ᠮᠠᠨ ᠤ ᠤᠷᠤᠨ ᠰᠤᠶᠤᠯ ᠵᠢᠭᠤᠯᠴᠢᠯᠠᠯ ᠤᠨ ᠠᠵᠤ ᠦᠢᠯᠡᠰ ᠤᠨ ᠤᠨᠴᠠᠯᠢᠭ ᠲᠠᠪᠠᠭᠤᠯᠢᠭ ᠢᠶᠠᠨ ᠪᠠᠳᠤᠳᠬᠠᠨ᠎ᠠ
ᠨᠡᠶᠢᠲᠡᠯᠡᠭᠰᠡᠨ ᠴᠠᠭ᠄
2023/2/16
   ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠷᠤᠮᠠᠯᠯᠠᠨ ᠲᠠᠷᠬᠠᠭᠠᠭᠰᠠᠨ ︽2023 ᠤᠨ ᠤ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠵᠤ ᠦᠢᠯᠡᠰ ᠢ ᠰᠢᠯᠢᠳᠡᠭᠵᠢᠬᠦᠯᠦᠨ ᠳᠡᠰ ᠳᠡᠪᠰᠢᠬᠦᠯᠵᠦ ᠠᠵᠤ ᠠᠬᠤᠢ ᠢᠢᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠲᠤᠬᠠᠢ ᠠᠵᠢᠯ ᠤᠨ ᠭᠤᠤᠯᠳᠠᠯᠭ᠎ᠠ ︾ ᠶᠢ ᠦᠨᠳᠤᠰᠤᠯᠡᠪᠡᠯ᠂ ᠮᠠᠨ ᠤ ᠤᠷᠤᠨ ᠡᠨᠡ ᠵᠢᠯ ᠨᠢᠬᠡ ᠪᠦᠯᠦᠭ ᠭᠤᠤᠯᠳᠠᠯᠭ᠎ᠠ ᠲᠠᠢ ᠠᠵᠢᠯ ᠢᠶᠠᠷ ᠲᠠᠮᠵᠢᠨ ᠰᠤᠶᠤᠯ ᠵᠢᠭᠤᠯᠴᠢᠯᠠᠯ ᠤᠨ ᠠᠵᠤ ᠦᠢᠯᠡᠰ ᠤᠨ ᠤᠨᠴᠠᠯᠢᠭ ᠲᠠᠪᠠᠭᠤᠯᠢᠭ ᠢᠶᠠᠨ ᠤᠯᠠᠮ ᠪᠠᠳᠤᠳᠬᠠᠬᠤ ᠪᠤᠯᠤᠨ᠎ᠠ᠃   ᠡᠨᠡ ᠬᠦ ︽ᠠᠵᠢᠯ ᠤᠨ ᠭᠤᠤᠯᠳᠠᠯᠭ᠎ᠠ︾ ᠳᠤ᠂ ᠡᠨᠡ ᠵᠢᠯ ᠣᠷᠳᠣᠰ ᠤᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠰᠣᠶᠣᠯ ᠤᠨ ᠪᠦᠲᠦᠭᠡᠯᠴᠢ ᠲᠥᠰᠦᠪᠯᠡᠯ ᠤᠨ ᠠᠵᠤ ᠦᠢᠯᠡᠰ ᠤᠨ ᠬᠦᠷᠢᠶᠡᠯᠡᠩ᠂ ᠦᠬᠠᠶ ᠬᠤᠲᠠ ᠢᠢᠨ ᠤᠷᠠᠨ ᠪᠢᠴᠢᠯᠭᠡ ᠶᠢᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠵᠡᠷᠭᠡ ᠳᠤ ᠵᠢᠯᠣᠭᠤᠳᠣᠯᠭ᠎ᠠ ᠳᠡᠮᠵᠢᠯᠭᠡ ᠦᠵᠡᠭᠦᠯᠬᠦ ᠪᠠᠨ ᠴᠢᠩᠭᠠᠳᠬᠠᠨ᠂ ᠭᠤᠷᠪᠠᠳᠤᠭᠠᠷ ᠪᠦᠯᠦᠭ ᠤᠨ ᠤᠯᠤᠰ ᠤᠨ ᠲᠠᠰ ᠤᠨ ᠰᠣᠶᠣᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠵᠢᠴᠢ ᠵᠢᠱᠢᠶ᠎ᠡ ᠦᠵᠡᠭᠦᠯᠬᠦ ᠰᠠᠭᠤᠷᠢᠨ ᠢᠶᠠᠷ ᠮᠡᠳᠡᠭᠦᠯᠤᠨ᠎ᠠ ︔ ᠬᠥᠬᠡᠬᠤᠲᠠ ᠢᠢᠨ ᠣᠪᠣᠭ᠎ᠠ ᠲᠣᠰᠬᠤᠨ᠂ ᠪᠤᠭᠤᠲᠤ ᠬᠤᠲᠠ ᠢᠢᠨ ᠰᠠᠶᠢᠬᠠᠨᠲᠠᠯ᠎ᠠ ᠬᠤᠲᠠ ᠳᠤᠮᠳᠠᠬᠢ ᠲᠠᠯ᠎ᠠ ᠨᠤᠳᠤᠭ ᠪᠤᠯᠤᠨ ᠬᠢᠩᠭᠠᠨ ᠠᠶᠢᠮᠠᠭ ᠤᠨ ᠷᠠᠰᠢᠶᠠᠨ ᠵᠡᠭᠡᠯᠢ ᠵᠡᠷᠭᠡ ᠰᠥᠨᠢ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠲᠥᠪᠯᠡᠷᠡᠭᠰᠡᠨ ᠣᠷᠣᠨ ᠢ ᠪᠤᠶᠢᠵᠢᠭᠤᠯᠵᠤ᠂ ᠭᠤᠷᠪᠠᠳᠤᠭᠠᠷ ᠪᠦᠯᠦᠭ ᠤᠨ ᠤᠯᠤᠰ ᠤᠨ ᠲᠠᠰ ᠤᠨ ᠰᠥᠨᠢ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠲᠥᠪᠯᠡᠷᠡᠭᠰᠡᠨ ᠣᠷᠣᠨ᠂ ᠤᠯᠤᠰ ᠤᠨ ᠲᠠᠰ ᠤᠨ ᠰᠣᠶᠣᠯ ᠤᠨ ᠠᠵᠤ ᠦᠢᠯᠡᠰ ᠪᠠ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠭᠰᠡᠨ ᠵᠢᠱᠢᠶ᠎ᠡ ᠦᠵᠡᠭᠦᠯᠬᠦ ᠣᠷᠣᠨ ᠢᠶᠠᠷ ᠮᠡᠳᠡᠭᠦᠯᠦᠨ᠎ᠡ᠃ ᠡᠬᠦᠨ ᠠᠴᠠ ᠭᠠᠳᠠᠨ᠎ᠠ᠂ ᠦᠵᠡᠮᠵᠢ ᠢᠢᠨ ᠣᠷᠣᠨ ᠢ ᠳᠠᠬᠢᠨ ᠬᠢᠨᠠᠵᠤ ᠦᠨᠡᠯᠡᠨ ᠲᠣᠭᠲᠠᠭᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠬᠥᠯᠥᠨ ᠪᠤᠶᠢᠷ ᠤᠨ ᠲᠠᠯ᠎ᠠ ᠨᠤᠳᠤᠭ — ᠮᠡᠷᠭᠡᠯ ᠭᠤᠣᠯ ᠦᠵᠡᠮᠵᠢ ᠶᠢᠨ ᠣᠷᠣᠨ ᠪᠤᠯᠤᠨ ᠬᠥᠪᠴᠢ ᠢᠢᠨ ᠡᠯᠡᠰᠤᠨ ᠤ ᠳᠠᠭᠤᠳᠤ ᠨᠠᠭᠤᠷ ᠤᠨ ᠠᠮᠢ ᠠᠬᠤᠢ ᠶᠢᠨ ᠵᠢᠭᠤᠯᠴᠢᠯᠠᠯ ᠤᠨ ᠣᠷᠣᠨ ᠢ ᠤᠯᠤᠰ ᠤᠨ 5A ᠲᠡᠰ ᠤᠨ ᠵᠢᠭᠤᠯᠴᠢᠯᠠᠯ ᠤᠨ ᠣᠷᠣᠨ ᠪᠣᠯᠭᠠᠨ ᠡᠭᠦᠳᠦᠨ ᠪᠠᠶᠢᠭᠤᠯᠬᠤ ᠢᠢ ᠠᠬᠢᠭᠤᠯᠵᠤ᠂ ᠬᠥᠬᠡᠬᠤᠲᠠ ᠢᠢᠨ ᠬᠡᠪᠳᠡᠭᠡ ᠦᠬᠡᠷ ᠤᠨ ᠲᠤᠬᠤᠢ ᠬᠠᠳᠤᠨ ᠭᠤᠣᠯ ᠤᠨ ᠶᠡᠭᠡ ᠬᠠᠪᠴᠢᠯ ᠤᠨ ᠵᠢᠭᠤᠯᠴᠢᠯᠠᠯ ᠤᠨ ᠣᠷᠣᠨ ᠤ ᠪᠦᠲᠦᠭᠡᠨ ᠪᠠᠶᠢᠭᠤᠯᠤᠯᠲᠠ ᠢᠢᠨ ᠲᠦᠪᠰᠢᠨ ᠢ ᠳᠡᠭᠡᠭᠰᠢᠯᠡᠭᠦᠯᠵᠤ᠂ ᠷᠠᠰᠢᠶᠠᠨ ᠬᠤᠲᠠ  ᠶᠢ ᠵᠢᠯᠣᠭᠤᠳᠴᠤ ᠪᠠᠶᠢᠭᠠᠳ ᠤᠯᠤᠰ ᠤᠨ ᠲᠡᠰ ᠤᠨ ᠵᠢᠭᠤᠯᠴᠢᠯᠠᠯ ᠠᠮᠠᠷᠠᠯᠲᠠ ᠢᠢᠨ ᠣᠷᠣᠨ ᠢ ᠡᠭᠦᠳᠦᠨ ᠪᠠᠶᠢᠭᠤᠯᠤᠨ᠎ᠠ ᠭᠡᠵᠦ ᠲᠤᠭᠳᠠᠵᠠᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号