2023 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠦᠢᠳᠭᠡᠯ ᠳᠤᠰᠢᠶᠠᠬᠤ ᠠᠵᠢᠯ ᠢ ᠰᠠᠶᠢᠲᠤᠷ ᠬᠢᠬᠦ ᠲᠤᠬᠠᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/2/8
 ᠬᠤᠷᠴᠢᠨ ᠪᠠᠷᠠᠭᠤᠨ ᠭᠠᠷᠤᠨ ᠳᠤᠮᠳᠠᠳᠤ ᠵᠠᠰᠠᠭ ᠠᠯᠪᠠᠨ ᠲᠠᠷᠬᠠᠭᠠᠭᠰᠠᠨ 〔2022〕 73 ᠳ᠋ᠤᠭᠠᠷ ᠲᠣᠭᠠᠲᠤᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠂ ᠠᠵᠢᠯ ᠤᠨ ᠬᠡᠯᠲᠡᠰ᠂ ᠲᠠᠷᠢᠶᠠᠯᠠᠩ ᠮᠠᠯᠵᠢᠯ ᠤᠨ ᠲᠠᠯᠠᠪᠠᠶ᠂ ᠬᠤᠰᠢᠭᠤᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄   ︽ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ ᠤᠨ 2023 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵  ᠬᠢᠩᠭᠠᠨᠨ ᠵᠠᠬᠢᠷᠭ᠎ᠠ ᠠᠯᠪᠠᠨ ᠪᠢᠴᠢᠭ ﹇2022﹈ 46 ᠳ᠋ᠤᠭᠠᠷ ᠲᠣᠭᠠᠲᠤ ︶᠎ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠬᠤᠰᠢᠭᠤᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ 2023 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠄   ᠨᠢᠭᠡ᠂ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠬᠡᠪᠴᠢᠶ᠎ᠡ   ︵ᠨᠢᠭᠡ︶ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠷᠦᠬᠡ ᠠᠮᠠ ᠶᠢᠨ ᠲᠠᠩᠰᠠ ᠲᠠᠢ ᠮᠥᠷᠲᠡᠭᠡᠨ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠦᠭᠡᠢ ᠠᠵᠢᠯ ᠣᠯᠣᠭᠰᠠᠨ ᠦᠭᠡᠢ ᠰᠠᠭᠤᠭᠠᠯᠢ ᠠᠷᠠᠳ᠃   ︵ᠬᠤᠶᠠᠷ︶ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠷᠢᠶᠠᠲᠤ ᠣᠷᠣᠨ ᠤ ᠣᠷᠣᠰᠢᠨ ᠰᠠᠭᠤᠬᠤ ᠦᠨᠡᠮᠯᠡᠯ ︵ᠰᠢᠶᠠᠩᠭᠠᠩ ᠣᠣᠮᠧᠨ ᠲᠠᠶᠢᠸᠠᠨ ᠤ ᠡᠷᠦᠬᠡ ᠠᠮᠠ ᠶᠢᠨ ᠲᠠᠩᠰᠠ ᠶᠢ ᠪᠠᠭᠲᠠᠭᠠᠨ᠎ᠠ︶᠎ ᠲᠠᠢ ᠲᠣᠰ ᠬᠤᠰᠢᠭᠤᠨ ᠤ ᠡᠷᠦᠬᠡ ᠠᠮᠠ ᠶᠢᠨ ᠲᠠᠩᠰᠠ ᠶᠢᠨ ᠪᠤᠰᠤ ᠮᠥᠷᠲᠡᠭᠡᠨ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠦᠭᠡᠢ ᠬᠥᠮᠥᠰ᠃   ᠬᠤᠶᠠᠷ᠂ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠪᠠᠷᠢᠮᠵᠢᠶ᠎ᠠ   2023 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠥᠨ ᠤ ᠰᠦᠢᠳᠬᠡᠯ ᠲᠤᠰᠢᠶᠠᠬᠤ ᠪᠠᠷᠢᠮᠵᠢᠶ᠎ᠠ ᠨᠢ 380 ᠲᠥᠭᠦᠷᠢᠭ\ ᠬᠥᠮᠥᠨ ᠪᠣᠯᠣᠨ᠎ᠠ᠃ ᠳᠠᠭᠠᠳᠬᠠᠯ ᠳᠤ ᠣᠷᠣᠯᠴᠠᠭᠴᠢ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠢ ᠲᠤᠰᠢᠶᠠᠭᠰᠠᠨ ᠤ ᠳᠠᠷᠠᠭ᠎ᠠ᠂ ᠣᠯᠭᠤᠮᠵᠢ ᠭᠥᠷᠳᠡᠬᠦ ᠬᠤᠭᠤᠴᠠᠭ᠎ᠠ ᠡᠬᠢᠯᠡᠬᠦ ᠠᠴᠠ ᠡᠮᠦᠨ᠎ᠡ ᠳᠠᠪᠬᠤᠷ ᠰᠦᠢᠳᠬᠡᠯ ᠲᠤᠰᠢᠶᠠᠭᠰᠠᠨ ᠠᠴᠠ ᠪᠣᠯᠵᠤ᠂ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠪᠤᠶᠤ ᠪᠤᠰᠤᠳ ᠨᠢᠭᠡᠳᠦᠯᠲᠡᠢ ᠲᠥᠯᠥᠪᠯᠡᠬᠦ ᠲᠣᠭᠤᠷᠢᠭ ᠤᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠪᠠᠯ᠂ ᠰᠦᠢᠳᠬᠡᠯ ᠢᠶᠠᠨ ᠪᠤᠴᠠᠭᠠᠬᠤ ᠪᠠᠷ ᠭᠤᠶᠤᠴᠢᠯᠠᠵᠤ ᠪᠣᠯᠣᠨ᠎ᠠ᠃ ᠣᠯᠭᠤᠮᠵᠢ ᠭᠥᠷᠳᠡᠬᠦ ᠬᠤᠭᠤᠴᠠᠭᠠᠨ ᠳᠤ ᠣᠷᠣᠭᠰᠠᠨ ᠪᠥᠭᠡᠳ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠤᠯᠴᠠᠬᠤ ᠬᠠᠷᠢᠴᠠᠭ᠎ᠠ ᠶᠢ ᠳᠣᠷᠭᠤᠨ ᠵᠣᠭᠰᠣᠭᠠᠭᠰᠠᠨ ᠤ ᠳᠠᠷᠠᠭ᠎ᠠ᠂ ᠳᠠᠭᠢᠵᠤ ᠵᠠᠷᠤᠳᠠᠯ ᠢ ᠪᠤᠴᠠᠭᠠᠬᠤ ᠭᠠᠷ ᠭᠦᠢᠴᠡᠳᠬᠡᠯ ᠬᠢᠬᠦ ᠦᠭᠡᠢ᠃    ᠭᠤᠷᠪᠠ᠂ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠵᠢᠴᠢ ᠣᠯᠭᠤᠮᠵᠢ ᠭᠥᠷᠳᠡᠬᠦ ᠴᠠᠭ2023 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠴᠠᠭ ᠨᠢ 2022 ᠣᠨ ᠤ 9 ᠰᠠᠷ᠎ᠠ ᠶᠢᠨ 1᠎ ᠤ ᠡᠳᠦᠷ ᠠᠴᠠ 2023 ᠣᠨ ᠤ 3 ᠰᠠᠷ᠎ᠠ ᠶᠢᠨ 24᠎ ᠤ ᠡᠳᠦᠷ ᠪᠣᠯᠲᠠᠯ᠎ᠠ᠂ ᠬᠤᠭᠤᠴᠠᠭ᠎ᠠ ᠥᠩᠭᠡᠷᠡᠪᠡᠯ ᠭᠥᠯᠢᠶᠡᠨ ᠠᠪᠴᠤ ᠰᠢᠢᠳᠪᠦᠷᠢᠯᠡᠬᠦ ᠦᠭᠡᠢ᠃ ᠲᠣᠭᠲᠠᠭᠰᠠᠨ ᠴᠠᠭ ᠤᠨ ᠳᠣᠲᠣᠷ᠎ᠠ ᠳᠠᠭᠠᠳᠬᠠᠯ ᠳᠤ ᠣᠷᠤᠯᠴᠠᠬᠤ ᠪᠠᠷ ᠳᠠᠩᠰᠠᠯᠠᠭᠤᠯᠬᠤ ᠵᠢᠴᠢ ᠰᠦᠢᠳᠬᠡᠯ ᠲᠤᠰᠢᠶᠠᠵᠤ ᠲᠠᠩᠰᠠᠨ ᠳᠤ ᠣᠷᠣᠭᠤᠯᠤᠭᠰᠠᠨ ᠳᠠᠭᠠᠳᠬᠠᠯ ᠳᠤ ᠣᠷᠣᠯᠴᠠᠭᠴᠢ 2023 ᠣᠨ ᠤ 1 ᠰᠠᠷ᠎ᠠ ᠶᠢᠨ 1᠎ ᠤ ᠡᠳᠦᠷ ᠠᠴᠠ ᠡᠬᠢᠯᠡᠨ 2023 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠬᠠᠷᠠᠭᠠᠯᠵᠠᠯ ᠢ ᠭᠥᠷᠳᠡᠨ᠎ᠡ᠃   ᠳᠥᠷᠪᠡ᠂ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠷᠭ᠎ᠠ   ︵ᠨᠢᠭᠡ︶ ᠠᠩᠬ᠎ᠠ ᠤᠳᠠᠭ᠎ᠠ ᠳᠠᠭᠠᠳᠬᠠᠯ ᠳᠤ ᠣᠷᠣᠭᠰᠠᠳ ᠳᠠᠭᠠᠳᠬᠠᠯ ᠳᠤ ᠣᠷᠤᠯᠴᠠᠬᠤ ᠳᠠᠩᠰᠠᠯᠠᠯᠲᠠ ᠶᠢ ᠭᠦᠢᠴᠡᠳᠬᠡᠭᠰᠡᠨ ᠤ ᠳᠠᠷᠠᠭ᠎ᠠ᠂ ᠵᠠᠯᠭᠠᠭ᠎ᠠ ᠪᠠᠷ ᠳᠠᠭᠠᠳᠬᠠᠯ ᠳᠤ ᠣᠷᠣᠯᠴᠠᠭᠰᠠᠳ ᠲᠠᠢ ᠠᠳᠠᠯᠢ ᠪᠠᠷ᠂ ᠳᠣᠣᠷᠠᠬᠢ ᠰᠦᠢᠳᠬᠡᠯ ᠲᠤᠰᠢᠶᠠᠬᠤ ᠠᠷᠭ᠎ᠠ ᠮᠠᠶ᠋ᠢᠭ ᠤᠨ ᠨᠢᠭᠡ ᠶᠢ ᠰᠣᠩᠭᠤᠵᠤ ᠰᠦᠢᠳᠬᠡᠯ ᠲᠤᠰᠢᠶᠠᠨ᠎ᠠ᠄   1. ᠥᠪᠡᠰᠦᠪᠡᠨ ᠰᠦᠢᠳᠬᠡᠯ ᠲᠤᠰᠢᠶᠠᠬᠤ᠃ ᠳᠠᠭᠠᠳᠬᠠᠯ ᠳᠤ ᠣᠷᠣᠯᠴᠠᠭᠴᠢ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ APP᠂ ᠥᠪᠥᠷ ᠮᠣᠩᠭᠤᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ ᠵᠢᠵᠢᠭ ᠫᠷᠣᠭ᠍ᠷᠠᠮ᠂ ᠸᠢᠴᠠᠲ᠂ ᠲᠣᠭᠠᠴᠠᠭ᠎ᠠ ᠬᠢᠬᠦ ᠡᠷᠳᠡᠨᠢ᠂ ᠥᠪᠥᠷ ᠮᠣᠩᠭᠤᠯ ᠤᠨ ᠲᠦᠷᠭᠡᠨ ᠬᠤᠷᠳᠤᠴᠠ ᠶᠢᠨ ᠠᠯᠪᠠᠨ ᠭᠡᠷ ᠵᠡᠷᠭᠡ ᠠᠷᠭ᠎ᠠ ᠵᠠᠮ ᠢᠶᠠᠷ ᠥᠪᠡᠰᠦᠪᠡᠨ ᠲᠤᠰᠢᠶᠠᠵᠤ ᠪᠣᠯᠣᠨ᠎ᠠ᠃   2. ᠡᠮᠦᠨ᠎ᠡ ᠲᠠᠪᠴᠠᠩ ᠳᠤ ᠰᠦᠢᠳᠬᠡᠯ ᠲᠤᠰᠢᠶᠠᠨ᠎ᠠ᠃ ᠳᠠᠭᠠᠳᠬᠠᠯ ᠳᠤ ᠣᠷᠣᠯᠴᠠᠭᠴᠢ ᠡᠷᠦᠬᠡ ᠠᠮᠠ ᠶᠢᠨ ᠳᠡᠪᠲᠡᠷ ᠪᠤᠶᠤ ᠪᠡᠶ᠎ᠡ ᠶᠢᠨ ᠦᠨᠡᠮᠯᠡᠯ ᠢᠶᠠᠨ ᠠᠪᠴᠤ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢᠨ ᠵᠢᠭᠠᠨ ᠲᠣᠭᠲᠠᠭᠠᠭᠰᠠᠨ ᠭᠠᠶᠢᠯᠢ ᠭᠦᠢᠴᠡᠳᠬᠡᠬᠦ ᠦᠢᠯᠡᠴᠢᠯᠡᠭᠡᠨ ᠤ ᠲᠢᠩᠬᠢᠮ ᠤᠨ ᠡᠮᠦᠨ᠎ᠡ ᠲᠠᠪᠴᠠᠩ ᠳᠤ ᠬᠦᠷᠴᠦ ᠰᠦᠢᠳᠬᠡᠯ ᠲᠤᠰᠢᠶᠠᠵᠤ ᠪᠣᠯᠣᠨ᠎ᠠ᠃   3. ᠣᠷᠣᠯᠠᠨ ᠬᠤᠷᠢᠶᠠᠵᠤ ᠣᠷᠣᠯᠠᠨ ᠲᠤᠰᠢᠶᠠᠬᠤ᠃ ᠭᠠᠴᠠᠭ᠎ᠠ᠂ ᠨᠡᠶᠢᠭᠡᠮ ᠲᠣᠭᠤᠷᠢᠭ ᠠᠴᠠ ᠲᠤᠰᠬᠠᠢ ᠬᠥᠮᠥᠨ ᠢᠶᠠᠷ ᠭᠠᠵᠠᠷ ᠣᠷᠣᠨ ᠤ ᠪᠤᠶᠢᠳᠠ ᠪᠥᠭᠯᠡᠭᠦᠦ᠂ ᠬᠥᠳᠡᠯᠵᠦ ᠪᠠᠷᠢᠬᠤ ᠳᠤ ᠳᠥᠭᠦᠮ ᠦᠭᠡᠢ ᠪᠤᠶᠤ ᠥᠪᠡᠰᠦᠪᠡᠨ ᠰᠦᠢᠳᠬᠡᠯ ᠲᠤᠰᠢᠶᠠᠬᠤ ᠳᠤ ᠲᠣᠬᠢᠷᠠᠬᠤ ᠦᠭᠡᠢ ᠬᠥᠮᠥᠰ ᠢ ᠵᠢᠭᠠᠨ ᠲᠣᠭᠲᠠᠭᠠᠵᠤ᠂ ᠭᠡᠷ ᠲᠤᠨᠢ ᠬᠦᠷᠴᠦ ᠣᠷᠣᠯᠠᠨ ᠬᠤᠷᠢᠶᠠᠵᠤ ᠣᠷᠣᠯᠠᠨ ᠲᠤᠰᠢᠶᠠᠬᠤ ᠶᠢ ᠬᠡᠷᠡᠭᠵᠢᠭᠦᠯᠦᠨ᠎ᠡ᠃   ︵ᠬᠤᠶᠠᠷ︶ ᠳᠣᠣᠷ᠎ᠠ ᠣᠷᠣᠯᠭ᠎ᠠ ᠲᠠᠢ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠷᠭ᠎ᠠ ᠮᠠᠶ᠋ᠢᠭ᠃ ᠣᠨᠴᠠ ᠬᠦᠴᠢᠷᠳᠡᠯᠲᠡᠢ ᠬᠥᠮᠥᠰ᠂ ᠥᠨᠥᠴᠢᠨ ᠬᠡᠦᠬᠡᠳ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠤᠨ ᠬᠤᠪᠢ ᠬᠥᠮᠥᠨ ᠤ ᠲᠤᠰᠢᠶᠠᠬᠤ ᠰᠦᠢᠳᠬᠡᠯ ᠤᠨ ᠬᠡᠰᠡᠭ ᠢ ᠡᠮᠴᠢᠯᠡᠭᠡᠨ ᠤ ᠠᠪᠤᠷᠠᠨ ᠲᠤᠰᠠᠯᠠᠬᠤ ᠪᠡᠯᠡ ᠮᠥᠩᠭᠦ ᠪᠠᠷ ᠪᠥᠬᠦ ᠲᠤᠭ᠎ᠠ ᠪᠠᠷ ᠲᠤᠰᠠᠯᠠᠨ᠎ᠠ︔ ᠳᠠᠬᠢᠨ ᠶᠠᠳᠠᠭᠤᠷᠠᠭᠰᠠᠨ ᠠᠴᠠ ᠪᠣᠯᠵᠤ ᠶᠠᠳᠠᠭᠤᠷᠠᠭᠰᠠᠨ ᠬᠥᠮᠥᠨ ᠠᠮᠠ ᠶᠢᠨ ᠬᠤᠪᠢ ᠬᠥᠮᠥᠨ ᠤ ᠲᠤᠰᠢᠶᠠᠬᠤ ᠵᠠᠷᠤᠳᠠᠯ ᠤᠨ ᠬᠡᠰᠡᠭ ᠢ ᠡᠮᠴᠢᠯᠡᠭᠡᠨ ᠤ ᠠᠪᠤᠷᠠᠨ ᠲᠤᠰᠠᠯᠠᠬᠤ ᠪᠡᠯᠡ ᠮᠥᠩᠭᠦ ᠶᠢᠨ 80%᠎ ᠠᠴᠠ ᠵᠣᠭᠤᠰ ᠮᠥᠩᠭᠦ ᠪᠠᠷ ᠲᠤᠰᠠᠯᠠᠨ᠎ᠠ︔ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ᠂ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠢ ᠬᠥᠮᠥᠨ ᠠᠮᠠ ᠶᠢ ᠬᠢᠨᠠᠨ ᠬᠡᠮᠵᠢᠬᠦ ᠬᠡᠪᠴᠢᠶᠡᠨ ᠳᠤ ᠣᠷᠣᠭᠤᠯᠤᠭᠰᠠᠨ ᠬᠥᠮᠥᠰ ᠤᠨ ᠬᠤᠪᠢ ᠬᠥᠮᠥᠨ ᠤ ᠰᠦᠢᠳᠬᠡᠯ ᠲᠤᠰᠢᠶᠠᠬᠤ ᠬᠡᠰᠡᠭ ᠢ ᠡᠮᠴᠢᠯᠡᠭᠡᠨ ᠤ ᠠᠪᠤᠷᠠᠨ ᠲᠤᠰᠠᠯᠠᠬᠤ ᠪᠡᠯᠡ ᠮᠥᠩᠭᠦ ᠶᠢᠨ 70%᠎ ᠪᠠᠷ ᠲᠤᠰᠠᠯᠠᠨ᠎ᠠ ︵ᠬᠢᠩᠭᠠᠨ ᠠᠶᠢᠮᠠᠭ ᠤᠨ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠲᠥᠪ ᠤᠨ ︽2023 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ ᠮᠡᠳᠡᠭᠳᠡᠯ︾ ︵ᠬᠢᠩᠭᠠᠨ ᠡᠮ ᠡᠮᠨᠡᠯᠭᠡ ᠶᠢᠨ ᠳᠠᠭᠠᠳᠬᠠᠯ ᠲᠠᠷᠬᠠᠭᠠᠭᠰᠠᠨ︶᠎ ᠤᠨ 49 ᠳ᠋ᠤᠭᠡᠷ ᠲᠣᠭᠠᠲᠤ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠳᠠᠭᠠᠳᠬᠠᠯ ᠳᠤ ᠣᠷᠣᠯᠴᠠᠭᠰᠠᠳ ᠢ ᠲᠥᠷᠥᠯ ᠬᠤᠪᠢᠶᠠᠨ ᠲᠤᠰᠠᠯᠠᠬᠤ ᠳᠤ ᠬᠥᠮᠥᠨ ᠪᠦᠷᠢ ᠳᠤ 380 ᠲᠥᠭᠦᠷᠢᠭ ᠤᠷᠢᠳᠴᠢᠯᠠᠨ ᠲᠤᠰᠢᠶᠠᠬᠤ ᠶᠢ ᠬᠡᠷᠡᠭᠵᠢᠭᠦᠯᠵᠦ᠂ ᠨᠥᠬᠦᠪᠦᠷᠢ ᠥᠭᠬᠦ ᠤᠴᠢᠷ ᠶᠠᠪᠤᠳᠠᠯ ᠢ ᠠᠰ ᠲᠤᠨᠢ ᠮᠡᠳᠡᠭᠳᠡᠨ᠎ᠡ︶︔ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠢ ᠬᠥᠮᠥᠨ ᠠᠮᠠ ᠶᠢ ᠬᠢᠨᠠᠨ ᠬᠡᠮᠵᠢᠬᠦ ᠬᠡᠪᠴᠢᠶᠡᠨ ᠳᠤ ᠣᠷᠣᠭᠤᠯᠤᠭᠠᠳᠤᠢ ᠲᠣᠭᠲᠠᠭᠤᠨ ᠢᠶᠠᠷ ᠶᠠᠳᠠᠭᠤ ᠎ ᠠᠴᠠ ᠠᠩᠭᠢᠵᠢᠷᠠᠭᠰᠠᠨ ᠬᠥᠮᠥᠨ ᠠᠮᠠ ᠶᠢ ᠪᠠᠷᠢᠮᠵᠢᠶ᠎ᠠ ᠶᠣᠰᠣᠭᠠᠷ ᠬᠠᠰᠤᠵᠤ᠂ ᠡᠮᠴᠢᠯᠡᠭᠡᠨ ᠤ ᠲᠡᠩᠬᠡᠷᠡᠭᠦᠯᠦᠨ ᠲᠤᠰᠠᠯᠠᠵᠤ ᠳᠠᠭᠠᠳᠬᠠᠯ ᠳᠤ ᠣᠷᠤᠯᠴᠠᠬᠤ ᠲᠥᠷᠥ ᠶᠢᠨ ᠪᠣᠳᠣᠯᠭ᠎ᠠ ᠶᠢ ᠳᠠᠭᠢᠵᠤ ᠬᠦᠷᠲᠡᠭᠡᠬᠦ ᠦᠭᠡᠢ᠃   ︵ᠭᠤᠷᠪᠠ︶ ᠳᠠᠭᠠᠳᠬᠠᠯ ᠳᠤ ᠰᠢᠨ᠎ᠡ ᠪᠠᠷ ᠣᠷᠣᠭᠰᠠᠳ ︵ᠨᠢᠷᠠᠢ ᠬᠡᠦᠬᠡᠳ ᠤᠨ ᠬᠠᠷᠠᠭᠠᠯᠵᠠᠨ ᠬᠠᠮᠠᠭᠠᠯᠠᠭᠴᠢ ᠶᠢᠨ 3 ᠰᠠᠷ᠎ᠠ ᠶᠢᠨ ᠳᠣᠲᠣᠷ᠎ᠠ ᠳᠠᠭᠠᠳᠬᠠᠯ ᠳᠤ ᠣᠷᠣᠯᠴᠠᠭᠰᠠᠨ ᠵᠠᠷᠤᠳᠠᠯ ᠢ ᠣᠷᠣᠯᠠᠨ ᠲᠤᠰᠢᠶᠠᠬᠤ ᠶᠢ ᠪᠠᠭᠲᠠᠭᠠᠨ᠎ᠠ︶ ᠪᠠ ᠳᠠᠭᠠᠳᠬᠠᠯ ᠢᠶᠠᠨ ᠲᠠᠰᠤᠯᠤᠭᠰᠠᠳ ︵ᠭᠤᠷᠪᠠᠨ ᠰᠠᠷ᠎ᠠ ᠶᠢᠨ ᠬᠦᠯᠢᠶᠡᠬᠦ ᠬᠤᠭᠤᠴᠠᠭ᠎ᠠ ᠲᠠᠢ︶ ᠤᠷᠢᠳᠠᠪᠠᠷ ᠬᠤᠰᠢᠭᠤᠨ ᠤ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ 43 ᠴᠣᠩᠬᠤᠨ ᠳᠤ ᠬᠦᠷᠴᠦ ᠳᠠᠭᠠᠳᠬᠠᠯ ᠳᠤ ᠣᠷᠣᠯᠴᠠᠭᠰᠠᠨ ᠳᠠᠩᠰᠠᠯᠠᠯᠲᠠ ᠶᠢᠨ ᠭᠠᠷ ᠭᠦᠢᠴᠡᠳᠬᠡᠯ ᠢ ᠭᠦᠢᠴᠡᠳᠬᠡᠨ᠎ᠡ᠃                   2022 ᠣᠨ ᠤ 10 ᠰᠠᠷ᠎ᠠ ᠎ ᠶᠢᠨ 22᠎ ᠤ ᠡᠳᠦᠷ 
 
ᠢᠷᠡᠯᠲᠡ᠄ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号