ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2023/2/21
    ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠭᠤᠯᠤᠯᠭ᠎ᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ 2022 ᠣᠨ ᠤ ᠨᠠᠮ ᠪᠠ ᠲᠥᠷᠥ ᠶᠢᠨ ᠪᠠᠶᠢᠭᠤᠯᠤᠯᠭ᠎ᠠ ᠶᠢᠨ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠬᠢᠨᠠᠮᠠᠭᠠᠢ ᠰᠠᠶᠢᠲᠤᠷ ᠬᠤᠷᠠᠯᠳᠤᠭᠤᠯᠬᠤ ᠲᠤᠬᠠᠢ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ 2 ᠳ᠋ᠤᠭᠠᠷ ᠰᠠᠷ᠎ᠠ ᠶᠢᠨ 15 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠨᠠᠢᠮᠠᠳᠤᠭᠠᠷ ᠰᠢᠪᠠᠳᠠᠨ ᠵᠢᠯᠤᠭᠤᠳᠬᠤ ᠳᠤᠭᠤᠶᠢᠯᠠᠩ ᠤᠨ ᠳᠠᠷᠤᠭ᠎ᠠ᠂ ᠬᠤᠰᠢᠭᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠰᠦᠨ ᠸᠧᠨ ᠨᠥᠬᠦᠷ᠂ ᠦᠬᠡᠷ ᠬᠤᠰᠢᠭᠤ ᠨᠤᠭᠤ ᠭᠠᠵᠠᠷ ᠤᠨ ᠣᠷᠣᠨ ᠨᠤᠲᠤᠭ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠰᠢᠤᠸᠠᠢ ᠮᠢᠨ ᠨᠥᠬᠦᠷ ᠬᠤᠷᠠᠯ ᠳᠤ ᠣᠷᠣᠯᠴᠠᠨ ᠵᠢᠭᠠᠨ ᠵᠢᠯᠤᠭᠤᠳᠴᠤ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠬᠤᠷᠠᠯ ᠳᠤ ᠣᠷᠣᠯᠴᠠᠵᠠᠢ ᠃ ᠬᠤᠷᠠᠯ ᠢ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠺᠠᠩ ᠯᠢᠶᠠᠨ ᠢ ᠨᠥᠬᠦᠷ ᠡᠷᠭᠢᠯᠡᠵᠡᠶ᠃   ᠬᠤᠷᠠᠯ ᠳᠡᠭᠡᠷ᠎ᠡ᠂ ᠺᠠᠩ ᠲᠣᠪᠴᠢᠶᠠᠨ ᠳᠠᠷᠤᠭ᠎ᠠ ᠤᠳᠤᠷᠢᠳᠬᠤ ᠪᠠᠭ ᠤᠨ ᠨᠠᠮ ᠤᠨ ᠲᠡᠦᠬᠡ  ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠭᠰᠠᠨ ᠠᠮᠢᠳᠤᠷᠠᠯ ᠤᠨ ᠬᠤᠷᠠᠯ ᠤᠨ ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠠᠷᠠᠳᠴᠢᠯᠠᠭᠰᠠᠨ ᠠᠮᠢᠳᠤᠷᠠᠯ ᠤᠨ ᠬᠤᠷᠠᠯ ᠤᠨ ᠰᠠᠨᠠᠯ ᠬᠤᠷᠢᠶᠠᠭᠰᠠᠨ ᠪᠠᠶᠢᠳᠠᠯ  ᠢ ᠮᠡᠳᠡᠭᠳᠡᠭᠰᠡᠨ ᠪᠥᠭᠡᠳ ᠨᠠᠮ ᠤᠨ ᠤᠳᠤᠷᠢᠳᠬᠤ ᠳᠤᠭᠤᠶᠢᠯᠠᠩ ᠤᠨ ᠡᠮᠦᠨ᠎ᠡ ᠠᠴᠠ ᠬᠠᠷᠢᠴᠠᠭᠤᠯᠤᠨ ᠪᠠᠶᠢᠴᠠᠭᠠᠪᠠ᠃ ᠨᠠᠮ ᠤᠨ ᠤᠳᠤᠷᠢᠳᠬᠤ ᠳᠤᠭᠤᠶᠢᠯᠠᠩ ᠤᠨ ᠪᠦᠬᠦ ᠪᠦᠷᠢᠯᠳᠦᠭᠦᠨ ᠳᠡᠰ ᠳᠠᠷᠠᠭ᠎ᠠ ᠲᠠᠢ ᠪᠠᠷ ᠬᠤᠪᠢ ᠬᠥᠮᠥᠨ ᠤ ᠬᠠᠷᠢᠴᠠᠭᠤᠯᠤᠭᠰᠠᠨ ᠪᠠᠶᠢᠴᠠᠭᠠᠯᠲᠠ ᠬᠢᠵᠦ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠥᠷᠨᠢᠭᠦᠯᠪᠡ᠃ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠰᠦᠨ ᠸᠧᠨ ᠨᠥᠬᠦᠷ ᠲᠣᠰ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠦᠨᠡᠯᠡᠯᠲᠡ ᠬᠢᠵᠦ᠂ ᠰᠤᠷᠭᠠᠨ ᠬᠥᠮᠦᠵᠢᠯ ᠤᠨ ᠲᠣᠪᠴᠢᠶ᠎ᠠ ᠶᠢᠨ ᠤᠳᠤᠷᠢᠳᠬᠤ ᠪᠠᠭ ᠲᠤ ᠭᠦᠢᠴᠡᠳ ᠨᠤᠲᠠᠯᠠᠯᠲᠠ ᠪᠠ ᠥᠨᠳᠥᠷ ᠦᠨᠡᠯᠡᠯᠲᠡ ᠥᠭᠭᠦᠭᠰᠡᠨ ᠪᠥᠭᠡᠳ ᠣᠷᠣᠰᠢᠵᠤ ᠪᠠᠶᠢᠭ᠎ᠠ ᠠᠰᠠᠭᠤᠳᠠᠯ ᠢ ᠦᠨᠡᠨ ᠢ ᠪᠠᠷᠢᠮᠲᠠᠯᠠᠨ ᠵᠢᠭᠠᠨ ᠭᠠᠷᠭᠠᠵᠤ᠂ ᠲᠠᠷᠠᠭᠠᠴᠢ ᠶᠢᠨ ᠠᠯᠬᠤᠮ ᠤᠨ ᠠᠵᠢᠯ ᠳᠤ ᠲᠣᠳᠣᠷᠬᠠᠢ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃   ᠺᠠᠩ ᠯᠢᠶᠠᠨ ᠢ ᠳ᠋ᠦᠩᠨᠡᠯᠲᠡ ᠶᠢᠨ ᠶᠠᠷᠢᠶᠠᠨ ᠳᠠᠭᠠᠨ ᠴᠢᠬᠤᠯᠠᠴᠢᠯᠠᠭᠰᠠᠨ ᠨᠢ᠂ ᠨᠢᠭᠡ ᠳᠤ᠂ ᠤᠯᠤᠰ ᠲᠥᠷᠥ ᠶᠢᠨ ᠡᠭᠦᠷᠭᠡᠯᠡᠯ ᠢᠶᠠᠨ ᠴᠢᠩᠭᠠᠳᠬᠠᠵᠤ᠂ ᠤᠨᠤᠯ ᠢᠶᠠᠷ ᠵᠡᠪᠰᠡᠭᠯᠡᠬᠦ ᠶᠢ ᠭᠦᠨᠵᠡᠭᠡᠶᠢᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾  ᠢᠶᠠᠨ ᠴᠢᠨᠠᠭᠰᠢᠳᠠ ᠴᠢᠩᠭᠠᠳᠬᠠᠵᠤ᠂ ︽ᠲᠦᠷᠪᠡᠨ ᠢᠲᠡᠭᠡᠯ︾  ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠤᠨ ᠲᠥᠪ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ︔ ᠬᠤᠶᠠᠷ ᠲᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠤᠪᠤᠶᠢᠯᠭᠠᠵᠤ᠂ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ᠂ ᠬᠤᠪᠢᠳᠠᠨ ᠬᠠᠮᠢᠶᠠᠷᠴᠤ ᠪᠠᠶᠢᠭ᠎ᠠ ᠠᠵᠢᠯ ᠤᠨ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠱᠠᠲᠤ ᠱᠠᠲᠤ ᠪᠠᠷ ᠳᠠᠷᠤᠯᠲᠠ ᠥᠭᠴᠦ᠂ ᠱᠠᠲᠤ ᠱᠠᠲᠤ ᠪᠠᠷ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠥᠨᠳᠥᠷ ᠪᠦᠲᠦᠮᠵᠢᠲᠡᠢ ᠠᠬᠢᠬᠤ ᠶᠢ ᠪᠠᠲᠤᠯᠠᠬᠤ ᠬᠡᠷᠡᠭᠲᠡᠢ︔ ᠭᠤᠷᠪᠠ ᠳᠤ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠵᠦ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠦᠨᠳᠦᠰᠦ ᠰᠤᠷᠪᠤᠯᠵᠢ ᠠᠴᠠ ᠨᠢ ᠠᠯᠳᠠᠰᠢ ᠭᠠᠷᠬᠤ ᠶᠢ ᠬᠤᠷᠢᠭᠯᠠᠵᠤ᠂ ᠠᠰᠠᠭᠤᠳᠠᠯ ᠢ ᠰᠢᠢᠳᠪᠦᠷᠢᠯᠡᠬᠦ ᠪᠠᠷ ᠬᠦᠴᠦᠯᠡᠵᠦ᠂ ᠴᠡᠭᠴᠡᠯᠡᠨ ᠰᠠᠶᠢᠵᠢᠷᠠᠭᠤᠯᠬᠤ ᠪᠠᠷ ᠳᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠶᠢ ᠠᠬᠢᠭᠤᠯᠵᠤ᠂ ᠠᠰᠠᠭᠤᠳᠠᠯ ᠢ ᠲᠤᠤᠱᠲᠠᠢ ᠰᠢᠢᠳᠪᠦᠷᠢᠯᠡᠬᠦ ᠶᠢ ᠪᠠᠲᠤᠯᠠᠵᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠨᠠᠮ ᠤᠨ ᠪᠠᠶᠢᠭᠤᠯᠤᠯᠲᠠ ᠶᠢ ᠴᠢᠩᠭᠠᠳᠬᠠᠬᠤ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ ᠴᠢᠬᠤᠯᠠ ᠬᠦᠴᠦᠨ ᠪᠣᠯᠭᠠᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号