ᠪᠠᠶᠠᠨᠬᠤᠰᠢᠭᠤ ᠬᠤᠶᠠᠳᠤᠭᠠᠷ ᠳᠤᠮᠳᠠᠳᠤ ᠰᠤᠷᠭᠠᠭᠤᠯᠢ ᠪᠡᠶ᠎ᠡ ᠶᠢᠨ ᠲᠠᠮᠢᠷ ᠤᠨ ᠵᠢᠭᠠᠨ ᠰᠤᠷᠭᠠᠯᠲᠠ ᠶᠢᠨ ᠠᠵᠢᠯ ᠤᠨ ᠲᠤᠰᠬᠠᠢ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/21
   ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ︽2023 ᠣᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠡᠶ᠎ᠡ ᠶᠢᠨ ᠲᠠᠮᠢᠷ ᠬᠢᠭᠡᠳ ᠡᠷᠡᠭᠦᠯ ᠮᠡᠨᠳᠦ ᠶᠢᠨ ᠰᠢᠯᠭᠠᠯᠲᠠ ᠶᠢᠨ ᠲᠥᠷᠥᠯ ᠵᠦᠢᠯ ᠳᠤ ᠲᠣᠬᠢᠷᠠᠭᠤᠯᠤᠯᠲᠠ ᠬᠢᠬᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠪᠥᠬᠦ ᠣᠷᠣᠨ ᠤ 2023 ᠣᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠡᠶ᠎ᠡ ᠶᠢᠨ ᠲᠠᠮᠢᠷ ᠬᠢᠭᠡᠳ ᠡᠷᠡᠭᠦᠯ ᠮᠡᠨᠳᠦ ᠶᠢᠨ ᠰᠢᠯᠭᠠᠯᠲᠠ ᠶᠢᠨ ᠲᠥᠷᠥᠯ ᠵᠦᠢᠯ ᠳᠤ ᠵᠣᠬᠢᠴᠠᠩᠭᠤᠢ ᠲᠣᠬᠢᠷᠠᠭᠤᠯᠤᠯᠲᠠ ᠬᠢᠬᠦ ᠪᠠᠷ ᠲᠣᠭᠲᠠᠪᠠ᠃ 2 ᠳ᠋ᠤᠭᠠᠷ ᠰᠠᠷ᠎ᠠ ᠶᠢᠨ 14 ᠤ ᠡᠳᠦᠷ᠂ ᠪᠠᠶᠠᠨᠬᠤᠰᠢᠭᠤ ᠬᠤᠶᠠᠳᠤᠭᠠᠷ ᠳᠤᠮᠳᠠᠳᠤ ᠰᠤᠷᠭᠠᠭᠤᠯᠢ ᠥᠪᠡᠷᠲᠡᠭᠡᠨ ᠵᠠᠰᠠᠬᠤ ᠣᠷᠣᠨ ᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠣᠯᠣᠨ ᠰᠤᠷᠭᠠᠭᠤᠯᠢ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠪᠡᠶ᠎ᠡ ᠶᠢᠨ ᠲᠠᠮᠢᠷ ᠤᠨ ᠵᠢᠭᠠᠨ ᠰᠤᠷᠭᠠᠯᠲᠠ ᠶᠢᠨ ᠠᠵᠢᠯ ᠤᠨ ᠲᠤᠰᠬᠠᠢ ᠬᠤᠷᠠᠯ ᠬᠤᠷᠠᠯᠳᠤᠭᠤᠯᠪᠠ᠃ ᠶᠢᠨ ᠲᠢᠶ᠋ᠧ ᠹᠧᠩ ᠰᠤᠷᠭᠠᠭᠤᠯᠢ ᠶᠢᠨ ᠵᠠᠬᠢᠷᠤᠯ᠂ ᠳᠡᠳ᠋ ᠵᠠᠬᠢᠷᠤᠯ ᠰᠦᠨ ᠱᠣ ᠹᠧᠩ ᠪᠣᠯᠣᠨ ᠪᠥᠬᠦ ᠪᠡᠶ᠎ᠡ ᠶᠢᠨ ᠲᠠᠮᠢᠷ ᠤᠨ ᠪᠠᠭᠰᠢ ᠨᠠᠷ ᠬᠤᠷᠠᠯ ᠳᠤ ᠣᠷᠣᠯᠴᠠᠪᠠ᠃ᠬᠤᠷᠠᠯ ᠳᠡᠭᠡᠷ᠎ᠡ᠂ ᠳ᠋ᠦᠩ ᠳ᠋ᠦᠩ ᠡᠷᠬᠢᠯᠡᠭᠴᠢ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠤᠷᠠᠯᠢᠭ ᠤᠨ ᠣᠶᠢᠷ᠎ᠠ ᠶᠢᠨ ᠬᠤᠭᠤᠴᠠᠭᠠᠨ ᠤ ᠠᠵᠢᠯ ᠤᠨ ᠲᠣᠬᠢᠷᠠᠭᠤᠯᠤᠯᠲᠠ ᠪᠠ ᠪᠣᠳᠠᠲᠠᠢ ᠱᠠᠭᠠᠷᠳᠠᠯᠭ᠎ᠠ ᠶᠢ ᠤᠯᠠᠮᠵᠢᠯᠠᠵᠤ᠂ ︽ᠬᠢᠩᠭᠠᠨ ᠠᠶᠢᠮᠠᠭ ᠤᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠶᠢᠨ ᠪᠡᠶ᠎ᠡ ᠶᠢᠨ ᠲᠠᠮᠢᠷ ᠬᠢᠭᠡᠳ ᠡᠷᠡᠭᠦᠯ ᠮᠡᠨᠳᠦ ᠶᠢᠨ ᠦᠨᠡᠯᠡᠯᠲᠡ ᠶᠢᠨ ᠬᠡᠷᠡᠭᠵᠢᠭᠦᠯᠬᠦ ᠲᠥᠰᠥᠯ ︵ᠲᠤᠷᠰᠢᠨ ᠬᠡᠷᠡᠭᠵᠢᠭᠦᠯᠬᠦ︶︾ ᠢ ᠰᠤᠷᠤᠯᠴᠠᠪᠠ᠃   ᠳᠡᠳ᠋ ᠵᠠᠬᠢᠷᠤᠯ ᠰᠦᠨ ᠱᠤ᠋ ᠹᠧᠩ ᠴᠢᠬᠤᠯᠠᠴᠢᠯᠠᠬᠤ ᠳᠠᠭᠠᠨ᠂ ᠰᠠᠭᠤᠷᠢ ᠣᠨ ᠪᠣᠯᠣᠨ ᠡᠯ᠎ᠡ ᠣᠨ ᠤ ᠬᠤᠭᠤᠷᠣᠨᠳᠣᠬᠢ ᠬᠠᠮᠵᠢᠯᠴᠠᠭ᠎ᠠ ᠶᠢ ᠴᠢᠬᠤᠯᠠᠴᠢᠯᠠᠵᠤ᠂ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠬᠦ ᠬᠡᠷᠡᠭᠲᠡᠢ ᠭᠡᠵᠡᠢ᠃ ᠳᠣᠯᠣᠳᠤᠭᠠᠷ ᠣᠨ ᠤ ᠰᠠᠭᠤᠷᠢ ᠪᠡᠶ᠎ᠡ ᠶᠢᠨ ᠲᠠᠮᠢᠷ ᠤᠨ ᠵᠢᠭᠠᠨ ᠰᠤᠷᠭᠠᠯᠲᠠ ᠶᠢᠨ ᠠᠵᠢᠯ ᠢ ᠰᠠᠶᠢᠲᠤᠷ ᠬᠢᠵᠦ᠂ ᠨᠠᠢᠮᠠᠳᠤᠭᠠᠷ ᠣᠨ ᠤ ᠣᠨᠣᠯ ᠤᠨ ᠰᠢᠯᠭᠠᠯᠲᠠ ᠪᠠ ᠶᠢᠰᠦᠳᠦᠭᠡᠷ ᠣᠨ ᠤ ᠲᠠᠪᠤᠳᠤᠭᠠᠷ ᠰᠠᠷ᠎ᠠ ᠶᠢᠨ ᠪᠡᠶ᠎ᠡ ᠶᠢᠨ ᠲᠠᠮᠢᠷ ᠤᠨ ᠥᠨᠳᠥᠷ ᠳᠤᠮᠳᠠᠳᠤ ᠶᠢᠨ ᠰᠢᠯᠭᠠᠯᠲᠠ ᠶᠢ ᠦᠷᠭᠦᠯᠵᠢᠯᠡᠨ ᠰᠠᠶᠢᠲᠤᠷ ᠬᠢᠬᠦ ᠶᠢᠨ ᠬᠠᠮᠲᠤ ᠪᠠᠭᠰᠢ ᠰᠤᠷᠤᠭᠴᠢᠳ ᠲᠤ ᠥᠨᠳᠥᠷ ᠳᠤᠮᠳᠠᠳᠤ ᠶᠢᠨ ᠰᠢᠯᠭᠠᠯᠲᠠ ᠶᠢᠨ ᠪᠡᠶ᠎ᠡ ᠶᠢᠨ ᠲᠠᠮᠢᠷ ᠤᠨ ᠥᠭᠡᠷᠡᠴᠢᠯᠡᠯᠲᠡ ᠶᠢᠨ ᠲᠥᠰᠥᠯ ᠢ ᠲᠠᠶᠢᠯᠪᠤᠷᠢᠯᠠᠵᠤ ᠥᠭᠭᠦᠨ᠎ᠡ᠃ ᠡᠭᠦᠨ ᠤ ᠬᠠᠮᠲᠤ ᠡᠯ᠎ᠡ ᠣᠨ ᠤ ᠪᠡᠶ᠎ᠡ ᠶᠢᠨ ᠲᠠᠮᠢᠷ ᠤᠨ ᠵᠢᠭᠠᠨ ᠰᠤᠷᠭᠠᠯᠲᠠ ᠶᠢ ᠠᠭᠤᠰᠤᠯᠴᠠᠭᠤᠯᠬᠤ ᠠᠵᠢᠯ ᠢ ᠴᠢᠩᠭᠠᠳᠬᠠᠨ᠎ᠠ᠃   ᠰᠤᠷᠭᠠᠭᠤᠯᠢ ᠶᠢᠨ ᠵᠠᠬᠢᠷᠤᠯ ᠶᠢᠨ ᠲᠢᠶᠧ ᠹᠧᠩ ᠴᠢᠬᠤᠯᠠᠴᠢᠯᠠᠬᠤ ᠳᠠᠭᠠᠨ᠂ 2025 ᠣᠨ ᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠪᠡᠶ᠎ᠡ ᠶᠢᠨ ᠲᠠᠮᠢᠷ ᠤᠨ ᠰᠢᠯᠭᠠᠯᠲᠠ ᠶᠢᠨ ᠬᠤᠪᠢ ᠶᠢᠨ ᠬᠡᠮᠵᠢᠭᠳᠡᠯ ᠢ 80 ᠬᠤᠪᠢ ᠪᠣᠯᠭᠠᠨ ᠳᠡᠭᠡᠭᠰᠢᠯᠡᠭᠦᠯᠵᠦ᠂ ᠡᠳᠦᠷ ᠲᠤᠲᠤᠮ ᠤᠨ ᠵᠢᠭᠠᠨ ᠰᠤᠷᠭᠠᠯᠲᠠ ᠶᠢᠨ ᠶᠠᠪᠤᠴᠠ ᠳᠤ ᠪᠡᠶ᠎ᠡ ᠶᠢᠨ ᠲᠠᠮᠢᠷ ᠢ ᠪᠥᠬᠦ ᠰᠤᠷᠤᠭᠴᠢᠳ ᠲᠤ ᠬᠠᠨᠳᠤᠭᠤᠯᠬᠤ ᠶᠢ ᠪᠠᠷᠢᠮᠲᠠᠯᠠᠬᠤ ᠬᠡᠷᠡᠭᠲᠡᠢ᠂ ᠡᠭᠦᠨ ᠤ ᠭᠤᠣᠯ ᠵᠣᠷᠢᠯᠭ᠎ᠠ ᠨᠢ ᠰᠤᠷᠤᠭᠴᠢᠳ ᠢ ᠬᠥᠲᠥᠯᠥᠨ ᠵᠢᠯᠤᠭᠤᠳᠴᠤ ᠪᠠᠶᠢᠭᠠᠳ ᠰᠢᠨᠵᠢᠯᠡᠬᠦ ᠤᠬᠠᠭᠠᠨᠴᠢ ᠪᠠᠷ ᠪᠣᠯᠪᠠᠰᠤᠷᠠᠬᠤ ᠰᠠᠶᠢᠨ ᠰᠠᠶᠢᠬᠠᠨ ᠳᠠᠳᠬᠠᠯ ᠲᠠᠢ ᠪᠣᠯᠭᠠᠵᠤ᠂ ᠦᠨᠳᠦᠰᠦᠨ ᠡᠷᠡᠭᠦᠯ ᠮᠡᠨᠳᠦ ᠶᠢᠨ ᠮᠡᠳᠡᠯᠭᠡ ᠪᠠ ᠦᠨᠳᠦᠰᠦᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠤᠷ᠎ᠠ ᠴᠢᠳᠠᠪᠤᠷᠢ ᠶᠢ ᠡᠵᠡᠮᠰᠢᠭᠦᠯᠵᠦ᠂ ᠲᠤᠰᠬᠠᠢ ᠲᠥᠷᠥᠯ ᠤᠨ ᠤᠷ᠎ᠠ ᠴᠢᠳᠠᠪᠤᠷᠢ ᠶᠢᠨ ᠪᠦᠷᠢᠯᠳᠦᠬᠦ ᠶᠢ ᠠᠬᠢᠭᠤᠯᠬᠤ ᠶᠢᠨ ᠲᠥᠯᠥᠭᠡ ᠶᠤᠮ ᠭᠡᠵᠡᠢ᠃ ᠪᠡᠶ᠎ᠡ ᠶᠢᠨ ᠲᠠᠮᠢᠷ ᠤᠨ ᠪᠠᠭᠰᠢ ᠶᠢ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠵᠢᠭᠠᠨ ᠰᠤᠷᠭᠠᠯᠲᠠ ᠶᠢᠨ ᠶᠠᠪᠤᠴᠠ ᠪᠠᠨ ᠲᠡᠭᠦᠯᠳᠡᠷᠵᠢᠭᠦᠯᠦᠨ᠂ ᠠᠵᠢᠯ ᠤᠨ ᠣᠪᠣᠷ ᠢᠶᠠᠨ ᠲᠣᠬᠢᠷᠠᠭᠤᠯᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠪᠡᠶ᠎ᠡ ᠶᠢᠨ ᠲᠠᠮᠢᠷ ᠤᠨ ᠵᠢᠭᠠᠨ ᠰᠤᠷᠭᠠᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ ᠬᠡᠵᠡᠢ᠃   ᠲᠣᠰ ᠤᠳᠠᠭᠠᠨ ᠤ ᠬᠤᠷᠠᠯᠳᠤᠭᠠᠨ ᠤ ᠬᠤᠷᠠᠯᠳᠤᠭᠰᠠᠨ ᠨᠢ ᠰᠤᠷᠭᠠᠭᠤᠯᠢ ᠶᠢᠨ ᠲᠠᠷᠠᠭᠠᠴᠢ ᠶᠢᠨ ᠪᠡᠶ᠎ᠡ ᠶᠢᠨ ᠲᠠᠮᠢᠷ ᠤᠨ ᠵᠢᠭᠠᠨ ᠰᠤᠷᠭᠠᠯᠲᠠ ᠶᠢᠨ ᠠᠵᠢᠯ ᠤᠨ ᠤᠷᠤᠭᠰᠢᠲᠠᠢ ᠶᠠᠪᠤᠭᠳᠠᠬᠤ ᠳᠤ ᠴᠢᠭᠯᠡᠯ ᠢ ᠲᠣᠳᠣᠷᠬᠠᠢ ᠵᠢᠭᠠᠨ ᠥᠭᠴᠦ᠂ ᠪᠡᠶ᠎ᠡ ᠶᠢᠨ ᠲᠠᠮᠢᠷ ᠤᠨ ᠥᠨᠳᠥᠷ ᠳᠤᠮᠳᠠᠳᠤ ᠶᠢᠨ ᠰᠢᠯᠭᠠᠯᠲᠠ ᠶᠢᠨ ᠥᠭᠡᠷᠡᠴᠢᠯᠡᠯᠲᠡ ᠶᠢ ᠠᠷᠭᠠᠴᠠᠬᠤ ᠳᠤ ᠡᠷᠲᠡ ᠠᠴᠠ ᠲᠣᠬᠢᠷᠠᠭᠤᠯᠵᠤ᠂ ᠪᠠᠭᠰᠢ ᠨᠠᠷ ᠡᠭᠦᠷᠭᠡ ᠬᠠᠷᠢᠭᠤᠴᠠᠯᠭ᠎ᠠ ᠪᠠᠨ ᠨᠡᠩ ᠢᠯᠡᠭᠦᠦ ᠡᠭᠦᠷᠭᠡᠯᠡᠵᠦ᠂ ᠢᠲᠡᠭᠡᠯ ᠵᠣᠷᠢᠭ ᠢᠶᠠᠨ ᠨᠡᠩ ᠢᠯᠡᠭᠦᠦ ᠬᠥᠪᠴᠢᠯᠡᠵᠦ᠂ ᠪᠠᠶᠠᠨᠬᠤᠰᠢᠭᠤ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠵᠢᠭᠠᠨ ᠰᠤᠷᠭᠠᠯᠲᠠ ᠶᠢᠨ ᠠᠵᠢᠯ ᠰᠢᠨ᠎ᠡ ᠳᠡᠭᠲᠡᠷ ᠲᠤ ᠭᠠᠷᠬᠤ ᠶᠢ ᠢᠲᠡᠭᠡᠵᠦ ᠪᠠᠶᠢᠨ᠎ᠠ᠃ 
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号