ᠵᠢᠭᠤᠯᠴᠢᠯᠠᠯ ᠠᠴᠠ ᠠᠰᠢᠭ ᠬᠤᠪᠢᠶᠠᠷᠢᠯᠠᠭᠰᠠᠨ ᠮᠠᠯᠴᠢᠳ
ᠨᠡᠶᠢᠲᠡᠯᠡᠭᠰᠡᠨ ᠴᠠᠭ᠄
2023/2/21
   ᠣᠶᠢᠷ᠎ᠠ ᠳᠤ᠂ ᠠᠯᠠᠱᠠ ᠠᠶᠢᠮᠠᠭ ᠤᠨ ᠡᠵᠡᠨ᠎ᠡ ᠬᠤᠰᠢᠭᠤᠨ ᠤ ᠲᠡᠯᠡᠶᠢᠬᠦᠪ ᠪᠠᠯᠭᠠᠰᠤᠨ ᠤ ᠤᠯᠠᠭᠠᠨᠭᠡᠷᠡᠯ ᠭᠠᠴᠠᠭ᠎ᠠ ᠦᠵᠡᠮᠵᠢ ᠶᠢᠨ ᠣᠷᠣᠨ ᠤ ᠵᠢᠭᠤᠯᠴᠢᠯᠠᠯ ᠤᠨ ᠠᠰᠢᠭ ᠬᠤᠪᠢᠶᠠᠬᠤ ᠬᠤᠷᠠᠯ ᠬᠤᠷᠠᠯᠳᠤᠭᠤᠯᠵᠤ᠂ ᠬᠠᠮᠲᠤ ᠪᠠᠷ ᠠᠰᠢᠭ ᠬᠤᠪᠢᠶᠠᠷᠢᠯᠠᠨ᠂ ᠭᠠᠴᠠᠭᠠᠨ ᠤ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠬᠦᠰᠡᠯ ᠢ ᠪᠡᠶᠡᠯᠡᠬᠦᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠰᠢᠨ᠎ᠠ ᠠᠬᠢᠴᠡ ᠶᠢ ᠪᠤᠢ ᠪᠤᠯᠭᠠᠵᠠᠢ᠃   ᠠᠰᠢᠭ ᠣᠷᠣᠯᠭ᠎ᠠ ᠬᠤᠪᠢᠶᠠᠷᠢᠯᠠᠬᠤ ᠲᠤᠬᠠᠢ ᠶᠢᠨ ᠲᠠᠯᠠᠪᠠᠢ ᠳᠤ᠂ ᠮᠠᠯᠴᠢᠨ ᠲᠠᠷᠢᠶᠠᠴᠢᠳ ᠡᠮᠬᠢ ᠵᠢᠷᠤᠮ ᠲᠠᠢ ᠪᠠᠷ ᠮᠥᠷᠯᠡᠨ ᠵᠢᠭᠰᠠᠵᠤ᠂ ᠨᠡᠷ᠎ᠠ ᠪᠠᠨ ᠪᠦᠷᠢᠳᠭᠡᠬᠦ᠂ ᠭᠠᠷ ᠤᠨ ᠦᠰᠦᠭ ᠵᠢᠷᠤᠬᠤ᠂ ᠠᠰᠢᠭ ᠣᠷᠣᠯᠭ᠎ᠠ ᠪᠠᠨ ᠬᠤᠪᠢᠳᠠᠨ ᠠᠪᠬᠤ ᠵᠡᠷᠭᠡ ᠠᠵᠢᠯ ᠢ ᠬᠢᠵᠤ᠂ ᠴᠢᠷᠠᠢ ᠳᠤᠨᠢ ᠪᠠᠶᠠᠷ ᠤᠨ ᠢᠨᠢᠶᠡᠳᠦ ᠲᠣᠳᠣᠷᠠᠨ᠎ᠠ᠃ ︽ᠦᠵᠡᠮᠵᠢ ᠶᠢᠨ ᠣᠷᠣᠨ ᠤ ᠵᠢᠭᠤᠯᠴᠢᠯᠠᠯ ᠤᠨ ᠣᠷᠣᠯᠭ᠎ᠠ ᠶᠢ ᠣᠯᠤᠭᠰᠠᠨ ᠳᠠᠭᠠᠨ ᠮᠠᠰᠢ ᠪᠠᠶᠠᠷᠲᠠᠶ ᠪᠠᠶᠢᠨ᠎ᠠ᠂ ᠡᠨᠡ ᠨᠢ ᠮᠠᠨ ᠤ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦ ᠨᠡᠮᠡᠷᠢᠯᠡᠭᠰᠡᠨ ᠪᠠᠶᠢᠨ᠎ᠠ︾ ᠭᠡᠵᠦ ᠤᠯᠠᠭᠠᠨᠭᠡᠷᠡᠯ ᠭᠠᠴᠠᠭᠠᠨ ᠤ ᠨᠠᠮ ᠤᠨ ᠡᠭᠦᠷ ᠤᠨ ᠱᠦᠵᠢ ᠤᠶᠤᠨᠳᠠᠨ᠎ᠠ ᠶᠠᠷᠢᠨ᠎ᠠ᠃ ᠵᠢᠭᠤᠯᠴᠢᠯᠠᠯ ᠤᠨ ᠠᠰᠢᠭ ᠬᠤᠪᠢᠶᠠᠷᠢᠯᠠᠯᠲᠠ ᠲᠠᠰᠤᠷᠠᠯᠲᠠ ᠥᠬᠡᠶ ᠨᠡᠮᠡᠭᠳᠡᠬᠦ ᠶᠢ ᠳᠠᠭᠠᠯᠳᠤᠨ᠂ ᠣᠯᠠᠨ ᠳᠤ ᠦᠨᠡᠨ ᠪᠣᠳᠠᠲᠠᠶ ᠠᠰᠢᠭ ᠣᠷᠣᠯᠭ᠎ᠠ ᠠᠪᠴᠢᠷᠠᠵᠤ᠂ ᠭᠠᠴᠠᠭᠠᠨ ᠤ ᠬᠤᠪᠢᠷᠠᠯᠲᠠ ᠡᠳᠦᠷ ᠠᠴᠠ ᠡᠳᠦᠷ ᠰᠢᠨᠡᠳᠴᠦ᠂ ᠮᠠᠯᠴᠢᠨ ᠲᠠᠷᠢᠶᠠᠴᠢᠨ ᠤ ᠠᠮᠢᠳᠤᠷᠠᠯ ᠶᠠᠪᠤᠬᠤ ᠲᠤᠲᠤᠮ ᠰᠠᠶᠢᠵᠢᠷᠠᠵᠤ ᠪᠠᠶᠢᠨ᠎ᠠ ᠭᠡᠵᠦ ᠮᠠᠯᠴᠢᠳ ᠶᠠᠷᠢᠵᠠᠭᠠᠨ᠎ᠠ᠃ ᠲᠣᠰ ᠤᠳᠠᠭ᠎ᠠ ᠪᠥᠬᠦ ᠬᠤᠰᠢᠭᠤᠨ ᠤ ᠦᠵᠡᠮᠵᠢ ᠶᠢᠨ ᠣᠷᠣᠨ ᠤ ᠵᠢᠭᠤᠯᠴᠢᠯᠠᠯ ᠤᠨ ᠣᠷᠣᠯᠭ᠎ᠠ ᠨᠡᠶᠢᠲᠡ 418.65 ᠲᠦᠮᠡᠨ ᠲᠥᠭᠦᠷᠢᠭ ᠲᠤ ᠬᠦᠷᠴᠦ᠂ ᠡᠭᠦᠨ ᠳᠤ ᠤᠯᠠᠭᠠᠨᠭᠡᠷᠡᠯ ᠭᠠᠴᠠᠭ᠎ᠠ ᠨᠡᠶᠢᠲᠡ 76.6 ᠲᠦᠮᠡᠨ ᠲᠥᠭᠦᠷᠢᠭ ᠬᠤᠪᠢᠳᠠᠨ ᠤᠯᠵᠤ᠂ ᠭᠠᠴᠠᠭᠠᠨ ᠤ 74 ᠮᠠᠯᠴᠢᠨ ᠲᠠᠷᠢᠶᠠᠴᠢᠨ ᠳᠤ ᠠᠰᠢᠭ ᠬᠦᠷᠲᠡᠭᠡᠪᠡ᠃ ᠡᠨᠡ ᠨᠢ ᠥᠷᠭᠡᠨ ᠣᠯᠠᠨ ᠮᠠᠯᠴᠢᠨ ᠲᠠᠷᠢᠶᠠᠴᠢᠨ ᠤ ᠵᠢᠭᠤᠯᠴᠢᠯᠠᠯ ᠤᠨ ᠬᠥᠭᠵᠢᠯᠲᠡ ᠳᠤ ᠣᠷᠣᠯᠴᠠᠬᠤ ᠢᠳᠡᠪᠬᠢᠵᠢᠯ ᠢ ᠪᠦᠲᠦᠮᠵᠢᠲᠡᠶ ᠲᠠᠶᠢᠴᠢᠯᠠᠵᠤ᠂ ᠮᠠᠯᠴᠢᠨ ᠲᠠᠷᠢᠶᠠᠴᠢᠨ ᠤ ᠬᠦᠷᠲᠡᠮᠵᠢ ᠶᠢᠨ ᠲᠥᠷᠥᠭᠳᠡᠯ᠂ ᠵᠤᠯ ᠵᠢᠷᠭᠠᠯᠲᠤ ᠲᠥᠷᠥᠭᠳᠡᠯ ᠢ ᠦᠨᠡᠨ ᠬᠦ ᠳᠡᠭᠡᠭᠰᠢᠯᠡᠭᠦᠯᠦᠭᠰᠡᠨ ᠪᠠᠶᠢᠨ᠎ᠡ᠃ᠤᠯᠠᠭᠠᠨᠭᠡᠷᠡᠯ ᠭᠠᠴᠠᠭᠠᠨ ᠳᠤ ᠤᠯᠤᠰ ᠤᠨ ᠲᠠᠰ ᠤᠨ 4A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ 2 ᠬᠠᠷᠢᠶᠠᠯᠠᠬᠳᠠᠨ᠂ ᠡᠯᠪᠡᠭ ᠪᠠᠶᠠᠯᠢᠭ ᠵᠢᠭᠤᠯᠴᠢᠯᠠᠯ ᠤᠨ ᠡᠬᠢ ᠪᠠᠶᠠᠯᠢᠭ ᠲᠤ ᠲᠦᠰᠢᠭᠯᠡᠵᠤ᠂ ᠣᠶᠢᠷ᠎ᠠ ᠶᠢᠨ ᠵᠢᠯ ᠠᠴᠠ ᠨᠠᠭᠠᠰᠢ᠂ ᠲᠡᠯᠡᠶᠢᠬᠦᠪ ᠪᠠᠯᠭᠠᠰᠤ ᠠᠴᠠ ᠵᠠᠰᠠᠭ ᠤᠨ ᠣᠷᠳᠣᠨ ᠬᠥᠲᠥᠯᠥᠨ ᠵᠢᠯᠣᠭᠤᠳᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ᠂ ᠠᠵᠤ ᠠᠬᠤᠶᠢᠯᠠᠯ ᠣᠷᠣᠯᠴᠠᠬᠤ ᠵᠠᠷᠴᠢᠮ ᠢ ᠪᠠᠷᠢᠮᠲᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠵᠢᠭᠤᠯᠴᠢᠯᠠᠯ ᠤᠨ ᠠᠵᠤ ᠦᠢᠯᠡᠰ ᠤᠨ ᠭᠦᠨᠵᠡᠭᠡᠶ ᠠᠭᠤᠰᠤᠯᠴᠠᠨ ᠴᠢᠨᠠᠷ ᠰᠠᠶᠢᠲᠠᠶ ᠬᠥᠭᠵᠢᠬᠦ ᠶᠢ ᠪᠥᠬᠦ ᠬᠦᠴᠦᠨ ᠢᠶᠠᠷ ᠢᠶᠠᠨ ᠠᠬᠢᠭᠤᠯᠤᠬᠰᠠᠨ ᠪᠠᠶᠢᠨ᠎ᠠ᠃ ᠤᠯᠠᠭᠠᠨᠭᠡᠷᠡᠯ ᠭᠠᠴᠠᠭᠠᠨ ᠤ ᠣᠲᠣ ᠪᠠᠶᠢᠭ᠎ᠠ ᠦᠵᠡᠮᠵᠢ ᠶᠢᠨ ᠣᠷᠣᠨ ᠤ ᠲᠥᠬᠦᠭᠡᠷᠦᠮᠵᠢ ᠶᠢᠨ ᠠᠰᠢᠬ ᠬᠦᠷᠳᠡᠵᠤ ᠪᠠᠶᠢᠭ᠎ᠠ ᠡᠷᠦᠬᠡ 6᠂ ᠦᠵᠡᠮᠵᠢ ᠶᠢᠨ ᠣᠷᠣᠨ ᠤ ᠭᠤᠤᠯᠯᠠᠭᠴᠢ ᠡᠷᠦᠬᠡ 1 ᠪᠠᠶᠢᠵᠤ᠂ ᠪᠦᠬᠦ ᠦᠵᠡᠮᠵᠢ ᠶᠢᠨ ᠣᠷᠣᠨ 67 ᠡᠷᠦᠬᠡ ᠲᠠᠢ ᠬᠤᠯᠪᠣᠭᠳᠠᠳᠠᠭ᠃ 2022 ᠣᠨ ᠪᠣᠯᠲᠠᠯ᠎ᠠ ᠂ ᠭᠠᠴᠠᠭᠠᠨ ᠤ ᠦᠵᠡᠮᠵᠢ ᠶᠢᠨ ᠣᠷᠣᠨ ᠤ ᠠᠰᠢᠭ ᠬᠤᠪᠢᠶᠠᠭᠰᠠᠨ ᠣᠷᠣᠯᠭ᠎ᠠ ︽9 ᠵᠢᠯ ᠳᠠᠷᠠᠭᠠᠯᠠᠨ ᠨᠡᠮᠡᠭᠳᠡᠬᠦ︾᠂ ᠵᠢᠭᠤᠯᠴᠢᠯᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠣᠷᠣᠯᠭ᠎ᠠ ︽6 ᠵᠢᠯ ᠳᠠᠷᠠᠭᠠᠯᠠᠨ ᠲᠡᠬᠢᠨ ᠢᠶᠠᠷ ᠨᠡᠮᠡᠭᠳᠡᠬᠦ︾ ᠢᠢ ᠡᠬᠦᠳᠴᠦ᠂ ᠬᠠᠮᠤᠭ ᠠᠩᠬᠠᠨ ᠤ 2.7 ᠲᠦᠮᠡᠨ ᠲᠥᠭᠦᠷᠢᠭ ᠠᠴᠠ 76.6 ᠲᠦᠮᠡᠨ ᠲᠥᠭᠦᠷᠢᠭ ᠪᠣᠯᠤᠨ ᠨᠡᠮᠡᠭᠳᠡᠪᠡ᠃ 70 ᠭᠠᠷᠤᠶ ᠡᠷᠦᠬᠡ ᠮᠠᠯᠴᠢᠨ ᠲᠠᠷᠢᠶᠠᠴᠢᠨ ᠵᠢᠭᠤᠯᠴᠢᠯᠠᠯ ᠤᠨ ᠦᠢᠯᠡᠴᠢᠯᠡᠭᠡ ᠲᠠᠢ ᠬᠠᠮᠢᠶ᠎ᠠ ᠪᠥᠬᠦᠶ ᠠᠵᠤ ᠦᠢᠯᠡᠰ ᠡᠷᠭᠢᠯᠡᠵᠦ᠂ ᠮᠠᠯᠵᠢᠬᠤ ᠣᠷᠣᠨ ᠤ ᠵᠢᠭᠤᠯᠴᠢᠯᠠᠯ ᠵᠢᠴᠢ ᠢᠳᠡᠭᠡᠨ ᠤᠮᠳᠠᠭᠠᠨ ᠤ ᠦᠢᠯᠡᠴᠢᠯᠡᠭᠡᠨ ᠤ ᠴᠡᠭ 6 ᠡᠷᠦᠬᠡ ᠡᠵᠡᠩᠨᠡᠵᠦ᠂ ᠨᠡᠶᠢᠲᠡ 4 ᠲᠦᠮᠡ ᠭᠠᠷᠤᠶ ᠵᠤᠭᠠᠴᠠᠭᠰᠠᠳ ᠢ ᠭᠥᠯᠢᠶᠡᠨ ᠠᠪᠴᠤ᠂ ᠶᠡᠷᠦᠩᠬᠡᠶᠢᠯᠡᠭᠰᠡᠨ ᠦᠢᠯᠡᠴᠢᠯᠡᠭᠡᠨ ᠤ ᠣᠷᠣᠯᠭ᠎ᠠ ᠨᠡᠶᠢᠲᠡ 40 ᠭᠠᠷᠤᠶ ᠲᠦᠮᠡᠨ ᠲᠥᠭᠦᠷᠢᠭ ᠲᠤ ᠬᠦᠷᠴᠦ᠂ ᠮᠠᠯᠴᠢᠨ ᠲᠠᠷᠢᠶᠠᠴᠢᠳ ᠤᠨ ᠤᠷᠤᠯᠭ᠎ᠠ ᠢᠯᠡᠷᠬᠡᠢ ᠨᠡᠮᠡᠭᠳᠡᠵᠡᠢ᠃    ᠲᠠᠷᠠᠭᠠᠴᠢ ᠶᠢᠨ ᠠᠯᠬᠤᠮ ᠳᠤ᠂ ᠲᠡᠯᠡᠶᠢᠬᠦᠪ ᠪᠠᠯᠭᠠᠰᠤ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠨ᠂ ᠰᠡᠯᠡᠭᠦᠴᠡᠯ ᠵᠤᠭᠠᠴᠠᠯ ᠤᠨ ᠳᠠᠯᠳᠠ ᠬᠦᠴᠦᠨ ᠢ ᠭᠦᠨᠵᠡᠭᠡᠶ ᠠᠭᠤᠳᠠᠯᠵᠤ᠂ ᠮᠠᠯ ᠠᠵᠤ ᠠᠬᠤᠶ ᠵᠢᠭᠤᠯᠴᠢᠯᠠᠯ ᠢ ᠠᠭᠤᠰᠤᠯᠴᠠᠭᠤᠯᠬᠤ ᠠᠵᠤ ᠦᠢᠯᠡᠰ ᠢ ᠢᠳᠡᠪᠬᠢᠲᠡᠶ ᠰᠦᠪᠡᠭᠴᠢᠯᠡᠨ ᠬᠥᠭᠵᠢᠭᠦᠯᠦᠨ᠂ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢᠨ ᠣᠯᠠᠨ ᠡᠰᠢᠵᠢᠯᠲᠡ ᠶᠢ ᠬᠦᠴᠦᠯᠡᠨ ᠠᠬᠢᠭᠤᠯᠵᠤ᠂ ᠭᠠᠴᠠᠭᠠᠨ ᠤ ᠬᠠᠮᠲᠤ ᠶᠢᠨ ᠣᠷᠣᠯᠭ᠎ᠠ ᠪᠠ ᠮᠠᠯᠴᠢᠨ ᠲᠠᠷᠢᠶᠠᠴᠢᠨ ᠤ ᠣᠷᠣᠯᠭ᠎ᠠ ᠶᠢᠨ ︽ᠬᠤᠤᠰ ᠳᠡᠭᠡᠭᠰᠢᠯᠡᠯᠲᠡ︾ ᠢᠢ ᠴᠢᠷᠮᠠᠶᠢᠨ ᠪᠡᠶᠡᠯᠡᠭᠦᠯᠵᠦ᠂ ᠭᠠᠴᠠᠭᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠬᠦᠴᠦᠨ ᠢᠶᠠᠷ ᠠᠬᠢᠭᠤᠯᠬᠤ ᠪᠤᠯᠤᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号