︵ᠲᠠᠪᠤ︶ ᠳᠤᠲᠠᠭᠤᠳᠠᠯ ᠢᠶᠠᠨ ᠨᠥᠬᠦᠪᠦᠷᠢᠯᠡᠵᠦ᠂ ᠪᠠᠭᠤᠷᠠᠢ ᠲᠠᠯ᠎ᠠ ᠪᠠᠨ ᠴᠢᠩᠭᠠᠷᠠᠭᠤᠯᠵᠤ᠂ ᠬᠤᠲᠠ | ᠬᠥᠳᠡᠭᠡ ᠶᠢᠨ ᠳᠦᠷᠰᠦ ᠪᠠᠶᠢᠳᠠᠯ ᠢ ᠪᠥᠬᠦ ᠬᠦᠴᠦᠨ ᠢᠶᠠᠷ ᠢᠶᠠᠨ ᠰᠠᠶᠢᠵᠢᠷᠠᠭᠤᠯᠤᠨ᠎ᠠ | ᠬᠤᠳᠠ ᠶᠢᠨ ᠴᠢᠨᠠᠷ ᠴᠢᠨᠰᠠᠭ᠎ᠠ ᠴᠢᠨᠠᠷ ᠳᠡᠰ ᠢ ᠳᠡᠭᠡᠭᠰᠢᠯᠡᠭᠦᠯᠦᠨ᠎ᠡ᠃ ︽ᠬᠤᠲᠠ ᠶᠢᠨ ᠰᠢᠨᠡᠴᠢᠯᠡᠯᠲᠡ ᠶᠢᠨ | ᠠᠵᠢᠯᠯᠠᠭ᠎ᠠ︾ ᠶᠢ ᠬᠡᠷᠡᠭᠵᠢᠭᠦᠯᠵᠦ᠂ ᠲᠦᠯᠢᠶᠡᠮᠤᠳᠤ ᠶᠡᠭᠡ ᠵᠡᠭᠡᠯᠢ᠂ ᠮᠣᠩᠭᠤᠯ ᠡᠮᠨᠡᠯᠭᠡ ᠶᠢᠨ ᠬᠤᠷᠢᠶ᠎ᠠ ᠶᠢᠨ ᠡᠮᠦᠨ᠎ᠡ | ᠲᠠᠯ᠎ᠠ ᠶᠢᠨ ᠵᠠᠮ ᠢ ᠥᠭᠡᠷᠡᠴᠢᠯᠡᠬᠦ ᠪᠠ ᠪᠠᠶᠠᠨᠬᠤᠰᠢᠭᠤ ᠪᠠᠯᠭᠠᠰᠤ ᠶᠢᠨ 2 ᠳ᠋ᠤᠭᠠᠷ ᠨᠣᠮᠧᠷᠲᠤ ᠬᠥᠭᠦᠷᠭᠡ ᠶᠢᠨ | ᠢᠨᠵᠧᠨᠧᠷᠢᠩ ᠢ ᠵᠢᠯ ᠤᠨ ᠳᠣᠲᠣᠷ᠎ᠠ ᠪᠠᠶᠢᠭᠤᠯᠵᠤ ᠳᠠᠭᠤᠰᠬᠠᠨ ᠲᠡᠷᠭᠡ ᠨᠡᠪᠲᠡᠷᠡᠭᠦᠯᠬᠦ ᠶᠢ ᠦᠨᠡᠨᠬᠦ ᠪᠠᠲᠤᠯᠠᠨ᠎ᠠ᠃ | 1385 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠰᠤᠶᠤᠯ ᠴᠡᠴᠡᠷᠯᠢᠭ ᠢ ᠬᠡᠷᠡᠭᠵᠢᠭᠦᠯᠵᠦ᠂ ᠰᠣᠶᠣᠯ ᠤᠨ | ᠴᠢᠨᠠᠷᠲᠠᠢ᠂ ᠴᠢᠳᠠᠮᠵᠢᠲᠤ ᠴᠢᠨᠠᠷᠲᠠᠢ᠂ ᠠᠮᠢ ᠠᠬᠤᠢ ᠶᠢᠨ ᠴᠢᠨᠠᠷ ᠢ ᠨᠢᠭᠡ ᠴᠣᠭᠴᠠᠵᠢᠭᠤᠯᠤᠭᠰᠠᠨ ᠵᠢᠪᠪᠦᠮᠡᠯ | ᠮᠠᠶ᠋ᠢᠭ ᠤᠨ ᠪᠡᠶᠡᠴᠢᠯᠡᠨ ᠣᠶᠢᠯᠠᠭᠠᠬᠤ ᠴᠡᠴᠡᠷᠯᠢᠭ ᠢ ᠪᠠᠶᠢᠭᠤᠯᠤᠨ᠎ᠠ᠃ ᠣᠷᠴᠢᠨ ᠠᠬᠤᠢ ᠶᠢ ᠬᠠᠮᠠᠭᠠᠯᠠᠬᠤ ᠰᠢᠯᠵᠢᠮᠡᠯ | ᠮᠠᠶ᠋ᠢᠭ ᠤᠨ 26 ᠨᠡᠶᠢᠲᠡ ᠶᠢᠨ ᠵᠣᠷᠯᠣᠩ ᠢ ᠰᠢᠨ᠎ᠡ ᠪᠠᠷ ᠪᠠᠶᠢᠭᠤᠯᠤᠨ᠎ᠠ᠃ ᠤᠯᠤᠰ ᠤᠨ ᠨᠤᠲᠤᠭ ᠳᠡᠪᠢᠰᠬᠡᠷ ᠤᠨ | ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠲᠦᠷᠭᠡᠳᠬᠡᠵᠦ᠂ ︽ᠨᠢᠭᠡ | ᠭᠤᠤᠯᠳᠠᠯᠭ᠎ᠠ ᠨᠢᠬᠡ ᠤᠷᠤᠨ ᠪᠦᠰᠡ᠂ ᠬᠤᠶᠠᠷ ᠲᠡᠩᠭᠡᠯᠢᠭ ᠭᠤᠷᠪᠠᠨ ᠣᠷᠣᠨ᠂ ᠤᠯᠠᠨ ᠵᠠᠩᠭᠢᠯᠠᠭ᠎ᠠ ᠶᠢᠨ ᠴᠢᠭ᠋︾ | ᠤᠨ ᠬᠤᠲᠠ ᠪᠠᠯᠭᠠᠰᠤᠨ ᠤ ᠣᠷᠣᠨ ᠵᠠᠢ ᠶᠢᠨ ᠪᠦᠲᠦᠴᠡ ᠶᠢ ᠪᠠᠶᠢᠭᠤᠯᠤᠨ᠎ᠠ᠃ ᠭᠡᠷ ᠪᠠᠶᠢᠰᠢᠩ ᠭᠠᠵᠠᠷ ᠬᠥᠷᠥᠩᠭᠡ ᠶᠢ | 20 ᠲᠦᠮᠡᠨ ᠲᠡᠭᠰᠢ ᠳᠦᠷᠪᠡᠯᠵᠢᠨ ᠮᠧᠲᠷ ᠠᠴᠠ ᠳᠡᠭᠡᠭᠰᠢ ᠨᠡᠬᠡᠬᠡᠨ ᠬᠦᠭᠵᠢᠬᠦᠯᠦᠨ᠎ᠡ᠃ | ᠵᠠᠮ ᠤᠨ ᠲᠣᠣᠷ ᠴᠠᠬᠢᠯᠭᠠᠨ ᠲᠣᠣᠷ ᠤᠨ ᠪᠠᠶᠢᠷᠢᠰᠢᠯ ᠢ ᠰᠢᠯᠢᠳᠡᠭᠵᠢᠭᠦᠯᠦᠨ᠎ᠡ᠃ ᠳᠡᠭᠡᠳᠦ | ᠬᠤᠷᠳᠤᠴᠠᠲᠦ ᠵᠠᠰᠠᠮᠠᠯ ᠵᠠᠮ 1015᠂ ᠤᠯᠤᠰ ᠤᠨ ᠵᠠᠰᠠᠮᠠᠯ ᠵᠠᠮ 334᠂ ᠮᠤᠵᠢ ᠶᠢᠨ ᠵᠠᠰᠠᠮᠠᠯ | ᠵᠠᠮ 210 ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠡᠰᠡᠭ ᠤᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠬᠠᠮᠵᠢᠯᠴᠠᠨ ᠰᠠᠶᠢᠲᠤᠷ ᠬᠢᠨ᠎ᠡ᠃ ᠨᠡᠶᠢᠲᠡ 6000 ᠲᠦᠮᠡᠨ ᠲᠥᠭᠦᠷᠢᠭ ᠤᠨ ᠪᠡᠯᠡ | ᠣᠷᠣᠭᠤᠯᠤᠭᠰᠠᠨ ᠤᠯᠠᠭᠠᠢ ᠠᠴᠠ ᠤᠯᠠᠭᠠᠨ ᠭᠤᠣᠯ ᠬᠦᠷᠬᠦ ᠵᠢᠭᠤᠯᠴᠢᠯᠠᠯ ᠤᠨ ᠵᠠᠰᠠᠮᠠᠯ ᠵᠠᠮ᠂ ᠨᠡᠶᠢᠲᠡ 1500 | ᠲᠦᠮᠡᠨ ᠲᠥᠭᠦᠷᠢᠭ ᠤᠨ ᠪᠡᠯᠡ ᠣᠷᠣᠭᠤᠯᠤᠭᠰᠠᠨ ᠪᠠᠶᠠᠨᠨᠠᠭᠤᠷ ᠠᠴᠠ ᠬᠤᠯᠪᠣᠭᠠᠲᠤ ᠬᠦᠷᠬᠦ ᠵᠠᠮ ᠤᠨ ᠲᠣᠣᠷ ᠤᠨ | ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ 60 ᠺᠢᠯᠣᠮᠧᠲᠷ ᠤᠨ ᠬᠥᠳᠡᠭᠡ ᠲᠣᠰᠬᠤᠨ ᠤ 5 ᠵᠤᠷᠪᠤᠰ ᠵᠠᠰᠠᠮᠠᠯ | ᠵᠠᠮ ᠢ ᠳᠡᠰ ᠳᠡᠪᠰᠢᠭᠦᠯᠦᠨ ᠥᠭᠡᠷᠡᠴᠢᠯᠡᠨ᠎ᠡ᠃ ᠵᠥᠩ ᠭᠤᠸᠠᠩ ᠾᠧ ᠬᠤᠶᠠᠳᠤᠭᠠᠷ ᠬᠤᠭᠤᠴᠠᠭ᠎ᠠ᠂ ᠵᠢᠩ ᠺᠧ | ᠬᠤᠶᠠᠳᠤᠭᠠᠷ ᠬᠤᠭᠤᠴᠠᠭ᠎ᠠ᠂ ᠬᠤᠤᠯᠢᠩᠭᠤᠤᠯ ᠠᠴᠠ ᠫᠢᠩ ᠴᠤᠸᠠᠨ ᠬᠦᠷᠬᠦ 500 ᠺᠢᠯᠣᠸᠠᠯᠲ ᠤᠨ ᠱᠤᠭᠤᠮ ᠤᠨ | ᠪᠠᠷᠢᠯᠭ᠎ᠠ ᠶᠢᠨ ᠭᠠᠵᠠᠷ ᠲᠠᠲᠠᠪᠤᠷᠢᠯᠠᠨ ᠨᠤᠷᠠᠭᠠᠵᠤ ᠨᠡᠭᠦᠯᠭᠡᠬᠦ ᠠᠵᠢᠯ ᠢ ᠬᠠᠮᠵᠢᠯᠴᠠᠨ ᠥᠷᠨᠢᠭᠦᠯᠵᠦ᠂ ᠵᠢᠯ ᠤᠨ | ᠳᠣᠲᠣᠷ᠎ᠠ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠵᠤ᠂ ᠴᠠᠬᠢᠯᠭᠠᠨ | ᠬᠦᠴᠦᠨ ᠢ ᠭᠠᠳᠠᠭᠰᠢ ᠬᠦᠷᠭᠡᠬᠦ ᠵᠠᠮ ᠢ ᠪᠦᠲᠦᠮᠵᠢᠲᠡᠶ ᠨᠡᠪᠲᠡᠷᠡᠭᠦᠯᠦᠨ᠎ᠡ᠃ | ︵ᠵᠢᠷᠭᠤᠭ᠎ᠠ︶ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠠᠷᠠᠳ ᠤᠨ ᠰᠡᠳᠬᠢᠯ ᠢ ᠳᠤᠯᠠᠭᠠᠴᠠᠭᠤᠯᠵᠤ | ᠂ ᠵᠣᠯ ᠵᠢᠷᠭᠠᠯ ᠤᠨ ᠵᠢᠭᠠᠯᠲᠠ ᠲᠤᠭ᠎ᠠ ᠶᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠦᠨ᠎ᠡ | ᠰᠣᠶᠣᠯ ᠵᠢᠭᠤᠯᠴᠢᠯᠠᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠬᠡᠷᠡᠭᠵᠢᠭᠦᠯᠬᠦ ᠶᠢ ᠲᠦᠯᠬᠢᠨ | ᠠᠬᠢᠭᠤᠯᠤᠨ᠎ᠠ᠃ ᠤᠯᠤᠰ ᠤᠨ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ | ᠡᠭᠦᠳᠦᠨ ᠪᠠᠶᠢᠭᠤᠯᠬᠤ ᠠᠯᠬᠤᠴᠠ ᠶᠢ ᠲᠦᠷᠭᠡᠳᠬᠡᠵᠦ᠂ ᠪᠠᠲᠤᠴᠠᠭᠠᠨ ᠤ ᠦᠵᠡᠮᠵᠢ ᠶᠢᠨ ᠣᠷᠣᠨ᠂ ᠬᠠᠩᠭᠠᠯ | ᠨᠠᠭᠤᠷ ᠤᠨ ᠦᠵᠡᠮᠵᠢ ᠶᠢᠨ ᠣᠷᠣᠨ᠂ ᠳᠦᠰᠢᠶᠡᠲᠦ ᠴᠢᠨ ᠸᠠᠩ ᠤᠨ ᠣᠷᠳᠣᠨ᠂ ᠳᠤᠮᠳᠠᠳᠤ ᠤᠯᠤᠰ ᠤᠨ ᠺᠢᠨᠣ᠋ ᠶᠢᠨ | ᠪᠦᠯᠦᠭᠯᠡᠯ ᠤᠨ ᠰᠡᠭᠦᠳᠡᠷ ᠦᠶᠯᠡᠳᠬᠦ ᠰᠠᠭᠤᠷᠢᠨ ᠵᠡᠷᠭᠡ ᠭᠤᠣᠯᠳᠠᠯᠭ᠎ᠠ ᠲᠠᠢ ᠦᠵᠡᠮᠵᠢ ᠶᠢᠨ | ᠣᠷᠣᠨ ᠦᠵᠡᠮᠵᠢ ᠶᠢᠨ ᠴᠡᠭ ᠤᠨ ᠢᠵᠢ ᠪᠦᠷᠢᠳᠦᠭᠦᠯᠬᠦ ᠪᠡᠯᠡᠳᠬᠡᠮᠵᠢ ᠵᠢᠴᠢ ᠦᠢᠯᠡᠴᠢᠯᠡᠭᠡᠨ ᠤ ᠶᠠᠰᠤ ᠴᠢᠨᠠᠷ ᠢ | ᠪᠦᠲᠦᠮᠵᠢᠲᠡᠶ ᠳᠡᠭᠡᠭᠰᠢᠯᠡᠭᠦᠯᠵᠦ᠂ ᠰᠣᠶᠣᠯ ᠵᠢᠭᠤᠯᠴᠢᠯᠠᠯ ᠤᠨ ᠣᠯᠠᠨ ᠡᠰᠢᠲᠦ ᠠᠭᠤᠰᠤᠯᠴᠠᠨ ᠬᠥᠭᠵᠢᠬᠦ ᠶᠢ | ᠠᠬᠢᠭᠤᠯᠤᠨ᠎ᠠ᠃ ︽ᠪᠠᠳᠤᠴᠠᠭᠠᠨ ᠤ ᠰᠤᠨᠢᠷᠬᠠᠯᠲᠦ ᠪᠠᠭ᠎ᠠ ᠨᠠᠰᠤ︾ ᠶᠢᠨ ᠲᠠᠯ᠎ᠠ ᠨᠤᠲᠤᠭ ᠤᠨ ᠡᠴᠢᠭᠡ ᠡᠬᠡ | ᠬᠡᠦᠬᠡᠳ ᠤᠨ ᠭᠤᠣᠯ ᠰᠡᠳᠦᠪᠲᠦ ᠴᠡᠩᠭᠡᠯ ᠤᠨ ᠬᠦᠷᠢᠶᠡᠯᠡᠩ ᠤᠨ ᠬᠤᠶᠠᠳᠤᠭᠠᠷ ᠬᠤᠭᠤᠴᠠᠭ᠎ᠠ᠂ ᠳᠠᠶᠢᠴᠢᠨᠳᠠᠯᠠ | ᠵᠢᠭᠤᠯᠴᠢᠯᠠᠯ ᠤᠨ ᠣᠨᠴᠠᠯᠢᠭᠲᠤ ᠬᠤᠳᠠᠯᠳᠤᠭᠠᠨ ᠤ ᠵᠡᠭᠡᠯᠢ ᠵᠡᠷᠭᠡ ᠲᠥᠷᠥᠯ ᠵᠦᠢᠯ ᠤᠨ ᠪᠠᠷᠢᠯᠭ᠎ᠠ ᠡᠬᠢᠯᠡᠭᠦᠯᠦᠨ | ᠪᠦᠲᠦᠭᠡᠨ ᠪᠠᠶᠢᠭᠤᠯᠬᠤ ᠶᠢ ᠠᠬᠢᠭᠤᠯᠤᠨ᠎ᠠ᠃ 8 ᠭᠠᠴᠠᠭ᠎ᠠ ᠲᠣᠰᠬᠤᠨ ᠤ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ | ᠬᠡᠯᠪᠡᠷᠢ ᠪᠠᠶᠢᠳᠠᠯ ᠢ ᠪᠠᠶᠢᠭᠤᠯᠤᠨ ᠪᠣᠶᠢᠵᠢᠭᠤᠯᠤᠨ᠎ᠠ᠃ ᠵᠢᠭᠤᠯᠴᠢᠯᠠᠯ ᠤᠨ ᠤᠬᠠᠭᠤᠯᠭ᠎ᠠ ᠶᠢᠨ ᠤᠬᠠᠭᠠᠯᠠᠨ | ᠲᠥᠯᠥᠪᠯᠡᠵᠦ ᠡᠵᠡᠩᠨᠡᠨ ᠪᠣᠷᠣᠯᠠᠭᠤᠯᠬᠤ ᠶᠢ ᠴᠢᠩᠭᠠᠳᠬᠠᠵᠤ᠂ ᠪᠠᠲᠤᠴᠠᠭᠠᠨ ᠤ ᠵᠢᠭᠤᠯᠴᠢᠯᠠᠯ ᠤᠨ ᠪᠠᠶᠠᠷ᠂ ᠳᠠᠭᠤᠤ | ᠬᠥᠭᠵᠢᠮ ᠤᠨ ᠪᠠᠶᠠᠷ ᠵᠡᠷᠭᠡ ᠪᠠᠶᠠᠷ ᠳᠤᠷᠠᠰᠬᠠᠯ ᠤᠨ ᠠᠵᠢᠯᠯᠠᠭ᠎ᠠ ᠶᠢ ᠰᠠᠶᠢᠲᠤᠷ ᠡᠷᠭᠢᠯᠡᠨ᠎ᠡ᠃ ᠰᠣᠳᠣᠨ ᠤᠷᠠᠨ | ᠰᠠᠶᠢᠬᠠᠨ ᠤ ᠵᠦᠴᠦᠭᠡ ᠶᠢᠨ ᠪᠦᠲᠦᠭᠡᠯ ᠢ ᠵᠣᠬᠢᠶᠠᠨ ᠪᠦᠲᠦᠭᠡᠬᠦ ᠶᠢ ᠴᠢᠩᠭᠠᠳᠬᠠᠵᠤ᠂ ᠳᠠᠭᠤᠤ ᠪᠥᠵᠢᠭᠲᠦ ᠵᠦᠴᠦᠭᠡ | ︽ᠬᠤᠸᠠᠷ ᠰᠡᠶᠢᠯᠦᠭᠰᠡᠨ ᠡᠮᠡᠭᠡᠯ︾ ᠵᠡᠷᠭᠡ ᠫᠷᠣᠭ᠍ᠷᠠᠮ ᠢ ᠨᠠᠶᠢᠷᠠᠭᠤᠯᠤᠨ ᠳᠤᠭᠯᠠᠨ᠎ᠠ᠃ ᠤᠯᠠᠮᠵᠢᠯᠠᠯᠲᠤ ᠭᠠᠷ | ᠤᠷᠠᠯᠠᠯ ᠤᠨ ᠠᠵᠢᠯ ᠤᠨ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠣᠳᠠᠰ ᠤᠨ ᠪᠤᠰᠤ | ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠬᠤ ᠬᠢᠷᠢ ᠳᠦᠪᠰᠢᠨ ᠢ ᠳᠡᠭᠡᠭᠰᠢᠯᠡᠬᠦᠯᠦᠨ᠎ᠡ᠃ | ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠬᠦᠯᠦᠨ᠎ᠡ᠃ ᠲᠦᠭᠡᠮᠡᠯ | ᠬᠠᠷᠠᠭᠠᠯᠵᠠᠯ ᠤᠨ ᠴᠢᠨᠠᠷᠲᠠᠢ ᠬᠡᠦᠬᠡᠳ ᠤᠨ ᠴᠡᠴᠡᠷᠯᠢᠭ ᠤᠨ ᠪᠦᠷᠬᠦᠴᠡ ᠶᠢᠨ ᠨᠤᠷᠮ᠎ᠠ᠂ ᠶᠢᠰᠦᠨ ᠵᠢᠯ ᠤᠨ ᠠᠯᠪᠠᠨ | ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠬᠦ ᠨᠤᠷᠮ᠎ᠠ ᠶᠢ ᠳᠡᠭᠡᠭᠰᠢᠯᠡᠭᠦᠯᠵᠦ᠂ ᠣᠶᠤᠨᠴᠢ ᠰᠤᠷᠭᠠᠨ ᠬᠥᠮᠦᠵᠢᠯ ᠢ | ᠬᠠᠶᠢᠨ ᠰᠦᠪᠡᠭᠴᠢᠯᠡᠵᠦ᠂ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ | ᠵᠢᠭᠠᠨ ᠰᠤᠷᠭᠠᠯᠲᠠ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠰᠤᠷᠭᠠᠨ ᠬᠥᠮᠦᠵᠢᠯ᠂ ᠰᠢᠨᠵᠢᠯᠡᠬᠦ | ᠤᠬᠠᠭᠠᠨ ᠮᠡᠷᠭᠡᠵᠢᠯ᠂ ᠴᠢᠳᠠᠪᠤᠷᠢᠲᠠᠨ ᠤ ︽ᠭᠤᠷᠪᠠ ᠶᠢ ᠨᠢᠭᠡ ᠴᠣᠭᠴᠠᠵᠢᠭᠤᠯᠤᠭᠰᠠᠨ︾ ᠴᠢᠨᠠᠷ ᠰᠠᠶᠢᠲᠠᠢ | ᠬᠥᠭᠵᠢᠯᠲᠡ ᠶᠢ ᠲᠦᠯᠬᠢᠨ ᠠᠬᠢᠭᠤᠯᠤᠨ᠎ᠠ᠃ 6950 ᠲᠦᠮᠡᠨ ᠲᠥᠭᠦᠷᠢᠭ ᠣᠷᠣᠭᠤᠯᠵᠤ᠂ 6 ᠰᠤᠷᠭᠠᠨ | ᠬᠥᠮᠦᠵᠢᠯ ᠤᠨ ᠭᠤᠣᠯᠳᠠᠯᠭ᠎ᠠ ᠲᠠᠢ ᠲᠥᠷᠥᠯ ᠵᠦᠢᠯ ᠢ ᠰᠠᠶᠢᠲᠤᠷ ᠭᠡᠷᠡᠭᠵᠢᠬᠦᠯᠦᠨ᠎ᠡ᠃ ᠪᠥᠬᠦ ᠤᠯᠤᠰ ᠤᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ | ᠠᠬᠢᠭᠤᠯᠵᠤ᠂ ︽ᠠᠨᠠᠷ ᠤᠨ ᠦᠷ᠎ᠡ︾ ᠭᠤᠣᠯ ᠰᠡᠳᠦᠪᠲᠦ ᠲᠠᠯᠠᠪᠠᠶ᠂ ᠨᠡᠶᠢᠲᠡ ᠶᠢᠨ ᠵᠠᠮ ᠬᠠᠷᠢᠯᠴᠠᠭᠠᠨ ᠤ ᠲᠤᠰᠬᠠᠢ | ᠱᠤᠭᠤᠮ᠂ ︽ᠠᠨᠠᠷ ᠤᠨ ᠴᠡᠴᠡᠭ ᠳᠡᠯᠭᠡᠷᠡᠬᠦ︾ ᠵᠡᠭᠡᠯᠢ ᠭᠤᠳᠤᠮᠵᠢ ᠶᠢ ᠪᠠᠶᠢᠭᠤᠯᠵᠤ᠂ ᠦᠨᠳᠦᠰᠦᠲᠡᠨ ᠤ | ᠪᠦᠯᠬᠦᠮᠳᠡᠯ ᠤᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠨ᠎ᠠ᠃ | ᠡᠷᠡᠭᠦᠯ ᠡᠩᠬᠡ ᠳᠤᠮᠳᠠᠳᠤ ᠬᠤᠰᠢᠭᠤᠨ ᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ︽ᠪᠥᠬᠦ | ᠤᠯᠤᠰ ᠤᠨ ᠦᠨᠳᠦᠰᠦᠨ ᠱᠠᠲᠤᠨ ᠤ ᠬᠢᠲᠠᠳ ︵ᠮᠣᠩᠭᠤᠯ︶ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ | ᠬᠤᠰᠢᠭᠤ︾ ᠶᠢ ᠡᠭᠦᠳᠦᠨ ᠪᠠᠶᠢᠭᠤᠯᠵᠤ᠂ ︽ᠥᠪᠡᠷᠲᠡᠭᠡᠨ ᠵᠠᠰᠠᠬᠤ ᠣᠷᠣᠨ ᠤ ᠠᠷᠢᠭᠤᠨ ᠴᠡᠪᠡᠷ ᠬᠤᠲᠠ ᠪᠠᠯᠭᠠᠰᠤ︾ | ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ︽ᠪᠥᠬᠦ ᠠᠷᠠᠳ ᠢᠶᠠᠷ ᠢᠶᠠᠨ ᠳᠠᠭᠠᠳᠬᠠᠯ ᠳᠤ | ᠣᠷᠤᠯᠴᠠᠬᠤ︾ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ | ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠠᠬᠢᠭᠤᠯᠤᠨ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ | ᠬᠡᠷᠡᠭᠯᠡᠯᠲᠡ ᠶᠢᠨ ᠦᠷ᠎ᠡ ᠪᠦᠳᠦᠮᠵᠢ ᠶᠢ ᠳᠡᠭᠡᠭᠰᠢᠯᠡᠬᠦᠯᠦᠨ᠎ᠡ᠃ 2.2 ᠳ᠋ᠦᠩᠰᠢᠭᠤᠷ ᠲᠥᠭᠦᠷᠢᠭ ᠣᠷᠣᠭᠤᠯᠵᠤ 5 | ᠡᠮᠴᠢᠯᠡᠭᠡᠨ ᠤ ᠪᠠᠶᠢᠭᠤᠯᠤᠮᠵᠢ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠳᠤᠲᠠᠭᠤᠳᠠᠯ ᠢ ᠨᠥᠬᠦᠪᠦᠷᠢᠯᠡᠬᠦ | ᠲᠥᠷᠥᠯ ᠵᠦᠢᠯ ᠢ ᠨᠥᠬᠦᠪᠦᠷᠢᠯᠡᠵᠦ᠂ ᠱᠠᠲᠤ ᠬᠤᠪᠢᠶᠠᠨ ᠣᠨᠣᠰᠢᠯᠠᠨ ᠡᠮᠨᠡᠬᠦ ᠰᠢᠰᠲ᠋ᠧᠮᠵᠢ ᠶᠢ ᠬᠦᠴᠦᠯᠡᠨ | ᠪᠠᠶᠢᠭᠤᠯᠤᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ ᠰᠢᠨ᠎ᠡ ᠠᠷᠪᠠᠨ ᠵᠤᠷᠪᠤᠰ︾ ᠢ ᠡᠷᠡᠰ | ᠲᠤᠤᠱᠯᠠᠭᠤᠯᠤᠨ ᠰᠢᠯᠢᠳᠡᠭᠵᠢᠭᠦᠯᠵᠦ᠂ ᠣᠷᠣᠨ ᠠᠶᠢᠮᠠᠭ ᠬᠤᠶᠠᠷ ᠱᠠᠲᠤᠨ ᠤ ᠨᠠᠷᠢᠯᠢᠭᠵᠢᠭᠤᠯᠬᠤ ᠲᠥᠰᠥᠯ ᠢ ᠴᠢᠩᠭ᠎ᠠ | ᠨᠠᠶᠢᠳᠠᠪᠤᠷᠢᠵᠢᠭᠤᠯᠤᠨ᠂ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠸᠠᠺᠼᠢᠨ ᠤ ᠲᠠᠷᠢᠯᠭ᠎ᠠ ᠬᠢᠬᠦ ᠠᠵᠢᠯ ᠢ | ᠪᠥᠬᠦ ᠲᠠᠯ᠎ᠠ ᠪᠠᠷ ᠠᠬᠢᠭᠤᠯᠵᠤ᠂ 80 ᠨᠠᠰᠤᠨ ᠠᠴᠠ ᠳᠡᠭᠡᠭᠰᠢᠬᠢ ᠬᠥᠮᠥᠰ ᠲᠤ ᠲᠠᠷᠢᠯᠭ᠎ᠠ ᠬᠢᠬᠦ ᠶᠢ ᠭᠤᠣᠯᠳᠠᠯᠭ᠎ᠠ ᠲᠠᠢ | ᠴᠢᠩᠭᠠᠳᠬᠠᠨ᠂ ᠡᠮᠴᠢᠯᠡᠭᠡᠨ ᠤ ᠡᠬᠢ ᠪᠠᠶᠠᠯᠢᠭ ᠤᠨ ᠨᠥᠭᠡᠴᠡᠯᠡᠬᠦ ᠠᠵᠢᠯ ᠢ ᠴᠢᠩᠭᠠᠳᠬᠠᠨ᠎ᠠ᠃ ᠪᠥᠬᠦ ᠠᠷᠠᠳ ᠤᠨ | ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠢ ᠭᠦᠨᠵᠡᠭᠡᠢ ᠥᠷᠨᠢᠭᠦᠯᠵᠦ᠂ ︽ᠮᠠᠯᠴᠢᠨ ᠲᠠᠷᠢᠶᠠᠴᠢᠳ ᠤᠨ ᠪᠡᠶ᠎ᠡ | ᠴᠢᠭᠢᠷᠠᠭᠵᠢᠭᠤᠯᠬᠤ ᠢᠨᠵᠧᠨᠧᠷᠢᠩ︾ ᠢ ᠬᠡᠷᠡᠭᠵᠢᠭᠦᠯᠦᠨ᠂ ᠳᠣᠯᠣᠳᠤᠭᠠᠷ ᠬᠤᠭᠤᠴᠠᠭᠠᠨ ᠤ ᠥᠪᠡᠷᠲᠡᠭᠡᠨ ᠵᠠᠰᠠᠬᠤ | ᠣᠷᠣᠨ ᠤ ᠲᠠᠯ᠎ᠠ ᠨᠤᠲᠤᠭ ᠤᠨ ᠰᠡᠯᠡᠭᠦᠴᠡᠯ ᠤᠨ ᠪᠡᠶ᠎ᠡ ᠲᠠᠮᠢᠷ ᠤᠨ ᠶᠡᠭᠡ ᠬᠤᠷᠠᠯ᠂ ᠬᠤᠶᠠᠳᠤᠭᠠᠷ ᠬᠤᠭᠤᠴᠠᠭᠠᠨ ᠤ | ᠬᠢᠩᠭᠠᠨ ᠠᠶᠢᠮᠠᠭ ᠤᠨ ᠨᠡᠶᠢᠭᠡᠮ ᠲᠣᠭᠤᠷᠢᠭ ᠤᠨ ᠪᠡᠶ᠎ᠡ ᠲᠠᠮᠢᠷ ᠤᠨ ᠴᠤᠭᠯᠠᠭᠠᠨ ᠪᠠ ᠮᠠᠯᠵᠢᠬᠤ ᠲᠠᠷᠢᠶᠠᠯᠠᠬᠤ ᠣᠷᠣᠨ ᠤ | ᠬᠥᠯ ᠪᠥᠮᠪᠦᠭᠡ ᠶᠢᠨ ᠤᠷᠤᠯᠳᠤᠭᠠᠨ ᠵᠡᠷᠭᠡ ᠠᠵᠢᠯᠯᠠᠭ᠎ᠠ ᠶᠢ ᠰᠠᠶᠢᠲᠤᠷ ᠳᠠᠭᠠᠭᠠᠴᠢᠯᠠᠨ ᠡᠷᠭᠢᠯᠡᠨ᠎ᠡ᠃ | ᠠᠷᠠᠳ ᠤᠨ ᠠᠮᠢᠳᠤᠷᠠᠯ ᠢ ᠪᠠᠲᠤᠯᠠᠬᠤ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ᠃ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠴᠡᠷᠢᠭ ᠠᠴᠠ ᠬᠠᠯᠠᠭᠳᠠᠭᠰᠠᠳ ᠵᠡᠷᠭᠡ | ᠭᠤᠣᠯᠳᠠᠯᠭ᠎ᠠ ᠲᠠᠢ ᠬᠠᠮᠲᠤᠯᠢᠭ ᠲᠤ ᠠᠵᠢᠯ ᠣᠯᠭᠤᠬᠤ ᠶᠢ ᠰᠠᠶᠢᠲᠤᠷ ᠠᠳᠬᠤᠵᠤ᠂ ︽ᠨᠢᠭᠡ ᠭᠠᠵᠠᠷ ᠤᠷᠤᠨ ᠨᠢᠭᠡ | ᠲᠥᠷᠥᠯ ᠳᠡᠮᠳᠡᠭ︾ ᠤᠨ ᠪᠣᠶᠢᠵᠢᠭᠤᠯᠤᠯᠲᠠ ᠶᠢ ᠥᠷᠨᠢᠭᠦᠯᠵᠦ᠂ ︽ᠲᠠᠯ᠎ᠠ ᠨᠤᠲᠤᠭ ᠤᠨ ᠬᠠᠳᠬᠤᠮᠠᠯ ᠤᠨ ᠪᠦᠰᠡᠬᠦᠢ︾ | ᠶᠢᠨ ᠣᠨᠴᠠᠯᠢᠭᠲᠤ ᠠᠵᠤ ᠦᠢᠯᠡᠰ ᠤᠨ ᠬᠥᠳᠡᠯᠮᠦᠷᠢ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠣᠶ | ᠪᠣᠯᠭᠠᠨ᠎ᠠ᠃ ᠰᠣᠶᠣᠯ ᠤᠨ ᠰᠢᠨ᠎ᠡ ᠶᠢ ᠡᠭᠦᠳᠬᠦ ᠠᠵᠤ ᠦᠢᠯᠡᠰ ᠤᠨ ᠰᠠᠭᠤᠷᠢᠨ ᠤ ᠨᠡᠪᠴᠢᠭᠦᠯᠬᠦ ᠴᠢᠳᠠᠪᠤᠷᠢ ᠶᠢ | ᠳᠡᠭᠡᠭᠰᠢᠯᠡᠭᠦᠯᠵᠦ᠂ ᠨᠡᠪᠴᠢᠭᠦᠯᠬᠦ ᠠᠵᠤ ᠠᠬᠤᠶᠢᠯᠠᠯ ᠢ 30 ᠠᠴᠠ ᠳᠡᠭᠡᠭᠰᠢ ᠳᠤ ᠬᠦᠷᠦᠭᠦᠯᠦᠨ᠎ᠡ᠃ ᠠᠷᠠᠳ ᠤᠨ | ᠶᠠᠪᠤᠳᠠᠯ ᠤᠨ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢᠨ ᠡᠭᠦᠷᠭᠡ ᠴᠢᠳᠠᠪᠤᠷᠢ ᠶᠢ ᠪᠠᠳᠠᠷᠠᠭᠤᠯᠵᠤ᠂ | ᠨᠡᠶᠢᠭᠡᠮ ᠤᠨ ᠠᠪᠤᠷᠠᠨ ᠲᠤᠰᠠᠯᠠᠬᠤ ᠲᠦᠷᠦ ᠶᠢᠨ ᠪᠣᠳᠣᠯᠭ᠎ᠠ ᠶᠢ ᠵᠢᠷᠤᠮᠵᠢᠭᠤᠯᠤᠨ ᠨᠠᠶᠢᠳᠠᠪᠤᠷᠢᠵᠢᠭᠤᠯᠵᠤ᠂ | ᠵᠡᠮᠳᠡᠭᠴᠦᠳ ᠤᠨ ᠡᠷᠡᠬᠦᠯᠵᠢᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠳᠠ ᠶᠢ ᠴᠢᠩᠭᠠᠳᠬᠠᠨ᠎ᠠ᠃ ᠪᠥᠬᠦ | ᠣᠷᠣᠨ ᠤ ᠨᠠᠰᠤᠵᠢᠯ ᠤᠨ ᠦᠢᠯᠡᠴᠢᠯᠡᠭᠡᠨ ᠤ ᠥᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠢ ᠦᠷᠭᠦᠯᠵᠢᠯᠡᠨ | ᠰᠠᠶᠢᠲᠤᠷ ᠬᠢᠵᠦ᠂ ᠠᠯᠪᠠᠨ ᠠᠴᠠ ᠡᠷᠭᠢᠯᠡᠭᠰᠡᠨ ᠪᠠᠶᠢᠭᠤᠯᠤᠮᠵᠢ ᠶᠢᠨ ᠨᠡᠶᠢᠭᠡᠮᠴᠢᠯᠡᠭᠰᠡᠨ ᠡᠵᠡᠩᠨᠡᠯᠲᠡ ᠶᠢ ᠰᠦᠪᠡᠭᠴᠢᠯᠡᠨ | ᠬᠡᠷᠡᠭᠵᠢᠭᠦᠯᠦᠨ᠎ᠡ᠃ ᠨᠡᠶᠢᠲᠡ 1500 ᠲᠦᠮᠡᠨ ᠲᠥᠭᠦᠷᠢᠭ ᠤᠨ ᠪᠡᠯᠡ ᠣᠷᠣᠭᠤᠯᠤᠭᠰᠠᠨ ᠬᠤᠶᠠᠷᠰᠤᠮᠤ | ᠪᠠᠯᠭᠠᠰᠤ ᠶᠢᠨ ᠨᠠᠰᠤᠲᠠᠨ ᠢ ᠠᠰᠠᠷᠠᠬᠤ ᠬᠦᠷᠢᠶᠡᠯᠡᠩ ᠤᠨ ᠲᠥᠷᠥᠯ ᠵᠦᠢᠯ ᠢ ᠪᠠᠷᠢᠯᠭ᠎ᠠ ᠡᠬᠢᠯᠡᠭᠦᠯᠦᠨ ᠪᠦᠲᠦᠭᠡᠨ | ᠪᠠᠶᠢᠭᠤᠯᠤᠨ᠎ᠠ᠃ ᠱᠠᠰᠢᠨ ᠰᠤᠷᠲᠠᠬᠤᠨ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ | ᠡᠮᠡᠭᠲᠡᠶᠢᠴᠦᠳ ᠤᠨ ᠬᠤᠯᠪᠣᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠦᠢᠯᠡᠳᠪᠦᠷᠢ ᠬᠤᠳᠠᠯᠳᠤᠭᠠᠨ | ᠤ ᠬᠤᠯᠪᠣᠭ᠎ᠠ ᠵᠡᠷᠭᠡ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠨᠢᠭᠦᠯᠡᠰᠦᠩᠭᠦᠢ᠂ ᠨᠠᠰᠤᠲᠠᠶᠢᠴᠤᠳ᠂ | ᠵᠡᠮᠳᠡᠭᠴᠦᠳ᠂ ᠤᠯᠠᠭᠠᠨ ᠵᠠᠭᠠᠯᠮᠠᠶᠢᠳᠠᠨ ᠤ ᠦᠢᠯᠡᠰ ᠤᠨ ᠬᠥᠭᠵᠢᠯᠲᠡ ᠶᠢ ᠢᠳᠡᠪᠬᠢᠲᠡᠢ ᠲᠡᠮᠵᠢᠵᠤ᠂ ᠲᠠᠩᠰᠠ ᠡᠪᠬᠡᠮᠡᠯ | ᠲᠡᠦᠬᠡ ᠣᠶᠢᠯᠠᠯᠭ᠎ᠠ᠂ ᠭᠠᠶᠢᠯᠢ ᠶᠢᠨ ᠶᠠᠪᠤᠳᠠᠯ᠂ ᠴᠠᠭ ᠠᠭᠤᠷ᠂ ᠬᠤᠶᠢᠴᠢ ᠦᠶ᠎ᠡ ᠪᠠᠨ ᠬᠠᠯᠠᠮᠵᠢᠯᠠᠬᠤ ᠵᠡᠷᠭᠡ ᠡᠯ᠎ᠡ | ᠵᠦᠢᠯ ᠤᠨ ᠠᠵᠢᠯ ᠢ ᠨᠢᠭᠡᠳᠦᠯᠲᠡᠢ ᠲᠥᠯᠥᠪᠯᠡᠵᠦ ᠰᠠᠶᠢᠲᠤᠷ ᠠᠳᠬᠤᠨ᠎ᠠ᠃ | ︵ᠳᠣᠯᠤᠭ᠎ᠠ︶ ᠲᠣᠭᠲᠠᠭᠤᠨ ᠢ ᠪᠠᠲᠤᠯᠠᠨ᠂ ᠡᠶ᠎ᠡ ᠵᠣᠬᠢᠴᠠᠯ ᠢ ᠠᠬᠢᠭᠤᠯᠵᠤ᠂ ᠵᠠᠰᠠᠯᠲᠠ ᠶᠢᠨ ᠬᠢᠷᠢ ᠲᠦᠪᠰᠢᠨ ᠢ | ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠦᠨ᠎ᠡ | ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠨᠡᠶᠢᠭᠡᠮ ᠤᠨ ᠵᠠᠰᠠᠯᠲᠠ ᠶᠢ ᠰᠠᠶᠢᠲᠤᠷ ᠠᠳᠬᠤᠨ᠎ᠠ᠃ ᠵᠠᠬᠢᠳᠠᠯ | ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ | ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠴᠢᠷᠮᠠᠶᠢᠨ ᠰᠢᠢᠳᠪᠦᠷᠢᠯᠡᠨ᠎ᠡ᠃ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠲᠣᠣᠷᠵᠢᠭᠤᠯᠤᠭᠰᠠᠨ ᠬᠠᠮᠢᠶᠠᠷᠤᠯᠲᠠ᠂ ᠨᠡᠶᠢᠭᠡᠮᠴᠢᠯᠡᠭᠰᠡᠨ ᠦᠢᠯᠡᠴᠢᠯᠡᠭᠡ᠂ ᠮᠡᠳᠡᠭᠡ ᠵᠠᠩᠭᠢᠵᠢᠯᠲᠠ ᠶᠢᠨ | ᠲᠤᠯᠭᠠᠭᠤᠷᠢᠯᠠᠯ ᠤᠨ ᠲᠤᠷᠰᠢᠯᠭ᠎ᠠ ᠶᠢ ᠠᠰᠢᠭᠯᠠᠬᠤ ᠶᠢ ᠪᠠᠷᠢᠮᠲᠠᠯᠠᠵᠤ᠂ ᠤᠷᠢᠳᠴᠢᠯᠠᠨ ᠲᠥᠰᠥᠭᠡᠯᠡᠵᠦ ᠤᠷᠢᠳᠴᠢᠯᠠᠨ | ᠰᠡᠷᠡᠮᠵᠢᠯᠡᠭᠦᠯᠵᠦ ᠤᠷᠢᠳᠴᠢᠯᠠᠨ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ | ᠳᠡᠭᠡᠭᠰᠢᠯᠡᠭᠦᠯᠦᠨ᠎ᠡ᠃ ᠨᠡᠶᠢᠭᠡᠮ ᠤᠨ ᠠᠵᠢᠯ ᠤᠨ ᠲᠤᠰᠬᠠᠢ ᠦᠢᠯᠡᠴᠢᠯᠡᠭᠡᠨ ᠤ ᠵᠠᠭᠪᠤᠷ ᠢ ᠬᠠᠶᠢᠨ ᠰᠦᠪᠡᠭᠴᠢᠯᠡᠵᠦ᠂ | ᠪᠡᠭᠡᠵᠢᠩ ᠤᠨ ᠳ᠋ᠡ ᡁᠢ ᠶᠦᠨ ᠨᠡᠶᠢᠭᠡᠮ ᠤᠨ ᠠᠵᠢᠯ᠂ ᠳᠤᠮᠳᠠᠳᠤ ᠬᠤᠰᠢᠭᠤᠨ ᠤ ᠨᠡᠶᠢᠭᠡᠮ ᠤᠨ ᠠᠵᠢᠯ ᠤᠨ | ᠨᠡᠶᠢᠭᠡᠮᠯᠢᠭ ᠤᠨ ︽ᠭᠠᠷ ᠬᠤᠯᠪᠣᠯᠴᠠᠨ︾ ᠨᠡᠶᠢᠭᠡᠮ ᠤᠨ ᠠᠵᠢᠯ ᠤᠨ ᠥᠷᠲᠡᠭᠡ ᠪᠠᠶᠢᠭᠤᠯᠬᠤ ᠶᠢ ᠵᠣᠷᠢᠭᠵᠢᠭᠤᠯᠤᠨ᠎ᠠ᠃ | ᠠᠮᠤᠷ ᠲᠠᠶᠢᠪᠤᠩ ᠳᠤᠮᠳᠠᠳᠤ ᠬᠤᠰᠢᠭᠤ ᠶᠢ ᠦᠷᠭᠦᠯᠵᠢᠯᠡᠨ ᠬᠦᠴᠦᠯᠡᠨ ᠪᠠᠶᠢᠭᠤᠯᠤᠨ᠎ᠠ᠃ ᠠᠶᠤᠯᠭᠦᠢ | ᠦᠢᠯᠡᠳᠪᠦᠷᠢᠯᠡᠯ ᠤᠨ ︽ᠠᠷᠪᠠᠨ ᠲᠠᠪᠤᠨ ᠵᠦᠢᠯ ᠤᠨ ᠬᠠᠲᠠᠭᠤ ᠠᠷᠭ᠎ᠠ ᠬᠡᠮᠵᠢᠶ᠎ᠡ︾ ᠶᠢ ᠴᠢᠩᠭ᠎ᠠ | ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠠᠵᠢᠯᠯᠠᠭ᠎ᠠ ᠶᠢ ᠭᠦᠨᠵᠡᠭᠡᠢ | ᠥᠷᠨᠢᠭᠦᠯᠦᠨ᠎ᠡ᠃ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ | ᠢᠳᠡᠭᠡᠨ ᠤ ᠠᠮᠤᠷ ᠲᠦᠪᠰᠢᠨ ᠤ ᠶᠡᠷᠦᠩᠬᠡᠢ ᠪᠡᠯᠡ ᠣᠷᠣᠭᠤᠯᠤᠯᠲᠠ ᠨᠢ 1.2 ᠳ᠋ᠦᠩᠰᠢᠭᠤᠷ ᠲᠥᠭᠦᠷᠢᠭ ᠲᠤ | ᠬᠦᠷᠦᠭᠰᠡᠨ 5 ᠠᠮᠤᠷ ᠲᠦᠪᠰᠢᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ ᠵᠢᠯ ᠤᠨ | ᠳᠣᠲᠣᠷ᠎ᠠ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠨ᠎ᠠ᠃ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ ᠲᠤᠰᠬᠠᠢ ᠲᠡᠮᠡᠴᠡᠯ ᠢ ᠦᠷᠭᠦᠯᠵᠢᠯᠡᠨ ᠠᠬᠢᠭᠤᠯᠵᠤ᠂ ᠡᠯ᠎ᠡ ᠲᠦᠷᠦᠯ ᠤᠨ ᠬᠠᠤᠯᠢ ᠠᠴᠠ ᠵᠥᠷᠢᠴᠡᠭᠰᠡᠨ | ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠮᠤᠷ ᠲᠣᠭᠲᠠᠭᠤᠨ ᠡᠶ᠎ᠡ ᠵᠣᠬᠢᠴᠠᠩᠭᠤᠢ ᠨᠡᠶᠢᠭᠡᠮ ᠤᠨ | ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠠᠮᠠᠭᠠᠯᠠᠨ᠎ᠠ᠃ | ︵ᠨᠠᠢᠮᠠ︶ ᠤᠯᠤᠰ ᠲᠦᠷᠦ ᠶᠢ ᠡᠷᠬᠢᠮᠯᠡᠵᠦ᠂ ᠬᠠᠷᠢᠭᠤᠴᠠᠯᠭ᠎ᠠ ᠡᠬᠦᠷᠭᠡᠯᠡᠬᠦ ᠶᠢ ᠴᠢᠩᠭᠠᠳᠬᠠᠵᠤ᠂ ᠲᠤᠰ | ᠪᠡᠶ᠎ᠡ ᠶᠢᠨ ᠪᠠᠶᠢᠭᠤᠯᠤᠯᠲᠠ ᠪᠠᠨ ᠪᠦᠬᠦ ᠬᠦᠴᠦᠨ ᠢᠶᠠᠷ ᠢᠶᠠᠨ ᠴᠢᠩᠭᠠᠳᠬᠠᠨ᠎ᠠ | ᠠᠷᠢᠭᠤᠨ ᠴᠢᠬᠡᠴᠢ ᠪᠠᠷ ᠵᠠᠰᠠᠭ ᠶᠠᠪᠤᠭᠤᠯᠬᠤ ᠶᠢ ᠢᠮᠠᠭᠲᠠ ᠪᠡᠶᠡᠯᠡᠭᠦᠯᠦᠨ᠎ᠡ᠃ ᠲᠥᠪ ᠬᠤᠷᠢᠶᠠᠨ ᠤ ᠨᠠᠢᠮᠠᠨ | ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠢ ᠢᠮᠠᠭᠲᠠ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ | ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠲᠦᠯᠬᠢᠨ ᠠᠬᠢᠭᠤᠯᠤᠨ᠎ᠠ᠃ ᠰᠤᠷᠲᠠᠯ ᠢᠶᠠᠨ | ᠦᠷᠭᠦᠯᠵᠢᠯᠡᠨ ᠰᠠᠶᠢᠵᠢᠷᠠᠭᠤᠯᠵᠤ᠂ ︽ᠠᠶᠤᠵᠤ᠂ ᠤᠳᠠᠭᠠᠨ᠂ ᠰᠤᠯᠠ ᠵᠠᠳᠠᠭᠠᠢ᠂ ᠪᠠᠭᠤᠷᠠᠢ᠂ | ᠲᠦᠯᠬᠢᠬᠦ︾ ᠵᠡᠷᠭᠡ ᠰᠤᠷᠲᠠᠯ ᠤᠨ ᠠᠷᠬᠠᠭ ᠭᠡᠮ ᠢ ᠡᠷᠡᠰ ᠬᠤᠪᠢᠷᠠᠭᠤᠯᠤᠨ᠎ᠠ ᠃ | ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ᠡᠩ ᠤᠨ ᠴᠢᠨᠠᠷᠲᠠᠢ ᠵᠠᠷᠤᠯᠭ᠎ᠠ ᠶᠢ ᠴᠢᠩᠭ᠎ᠠ | ᠬᠢᠵᠠᠭᠠᠷᠯᠠᠵᠤ᠂ ᠨᠡᠩ ᠤᠯᠠᠨ ᠡᠳ᠋ ᠤᠨ ᠬᠦᠴᠦᠨ ᠢ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠰᠠᠶᠢᠵᠢᠷᠠᠭᠤᠯᠬᠤ | ᠳᠡᠭᠡᠷ᠎ᠡ ᠬᠡᠷᠡᠭᠯᠡᠨ᠎ᠡ᠃ ᠣᠷᠣᠨ ᠨᠤᠲᠤᠭ ᠤᠨ ᠵᠠᠰᠠᠭ ᠤᠨ ᠣᠷᠳᠣᠨ ᠤ ᠥᠭᠴᠡᠭᠡᠨ ᠤ ᠠᠶᠤᠯ ᠲᠦᠭᠰᠢᠭᠦᠷᠢ ᠶᠢ | ᠰᠡᠷᠭᠡᠶᠢᠯᠡᠨ ᠠᠷᠢᠯᠭᠠᠵᠤ᠂ ᠨᠡᠮᠡᠭᠳᠡᠯ ᠤᠨ ᠬᠡᠮᠵᠢᠶ᠎ᠡ ᠶᠢ ᠡᠷᠡᠰ ᠬᠤᠷᠢᠭᠯᠠᠵᠤ᠂ ᠬᠠᠳᠠᠭᠠᠯᠠᠯᠲᠠ ᠶᠢᠨ ᠬᠡᠮᠵᠢᠶ᠎ᠡ ᠶᠢ | ᠠᠷᠢᠯᠭᠠᠨ᠎ᠠ᠃ | ᠬᠠᠤᠯᠢ ᠪᠠᠷ ᠵᠠᠰᠠᠭ ᠶᠠᠪᠤᠭᠤᠯᠬᠤ ᠶᠢ ᠢᠮᠠᠭᠲᠠ ᠪᠡᠶᠡᠯᠡᠭᠦᠯᠦᠨ᠎ᠡ᠃ ᠬᠠᠤᠯᠢ ᠪᠠᠷ ᠵᠠᠰᠠᠬᠤ ᠪᠠᠶᠢᠭᠤᠯᠤᠯᠲᠠ ᠶᠢ | ᠪᠠᠷᠢᠮᠲᠠᠯᠠᠨ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠬᠠᠤᠯᠢ ᠪᠠᠷ ᠲᠣᠭᠲᠠᠭᠠᠭᠰᠠᠨ | ᠵᠢᠷᠤᠮ ᠢ ᠴᠢᠩᠭ᠎ᠠ ᠬᠡᠷᠡᠭᠵᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠵᠢᠷᠤᠮᠵᠢᠭᠤᠯᠤᠨ᠂ | ᠬᠠᠤᠯᠢ ᠶᠣᠰᠣᠭᠠᠷ ᠲᠦᠷᠦ ᠪᠠᠷᠢᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ᠂ | ᠬᠢᠨᠠᠨ ᠪᠠᠶᠢᠴᠠᠭᠠᠬᠤ ᠵᠥᠪᠯᠡᠯ ᠤᠨ ᠭᠤᠣᠯ ᠬᠠᠷᠢᠭᠤᠴᠠᠯᠭ᠎ᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ | ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠬᠢᠨᠠᠨ ᠪᠤᠳᠤᠵᠤ | ᠬᠢᠨᠠᠯᠲᠠ ᠲᠠᠯᠪᠢᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠭᠦᠨᠵᠡᠭᠡᠢ | ᠬᠡᠷᠡᠭᠵᠢᠭᠦᠯᠵᠦ᠂ ᠵᠠᠰᠠᠭ ᠤᠨ ᠣᠷᠳᠣᠨ ᠪᠠ ᠤᠯᠠᠨ ᠨᠡᠶᠢᠲᠡ ᠶᠢᠨ ᠬᠠᠷᠢᠯᠴᠠᠨ ᠬᠥᠳᠡᠯᠦᠯᠴᠡᠬᠦ ᠠᠷᠭ᠎ᠠ ᠵᠠᠮ ᠢ ᠰᠠᠭᠠᠳ | ᠦᠭᠡᠢ ᠨᠠᠪᠲᠠᠷᠡᠭᠦᠯᠵᠦ᠂ ︽ᠬᠠᠤᠯᠢ ᠪᠠᠷ ᠵᠠᠰᠠᠬᠤ ᠵᠠᠰᠠᠭ ᠤᠨ ᠣᠷᠳᠣᠨ︾ ᠢ ᠪᠦᠬᠦ ᠬᠦᠴᠦᠨ ᠢᠶᠠᠷ ᠢᠶᠠᠨ | ᠪᠠᠶᠢᠭᠤᠯᠤᠨ᠎ᠠ᠃ | ᠢᠮᠠᠭᠲᠠ ᠥᠨᠳᠥᠷ ᠪᠦᠲᠦᠮᠵᠢᠲᠡᠶ ᠪᠠᠷ ᠵᠠᠰᠠᠭ ᠶᠠᠪᠤᠭᠤᠯᠬᠤ ᠶᠢ ᠪᠡᠶᠡᠯᠡᠭᠦᠯᠦᠨ᠎ᠡ᠃ ︽ᠡᠭᠦᠷᠭᠡ ᠴᠢᠳᠠᠪᠤᠷᠢ | ᠡᠭᠦᠷᠭᠡ ᠬᠠᠷᠢᠭᠤᠴᠠᠯᠭ᠎ᠠ ᠶᠢ ᠰᠢᠯᠢᠳᠡᠭᠵᠢᠭᠦᠯᠵᠦ᠂ ᠠᠵᠢᠯ ᠤᠨ ᠶᠠᠪᠤᠴᠠ ᠶᠢ ᠰᠢᠯᠢᠳᠡᠭᠵᠢᠭᠦᠯᠬᠦ︾ ᠲᠤᠰᠬᠠᠢ | ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠠᠷᠠᠳ ᠲᠤ ᠳᠦᠬᠦᠮ ᠦᠵᠡᠬᠦᠯᠬᠦ ᠬᠠᠯᠠᠭᠤᠨ ᠤᠲᠠᠰᠤᠨ ᠤ ᠪᠠᠶᠢᠭᠤᠯᠤᠯᠲᠠ ᠶᠢ | ᠴᠢᠩᠭᠠᠳᠬᠠᠵᠤ᠂ ᠤᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠢᠳᠡᠪᠬᠢᠲᠡᠢ ᠪᠠᠷ ᠬᠠᠷᠢᠭᠤᠯᠲᠠ | ᠥᠭᠴᠦ᠂ ᠤᠯᠠᠨ ᠲᠦᠮᠡᠨ ᠤ ︽ᠬᠦᠴᠢᠷᠳᠡᠯᠲᠡᠢ︾ ᠪᠠᠶᠢᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠎ᠡ᠃ ︽ | ᠭᠤᠷᠪᠠᠨ ᠦᠬᠡᠷ︾ ᠤᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠪᠣᠳᠠᠲᠠᠢ ᠪᠠᠷ ᠠᠵᠢᠯᠯᠠᠬᠤ ᠶᠢ ᠴᠢᠬᠤᠯᠠᠴᠢᠯᠠᠨ | ᠂ ᠬᠡᠷᠡᠭᠵᠢᠭᠦᠯᠬᠦ ᠶᠢ ᠴᠢᠩᠭᠠᠳᠬᠠᠵᠤ᠂ ᠨᠠᠶᠢᠳᠠᠪᠤᠷᠢᠵᠢᠭᠤᠯᠬᠤ ᠶᠢ ᠠᠳᠬᠤᠨ᠎ᠠ᠃ ᠰᠢᠮᠳᠠᠭᠤᠯᠤᠨ ᠪᠠᠶᠢᠴᠠᠭᠠᠬᠤ | ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠴᠢᠬᠤᠯᠠ ᠶᠡᠭᠡ ᠰᠢᠢᠳᠪᠦᠷᠢᠲᠦ ᠪᠣᠳᠣᠯᠭ᠎ᠠ᠂ | ᠭᠤᠣᠯᠳᠠᠯᠭ᠎ᠠ ᠲᠠᠢ ᠠᠵᠢᠯ ᠢ ᠮᠥᠷᠳᠡᠨ ᠰᠢᠮᠳᠠᠭᠤᠯᠤᠨ ᠭᠦᠢᠴᠡᠳᠬᠡᠵᠦ᠂ ᠡᠯ᠎ᠡ ᠵᠦᠢᠯ ᠤᠨ ᠠᠵᠢᠯ ᠢ | ᠨᠠᠶᠢᠳᠠᠪᠤᠷᠢᠵᠢᠭᠤᠯᠬᠤ ᠶᠢ ᠦᠨᠡᠨᠬᠦ ᠪᠠᠳᠤᠯᠠᠨ᠎ᠠ᠃ | ᠲᠥᠯᠥᠭᠡᠯᠡᠭᠴᠢᠳ ᠠ᠋︕ ᠦᠨᠡᠨ ᠪᠣᠳᠠᠲᠠᠢ ᠠᠵᠢᠯᠯᠠᠪᠠᠯ ᠰᠠᠶ᠋ᠢ ᠬᠦᠰᠡᠯ ᠵᠡᠭᠦᠳᠦ ᠶᠢ ᠲᠡᠷᠭᠡᠯᠰᠢᠭᠦᠯᠵᠦ ᠴᠢᠳᠠᠨ᠎ᠠ | ᠂ ᠭᠠᠭᠴᠠᠬᠦ ᠴᠢᠷᠮᠠᠶᠢᠨ ᠲᠡᠮᠡᠴᠡᠪᠡᠯ ᠰᠠᠶ᠋ᠢ ᠢᠷᠡᠭᠡᠳᠦᠢ ᠶᠢ ᠣᠯᠵᠤ ᠴᠢᠳᠠᠨ᠎ᠠ᠃ ᠰᠢᠨ᠎ᠡ ᠨᠢᠭᠡ ᠵᠢᠯ ᠳᠤ ᠮᠠᠨ ᠤ ᠺᠠᠳ᠋ᠷ | ᠤᠯᠠᠨ ᠲᠦᠮᠡᠨ ᠰᠡᠳᠬᠢᠯ ᠨᠢᠭᠡᠳᠦᠨ ᠰᠠᠯᠬᠢ ᠪᠣᠷᠣᠭᠠᠨ ᠢ ᠬᠠᠮᠲᠤ ᠪᠠᠷ ᠡᠭᠦᠷᠭᠡᠯᠡᠵᠦ᠂ ᠪᠦᠯᠬᠦᠮᠳᠡᠨ ᠨᠢᠭᠡᠳᠴᠦ | ᠡᠷᠡᠯᠬᠡᠭᠯᠡᠨ ᠳᠡᠮᠡᠴᠡᠵᠤ᠂ ᠪᠢᠳᠡ ᠥᠨᠢ ᠤᠳᠠᠭᠠᠨ ᠰᠢᠷᠭᠠᠭᠤ ᠬᠠᠲᠠᠭᠤᠵᠢᠯᠲᠠᠢ ᠲᠡᠮᠡᠴᠡᠬᠦ ᠡᠷᠴᠢ ᠵᠣᠷᠢᠭ᠂ ᠬᠦᠴᠢᠷ | ᠪᠡᠷᠬᠡᠰᠢᠶᠡᠯ ᠠᠴᠠ ᠦᠯᠦ ᠠᠶᠤᠬᠤ ᠡᠷᠴᠢ ᠵᠣᠷᠢᠭ᠂ ᠠᠭᠤᠯᠠ ᠲᠠᠭᠠᠷᠠᠪᠠᠯ ᠵᠠᠮ ᠨᠡᠭᠡᠭᠡᠬᠦ ᠭᠠᠪᠰᠢᠭᠠᠶᠢᠯᠠᠬᠤ ᠡᠷᠴᠢ | ᠵᠣᠷᠢᠭ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠡᠷᠴᠢ ᠵᠣᠷᠢᠭ ᠢᠶᠠᠷ ᠢᠶᠠᠨ ᠬᠤᠷᠴᠢᠨ ᠪᠠᠷᠠᠭᠤᠨ ᠭᠠᠷᠤᠨ | ᠳᠤᠮᠳᠠᠳᠤ ᠬᠤᠰᠢᠭᠤᠨ ᠤ ᠬᠥᠭᠵᠢᠯᠲᠡ ᠶᠢᠨ ᠰᠢᠨ᠎ᠡ ᠬᠠᠭᠤᠳᠠᠰᠤ ᠶᠢ ᠨᠡᠬᠡᠬᠡᠵᠤ ᠂ ᠬᠤᠷᠴᠢᠨ | ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠥᠭᠵᠢᠯᠲᠡ ᠶᠢᠨ ᠰᠢᠨ᠎ᠡ ᠭᠡᠷᠡᠯ ᠰᠠᠴᠤᠷᠠᠩᠭᠤᠢ ᠠᠮᠵᠢᠯᠲᠠ ᠶᠢ ᠲᠠᠬᠢᠨ | ᠡᠭᠦᠳᠦᠶ᠎ᠡ︕ | |