ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ 2022 ᠣᠨ ᠤ ᠰᠤᠷᠭᠠᠭᠤᠯᠢ ᠶᠢᠨ ᠠᠵᠢᠯ ᠢ ᠬᠢᠨᠠᠨ ᠵᠢᠯᠤᠭᠤᠳᠴᠤ ᠦᠨᠡᠯᠡᠨ ᠵᠢᠱᠢᠬᠦ ᠵᠢᠴᠢ 2023 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠡᠬᠢᠯᠡᠬᠦ ᠡᠬᠢᠨ ᠤ ᠬᠤᠭᠤᠴᠠᠭᠠᠨ ᠤ ᠠᠵᠢᠯ ᠢ ᠪᠠᠶᠢᠴᠠᠭᠠᠨ ᠪᠠᠶᠢᠷᠢᠯᠠᠭᠤᠯᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/21
   2 ᠰᠠᠷ᠎ᠠ ᠶᠢᠨ 16 ᠤ ᠡᠳᠦᠷ ᠤᠨ ᠦᠳᠡ ᠶᠢᠨ ᠡᠮᠦᠨ᠎ᠡ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ 2022 ᠣᠨ ᠤ ᠰᠤᠷᠭᠠᠭᠤᠯᠢ ᠶᠢᠨ ᠠᠵᠢᠯ ᠢ ᠬᠢᠨᠠᠨ ᠵᠢᠯᠤᠭᠤᠳᠴᠤ ᠦᠨᠡᠯᠡᠨ ᠵᠢᠱᠢᠬᠦ ᠵᠢᠴᠢ 2023 ᠣᠨ ᠤ ᠬᠠᠪᠤᠷ ᠤᠨ ᠤᠯᠠᠷᠢᠯ ᠤᠨ ᠰᠤᠷᠭᠠᠭᠤᠯᠢ ᠡᠬᠢᠯᠡᠬᠦ ᠡᠬᠢᠨ ᠤ ᠦᠶ᠎ᠡ ᠶᠢᠨ ᠠᠵᠢᠯ ᠢ ᠪᠠᠶᠢᠴᠠᠭᠠᠨ ᠪᠠᠶᠢᠷᠢᠯᠠᠭᠤᠯᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠬᠢᠨᠠᠨ ᠵᠢᠯᠤᠭᠤᠳᠴᠤ ᠦᠨᠡᠯᠡᠨ ᠵᠢᠱᠢᠵᠦ ᠪᠠᠶᠢᠴᠠᠭᠠᠬᠤ ᠳᠤᠭᠤᠶᠢᠯᠠᠩ ᠤᠨ ᠠᠵᠢᠯᠲᠠᠳ ᠬᠤᠷᠠᠯ ᠳᠤ ᠣᠷᠣᠯᠴᠠᠵᠠᠢ᠃    ᠬᠤᠷᠠᠯ  ᠠᠴᠠ ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2022 ᠣᠨ ᠤ ᠰᠤᠷᠭᠠᠭᠤᠯᠢ ︵ᠬᠡᠦᠬᠡᠳ ᠤᠨ ᠴᠡᠴᠡᠷᠯᠢᠭ︶ ᠶᠢᠨ ᠠᠵᠢᠯ ᠢ ᠬᠢᠨᠠᠨ ᠵᠢᠯᠤᠭᠤᠳᠴᠤ ᠦᠨᠡᠯᠡᠨ ᠵᠢᠱᠢᠬᠦ ᠲᠥᠰᠥᠯ︾ ᠵᠢᠴᠢ ᠦᠨᠡᠯᠡᠨ ᠵᠢᠱᠢᠬᠦ ᠨᠠᠷᠢᠨ ᠳᠦᠷᠢᠮ ᠲᠠᠢ ᠬᠠᠷᠢᠴᠠᠭᠤᠯᠤᠨ᠂ ᠦᠨᠡᠯᠡᠨ ᠵᠢᠱᠢᠬᠦ ᠠᠭᠤᠯᠭ᠎ᠠ᠂ ᠦᠨᠡᠯᠡᠨ ᠵᠢᠱᠢᠬᠦ ᠠᠷᠭ᠎ᠠ᠂ ᠦᠨᠡᠯᠡᠨ ᠵᠢᠱᠢᠬᠦ ᠲᠠᠰ ᠳᠠᠷᠠᠭᠠᠯᠠᠯ᠂ ᠦᠨᠡᠯᠡᠨ ᠵᠢᠱᠢᠵᠦ ᠪᠠᠶᠢᠴᠠᠭᠠᠬᠤ ᠳᠤᠭᠤᠶᠢᠯᠠᠩ ᠤᠨ ᠠᠵᠢᠯ ᠤᠨ ᠬᠤᠪᠢᠶᠠᠷᠢᠯᠠᠯ ᠵᠡᠷᠭᠡ ᠲᠠᠯ᠎ᠠ ᠪᠠᠷ ᠨᠠᠷᠢᠨ ᠨᠢᠭᠲᠠ ᠪᠠᠶᠢᠷᠢᠯᠠᠭᠤᠯᠤᠯᠲᠠ ᠬᠢᠵᠡᠢ᠃    ᠬᠤᠷᠠᠯ  ᠠᠴᠠ ᠱᠠᠭᠠᠷᠳᠠᠭᠰᠠᠨ ᠨᠢ᠂ ᠦᠨᠡᠯᠡᠨ ᠵᠢᠱᠢᠵᠦ ᠪᠠᠶᠢᠴᠠᠭᠠᠬᠤ ᠳᠤᠭᠤᠶᠢᠯᠠᠩ ᠤᠨ ᠪᠦᠷᠢᠯᠳᠦᠭᠦᠨ ᠨᠠᠷ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠲᠠᠩᠰᠠ ᠡᠪᠬᠡᠮᠡᠯ ᠤᠨ ᠮᠠᠲ᠋ᠧᠷᠢᠶᠠᠯ ᠢ ᠪᠠᠶᠢᠴᠠᠭᠠᠨ ᠦᠵᠡᠬᠦ᠂ ᠲᠤᠰᠬᠠᠢ ᠶᠠᠷᠢᠯᠴᠠᠨ ᠣᠶᠢᠯᠠᠭᠠᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠶᠢᠨ ᠠᠵᠢᠯ᠂ ᠬᠠᠤᠯᠢ ᠶᠣᠰᠣᠭᠠᠷ ᠰᠤᠷᠭᠠᠭᠤᠯᠢ ᠶᠢ ᠵᠠᠰᠠᠬᠤ᠂ ᠵᠢᠭᠠᠨ ᠰᠤᠷᠭᠠᠯᠲᠠ ᠶᠢᠨ ᠬᠠᠮᠢᠶᠠᠷᠤᠯᠲᠠ᠂ ᠶᠣᠰᠣ ᠮᠣᠷᠠᠯ ᠤᠨ ᠬᠥᠮᠦᠵᠢᠯ ᠤᠨ ᠠᠵᠢᠯ᠂ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠤᠷᠠᠯᠢᠭ ᠤᠨ ᠠᠵᠢᠯ᠂ ᠲᠤᠷᠰᠢᠯᠲᠠ ᠶᠢᠨ ᠵᠢᠭᠠᠨ ᠰᠤᠷᠭᠠᠯᠲᠠ᠂ ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ᠂ ᠨᠣᠮ ᠪᠢᠴᠢᠭ ᠤᠨ ᠬᠠᠮᠢᠶᠠᠷᠤᠯᠲᠠ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠵᠢᠴᠢ ᠬᠠᠪᠤᠷ ᠤᠨ ᠤᠯᠠᠷᠢᠯ ᠤᠨ ᠰᠤᠷᠤᠯᠭ᠎ᠠ ᠡᠬᠢᠯᠡᠬᠦ ᠠᠵᠢᠯ ᠤᠨ ᠨᠥᠬᠦᠴᠡᠯ ᠤᠨ ᠪᠠᠲᠤᠯᠠᠭ᠎ᠠ ᠶᠢᠨ ᠪᠠᠶᠢᠳᠠᠯ ᠢ ᠭᠦᠢᠴᠡᠳ ᠣᠶᠢᠯᠠᠭᠠᠬᠤ ᠬᠡᠷᠡᠭᠲᠡᠢ ᠬᠡᠵᠡᠢ᠃    ᠬᠤᠷᠠᠯ ᠠᠴᠠ᠂ ᠨᠢᠭᠡ ᠳᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠦᠬᠦ ᠲᠠᠯ᠎ᠠ ᠪᠠᠷ᠂ ᠤᠯᠠᠨ ᠲᠠᠯ᠎ᠠ ᠠᠴᠠ ᠰᠤᠷᠭᠠᠭᠤᠯᠢ ᠶᠢᠨ ᠣᠨ ᠤ ᠠᠵᠢᠯ ᠤᠨ ᠣᠯᠣᠭᠰᠠᠨ ᠪᠣᠳᠠᠲᠤ ᠦᠷ᠎ᠡ ᠪᠦᠲᠦᠮᠵᠢ ᠳᠤ ᠦᠨᠡᠯᠡᠯᠲᠡ ᠬᠢᠨ᠎ᠡ︔ ᠬᠤᠶᠠᠷ ᠲᠤ ᠦᠷ᠎ᠡ ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠶᠠᠪᠤᠴᠠ ᠳᠤ ᠣᠯᠣᠭᠰᠠᠨ ᠠᠮᠵᠢᠯᠲᠠ ᠪᠦᠲᠦᠮᠵᠢ᠂ ᠰᠤᠷᠭᠠᠭᠤᠯᠢ ᠡᠷᠭᠢᠯᠡᠬᠦ ᠣᠨᠴᠠᠯᠢᠭ᠂ ᠳ᠋ᠦᠩᠨᠡᠭᠰᠡᠨ ᠲᠤᠷᠰᠢᠯᠭ᠎ᠠ ᠶᠢ ᠢᠯᠡᠷᠡᠭᠦᠯᠬᠦ ᠶᠢ ᠴᠢᠬᠤᠯᠠᠴᠢᠯᠠᠵᠤ᠂ ᠰᠤᠷᠭᠠᠭᠤᠯᠢ ᠶᠢ ᠵᠢᠯᠣᠭᠤᠳᠤᠨ ᠰᠤᠷᠭᠠᠭᠤᠯᠢ ᠡᠷᠭᠢᠯᠡᠬᠦ ᠦᠷ᠎ᠡ ᠠᠰᠢᠭ ᠪᠠ ᠰᠤᠷᠭᠠᠭᠤᠯᠢ ᠡᠷᠭᠢᠯᠡᠬᠦ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠢᠨᠠᠨ ᠵᠢᠯᠤᠭᠤᠳᠬᠤ ᠪᠠᠷ ᠬᠥᠭᠵᠢᠯᠲᠡ ᠶᠢ ᠠᠬᠢᠭᠤᠯᠬᠤ ᠦᠷ᠎ᠡ ᠪᠦᠲᠦᠮᠵᠢ ᠳᠤ ᠦᠨᠡᠨ ᠬᠦ ᠬᠦᠷᠦᠭᠦᠯᠦᠨ᠎ᠡ︔ ᠭᠤᠷᠪᠠ ᠳᠤ ᠡᠷᠬᠡ ᠲᠡᠭᠰᠢ ᠲᠥᠪ ᠭᠤᠥᠯᠴᠢ ᠪᠠᠶᠢᠬᠤ ᠶᠢ ᠪᠠᠷᠢᠮᠲᠠᠯᠠᠵᠤ᠂ ᠬᠢᠨᠠᠨ ᠵᠢᠯᠤᠭᠤᠳᠴᠤ ᠦᠨᠡᠯᠡᠨ ᠵᠢᠱᠢᠬᠦ ᠶᠠᠪᠤᠴᠠ ᠳᠤ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠰᠤᠷᠭᠠᠭᠤᠯᠢ ᠶᠢᠨ ᠠᠵᠢᠯ ᠳᠤ ᠪᠤᠰᠤᠳᠴᠢ᠂ ᠦᠨᠡᠨ ᠪᠣᠳᠠᠲᠠᠢ ᠂ ᠨᠠᠷᠢᠯᠢᠭ ᠣᠨᠣᠴᠠᠲᠠᠢ ᠦᠨᠡᠯᠡᠯᠲᠡ ᠬᠢᠨ᠎ᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号