ᠵᠠᠰᠠᠭ ᠤᠨ ᠣᠷᠳᠤᠨ ᠤ ᠠᠵᠢᠯ ᠤᠨ ᠢᠯᠡᠳᠭᠡᠯ  ︵2︶
ᠨᠡᠶᠢᠲᠡᠯᠡᠭᠰᠡᠨ ᠴᠠᠭ᠄
2023/2/6
    ᠬᠤᠶᠠᠷ᠂ ᠲᠤᠷᠰᠢᠯᠭ᠎ᠠ ᠪᠠ ᠬᠦᠷᠦᠯᠴᠡᠬᠦ ᠦᠭᠡᠢ ᠲᠠᠯ᠎ᠠ    ᠥᠩᠭᠡᠷᠡᠭᠰᠡᠨ ᠨᠢᠭᠡ ᠵᠢᠯ ᠳᠤ ᠪᠢᠳᠡ ᠠᠯᠢ ᠤᠯᠠᠨ ᠭᠡᠨᠡᠳᠲᠡ ᠶᠢᠨ ᠭᠠᠷᠤᠭᠰᠠᠨ ᠬᠦᠴᠢᠷᠳᠡᠯ ᠪᠠ ᠠᠶᠤᠯ ᠲᠦᠭᠰᠢᠭᠦᠷᠢ ᠶᠢ ᠢᠯᠠᠨ ᠳᠠᠪᠠᠵᠤ᠂ ᠤᠷᠢᠳᠤ ᠡᠮᠦᠨ᠎ᠡ ᠪᠠᠶᠢᠭ᠎ᠠ ᠦᠭᠡᠢ ᠥᠷᠢᠰᠦᠯᠳᠦᠭᠡᠨ ᠪᠠ ᠰᠢᠯᠭᠠᠯᠲᠠ ᠶᠢ ᠳᠠᠭᠠᠭᠠᠵᠤ᠂ ᠤᠷᠳᠤ ᠬᠤᠭᠤᠴᠠᠭ᠎ᠠ ᠪᠠᠷ ᠳᠠᠷᠤᠭᠳᠠᠭᠰᠠᠨ ᠳᠤᠲᠠᠭᠤᠳᠠᠯ ᠪᠠ ᠪᠠᠭᠤᠷᠠᠢ ᠲᠠᠯ᠎ᠠ ᠪᠠᠨ ᠨᠥᠬᠦᠪᠦᠷᠢᠯᠡᠵᠦ᠂ ᠪᠠᠰᠠ ᠬᠤᠶᠢᠰᠢᠳᠠ ᠶᠢᠨ ᠬᠥᠭᠵᠢᠯᠲᠡ ᠳᠤ ᠡᠷᠬᠢᠮ ᠨᠠᠨᠳᠢᠨ ᠲᠤᠷᠰᠢᠯᠭ᠎ᠠ ᠬᠤᠷᠠᠮᠳᠤᠭᠤᠯᠵᠠᠢ᠄   ᠨᠢᠭᠡ ᠳᠤ᠂ ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠶᠢ ᠢᠮᠠᠭᠲᠠ ᠪᠠᠷᠢᠮᠳᠠᠯᠠᠪᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠮᠠᠭᠠᠳᠯᠠᠵᠤ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠮᠣᠩᠭᠤᠯ ᠡᠮᠨᠡᠯᠭᠡ ᠶᠢᠨ ᠬᠤᠷᠢᠶ᠎ᠠ ᠶᠢᠨ ᠬᠠᠯᠠᠭᠤᠷᠠᠯ ᠤᠨ ᠡᠭᠦᠳᠡᠨ ᠡᠮᠨᠡᠯᠭᠡ ᠪᠠ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠬᠦᠨᠳᠦ ᠲᠦᠭᠰᠢᠭᠦᠷᠢᠲᠡᠢ ᠲᠦᠷᠭᠡᠨ ᠡᠪᠡᠳᠴᠢᠨ ᠢ ᠠᠪᠤᠷᠠᠨ ᠵᠠᠰᠠᠬᠤ ᠲᠠᠪᠤᠨ ᠶᠡᠭᠡ ᠲᠥᠪ ᠤᠨ ᠶᠡᠷᠦᠩᠬᠡᠶᠢᠯᠡᠭᠰᠡᠨ ᠠᠰᠠᠷ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠶᠡᠷᠦᠩᠬᠡᠶᠢᠯᠡᠭᠰᠡᠨ ᠠᠰᠠᠷ ᠤᠨ ᠲᠥᠷᠥᠯ ᠵᠦᠢᠯ ᠢ ᠤᠷᠢᠳᠴᠢᠯᠠᠨ ᠲᠥᠯᠥᠪᠯᠡᠨ ᠪᠠᠶᠢᠭᠤᠯᠵᠤ᠂ ︽ᠰᠢᠨ᠎ᠡ ᠠᠷᠪᠠᠨ ᠵᠤᠷᠪᠤᠰ︾ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠳᠤ ᠰᠠᠨᠠᠭᠠᠴᠢᠯᠠᠭᠠᠲᠤ ᠪᠠᠶᠢᠷᠢ ᠶᠢ ᠣᠯᠣᠭᠰᠠᠨ ᠪᠠᠶᠢᠨ᠎ᠠ᠃    ᠬᠤᠶᠠᠷ ᠲᠤ᠂ ︽ᠠᠷᠠᠳ ᠤᠨ ᠠᠮᠢᠳᠤᠷᠠᠯ ᠢ ᠲᠡᠷᠢᠭᠦᠨ ᠳᠤ ᠲᠠᠯᠪᠢᠬᠤ︾ ᠶᠢ ᠢᠮᠠᠭᠲᠠ ᠪᠠᠷᠢᠮᠳᠠᠯᠠᠪᠠ᠃ ᠬᠤᠳᠠ ᠶᠢᠨ ᠰᠠᠭᠤᠷᠢ ᠲᠥᠬᠦᠭᠡᠷᠦᠮᠵᠢ ᠶᠢᠨ ᠲᠠᠯᠳᠠ ᠠᠶᠤᠯ ᠲᠦᠭᠰᠢᠭᠦᠷᠢ ᠶᠢ ᠰᠢᠨᠵᠢᠯᠡᠬᠦ ᠤᠬᠠᠭᠠᠨᠴᠢ ᠪᠠᠷ ᠮᠠᠭᠠᠳᠯᠠᠵᠤ᠂ ᠲᠤᠰᠬᠠᠢ ᠵᠦᠢᠯ ᠤᠨ ᠵᠢᠬᠡᠯᠡᠯᠭᠡ ᠶᠢᠨ ᠳᠡᠮᠳᠡᠭᠲᠦ ᠶᠢ ᠤᠷᠢᠳᠴᠢᠯᠠᠨ ᠲᠥᠯᠥᠪᠵᠢᠭᠦᠯᠵᠦ᠂ ᠭᠦᠢᠴᠡᠳ ᠠᠰᠢᠭᠯᠠᠬᠤ ᠵᠡᠷᠭᠡ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ 8 ᠳ᠋ᠦᠩᠰᠢᠭᠤᠷ ᠲᠥᠭᠦᠷᠢᠭ ᠣᠷᠣᠭᠤᠯᠤᠨ ᠪᠣᠬᠢᠷ ᠤᠰᠤᠨ ᠤ ᠬᠤᠭᠤᠯᠠᠢ ᠶᠢᠨ ᠲᠣᠣᠷ᠂ ᠤᠰᠤ ᠵᠠᠯᠠᠬᠤ ᠬᠤᠭᠤᠯᠠᠢ ᠶᠢᠨ ᠲᠣᠣᠷ᠂ ᠤᠰᠤ ᠬᠠᠩᠭᠠᠬᠤ ᠬᠤᠭᠤᠯᠠᠢ ᠶᠢᠨ ᠲᠣᠣᠷ᠂ ᠵᠠᠮ ᠤᠨ ᠪᠦᠲᠦᠭᠡᠨ ᠪᠠᠶᠢᠭᠤᠯᠤᠯᠲᠠ ᠵᠡᠷᠭᠡ ᠬᠤᠳᠠ ᠶᠢᠨ ᠰᠠᠭᠤᠷᠢ ᠲᠥᠬᠦᠭᠡᠷᠦᠮᠵᠢ ᠶᠢ ᠥᠭᠡᠷᠡᠴᠢᠯᠡᠨ ᠳᠡᠭᠡᠭᠰᠢᠯᠡᠭᠦᠯᠵᠦ᠂ ᠤᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠲᠦᠷᠭᠡᠨ ᠬᠠᠷᠢᠭᠤᠯᠲᠠ ᠥᠭᠬᠦ ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠬᠠᠩᠭᠠᠬᠤ ᠳᠤ ᠰᠠᠨᠠᠭᠠᠴᠢᠯᠠᠭᠠᠲᠤ ᠪᠠᠶᠢᠷᠢ ᠶᠢ ᠣᠯᠪᠠ᠃    ᠭᠤᠷᠪᠠ ᠳᠤ᠂ ︽ᠠᠮᠢ ᠠᠬᠤᠢ ᠶᠢ ᠡᠩ ᠲᠡᠷᠢᠭᠦᠨ ᠳᠤ ᠪᠣᠬᠢᠷᠳᠤᠯ ᠦᠭᠡᠢ ᠬᠥᠭᠵᠢᠭᠦᠯᠬᠦ︾ ᠶᠢ ᠢᠮᠠᠭᠳᠠ ᠪᠠᠷᠢᠮᠳᠠᠯᠠᠪᠠ᠃ ᠰᠢᠨᠵᠢᠯᠡᠬᠦ ᠤᠬᠠᠭᠠᠨᠴᠢ ᠪᠠᠷ ᠤᠷᠢᠳᠴᠢᠯᠠᠨ ᠮᠠᠭᠠᠳᠯᠠᠵᠤ᠂ ᠤᠷᠢᠳᠴᠢᠯᠠᠨ ᠲᠥᠯᠥᠪᠵᠢᠭᠦᠯᠵᠦ᠂ 5000 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠵᠠᠳᠠᠭᠠᠢ ᠠᠭᠤᠷᠬᠠᠢ ᠶᠢ ᠵᠠᠰᠠᠬᠤ᠂ 61 ᠡᠵᠡᠨ ᠦᠭᠡᠢ ᠦᠢᠯᠡᠳᠪᠦᠷᠢ ᠠᠭᠤᠷᠬᠠᠢ ᠶᠢᠨ ᠬᠠᠶᠠᠭᠳᠠᠮᠠᠯ ᠭᠠᠵᠠᠷ ᠢ ᠰᠡᠯᠪᠢᠨ ᠵᠠᠰᠠᠬᠤ᠂ 35 ᠢᠳᠡᠭᠳᠡᠯ ᠤᠨ ᠭᠤᠤ ᠶᠢ ᠵᠠᠰᠠᠬᠤ ᠶᠢ ᠪᠡᠶᠡᠯᠡᠭᠦᠯᠵᠦ᠂ ᠬᠠᠤᠯᠢ ᠪᠤᠰᠤ ᠪᠠᠷ ᠬᠠᠭᠠᠯᠪᠤᠷᠢᠯᠠᠬᠤ ᠠᠵᠢᠯᠯᠠᠭ᠎ᠠ ᠶᠢ ᠴᠢᠩᠭ᠎ᠠ ᠴᠡᠭᠴᠡᠯᠡᠨ ᠵᠠᠰᠠᠵᠤ᠂ ᠠᠭᠤᠯᠠ ᠤᠰᠤ ᠤᠢ ᠰᠢᠭᠤᠢ ᠲᠠᠷᠢᠶ᠎ᠠ ᠨᠠᠭᠤᠷ ᠡᠪᠡᠰᠦ ᠡᠯᠡᠰᠦ ᠶᠢ ᠶᠡᠷᠦᠩᠬᠡᠶᠢᠯᠡᠨ ᠴᠡᠭᠴᠡᠯᠡᠨ ᠵᠠᠰᠠᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠵᠤ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠬᠦ ᠳᠤ ᠰᠠᠨᠠᠭᠠᠴᠢᠯᠠᠭᠠᠲᠤ ᠡᠷᠬᠡ ᠶᠢ ᠤᠯᠭᠤᠪᠠ ᠃    ᠳᠥᠷᠪᠡ ᠳᠤ᠂ ︽ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠵᠠᠮᠨᠠᠬᠤ︾ ᠶᠢ ᠢᠮᠠᠭᠲᠠ ᠪᠠᠷᠢᠮᠳᠠᠯᠠᠪᠠ᠃ ᠰᠢᠨᠵᠢᠯᠡᠬᠦ ᠤᠬᠠᠭᠠᠨᠴᠢ ᠪᠠᠷ ᠤᠷᠢᠳᠴᠢᠯᠠᠨ ᠮᠠᠭᠠᠳᠯᠠᠵᠤ᠂ ᠬᠥᠭᠵᠢᠯᠲᠡ ᠶᠢᠨ ᠳᠠᠪᠠᠭᠤᠯᠢᠭ ᠢ ᠤᠷᠢᠳᠴᠢᠯᠠᠨ ᠰᠦᠪᠡᠭᠴᠢᠯᠡᠵᠦ᠂ ᠮᠢᠩᠭᠠᠨ ᠲᠦᠮᠡᠨ ᠺᠢᠯᠣᠸᠠᠲ ᠤᠨ ᠲᠠᠰ ᠤᠨ ᠴᠡᠪᠡᠷ ᠡᠨᠧᠷᠭᠢ ᠶᠢᠨ ᠦᠢᠯᠡᠳᠪᠦᠷᠢᠯᠡᠯ ᠭᠠᠷᠭᠠᠯᠲᠠ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠠᠶᠢᠯᠳᠤᠬᠤ ᠪᠣᠳᠣᠯᠭ᠎ᠠ ᠶᠢ ᠲᠣᠭᠲᠠᠭᠠᠨ᠂ ᠬᠥᠭᠵᠢᠯᠲᠡ ᠶᠢᠨ ᠵᠠᠭᠪᠤᠷ ᠤᠨ ᠰᠢᠨ᠎ᠡ ᠶᠢ ᠡᠭᠦᠳᠴᠦ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠵᠦ᠂ ᠣᠷᠣᠨ ᠪᠦᠰᠡ ᠠᠯᠤᠰᠯᠠᠨ ᠬᠠᠮᠲᠤᠷᠠᠯᠴᠠᠵᠤ᠂ ᠬᠤᠤᠯᠢᠩᠭᠤᠤᠯ ᠬᠤᠲᠠ ᠯᠤᠭ᠎ᠠ ᠬᠠᠮᠲᠤᠷᠠᠨ 100 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠬᠤᠶᠠᠷ ᠲᠥᠷᠥᠯ ᠵᠦᠢᠯ ᠢ ᠡᠬᠢᠯᠡᠭᠦᠯᠦᠨ ᠬᠡᠷᠡᠭᠵᠢᠭᠦᠯᠵᠦ᠂ ᠵᠥᠩ ᠭᠤᠸᠠᠩ ᠾᠧ ᠂ ᠮᠧᠩ ᠨᠧᠩ ᠬᠤᠶᠠᠷ 100 ᠲᠦᠮᠡᠨ ᠺᠢᠯᠣᠸᠠᠲ ᠤᠨ ᠰᠠᠯᠬᠢᠨ ᠬᠦᠴᠦᠨ ᠤ ᠨᠥᠭᠡᠴᠡᠯᠡᠯᠲᠡ ᠶᠢᠨ ᠲᠥᠷᠥᠯ ᠵᠦᠢᠯ ᠢ ᠢᠳᠡᠪᠬᠢᠲᠡᠢ ᠠᠬᠢᠭᠤᠯᠪᠠ︔ ᠥᠪᠥᠷ ᠮᠣᠩᠭᠤᠯ ᠤᠨ ᠡᠨᠧᠷᠭᠢ ᠶᠢᠨ 80 ᠲᠦᠮᠡᠨ ᠲᠣᠨ ᠲᠥᠪ ᠤᠨ ᠵᠠᠰᠠᠭ ᠤᠨ ᠣᠷᠳᠣᠨ ᠤ ᠨᠡᠭᠦᠷᠡᠰᠦ ᠨᠥᠭᠡᠴᠡᠯᠡᠬᠦ᠂ ᠳᠤᠮᠳᠠᠳᠤ ᠤᠯᠤᠰ ᠤᠨ ᠨᠥᠭᠡᠴᠡᠯᠡᠬᠦ ᠠᠮᠤ ᠪᠤᠳᠠᠭ᠎ᠠ ᠶᠢᠨ 15 ᠲᠦᠮᠡᠨ ᠲᠣᠨ ᠠᠮᠤ ᠪᠤᠳᠠᠭ᠎ᠠ ᠨᠥᠭᠡᠴᠡᠯᠡᠬᠦ᠂ ᠬᠤᠸᠠ ᠶᠠᠩ 10 ᠲᠦᠮᠡᠨ ᠲᠣᠨ ᠦᠬᠡᠷ ᠬᠤᠨᠢᠨ ᠮᠢᠬ᠎ᠠ  ᠶᠢ ᠨᠥᠭᠡᠴᠡᠯᠡᠬᠦ ᠵᠡᠷᠭᠡ ᠭᠤᠷᠪᠠᠨ ᠲᠣᠮᠣ ᠤᠯᠤᠰ ᠤᠨ ᠨᠥᠭᠡᠴᠡᠯᠡᠬᠦ ᠰᠠᠭᠤᠷᠢᠨ ᠭᠠᠵᠠᠷ ᠤᠨ ᠲᠥᠷᠥᠯ ᠵᠦᠢᠯ ᠢ ᠲᠦᠷᠭᠡᠳᠬᠡᠨ ᠠᠬᠢᠭᠤᠯᠪᠠ᠃ ᠤᠯᠤᠰ ᠤᠨ ᠲᠠᠰ ᠤᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠢ ᠡᠭᠦᠳᠦᠨ ᠪᠠᠶᠢᠭᠤᠯᠵᠤ᠂ 7 ᠲᠦᠮᠡᠨ ᠦᠬᠡᠷ ᠪᠣᠷᠳᠣᠵᠤ ᠲᠠᠷᠭᠤᠯᠠᠭᠤᠯᠬᠤ ᠰᠠᠭᠤᠷᠢᠨ ᠭᠠᠵᠠᠷ ᠪᠠ 3 ᠲᠦᠮᠡᠨ ᠰᠠᠭᠠᠯᠢ ᠶᠢᠨ ᠦᠨᠢᠶᠡᠨ ᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠲᠥᠷᠥᠯ ᠵᠦᠢᠯ ᠢ ᠡᠷᠡᠰ ᠢᠶᠠᠷ ᠬᠡᠷᠡᠭᠵᠢᠭᠦᠯᠦᠨ᠂ ︽ᠦᠬᠡᠷ ᠤᠨ ᠦᠢᠯᠡᠰ ᠢ ᠬᠦᠭᠵᠢᠬᠦᠯᠬᠦ︾ ᠳᠤ ︽ᠰᠢᠨ᠎ᠠ ᠢᠷᠠᠭᠤ ᠵᠤᠬᠢᠶᠠᠯ︾ ᠢ ᠦᠷᠭᠦᠯᠵᠢᠯᠡᠨ ᠪᠢᠴᠢᠭᠯᠡᠪᠡ᠃ ᠬᠢᠩᠭᠠᠨ ᠠᠶᠢᠮᠠᠭ ᠤᠨ ᠠᠮᠵᠢᠯᠲᠠ ᠲᠠᠢ ᠪᠠᠷ ᠪᠠᠶᠢᠭᠤᠯᠤᠭᠰᠠᠨ 4A ᠳᠡᠰ ᠤᠨ ᠦᠵᠡᠮᠵᠢ ᠶᠢᠨ ᠣᠷᠣᠨ ᠢ ᠬᠠᠮᠤᠷᠤᠨ ᠠᠪᠴᠤ᠂ ᠰᠣᠶᠣᠯ ᠤᠨ ᠠᠵᠤ ᠦᠢᠯᠡᠰ ᠤᠨ ᠬᠦᠷᠢᠶᠡᠯᠡᠩ ᠵᠡᠷᠭᠡ ᠨᠢᠭᠡ ᠪᠦᠯᠦᠭ ᠰᠣᠶᠣᠯ ᠵᠢᠭᠤᠯᠴᠢᠯᠠᠯ ᠤᠨ ᠴᠢᠬᠤᠯᠠ ᠶᠡᠭᠡ ᠲᠥᠷᠥᠯ ᠵᠦᠢᠯ ᠢ ᠡᠬᠢᠯᠡᠨ ᠪᠠᠶᠢᠭᠤᠯᠵᠤ᠂ ︽ᠰᠣᠶᠣᠯ ᠵᠢᠭᠤᠯᠴᠢᠯᠠᠯ ᠢ ᠠᠬᠢᠭᠤᠯᠬᠤ︾ ᠳᠤ ︽ᠰᠢᠨ᠎ᠡ ᠡᠪᠬᠡᠮᠡᠯ ᠵᠢᠷᠤᠭ︾ ᠢ ᠵᠢᠷᠤᠭᠰᠠᠨ ᠪᠠᠶᠢᠨ᠎ᠠ᠃   ᠲᠠᠪᠤ ᠳᠤ᠂ ︽ᠬᠥᠭᠵᠢᠯᠲᠡ ᠪᠣᠯ ᠲᠡᠷᠢᠭᠦᠨ ᠴᠢᠬᠤᠯᠠ ᠡᠭᠦᠷᠭᠡ ᠮᠥᠨ︾ ᠭᠡᠳᠡᠭ ᠢ ᠢᠮᠠᠭᠲᠠ ᠪᠠᠷᠢᠮᠳᠠᠯᠠᠪᠠ᠃ ᠰᠢᠨᠵᠢᠯᠡᠬᠦ ᠤᠬᠠᠭᠠᠨᠴᠢ ᠪᠠᠷ ᠤᠷᠢᠳᠴᠢᠯᠠᠨ ᠮᠠᠭᠠᠳᠯᠠᠵᠤ᠂ ᠡᠷᠡᠰ ᠰᠢᠭᠤᠷᠬᠠᠢ ᠰᠢᠢᠳᠪᠦᠷᠢᠲᠦ ᠪᠤᠳᠤᠯᠭ᠎ᠠ ᠭᠠᠷᠭᠠᠵᠤ᠂ ᠤᠷᠢᠳᠴᠢᠯᠠᠨ ᠲᠥᠯᠥᠪᠵᠢᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠦᠷᠭᠦᠯᠵᠢᠯᠡᠨ ᠲᠡᠳᠬᠦᠵᠦ᠂ ᠵᠠᠰᠠᠭ ᠤᠨ ᠣᠷᠳᠣᠨ ᠤ ᠥᠷᠢ ᠥᠭᠴᠡᠭᠡ ᠶᠢ 6.23 ᠳ᠋ᠦᠩᠰᠢᠭᠤᠷ ᠲᠥᠭᠦᠷᠢᠭ ᠰᠢᠢᠳᠪᠦᠷᠢᠯᠡᠵᠦ᠂ ᠠᠵᠤ ᠠᠬᠤᠶᠢᠯᠠᠯ ᠤᠨ ᠦᠯᠡᠳᠡᠭᠡᠬᠦ ᠲᠤᠯᠭᠠᠵᠤ ᠪᠤᠴᠠᠭᠠᠬᠤ ᠭᠠᠶᠢᠯᠢ 4.4 ᠳ᠋ᠦᠩᠰᠢᠭᠤᠷ ᠲᠥᠭᠦᠷᠢᠭ᠂ ᠭᠠᠶᠢᠯᠢ ᠶᠢᠨ ᠵᠣᠭᠤᠰ ᠢ 3.2 ᠳ᠋ᠦᠩᠰᠢᠭᠤᠷ ᠲᠥᠭᠦᠷᠢᠭ ᠠᠴᠠ ᠬᠡᠯᠲᠦᠷᠢᠭᠦᠯᠵᠦ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠢᠵᠢᠭ ᠤᠨ ᠪᠠᠶᠢᠳᠠᠯ ᠠᠴᠠ ᠪᠣᠯᠤᠭᠰᠠᠨ ᠬᠦᠴᠢᠷᠳᠡᠯ ᠢ ᠢᠯᠠᠨ ᠳᠠᠪᠠᠵᠤ᠂ ᠠᠵᠤ ᠠᠬᠤᠢ ᠶᠢᠨ ᠪᠠᠭᠤᠷᠠᠯᠲᠠ ᠶᠢᠨ ᠳᠠᠷᠤᠯᠲᠠ ᠶᠢ ᠲᠤᠯᠵᠤ᠂ ᠬᠦᠴᠢᠷ ᠪᠡᠷᠬᠡᠰᠢᠶᠡᠯᠲᠦ ᠴᠠᠭ ᠮᠥᠴᠡ ᠶᠢ ᠲᠣᠭᠲᠠᠭᠤᠨ ᠢᠶᠠᠷ ᠲᠤᠭᠤᠯᠬᠤ ᠳᠤ ᠰᠠᠨᠠᠭᠠᠴᠢᠯᠠᠭᠠᠲᠤ ᠡᠷᠬᠡ ᠶᠢ ᠤᠯᠭᠤᠭᠰᠠᠨ ᠪᠠᠶᠢᠨ᠎ᠠ᠃   ᠵᠢᠷᠭᠤᠭ᠎ᠠ ᠳᠤ᠂ ︽ᠠᠷᠠᠳ ᠤᠨ ᠲᠥᠯᠥᠭᠡ ᠰᠠᠨᠠᠭᠠᠰᠢᠷᠠᠵᠤ᠂ ᠪᠢᠳᠡ ᠵᠠᠪᠠᠯ ᠰᠠᠨᠠᠭᠠᠯᠵᠠᠵᠤ᠂ ᠠᠷᠠᠳ ᠤᠨ ᠲᠥᠯᠥᠭᠡ ᠬᠦᠰᠡᠵᠦ᠂ ᠪᠢᠳᠡ ᠵᠠᠪᠠᠯ ᠭᠦᠢᠴᠡᠳᠬᠡᠬᠦ︾ ᠶᠢ ᠢᠮᠠᠭᠳᠠ ᠪᠠᠷᠢᠮᠳᠠᠯᠠᠪᠠ᠃ ︽ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠤᠬᠠᠮᠰᠠᠷ ᠢᠶᠠᠨ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ ᠤᠷᠢᠳᠴᠢᠯᠠᠨ ᠮᠠᠭᠠᠳᠯᠠᠵᠤ᠂ ᠨᠢᠭᠡ ᠪᠦᠯᠦᠭ ᠣᠯᠠᠨ ᠲᠦᠮᠡᠨ ᠤ ᠲᠤᠰᠬᠠᠯ ᠶᠡᠬᠡᠲᠡᠢ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠤᠷᠢᠳᠴᠢᠯᠠᠨ ᠲᠥᠯᠥᠪᠯᠡᠵᠦ᠂ 91 ᠬᠤᠪᠢ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠵᠦ᠂ ᠠᠷᠪᠠᠨ ᠬᠡᠳᠦᠨ ᠵᠢᠯ ᠴᠢᠨᠠᠭᠰᠢᠯᠠᠪᠠᠯ ᠬᠡᠳᠦᠨ ᠠᠷᠪᠠᠨ ᠵᠢᠯ ᠤᠨ ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠪᠦᠲᠦᠮᠵᠢᠲᠡᠶ ᠰᠢᠢᠳᠪᠦᠷᠢᠯᠡᠵᠦ᠂ ᠪᠦᠬᠦ ᠤᠯᠤᠰ ᠤᠨ ᠵᠠᠬᠢᠳᠠᠯ ᠰᠣᠷᠪᠤᠯᠵᠢᠯᠠᠭ᠎ᠠ ᠶᠢᠨ ︽ᠭᠤᠷᠪᠠ ᠦᠭᠡᠢ︾ ᠬᠤᠰᠢᠭᠤ ᠪᠠᠷ ᠵᠠᠯᠭᠠᠭ᠎ᠠ ᠪᠠᠷ ᠨᠡᠷ᠎ᠡ ᠳᠤᠷᠠᠳᠤᠭᠳᠠᠵᠤ᠂ ᠮᠠᠨ  ᠤ ᠬᠤᠰᠢᠭᠤᠨ ᠤ ᠨᠠᠮ ᠤᠨ ᠬᠤᠷᠢᠳᠤᠭᠠᠷ ᠶᠡᠭᠡ ᠬᠤᠷᠠᠯ ᠤᠨ ᠬᠤᠭᠤᠴᠠᠭᠠᠨ ᠳᠠᠬᠢ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠳᠤ ᠰᠠᠨᠠᠭᠠᠴᠢᠯᠠᠭᠠᠲᠤ ᠪᠠᠶᠢᠷᠢ ᠶᠢ ᠣᠯᠣᠭᠰᠠᠨ ᠪᠠᠶᠢᠨ᠎ᠠ᠃   ᠲᠤᠯᠤᠭ᠎ᠠ ᠳᠤ᠂ ︽ᠬᠡᠪᠴᠢᠶᠡᠵᠢᠯ ᠤᠨ ᠴᠢᠨᠠᠷᠲᠠᠢ ᠲᠠᠬᠢᠨ ᠶᠠᠳᠠᠭᠤᠷᠠᠬᠤ ᠬᠤᠷᠢᠭ᠎ᠠ ᠱᠤᠭᠤᠮ ᠢ ᠪᠠᠲᠤ ᠰᠠᠬᠢᠬᠤ︾  ᠶᠢ ᠢᠮᠠᠭᠲᠠ ᠪᠠᠷᠢᠮᠳᠠᠯᠠᠪᠠ᠃ ᠰᠢᠨᠵᠢᠯᠡᠬᠦ ᠤᠬᠠᠭᠠᠨᠴᠢ ᠪᠠᠷ ᠤᠷᠢᠳᠴᠢᠯᠠᠨ ᠮᠠᠭᠠᠳᠯᠠᠵᠤ᠂ ᠡᠷᠡᠰ ᠰᠢᠭᠤᠷᠬᠠᠢ ᠰᠢᠢᠳᠪᠦᠷᠢᠲᠦ ᠪᠤᠳᠤᠯᠭ᠎ᠠ ᠭᠠᠷᠭᠠᠵᠤ᠂ ᠤᠷᠢᠳᠴᠢᠯᠠᠨ ᠲᠥᠯᠥᠪᠵᠢᠭᠦᠯᠵᠦ᠂ ᠠᠮᠠᠷᠬᠠᠨ ᠶᠠᠳᠠᠭᠤᠷᠠᠬᠤ ᠬᠥᠮᠥᠰ ᠲᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠰ ᠢᠶᠠᠷ ᠳᠠᠶᠢᠴᠢᠯᠠᠬᠤ ᠶᠢ ᠴᠢᠩᠭ᠎ᠠ ᠠᠩᠬᠠᠷᠴᠤ᠂ ᠠᠰᠢᠭ ᠲᠤᠰᠠ ᠶᠢᠨ ᠬᠤᠯᠪᠣᠯᠳᠤᠯ ᠤᠨ ᠲᠣᠭᠲᠠᠴᠠ ᠶᠢ ᠲᠤᠪᠤᠶᠢᠯᠭᠠᠵᠦ᠂ ᠶᠠᠳᠠᠭᠤ ᠠᠴᠠ ᠠᠩᠭᠢᠵᠢᠷᠠᠭᠰᠠᠨ ᠡᠷᠦᠬᠡ ᠪᠠ ᠠᠮᠠᠷᠬᠠᠨ ᠶᠠᠳᠠᠭᠤᠷᠠᠬᠤ ᠡᠷᠦᠬᠡ ᠶᠢ ᠡᠷᠦᠬᠡ ᠪᠣᠯᠭᠠᠨ ᠠᠵᠤ ᠦᠢᠯᠡᠰ ᠲᠠᠢ᠂ ᠡᠷᠦᠬᠡ ᠪᠣᠯᠭᠠᠨ ᠬᠠᠪᠰᠤᠷᠤᠨ ᠲᠡᠳᠬᠦᠬᠦ ᠂ ᠭᠤᠣᠯᠯᠠᠬᠤ ᠠᠵᠤ ᠦᠢᠯᠡᠰ ᠢ ᠪᠦᠬᠦᠨ ᠢ ᠪᠦᠷᠬᠦᠬᠦᠯᠬᠦ ᠶᠢ ᠪᠡᠶᠡᠯᠡᠬᠦᠯᠪᠡ᠃ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠡᠰᠢ ᠤᠷᠤᠭᠰᠢᠯᠠᠬᠤ ᠳᠤ ᠰᠠᠭᠤᠷᠢ ᠶᠢ ᠪᠠᠲᠤᠳᠬᠠᠪᠠ᠃   ᠨᠠᠢᠮᠠ ᠳᠤ᠂ ︽ᠡᠬᠢ ᠪᠠᠶᠠᠯᠢᠭ ᠢ ᠠᠷᠪᠢᠲᠠᠢ ᠡᠷᠴᠢᠮᠯᠢᠭ ᠪᠥᠭᠡᠳ ᠥᠨᠳᠥᠷ ᠦᠷ᠎ᠡ ᠪᠦᠲᠦᠮᠵᠢᠲᠡᠶ ᠪᠠᠷ ᠠᠰᠢᠭᠯᠠᠬᠤ︾ ᠶᠢ ᠢᠮᠠᠭᠳᠠ ᠪᠠᠷᠢᠮᠳᠠᠯᠠᠪᠠ᠃ ᠰᠢᠨᠵᠢᠯᠡᠬᠦ ᠤᠬᠠᠭᠠᠨᠴᠢ ᠪᠠᠷ ᠤᠷᠢᠳᠴᠢᠯᠠᠨ ᠮᠠᠭᠠᠳᠯᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠣᠭᠰᠣᠩᠭᠢᠷᠠᠬᠤ᠂ ᠭᠠᠵᠠᠷ ᠰᠢᠷᠣᠢ ᠤᠷᠳᠤ ᠬᠤᠭᠤᠴᠠᠭ᠎ᠠ ᠪᠠᠷ ᠰᠤᠯᠠ ᠪᠠᠶᠢᠬᠤ ᠂ ᠠᠵᠤ ᠠᠬᠤᠶᠢᠯᠠᠯ ᠤᠨ ᠬᠥᠭᠵᠢᠯᠲᠡ ᠶᠢᠨ ᠬᠦᠳᠡᠯᠬᠡᠬᠦ ᠬᠦᠴᠦᠨ ᠬᠦᠷᠦᠯᠴᠡᠬᠦ ᠦᠭᠡᠢ ᠪᠠᠶᠢᠬᠤ ᠵᠡᠷᠭᠡ ᠠᠰᠠᠭᠤᠳᠠᠯ ᠪᠣᠯᠣᠨ ᠬᠦᠴᠢᠷᠳᠡᠯ ᠢ ᠤᠷᠢᠳᠴᠢᠯᠠᠨ ᠲᠥᠯᠥᠪᠯᠡᠵᠦ᠂ ᠬᠦᠴᠦᠨ ᠢᠶᠠᠨ ᠲᠥᠪᠯᠡᠷᠡᠭᠦᠯᠦᠨ᠂ ᠴᠠᠭ ᠬᠢᠵᠠᠭᠠᠷᠯᠠᠨ ᠰᠢᠢᠳᠪᠦᠷᠢᠯᠡᠵᠦ᠂ ︽ᠵᠢᠷᠭᠤᠭ᠎ᠠ ᠶᠢ ᠳᠤᠶᠢᠯᠪᠦᠷᠢᠲᠠᠢ ᠪᠠᠶᠢᠴᠠᠭᠠᠬᠤ︾ ᠠᠵᠢᠯᠯᠠᠭ᠎ᠠ ᠶᠢ ᠪᠡᠶᠡᠯᠡᠭᠦᠯᠬᠦ᠂ ᠡᠬᠢ ᠪᠠᠶᠠᠯᠢᠭ  ᠢ ᠠᠷᠪᠢᠲᠠᠢ ᠡᠷᠴᠢᠮᠯᠢᠭ ᠪᠥᠭᠡᠳ ᠥᠨᠳᠥᠷ ᠦᠷ᠎ᠡ ᠪᠦᠲᠦᠮᠵᠢᠲᠡᠶ ᠪᠠᠷ ᠠᠰᠢᠭᠯᠠᠬᠤ ᠬᠥᠭᠵᠢᠯᠲᠡ ᠶᠢ ᠪᠡᠶᠡᠯᠡᠭᠦᠯᠬᠦ ᠳᠤ ᠰᠠᠨᠠᠭᠠᠴᠢᠯᠠᠭᠠᠲᠤ ᠪᠠᠶᠢᠷᠢ ᠶᠢ  ᠤᠯᠤᠭᠤᠰᠠᠨ ᠪᠠᠶᠢᠨ᠎ᠠ᠃    ᠲᠥᠯᠥᠭᠡᠯᠡᠭᠴᠢᠳ ᠠ᠋᠂ ᠨᠢᠭᠡ ᠵᠢᠯ ᠤᠨ ᠲᠤᠷᠰᠢ ᠣᠯᠣᠭᠰᠠᠨ ᠠᠮᠵᠢᠯᠲᠠ ᠪᠦᠲᠦᠮᠵᠢ ᠨᠢ ᠬᠥᠮᠥᠰ ᠤᠨ ᠰᠡᠳᠬᠢᠯ ᠢ ᠬᠥᠭᠵᠢᠭᠡᠵᠦ᠂ ᠡᠷᠴᠢ ᠵᠣᠷᠢᠭ ᠢ ᠬᠥᠪᠴᠢᠯᠡᠵᠦ᠂ ᠨᠡᠩ ᠢᠯᠡᠭᠦᠦ ᠬᠥᠮᠥᠰ ᠤᠨ ᠰᠡᠳᠬᠢᠯ ᠢ ᠨᠢᠭᠲᠠᠷᠠᠭᠤᠯᠵᠤ᠂ ᠤᠮᠤᠭ ᠵᠤᠷᠢᠭ ᠪᠠᠳᠠᠷᠠᠩᠭᠤᠢ ᠡᠷᠡᠮᠡᠬᠡᠶᠢᠯᠡᠨ ᠳᠡᠮᠡᠴᠡᠪᠡ᠃ ᠪᠢᠳᠡᠨ ᠤ ᠮᠡᠳᠡᠭᠡᠵᠢ ᠪᠠᠷ᠂ ᠡᠲᠡᠭᠡᠷ ᠠᠮᠵᠢᠯᠲᠠ ᠶᠢ ᠣᠯᠣᠭᠰᠠᠨ ᠨᠢ ᠬᠤᠰᠢᠭᠤᠨ ᠤ ᠨᠠᠮ ᠤᠨ ᠬᠤᠷᠢᠶᠠᠨ ᠤ ᠵᠥᠪ ᠤᠳᠤᠷᠢᠳᠤᠯᠭ᠎ᠠ ᠠᠴᠠ ᠰᠠᠯᠵᠤ ᠴᠢᠳᠠᠬᠤ ᠦᠭᠡᠢ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠳᠦᠷᠦ ᠶᠢᠨ ᠵᠥᠪᠯᠡᠯᠭᠡᠨ ᠤ ᠬᠦᠴᠦᠲᠡᠢ ᠳᠡᠮᠵᠢᠯᠭᠡ ᠠᠴᠠ ᠰᠠᠯᠵᠤ ᠴᠢᠳᠠᠬᠤ ᠦᠭᠡᠢ᠂ ᠲᠥᠪ ᠤᠨ ᠤᠬᠠᠭᠤᠯᠬᠤ ᠬᠡᠯᠲᠡᠰ᠂ ᠪᠡᠭᠡᠵᠢᠩ ᠤᠨ ᠬᠠᠢ ᠳ᠋ᠢᠶᠠᠨ ᠲᠣᠭᠤᠷᠢᠭ᠂ ᠥᠪᠡᠷᠲᠡᠭᠡᠨ ᠵᠠᠰᠠᠬᠤ ᠣᠷᠣᠨ ᠤ ᠲᠢᠩᠬᠢᠮ ᠲᠣᠪᠴᠢᠶ᠎ᠠ ᠶᠢᠨ ᠲᠠᠰ ᠤᠨ ᠨᠢᠭᠡᠴᠡ᠂ ᠠᠶᠢᠮᠠᠭ ᠤᠨ ᠰᠢᠭᠤᠳ ᠬᠠᠷᠢᠶ᠎ᠠ ᠨᠢᠭᠡᠴᠡ ᠶᠢᠨ ᠦᠨᠡᠨ ᠰᠡᠳᠬᠢᠯ ᠠᠴᠠ ᠪᠠᠨ ᠬᠦᠴᠦᠯᠡᠨ ᠳᠡᠳᠬᠦᠭᠰᠡᠨ ᠠᠴᠠ ᠰᠠᠯᠵᠤ ᠴᠢᠳᠠᠬᠤ ᠦᠭᠡᠢ᠂ ᠨᠠᠩ ᠴᠤ ᠪᠥᠬᠦ ᠬᠤᠰᠢᠭᠤᠨ ᠤ ᠡᠯ᠎ᠡ ᠦᠨᠳᠦᠰᠦᠲᠡᠨ  ᠤ ᠠᠷᠠᠳ ᠲᠦᠮᠡᠨ᠂ ᠥᠷᠭᠡᠨ ᠺᠠᠳ᠋ᠷ ᠣᠯᠠᠨ ᠲᠦᠮᠡᠨ ᠤ ᠨᠢᠭᠡ ᠰᠡᠳᠬᠢᠯ ᠨᠢᠭᠡ ᠵᠣᠷᠢᠭ ᠢᠶᠠᠷ᠂ ᠬᠠᠮᠲᠤ ᠪᠠᠷ ᠲᠡᠮᠡᠴᠡᠵᠦ᠂ ᠡᠷᠡᠯᠬᠡᠭᠯᠡᠨ ᠤᠷᠤᠭᠰᠢᠯᠠᠭᠰᠠᠨ  ᠠᠴᠠ ᠰᠠᠯᠵᠤ ᠴᠢᠳᠠᠬᠤ ᠦᠭᠡᠢ ᠶᠤᠮ᠃ ᠠᠳᠡ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠪᠦᠭᠦ ᠬᠤᠰᠢᠭᠤᠨ ᠤ ᠡᠯ᠎ᠡ  ᠤ ᠦᠨᠳᠦᠰᠦᠲᠡᠨ  ᠠᠷᠠᠳ ᠲᠦᠮᠡᠨ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠦᠲᠦᠭᠡᠨ ᠪᠠᠶᠢᠭᠤᠯᠤᠯᠲᠠ ᠬᠦᠭᠵᠢᠯᠲᠡ ᠶᠢ ᠬᠠᠯᠠᠮᠵᠢᠯᠠᠨ ᠲᠠᠮᠵᠢᠵᠤ ᠪᠠᠶᠢᠭ᠎ᠠ ᠨᠡᠶᠢᠭᠡᠮ ᠤᠨ ᠡᠯ᠎ᠡ ᠡᠳᠡᠭᠡᠳ ᠤᠨ ᠬᠦᠮᠦᠰ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ᠂ ᠤᠯᠤᠰ ᠳᠣᠶᠢᠷᠤ ᠶᠢᠨ ᠵᠦᠪᠯᠡᠯᠭᠡᠨ ᠤ ᠭᠡᠰᠢᠭᠦᠳ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ᠂ ᠬᠠᠮᠤᠭ ᠤᠨ ᠡᠷᠬᠢᠮ ᠳᠡᠭᠡᠳᠦ ᠬᠦᠨᠳᠦᠳᠭᠡᠯ ᠢᠶᠠᠨ ᠳᠡᠪᠰᠢᠭᠦᠯᠦᠶ᠎ᠡ︕   ᠲᠥᠯᠥᠭᠡᠯᠡᠭᠴᠢᠳ ᠠ᠋᠂ ᠨᠢᠭᠡ ᠵᠢᠯ ᠤᠨ ᠠᠵᠢᠯ ᠢᠶᠠᠨ ᠳ᠋ᠦᠩᠨᠡᠵᠦ᠂ ᠨᠢᠭᠡ ᠵᠢᠯ ᠤᠨ ᠠᠮᠵᠢᠯᠲᠠ ᠪᠠᠨ ᠪᠦᠷᠢᠳᠬᠡᠬᠦ ᠶᠢᠨ ᠵᠡᠷᠭᠡᠴᠡᠭᠡᠪᠡᠷ ᠪᠢᠳᠡ ᠪᠠᠰᠠ ᠬᠥᠭᠵᠢᠯᠲᠡ ᠶᠢᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠰᠡᠷᠭᠡᠭ ᠢᠶᠠᠷ ᠲᠠᠨᠢᠵᠤ ᠣᠯᠪᠠ᠄ ᠠᠵᠤ ᠠᠬᠤᠢ ᠶᠢᠨ ᠪᠠᠭᠲᠠᠭᠠᠮᠵᠢ ᠪᠠᠭ᠎ᠠ᠂ ᠨᠢᠭᠡᠳᠦᠭᠡᠷ ᠠᠵᠤ ᠦᠢᠯᠡᠰ  ᠨᠢ ᠪᠦᠷᠢᠨ ᠪᠦᠲᠦᠨ ᠪᠣᠯᠪᠠᠴᠤ ᠨᠠᠷᠢᠯᠢᠭ ᠪᠢᠰᠢ᠂ ᠬᠤᠶᠠᠳᠤᠭᠠᠷ ᠠᠵᠤ ᠦᠢᠯᠡᠰ ᠨᠢ ᠶᠡᠭᠡ ᠪᠣᠯᠪᠠᠴᠤ ᠬᠦᠴᠦᠷᠬᠡᠭ ᠪᠢᠰᠢ᠂ ᠭᠤᠷᠪᠠᠳᠤᠭᠠᠷ ᠠᠵᠤ ᠦᠢᠯᠡᠰ ᠨᠢ ᠲᠠᠷᠠᠬᠠᠢ ᠪᠤᠲᠠᠷᠬᠠᠢ ᠠᠮᠢᠳᠤᠯᠢᠭ ᠪᠢᠰᠢ︔ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠥᠨᠳᠥᠷ ᠪᠢᠰᠢ᠂ ᠰᠠᠭᠤᠷᠢ ᠲᠥᠬᠦᠭᠡᠷᠦᠮᠵᠢ ᠳᠤᠲᠠᠭᠤᠳᠠᠯ ᠲᠠᠢ ᠪᠠᠶᠢᠭᠰᠠᠭᠠᠷ︔ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠬᠠᠩᠭᠠᠯᠭ᠎ᠠ ᠪᠣᠯᠣᠨ ᠤᠯᠠᠨ ᠲᠦᠮᠡᠨ ᠤ ᠬᠦᠰᠡᠯ ᠡᠷᠡᠮᠡᠯᠵᠡᠯ ᠪᠠᠰᠠ ᠪᠠᠭ᠎ᠠ ᠪᠤᠰᠤ ᠵᠥᠷᠢᠶ᠎ᠡ ᠲᠠᠢ ᠪᠠᠶᠢᠨ᠎ᠠ︔ ᠡᠳ᠋ ᠤᠨ ᠵᠠᠰᠠᠭ ᠤᠨ ᠵᠠᠶᠢᠯᠠᠰᠢ ᠦᠭᠡᠢ ᠵᠠᠷᠤᠯᠭ᠎ᠠ ᠦᠷᠭᠦᠯᠵᠢᠯᠡᠨ ᠨᠡᠮᠡᠭᠳᠡᠵᠦ᠂ ᠣᠷᠣᠯᠭ᠎ᠠ ᠵᠠᠷᠤᠯᠭ᠎ᠠ ᠶᠢᠨ ᠵᠥᠷᠢᠴᠡᠯ ᠤᠯᠠᠮ ᠨᠢᠭᠡ ᠠᠯᠬᠤᠮ ᠳᠤᠪᠤᠶᠢᠮ᠎ᠠ ᠪᠠᠶᠢᠨ᠎ᠠ︔ ᠥᠭᠡᠷᠡᠴᠢᠯᠡᠯᠲᠡ ᠶᠢᠨ ᠡᠭᠦᠷᠭᠡ ᠬᠠᠲᠠᠭᠤ ᠪᠡᠷᠬᠡ ᠪᠠᠶᠢᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠴᠢᠬᠤᠯᠠᠲᠠᠢ ᠪᠠᠶᠢᠨ᠎ᠠ᠃ ᠡᠭᠦᠨ ᠳᠤ ᠪᠢᠳᠡ ᠠᠰᠠᠭᠤᠳᠠᠯ ᠳᠤ ᠰᠢᠭᠤᠳ ᠬᠠᠨᠳᠤᠵᠤ᠂ ᠢᠷᠡᠭᠡᠳᠦᠢ ᠶᠢᠨ ᠠᠵᠢᠯ ᠤᠨ ᠳᠤᠮᠳᠠ ᠪᠠᠨ ᠪᠦᠬᠦ ᠬᠦᠴᠦᠨ ᠢᠶᠠᠷ ᠢᠶᠠᠨ ᠰᠢᠢᠳᠪᠦᠷᠢᠯᠡᠨ᠎ᠡ᠃ 
 
ᠢᠷᠡᠯᠲᠡ᠄ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号