ᠰᠤᠷᠭᠠᠨ ᠬᠥᠮᠦᠵᠢᠯ ᠤᠨ ᠶᠠᠮᠤᠨ ︽ᠶᠡᠭᠡ ᠳᠡᠭᠡᠳᠦ ᠰᠤᠷᠭᠠᠭᠤᠯᠢ ᠶᠢᠨ ᠲᠤᠷᠰᠢᠯᠲᠠ ᠶᠢᠨ ᠲᠠᠰᠤᠭ ᠤᠨ ᠠᠮᠤᠷ ᠲᠦᠪᠰᠢᠨ ᠤ ᠵᠢᠷᠤᠮᠵᠢᠯ︾ ᠢ ᠨᠡᠶᠢᠲᠡᠯᠡᠪᠡ
ᠨᠡᠶᠢᠲᠡᠯᠡᠭᠰᠡᠨ ᠴᠠᠭ᠄
2023/2/24
   ᠣᠢᠢᠷ᠎ᠠ ᠳᠤ᠂ ᠰᠤᠷᠭᠠᠨ ᠬᠥᠮᠦᠵᠢᠯ ᠤᠨ ᠶᠠᠮᠤᠨ ᠶᠡᠭᠡ ᠳᠡᠭᠡᠳᠦ ᠰᠤᠷᠭᠠᠭᠤᠯᠢ ᠶᠢᠨ ᠲᠤᠷᠰᠢᠯᠲᠠ ᠶᠢᠨ ᠲᠠᠰᠤᠭ ᠤᠨ ᠠᠮᠤᠷ ᠲᠦᠪᠰᠢᠨ ᠤ ᠠᠵᠢᠯ ᠢ ᠴᠢᠩᠭᠠᠳᠬᠠᠵᠤ᠂ ᠥᠷᠭᠡᠨ ᠣᠯᠠᠨ ᠪᠠᠭᠰᠢ ᠰᠤᠷᠤᠭᠴᠢᠳ ᠤᠨ ᠪᠡᠶ᠎ᠡ ᠶᠢᠨ ᠠᠮᠤᠷ ᠲᠦᠪᠰᠢᠨ ᠪᠠ ᠰᠤᠷᠭᠠᠭᠤᠯᠢ ᠶᠢᠨ ᠬᠦᠷᠢᠶᠡᠨ ᠤ ᠲᠣᠭᠲᠠᠭᠤᠨ ᠪᠠᠶᠢᠳᠠᠯ ᠢ ᠦᠨᠡᠨ ᠬᠦ ᠪᠠᠲᠤᠯᠠᠬᠤ ᠶᠢᠨ ᠲᠥᠯᠥᠭᠡ᠂ ︽ᠶᠡᠭᠡ ᠳᠡᠭᠡᠳᠦ ᠰᠤᠷᠭᠠᠭᠤᠯᠢ ᠶᠢᠨ ᠲᠤᠷᠰᠢᠯᠲᠠ ᠶᠢᠨ ᠲᠠᠰᠤᠭ ᠤᠨ ᠠᠮᠤᠷ ᠲᠦᠪᠰᠢᠨ ᠤ ᠵᠢᠷᠤᠮᠵᠢᠯ︾ ᠢ ᠨᠡᠶᠢᠲᠡᠯᠡᠪᠡ᠃   ᠣᠢᠢᠯᠠᠭᠠᠭᠰᠠᠨ ᠢᠶᠠᠷ᠂ ︽ᠵᠢᠷᠤᠮᠵᠢᠯ︾ ᠳᠣᠲᠣᠷᠠᠬᠢ ᠶᠡᠭᠡ ᠳᠡᠭᠡᠳᠦ ᠰᠤᠷᠭᠠᠭᠤᠯᠢ ᠶᠢᠨ ᠲᠤᠷᠰᠢᠯᠲᠠ ᠶᠢᠨ ᠲᠠᠰᠤᠭ ᠭᠡᠳᠡᠭ ᠨᠢ ᠶᠡᠭᠡ ᠳᠡᠭᠡᠳᠦ ᠰᠤᠷᠭᠠᠭᠤᠯᠢ ᠶᠢᠨ ᠵᠢᠭᠠᠨ ᠰᠤᠷᠭᠠᠯᠲᠠ᠂ ᠰᠢᠨᠵᠢᠯᠡᠬᠦ ᠤᠬᠠᠭᠠᠨ ᠤ ᠰᠤᠳᠤᠯᠭᠠᠨ ᠵᠡᠷᠭᠡ ᠲᠤᠷᠰᠢᠯᠲᠠ ᠶᠢᠨ ᠪᠣᠳᠠᠲᠠᠶ ᠪᠣᠯᠪᠠᠰᠤᠷᠠᠯ ᠤᠨ ᠠᠵᠢᠯᠯᠠᠭ᠎ᠠ ᠬᠢᠬᠦ ᠳᠤ ᠬᠠᠷᠢᠶᠠᠯᠠᠭᠳᠠᠬᠤ ᠲᠠᠯᠠᠪᠤᠷ ᠵᠢᠴᠢ ᠲᠡᠭᠦᠨ ᠳᠤ ᠬᠠᠷᠢᠶᠠᠯᠠᠭᠳᠠᠬᠤ ᠲᠥᠬᠦᠭᠡᠷᠦᠮᠵᠢ ᠶᠢ ᠵᠢᠭᠠᠵᠤ ᠪᠠᠶᠢᠨ᠎ᠠ᠃ ᠶᠡᠭᠡ ᠳᠡᠭᠡᠳᠦ ᠰᠤᠷᠭᠠᠭᠤᠯᠢ ᠶᠢᠨ ᠲᠤᠷᠰᠢᠯᠲᠠ ᠶᠢᠨ ᠲᠠᠰᠤᠭ ᠢ ᠪᠥᠲᠥᠭᠡᠨ ᠪᠠᠶᠢᠭᠤᠯᠬᠤ ᠪᠠ ᠬᠡᠷᠡᠭᠯᠡᠬᠦ ᠳᠤ ᠤᠯᠤᠰ ᠤᠨ ᠠᠮᠤᠷ ᠲᠦᠪᠰᠢᠨ ᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠤᠷᠰᠢᠯᠲᠠ ᠶᠢᠨ ᠠᠵᠢᠯᠯᠠᠭ᠎ᠠ ᠶᠢᠨ ᠠᠮᠤᠷ ᠲᠦᠪᠰᠢᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠶ᠃ ᠶᠡᠭᠡ ᠳᠡᠭᠡᠳᠦ ᠰᠤᠷᠭᠠᠭᠤᠯᠢ ᠶᠢᠨ ᠲᠤᠷᠰᠢᠯᠲᠠ ᠶᠢᠨ ᠲᠠᠰᠤᠭ ᠤᠨ ᠠᠮᠤᠷ ᠲᠦᠪᠰᠢᠨ ᠤ ᠠᠵᠢᠯ ᠨᠢ ︽ᠠᠮᠤᠷ ᠲᠦᠪᠰᠢᠨ ᠢ ᠲᠡᠷᠢᠭᠦᠨ ᠳᠤ ᠲᠠᠯᠪᠢᠬᠤ᠂ ᠤᠷᠢᠳᠴᠢᠯᠠᠨ ᠰᠡᠷᠭᠡᠶᠢᠯᠡᠬᠦ ᠪᠠᠷ ᠭᠤᠤᠯ ᠪᠣᠯᠭᠠᠬᠤ᠂ ᠶᠡᠷᠦᠩᠬᠡᠶᠢᠯᠡᠨ ᠵᠠᠰᠠᠬᠤ︾ ᠴᠢᠭᠯᠡᠯᠲᠡ ᠶᠢ ᠪᠠᠷᠢᠮᠲᠠᠯᠠᠵᠤ᠂ ᠵᠢᠷᠤᠮᠵᠢᠭᠰᠠᠨ᠂ ᠬᠡᠪᠰᠢᠭᠰᠡᠨ ᠬᠠᠮᠢᠶᠠᠷᠤᠯᠲᠠ ᠶᠢᠨ ᠪᠠᠶᠢᠭᠤᠯᠤᠯ ᠢ ᠪᠡᠶᠡᠯᠡᠭᠦᠯᠦᠨ᠂ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠤᠬᠳᠠᠯᠴᠠᠭ᠎ᠠ᠂ ᠬᠠᠮᠢᠶᠠᠷᠤᠯᠲᠠ ᠶᠢᠨ ᠲᠦᠷᠢᠮ᠂ ᠬᠥᠮᠦᠵᠢᠯ ᠪᠣᠯᠪᠠᠰᠤᠷᠠᠯ ᠂ ᠠᠮᠤᠷ ᠲᠦᠪᠰᠢᠨ ᠤ ᠵᠥᠪᠰᠢᠶᠡᠷᠡᠨ ᠣᠷᠣᠭᠤᠯᠬᠤ᠂ ᠨᠥᠬᠦᠴᠡᠯ ᠤᠨ ᠪᠠᠲᠤᠯᠠᠭ᠎ᠠ ᠵᠢᠴᠢ ᠠᠶᠤᠯᠲᠠᠶ ᠬᠢᠮᠢ ᠶᠢᠨ ᠪᠣᠳᠠᠰ ᠵᠡᠷᠭᠡ ᠠᠶᠤᠯ ᠤᠨ ᠡᠬᠢ ᠰᠤᠷᠪᠤᠯᠵᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠭᠤᠯᠭ᠎ᠠ ᠶᠢ ᠭᠤᠤᠯᠳᠠᠯᠭ᠎ᠠ ᠲᠠᠢ ᠨᠠᠶᠢᠳᠠᠪᠤᠷᠢᠵᠢᠭᠤᠯᠬᠤ ᠬᠡᠷᠡᠭᠲᠡᠶ᠃   ᠡᠭᠦᠨ ᠤ ᠬᠠᠮᠲᠤ᠂ ᠪᠠᠰᠠ ᠠᠮᠤᠷ ᠲᠦᠪᠰᠢᠨ ᠤ ᠪᠠᠶᠢᠴᠠᠭᠠᠯᠲᠠ ᠶᠢᠨ ᠲᠦᠷᠢᠮ᠂ ᠠᠮᠤᠷ ᠲᠦᠪᠰᠢᠨ ᠤ ᠬᠥᠮᠦᠵᠢᠯ ᠪᠣᠯᠪᠠᠰᠤᠷᠠᠯ ᠬᠢᠭᠡᠳ ᠵᠥᠪᠰᠢᠶᠡᠷᠡᠨ ᠣᠷᠣᠭᠤᠯᠬᠤ ᠲᠦᠷᠢᠮ᠂ ᠲᠥᠷᠥᠯ ᠵᠦᠢᠯ ᠤᠨ ᠲᠦᠭᠰᠢᠭᠦᠷᠢ ᠶᠢ ᠦᠨᠡᠯᠡᠨ ᠵᠢᠱᠢᠬᠦ ᠪᠠ ᠬᠠᠮᠢᠶᠠᠷᠤᠨ ᠡᠵᠡᠮᠳᠡᠬᠦ ᠲᠦᠷᠢᠮ᠂ ᠠᠶᠤᠯ ᠤᠨ ᠡᠬᠢ ᠰᠤᠷᠪᠤᠯᠵᠢ ᠶᠢᠨ ᠪᠥᠬᠦ ᠦᠶᠡᠯᠡᠯ ᠤᠨ ᠬᠤᠭᠤᠴᠠᠭᠠᠨ ᠤ ᠬᠠᠮᠢᠶᠠᠷᠤᠯᠲᠠ ᠶᠢᠨ ᠲᠦᠷᠢᠮ᠂ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠲᠦᠷᠢᠮ᠂ ᠲᠤᠷᠰᠢᠯᠲᠠ ᠶᠢᠨ ᠲᠠᠰᠤᠭ ᠤᠨ ᠠᠮᠤᠷ ᠲᠦᠪᠰᠢᠨ ᠤ ᠠᠳᠡᠯ ᠢ ᠳᠡᠭᠡᠭᠰᠢ ᠮᠡᠳᠡᠭᠦᠯᠬᠦ ᠲᠦᠷᠢᠮ ᠵᠡᠷᠭᠡ ᠶᠢ ᠪᠠᠶᠢᠭᠤᠯᠬᠤ ᠬᠡᠷᠡᠭᠲᠡᠶ ᠬᠡᠵᠡᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号