠡᠳᠦᠨ ᠵᠢᠯ ᠥᠪᠥᠷ ᠮᠣᠩᠭᠤᠯ ᠤᠨ ᠮᠦᠽᠧᠶ ᠢᠢᠨ ᠨᠡᠶᠢᠭᠡᠮ ᠤᠨ ᠰᠤᠷᠭᠠᠨ ᠬᠥᠮᠦᠵᠢᠯ ᠤᠨ ᠬᠡᠯᠳᠡᠰ ᠤᠨ ᠡᠯ᠎ᠠ ᠳᠠᠯ᠎ᠠ ᠶᠢᠨ ᠠᠵᠢᠯ ᠲᠣᠪᠤᠶᠢᠮ᠎ᠠ ᠠᠮᠵᠢᠯᠲᠠ ᠣᠯᠵᠤ᠂ ᠤᠯᠤᠰ ᠤᠨ ᠳᠡᠰ ᠤᠨ ᠱᠠᠩᠨᠠᠯ ᠬᠦᠬᠢᠬᠦᠯᠦᠯ ᠢ ᠤᠯᠠᠨᠳᠠ ᠲᠤᠰᠴᠤ᠂ ᠮᠠᠨ ᠤ ᠤᠷᠤᠨ ᠤ ᠰᠤᠶᠤᠯ ᠵᠢᠭᠤᠯᠴᠢᠯᠠᠯ ᠤᠨ ᠠᠵᠢᠯ ᠦᠢᠯᠡᠰ ᠤᠨ ᠪᠠᠰᠠ ᠨᠢᠭᠡᠨ ᠬᠢᠯᠠᠰ ᠴᠡᠭ ᠪᠤᠯᠵᠦ ᠪᠠᠶᠢᠨ᠎ᠠ᠃   2022 ᠣᠨ ᠤ 8 ᠰᠠᠷ᠎ᠠ ᠳᠤ᠂ ︽ᠪᠥᠬᠦ ᠤᠯᠤᠰ ᠤᠨ ᠵᠠᠯᠠᠭᠤᠴᠤᠳ ᠤᠨ ᠪᠣᠯᠪᠠᠰᠤᠨ ᠨᠡᠷᠡᠮᠵᠢᠲᠦ︾ ᠶᠢ ᠡᠭᠦᠳᠦᠨ ᠪᠠᠶᠢᠭᠤᠯᠬᠤ ᠺᠣᠮᠢᠰ ᠠᠴᠠ ᠥᠪᠥᠷ ᠮᠣᠩᠭᠤᠯ ᠤᠨ ᠮᠦᠽᠧᠶ ᠢᠢᠨ ᠨᠡᠶᠢᠭᠡᠮ ᠤᠨ ᠰᠤᠷᠭᠠᠨ ᠬᠥᠮᠦᠵᠢᠯ ᠤᠨ ᠬᠡᠯᠳᠡᠰ ᠲᠤ ︽ᠨᠢᠭᠡ ᠣᠳᠣᠨ ᠲᠠᠰ ᠤᠨ ᠪᠥᠬᠦ ᠤᠯᠤᠰ ᠤᠨ ᠵᠠᠯᠠᠭᠤᠴᠤᠳ ᠤᠨ ᠪᠣᠯᠪᠠᠰᠤᠨ ᠨᠡᠷᠡᠮᠵᠢᠲᠦ︾ ᠢᠷᠠᠭᠤ ᠠᠯᠳᠠᠷ ᠤᠨ ᠴᠣᠯᠠ ᠣᠯᠭᠤᠪᠠ︔ ᠥᠪᠥᠷ ᠮᠣᠩᠭᠤᠯ ᠤᠨ ᠮᠦᠽᠧᠶ ᠢᠢᠨ ᠪᠢᠴᠢᠬᠠᠨ ᠰᠠᠶᠢᠨ ᠳᠤᠷᠠᠴᠤᠳ ᠤᠨ ᠦᠢᠯᠡᠴᠢᠯᠡᠭᠡᠨ ᠤ ᠲᠥᠷᠥᠯ ᠵᠦᠢᠯ ᠢ ᠨᠠᠮ ᠤᠨ ᠲᠥᠪ ᠬᠤᠷᠢᠶᠠᠨ ᠤ ᠤᠬᠠᠭᠤᠯᠬᠤ ᠬᠡᠯᠲᠡᠰ᠂ ᠤᠯᠤᠰ ᠤᠨ ᠲᠡᠦᠬᠡ ᠢᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠠᠴᠠ ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ᠂ ᠤᠯᠤᠰ ᠢᠶᠠᠨ ᠬᠦᠴᠦᠷᠬᠡᠭᠵᠢᠭᠦᠯᠦᠨ ᠮᠠᠨᠳᠤᠭᠤᠯᠬᠤ ᠳᠤ ᠬᠦᠴᠦᠨ ᠢᠶᠠᠨ ᠡᠷᠬᠦᠶ᠎ᠡ︾ ᠭᠡᠬᠦ ᠰᠢᠯᠢᠳᠡᠭ ᠮᠦᠽᠧᠶ ᠢᠢᠨ ᠰᠠᠶᠢᠨ ᠳᠤᠷ᠎ᠠ ᠢᠢᠨ ᠦᠢᠯᠡᠴᠢᠯᠡᠭᠡᠨ ᠤ ᠲᠠᠨᠢᠯᠴᠠᠭᠤᠯᠭ᠎ᠠ ᠢᠢᠨ ᠲᠥᠷᠥᠯ ᠵᠦᠢᠯ ᠢᠶᠠᠷ ᠰᠤᠩᠭᠤᠵᠦ᠂ ᠥᠪᠥᠷ ᠮᠣᠩᠭᠤᠯ ᠤᠨ ᠮᠦᠽᠧᠶ ᠢᠢᠨ ︽ᠨᠡᠭᠦᠳᠡᠯ ᠲᠣᠭᠠᠴᠢᠯᠠᠭᠰᠠᠨ ᠮᠦᠽᠧᠶ︾ ᠢᠢᠨ ᠲᠣᠭᠤᠷᠢᠨ ᠦᠵᠡᠭᠦᠯᠬᠡ ᠶᠢᠨ ᠠᠵᠢᠯᠯᠠᠭ᠎ᠠ ᠨᠢ ᠪᠥᠬᠦ ᠤᠯᠤᠰ ᠤᠨ ᠰᠣᠶᠣᠯ ᠤᠨ ᠦᠵᠡᠰᠭᠦᠯᠡᠩ ᠤᠨ ᠨᠡᠶᠢᠭᠡᠮ ᠤᠨ ᠬᠥᠮᠦᠵᠢᠯ ᠤᠨ ᠵᠠᠭᠤᠨ ᠬᠦᠴᠦᠷᠬᠡᠭ ᠬᠡᠷᠡᠭ ᠤᠨ ᠵᠢᠱᠢᠶ᠎ᠡ ᠳᠤ ᠰᠣᠩᠭᠤᠭᠳᠠᠪᠠ᠃ ︽ᠮᠦᠽᠧᠶ ᠶᠢᠨ ᠰᠤᠶᠤᠯ ᠢ ᠪᠠᠳᠠᠷᠠᠭᠤᠯᠵᠦ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ︾ ᠰᠠᠶᠢᠨ ᠳᠤᠷ᠎ᠠ ᠢᠢᠨ ᠦᠢᠯᠡᠴᠢᠯᠡᠭᠡᠨ ᠤ ᠲᠥᠷᠥᠯ ᠵᠦᠢᠯ ᠨᠢ ᠰᠣᠶᠣᠯ ᠪᠠ ᠵᠢᠭᠤᠯᠴᠢᠯᠠᠯ ᠤᠨ ᠶᠠᠮᠤᠨ ᠤ ᠬᠢᠯᠢ ᠬᠢᠵᠠᠭᠠᠷ ᠦᠨᠳᠦᠰᠦᠲᠡᠨ ᠤ ᠭᠠᠵᠠᠷ ᠣᠷᠣᠨ ᠤ ᠰᠠᠶᠢᠨ ᠳᠤᠷ᠎ᠠ ᠢᠢᠨ ᠦᠢᠯᠡᠴᠢᠯᠡᠭᠡᠨ ᠤ ᠨᠡᠶᠢᠲᠡᠯᠢᠭ ᠬᠡᠷᠡᠭ ᠤᠨ ᠵᠢᠱᠢᠶ᠎ᠡ ᠳᠤ ᠰᠣᠩᠭᠤᠭᠳᠠᠪᠠ᠃   ᠲᠠᠶᠢᠯᠪᠤᠷᠢᠯᠠᠭᠴᠢ ᠢᠢᠨ ᠡᠩᠨᠡᠭᠡ ᠠᠴᠠ ᠰᠢᠯᠢᠳᠡᠭ ᠴᠢᠳᠠᠪᠤᠷᠢᠲᠠᠨ ᠴᠣᠯᠭᠤᠷᠠᠨ ᠭᠠᠷᠴᠤ᠂ ᠪᠦᠬᠦ ᠤᠯᠤᠰ ᠤᠨ ᠤᠷᠤᠯᠳᠤᠭᠠᠨ ᠤ ᠨᠢᠭᠡᠳᠦᠭᠡᠷ ᠳᠡᠰ ᠤᠨ ᠱᠠᠩᠨᠠᠯ᠂ ᠬᠤᠶᠠᠳᠤᠭᠠᠷ ᠳᠡᠰ ᠤᠨ ᠱᠠᠩᠨᠠᠯ ᠢ ᠣᠯᠠᠨᠲᠠ ᠬᠦᠷᠳᠡᠵᠦ᠂ ᠥᠪᠥᠷ ᠮᠣᠩᠭᠤᠯ ᠤᠨ ᠮᠦᠽᠧᠶ ᠢᠢᠨ ᠨᠡᠶᠢᠭᠡᠮ ᠤᠨ ᠰᠤᠷᠭᠠᠨ ᠬᠥᠮᠦᠵᠢᠯ ᠤᠨ ᠬᠡᠯᠳᠡᠰ ᠤᠨ ᠲᠠᠶᠢᠯᠪᠤᠷᠢᠯᠠᠭᠴᠢ ᠮᠢᠶᠣᠣ ᠮᠧᠩ ᠳᠤ ᠨᠠᠮ ᠤᠨ ᠲᠥᠪ ᠬᠤᠷᠢᠶᠠᠨ ᠤ ᠤᠬᠠᠭᠤᠯᠬᠤ ᠬᠡᠯᠲᠡᠰ ᠠᠴᠠ ︽ᠠᠯᠲᠠᠨ ᠮᠧᠳᠠᠯᠳᠦ ᠲᠠᠶᠢᠯᠪᠤᠷᠢᠯᠠᠭᠴᠢ︾ ᠴᠣᠯᠠ ᠣᠯᠭᠤᠵᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠢᠢᠨ ᠶᠠᠮᠤᠨ ᠠᠴᠠ ︽ᠪᠥᠬᠦ ᠤᠯᠤᠰ ᠤᠨ ᠵᠠᠯᠠᠭᠤ ᠠᠵᠢᠯ ᠤᠨ ᠪᠠᠶᠢᠷᠢ  ᠶᠢᠨ ᠴᠢᠳᠠᠪᠤᠷᠢᠲᠠᠨ︾ ᠴᠣᠯᠠ ᠣᠯᠭᠤᠭᠰᠠᠨ ᠵᠡᠷᠭᠡ ᠬᠢᠯᠠᠯᠵᠠᠭᠰᠠᠨ ᠠᠮᠵᠢᠯᠳᠠ ᠶᠢ ᠤᠯᠵᠠᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号