ᠮᠠᠨ ᠤ ᠣᠷᠣᠨ 204 ᠬᠡᠦᠬᠡᠳ ᠤᠨ ᠴᠡᠴᠡᠷᠯᠢᠭ 676 ᠳᠤᠮᠳᠠᠳᠤ ᠪᠠᠭ᠎ᠠ ᠰᠤᠷᠭᠠᠭᠤᠯᠢ ᠶᠢ ᠰᠢᠨ᠎ᠡ ᠪᠠᠷ ᠪᠠᠶᠢᠭᠤᠯᠬᠤ ᠪᠤᠶᠤ ᠥᠷᠭᠡᠳᠬᠡᠨ ᠪᠠᠶᠢᠭᠤᠯᠤᠨ᠎ᠠ
ᠨᠡᠶᠢᠲᠡᠯᠡᠭᠰᠡᠨ ᠴᠠᠭ᠄
2023/2/22
   ᠰᠤᠷᠪᠤᠯᠵᠢᠯᠠᠭᠴᠢ 2023 ᠣᠨ ᠤ ᠪᠦᠬᠦ ᠣᠷᠣᠨ ᠤ ᠰᠤᠷᠭᠠᠨ ᠬᠥᠮᠦᠵᠢᠯ ᠤᠨ ᠠᠵᠢᠯ ᠤᠨ ᠬᠤᠷᠠᠯ ᠠᠴᠠ ᠣᠶᠢᠯᠠᠭᠠᠭᠰᠠᠨ ᠢᠶᠠᠷ᠂ ᠡᠨᠡ ᠵᠢᠯ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠰᠤᠷᠭᠠᠨ ᠬᠥᠮᠦᠵᠢᠯ ᠢᠶᠠᠷ ᠠᠷᠠᠳ ᠲᠤ ᠠᠰᠢᠭ ᠬᠦᠷᠲᠡᠭᠡᠬᠦ ᠶᠢ ᠦᠷᠭᠦᠯᠵᠢᠯᠡᠨ ᠪᠠᠷᠢᠮᠲᠠᠯᠠᠵᠤ᠂ ᠰᠠᠭᠤᠷᠢ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃   ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠪᠣᠯᠣᠨ ᠤᠨᠴᠠᠭᠠᠢ ᠰᠤᠷᠭᠠᠨ ᠬᠥᠮᠦᠵᠢᠯ ᠤᠨ ᠲᠠᠯ᠎ᠠ ᠪᠠᠷ᠂ ᠲᠦᠭᠡᠮᠡᠯᠵᠢᠭᠦᠯᠬᠦ ᠪᠠ ᠠᠰᠢᠭ ᠬᠦᠷᠳᠡᠬᠡᠬᠦ ᠶᠢ ᠳᠤᠪᠤᠶᠢᠯᠭᠠᠨ᠎ᠠ᠃ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠭᠤᠣᠯᠳᠠᠯᠭ᠎ᠠ ᠶᠢ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ᠂ ᠲᠦᠭᠡᠮᠡᠯ ᠬᠠᠷᠠᠭᠠᠯᠵᠠᠯ ᠤᠨ ᠬᠡᠦᠬᠡᠳ ᠤᠨ ᠴᠡᠴᠡᠷᠯᠢᠭ ᠤᠨ ᠴᠡᠴᠡᠷᠯᠢᠭ ᠲᠤ ᠪᠠᠶᠢᠭ᠎ᠠ ᠬᠡᠦᠬᠡᠳ ᠤᠨ ᠡᠵᠡᠯᠡᠬᠦ ᠬᠠᠷᠢᠴᠠᠯ ᠢ ᠳᠡᠭᠡᠭᠰᠢᠯᠡᠭᠦᠯᠬᠦ ᠳᠡᠭᠡᠷ᠎ᠡ ᠲᠥᠪᠯᠡᠷᠡᠭᠦᠯᠵᠦ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠡᠬᠢ ᠪᠠᠶᠠᠯᠢᠭ ᠢ ᠣᠯᠠᠨ ᠠᠷᠭ᠎ᠠ ᠵᠠᠮ ᠢᠶᠠᠷ ᠨᠡᠮᠡᠭᠳᠡᠭᠦᠯᠵᠦ᠂ ᠰᠢᠨᠵᠢᠯᠡᠬᠦ ᠤᠬᠠᠭᠠᠨᠴᠢ ᠪᠠᠷ ᠠᠰᠠᠷᠠᠨ ᠬᠥᠮᠥᠵᠢᠭᠦᠯᠬᠦ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠣᠨᠴᠠᠭᠠᠢ ᠰᠤᠷᠭᠠᠨ ᠬᠥᠮᠦᠵᠢᠯ ᠤᠨ ᠠᠩᠭᠢ ᠳᠠᠭᠠᠵᠤ ᠰᠤᠷᠤᠯᠴᠠᠬᠤ ᠠᠵᠢᠯ ᠢ ᠰᠠᠶᠢᠲᠤᠷ ᠬᠢᠵᠦ᠂ ᠰᠤᠷᠭᠠᠨ ᠬᠥᠮᠦᠵᠢᠯ ᠢ ᠭᠡᠷ ᠲᠦᠨᠢ ᠬᠦᠷᠭᠡᠬᠦ ᠦᠢᠯᠡᠴᠢᠯᠡᠭᠡ ᠶᠢ ᠳᠡᠬᠦᠯᠳᠡᠷᠵᠢᠬᠦᠯᠦᠨ᠎ᠡ᠃ ᠡᠨᠡ ᠵᠢᠯ ᠥᠪᠡᠷᠲᠡᠭᠡᠨ ᠵᠠᠰᠠᠬᠤ ᠣᠷᠣᠨ ᠠᠴᠠ ᠡᠯ᠎ᠡ ᠭᠠᠵᠠᠷ ᠤᠨ 204 ᠬᠡᠦᠬᠡᠳ ᠤᠨ ᠴᠡᠴᠡᠷᠯᠢᠭ᠂ 13 ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ ᠶᠢ ᠰᠢᠨ᠎ᠡ ᠪᠠᠷ ᠪᠠᠶᠢᠭᠤᠯᠬᠤ ᠪᠤᠶᠤ ᠥᠷᠭᠡᠳᠬᠡᠨ ᠪᠠᠶᠢᠭᠤᠯᠬᠤ ᠶᠢ ᠳᠡᠮᠵᠢᠵᠦ᠂ ᠵᠡᠮᠳᠡᠭ ᠬᠡᠦᠬᠡᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠳᠤ ᠣᠷᠣᠬᠤ ᠨᠣᠷᠮ᠎ᠠ ᠶᠢ 97% ᠠᠴᠠ ᠳᠡᠭᠡᠭᠰᠢ ᠳᠤ ᠬᠦᠷᠦᠭᠦᠯᠬᠦ ᠶᠢ ᠪᠠᠲᠤᠯᠠᠨ᠎ᠠ᠃   ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠠᠯ᠎ᠠ ᠪᠠᠷ᠂ ᠴᠢᠨᠠᠷ ᠰᠠᠶᠢᠲᠠᠢ ᠲᠡᠩᠴᠡᠭᠦᠷᠢᠲᠡᠢ ᠪᠠᠶᠢᠬᠤ ᠶᠢ ᠳᠤᠪᠤᠶᠢᠯᠭᠠᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠲᠣᠭᠤᠷᠢᠭ ᠤᠨ ᠳᠦᠷᠢᠮᠲᠦ ᠬᠠᠮᠢᠶᠠᠷᠤᠯᠲᠠ ᠪᠠ ᠪᠦᠯᠦᠭᠯᠡᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠤᠷᠭᠠᠭᠤᠯᠢ ᠶᠢᠨ ᠬᠤᠭᠤᠷᠣᠨᠳᠣᠬᠢ ᠬᠠᠮᠢᠶᠠᠷᠤᠯᠲᠠ᠂ ᠵᠢᠭᠠᠨ ᠰᠤᠷᠭᠠᠯᠲᠠ᠂ ᠵᠢᠭᠠᠨ ᠰᠤᠷᠭᠠᠯᠲᠠ ᠶᠢᠨ ᠰᠤᠳᠤᠯᠭᠠᠨ ᠤ ᠨᠢᠭᠲᠠ ᠤᠶᠠᠯᠳᠤᠯ ᠢ ᠠᠬᠢᠭᠤᠯᠤᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠢ ᠭᠤᠭᠴᠤᠭ᠎ᠠ ᠶᠢ ᠰᠠᠶᠢᠵᠢᠷᠠᠭᠤᠯᠬᠤ ᠪᠠ ᠴᠢᠳᠠᠪᠤᠷᠢ ᠶᠢ ᠳᠡᠭᠡᠭᠰᠢᠯᠡᠭᠦᠯᠬᠦ ᠲᠦᠷᠦᠯ ᠵᠦᠢᠯ ᠢ ᠭᠦᠨᠵᠡᠭᠡᠢ ᠬᠡᠷᠡᠭᠵᠢᠭᠦᠯᠵᠦ᠂ ᠡᠯ᠎ᠡ ᠭᠠᠵᠠᠷ ᠤᠨ 676 ᠳᠤᠮᠳᠠᠳᠤ ᠪᠠᠭ᠎ᠠ ᠰᠤᠷᠭᠠᠭᠤᠯᠢ ᠶᠢ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠪᠠᠶᠢᠭᠤᠯᠬᠤ ᠶᠢ ᠲᠡᠮᠵᠢᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠢᠴᠢᠶᠡᠯ ᠬᠦᠮᠦᠵᠢᠯ ᠤᠨ ᠬᠡᠷᠡᠭᠵᠢᠭᠦᠯᠬᠦ ᠠᠷᠭ᠎ᠠ ᠳᠤ ᠵᠠᠰᠠᠪᠤᠷᠢ ᠣᠷᠣᠭᠤᠯᠵᠤ᠂ ᠬᠢᠴᠢᠶᠡᠯ ᠬᠦᠮᠦᠵᠢᠯ ᠤᠨ ᠬᠠᠮᠢᠶᠠᠷᠤᠯᠲᠠ ᠶᠢ ᠨᠢᠭᠡᠳᠬᠡᠨ᠂ ᠬᠢᠴᠢᠶᠡᠯ ᠬᠦᠮᠦᠵᠢᠯ ᠤᠨ ᠪᠠᠷᠢᠮᠵᠢᠶ᠎ᠠ ᠶᠢ ᠲᠣᠳᠣᠷᠬᠠᠶᠢᠯᠠᠵᠤ ᠂ ᠬᠡᠷᠡᠭᠵᠢᠭᠦᠯᠦᠯᠲᠡ ᠶᠢ ᠵᠢᠷᠤᠮᠵᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠳᠠ ᠶᠢᠨ ᠴᠢᠨᠠᠷ ᠴᠢᠨᠰᠠᠭ᠎ᠠ ᠶᠢ ᠶᠡᠭᠡ ᠪᠠᠷ ᠳᠡᠭᠡᠭᠰᠢᠯᠡᠭᠦᠯᠦᠨ᠎ᠡ᠃   ᠥᠨᠳᠥᠷ ᠳᠤᠮᠳᠠᠳᠤ ᠶᠢᠨ ᠱᠠᠲᠤᠨ ᠤ ᠰᠤᠷᠭᠠᠭᠤᠯᠢ ᠨᠤᠭᠤᠳ ᠤᠨ ᠤᠯᠠᠨ ᠶᠠᠩᠵᠤ ᠶᠢᠨ ᠣᠨᠴᠠᠯᠢᠭ ᠢ ᠲᠤᠪᠤᠶᠢᠯᠭᠠᠨ᠎ᠠ᠃ ᠡᠨᠡ ᠵᠢᠯ ᠥᠪᠡᠷᠲᠡᠭᠡᠨ ᠵᠠᠰᠠᠬᠤ ᠣᠷᠣᠨ ᠠᠴᠠ ᠵᠢᠱᠢᠶ᠎ᠡ ᠦᠵᠡᠭᠦᠯᠬᠦ ᠥᠨᠳᠥᠷ ᠳᠤᠮᠳᠠᠳᠤ ᠰᠤᠷᠭᠠᠭᠤᠯᠢ᠂ ᠣᠨᠴᠠᠯᠢᠭᠲᠤ ᠥᠨᠳᠥᠷ ᠳᠤᠮᠳᠠᠳᠤ ᠰᠤᠷᠭᠠᠭᠤᠯᠢ᠂ ᠰᠢᠶᠠᠨ ᠤ ᠬᠡᠪᠴᠢᠶᠡᠨ ᠤ ᠴᠢᠨᠠᠷ ᠰᠠᠶᠢᠲᠠᠢ ᠥᠨᠳᠥᠷ ᠳᠤᠮᠳᠠᠳᠤ ᠰᠤᠷᠭᠠᠭᠤᠯᠢ ᠶᠢ ᠦᠨᠡᠯᠡᠨ ᠵᠢᠱᠢᠵᠦ ᠡᠭᠦᠳᠦᠨ ᠪᠠᠶᠢᠭᠤᠯᠬᠤ ᠠᠵᠢᠯ ᠢ ᠡᠬᠢᠯᠡᠬᠦᠯᠦᠨ᠎ᠡ᠃ ᠵᠢᠱᠢᠶ᠎ᠡ ᠦᠵᠡᠭᠦᠯᠬᠦ ᠥᠨᠳᠥᠷ ᠳᠤᠮᠳᠠᠳᠤ ᠰᠤᠷᠭᠠᠭᠤᠯᠢ ᠨᠢ ᠨᠠᠮ ᠤᠨ ᠪᠠᠶᠢᠭᠤᠯᠤᠯᠲᠠ᠂ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢᠨ ᠰᠤᠳᠤᠯᠭᠠᠨ᠂ ᠰᠤᠷᠭᠠᠭᠤᠯᠢ ᠶᠢᠨ ᠵᠠᠰᠠᠯᠲᠠ ᠶᠢᠨ ᠴᠢᠳᠠᠪᠤᠷᠢ᠂ ᠬᠢᠴᠢᠶᠡᠯ ᠲᠦᠷᠦᠯ ᠤᠨ ᠰᠠᠭᠤᠷᠢᠨ ᠭᠠᠵᠠᠷ ᠤᠨ ᠪᠠᠶᠢᠭᠤᠯᠤᠯᠲᠠ᠂ ᠰᠣᠷᠣᠭᠴᠢ ᠶᠢᠨ ᠬᠥᠭᠵᠢᠯᠲᠡ ᠶᠢᠨ ᠦᠷ᠎ᠡ ᠪᠦᠲᠦᠮᠵᠢ ᠵᠡᠷᠭᠡ ᠲᠠᠯ᠎ᠠ ᠪᠠᠷ ᠨᠥᠯᠥᠭᠡᠯᠡᠬᠦ᠂ ᠵᠢᠱᠢᠶ᠎ᠡ ᠦᠵᠡᠭᠦᠯᠬᠦ᠂ ᠳᠠᠶᠢᠴᠢᠯᠠᠬᠤ ᠦᠢᠯᠡᠳᠦᠯ ᠦᠵᠡᠬᠦᠯᠬᠦ ᠬᠡᠷᠡᠭᠳᠡᠢ︔ ᠣᠨᠴᠠᠯᠢᠭᠲᠤ ᠥᠨᠳᠥᠷ ᠳᠤᠮᠳᠠᠳᠤ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠣᠶᠣᠯ ᠢᠷᠭᠡᠨᠰᠢᠯ᠂ ᠦᠭᠡ ᠬᠡᠯᠡ᠂ ᠪᠡᠶ᠎ᠡ ᠶᠢᠨ ᠲᠠᠮᠢᠷ᠂ ᠤᠷᠠᠯᠢᠭ ᠵᠡᠷᠭᠡ ᠲᠠᠯ᠎ᠠ ᠪᠠᠷ ᠥᠪᠡᠷᠮᠢᠴᠡ ᠣᠨᠴᠠᠯᠢᠭ ᠲᠠᠢ ᠰᠤᠷᠭᠠᠭᠤᠯᠢ ᠡᠷᠭᠢᠯᠡᠬᠦ ᠬᠡᠪ ᠵᠠᠭᠪᠤᠷ ᠢ ᠪᠣᠶ ᠪᠤᠯᠭᠠᠨ᠎ᠠ︔ ᠰᠢᠶᠠᠨ ᠤ ᠬᠡᠪᠴᠢᠶᠡᠨ ᠤ ᠴᠢᠨᠠᠷ ᠰᠠᠶᠢᠲᠠᠢ ᠥᠨᠳᠥᠷ ᠳᠤᠮᠳᠠᠳᠤ ᠰᠤᠷᠭᠠᠭᠤᠯᠢ ᠨᠢ ᠪᠦᠬᠦᠯᠢ ᠴᠣᠭᠴᠠ ᠶᠢᠨ ᠬᠠᠮᠢᠶᠠᠷᠤᠯᠲᠠ ᠶᠢᠨ ᠬᠢᠷᠢ ᠲᠦᠪᠰᠢᠨ᠂ ᠪᠠᠭᠰᠢ ᠶᠢᠨ ᠪᠦᠬᠦᠯᠢ ᠴᠣᠭᠴᠠ ᠶᠢᠨ ᠵᠢᠭᠠᠨ ᠰᠤᠷᠭᠠᠯᠲᠠ ᠶᠢᠨ ᠴᠢᠳᠠᠪᠤᠷᠢ᠂ ᠰᠤᠷᠭᠠᠨ ᠬᠥᠮᠦᠵᠢᠯ ᠤᠨ ᠶᠠᠰᠤ ᠴᠢᠨᠠᠷ᠂ ᠰᠤᠷᠭᠠᠭᠤᠯᠢ ᠡᠷᠭᠢᠯᠡᠬᠦ ᠨᠥᠬᠦᠴᠡᠯ᠂ ᠨᠡᠶᠢᠭᠡᠮ ᠤᠨ ᠮᠡᠳᠡᠷᠡᠮᠵᠢ ᠶᠢᠨ ᠬᠡᠮᠵᠢᠶ᠎ᠡ ᠵᠡᠷᠭᠡ ᠲᠠᠯ᠎ᠠ ᠪᠠᠷ ᠵᠣᠬᠢᠬᠤ ᠳᠠᠪᠠᠭᠤᠯᠢᠭ ᠢ ᠪᠣᠶ ᠪᠤᠯᠭᠠᠨ᠎ᠠ᠃   ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ ᠲᠠᠯ᠎ᠠ ᠪᠠᠷ᠂ ᠵᠢᠷᠤᠮᠵᠢᠭᠤᠨ ᠪᠥᠭᠡᠳ ᠡᠮᠬᠢ ᠵᠢᠷᠤᠮ ᠲᠠᠢ ᠪᠠᠶᠢᠬᠤ ᠶᠢ ᠲᠤᠪᠤᠶᠢᠯᠭᠠᠨ᠎ᠠ᠃ ᠨᠡᠶᠢᠭᠡᠮ ᠤᠨ ᠬᠦᠴᠦᠨ ᠤ ᠣᠯᠠᠨ ᠶᠠᠩᠵᠤᠴᠢᠯᠠᠭᠰᠠᠨ ᠰᠤᠷᠭᠠᠨ ᠬᠥᠮᠦᠵᠢᠯ ᠤᠨ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠵᠤ᠂ ᠠᠷᠠᠳ ᠠᠴᠠ ᠡᠷᠭᠢᠯᠡᠭᠰᠡᠨ ᠰᠤᠷᠭᠠᠭᠤᠯᠢ ᠶᠢᠨ ᠲᠥᠷᠥᠯ ᠬᠤᠪᠢᠶᠠᠨ ᠬᠠᠮᠢᠶᠠᠷᠬᠤ ᠶᠢ ᠬᠠᠤᠯᠢ ᠶᠣᠰᠣᠭᠠᠷ ᠠᠬᠢᠭᠤᠯᠵᠤ᠂ ᠵᠠᠰᠠᠭ ᠤᠨ ᠣᠷᠳᠣᠨ ᠠᠴᠠ ᠠᠯᠪᠠᠨ ᠵᠢᠷᠤᠮ ᠤᠨ ᠰᠤᠷᠭᠠᠨ ᠬᠥᠮᠦᠵᠢᠯ ᠡᠷᠭᠢᠯᠡᠬᠦ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠡᠭᠦᠨ ᠤ ᠬᠠᠮᠲᠤ ︽ᠬᠤᠶᠠᠷ ᠢ ᠬᠦᠩᠬᠡᠷᠡᠬᠦᠯᠬᠦ︾ ᠠᠵᠢᠯ ᠢ ᠦᠷᠭᠦᠯᠵᠢᠯᠡᠨ ᠴᠢᠩᠭ᠎ᠠ ᠠᠳᠬᠤᠵᠤ᠂ ᠰᠤᠷᠭᠠᠭᠤᠯᠢ ᠶᠢᠨ ᠭᠠᠳᠠᠨᠠᠬᠢ ᠴᠢᠩᠭ᠎ᠠ ᠬᠠᠮᠢᠶᠠᠷᠤᠯᠲᠠ ᠪᠠ ᠰᠤᠷᠭᠠᠭᠤᠯᠢ ᠶᠢᠨ ᠳᠤᠳᠤᠷᠠᠬᠢ ᠶᠠᠰᠤ ᠴᠢᠨᠠᠷ ᠢ ᠳᠡᠭᠡᠭᠰᠢᠯᠡᠭᠦᠯᠦᠨ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠬᠢᠷᠢ ᠲᠦᠪᠰᠢᠨ᠂ ᠳᠠᠰᠬᠠᠯ ᠲᠠᠭᠠᠭᠠᠯᠭᠠᠪᠤᠷᠢ ᠶᠢᠨ ᠬᠢᠷᠢ ᠲᠦᠪᠰᠢᠨ ᠪᠠ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠤᠷᠤᠭᠴᠢᠳ ᠤᠨ ᠰᠤᠷᠭᠠᠭᠤᠯᠢ ᠳᠠᠭᠠᠨ ᠭᠦᠢᠴᠡᠳ ᠰᠠᠶᠢᠨ ᠰᠤᠷᠴᠤ ᠳᠡᠶᠢᠯᠬᠦ ᠬᠡᠷᠡᠭᠴᠡᠭᠡ ᠶᠢ ᠴᠢᠷᠮᠠᠶᠢᠨ ᠬᠠᠩᠭᠠᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号