ᠭᠤᠷᠪᠠ᠂ 2023 ᠣᠨ ᠤ ᠠᠵᠢᠯ ᠤᠨ ᠲᠣᠬᠢᠷᠠᠭᠤᠯᠤᠯᠲᠠ | 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠃ ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠪᠠᠷ ᠶᠡᠷᠦᠩᠬᠡᠶᠢᠯᠡᠨ ᠵᠢᠯᠤᠭᠤᠳᠬᠤ ᠶᠢ ᠪᠠᠷᠢᠮᠲᠠᠯᠠᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ᠂ | ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠠᠵᠢᠯ ᠤᠨ ᠬᠤᠷᠠᠯ᠂ ᠠᠶᠢᠮᠠᠭ ᠤᠨ ᠨᠠᠮ ᠤᠨ ᠬᠤᠷᠢᠶ᠎ᠠ ᠶᠢᠨ ︵ | ᠥᠷᠭᠡᠳᠬᠡᠭᠰᠡᠨ︶ ᠶᠢᠨ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠲᠠᠪᠤᠨ ᠶᠡᠭᠡ | ᠡᠭᠦᠷᠭᠡ︾ ᠶᠢ ᠡᠷᠡᠰ ᠨᠠᠶᠢᠳᠠᠪᠤᠷᠢᠵᠢᠭᠤᠯᠤᠨ᠂ ︽ᠠᠮᠢ ᠠᠬᠤᠢ ᠶᠢ ᠴᠢᠬᠤᠯᠠᠴᠢᠯᠠᠵᠤ᠂ ᠦᠬᠡᠷ ᠤᠨ ᠦᠢᠯᠡᠰ ᠢ | ᠬᠦᠭᠵᠢᠬᠦᠯᠵᠤ᠂ ᠰᠤᠶᠤᠯ ᠵᠢᠭᠤᠯᠴᠢᠯᠠᠯ ᠢ ᠠᠬᠢᠭᠤᠯᠬᠤ︾ ᠬᠥᠭᠵᠢᠯᠲᠡ ᠶᠢᠨ ᠰᠡᠳᠬᠢᠮᠵᠢ ᠶᠢ ᠤᠯᠠᠮ ᠨᠢᠭᠡ ᠠᠯᠬᠤᠮ | ᠭᠦᠨᠵᠡᠭᠡᠶᠢᠷᠡᠭᠦᠯᠵᠦ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ | ᠠᠬᠢᠭᠤᠯᠤᠨ᠎ᠠ᠃ | ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠳᠡᠭ ᠢ 6% | ᠣᠷᠴᠢᠮ ᠨᠡᠮᠡᠭᠳᠡᠭᠦᠯᠵᠦ᠂ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢ 10% ᠣᠷᠴᠢᠮ ᠨᠡᠮᠡᠭᠳᠡᠭᠦᠯᠵᠦ᠂ ᠡᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ | 3% ᠣᠷᠴᠢᠮ ᠨᠡᠮᠡᠭᠳᠡᠭᠦᠯᠵᠦ᠂ ᠬᠤᠳᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠤᠰ ᠲᠤᠰ 6% ᠪᠠ 9% ᠣᠷᠴᠢᠮ ᠨᠡᠮᠡᠭᠳᠡᠭᠦᠯᠵᠦ᠂ ᠨᠡᠶᠢᠭᠡᠮ | ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠬᠤ ᠶᠡᠷᠦᠩᠬᠡᠢ ᠲᠤᠭ᠎ᠠ ᠶᠢ 3.6% ᠣᠷᠴᠢᠮ ᠨᠡᠮᠡᠭᠳᠡᠭᠦᠯᠦᠨ᠎ᠡ᠃ | | ︵ᠨᠢᠭᠡ︶ ᠲᠥᠷᠥᠯ ᠵᠦᠢᠯ ᠢ ᠠᠳᠬᠤᠨ᠂ ᠪᠡᠯᠡ ᠣᠷᠣᠭᠤᠯᠤᠯᠲᠠ ᠶᠢ ᠠᠬᠢᠭᠤᠯᠵᠤ᠂ ︽1235︾ | ᠢᠨᠵᠧᠨᠧᠷᠢᠩ ᠢ ᠪᠥᠬᠦ ᠬᠦᠴᠦᠨ ᠢᠶᠠᠷ ᠢᠶᠠᠨ ᠬᠡᠷᠡᠭᠵᠢᠭᠦᠯᠦᠨ᠎ᠡ | ᠠᠮᠢ ᠠᠬᠤᠢ ᠶᠢᠨ ᠠᠮᠤᠷ ᠲᠦᠪᠰᠢᠨ ᠤ ︽ᠨᠢᠭᠡ ᠬᠠᠯᠬᠠᠪᠴᠢ︾ ᠶᠢ ᠪᠦᠲᠦᠭᠡᠨ ᠪᠠᠶᠢᠭᠤᠯᠬᠤ ᠶᠢᠨ ᠲᠣᠭᠤᠷᠢᠨ ᠳᠤ | ᠲᠥᠷᠥᠯ ᠵᠦᠢᠯ ᠢ ᠠᠳᠬᠤᠵᠤ᠂ ︽ᠠᠮᠢ ᠠᠬᠤᠢ ᠶᠢ ᠰᠠᠶᠢᠵᠢᠷᠠᠭᠤᠯᠬᠤ︾ ᠶᠢ ᠪᠡᠶᠡᠯᠡᠭᠦᠯᠦᠨ᠎ᠡ᠃ 12 ᠳ᠋ᠦᠩᠰᠢᠭᠤᠷ | ᠲᠥᠭᠦᠷᠢᠭ ᠣᠷᠣᠭᠤᠯᠵᠤ 6 ᠲᠥᠷᠥᠯ ᠵᠦᠢᠯ ᠢ ᠨᠠᠶᠢᠳᠠᠪᠤᠷᠢᠵᠢᠭᠤᠯᠤᠨ᠎ᠠ᠃ ᠬᠠᠮᠠᠭᠠᠯᠠᠯᠲᠠ ᠶᠢᠨ ᠣᠷᠣᠨ ᠢ | ᠬᠠᠮᠠᠭᠠᠯᠠᠬᠤ ᠪᠠ ᠰᠡᠷᠭᠦᠭᠡᠬᠦ ᠲᠥᠷᠥᠯ ᠵᠦᠢᠯ ᠢ ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠵᠢᠭᠤᠯᠴᠢᠯᠠᠯ ᠤᠨ ᠠᠵᠤ | ᠦᠢᠯᠡᠰ ᠢ ᠬᠦᠭᠵᠢᠬᠦᠯᠦᠨ᠎ᠡ︔ 5 ᠲᠦᠮᠡᠨ ᠮᠦ ᠡᠪᠡᠰᠦ ᠳᠠᠷᠢᠬᠤ ᠲᠥᠷᠥᠯ ᠵᠦᠢᠯ ᠢ ᠨᠠᠶᠢᠳᠠᠪᠤᠷᠢᠵᠢᠭᠤᠯᠤᠨ᠎ᠠ︔ | ᠤᠰᠤᠨ ᠤ ᠰᠢᠰᠲ᠋ᠧᠮ ᠢ ᠬᠤᠯᠪᠣᠨ ᠨᠡᠪᠲᠡᠷᠡᠭᠦᠯᠬᠦ ᠶᠢ ᠪᠡᠶᠡᠯᠡᠭᠦᠯᠵᠦ᠂ ᠤᠰᠤᠨ ᠠᠰᠢᠭᠯᠠᠯᠳᠠ ᠶᠢᠨ ᠦᠵᠡᠰᠬᠦᠯᠡᠩᠲᠦ | ᠬᠥᠳᠡᠭᠡ ᠲᠣᠰᠬᠤᠨ ᠪᠠ ᠬᠠᠩᠭᠠᠯ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠵᠢᠭᠦᠯᠬᠦ ᠲᠥᠷᠥᠯ ᠵᠦᠢᠯ ᠢ | ᠪᠡᠶᠡᠯᠡᠭᠦᠯᠵᠦ᠂ ᠤᠰᠤᠨ ᠠᠰᠢᠭᠯᠠᠯᠳᠠ ᠶᠢᠨ ᠦᠵᠡᠰᠬᠦᠯᠡᠩᠲᠦ ᠬᠥᠳᠡᠭᠡ ᠲᠣᠰᠬᠤᠨ ᠤ ᠵᠢᠱᠢᠶ᠎ᠡ ᠦᠵᠡᠭᠦᠯᠬᠦ 4 | ᠲᠣᠰᠬᠤᠨ ᠢ ᠪᠣᠶ ᠪᠣᠯᠭᠠᠨ᠎ᠠ︔ 24 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ | ᠪᠠᠶᠢᠭᠤᠯᠵᠤ᠂ ᠭᠠᠵᠠᠷ ᠰᠢᠷᠣᠢ ᠶᠢ ᠡᠷᠴᠢᠮᠵᠢᠭᠦᠯᠦᠨ ᠠᠷᠪᠢᠯᠠᠵᠤ ᠥᠨᠳᠥᠷ ᠪᠦᠲᠦᠮᠵᠢᠲᠡᠶ ᠪᠠᠷ ᠠᠰᠢᠭᠯᠠᠨ ᠠᠮᠢ | ᠠᠬᠤᠢ ᠶᠢᠨ ᠦᠷ᠎ᠡ ᠠᠰᠢᠭ ᠢ ᠪᠡᠶᠡᠯᠡᠭᠦᠯᠦᠨ᠎ᠡ︔ ᠤᠯᠠᠭᠠᠨ᠎ᠠ᠂ ᠬᠡᠮᠡᠷᠯᠢᠭ ᠬᠠᠶᠢᠲᠠᠩ ᠢᠶᠠᠷ ᠭᠤᠣᠯ ᠪᠣᠯᠭᠠᠭᠰᠠᠨ ᠣᠶ | ᠵᠢᠮᠢᠰ ᠤᠨ ᠠᠵᠤ ᠦᠢᠯᠡᠰ ᠢ ᠨᠠᠶᠢᠳᠠᠪᠤᠷᠢᠵᠢᠭᠤᠯᠤᠨ᠎ᠠ᠃ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ | ᠴᠥᠭᠦᠷᠥᠮ ᠡᠪᠡᠰᠦ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠡᠷᠭᠦᠭᠡᠬᠦ ᠲᠥᠷᠥᠯ ᠵᠦᠢᠯ ᠢ ᠣᠯᠬᠤ ᠪᠠᠷ | ᠢᠳᠡᠪᠬᠢᠲᠡᠢ ᠴᠢᠷᠮᠠᠶᠢᠨ᠎ᠠ᠃ | ︽ᠬᠤᠶᠠᠷ ᠰᠠᠭᠤᠷᠢᠨ︾ ᠤ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ ᠦᠬᠡᠷ ᠤᠨ ᠦᠢᠯᠡᠰ ᠪᠠ ᠰᠢᠨ᠎ᠡ | ᠡᠨᠧᠷᠭᠢ ᠶᠢᠨ ︽ᠬᠤᠶᠠᠷ ᠠᠵᠢᠯ︾ ᠢ ᠰᠠᠶᠢᠲᠤᠷ ᠬᠢᠨ᠎ᠡ᠃ ︽ᠪᠣᠬᠢᠷᠳᠤᠯ ᠦᠭᠡᠢ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠢ ᠦᠢᠯᠡᠳᠪᠦᠷᠢᠯᠡᠨ ᠡᠳ᠋ᠰᠢᠭᠦᠯᠵᠦ ᠭᠠᠳᠠᠭᠰᠢ ᠭᠠᠷᠭᠠᠬᠤ ᠰᠠᠭᠤᠷᠢᠨ︾ ᠤ | ᠲᠣᠭᠤᠷᠢᠨ ᠳᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ︽ᠵᠠᠭᠤᠨ ᠲᠦᠮᠡᠨ ᠲᠣᠯᠣᠭᠠᠢ ᠠᠯᠠᠰᠢᠨ | ᠦᠬᠡᠷ ᠤᠨ ᠰᠠᠭᠤᠷᠢᠨ︾ ᠢ ᠪᠦᠲᠦᠭᠡᠨ ᠪᠠᠶᠢᠭᠤᠯᠤᠨ᠎ᠠ᠃ 15 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ | 7 ᠲᠦᠮᠡᠨ ᠠᠯᠠᠰᠢᠨ ᠦᠬᠡᠷ ᠪᠣᠷᠳᠣᠵᠤ ᠲᠠᠷᠭᠤᠯᠠᠭᠤᠯᠬᠤ ᠲᠠᠯᠠᠪᠠᠢ ᠪᠣᠯᠣᠨ 3 ᠲᠦᠮᠡᠨ ᠰᠠᠭᠠᠯᠢ ᠶᠢᠨ ᠦᠨᠢᠶ᠎ᠡ | ᠲᠡᠵᠢᠭᠡᠨ ᠦᠷᠡᠵᠢᠭᠦᠯᠬᠦ ᠲᠠᠯᠠᠪᠠᠢ ᠶᠢ ᠭᠤᠣᠯᠳᠠᠯᠭ᠎ᠠ ᠲᠠᠢ ᠰᠠᠶᠢᠲᠤᠷ ᠪᠦᠲᠦᠭᠡᠨ ᠪᠠᠶᠢᠭᠤᠯᠤᠨ᠎ᠠ᠃ 1 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠵᠤ 300 ᠠᠯᠠᠰᠢᠨ ᠦᠬᠡᠷ ᠲᠡᠵᠢᠭᠡᠨ ᠦᠷᠡᠵᠢᠭᠦᠯᠬᠦ ᠬᠤᠷᠰᠢᠶ᠎ᠠ ᠪᠠ ᠭᠠᠴᠠᠭ᠎ᠠ | ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠵᠤ᠂ 20 ᠳ᠋ᠦᠩᠰᠢᠭᠤᠷ | ᠲᠥᠭᠦᠷᠢᠭ ᠤᠨ ᠵᠢᠭᠡᠯᠡᠯᠭᠡ ᠪᠠᠷ 2 ᠲᠦᠮᠡᠨ ᠲᠡᠵᠢᠭᠡᠨ ᠦᠷᠡᠵᠢᠭᠦᠯᠬᠦ ᠡᠷᠦᠬᠡ ᠶᠢ ᠳᠡᠮᠵᠢᠬᠦ ᠶᠢ ᠨᠠᠶᠢᠳᠠᠪᠤᠷᠢᠵᠢᠭᠤᠯᠤᠨ᠎ᠠ | ︔ ︽ᠠᠷᠢᠭᠤᠨ ᠴᠡᠪᠡᠷ ᠡᠨᠧᠷᠭᠢ ᠭᠠᠷᠭᠠᠬᠤ ᠰᠠᠭᠤᠷᠢᠨ︾ ᠤ ᠲᠣᠭᠤᠷᠢᠨ ᠳᠤ᠂ ᠬᠤᠷᠴᠢᠨ ᠪᠠᠷᠠᠭᠤᠨ ᠭᠠᠷᠤᠨ | ᠳᠤᠮᠳᠠᠳᠤ ᠬᠤᠰᠢᠭᠤᠨ ᠤ ︽ᠮᠢᠩᠭᠠᠨ ᠲᠦᠮᠡᠨ ᠺᠢᠯᠣᠸᠠᠲ ᠤᠨ ᠲᠠᠰ ᠤᠨ ᠴᠡᠪᠡᠷ ᠡᠨᠧᠷᠭᠢ ᠶᠢᠨ ᠰᠠᠭᠤᠷᠢᠨ ᠭᠠᠵᠠᠷ︾ | ᠢ ᠪᠦᠲᠦᠭᠡᠨ ᠪᠠᠶᠢᠭᠤᠯᠤᠨ᠎ᠠ᠃ ᠵᠢᠯ ᠤᠨ ᠳᠣᠲᠣᠷ᠎ᠠ 3 ᠵᠠᠭᠤᠨ ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ | ᠲᠥᠷᠥᠯ ᠵᠦᠢᠯ ᠢ ᠨᠠᠶᠢᠳᠠᠪᠤᠷᠢᠵᠢᠭᠤᠯᠬᠤ ᠪᠠᠷ ᠴᠢᠷᠮᠠᠶᠢᠵᠤ᠂ ᠪᠥᠬᠦ ᠬᠤᠰᠢᠭᠤᠨ ᠤ ᠴᠠᠬᠢᠯᠭᠠᠨ ᠬᠦᠴᠦᠨ ᠤ ᠶᠡᠷᠦᠩᠬᠡᠢ | ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢ 800 ᠲᠦᠮᠡᠨ ᠺᠢᠯᠣᠸᠠᠲ ᠲᠤ ᠬᠦᠷᠭᠡᠨ᠎ᠡ᠃ ᠭᠤᠷᠪᠠᠨ | 500 ᠺᠢᠯᠤᠸᠤᠯᠲ ᠤᠨ ᠣᠨᠴᠠ ᠥᠨᠳᠥᠷ ᠬᠦᠴᠦᠳᠡᠯᠲᠦ ᠪᠠ 220 ᠺᠢᠯᠤᠸᠤᠯᠲ ᠤᠨ ᠥᠨᠳᠥᠷ ᠬᠦᠴᠦᠳᠡᠯᠲᠦ | ᠴᠠᠬᠢᠯᠭᠠᠨ ᠱᠤᠭᠤᠮ ᠤᠨ 2 ᠲᠥᠷᠥᠯ ᠵᠦᠢᠯ ᠢ ᠨᠠᠶᠢᠳᠠᠪᠤᠷᠢᠵᠢᠭᠤᠯᠤᠨ᠎ᠠ᠃ ᠠᠨᠾᠦ᠋ᠢ ᠶᠢᠨ ᠬᠠᠢ ᠴᠤᠸᠠᠩ ᠯᠢᠦᠢ | ᠨᠧᠩ ᠣᠷᠴᠢᠨ ᠠᠬᠤᠢ ᠶᠢᠨ ᠬᠠᠮᠠᠭᠠᠯᠠᠯᠲᠠ ᠶᠢᠨ ᠪᠦᠯᠦᠭᠯᠡᠯ ᠢ ᠣᠷᠣᠭᠤᠯᠤᠨ ᠠᠪᠴᠢᠷᠠᠵᠤ᠂ ᠠᠮᠢᠳᠤᠷᠠᠯ ᠤᠨ ᠬᠤᠭ | ᠨᠣᠪᠰᠢ ᠶᠢ ᠰᠢᠲᠠᠭᠠᠵᠤ ᠴᠠᠬᠢᠯᠭᠠᠨ ᠭᠠᠷᠭᠠᠬᠤ ᠲᠥᠷᠥᠯ ᠵᠦᠢᠯ ᠢ ᠪᠦᠲᠦᠭᠡᠨ ᠪᠠᠶᠢᠭᠤᠯᠤᠨ᠎ᠠ᠃ | ᠠᠶᠤᠯᠭᠦᠢ ᠶᠢᠨ ᠬᠠᠯᠬᠠᠪᠴᠢ ᠶᠢᠨ ᠲᠣᠭᠤᠷᠢᠨ ᠳᠤ᠂ ︽ᠤᠯᠤᠰ ᠤᠨ ᠨᠥᠭᠡᠴᠡ ᠶᠢᠨ ᠬᠥᠮᠥᠷᠭᠡ ᠶᠢ ᠭᠤᠷᠪᠠ︾ | ᠪᠠᠶᠢᠭᠤᠯᠤᠨ᠎ᠠ᠃ 6.9 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ ᠲᠥᠪ ᠤᠨ ᠵᠠᠰᠠᠭ ᠤᠨ ᠣᠷᠳᠣᠨ ᠤ | ᠨᠡᠭᠦᠷᠡᠰᠦ ᠨᠥᠭᠡᠴᠡᠯᠡᠬᠦ ᠬᠥᠮᠥᠷᠭᠡ ᠶᠢᠨ ᠲᠦᠷᠦᠯ ᠵᠦᠢᠯ ᠢ ᠨᠠᠶᠢᠳᠠᠪᠤᠷᠢᠵᠢᠭᠤᠯᠤᠨ᠎ᠠ︔ 2 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠤᠭᠰᠠᠨ ᠲᠥᠪ ᠤᠨ ᠵᠠᠰᠠᠭ ᠤᠨ ᠣᠷᠳᠣᠨ ᠤ ᠦᠬᠡᠷ ᠬᠤᠨᠢᠨ ᠮᠢᠬ᠎ᠠ ᠨᠥᠭᠡᠴᠡᠯᠡᠬᠦ | ᠬᠥᠮᠥᠷᠭᠡ ᠶᠢᠨ ᠲᠥᠷᠥᠯ ᠵᠦᠢᠯ ᠢ ᠨᠠᠶᠢᠳᠠᠪᠤᠷᠢᠵᠢᠭᠤᠯᠤᠨ᠎ᠠ︔ 1.45 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠭᠰᠠᠨ ᠳᠤᠮᠳᠠᠳᠤ ᠤᠯᠤᠰ ᠤᠨ ᠨᠥᠭᠡᠴᠡᠯᠡᠬᠦ ᠠᠮᠤ ᠪᠤᠳᠠᠭ᠎ᠠ ᠨᠥᠭᠡᠴᠡᠯᠡᠬᠦ ᠵᠦᠢᠯᠡᠰ ᠢ | ᠨᠠᠶᠢᠳᠠᠪᠤᠷᠢᠵᠢᠭᠤᠯᠤᠨ᠎ᠠ᠃ | ᠬᠡᠯᠬᠢᠶ᠎ᠡ ᠶᠢ ᠤᠷᠳᠤᠳᠬᠠᠬᠤ ᠬᠡᠯᠬᠢᠶ᠎ᠡ ᠶᠢ ᠨᠥᠬᠦᠪᠦᠷᠢᠯᠡᠵᠦ ᠬᠡᠯᠬᠢᠶ᠎ᠡ ᠶᠢ ᠴᠢᠩᠭᠠᠳᠬᠠᠬᠤ ᠶᠢᠨ ᠲᠣᠭᠤᠷᠢᠨ ᠳᠤ᠂ | ︽ᠲᠠᠪᠤᠨ ᠶᠡᠭᠡ ᠠᠵᠤ ᠦᠢᠯᠡᠰ︾ ᠢ ᠴᠢᠩᠭᠠᠷᠠᠭᠤᠯᠤᠨ᠎ᠠ᠃ ᠬᠤᠶᠠᠷ ᠶᠡᠭᠡ ᠴᠠᠬᠢᠯᠭᠠᠨ ᠤ ᠦᠢᠯᠡᠳᠪᠦᠷᠢ ᠶᠢᠨ | ᠦᠯᠡᠳᠡᠪᠦᠷᠢ ᠡᠨᠧᠷᠭᠢ ᠦᠯᠡᠳᠡᠪᠦᠷᠢ ᠢᠯᠴᠢ ᠦᠯᠡᠳᠡᠪᠦᠷᠢ ᠬᠡᠢ ᠶᠢᠨ ᠲᠣᠭᠤᠷᠢᠨ ᠳᠤ 4 ᠳᠦᠷᠦᠯ ᠵᠦᠢᠯ ᠢ | ᠨᠠᠶᠢᠳᠠᠪᠦᠷᠢᠵᠢᠭᠤᠯᠤᠨ᠎ᠠ᠃ 1 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠭᠰᠠᠨ ᠨᠢᠭᠡ ᠯᠡ ᠤᠳᠠᠭ᠎ᠠ ᠶᠢᠨ | ᠴᠢᠨᠠᠷᠲᠠᠢ ᠡᠮᠴᠢᠯᠡᠭᠡᠨ ᠳᠤ ᠬᠡᠷᠡᠭᠯᠡᠬᠦ ᠭᠤᠮ ᠪᠡᠭᠡᠯᠡᠢ ᠦᠶᠯᠡᠳᠬᠦ ᠲᠥᠷᠥᠯ ᠵᠦᠢᠯ ᠢ ᠬᠤᠳᠠᠯᠳᠤᠭᠠᠴᠢᠨ ᠤᠷᠢᠵᠤ | ᠪᠤᠳᠠᠳᠠᠶᠢᠵᠢᠭᠤᠯᠤᠨ᠎ᠠ᠃ 5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ ᠮᠧᠩ ᠨᠧᠩ ᠨᠤᠨᠳᠠᠭ | ᠨᠡᠭᠦᠷᠡᠰᠦᠨ ᠤ ᠦᠨᠡᠰᠦ ᠶᠢ ᠶᠡᠷᠦᠩᠬᠡᠶᠢᠯᠡᠨ ᠠᠰᠢᠭᠯᠠᠵᠤ ᠬᠢᠮᠢ ᠶᠢᠨ ᠪᠣᠷᠳᠣᠭᠤᠷ ᠦᠢᠯᠡᠳᠴᠦ ᠬᠤᠵᠢᠷᠯᠢᠭ ᠭᠠᠵᠠᠷ ᠢ | ᠥᠭᠡᠷᠡᠴᠢᠯᠡᠬᠦ ᠲᠥᠷᠥᠯ ᠵᠦᠢᠯ᠂ 3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ ᠵᠢᠩ ᠺᠧ ᠨᠤᠨᠳᠠᠭ | ᠨᠡᠭᠦᠷᠡᠰᠦᠨ ᠤ ᠦᠨᠡᠰᠦ ᠶᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠢ ᠬᠤᠳᠠᠯᠳᠤᠭᠠᠴᠢᠨ ᠤᠷᠢᠵᠤ | ᠪᠤᠳᠠᠳᠠᠶᠢᠵᠢᠭᠤᠯᠤᠨ᠎ᠠ᠃ 8 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠲᠠᠢ ᠮᠧᠩ ᠨᠧᠩ ᠪᠢᠴᠢᠯ | ᠴᠠᠬᠢᠯᠭᠠᠨ ᠤ ᠲᠣᠣᠷ ᠪᠠᠶᠢᠭᠤᠯᠬᠤ ᠶᠢ ᠵᠥᠪᠰᠢᠶᠡᠷᠡᠵᠦ᠂ ᠺᠧ ᠶᠢᠦ ᠵᠦᠩ ᠴᠠᠬᠢᠯᠭᠠᠨ ᠬᠦᠴᠦᠨ ᠤ ᠳᠠᠪᠠᠭᠤᠯᠢᠭ ᠢ | ᠪᠠᠳᠠᠷᠠᠭᠤᠯᠤᠨ᠎ᠠ︔ ︽ᠦᠬᠡᠷ ᠤᠨ ᠦᠢᠯᠡᠰ︾ ᠢ ᠪᠤᠵᠠᠭᠠᠶᠢᠷᠠᠭᠤᠯᠬᠤ ᠶᠢᠨ ᠲᠣᠭᠤᠷᠢᠨ ᠳᠤ᠂ 3 ᠲᠥᠷᠥᠯ ᠵᠦᠢᠯ ᠢ | ᠨᠠᠶᠢᠳᠠᠪᠤᠷᠢᠵᠢᠭᠤᠯᠤᠨ᠎ᠠ᠃ 1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ ᠲᠡᠵᠢᠭᠡᠯ ᠪᠤᠷᠳᠤᠭ᠎ᠠ | ᠡᠪᠡᠰᠦᠨ ᠤ ᠠᠵᠤ ᠦᠢᠯᠡᠰ ᠤᠨ ᠡᠳ᠋ᠰᠢᠭᠦᠯᠬᠦ ᠪᠠᠷᠠᠭᠠᠨ ᠤ ᠭᠦᠢᠯᠭᠡᠭᠡᠨ ᠤ ᠠᠷᠠᠯᠵᠢᠶᠠᠯᠠᠬᠤ ᠬᠦᠷᠢᠶᠡᠯᠡᠩ | ᠲᠣᠭᠤᠷᠢᠭ ᠤᠨ ᠲᠥᠷᠥᠯ ᠵᠦᠢᠯ ᠢ ᠨᠠᠶᠢᠳᠠᠪᠤᠷᠢᠵᠢᠭᠤᠯᠤᠨ᠎ᠠ᠃ 7000 ᠲᠦᠮᠡᠨ ᠲᠥᠭᠦᠷᠢᠭ ᠤᠨ ᠪᠡᠯᠡ | ᠣᠷᠣᠭᠤᠯᠤᠭᠰᠠᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠳᠡᠭᠡᠭᠰᠢᠯᠡᠭᠦᠯᠬᠦ ᠲᠥᠷᠥᠯ | ᠵᠦᠢᠯ ᠢ ᠨᠠᠶᠢᠳᠠᠪᠤᠷᠢᠵᠢᠭᠤᠯᠵᠤ᠂ ᠨᠡᠶᠢᠭᠡᠮᠴᠢᠯᠡᠭᠰᠡᠨ ᠦᠢᠯᠡᠴᠢᠯᠡᠭᠡ ᠶᠢ ᠣᠷᠣᠭᠤᠯᠤᠨ ᠠᠪᠴᠢᠷᠠᠵᠤ᠂ ᠣᠲᠣ | ᠦᠶ᠎ᠡ ᠶᠢᠨ ᠮᠠᠯ ᠠᠵᠤ ᠠᠬᠤᠢ ᠶᠢ ᠪᠦᠲᠦᠭᠡᠨ ᠪᠠᠶᠢᠭᠤᠯᠤᠨ᠎ᠠ᠃ ᠬᠤᠸᠠ ᠶᠠᠩ ᠠᠯᠠᠰᠢᠨ ᠦᠬᠡᠷ ᠨᠢᠲᠤᠯᠵᠤ | ᠪᠣᠯᠪᠠᠰᠤᠷᠠᠭᠤᠯᠬᠤ ᠦᠢᠯᠡᠳᠪᠦᠷᠢ 2 ᠲᠦᠮᠡᠨ ᠳᠤᠯᠤᠭᠠᠢ ᠠᠴᠠ ᠳᠡᠭᠡᠭᠰᠢ ᠨᠢᠲᠤᠯᠬᠤ ᠶᠢ ᠪᠡᠶᠡᠯᠡᠬᠦᠯᠦᠨ᠎ᠡ︔ ᠭᠠᠵᠠᠷ | ᠰᠢᠷᠣᠢ ᠶᠢᠨ ᠲᠣᠭᠤᠷᠢᠨ ᠳᠤ ᠬᠦᠴᠦ ᠣᠷᠣᠭᠤᠯᠵᠤ᠂ ᠭᠠᠵᠠᠷ ᠰᠢᠷᠣᠢ ᠶᠢᠨ ᠠᠵᠤ ᠦᠢᠯᠡᠰ ᠢ ᠬᠥᠭᠵᠢᠭᠦᠯᠦᠨ᠂ 4 | ᠲᠥᠷᠥᠯ ᠵᠦᠢᠯ ᠢ ᠨᠠᠶᠢᠳᠠᠪᠤᠷᠢᠵᠢᠭᠤᠯᠤᠨ᠎ᠠ᠃ ᠳᠠᠷᠢᠶᠠᠯᠭᠠ ᠶᠢ ᠨᠦᠬᠦᠪᠦᠷᠢᠯᠡᠬᠦ ᠬᠥᠮᠥᠷᠭᠡ ᠶᠢ 7000 ᠮᠦ | ᠰᠢᠨ᠎ᠡ ᠪᠠᠷ ᠨᠡᠮᠡᠭᠳᠡᠬᠦᠯᠦᠨ᠎ᠡ᠃ 7000 ᠮᠦ ᠶᠢᠨ ᠨᠡᠮᠡᠭᠳᠡᠯ ᠬᠠᠰᠤᠭᠳᠠᠯ ᠢ ᠰᠢᠨ᠎ᠡ ᠪᠠᠷ ᠨᠡᠮᠡᠭᠳᠡᠬᠦᠯᠦᠨ᠎ᠡ᠃ ᠤᠰᠤᠨ | ᠲᠠᠷᠢᠶᠠᠨ ᠤ ᠭᠦᠢᠴᠡᠳᠬᠡᠬᠦ ᠲᠤᠭ᠎ᠠ ᠶᠢ 3 ᠲᠦᠮᠡᠨ ᠮᠤ᠋ ᠰᠢᠨ᠎ᠡ ᠪᠠᠷ ᠨᠡᠮᠡᠭᠳᠡᠭᠦᠯᠵᠦ᠂ ᠤᠰᠤᠨ ᠲᠠᠷᠢᠶᠠᠨ ᠤ ᠳᠠᠷᠢᠶᠠᠨ | ᠭᠠᠵᠠᠷ ᠤᠨ ᠬᠥᠮᠥᠷᠭᠡ ᠶᠢ 2000 ᠮᠤ᠋ ᠨᠡᠮᠡᠭᠳᠡᠭᠦᠯᠦᠨ᠎ᠡ᠃ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠢ ᠣᠲᠣ | ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠣᠯᠭᠠᠨ ᠪᠦᠲᠦᠭᠡᠨ ᠪᠠᠶᠢᠭᠤᠯᠤᠨ᠎ᠠ︔ | ᠭᠤᠣᠯᠯᠠᠬᠤ ᠠᠵᠤ ᠦᠢᠯᠡᠰ ᠤᠨ ᠲᠣᠭᠤᠷᠢᠨ ᠳᠤ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡᠨ ᠢ | ᠬᠥᠭᠵᠢᠭᠦᠯᠵᠦ᠂ 4 ᠲᠥᠷᠥᠯ ᠵᠦᠢᠯ ᠢ ᠨᠠᠶᠢᠳᠠᠪᠤᠷᠢᠵᠢᠭᠤᠯᠤᠨ᠎ᠠ᠃ 3 ᠳ᠋ᠦᠩᠰᠢᠭᠤᠷ ᠲᠥᠭᠦᠷᠢᠭ ᠣᠷᠣᠭᠤᠯᠵᠤ | ᠦᠬᠡᠷ ᠬᠤᠨᠢᠨ ᠮᠢᠬ᠎ᠠ ᠶᠢᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢ ᠬᠥᠭᠵᠢᠭᠦᠯᠦᠨ᠎ᠡ᠃ 1 ᠳ᠋ᠦᠩᠰᠢᠭᠤᠷ | ᠲᠥᠭᠦᠷᠢᠭ ᠣᠷᠣᠭᠤᠯᠵᠤ ᠠᠮᠤ ᠪᠤᠳᠠᠭᠠᠨ ᠤ ᠪᠠᠷᠠᠭᠠᠨ ᠤ ᠭᠦᠢᠯᠭᠡᠭᠡ ᠶᠢ ᠬᠥᠭᠵᠢᠭᠦᠯᠦᠨ᠎ᠡ᠃ 6000 ᠲᠦᠮᠡᠨ | ᠲᠥᠭᠦᠷᠢᠭ ᠣᠷᠣᠭᠤᠯᠵᠤ ᠮᠠᠯ ᠳᠡᠵᠢᠬᠡᠪᠦᠷᠢ ᠶᠢᠨ ᠭᠤᠤᠯ ᠬᠦᠮᠦᠷᠭᠡ ᠪᠠ ᠡᠪᠡᠰᠦ ᠪᠣᠷᠳᠤᠭ᠎ᠠ ᠶᠢᠨ ᠪᠠᠩᠬᠢ ᠶᠢ | ᠬᠥᠭᠵᠢᠭᠦᠯᠦᠨ᠎ᠡ᠃ 1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠭᠠᠴᠠᠭᠠᠨ ᠤ ᠬᠠᠮᠲᠤ ᠨᠡᠶᠢᠲᠡ ᠪᠠ | ᠬᠤᠷᠰᠢᠶ᠎ᠠ ᠶᠢᠨ ᠰᠢᠨ᠎ᠡ ᠰᠣᠷᠭᠤᠭ ᠢᠶᠠᠷ ᠬᠠᠳᠠᠭᠠᠯᠠᠬᠤ ᠲᠥᠷᠥᠯ ᠵᠦᠢᠯ ᠢ ᠲᠡᠳᠬᠦᠨ ᠳᠡᠮᠵᠢᠨ᠎ᠡ︔ ᠪᠥᠬᠦ ᠴᠠᠷᠠᠭᠠᠨ ᠤ | ᠵᠢᠭᠤᠯᠴᠢᠯᠠᠯ ᠤᠨ ᠲᠣᠭᠤᠷᠢᠨ ᠳᠤ ᠠᠵᠤ ᠦᠢᠯᠡᠰ ᠢ ᠬᠥᠭᠵᠢᠭᠦᠯᠵᠦ᠂ 7 ᠲᠥᠷᠥᠯ ᠵᠦᠢᠯ ᠢ ᠨᠠᠶᠢᠳᠠᠪᠤᠷᠢᠵᠢᠭᠤᠯᠤᠨ᠎ᠠ᠃ | ᠬᠤᠳᠠᠯᠳᠤᠭᠠᠴᠢᠨ ᠤᠷᠢᠵᠤ 1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠰᠣᠶᠣᠯ ᠤᠨ ᠠᠵᠤ | ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ ᠮᠣᠩᠭᠤᠯ ᠡᠮ ᠡᠮᠨᠡᠯᠭᠡ ᠮᠣᠩᠭᠤᠯ | ᠡᠮ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠢ ᠴᠢᠷᠮᠠᠶᠢᠨ ᠪᠠᠶᠢᠭᠤᠯᠤᠨ᠎ᠠ᠃ ᠬᠤᠳᠠᠯᠳᠤᠭᠠᠴᠢᠨ ᠤᠷᠢᠬᠤ | + ᠲᠥᠷᠥᠯ ᠵᠦᠢᠯ ᠢᠶᠠᠷ 1.4 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ ᠬᠠᠩᠭᠠᠯ ᠨᠠᠭᠤᠷ ᠠᠴᠠ | ᠪᠠᠲᠤᠴᠠᠭᠠᠨ ᠤ ᠵᠢᠭᠤᠯᠴᠢᠯᠠᠯ ᠤᠨ ᠣᠷᠣᠨ ᠬᠦᠷᠬᠦ ᠲᠥᠷᠥᠯ ᠵᠦᠢᠯ ᠢ ᠨᠠᠶᠢᠳᠠᠪᠤᠷᠢᠵᠢᠭᠤᠯᠤᠨ᠎ᠠ᠃ ᠨᠡᠶᠢᠳᠡᠮ ᠬᠡᠷᠡᠭᠯᠡᠬᠦ | ᠨᠢᠰᠬᠡᠯ ᠤᠨ ᠪᠠᠭᠤᠳᠠᠯ ᠢ ᠪᠦᠲᠦᠭᠡᠨ ᠪᠠᠶᠢᠭᠤᠯᠵᠤ᠂ 8 ᠳ᠋ᠤᠭᠠᠷ ᠰᠠᠷ᠎ᠠ ᠳᠤ ᠠᠰᠢᠭᠯᠠᠯᠲᠠ ᠳᠤ ᠣᠷᠣᠭᠤᠯᠬᠤ ᠪᠠᠷ | ᠴᠢᠷᠮᠠᠶᠢᠨ᠎ᠠ᠃ ᠳᠠᠶᠢᠴᠢᠨᠲᠠᠯ᠎ᠠ ᠣᠨᠴᠠᠯᠢᠭᠲᠤ ᠵᠢᠵᠢᠭ ᠪᠠᠯᠭᠠᠰᠤ᠂ ᠰᠢᠷᠠᠳᠤᠪᠤ ᠤᠰᠤᠨ ᠠᠰᠢᠭᠯᠠᠯᠳᠠ ᠶᠢᠨ | ᠦᠵᠡᠰᠬᠦᠯᠡᠩᠲᠦ ᠬᠥᠳᠡᠭᠡ ᠲᠣᠰᠬᠤᠨ ᠪᠠ ᠬᠤᠣᠯᠢᠨ ᠵᠢᠭᠠᠰᠤᠴᠢᠨ ᠤ ᠲᠣᠰᠬᠤᠨ ᠵᠡᠷᠭᠡ ᠭᠤᠷᠪᠠᠨ ᠵᠢᠭᠤᠯᠴᠢᠯᠠᠯ ᠤᠨ | ᠵᠢᠵᠢᠭ ᠪᠠᠯᠭᠠᠰᠤ ᠶᠢ ᠪᠠᠶᠢᠭᠤᠯᠤᠨ᠎ᠠ᠃ | ︵ᠬᠤᠶᠠᠷ︶ ᠲᠣᠬᠢᠷᠠᠭᠤᠯᠬᠤ ᠠᠵᠢᠯ ᠢ ᠠᠳᠬᠤᠵᠤ᠂ ᠦᠷ᠎ᠡ ᠠᠰᠢᠭ ᠢ ᠨᠡᠮᠡᠭᠳᠡᠭᠦᠯᠦᠨ᠂ ᠠᠵᠤ ᠠᠬᠤᠢ ᠶᠢᠨ | ᠠᠵᠢᠯᠯᠠᠭᠠᠨ ᠢ ᠪᠦᠬᠦ ᠬᠦᠴᠦᠨ ᠢᠶᠠᠷ ᠢᠶᠠᠨ ᠪᠠᠳᠤᠯᠠᠨ᠎ᠠ | ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠦᠷᠭᠦᠯᠵᠢᠯᠡᠨ ᠲᠦᠯᠬᠢᠨ | ᠠᠬᠢᠭᠤᠯᠤᠨ᠎ᠠ᠃ ᠠᠷᠭ᠎ᠠ ᠪᠦᠬᠦᠨ ᠢ ᠰᠦᠪᠡᠭᠴᠢᠯᠡᠨ ᠠᠵᠤ ᠦᠢᠯᠡᠳᠪᠦᠷᠢ ᠶᠢᠨ ᠶᠡᠷᠦᠩᠬᠡᠢ ᠬᠡᠮᠵᠢᠶ᠎ᠡ ᠶᠢ ᠥᠷᠭᠡᠳᠬᠡᠵᠦ | ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ ᠢ 30% ᠪᠠᠷ | ᠨᠡᠮᠡᠭᠳᠡᠭᠦᠯᠦᠨ᠎ᠡ᠃ ᠠᠵᠤ ᠠᠬᠤᠶᠢᠯᠠᠯ ᠤᠨ ᠪᠦᠬᠦ ᠬᠦᠴᠦᠨ ᠢᠶᠠᠷ ᠢᠶᠠᠨ ᠦᠢᠯᠡᠳᠪᠦᠷᠢᠯᠡᠬᠦ ᠶᠢ ᠦᠨᠡᠨᠬᠦ ᠪᠠᠲᠤᠯᠠᠵᠤ᠂ | ᠠᠵᠤ ᠦᠢᠯᠡᠳᠪᠦᠷᠢ ᠶᠢᠨ ᠠᠵᠤ ᠠᠬᠤᠢ ᠶᠢᠨ ︽ᠪᠦᠬᠦ ᠵᠢᠯ ᠳᠤ ᠬᠦᠭᠵᠢᠯᠲᠡ ᠲᠠᠢ ᠪᠠᠶᠢᠬᠤ︾ ᠶᠢ ᠪᠡᠶᠡᠯᠡᠭᠦᠯᠦᠨ᠎ᠡ᠃ | ᠮᠧᠩ ᠨᠧᠩ ᠺᠸ ᠶᠢᠦ ᠵᠦᠩ ᠴᠠᠬᠢᠯᠭᠠᠨ ᠤ ᠦᠢᠯᠡᠳᠪᠦᠷᠢ᠂ ᠬᠤᠸᠠ ᠶᠠᠩ ᠦᠬᠡᠷ ᠤᠨ ᠦᠢᠯᠡᠰ ᠤᠨ | ᠰᠢᠨᠵᠢᠯᠡᠭᠡ ᠮᠡᠷᠭᠡᠵᠢᠯ ᠤᠨ ᠪᠦᠯᠦᠭᠯᠡᠯ ᠂ ᠲᠢᠶᠠᠨ | ᠾᠧ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠺᠣᠮᠫᠠᠨᠢ ᠵᠡᠷᠭᠡ | ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠢ ᠰᠢᠨ᠎ᠡ ᠪᠠᠷ 3 ᠨᠡᠮᠡᠭᠳᠡᠭᠦᠯᠦᠨ᠎ᠡ᠃ ᠵᠠᠮᠴᠢᠨ ᠤ ᠬᠠᠷ᠎ᠠ | ᠲᠤᠭᠤᠯᠭ᠎ᠠ ᠴᠠᠶᠢᠷ ᠤᠨ ᠠᠭᠤᠷᠬᠠᠢ᠂ ᠵᠢᠩ ᠴᠧᠩ ᠵᠡᠰ ᠤᠨ ᠠᠭᠤᠷᠬᠠᠢ᠂ ᠮᠦᠩᠬᠦᠨ ᠳᠤᠯᠤᠭᠠᠢ ᠬᠠᠷ᠎ᠠ | ᠲᠤᠭᠤᠯᠭ᠎ᠠ ᠶᠢᠨ ᠠᠭᠤᠷᠬᠠᠢ ᠵᠡᠷᠭᠡ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ | ᠰᠡᠷᠭᠦᠭᠡᠬᠦ ᠠᠬᠢᠴᠠ ᠶᠢ ᠲᠦᠷᠭᠡᠳᠬᠡᠨ ᠠᠬᠢᠭᠤᠯᠤᠨ᠎ᠠ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠣᠷᠣᠨ ᠪᠦᠰᠡ ᠶᠢᠨ ᠦᠨᠡᠯᠡᠨ ᠵᠢᠱᠢᠭᠰᠡᠨ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠵᠤ᠂ ᠣᠶᠤᠨᠲᠤ | ᠬᠦᠷᠢᠶᠡᠯᠡᠩ ᠲᠣᠭᠤᠷᠢᠭ ᠤᠨ ᠲᠠᠪᠴᠠᠩ ᠤᠨ ᠦᠢᠯᠡᠳᠦᠯ ᠢ ᠪᠠᠳᠠᠷᠠᠭᠤᠯᠤᠨ᠂ ᠨᠠᠷᠢᠯᠢᠭᠵᠢᠭᠤᠯᠤᠭᠰᠠᠨ | ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠬᠦᠯᠦᠨ᠎ᠡ᠃ ᠪᠠᠶᠠᠵᠢᠨ᠎ᠠ ᠬᠦᠷᠢᠶᠡᠯᠡᠩ ᠲᠣᠭᠤᠷᠢᠭ ᠤᠨ | ᠶᠡᠷᠦᠩᠬᠡᠶᠢᠯᠡᠭᠰᠡᠨ ᠬᠤᠭᠤᠯᠠᠢ ᠶᠢᠨ ᠲᠣᠣᠷ ᠤᠨ ᠢᠨᠵᠧᠨᠧᠷᠢᠩ ᠢ ᠴᠢᠷᠮᠠᠶᠢᠨ ᠬᠡᠷᠡᠭᠵᠢᠭᠦᠯᠦᠨ᠎ᠡ᠃ ᠬᠤᠤᠯᠢᠩᠭᠤᠤᠯ | ᠬᠤᠲᠠ ᠶᠢᠨ ᠬᠦᠩᠭᠡᠨᠴᠠᠭᠠᠨ ᠤ ᠠᠵᠤ ᠦᠢᠯᠡᠰ ᠤᠨ ᠳᠠᠪᠠᠭᠤᠯᠢᠭ ᠪᠠ ᠪᠤᠷᠢᠶᠠᠳ ᠠᠵᠤ ᠦᠢᠯᠡᠰ ᠤᠨ | ᠬᠦᠷᠢᠶᠡᠯᠡᠩ ᠤᠨ ᠳᠠᠪᠠᠭᠤᠯᠢᠭ ᠲᠤ ᠲᠦᠰᠢᠭᠯᠡᠨ᠂ ᠲᠣᠨᠤᠭ ᠲᠥᠬᠦᠭᠡᠷᠦᠮᠵᠢ ᠦᠶᠯᠡᠳᠬᠦ᠂ ᠰᠢᠨ᠎ᠡ ᠮᠠᠲ᠋ᠧᠷᠢᠶᠠᠯ ᠵᠡᠷᠭᠡ | ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠤᠨ ᠲᠥᠷᠥᠯ ᠵᠦᠢᠯ ᠢ | ᠬᠤᠳᠠᠯᠳᠤᠭᠠᠴᠢᠨ ᠤᠷᠢᠵᠤ ᠣᠷᠣᠭᠤᠯᠬᠤ ᠪᠠᠷ ᠴᠢᠷᠮᠠᠶᠢᠨ᠎ᠠ᠃ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠤᠷᠲᠤ ᠬᠤᠭᠤᠴᠠᠭ᠎ᠠ ᠪᠠᠷ ᠰᠠᠶᠢᠲᠤᠷ ᠠᠳᠬᠤᠨ᠎ᠠ᠃ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢᠨ ︽ᠳᠥᠷᠪᠡᠨ ᠤᠯᠠᠷᠢᠯ ᠤᠨ ᠠᠵᠢᠯᠯᠠᠭ᠎ᠠ︾ ᠶᠢ ᠬᠦᠴᠦᠲᠡᠢ ᠲᠦᠯᠬᠢᠨ | ᠠᠬᠢᠭᠤᠯᠵᠤ᠂ ᠪᠥᠬᠦ ᠠᠵᠤ ᠦᠢᠯᠡᠰ ᠤᠨ ᠬᠡᠯᠬᠢᠶ᠎ᠡ ᠳᠤ ᠠᠩᠬᠠᠷᠤᠯ ᠢᠶᠠᠨ ᠲᠥᠪᠯᠡᠷᠡᠭᠦᠯᠦᠨ᠂ ᠨᠠᠷᠢᠯᠢᠭ | ᠣᠨᠣᠴᠠᠲᠠᠢ ᠪᠠᠷ ᠬᠤᠳᠠᠯᠳᠤᠭᠠᠴᠢᠨ ᠤᠷᠢᠵᠤ᠂ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ᠂ ᠲᠥᠷᠥᠯ ᠰᠠᠳᠤᠨ ᠤ | ᠰᠡᠳᠬᠢᠯᠭᠡ ᠪᠠᠷ ᠬᠤᠳᠠᠯᠳᠤᠭᠠᠴᠢᠨ ᠤᠷᠢᠬᠤ ᠣᠯᠠᠨ ᠲᠠᠯ᠎ᠠ ᠪᠠᠷ ᠬᠦᠴᠦᠯᠡᠵᠦ᠂ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠶᠢ 30 ᠳ᠋ᠦᠩᠰᠢᠭᠤᠷ ᠲᠥᠭᠦᠷᠢᠭ ᠪᠡᠶᠡᠯᠡᠭᠦᠯᠵᠦ᠂ 15% ᠪᠠᠷ ᠨᠡᠮᠡᠭᠳᠡᠭᠦᠯᠦᠨ᠎ᠡ᠃ ᠬᠤᠳᠠᠯᠳᠤᠭᠠᠴᠢᠨ | ᠤᠷᠢᠬᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠤᠳᠠᠯᠳᠤᠭᠠᠴᠢᠨ ᠤᠷᠢᠬᠤ ᠲᠥᠷᠥᠯ ᠵᠦᠢᠯ ᠤᠨ ᠪᠥᠬᠦ | ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠤᠨ᠂ ︽ᠬᠥᠮᠥᠨ | ᠪᠦᠬᠦᠨ ᠣᠷᠣᠯᠴᠠᠵᠤ᠂ ᠪᠥᠬᠦ ᠠᠵᠢᠯᠲᠠᠨ ᠬᠤᠳᠠᠯᠳᠤᠭᠠᠴᠢᠨ ᠤᠷᠢᠬᠤ︾ ᠭᠦᠨ ᠵᠤᠵᠠᠭᠠᠨ ᠬᠤᠳᠠᠯᠳᠤᠭᠠᠴᠢᠨ | ᠤᠷᠢᠬᠤ ᠠᠭᠤᠷ ᠠᠮᠢᠰᠬᠤᠯ ᠢ ᠪᠣᠶ ᠪᠣᠯᠭᠠᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ | ᠪᠡᠯᠡ ᠣᠷᠣᠭᠤᠯᠤᠨ ᠦᠢᠯᠡᠰ ᠬᠥᠭᠵᠢᠭᠦᠯᠬᠦ ᠶᠢ ᠵᠤᠷᠢᠭᠵᠢᠭᠤᠯᠤᠨ᠎ᠠ᠃ | ᠶᠡᠭᠡ ᠬᠦᠴᠦ ᠣᠷᠣᠭᠤᠯᠵᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ | ᠡᠵᠡᠩᠨᠡᠯᠲᠡ ᠶᠢᠨ ᠣᠷᠴᠢᠨ ᠲᠣᠭᠤᠷᠢᠨ ᠤ ᠭᠦᠢᠴᠡᠳᠬᠡᠯ ᠲᠤᠭ᠎ᠠ ᠶᠢ ᠲᠠᠰ ᠳᠡᠪᠰᠢᠭᠦᠯᠦᠨ ᠣᠷᠣᠨ ᠳᠡᠪᠰᠢᠬᠦ ᠶᠢ | ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠦᠨᠡᠯᠡᠨ ᠵᠢᠱᠢᠵᠦ ᠰᠢᠯᠭᠠᠨ ᠠᠪᠬᠤ ᠶᠢ ᠤᠷᠤᠭᠰᠢᠲᠠᠢ | ᠥᠩᠭᠡᠷᠡᠭᠦᠯᠬᠦ ᠶᠢ ᠦᠨᠡᠨᠬᠦ ᠪᠠᠲᠤᠯᠠᠨ᠎ᠠ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠂ ︽ ᠮᠦᠩᠬᠡ ᠰᠤᠪᠠᠭ ᠤᠨ ᠳᠦᠷᠪᠡ ᠶᠢ ᠭᠦᠢᠴᠡᠳᠭᠡᠬᠦ︾ ︽ ᠬᠠᠪᠰᠤᠷᠤᠨ ᠭᠦᠢᠴᠡᠳᠬᠡᠬᠦ | ᠣᠷᠣᠯᠠᠨ ᠭᠦᠢᠴᠡᠳᠬᠡᠬᠦ︾ ᠦᠢᠯᠡᠴᠢᠯᠡᠭᠡᠨ ᠤ ᠵᠠᠭᠪᠤᠷ ᠢ ᠬᠡᠷᠡᠭᠵᠢᠭᠦᠯᠵᠦ᠂ ᠮᠠᠲ᠋ᠧᠷᠢᠶᠠᠯ ᠢ ᠬᠠᠮᠤᠭ ᠤᠨ ᠶᠡᠭᠡ | ᠬᠡᠮᠵᠢᠶ᠎ᠡ ᠪᠠᠷ ᠴᠣᠮᠬᠠᠳᠬᠠᠨ᠂ ᠴᠤᠪᠤᠷᠠᠯ ᠢ ᠰᠢᠯᠢᠳᠡᠭᠵᠢᠭᠦᠯᠵᠦ᠂ ᠴᠠᠭ ᠤᠨ ᠬᠢᠵᠠᠭᠠᠷ ᠢ ᠪᠠᠭᠠᠰᠬᠠᠨ᠂ ᠠᠵᠤ | ᠠᠬᠤᠶᠢᠯᠠᠯ ᠤᠨ ᠰᠠᠶᠢᠨ ︽ᠦᠢᠯᠡᠴᠢᠯᠡᠭᠴᠢ︾ ᠪᠤᠯᠤᠨ᠎ᠠ᠃ ᠨᠠᠮ ᠵᠠᠰᠠᠭ ᠤᠨ ᠪᠠᠶᠢᠭᠤᠯᠭ᠎ᠠ ᠶᠢᠨ ᠺᠠᠳ᠋ᠷ ᠠᠵᠢᠯᠲᠠᠨ | ᠠᠵᠢᠯᠴᠢᠨ ᠤ ︽ ᠠᠵᠤ ᠠᠬᠤᠶᠢᠯᠠᠯ ᠳᠤ ᠣᠴᠢᠵᠤ ᠬᠡᠷᠡᠭᠴᠡᠭᠡ ᠶᠢ ᠨᠢ ᠠᠰᠠᠭᠤᠬᠤ︾᠂ ︽ᠠᠵᠤ ᠠᠬᠤᠶᠢᠯᠠᠯ ᠢ | ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ︾ ᠠᠵᠢᠯᠯᠠᠭ᠎ᠠ ᠶᠢ ᠥᠷᠨᠢᠭᠦᠯᠵᠦ᠂ ᠠᠵᠤ ᠠᠬᠤᠶᠢᠯᠠᠯ ᠳᠤ ᠥᠨᠳᠥᠷ | ᠪᠦᠲᠦᠮᠵᠢᠲᠡᠶ ᠦᠢᠯᠡᠴᠢᠯᠡᠭᠡ ᠬᠠᠩᠭᠠᠨ᠎ᠠ᠃ ︽ᠵᠢᠷᠭᠤᠭ᠎ᠠ ᠶᠢ ᠳᠤᠶᠢᠯᠪᠦᠷᠢᠳᠠᠢ ᠪᠠᠶᠢᠴᠠᠭᠠᠬᠤ︾ ᠠᠵᠢᠯᠯᠠᠭ᠎ᠠ ᠶᠢ | ᠦᠷᠭᠦᠯᠵᠢᠯᠡᠨ ᠥᠷᠨᠢᠭᠦᠯᠵᠦ᠂ ᠦᠯᠡᠳᠡᠭᠡᠯ ᠡᠳ᠋ ᠬᠥᠷᠥᠩᠭᠡ ᠶᠢ ᠪᠥᠬᠦ ᠲᠠᠯ᠎ᠠ ᠪᠠᠷ ᠠᠮᠢᠳᠤᠯᠢᠭ ᠪᠣᠯᠭᠠᠵᠤ᠂ | ᠬᠥᠭᠵᠢᠯᠲᠡ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ︵ᠭᠤᠷᠪᠠ︶ ᠲᠠᠬᠢᠨ ᠶᠠᠳᠠᠭᠤᠷᠠᠬᠤ ᠶᠢ ᠰᠡᠷᠭᠡᠶᠢᠯᠡᠵᠦ᠂ ᠦᠷ᠎ᠡ ᠪᠦᠲᠦᠮᠵᠢ ᠶᠢ ᠥᠷᠭᠡᠳᠬᠡᠵᠦ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ | ᠬᠢᠨᠠᠨ ᠬᠡᠮᠵᠢᠵᠦ ᠬᠠᠪᠰᠤᠷᠤᠨ ᠲᠡᠳᠬᠦᠬᠦ ᠶᠢ ᠪᠠᠬᠢᠵᠢᠭᠦᠯᠦᠨ ᠲᠡᠭᠦᠯᠳᠡᠷᠵᠢᠭᠦᠯᠦᠨ᠎ᠡ᠃ ᠶᠠᠳᠠᠭᠤ ᠠᠴᠠ | ᠠᠩᠭᠢᠵᠢᠷᠠᠭᠰᠠᠨ ᠬᠥᠮᠥᠨ ᠠᠮᠠ ᠪᠠ ᠬᠢᠨᠠᠨ ᠰᠢᠯᠭᠠᠬᠤ ᠡᠲᠡᠭᠡᠳ ᠢᠶᠠᠷ ᠭᠤᠣᠯᠳᠠᠯᠭ᠎ᠠ ᠪᠣᠯᠭᠠᠵᠤ᠂ ᠬᠢᠨᠠᠨ ᠰᠢᠯᠭᠠᠬᠤ | ᠪᠣᠭᠤᠮᠲᠠ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠤᠷᠤᠭᠰᠢ ᠰᠢᠯᠵᠢᠭᠦᠯᠬᠦ ᠶᠢ ᠲᠦᠯᠬᠢᠨ ᠠᠬᠢᠭᠤᠯᠵᠤ᠂ | ᠬᠥᠳᠡᠯᠦᠩᠭᠦᠢ ᠬᠠᠮᠢᠶᠠᠷᠤᠯᠲᠠ ᠪᠠ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠪᠠᠶᠢᠴᠠᠭᠠᠬᠤ ᠠᠵᠢᠯ ᠢ ᠥᠷᠨᠢᠭᠦᠯᠵᠦ᠂ | ᠡᠪᠡᠳᠴᠢᠨ ᠠᠴᠠ ᠪᠣᠯᠵᠤ ᠳᠠᠬᠢᠨ ᠶᠠᠳᠠᠭᠤᠷᠠᠬᠤ᠂ ᠶᠠᠳᠠᠭᠤᠷᠠᠬᠤ ᠲᠦᠭᠰᠢᠭᠦᠷᠢ ᠲᠠᠢ ᠬᠥᠮᠥᠰ ᠢ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠬᠦ ᠪᠠ ᠨᠠᠷᠢᠯᠢᠭ ᠣᠨᠣᠴᠠᠲᠠᠢ ᠪᠠᠷ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠤᠨ | ᠪᠦᠷᠢᠨᠰᠢᠭᠦᠯᠵᠦ᠂ ︽ᠬᠤᠶᠠᠷ ᠲᠤ ᠵᠣᠪᠠᠭ᠋ᠤ ᠦᠭᠡᠢ᠂ ᠭᠤᠷᠪᠠ ᠶᠢ ᠪᠠᠳᠤᠯᠠᠬᠤ︾ ᠵᠢᠴᠢ ᠤᠤᠭᠤᠬᠤ ᠤᠰᠤᠨ ᠤ | ᠠᠮᠤᠷ ᠲᠦᠪᠰᠢᠨ ᠤ ᠦᠷ᠎ᠡ ᠪᠦᠲᠦᠭᠡᠯ ᠢ ᠪᠥᠬᠦ ᠲᠠᠯ᠎ᠠ ᠪᠠᠷ ᠪᠠᠬᠢᠵᠢᠭᠦᠯᠦᠨ᠎ᠡ᠃ ᠶᠠᠳᠠᠭᠤ ᠶᠢ ᠲᠡᠳᠬᠦᠬᠦ ᠡᠳ᠋ | ᠬᠥᠷᠥᠩᠭᠡ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠬᠠᠮᠢᠶᠠᠷᠴᠤ ᠬᠠᠮᠠᠭᠠᠯᠠᠬᠤ ᠡᠵᠡᠩᠨᠡᠯᠲᠡ ᠶᠢᠨ | ᠳᠦᠷᠢᠮ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠡᠵᠡᠩᠨᠡᠯᠲᠡ ᠶᠢᠨ ᠴᠢᠨᠠᠷᠲᠠᠢ ᠡᠳ᠋ ᠬᠥᠷᠥᠩᠭᠡ ᠶᠢᠨ | ᠡᠵᠡᠩᠨᠡᠯᠲᠡ ᠬᠠᠮᠢᠶᠠᠷᠤᠯᠲᠠ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠎ᠠ᠃ | ᠣᠷᠣᠯᠭ᠎ᠠ ᠶᠢ ᠳᠠᠬᠢᠨ ᠢᠶᠠᠷ ᠨᠡᠮᠡᠭᠳᠡᠭᠦᠯᠬᠦ ᠠᠵᠢᠯᠯᠠᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ 3.5 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠠᠵᠤ ᠦᠢᠯᠡᠰ ᠤᠨ ᠬᠥᠭᠵᠢᠯᠲᠡ᠂ ᠰᠠᠭᠤᠷᠢ | ᠲᠥᠬᠦᠭᠡᠷᠦᠮᠵᠢ ᠶᠢᠨ ᠰᠠᠶᠢᠵᠢᠷᠠᠯᠲᠠ᠂ ᠠᠵᠢᠯ ᠣᠯᠭᠤᠯᠲᠠ ᠶᠢᠨ ᠪᠣᠯᠪᠠᠰᠤᠷᠠᠯ ᠵᠡᠷᠭᠡ ᠭᠤᠣᠯᠳᠠᠯᠭ᠎ᠠ ᠲᠠᠢ ᠲᠥᠷᠥᠯ | ᠵᠦᠢᠯ ᠢ ᠲᠦᠷᠭᠡᠳᠬᠡᠨ ᠠᠬᠢᠭᠤᠯᠵᠤ᠂ ᠡᠭᠦᠨ ᠳᠤ 1.5 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠵᠤ᠂ | ︽ᠬᠤᠶᠠᠷ ᠢ ᠥᠨᠳᠥᠷ ᠪᠠᠶᠢᠯᠭᠠᠬᠤ︾ ᠬᠠᠷᠠᠯᠲᠠ ᠶᠢ ᠪᠡᠶᠡᠯᠡᠭᠦᠯᠬᠦ ᠶᠢᠨ ᠲᠣᠭᠤᠷᠢᠨ ᠳᠤ᠂ ᠣᠨᠴᠠᠯᠢᠭᠲᠤ ᠬᠦᠷᠢᠶ᠎ᠡ | ᠬᠠᠰᠢᠶ᠎ᠠ ᠶᠢᠨ ᠠᠵᠤ ᠠᠬᠤᠢ᠂ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ᠂ ᠵᠠᠬ᠎ᠠ ᠳᠡᠯᠭᠡᠭᠦᠷ ᠤᠨ ᠭᠤᠣᠯ | ᠴᠣᠭᠴᠠ ᠪᠠᠷ ᠳᠠᠶᠢᠴᠢᠯᠠᠬᠤ᠂ ᠣᠷᠣᠯᠠᠨ ᠬᠠᠭᠠᠯᠪᠦᠷᠢᠯᠠᠵᠤ ᠳᠠᠷᠢᠬᠤ ᠨᠡᠶᠢᠭᠡᠮᠴᠢᠯᠡᠭᠰᠡᠨ ᠦᠢᠯᠡᠴᠢᠯᠡᠭᠡ᠂ ᠮᠠᠯ ᠤᠨ | ᠡᠭᠦᠯᠳᠡᠷ ᠢ ᠰᠠᠶᠢᠵᠢᠷᠠᠭᠤᠯᠬᠤ᠂ ᠠᠵᠢᠯ ᠬᠥᠳᠡᠯᠮᠦᠷᠢ ᠬᠢᠵᠦ ᠠᠵᠢᠯ ᠣᠯᠭᠤᠬᠤ ᠶᠢ ᠠᠬᠢᠭᠤᠯᠬᠤ ᠵᠡᠷᠭᠡ ᠮᠠᠯᠴᠢᠨ | ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ 6 ᠵᠦᠢᠯ ᠤᠨ ᠲᠥᠷᠥᠯ ᠵᠦᠢᠯ ᠢ ᠢᠳᠡᠪᠬᠢᠲᠡᠢ ᠬᠥᠭᠵᠢᠭᠦᠯᠵᠦ᠂ | ᠡᠵᠡᠩᠨᠡᠯᠲᠡ ᠶᠢᠨ ᠴᠢᠨᠠᠷᠲᠠᠢ ᠣᠷᠣᠯᠭ᠎ᠠ ᠶᠢᠨ ᠨᠡᠮᠡᠭᠳᠡᠯ ᠤᠨ ᠳᠠᠯᠳᠠ ᠬᠦᠴᠦᠨ ᠢ ᠠᠭᠤᠳᠠᠯᠤᠨ᠂ ᠴᠠᠯᠢᠩ ᠤᠨ | ᠴᠢᠨᠠᠷᠲᠠᠢ ᠣᠷᠣᠯᠭ᠎ᠠ ᠶᠢ ᠲᠠᠰᠤᠷᠠᠯᠲᠠ ᠦᠭᠡᠢ ᠨᠡᠮᠡᠭᠳᠡᠭᠦᠯᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢᠨ | ᠲᠣᠭᠲᠠᠭᠤᠨ ᠢᠶᠠᠷ ᠨᠡᠮᠡᠭᠳᠡᠬᠦ ᠶᠢ ᠪᠡᠶᠡᠯᠡᠭᠦᠯᠦᠨ᠎ᠡ᠃ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ | ᠠᠯᠬᠤᠴᠠ ᠶᠢ ᠲᠦᠷᠭᠡᠳᠬᠡᠵᠦ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ᠂ ᠨᠡᠶᠢᠭᠡᠮ ᠤᠨ ᠦᠢᠯᠡᠰ ᠤᠨ | ᠬᠥᠭᠵᠢᠯᠲᠡ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠲᠣᠭᠤᠷᠢᠨ ᠳᠤ 8 ᠵᠢᠱᠢᠶ᠎ᠡ ᠦᠵᠡᠭᠦᠯᠬᠦ ᠭᠠᠴᠠᠭ᠎ᠠ ᠶᠢ | ᠡᠭᠦᠳᠦᠨ ᠪᠠᠶᠢᠭᠤᠯᠤᠨ᠎ᠠ᠃ ᠬᠠᠷᠠᠳᠤᠪᠤ᠂ ᠳᠠᠶᠢᠴᠢᠨᠲᠠᠯ᠎ᠠ᠂ ᠤᠰᠤᠨ ᠭᠠᠴᠠᠭ᠎ᠠ ᠵᠡᠷᠭᠡ 3 ᠠᠶᠢᠮᠠᠭ ᠤᠨ ᠱᠠᠲᠤᠨ ᠤ | ᠬᠥᠳᠡᠭᠡ ᠲᠣᠰᠬᠤᠨ ᠤ ᠵᠠᠰᠠᠯᠲᠠ ᠶᠢᠨ ᠵᠢᠱᠢᠶ᠎ᠡ ᠦᠵᠡᠭᠦᠯᠬᠦ ᠭᠠᠴᠠᠭ᠎ᠠ ᠶᠢ ᠪᠠᠶᠢᠭᠤᠯᠤᠨ᠎ᠠ᠃ ᠣᠨᠳᠣᠣ ᠭᠠᠵᠠᠷ ᠲᠤ | ᠨᠡᠭᠦᠯᠭᠡᠭᠰᠡᠨ ᠤ ᠳᠠᠷᠠᠭᠠᠬᠢ ᠲᠡᠳᠬᠦᠮᠵᠢ ᠶᠢ ᠴᠢᠩᠭᠠᠳᠬᠠᠵᠤ᠂ ᠨᠡᠭᠦᠯᠭᠡᠭᠰᠡᠨ ᠤᠯᠠᠨ ᠲᠦᠮᠡᠨ ᠤ ᠲᠣᠭᠲᠠᠭᠤᠨ ᠪᠠᠶᠢᠬᠤ | ᠂ ᠠᠵᠢᠯ ᠣᠯᠵᠤ ᠳᠡᠶᠢᠯᠬᠦ᠂ ᠲᠦᠷᠭᠡᠨ ᠪᠠᠶᠠᠵᠢᠬᠤ ᠶᠢ ᠦᠨᠡᠨ ᠬᠦ ᠪᠠᠲᠤᠯᠠᠨ᠎ᠠ᠃ | ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠤᠨ᠎ᠠ᠃ ︽ᠲᠠᠪᠤᠨ | ᠰᠠᠶᠢᠨᠲᠠᠢ︾ ᠭᠠᠴᠠᠭ᠎ᠠ ᠪᠠ ︽ᠲᠠᠪᠤᠨ ᠰᠠᠶᠢᠬᠠᠨ︾ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠦᠵᠡᠰᠬᠦᠯᠡᠩᠲᠦ ᠰᠠᠶᠢᠬᠠᠨ ᠬᠦᠷᠢᠶ᠎ᠡ ᠬᠠᠰᠢᠶ᠎ᠠ ᠶᠢᠨ | ᠵᠢᠱᠢᠶ᠎ᠡ ᠦᠵᠡᠭᠦᠯᠬᠦ 20 ᠲᠣᠰᠬᠤᠨ᠂ ᠦᠵᠡᠰᠬᠦᠯᠡᠩᠲᠦ ᠰᠠᠶᠢᠬᠠᠨ ᠬᠦᠷᠢᠶ᠎ᠡ ᠬᠠᠰᠢᠶ᠎ᠠ ᠶᠢᠨ ᠵᠢᠱᠢᠶ᠎ᠡ ᠦᠵᠡᠭᠦᠯᠬᠦ | 2000 ᠡᠷᠦᠬᠡ ᠶᠢ ᠪᠠᠶᠢᠭᠤᠯᠤᠨ᠎ᠠ᠃ ᠠᠰᠠᠭᠤᠳᠠᠯ ᠲᠠᠢ ᠡᠷᠦᠬᠡ ᠶᠢᠨ ᠵᠣᠷᠯᠣᠩ ᠢ ᠬᠥᠳᠡᠯᠦᠩᠭᠦᠢ ᠪᠠᠷ ᠴᠡᠭᠴᠡᠯᠡᠨ | ᠰᠠᠶᠢᠵᠢᠷᠠᠭᠤᠯᠵᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠲᠥᠷᠥᠯ ᠬᠤᠪᠢᠶᠠᠨ | ᠲᠥᠷᠥ ᠶᠢᠨ ᠪᠣᠳᠣᠯᠭ᠎ᠠ ᠬᠡᠷᠡᠭᠵᠢᠭᠦᠯᠵᠦ᠂ ᠲᠣᠬᠢᠷᠠᠮᠵᠢᠲᠠᠢ ᠵᠣᠷᠯᠣᠩ ᠢ ᠥᠭᠡᠷᠡᠴᠢᠯᠡᠬᠦ ᠵᠠᠭᠪᠤᠷ ᠢ ᠰᠣᠩᠭᠤᠨ᠂ | ᠤᠰᠤᠨ ᠳᠤ ᠲᠣᠬᠢᠷᠠᠪᠠᠯ ᠤᠰᠤ᠂ ᠬᠠᠭᠤᠷᠠᠢ ᠳᠤ ᠲᠣᠬᠢᠷᠠᠪᠠᠯ ᠬᠠᠭᠤᠷᠠᠢ ᠂ ᠡᠷᠦᠬᠡ | ᠰᠠᠯᠭᠠᠬᠤ ᠳᠤ ᠲᠣᠬᠢᠷᠠᠪᠠᠯ ᠡᠷᠦᠬᠡ ᠬᠤᠪᠢᠶᠠᠵᠤ᠂ ᠲᠥᠪᠯᠡᠷᠡᠭᠦᠯᠬᠦ ᠳᠤ ᠲᠣᠬᠢᠷᠠᠪᠠᠯ ᠲᠥᠪᠯᠡᠷᠡᠭᠦᠯᠵᠦ᠂ ᠨᠢᠭᠡ ᠯᠡ | ᠠᠳᠠᠯᠢ ᠪᠠᠷ ᠱᠠᠭᠠᠷᠳᠠᠬᠤ ᠦᠭᠡᠢ ᠪᠠᠶᠢᠵᠤ᠂ ᠮᠠᠯᠵᠢᠬᠤ ᠲᠠᠷᠢᠶᠠᠯᠠᠬᠤ ᠣᠷᠣᠨ ᠤ ᠵᠣᠷᠯᠣᠩ ᠤᠨ ᠬᠤᠪᠢᠰᠬᠠᠯ ᠢ ᠡᠮᠬᠢ | ᠵᠢᠷᠤᠮ ᠲᠠᠢ ᠪᠥᠭᠡᠳ ᠬᠦᠴᠦᠲᠡᠢ ᠲᠦᠯᠬᠢᠨ ᠠᠬᠢᠭᠤᠯᠤᠨ᠎ᠠ᠃ ᠮᠠᠯ ᠵᠢᠭᠦᠷᠲᠡᠨ ᠤ ᠪᠠᠭᠠᠰᠤᠨ ᠪᠣᠬᠢᠷᠳᠤᠯ ᠢ ᠡᠬᠢ | ᠪᠠᠶᠠᠯᠢᠭᠵᠢᠭᠤᠯᠤᠨ ᠠᠰᠢᠭᠯᠠᠬᠤ ᠶᠢ ᠰᠠᠶᠢᠲᠤᠷ ᠠᠳᠬᠤᠵᠤ᠂ 5000 ᠲᠦᠮᠡᠨ ᠲᠥᠭᠦᠷᠢᠭ ᠤᠨ ᠪᠡᠯᠡ | ᠣᠷᠣᠭᠤᠯᠤᠭᠰᠠᠨ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠬᠤᠣᠷ ᠦᠭᠡᠢ ᠪᠣᠯᠭᠠᠨ ᠰᠢᠢᠳᠪᠦᠷᠢᠯᠡᠬᠦ ᠲᠥᠷᠥᠯ | ᠵᠦᠢᠯ ᠢ ᠴᠢᠷᠮᠠᠶᠢᠨ ᠬᠡᠷᠡᠭᠵᠢᠭᠦᠯᠦᠨ᠎ᠡ᠃ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ | ᠵᠠᠰᠠᠬᠤ᠂ ᠨᠡᠷᠡᠨ ᠤ ᠬᠡᠷᠡᠯ ᠤᠨ ᠪᠣᠷᠳᠣᠭᠤᠷ ᠣᠪᠣᠭᠠᠯᠠᠬᠤ ᠭᠡᠷ ᠪᠠᠶᠢᠰᠢᠩ ᠵᠢᠴᠢ ᠪᠣᠬᠢᠷ ᠤᠰᠤ ᠶᠢ ᠰᠢᠢᠳᠪᠦᠷᠢᠯᠡᠬᠦ | ᠵᠢᠵᠢᠭ ᠬᠡᠯᠪᠡᠷᠢ ᠶᠢᠨ ᠪᠡᠯᠡᠳᠬᠡᠮᠵᠢ ᠶᠢᠨ ᠲᠥᠷᠥᠯ ᠵᠦᠢᠯ ᠢ ᠬᠡᠷᠡᠭᠵᠢᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ | ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠵᠢᠱᠢᠶ᠎ᠡ | ᠦᠵᠡᠭᠦᠯᠬᠦ ᠬᠤᠰᠢᠭᠤ ᠶᠢ ᠢᠳᠡᠪᠬᠢᠲᠡᠢ ᠪᠠᠷ ᠡᠭᠦᠳᠦᠨ ᠪᠠᠶᠢᠭᠤᠯᠤᠨ᠎ᠠ᠃ | ︵ᠳᠥᠷᠪᠡ︶ ᠬᠤᠷᠢᠭ᠎ᠠ ᠱᠤᠭᠤᠮ ᠢ ᠰᠠᠬᠢᠵᠤ᠂ ᠠᠮᠢ ᠠᠬᠤᠢ ᠶᠢ ᠰᠢᠯᠢᠳᠡᠭᠵᠢᠭᠦᠯᠵᠦ᠂ ᠪᠣᠬᠢᠷᠳᠤᠯ ᠦᠭᠡᠢ | ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ | ᠠᠮᠢ ᠠᠬᠤᠢ ᠶᠢᠨ ᠣᠷᠴᠢᠨ ᠨᠥᠬᠦᠴᠡᠯ ᠤᠨ ᠵᠠᠰᠠᠯᠲᠠ ᠶᠢ ᠠᠬᠢᠭᠤᠯᠤᠨ᠎ᠠ᠃ ᠠᠮᠢ ᠠᠬᠤᠢ ᠶᠢᠨ ᠬᠠᠮᠠᠭᠠᠯᠠᠯᠲᠠ ᠶᠢᠨ | ᠤᠯᠠᠭᠠᠨ ᠱᠤᠭᠤᠮ ᠢ ᠴᠢᠩᠭ᠎ᠠ ᠰᠠᠬᠢᠵᠤ᠂ ᠭᠠᠵᠠᠷ ᠰᠢᠷᠣᠢ᠂ ᠠᠭᠤᠷᠬᠠᠢ ᠶᠢᠨ ᠭᠠᠷᠤᠯᠲᠠ᠂ ᠣᠶ ᠰᠢᠭᠤᠢ᠂ | ᠭᠤᠣᠯ ᠤᠨ ᠵᠠᠮ ᠤᠨ ᠬᠠᠮᠢᠶᠠᠷᠤᠯᠲᠠ ᠶᠢ ᠴᠢᠩᠭᠠᠷᠠᠭᠤᠯᠤᠨ᠂ ︽ᠳᠥᠷᠪᠡᠨ ᠲᠥᠷᠥᠯ︾ ᠤᠨ ᠬᠠᠤᠯᠢ ᠲᠣᠭᠲᠠᠭᠠᠯ | ᠠᠴᠠ ᠵᠥᠷᠢᠴᠡᠨ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ᠎ᠠ᠃ | ᠲᠡᠦᠬᠡᠨ ᠠᠴᠠ ᠦᠯᠡᠳᠡᠭᠳᠡᠵᠦ ᠢᠷᠡᠭᠰᠡᠨ ᠵᠢᠴᠢ ᠡᠵᠡᠨ ᠦᠭᠡᠢ ᠦᠢᠯᠡᠳᠪᠦᠷᠢ ᠠᠭᠤᠷᠬᠠᠢ ᠶᠢᠨ ᠬᠠᠶᠠᠭᠳᠠᠮᠠᠯ ᠭᠠᠵᠠᠷ | ᠰᠢᠷᠣᠢ ᠶᠢᠨ ᠠᠮᠢ ᠠᠬᠤᠢ ᠶᠢ ᠵᠠᠰᠠᠨ ᠰᠡᠷᠭᠦᠭᠡᠬᠦ ᠳᠦᠷᠦᠯ ᠵᠦᠢᠯ ᠢ ᠦᠷᠭᠦᠯᠵᠢᠯᠡᠨ ᠬᠡᠷᠡᠭᠵᠢᠭᠦᠯᠵᠦ᠂ ᠠᠭᠤᠷᠬᠠᠢ ᠶᠢᠨ | ᠭᠠᠵᠠᠷ ᠤᠨ ᠣᠷᠴᠢᠨ ᠨᠥᠬᠦᠴᠡᠯ ᠢ ᠰᠠᠶᠢᠵᠢᠷᠠᠭᠤᠯᠤᠨ᠎ᠠ᠃ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ ᠬᠤᠯᠪᠣᠯᠳᠤᠭᠤᠯᠬᠤ ᠦᠯᠡᠳᠡᠪᠦᠷᠢ ᠶᠢᠨ ᠭᠦᠢᠴᠡᠳᠬᠡᠬᠦ ᠲᠤᠭ᠎ᠠ ᠶᠢ | ᠮᠤᠵᠢ ᠠᠯᠤᠰᠯᠠᠨ ᠲᠣᠬᠢᠷᠠᠭᠤᠯᠬᠤ ᠳᠦᠷᠦᠯ ᠵᠦᠢᠯ ᠢ ᠲᠦᠷᠭᠡᠪᠴᠢᠯᠡᠨ ᠠᠬᠢᠭᠤᠯᠤᠨ᠎ᠠ᠃ ᠤᠰᠤᠨ ᠤ ᠡᠬᠢ | ᠰᠤᠷᠪᠤᠯᠵᠢ ᠶᠢ ᠬᠠᠮᠠᠭᠠᠯᠠᠬᠤ ᠪᠦᠲᠦᠭᠡᠨ ᠪᠠᠶᠢᠭᠤᠯᠤᠯᠲᠠ ᠶᠢ ᠰᠠᠶᠢᠲᠤᠷ ᠬᠢᠵᠦ᠂ ᠤᠤᠭᠤᠬᠤ ᠤᠰᠤᠨ ᠤ ᠠᠮᠤᠷ | ᠲᠦᠪᠰᠢᠨ ᠢ ᠳᠡᠭᠡᠭᠰᠢᠯᠡᠭᠦᠯᠦᠨ᠎ᠡ᠃ | ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠬᠡᠷᠡᠭᠵᠢᠭᠦᠯᠦᠨ᠎ᠡ᠃ ︽ᠬᠤᠶᠠᠷ ᠠᠭᠤᠯᠠ ᠶᠢᠨ ᠣᠨᠣᠯ︾ ᠤᠨ | ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠥᠬᠦ | ᠲᠠᠯ᠎ᠠ ᠪᠠᠷ ᠪᠡᠶᠡᠯᠡᠭᠦᠯᠦᠨ᠎ᠡ᠃ ︽ᠣᠶ ᠰᠢᠭᠤᠢ ᠡᠪᠡᠰᠦ ᠪᠡᠯᠴᠢᠭᠡᠷ ᠤᠨ ᠳᠠᠷᠤᠭ᠎ᠠ ᠶᠢᠨ ᠳᠦᠷᠢᠮ︾ ᠢ ᠬᠢᠨᠠᠮᠠᠭᠠᠢ | ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠣᠶᠢᠵᠢᠭᠤᠯᠤᠯᠲᠠ ᠶᠢᠨ ᠲᠥᠷᠥᠯ ᠵᠦᠢᠯ ᠢ 15 ᠲᠦᠮᠡᠨ ᠮᠦ | ᠬᠡᠷᠡᠭᠵᠢᠭᠦᠯᠦᠨ᠎ᠡ᠃ ᠡᠯ᠎ᠡ ᠲᠥᠷᠥᠯ ᠤᠨ ᠬᠠᠮᠠᠭᠠᠯᠠᠯᠲᠠ ᠶᠢᠨ ᠣᠷᠣᠨ ᠢ ᠬᠠᠮᠠᠭᠠᠯᠠᠬᠤ ᠪᠠ ᠰᠡᠷᠭᠦᠭᠡᠬᠦ ᠲᠥᠷᠥᠯ ᠵᠦᠢᠯ ᠢ | ᠰᠠᠶᠢᠲᠤᠷ ᠬᠡᠷᠡᠭᠵᠢᠭᠦᠯᠦᠨ᠎ᠡ᠃ ᠶᠡᠬᠡᠳᠠᠯ᠎ᠠ ᠤᠢ ᠰᠢᠭᠤᠢ ᠶᠢᠨ ᠲᠠᠯᠠᠪᠠᠢ ᠶᠢᠨ ᠣᠳᠣᠬᠢᠴᠢᠯᠠᠭᠰᠠᠨ | ᠨᠢᠯᠬ᠎ᠠ ᠮᠣᠳᠣᠨ ᠤ ᠬᠦᠷᠢᠶᠡᠯᠡᠩ ᠢ 2000 ᠮᠤ᠋ ᠪᠠᠶᠢᠭᠤᠯᠤᠨ᠎ᠠ᠃ ᠴᠤᠤᠯ ᠭᠤᠣᠯ ᠢ ᠲᠠᠲᠠᠵᠤ ᠯᠢᠶᠣᠤ | ᠾᠧ ᠭᠤᠣᠯ ᠳᠤ ᠤᠷᠤᠭᠤᠯᠬᠤ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤ | ᠢᠳᠡᠪᠬᠢᠲᠡᠢ ᠬᠠᠮᠵᠢᠯᠴᠠᠨ᠎ᠠ᠃ ᠶᠡᠷᠦᠩᠬᠡᠢ ᠪᠡᠯᠡ ᠣᠷᠣᠭᠤᠯᠤᠯᠲᠠ ᠨᠢ 3200 ᠲᠦᠮᠡᠨ ᠲᠥᠭᠦᠷᠢᠭ ᠤᠨ ᠬᠥᠳᠡᠭᠡ | ᠲᠣᠰᠬᠤᠨ ᠤ ᠣᠷᠴᠢᠨ ᠠᠬᠤᠢ ᠶᠢ ᠴᠡᠭᠴᠡᠯᠡᠨ ᠵᠠᠰᠠᠬᠤ ᠳᠦᠷᠦᠯ ᠵᠦᠢᠯ ᠢ ᠬᠡᠷᠡᠭᠵᠢᠭᠦᠯᠵᠦ᠂ ᠪᠣᠬᠢᠷ ᠤᠰᠤ ᠶᠢ | ᠲᠥᠪᠯᠡᠷᠡᠭᠦᠯᠦᠨ ᠰᠢᠢᠳᠪᠦᠷᠢᠯᠡᠬᠦ 12 ᠦᠷᠳᠡᠭᠡ ᠶᠢ ᠪᠠᠶᠢᠭᠤᠯᠤᠨ᠎ᠠ᠃ 3000 ᠲᠦᠮᠡᠨ ᠲᠥᠭᠦᠷᠢᠭ ᠣᠷᠣᠭᠤᠯᠵᠤ᠂ | 3 ᠵᠢᠵᠢᠭ ᠰᠠᠪᠠ ᠭᠠᠵᠠᠷ ᠢ ᠵᠠᠰᠠᠬᠤ ᠲᠥᠷᠥᠯ ᠵᠦᠢᠯ ᠢ ᠬᠡᠷᠡᠭᠵᠢᠭᠦᠯᠦᠨ᠎ᠡ᠃ | ᠪᠣᠬᠢᠷᠳᠤᠯ ᠢ ᠰᠡᠷᠭᠡᠶᠢᠯᠡᠨ ᠵᠠᠰᠠᠬᠤ ᠭᠤᠷᠪᠠᠨ ᠶᠡᠭᠡ ᠠᠵᠢᠯ ᠢ ᠰᠠᠶᠢᠲᠤᠷ ᠠᠳᠬᠤᠨ᠎ᠠ᠃ ᠬᠥᠬᠡᠮᠳᠦᠭ ᠲᠡᠭᠷᠢ᠂ | ᠨᠣᠮᠢᠨ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠲᠠᠶᠢᠨ ᠢ ᠦᠷᠭᠦᠯᠵᠢᠯᠡᠨ ᠰᠠᠶᠢᠲᠤᠷ ᠬᠢᠨ᠎ᠡ᠃ ᠬᠤᠥᠯᠢᠨ | ᠭᠤᠣᠯ ᠤᠨ ᠭᠤᠤᠯ ᠤᠨ ᠪᠠᠶᠢᠰᠢᠩ ᠤᠨ ᠣᠭᠲᠣᠯᠣᠭᠠᠰᠤ ᠶᠢᠨ ᠤᠰᠤᠨ ᠴᠣᠭᠴᠠ ᠶᠢ ᠲᠣᠭᠲᠠᠪᠤᠷᠢᠵᠢᠭᠤᠯᠤᠨ | ᠪᠠᠷᠢᠮᠵᠢᠶ᠎ᠠ ᠳᠤ ᠬᠦᠷᠭᠡᠬᠦ ᠠᠵᠢᠯ ᠢ ᠰᠠᠶᠢᠲᠤᠷ ᠠᠳᠬᠤᠨ᠎ᠠ᠃ ᠬᠥᠷᠥᠰᠥ ᠰᠢᠷᠣᠢ ᠶᠢᠨ ᠪᠣᠬᠢᠷᠳᠤᠯ ᠢ ᠡᠬᠢ | ᠡᠭᠦᠰᠦᠯ ᠠᠴᠠ ᠨᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠰᠢᠨ᠎ᠡ ᠪᠣᠬᠢᠷᠳᠤᠯ ᠪᠣᠳᠠᠰ ᠢ ᠵᠠᠰᠠᠬᠤ ᠠᠵᠢᠯ ᠢ | ᠥᠷᠨᠢᠭᠦᠯᠦᠨ᠎ᠡ᠃ ᠲᠥᠪ ᠤᠨ ᠣᠷᠴᠢᠨ ᠠᠬᠤᠢ ᠶᠢᠨ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠬᠠᠷᠢᠭᠤ | ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠭᠡᠳᠡᠷᠬᠦ ᠰᠡᠷᠬᠦᠬᠦ ᠶᠢ ᠪᠠᠳᠤᠯᠠᠨ᠎ᠠ᠃ ︽ | ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ︾ ᠢ ᠬᠢᠨᠠᠮᠠᠭᠠᠢ ᠨᠠᠶᠢᠳᠠᠪᠤᠷᠢᠵᠢᠭᠤᠯᠵᠤ᠂ ᠭᠤᠣᠯ | ᠮᠥᠷᠡᠨ ᠨᠠᠭᠤᠷ ᠴᠥᠭᠦᠷᠥᠮ ᠤᠨ ︽ᠲᠦᠷᠪᠡᠨ ᠡᠷᠦᠢ ᠬᠤᠷᠤᠢ ᠦᠬᠡᠢ ᠶᠢ ᠠᠷᠢᠯᠭᠠᠬᠤ︾ ᠠᠵᠢᠯ ᠢ | ᠪᠠᠶᠢᠩᠭᠤᠵᠢᠭᠤᠯᠬᠤ ᠪᠠ ᠵᠢᠷᠤᠮᠵᠢᠭᠤᠯᠬᠤ ᠶᠢ ᠲᠦᠯᠬᠢᠨ ᠠᠬᠢᠭᠤᠯᠤᠨ᠎ᠠ᠃ ᠤᠰᠤᠨ ᠤ ᠡᠬᠢ ᠪᠠᠶᠠᠯᠢᠭ ᠢ ᠨᠡᠭᠡᠭᠡᠨ | ᠠᠰᠢᠭᠯᠠᠬᠤ ᠪᠠ ᠨᠡᠭᠡᠭᠡᠨ ᠮᠠᠯᠲᠠᠬᠤ ᠶᠢ ᠴᠢᠩᠭ᠎ᠠ ᠬᠢᠵᠠᠭᠠᠷᠯᠠᠨ᠎ᠠ᠃ | |