︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2022 ᠣᠨ ᠤ ᠲᠥᠪ ᠤᠨ ᠡᠳ᠋ ᠤᠨ ᠵᠠᠰᠠᠭ ᠤᠨ ᠲᠠᠷᠢᠶᠠᠨ ᠭᠠᠵᠠᠷ ᠢ ᠬᠦᠨ ᠰᠤᠯᠠᠷᠠᠭᠤᠯᠬᠤ ᠳᠦᠷᠦᠯ ᠵᠦᠢᠯ ᠤᠨ ᠬᠡᠷᠡᠭᠵᠢᠭᠦᠯᠬᠦ ᠲᠥᠰᠥᠯ︾᠎ ᠎ ᠢ ᠳᠠᠷᠤᠮᠠᠯᠯᠠᠨ ᠲᠠᠷᠬᠠᠭᠠᠬᠤ ᠲᠤᠬᠠᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/2/8
ᠬᠤᠷᠴᠢᠨ ᠪᠠᠷᠠᠭᠤᠨ ᠭᠠᠷᠤᠨ ᠳᠤᠮᠳᠠᠳᠤ ᠵᠠᠰᠠᠭ ᠠᠯᠪᠠᠨ ᠲᠠᠷᠬᠠᠭᠠᠭᠰᠠᠨ 〔2022〕 81 ᠳ᠋ᠤᠭᠡᠷ ᠲᠣᠭᠠᠲᠤᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄    ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2022 ᠣᠨ ᠤ ᠲᠥᠪ ᠤᠨ ᠡᠳ᠋ ᠤᠨ ᠵᠠᠰᠠᠭ ᠤᠨ ᠲᠠᠷᠢᠶᠠᠨ ᠭᠠᠵᠠᠷ ᠢ ᠭᠦᠨ ᠰᠤᠯᠠᠷᠠᠭᠤᠯᠬᠤ ᠲᠥᠷᠥᠯ ᠵᠦᠢᠯ ᠤᠨ ᠬᠡᠷᠡᠭᠵᠢᠭᠦᠯᠬᠦ ᠲᠥᠰᠥᠯ︾᠎ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠢ᠃                     2022 ᠣᠨ ᠤ 11 ᠰᠠᠷ᠎ᠠ ᠶᠢᠨ 2᠎ ᠤ ᠡᠳᠦᠷᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2022 ᠣᠨ ᠤ ᠲᠥᠪ ᠤᠨ ᠡᠳ᠋ ᠤᠨ ᠵᠠᠰᠠᠭ ᠤᠨ ᠲᠠᠷᠢᠶᠠᠨ ᠭᠠᠵᠠᠷ ᠢ ᠭᠦᠨ ᠰᠤᠯᠠᠷᠠᠭᠤᠯᠬᠤ ᠲᠥᠷᠥᠯ ᠵᠦᠢᠯ ᠤᠨ ᠬᠡᠷᠡᠭᠵᠢᠭᠦᠯᠬᠦ ᠲᠥᠰᠥᠯ    ︽ᠬᠢᠩᠭᠠᠨ ᠠᠶᠢᠮᠠᠭ ᠤᠨ 2022 ᠣᠨ ᠤ ᠲᠥᠪ ᠤᠨ ᠡᠳ᠋ ᠤᠨ ᠵᠠᠰᠠᠭ ᠤᠨ ᠲᠠᠷᠢᠶᠠᠨ ᠭᠠᠵᠠᠷ ᠢ ᠭᠦᠨ ᠰᠤᠯᠠᠷᠠᠭᠤᠯᠬᠤ ᠲᠥᠷᠥᠯ ᠵᠦᠢᠯ ᠤᠨ ᠬᠡᠷᠡᠭᠵᠢᠭᠦᠯᠬᠦ ᠲᠥᠰᠥᠯ︾᠎ ᠤᠨ ᠱᠠᠭᠠᠷᠳᠠᠯᠭ᠎ᠠ ᠶᠣᠰᠣᠭᠠᠷ᠂ ᠮᠠᠨ ᠤ ᠬᠤᠰᠢᠭᠤᠨ ᠤ ᠳᠠᠷᠢᠶᠠᠨ ᠭᠠᠵᠠᠷ ᠢ ᠭᠦᠨ ᠰᠤᠯᠠᠷᠠᠭᠤᠯᠵᠤ ᠭᠠᠵᠠᠷ ᠲᠡᠭᠰᠢᠯᠡᠬᠦ ᠠᠵᠢᠯ ᠢ ᠵᠢᠷᠤᠮᠵᠢᠭᠤᠯᠤᠨ ᠬᠡᠷᠡᠭᠵᠢᠭᠦᠯᠬᠦ ᠶᠢ ᠠᠬᠢᠭᠤᠯᠬᠤ ᠶᠢᠨ ᠲᠤᠰᠠᠳᠠ᠂ ᠮᠠᠨ ᠤ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠲᠥᠰᠥᠯ ᠢ ᠣᠨᠴᠠᠭᠠᠶᠢᠯᠠᠨ ᠲᠣᠭᠲᠠᠭᠠᠪᠠ᠃    ᠨᠢᠭᠡ᠂ ᠡᠭᠦᠷᠭᠡ ᠶᠢᠨ ᠲᠣᠬᠢᠷᠠᠭᠤᠯᠤᠯᠲᠠ    2022 ᠣᠨ ᠳᠤ᠂ ᠬᠢᠩᠭᠠᠨ ᠠᠶᠢᠮᠠᠭ ᠠᠴᠠ ᠮᠠᠨ ᠤ ᠬᠤᠰᠢᠭᠤᠨ ᠤ ᠳᠠᠷᠢᠶᠠᠨ ᠭᠠᠵᠠᠷ ᠢ ᠭᠦᠨ ᠰᠤᠯᠠᠷᠠᠭᠤᠯᠵᠤ ᠭᠠᠵᠠᠷ ᠲᠡᠭᠰᠢᠯᠡᠬᠦ ᠠᠵᠢᠯ ᠤᠨ ᠡᠭᠦᠷᠭᠡ ᠶᠢ 61 ᠲᠦᠮᠡᠨ ᠮᠦ ᠪᠠᠭᠤᠯᠭᠠᠵᠤ᠂ ᠡᠭᠦᠨ ᠳᠤ᠂ ᠨᠥᠬᠦᠪᠦᠷᠢ ᠥᠭᠬᠦ ᠲᠤᠷᠰᠢᠯᠲᠠ ᠶᠢᠨ ᠲᠠᠯᠠᠪᠠᠶ 35 ᠲᠦᠮᠡᠨ ᠮᠦ ᠳᠤ ᠬᠦᠷᠴᠦ᠂ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ ᠠᠴᠠ ᠡᠳ᠋ ᠤᠨ ᠵᠠᠰᠠᠭ ᠤᠨ ᠶᠠᠮᠤᠨ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ︽ᠲᠠᠷᠢᠶᠠᠯᠠᠩ ᠤᠨ ᠬᠠᠮᠢᠶ᠎ᠠ ᠪᠦᠬᠦᠢ ᠰᠢᠯᠵᠢᠭᠦᠯᠦᠨ ᠥᠭᠬᠦ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠳᠤ ᠵᠠᠰᠠᠪᠤᠷᠢ ᠣᠷᠣᠭᠤᠯᠬᠤ ᠲᠤᠬᠠᠢ ᠮᠡᠳᠡᠭᠳᠡᠯ︾᠎ ᠤᠨ ᠱᠠᠭᠠᠷᠳᠠᠯᠭ᠎ᠠ ᠶᠣᠰᠣᠭᠠᠷ᠂ ᠬᠦᠴᠦᠨ ᠵᠦᠢᠯ ᠤᠨ ᠠᠷᠭ᠎ᠠ ᠶᠢ ᠬᠡᠷᠡᠭᠯᠡᠨ ᠡᠭᠦᠷᠭᠡ ᠪᠠ ᠪᠡᠯᠡ ᠮᠥᠩᠭᠦ ᠶᠢ ᠮᠠᠨ ᠤ ᠬᠤᠰᠢᠭᠤᠨ ᠳᠤ ᠬᠤᠪᠢᠶᠠᠷᠢᠯᠠᠨ᠎ᠠ ︵ᠡᠯ᠎ᠡ ᠰᠤᠮᠤ ᠪᠠᠯᠭᠠᠰᠤ ᠶᠢᠨ ᠡᠭᠦᠷᠭᠡ ᠶᠢᠨ ᠬᠤᠪᠢᠶᠠᠷᠢᠯᠠᠯᠲᠠ ᠶᠢᠨ ᠲᠥᠯᠥᠪᠯᠡᠭᠡ ᠶᠢ ᠳᠠᠭᠠᠯᠳᠤᠭᠤᠯᠤᠯ ᠬᠦᠰᠦᠨᠦᠭᠲᠦ 11᠎ ᠳᠤ ᠦᠵᠡ︶᠃    ᠬᠤᠶᠠᠷ᠂ ᠬᠡᠷᠡᠭᠵᠢᠭᠦᠯᠬᠦ ᠣᠷᠣᠨ ᠪᠦᠰᠡ ᠵᠢᠴᠢ ᠠᠵᠢᠯᠯᠠᠬᠤ ᠮᠠᠰᠢᠨ ᠴᠣᠭᠴᠠᠯᠠᠪᠤᠷᠢ ᠶᠢ ᠲᠣᠭᠲᠠᠭᠠᠬᠤ ᠵᠠᠷᠴᠢᠮ    ︵ᠨᠢᠭᠡ︶ ᠬᠡᠷᠡᠭᠵᠢᠭᠦᠯᠬᠦ ᠣᠷᠣᠨ ᠪᠦᠰᠡ ᠶᠢ ᠲᠣᠭᠲᠠᠭᠠᠬᠤ ᠵᠠᠷᠴᠢᠮ    ᠬᠡᠷᠡᠭᠵᠢᠭᠦᠯᠬᠦ ᠣᠷᠣᠨ ᠪᠦᠰᠡ ᠳᠤ ︽ᠲᠠᠷᠢᠶᠠᠨ ᠭᠠᠵᠠᠷ ᠬᠠᠷᠢᠴᠠᠩᠭᠤᠢ ᠪᠠᠷ ᠲᠥᠪᠯᠡᠷᠡᠨ ᠵᠠᠯᠭᠠᠯᠳᠤᠭᠰᠠᠨ᠂ ᠲᠣᠮᠣ ᠬᠡᠯᠪᠡᠷᠢ ᠶᠢᠨ ᠮᠠᠰᠢᠨ ᠮᠧᠬᠠᠨᠢᠭ ᠢᠶᠠᠷ ᠬᠡᠪᠴᠢᠶᠡᠵᠢᠭᠦᠯᠦᠨ ᠠᠵᠢᠯᠯᠠᠬᠤ ᠳᠤ ᠲᠣᠬᠢᠷᠠᠬᠤ︾ ᠵᠠᠷᠴᠢᠮ ᠢ ᠲᠣᠭᠲᠠᠭᠠᠬᠤ ᠬᠡᠷᠡᠭᠲᠡᠢ᠄    1.ᠣᠷᠣᠨ ᠪᠦᠰᠡ ᠶᠢᠨ ᠳᠣᠲᠣᠷᠠᠬᠢ ᠬᠠᠷ᠎ᠠ ᠬᠥᠷᠥᠰᠥᠲᠦ ᠭᠠᠵᠠᠷ ᠤᠨ ᠲᠠᠷᠬᠠᠯᠲᠠ ᠨᠡᠯᠢᠶᠡᠳ ᠤᠯᠠᠨ᠂ ᠭᠦᠨ ᠰᠤᠯᠠᠷᠠᠭᠤᠯᠬᠤ ᠲᠠᠯᠠᠪᠠᠢ ᠨᠢ ᠨᠡᠯᠢᠶᠡᠳ ᠶᠡᠭᠡ ᠪᠥᠭᠡᠳ ᠲᠠᠨᠢᠯᠲᠠ ᠶᠢᠨ ᠬᠡᠮᠵᠢᠶ᠎ᠡ ᠪᠠᠷ ᠨᠡᠯᠢᠶᠡᠳ ᠥᠨᠳᠥᠷ ᠣᠷᠣᠨ ᠪᠦᠰᠡ ᠳᠤ ᠲᠣᠬᠢᠷᠠᠮᠵᠢᠲᠠᠢ︔    2. ᠣᠷᠣᠨ ᠪᠦᠰᠡ ᠶᠢᠨ ᠳᠣᠲᠣᠷᠠᠬᠢ ᠲᠠᠷᠢᠶᠠᠯᠠᠩ ᠤᠨ ᠮᠠᠰᠢᠨ ᠤ ᠲᠤᠰᠬᠠᠢ ᠠᠵᠢᠯ ᠤᠨ ᠬᠤᠷᠰᠢᠶ᠎ᠠ᠂ ᠲᠠᠷᠢᠶᠠᠯᠠᠩ ᠤᠨ ᠮᠠᠰᠢᠨ ᠤ ᠲᠣᠮᠣ ᠡᠷᠦᠬᠡ ᠶᠢᠨ ᠪᠤᠶᠢᠵᠢᠯᠲᠠ ᠪᠠᠷ ᠨᠡᠯᠢᠶᠡᠳ ᠰᠠᠶᠢᠨ᠂ ᠨᠡᠶᠢᠭᠡᠮᠴᠢᠯᠡᠭᠰᠡᠨ ᠦᠢᠯᠡᠴᠢᠯᠡᠭᠡᠨ ᠤ ᠴᠢᠳᠠᠪᠤᠷᠢ ᠪᠠᠷ ᠨᠡᠯᠢᠶᠡᠳ ᠴᠢᠩᠭ᠎ᠠ ᠭᠠᠴᠠᠭ᠎ᠠ ᠠᠶᠢᠯ︔    3. ᠠᠳᠠᠯᠢ ᠨᠢᠭᠡ ᠭᠠᠵᠠᠷ ᠤᠨ ᠬᠡᠰᠡᠭ ᠢ ᠬᠤᠶᠠᠷ ᠵᠢᠯ ᠠᠯᠤᠰᠯᠠᠭᠠᠳ ᠨᠢᠭᠡ ᠤᠳᠠᠭ᠎ᠠ ᠰᠤᠯᠠᠷᠠᠭᠤᠯᠵᠤ᠂ ᠳᠠᠪᠬᠤᠷᠳᠠᠭᠤᠯᠤᠨ ᠠᠵᠢᠯᠯᠠᠭᠤᠯᠬᠤ ᠶᠢ ᠲᠤᠰᠠᠯᠠᠮᠵᠢ ᠶᠢᠨ ᠲᠠᠯᠠᠪᠠᠢ ᠳᠤ ᠪᠤᠳᠤᠵᠤ ᠣᠷᠣᠭᠤᠯᠬᠤ ᠦᠭᠡᠢ᠃    ︵ᠬᠤᠶᠠᠷ︶ ᠠᠵᠢᠯᠯᠠᠬᠤ ᠮᠠᠰᠢᠨ ᠴᠣᠭᠴᠠᠯᠠᠪᠤᠷᠢ ᠶᠢ ᠰᠣᠩᠭᠤᠨ ᠲᠣᠭᠲᠠᠭᠠᠬᠤ ᠵᠠᠷᠴᠢᠮ    ᠠᠵᠢᠯᠯᠠᠬᠤ ᠮᠠᠰᠢᠨ ᠴᠣᠭᠴᠠᠯᠠᠪᠤᠷᠢ ᠶᠢ ᠰᠣᠩᠭᠤᠨ ᠲᠣᠭᠲᠠᠭᠠᠬᠤ ᠳᠤ ︽ᠲᠠᠷᠢᠶᠠᠯᠠᠩ ᠤᠨ ᠮᠠᠰᠢᠨ ᠤ ᠬᠤᠷᠰᠢᠶ᠎ᠠ ᠪᠠᠷ ᠭᠤᠣᠯ ᠴᠣᠭᠴᠠ ᠪᠣᠯᠭᠠᠵᠤ᠂ ᠲᠠᠷᠢᠶᠠᠯᠠᠩ ᠤᠨ ᠮᠠᠰᠢᠨ ᠤ ᠲᠣᠮᠣ ᠡᠷᠦᠬᠡ ᠪᠠᠷ ᠨᠥᠬᠦᠪᠦᠷᠢ ᠪᠣᠯᠭᠠᠬᠤ︾ ᠵᠠᠷᠴᠢᠮ ᠢ ᠪᠠᠷᠢᠮᠲᠠᠯᠠᠬᠤ ᠬᠡᠷᠡᠭᠲᠡᠢ᠂ ᠪᠣᠳᠠᠲᠠᠢ ᠵᠠᠷᠴᠢᠮ ᠨᠢ᠄    1. ᠲᠣᠨᠣᠭᠯᠠᠯ ᠤᠨ ᠪᠣᠳᠠᠲᠤ ᠬᠦᠴᠦᠨ ᠢᠶᠠᠷ ᠨᠡᠯᠢᠶᠡᠳ ᠴᠢᠩᠭ᠎ᠠ᠂ ᠨᠡᠯᠢᠶᠡᠳ ᠵᠢᠷᠤᠮᠵᠢᠭᠰᠠᠨ᠂ ᠲᠠᠷᠢᠶᠠᠯᠠᠩ ᠤᠨ ᠮᠠᠰᠢᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠴᠢᠳᠠᠪᠤᠷᠢ ᠪᠠᠷ ᠨᠡᠯᠢᠶᠡᠳ ᠴᠢᠩᠭ᠎ᠠ ᠲᠠᠷᠢᠶᠠᠯᠠᠩ ᠤᠨ ᠮᠠᠰᠢᠨ ᠤ ᠲᠤᠰᠬᠠᠢ ᠠᠵᠢᠯ ᠤᠨ ᠬᠤᠷᠰᠢᠶ᠎ᠠ ᠶᠢ ᠪᠠᠶᠢᠭᠤᠯᠬᠤ ᠶᠢ ᠤᠷᠢᠳᠠᠪᠠᠷ ᠲᠣᠬᠢᠷᠠᠭᠤᠯᠤᠨ᠎ᠠ︔    2. ᠮᠣᠷᠢᠨ ᠬᠦᠴᠦᠨ ᠤ ᠲᠣᠮᠣ ᠲᠷᠠᠺᠲ᠋ᠣᠷ᠂ ᠭᠦᠨ ᠰᠤᠯᠠᠷᠠᠭᠤᠯᠬᠤ ᠲᠣᠮᠣ ᠬᠡᠯᠪᠡᠷᠢ ᠶᠢᠨ ᠮᠠᠰᠢᠨ ᠵᠢᠴᠢ ᠭᠠᠵᠠᠷ ᠲᠡᠭᠰᠢᠯᠡᠬᠦ ᠬᠠᠮ ᠮᠠᠰᠢᠨ ᠴᠣᠭᠴᠠᠯᠠᠪᠤᠷᠢ ᠶᠢ ᠤᠷᠢᠳᠠᠪᠠᠷ ᠰᠣᠩᠭᠤᠨ ᠲᠣᠬᠢᠷᠠᠭᠤᠯᠤᠨ᠎ᠠ︔    3. ᠡᠶᠢᠮᠦᠷᠬᠦ ᠲᠥᠷᠥᠯ ᠵᠦᠢᠯ ᠢ ᠡᠭᠦᠷᠭᠡᠯᠡᠵᠦ ᠥᠩᠭᠡᠷᠡᠭᠰᠡᠨ᠂ ᠭᠠᠵᠠᠷ ᠲᠡᠭᠰᠢᠯᠡᠨ ᠠᠵᠢᠯᠯᠠᠬᠤ ᠮᠡᠷᠭᠡᠵᠢᠯ ᠤᠨ ᠭᠦᠨ ᠰᠤᠯᠠ ᠲᠤᠷᠰᠢᠯᠭ᠎ᠠ ᠲᠠᠢ ᠲᠠᠷᠢᠶᠠᠯᠠᠩ ᠤᠨ ᠮᠠᠰᠢᠨ ᠤ ᠲᠤᠰᠬᠠᠢ ᠠᠵᠢᠯ ᠤᠨ ᠬᠤᠷᠰᠢᠶ᠎ᠠ ᠪᠤᠶᠤ ᠲᠠᠷᠢᠶᠠᠯᠠᠩ ᠤᠨ ᠮᠠᠰᠢᠨ ᠤ ᠲᠣᠮᠣ ᠡᠷᠥᠭᠡ ᠶᠢ ᠡᠩ ᠲᠡᠷᠢᠭᠦᠨ ᠳᠤ ᠪᠣᠳᠣᠯᠬᠢᠯᠠᠬᠤ ᠬᠡᠷᠡᠭᠲᠡᠢ᠃ᠭᠤᠷᠪᠠ᠂ ᠠᠵᠢᠯᠯᠠᠬᠤ ᠵᠠᠭᠪᠤᠷ᠂ ᠠᠵᠢᠯᠯᠠᠬᠤ ᠮᠧᠬᠠᠨᠢᠭ ᠵᠢᠴᠢ ᠠᠵᠢᠯᠯᠠᠬᠤ ᠶᠠᠰᠤ ᠴᠢᠨᠠᠷ ᠤᠨ ᠱᠠᠭᠠᠷᠳᠠᠯᠭ᠎ᠠ    ︵ᠨᠢᠭᠡ︶ ᠠᠵᠢᠯ ᠤᠨ ᠵᠠᠭᠪᠤᠷ    ᠮᠠᠨ ᠤ ᠬᠤᠰᠢᠭᠤᠨ ᠤ ᠬᠥᠷᠥᠰᠥ ᠰᠢᠷᠣᠢ ᠶᠢᠨ ᠲᠥᠷᠥᠯ ᠬᠡᠯᠪᠡᠷᠢ᠂ ᠲᠠᠷᠢᠶᠠᠯᠠᠬᠤ ᠳᠦᠷᠢᠮ ᠪᠣᠯᠣᠨ ᠮᠠᠰᠢᠨ ᠪᠠᠭᠠᠵᠢ ᠶᠢᠨ ᠲᠣᠬᠢᠷᠠᠭᠤᠯᠤᠯᠲᠠ ᠶᠢᠨ ᠪᠠᠶᠢᠳᠠᠯ ᠢ ᠦᠨᠳᠦᠰᠦᠯᠡᠨ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯ ᠤᠨ ᠵᠠᠭᠪᠤᠷ ᠢ ᠰᠣᠩᠭᠤᠵᠤ ᠪᠣᠯᠣᠨ᠎ᠠ᠄    1. ᠨᠢᠭᠡ ᠯᠡ ᠵᠦᠢᠯ ᠤᠨ ᠭᠦᠨ ᠰᠤᠯᠠᠷᠠᠭᠤᠯᠬᠤ ᠠᠵᠢᠯ︔    2. ᠭᠦᠨ ᠰᠤᠯᠠᠷᠠᠭᠤᠯᠬᠤ ᠬᠠᠮᠲᠤᠷᠠᠭᠰᠠᠨ ᠠᠵᠢᠯ ︵① ᠭᠦᠨ ᠰᠤᠯᠠᠷᠠᠭᠤᠯᠬᠤ  — ᠡᠷᠭᠢᠯᠳᠦᠭᠦᠯᠦᠨ ᠬᠠᠭᠠᠯᠪᠤᠷᠢᠯᠠᠬᠤ ᠠᠵᠢᠯ᠂ ② ᠭᠦᠨ ᠰᠤᠯᠠᠷᠠᠭᠤᠯᠬᠤ  — ᠭᠤᠤᠷᠰᠤ ᠠᠷᠢᠯᠭᠠᠬᠤ  — ᠡᠷᠭᠢᠯᠳᠦᠭᠦᠯᠦᠨ ᠬᠠᠭᠠᠯᠪᠤᠷᠢᠯᠠᠬᠤ ᠠᠵᠢᠯ᠂ ③ ᠭᠦᠨ ᠰᠤᠯᠠᠷᠠᠭᠤᠯᠬᠤ  — ᠪᠤᠰᠤᠳ ᠣᠯᠠᠨ ᠵᠦᠢᠯ ᠤᠨ ᠳᠠᠪᠬᠤᠷ ᠬᠡᠯᠪᠡᠷᠢ ᠶᠢᠨ ᠠᠵᠢᠯ ᠵᠡᠷᠭᠡ︶᠂ ᠲᠣᠬᠢᠷᠠᠮᠵᠢᠲᠠᠢ ᠭᠠᠵᠠᠷ ᠲᠤ ᠭᠦᠨ ᠰᠤᠯᠠᠷᠠᠭᠤᠯᠬᠤ ᠬᠠᠮᠲᠤᠷᠠᠭᠰᠠᠨ ᠠᠵᠢᠯ ᠥᠷᠨᠢᠭᠦᠯᠬᠦ ᠶᠢ ᠵᠣᠷᠢᠭᠵᠢᠭᠤᠯᠤᠨ᠎ᠠ︔    3. ᠵᠡᠭᠦᠨ ᠬᠤᠶᠢᠲᠤ ᠶᠢᠨ ᠬᠠᠷ᠎ᠠ ᠬᠥᠷᠥᠰᠥ ᠶᠢᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ ᠬᠡᠷᠡᠭᠵᠢᠭᠦᠯᠬᠦ ᠳᠤ ᠭᠠᠵᠠᠷ ᠰᠢᠷᠣᠢ ᠶᠢ ᠭᠦᠨ ᠰᠤᠯᠠᠷᠠᠭᠤᠯᠵᠤ ᠭᠠᠵᠠᠷ ᠲᠡᠭᠰᠢᠯᠡᠨ ᠠᠵᠢᠯᠯᠠᠬᠤ ᠵᠠᠭᠪᠤᠷ ᠢ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠬᠤ ᠮᠡᠷᠭᠡᠵᠢᠯ ᠤᠨ ᠱᠠᠭᠠᠷᠳᠠᠯᠭ᠎ᠠ ᠲᠠᠢ ᠬᠠᠷᠢᠯᠴᠠᠨ ᠨᠡᠶᠢᠴᠡᠭᠦᠯᠬᠦ ᠬᠡᠷᠡᠭᠲᠡᠢ︔    ︵ᠬᠤᠶᠠᠷ︶ ᠠᠵᠢᠯᠯᠠᠬᠤ ᠮᠧᠬᠠᠨᠢᠭ ᠤᠨ ᠱᠠᠭᠠᠷᠳᠠᠯᠭ᠎ᠠ    ᠭᠦᠨ ᠰᠤᠯᠠᠷᠠᠭᠤᠯᠬᠤ ᠮᠧᠬᠠᠨᠢᠭ ᠤᠨ ᠲᠦᠷᠦᠯ ᠵᠦᠢᠯ ᠤᠯᠠᠨ ᠶᠠᠩᠵᠤ ᠶᠢᠨ ᠪᠠᠶᠢᠳᠠᠭ᠂ ᠠᠵᠢᠯᠯᠠᠬᠤ ᠬᠡᠯᠪᠡᠷᠢ ᠪᠠᠷ ᠎ ᠨᠢ ᠠᠯᠤᠰᠯᠠᠵᠤ ᠭᠦᠨ ᠰᠤᠯᠠᠷᠠᠭᠤᠯᠬᠤ ᠮᠠᠰᠢᠨ ᠪᠠ ᠪᠦᠬᠦ ᠲᠠᠯ᠎ᠠ ᠪᠠᠷ ᠭᠦᠨ ᠰᠤᠯᠠᠷᠠᠭᠤᠯᠬᠤ ᠮᠠᠰᠢᠨ ᠭᠡᠵᠦ ᠬᠤᠪᠢᠶᠠᠳᠠᠭ᠂ ᠠᠵᠢᠯᠯᠠᠬᠤ ᠴᠢᠳᠠᠪᠤᠷᠢ ᠪᠠᠷ ᠨᠢ ᠲᠠᠩ ᠭᠠᠭᠴᠠ ᠭᠦᠨ ᠰᠤᠯᠠᠷᠠᠭᠤᠯᠬᠤ ᠮᠠᠰᠢᠨ ᠪᠠ ᠬᠠᠮ ᠮᠠᠶ᠋ᠢᠭ ᠤᠨ ᠬᠠᠮ ᠠᠵᠢᠯᠯᠠᠭᠠᠨ ᠤ ᠮᠠᠰᠢᠨ ᠭᠡᠵᠦ ᠬᠤᠪᠢᠶᠠᠳᠠᠭ᠃ᠬᠤᠰᠢᠭᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠎ ᠨᠢ ᠮᠠᠨ ᠤ ᠬᠤᠰᠢᠭᠤᠨ ᠭᠠᠵᠠᠷ ᠤᠨ ᠬᠥᠷᠥᠰᠥ ᠰᠢᠷᠣᠢ ᠶᠢᠨ ᠲᠥᠷᠥᠯ ᠬᠡᠯᠪᠡᠷᠢ᠂ ᠠᠵᠢᠯᠯᠠᠬᠤ ᠵᠠᠭᠪᠤᠷ ᠵᠡᠷᠭᠡ ᠶᠢᠨ ᠱᠠᠭᠠᠷᠳᠠᠯᠭ᠎ᠠ ᠶᠢ ᠦᠨᠳᠦᠰᠦᠯᠡᠨ᠂ ᠲᠠᠷᠢᠶᠠᠯᠠᠩ ᠤᠨ ᠮᠠᠰᠢᠨ ᠤ ᠠᠵᠢᠯᠯᠠᠬᠤ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠪᠤᠶᠤ ᠲᠠᠷᠢᠶᠠᠯᠠᠩ ᠤᠨ ᠮᠠᠰᠢᠨ ᠤ ᠡᠷᠦᠬᠡ ᠶᠢ ᠬᠥᠲᠥᠯᠥᠨ ᠵᠢᠯᠤᠭᠤᠳᠴᠤ ᠭᠦᠨ ᠰᠤᠯᠠᠷᠠᠭᠤᠯᠬᠤ ᠮᠠᠰᠢᠨ ᠪᠠ ᠴᠢᠷᠬᠦ ᠲᠷᠠᠺᠲ᠋ᠣᠷ ᠢ ᠰᠢᠨᠵᠢᠯᠡᠬᠦ ᠤᠬᠠᠭᠠᠨᠴᠢ ᠪᠠᠷ ᠰᠣᠩᠭᠤᠨ ᠬᠡᠷᠡᠭᠯᠡᠭᠦᠯᠦᠨ᠎ᠡ᠄    1. ᠭᠦᠨ ᠰᠤᠯᠠᠷᠠᠭᠤᠯᠬᠤ ᠳᠤ ᠨᠥᠬᠦᠪᠦᠷᠢ ᠥᠭᠬᠦ ᠲᠤᠷᠰᠢᠯᠲᠠ ᠶᠢᠨ ᠴᠢᠭ᠋ ᠤᠨ ᠠᠵᠢᠯ ᠤᠨ ᠡᠭᠦᠷᠭᠡ ᠶᠢ ᠡᠭᠦᠷᠭᠡᠯᠡᠵᠦ ᠪᠦᠬᠦᠢ ᠴᠢᠷᠬᠦ ᠲᠷᠠᠺᠲ᠋ᠣᠷ ᠢ ᠡᠷᠬᠡᠪᠰᠢ ᠲᠠᠷᠢᠶᠠᠯᠠᠩ ᠤᠨ ᠮᠠᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠳᠠᠩᠰᠠᠯᠠᠭᠤᠯᠤᠨ ᠲᠡᠮᠳᠡᠭᠯᠡᠭᠦᠯᠬᠦ ᠶᠢᠨ ᠬᠠᠮᠲᠤ ᠫᠠᠶᠢᠰᠠ ᠦᠨᠡᠮᠯᠡᠯ ᠨᠢ ᠪᠦᠷᠢᠨ ᠭᠦᠢᠴᠡᠳ ᠪᠠᠶᠢᠬᠤ ᠬᠡᠷᠡᠭᠲᠡᠢ︔    2. ᠭᠦᠨ ᠰᠤᠯᠠᠷᠠᠭᠤᠯᠬᠤ ᠨᠥᠬᠦᠪᠦᠷᠢ ᠶᠢᠨ ᠲᠤᠷᠰᠢᠯᠲᠠ ᠶᠢᠨ ᠠᠵᠢᠯ ᠳᠤ ᠣᠷᠤᠯᠴᠠᠬᠤ ᠭᠦᠨ ᠰᠤᠯᠠᠷᠠᠭᠤᠯᠬᠤ ᠮᠠᠰᠢᠨ ᠨᠢ ᠡᠷᠬᠡᠪᠰᠢ ᠵᠢᠩᠬᠢᠨᠢ ᠠᠵᠤ ᠠᠬᠤᠶᠢᠯᠠᠯ ᠤᠨ ᠦᠢᠯᠡᠳᠪᠦᠷᠢᠯᠡᠭᠰᠡᠨ ᠮᠥᠷᠲᠡᠭᠡᠨ ᠮᠤᠵᠢ ᠶᠢᠨ ᠱᠠᠲᠤᠨ ᠠᠴᠠ ᠳᠡᠭᠡᠭᠰᠢᠬᠢ ᠲᠠᠷᠢᠶᠠᠯᠠᠩ ᠤᠨ ᠮᠧᠬᠠᠨᠢᠭ ᠤᠨ ᠬᠢᠨᠠᠨ ᠲᠣᠭᠲᠠᠭᠠᠬᠤ ᠰᠠᠯᠠᠭ᠎ᠠ ᠮᠥᠴᠢᠷ ᠤᠨ ᠬᠢᠨᠠᠨ ᠲᠣᠭᠲᠠᠭᠠᠯᠲᠠ ᠶᠢ ᠥᠩᠭᠡᠷᠡᠭᠡᠭᠰᠡᠨ ᠦᠢᠯᠡᠳᠬᠦᠨ ︵ᠲᠤᠬᠠᠶᠢᠯᠠᠪᠠᠯ ᠲᠠᠷᠢᠶᠠᠯᠠᠩ ᠤᠨ ᠮᠧᠬᠠᠨᠢᠭ ᠢ ᠳᠡᠯᠭᠡᠷᠡᠭᠦᠯᠬᠦ ᠵᠥᠪᠰᠢᠶᠡᠷᠡᠯ ᠤᠨ ᠦᠨᠡᠮᠯᠡᠯ ᠲᠠᠢ ᠪᠠᠶᠢᠬᠤ︶ ᠪᠠᠶᠢᠬᠤ ᠬᠡᠷᠡᠭᠲᠡᠢ︔    3. ᠭᠦᠨ ᠰᠤᠯᠠᠷᠠᠭᠤᠯᠬᠤ ᠭᠦᠨ ᠤ ᠬᠡᠮᠵᠢᠶ᠎ᠡ ᠶᠢ ᠥᠪᠡᠰᠦᠪᠡᠨ ᠲᠣᠬᠢᠷᠠᠭᠤᠯᠵᠤ ᠪᠣᠯᠬᠤ ᠭᠦᠨ ᠰᠤᠯᠠᠷᠠᠭᠤᠯᠬᠤ ᠮᠠᠰᠢᠨ ᠢ ᠲᠤᠷᠰᠢᠯᠲᠠ ᠶᠢᠨ ᠴᠢᠭ᠋ ᠤᠨ ᠨᠥᠬᠦᠪᠦᠷᠢᠯᠡᠬᠦ ᠭᠦᠨ ᠰᠤᠯᠠᠷᠠᠭᠤᠯᠬᠤ ᠠᠵᠢᠯ ᠤᠨ ᠮᠠᠰᠢᠨ ᠪᠠᠭᠠᠵᠢ ᠪᠣᠯᠭᠠᠵᠤ ᠪᠣᠯᠬᠤ ᠦᠭᠡᠢ︔    4. ᠬᠡᠷᠪᠡ ᠤᠬᠤᠬᠤ ᠮᠠᠶ᠋ᠢᠭ ᠤᠨ ᠭᠦᠨ ᠰᠤᠯᠠᠷᠠᠭᠤᠯᠬᠤ ᠮᠠᠰᠢᠨ ᠢ ᠰᠣᠩᠭᠤᠨ ᠬᠡᠷᠡᠭᠯᠡᠪᠡᠯ᠂ ᠵᠡᠷᠭᠡᠯᠡᠳᠡᠭᠡ ᠬᠤᠶᠠᠷ ᠤᠬᠤᠬᠤ ︵ᠤᠬᠤᠬᠤ︶᠎ ᠶᠢᠨ ᠬᠤᠭᠤᠷᠣᠨᠳᠣᠬᠢ ᠵᠠᠢ ᠨᠢ 2 ᠳᠠᠬᠢᠨ ᠭᠦᠨ ᠰᠤᠯᠠᠷᠠᠭᠤᠯᠬᠤ ᠭᠦᠨ ᠤ ᠬᠡᠮᠵᠢᠶ᠎ᠡ ᠠᠴᠠ ᠶᠡᠭᠡ ᠪᠠᠶᠢᠵᠤ ᠪᠣᠯᠬᠤ ᠦᠭᠡᠢ᠃    ︵ᠭᠤᠷᠪᠠ︶ ᠠᠵᠢᠯ ᠤᠨ ᠶᠠᠰᠤ ᠴᠢᠨᠠᠷ ᠤᠨ ᠱᠠᠭᠠᠷᠳᠠᠯᠭ᠎ᠠ    ᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯ ᠤᠨ ᠭᠦᠨᠴᠡ ᠶᠢ 25 ᠰᠠᠨᠲ᠋ᠢᠮᠧᠲᠷ ᠠᠴᠠ ᠳᠡᠭᠡᠭᠰᠢ ᠳᠤ ᠬᠦᠷᠦᠭᠦᠯᠬᠦ ᠪᠠᠷ ᠱᠠᠭᠠᠷᠳᠠᠵᠤ᠂ ᠡᠭᠦᠨ ᠳᠤ ᠲᠠᠷᠢᠶᠠᠨ ᠭᠠᠵᠠᠷ ᠢ ᠭᠦᠨ ᠰᠤᠯᠠᠷᠠᠭᠤᠯᠬᠤ ᠨᠥᠬᠦᠪᠦᠷᠢ ᠶᠢᠨ ᠠᠵᠢᠯ ᠤᠨ ᠭᠦᠨᠴᠡ ᠶᠢ 30 ᠰᠠᠨᠲ᠋ᠢᠮᠧᠲᠷ ᠠᠴᠠ ᠳᠡᠭᠡᠭᠰᠢ ᠳᠤ ᠬᠦᠷᠦᠭᠦᠯᠬᠦ ᠬᠡᠷᠡᠭᠲᠡᠢ ᠪᠥᠭᠡᠳ ᠠᠵᠢᠯᠯᠠᠭᠰᠠᠨ ᠤ ᠳᠠᠷᠠᠭᠠᠬᠢ ᠲᠠᠷᠢᠶᠠᠨ ᠭᠠᠵᠠᠷ ᠢ ᠲᠠᠷᠢᠶᠠᠨ ᠭᠠᠵᠠᠷ ᠤᠨ ᠭᠠᠳᠠᠷᠭᠤ ᠶᠢ ᠲᠡᠭᠰᠢᠬᠡᠨ ᠪᠠᠶᠢᠯᠭᠠᠵᠤ᠂ ᠭᠦᠨ ᠭᠦᠢᠬᠡᠨ ᠢ ᠨᠢᠭᠡᠳᠦᠯᠲᠡᠢ ᠪᠠᠶᠢᠯᠭᠠᠵᠤ᠂ ᠬᠠᠭᠠᠯᠪᠤᠷᠢᠯᠠᠬᠤ ᠠᠴᠠ ᠭᠤᠭᠤᠵᠢᠭᠤᠯᠤᠯ ᠦᠭᠡᠢ ᠪᠠᠶᠢᠯᠭᠠᠬᠤ ᠬᠡᠷᠡᠭᠲᠡᠢ᠃ᠳᠥᠷᠪᠡ᠂ ᠲᠤᠰᠠᠯᠠᠮᠵᠢ ᠭᠥᠷᠳᠡᠬᠦ ᠡᠲᠡᠭᠡᠳ ᠵᠢᠴᠢ ᠲᠤᠰᠠᠯᠠᠮᠵᠢ ᠶᠢᠨ ᠪᠠᠷᠢᠮᠵᠢᠶ᠎ᠠ    ︵ᠨᠢᠭᠡ︶ ᠲᠤᠰᠠᠯᠠᠭ ᠡᠲᠡᠭᠡᠳ    ᠨᠥᠬᠦᠪᠦᠷᠢ ᠥᠭᠬᠦ ᠠᠵᠢᠯ ᠤᠨ ᠣᠷᠣᠨ ᠪᠦᠰᠡ ᠶᠢᠨ ᠳᠣᠲᠣᠷ᠎ᠠ ᠭᠠᠵᠠᠷ ᠰᠢᠷᠣᠢ ᠶᠢ ᠪᠣᠳᠠᠲᠠᠢ ᠡᠵᠡᠩᠨᠡᠵᠦ ᠪᠠᠶᠢᠬᠤ ᠪᠥᠭᠡᠳ ᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯ ᠢ ᠰᠠᠶᠢᠨ ᠳᠤᠷ᠎ᠠ ᠠᠴᠠ ᠪᠠᠨ ᠬᠢᠵᠦ ᠪᠠᠶᠢᠭ᠎ᠠ ᠬᠤᠪᠢ ᠬᠥᠮᠥᠨ ᠪᠠ ᠲᠠᠷᠢᠶᠠᠯᠠᠩ ᠤᠨ ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ︵ᠳᠣᠷᠣᠭᠰᠢ ︽ᠭᠠᠵᠠᠷ ᠰᠢᠷᠣᠢ ᠡᠵᠡᠩᠨᠡᠭᠴᠢ︾ ᠭᠡᠵᠦ ᠲᠣᠪᠴᠢᠯᠠᠨ᠎ᠠ︶᠃ᠤᠯᠤᠰ ᠪᠠ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠎ ᠠᠴᠠ ᠠᠰᠠᠷᠠᠨ ᠲᠡᠵᠢᠭᠡᠵᠦ ᠪᠠᠶᠢᠭ᠎ᠠ ᠠᠵᠢᠯᠲᠠᠨ ᠢ ᠨᠥᠬᠦᠪᠦᠷᠢ ᠣᠯᠭᠤᠬᠤ ᠡᠲᠡᠭᠡᠳ ᠤᠨ ᠬᠡᠪᠴᠢᠶᠡᠨ ᠳᠤ ᠣᠷᠣᠭᠤᠯᠬᠤ ᠦᠭᠡᠢ᠃ ︽ᠬᠡᠨ ᠭᠠᠵᠠᠷ ᠰᠢᠷᠣᠢ ᠶᠢ ᠪᠣᠳᠠᠲᠠᠢ ᠪᠠᠷ ᠡᠵᠡᠩᠨᠡᠪᠡᠯ᠂ ᠬᠡᠨ ᠪᠣᠳᠠᠲᠠᠢ ᠪᠠᠷ ᠰᠤᠯᠠ ᠲᠠᠯᠪᠢᠪᠠᠯ᠂ ᠲᠡᠷᠡ ᠨᠥᠬᠦᠪᠦᠷᠢ ᠶᠢ ᠪᠣᠳᠠᠲᠠᠢ ᠪᠠᠷ ᠬᠦᠷᠳᠡᠬᠦ︾ ᠵᠠᠷᠴᠢᠮ ᠢ ᠪᠠᠷᠢᠮᠲᠠᠯᠠᠨ᠎ᠠ᠃   ︵ᠬᠤᠶᠠᠷ︶ ᠲᠤᠰᠠᠯᠠᠮᠵᠢ ᠶᠢᠨ ᠪᠠᠷᠢᠮᠵᠢᠶ᠎ᠠ   ᠭᠦᠨ ᠰᠤᠯᠠᠷᠠᠭᠤᠯᠬᠤ ᠠᠵᠢᠯ ᠳᠤ ᠨᠥᠬᠦᠪᠦᠷᠢ ᠥᠭᠬᠦ ᠳᠤ ᠲᠣᠭᠲᠠᠭᠰᠠᠨ ᠲᠣᠭᠠᠨ ᠤ ᠨᠥᠬᠦᠪᠦᠷᠢ ᠥᠭᠬᠦ ᠶᠢ ᠬᠡᠷᠡᠭᠵᠢᠭᠦᠯᠵᠦ᠂ ᠲᠥᠪ ᠤᠨ ᠡᠳ᠋ ᠤᠨ ᠵᠠᠰᠠᠭ ᠤᠨ ᠨᠥᠬᠦᠪᠦᠷᠢ ᠶᠢᠨ ᠪᠠᠷᠢᠮᠵᠢᠶ᠎ᠠ ᠶᠢ ᠬᠠᠮᠤᠭ ᠥᠨᠳᠥᠷ ᠲᠡᠭᠡᠨ 25 ᠲᠥᠭᠦᠷᠢᠭ\ ᠮᠦ ᠪᠠᠶᠢᠯᠭᠠᠨ᠎ᠠ᠃   ︵ᠭᠤᠷᠪᠠ︶ ᠲᠤᠰᠠᠯᠠᠮᠵᠢ ᠶᠢᠨ ᠪᠡᠯᠡ ᠮᠥᠩᠭᠦ ᠶᠢᠨ ᠢᠷᠡᠯᠲᠡ   ᠨᠥᠬᠦᠪᠦᠷᠢ ᠶᠢᠨ ᠪᠡᠯᠡ ᠮᠥᠩᠭᠦ ᠶᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ 2022 ᠣᠨ ᠤ ᠲᠥᠪ ᠤᠨ ᠡᠳ᠋ ᠤᠨ ᠵᠠᠰᠠᠭ ᠤᠨ ᠲᠠᠷᠢᠶᠠᠯᠠᠩ ᠤᠨ ᠡᠬᠢ ᠪᠠᠶᠠᠯᠢᠭ ᠵᠢᠴᠢ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠶᠢᠨ ᠪᠡᠯᠡ ᠮᠥᠩᠭᠦ ᠠᠴᠠ ᠲᠣᠬᠢᠷᠠᠭᠤᠯᠤᠨ ᠪᠠᠭᠤᠯᠭᠠᠨ᠎ᠠ᠃ 2021 ᠣᠨ ᠳᠤ ᠦᠯᠡᠳᠡᠭᠰᠡᠨ ᠲᠠᠷᠢᠶᠠᠯᠠᠩ ᠤᠨ ᠮᠠᠰᠢᠨ ᠢ ᠭᠦᠨ ᠰᠤᠯᠠᠷᠠᠭᠤᠯᠵᠤ ᠭᠠᠵᠠᠷ ᠲᠡᠭᠰᠢᠯᠡᠬᠦ ᠠᠵᠢᠯ ᠤᠨ ᠨᠥᠬᠦᠪᠦᠷᠢ ᠶᠢᠨ ᠪᠡᠯᠡ ᠮᠥᠩᠭᠦ ᠶᠢ 2022 ᠣᠨ ᠤ ᠲᠠᠷᠢᠶᠠᠨ ᠭᠠᠵᠠᠷ ᠢ ᠭᠦᠨ ᠰᠤᠯᠠᠷᠠᠭᠤᠯᠬᠤ ᠶᠢᠨ ᠨᠥᠬᠦᠪᠦᠷᠢ ᠶᠢᠨ ᠠᠵᠢᠯ ᠳᠤ ᠦᠷᠭᠦᠯᠵᠢᠯᠡᠨ ᠬᠡᠷᠡᠭᠯᠡᠵᠦ᠂ ᠬᠠᠮᠢᠶ᠎ᠠ ᠪᠦᠬᠦᠢ ᠱᠠᠭᠠᠷᠳᠠᠯᠭ᠎ᠠ ᠶᠢ ᠲᠣᠰ ᠲᠥᠰᠥᠯ ᠤᠨ ᠶᠣᠰᠣᠭᠠᠷ ᠬᠡᠷᠡᠭᠵᠢᠭᠦᠯᠦᠨ᠎ᠡ᠃    ᠲᠠᠪᠤ᠂ ᠠᠵᠢᠯ ᠤᠨ ᠲᠤᠷᠰᠢᠯᠲᠠ ᠶᠢᠨ ᠴᠢᠭ᠋ ᠤᠨ ᠠᠵᠢᠯ ᠤᠨ ᠲᠠᠰ ᠳᠠᠷᠠᠭᠠᠯᠠᠯ    ᠲᠠᠷᠢᠶᠠᠨ ᠭᠠᠵᠠᠷ ᠢ ᠰᠤᠯᠠᠷᠠᠭᠤᠯᠬᠤ ᠳᠤ ᠨᠥᠬᠦᠪᠦᠷᠢ ᠥᠭᠬᠦ ᠠᠵᠢᠯ ᠤᠨ ᠲᠤᠷᠰᠢᠯᠲᠠ ᠶᠢᠨ ᠴᠢᠭ᠋ ᠤᠨ ᠠᠵᠢᠯ ᠢ ︽ᠤᠷᠢᠳ ᠢᠶᠠᠷ ᠠᠵᠢᠯᠯᠠᠭᠤᠯᠵᠤ ᠳᠠᠷᠠᠭ᠎ᠠ ᠨᠢ ᠨᠥᠬᠦᠪᠦᠷᠢ ᠥᠭᠬᠦ᠂ ᠤᠷᠢᠳ ᠢᠶᠠᠷ ᠵᠠᠷᠯᠠᠨ ᠨᠡᠶᠢᠲᠡᠯᠡᠵᠦ ᠳᠠᠷᠠᠭ᠎ᠠ ᠨᠢ ᠪᠡᠯᠡᠨ ᠵᠣᠭᠤᠰ ᠪᠣᠯᠭᠠᠬᠤ︾ ᠲᠠᠰ ᠳᠠᠷᠠᠭᠠᠯᠠᠯ ᠢ ᠵᠢᠷᠤᠮᠯᠠᠨ ᠶᠠᠪᠤᠭᠳᠠᠭᠤᠯᠬᠤ ᠬᠡᠷᠡᠭᠲᠡᠢ᠃   ︵ᠨᠢᠭᠡ︶ ᠡᠭᠦᠷᠭᠡ ᠶᠢ ᠨᠠᠶᠢᠳᠠᠪᠤᠷᠢᠵᠢᠭᠤᠯᠬᠤ ᠪᠠ ᠲᠣᠭᠲᠠᠭᠠᠬᠤ ᠲᠥᠰᠥᠯ    ᠬᠤᠰᠢᠭᠤᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠨᠥᠬᠦᠪᠦᠷᠢ ᠥᠭᠬᠦ ᠠᠵᠢᠯ ᠤᠨ ᠬᠡᠪᠴᠢᠶ᠎ᠡ ᠪᠠ ᠭᠠᠵᠠᠷ ᠢ ᠬᠠᠷᠢᠭᠤᠴᠠᠨ ᠲᠣᠭᠲᠠᠭᠠᠵᠤ᠂ ᠡᠭᠦᠷᠭᠡ ᠶᠢ ᠵᠣᠬᠢᠰᠲᠠᠢ ᠲᠥᠯᠥᠪᠵᠢᠭᠦᠯᠵᠦ᠂ ᠰᠠᠯᠭᠠᠨ ᠪᠠᠭᠤᠯᠭᠠᠵᠤ᠂ ᠲᠣᠰ ᠬᠤᠰᠢᠭᠤᠨ ᠤ ᠨᠥᠬᠦᠪᠦᠷᠢ ᠥᠭᠬᠦ ᠠᠵᠢᠯ ᠢ ᠨᠢᠭᠡᠳᠦᠯᠲᠡᠢ ᠲᠥᠯᠥᠪᠯᠡᠨ ᠬᠠᠮᠢᠶᠠᠷᠴᠤ᠂ ᠬᠤᠰᠢᠭᠤᠨ ᠤ ᠡᠳ᠋ ᠤᠨ ᠵᠠᠰᠠᠭ ᠤᠨ ᠭᠤᠣᠯ ᠬᠠᠮᠢᠶᠠᠷᠤᠯᠲᠠ ᠶᠢᠨ ᠰᠠᠯᠠᠭ᠎ᠠ ᠮᠥᠴᠢᠷ ᠯᠦᠭᠡ ᠨᠥᠬᠦᠪᠦᠷᠢ ᠥᠭᠬᠦ ᠪᠡᠯᠡ ᠮᠥᠩᠭᠦ ᠶᠢ ᠵᠣᠬᠢᠴᠠᠭᠤᠯᠤᠨ ᠨᠠᠶᠢᠳᠠᠪᠤᠷᠢᠵᠢᠭᠤᠯᠵᠤ᠂ ᠬᠡᠷᠡᠭᠵᠢᠭᠦᠯᠬᠦ ᠪᠠ ᠬᠢᠨᠠᠨ ᠬᠠᠮᠢᠶᠠᠷᠬᠤ ᠱᠠᠭᠠᠷᠳᠠᠯᠭ᠎ᠠ ᠶᠢ ᠳᠤᠷᠠᠳᠤᠨ ᠭᠠᠷᠭᠠᠨ᠎ᠠ᠃    ︵ᠬᠤᠶᠠᠷ︶ ᠠᠯᠤᠰ ᠎ ᠠᠴᠠ ᠬᠢᠨᠠᠨ ᠬᠡᠮᠵᠢᠬᠦ ᠦᠵᠦᠭᠦᠷ ᠲᠥᠬᠦᠭᠡᠷᠦᠮᠵᠢ ᠶᠢᠨ ᠬᠡᠯᠪᠡᠷᠢ ᠰᠣᠩᠭᠤᠨ ᠤᠭᠰᠠᠷᠠᠬᠤ᠂ ᠲᠤᠷᠰᠢᠨ ᠲᠣᠬᠢᠷᠠᠭᠤᠯᠵᠤ ᠬᠠᠷᠭᠤᠭᠤᠯᠬᠤ    ᠨᠥᠬᠦᠪᠦᠷᠢ ᠥᠭᠬᠦ ᠠᠵᠢᠯ ᠳᠤ ᠬᠡᠷᠡᠭᠯᠡᠬᠦ ᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯ ᠤᠨ ᠮᠠᠰᠢᠨ ᠴᠣᠭᠴᠠᠯᠠᠪᠤᠷᠢ ᠳᠤ ᠡᠷᠬᠡᠪᠰᠢ ᠮᠡᠳᠡᠭᠡ ᠵᠠᠩᠭᠢᠵᠢᠯᠲᠠ ᠶᠢᠨ ᠠᠯᠤᠰ ᠠᠴᠠ ᠬᠢᠨᠠᠨ ᠬᠡᠮᠵᠢᠬᠦ ᠦᠵᠦᠭᠦᠷ ᠤᠨ ᠲᠥᠬᠦᠭᠡᠷᠦᠮᠵᠢ ᠶᠢ ᠲᠣᠬᠢᠷᠠᠭᠤᠯᠬᠤ ᠬᠡᠷᠡᠭᠲᠡᠢ᠃ᠨᠥᠬᠦᠪᠦᠷᠢ ᠶᠢᠨ ᠠᠵᠢᠯ ᠬᠢᠵᠦ ᠪᠠᠶᠢᠭ᠎ᠠ ᠬᠤᠰᠢᠭᠤ ᠰᠢᠶᠠᠨ ᠨᠢ ᠠᠯᠤᠰ ᠎ ᠠᠴᠠ ᠬᠢᠨᠠᠨ ᠬᠡᠮᠵᠢᠬᠦ ᠦᠵᠦᠭᠦᠷ ᠤᠨ ᠪᠡᠯᠡᠳᠬᠡᠮᠵᠢ ᠶᠢ ᠡᠵᠡᠨ ᠮᠡᠳᠡᠵᠦ ᠰᠣᠩᠭᠤᠨ ᠲᠣᠬᠢᠷᠠᠭᠤᠯᠤᠨ᠎ᠠ᠃ ᠠᠯᠤᠰ ᠵᠠᠢ ᠶᠢᠨ ᠬᠢᠨᠠᠨ ᠬᠡᠮᠵᠢᠬᠦ ᠲᠥᠬᠦᠭᠡᠷᠦᠮᠵᠢ ᠨᠢ ᠳᠠᠭᠠᠭᠤᠯᠢ ᠤᠳᠦᠠ ᠤ ᠣᠷᠣᠨ ᠪᠠᠶᠢᠷᠢ ᠶᠢ ᠲᠣᠭᠲᠠᠭᠠᠬᠤ᠂ ᠷᠠᠳᠢᠣ᠋ ᠬᠤᠯᠪᠣᠭ᠎ᠠ ᠠᠪᠬᠤ᠂ ᠠᠵᠢᠯ ᠤᠨ ᠭᠦᠨᠴᠡ ᠶᠢ ᠬᠢᠨᠠᠨ ᠬᠡᠮᠵᠢᠬᠦ᠂ ᠲᠡᠯᠡᠪᠡᠢ ᠶᠢ ᠬᠡᠮᠵᠢᠬᠦ᠂ ᠮᠠᠰᠢᠨ ᠪᠠᠭᠠᠵᠢ ᠶᠢ ᠢᠯᠭᠠᠨ ᠲᠠᠨᠢᠬᠤ᠂ ᠵᠢᠷᠤᠭ ᠳᠦᠷᠰᠦ ᠴᠤᠭᠯᠠᠭᠤᠯᠬᠤ᠂ ᠦᠵᠡᠭᠦᠯᠬᠦ ᠰᠡᠷᠡᠮᠵᠢ ᠶᠢᠨ ᠳᠣᠬᠢᠶ᠎ᠠ ᠵᠡᠷᠭᠡ ᠴᠢᠳᠠᠪᠤᠷᠢ ᠲᠠᠢ ᠪᠠᠶᠢᠬᠤ ᠬᠡᠷᠡᠭᠲᠡᠢ᠃ ᠲᠤᠭ᠎ᠠ ᠪᠠᠷᠢᠮᠲᠠ ᠰᠢᠢᠳᠪᠦᠷᠢᠯᠡᠬᠦ ᠲᠠᠪᠴᠠᠩ ᠨᠢ ᠭᠥᠯᠢᠶᠡᠨ ᠠᠪᠬᠤ ᠦᠵᠦᠭᠦᠷ ᠤᠨ ᠳᠡᠭᠡᠭᠰᠢ ᠳᠠᠮᠵᠢᠭᠤᠯᠬᠤ ᠠᠵᠢᠯ ᠤᠨ ᠮᠡᠳᠡᠭᠡ ᠵᠠᠩᠭᠢ᠂ ᠬᠠᠳᠠᠭᠠᠯᠠᠬᠤ᠂ ᠳᠠᠭᠠᠭᠤᠯᠤᠨ ᠭᠠᠷᠭᠠᠬᠤ ᠴᠢᠳᠠᠮᠵᠢ ᠪᠠ ᠠᠵᠢᠯ ᠤᠨ ᠶᠠᠰᠤ ᠴᠢᠨᠠᠷ᠂ ᠲᠠᠯᠠᠪᠠᠶ ᠵᠡᠷᠭᠡ ᠲᠤᠭ᠎ᠠ ᠪᠠᠷᠢᠮᠲᠠ ᠶᠢ ᠵᠠᠳᠠᠯᠬᠤ᠂ ᠪᠦᠷᠢᠳᠬᠡᠬᠦ ᠪᠠ ᠬᠤᠷᠢᠶᠠᠩᠭᠤᠶᠢᠯᠠᠬᠤ ᠵᠡᠷᠭᠡ ᠴᠢᠳᠠᠮᠵᠢ ᠶᠢ ᠪᠦᠷᠢᠳᠦᠭᠦᠯᠦᠭᠰᠡᠨ ᠪᠠᠶᠢᠬᠤ ᠬᠡᠷᠡᠭᠲᠡᠢ᠂ ᠬᠠᠮᠢᠶᠠᠷᠤᠯᠲᠠ ᠶᠢᠨ ᠰᠠᠯᠠᠭ᠎ᠠ ᠮᠥᠴᠢᠷ ᠪᠠ ᠬᠡᠷᠡᠭᠯᠡᠭᠴᠢ ᠨᠢ ᠺᠣᠮᠫᠢᠦ᠋ᠲ᠋ᠧᠷ᠂ ᠭᠠᠷ ᠤᠲᠠᠰᠤ ᠪᠠᠷ ᠲᠠᠪᠴᠠᠩ ᠤᠨ ᠲᠤᠭ᠎ᠠ ᠪᠠᠷᠢᠮᠲᠠ ᠶᠢ ᠰᠢᠭᠤᠳ ᠪᠠᠶᠢᠴᠠᠭᠠᠨ ᠦᠵᠡᠵᠦ ᠪᠣᠯᠣᠨ᠎ᠠ᠃    ᠠᠯᠤᠰ ᠎ ᠠᠴᠠ ᠬᠢᠨᠠᠨ ᠬᠡᠮᠵᠢᠬᠦ ᠶᠢ ᠬᠠᠩᠭᠠᠭᠰᠠᠨ ᠠᠵᠤ ᠠᠬᠤᠶᠢᠯᠠᠯ ᠤᠨ ᠲᠤᠭ᠎ᠠ ᠪᠠᠷᠢᠮᠲᠠ ᠰᠢᠢᠳᠪᠦᠷᠢᠯᠡᠬᠦ ᠲᠠᠪᠴᠠᠩ ᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨᠴᠢᠯᠠᠯᠲᠠ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠰᠢᠰᠲ᠋ᠧᠮ ᠯᠦᠭᠡ ᠵᠣᠯᠭᠠᠭᠤᠯᠵᠤ᠂ ᠠᠵᠢᠯ ᠤᠨ ᠲᠤᠭ᠎ᠠ ᠪᠠᠷᠢᠮᠲᠠ ᠶᠢᠨ ᠦᠷ᠎ᠡ ᠳ᠋ᠦᠩ ᠢ ᠴᠠᠭ ᠲᠤᠬᠠᠢ ᠳᠤᠨᠢ᠂ ᠣᠨᠣᠪᠴᠢᠲᠠᠶ ᠳᠡᠭᠡᠭᠰᠢ ᠳᠠᠮᠵᠢᠭᠤᠯᠬᠤ ᠬᠡᠷᠡᠭᠲᠡᠢ᠃ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ︵ᠲᠠᠷᠢᠶᠠᠯᠠᠩ ᠤᠨ ᠮᠠᠰᠢᠨ ᠤ ᠡᠷᠦᠬᠡ︶᠂ ᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯ ᠤᠨ ᠮᠠᠰᠢᠨ ᠴᠣᠭᠴᠠᠯᠠᠪᠤᠷᠢ ᠪᠠ ᠬᠢᠨᠠᠨ ᠬᠡᠮᠵᠢᠬᠦ ᠲᠥᠬᠦᠭᠡᠷᠦᠮᠵᠢ ᠶᠢ ᠪᠦᠷᠢᠳᠬᠡᠨ ᠳᠠᠩᠰᠠᠯᠠᠬᠤ ᠶᠢ ᠬᠠᠷᠢᠭᠤᠴᠠᠨ᠎ᠠ ︵3᠎ ᠶᠢ ᠳᠠᠭᠠᠯᠳᠤᠭᠤᠯᠪᠠ︶᠃ ᠡᠭᠦᠨ ᠤ ᠬᠠᠮᠲᠤ ᠲᠤᠭ᠎ᠠ ᠪᠠᠷᠢᠮᠲᠠ ᠰᠢᠢᠳᠪᠦᠷᠢᠯᠡᠬᠦ ᠲᠠᠪᠴᠠᠩ ᠤᠨ ᠠᠵᠤ ᠠᠬᠤᠶᠢᠯᠠᠯ ᠯᠤᠭ᠎ᠠ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠬᠠᠮᠠᠭᠠᠯᠠᠬᠤ᠂ ᠬᠠᠳᠠᠭᠠᠯᠠᠬᠤ ᠵᠥᠪᠯᠡᠯᠴᠡᠭᠡᠷ ᠲᠣᠭᠲᠠᠨ᠎ᠠ ︵ᠲᠤᠭ᠎ᠠ ᠪᠠᠷᠢᠮᠲᠠ ᠰᠢᠢᠳᠪᠦᠷᠢᠯᠡᠬᠦ ᠲᠠᠪᠴᠠᠩ ᠤᠨ ᠠᠵᠤ ᠠᠬᠤᠶᠢᠯᠠᠯ ᠬᠢᠭᠡᠳ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨᠴᠢᠯᠠᠯᠲᠠ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠰᠢᠰᠲ᠋ᠧᠮ ᠢ ᠵᠣᠯᠭᠠᠭᠤᠯᠬᠤ ᠶᠢᠨ ᠬᠠᠮᠲᠤ ᠠᠵᠢᠯ ᠤᠨ ᠲᠤᠭ᠎ᠠ ᠪᠠᠷᠢᠮᠲᠠ ᠶᠢ ᠴᠠᠭ ᠲᠤᠬᠠᠢ ᠳᠤᠨᠢ ᠣᠨᠣᠪᠴᠢᠲᠠᠶ ᠳᠠᠮᠵᠢᠭᠤᠯᠬᠤ ᠵᠡᠷᠭᠡ ᠠᠭᠤᠯᠭ᠎ᠠ ᠶᠢ ᠪᠠᠭᠲᠠᠭᠠᠨ᠎ᠠ︶᠃    ᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯ ᠢ ᠥᠷᠨᠢᠭᠦᠯᠬᠦ ᠠᠴᠠ ᠡᠮᠦᠨ᠎ᠡ᠂ ᠠᠵᠢᠯᠯᠠᠬᠤ ᠮᠠᠰᠢᠨ ᠴᠣᠭᠴᠠᠯᠠᠪᠤᠷᠢ ᠪᠠ ᠠᠯᠤᠰ ᠎ ᠠᠴᠠ ᠬᠢᠨᠠᠨ ᠬᠡᠮᠵᠢᠬᠦ ᠲᠥᠬᠦᠭᠡᠷᠦᠮᠵᠢ ᠶᠢ ᠲᠤᠷᠰᠢᠨ ᠲᠣᠬᠢᠷᠠᠭᠤᠯᠵᠤ ᠬᠠᠷᠭᠤᠭᠤᠯᠬᠤ ᠬᠡᠷᠡᠭᠲᠡᠢ᠃ ᠲᠤᠷᠰᠢᠨ ᠲᠣᠬᠢᠷᠠᠭᠤᠯᠵᠤ ᠬᠠᠷᠭᠤᠭᠤᠯᠬᠤ ᠳᠠᠭᠠᠨ ᠬᠠᠷᠢᠴᠠᠩᠭᠤᠢ ᠲᠡᠭᠰᠢᠬᠡᠨ ᠭᠠᠵᠠᠷ ᠲᠤ ᠬᠢᠵᠦ᠂ ᠮᠠᠰᠢᠨ ᠴᠣᠭᠴᠠᠯᠠᠪᠤᠷᠢ ᠶᠢ ᠲᠣᠭᠲᠠᠭᠰᠠᠨ ᠠᠵᠢᠯ ᠤᠨ ᠭᠦᠨᠴᠡ ᠲᠠᠢ ᠲᠤᠷᠰᠢᠨ ᠠᠵᠢᠯᠯᠠᠭᠤᠯᠬᠤ ᠳᠤ ᠲᠣᠬᠢᠷᠠᠭᠤᠯᠵᠤ᠂ ᠠᠵᠢᠯ ᠤᠨ ᠶᠠᠰᠤ ᠴᠢᠨᠠᠷ ᠢ ᠠᠯᠤᠰ ᠎ ᠠᠴᠠ ᠬᠢᠨᠠᠨ ᠬᠡᠮᠵᠢᠬᠦ ᠪᠠ ᠬᠥᠮᠥᠨ ᠤ ᠬᠦᠴᠦ ᠪᠠᠷ ᠪᠠᠶᠢᠴᠠᠭᠠᠨ ᠰᠢᠯᠭᠠᠬᠤ ᠬᠡᠷᠡᠭᠲᠡᠢ︔ᠬᠥᠮᠥᠨ ᠤ ᠬᠦᠴᠦ ᠪᠠᠷ ᠪᠠᠶᠢᠴᠠᠭᠠᠨ ᠬᠡᠮᠵᠢᠭᠰᠡᠨ ᠲᠤᠭ᠎ᠠ ᠪᠠᠷᠢᠮᠲᠠ ᠲᠠᠢ ᠬᠠᠷᠢᠴᠠᠭᠤᠯᠵᠤ᠂ ᠠᠯᠤᠰ ᠎ ᠠᠴᠠ ᠬᠢᠨᠠᠨ ᠬᠡᠮᠵᠢᠬᠦ ᠲᠥᠬᠦᠭᠡᠷᠦᠮᠵᠢ ᠶᠢ ᠲᠤᠷᠰᠢᠨ ᠲᠣᠬᠢᠷᠠᠭᠤᠯᠵᠤ᠂ ᠠᠯᠤᠰ ᠎ ᠠᠴᠠ ᠬᠢᠨᠠᠨ ᠬᠡᠮᠵᠢᠬᠦ ᠠᠵᠢᠯ ᠤᠨ ᠲᠠᠯᠠᠪᠠᠶ ᠶᠢᠨ ᠲᠤᠭ᠎ᠠ ᠪᠠᠷᠢᠮᠲᠠ ᠶᠢ ᠬᠥᠮᠥᠨ ᠤ ᠬᠦᠴᠦ ᠪᠠᠷ ᠪᠠᠶᠢᠴᠠᠭᠠᠨ ᠬᠡᠮᠵᠢᠭᠰᠡᠨ ᠲᠠᠯᠠᠪᠠᠶ ᠶᠢᠨ ᠲᠤᠭ᠎ᠠ ᠪᠠᠷᠢᠮᠲᠠ ᠎ ᠯᠤᠭ᠎ᠠ ᠬᠠᠷᠢᠯᠴᠠᠨ ᠠᠪᠴᠠᠯᠳᠤᠭᠤᠯᠵᠤ ︵ᠲᠣᠭᠲᠠᠭᠠᠭᠰᠠᠨ ᠠᠯᠳᠠᠪᠤᠷᠢ ᠶᠢᠨ ᠬᠡᠪᠴᠢᠶᠡᠨ ᠳᠣᠲᠣᠷ᠎ᠠ︶᠂ ᠠᠯᠤᠰ  ᠎ ᠠᠴᠠ ᠬᠢᠨᠠᠨ ᠬᠡᠮᠵᠢᠬᠦ ᠶᠢᠨ ᠭᠦᠨ ᠰᠤᠯᠠᠷᠠᠭᠰᠠᠨ ᠭᠦᠨᠴᠡ ᠶᠢᠨ ᠬᠢᠷᠢ ᠲᠡᠩᠴᠡᠭᠰᠡᠨ ᠨᠣᠷᠮ᠎ᠠ ᠪᠤᠶᠤ ᠪᠠᠷᠢᠮᠵᠢᠶ᠎ᠠ ᠳᠤ ᠬᠦᠷᠦᠭᠰᠡᠨ ᠨᠣᠷᠮ᠎ᠠ ᠶᠢᠨ ᠲᠤᠭ᠎ᠠ ᠪᠠᠷᠢᠮᠲᠠ ᠶᠢ ᠬᠥᠮᠥᠨ ᠤ ᠬᠦᠴᠦ ᠪᠠᠷ ᠪᠠᠶᠢᠴᠠᠭᠠᠨ ᠬᠡᠮᠵᠢᠬᠦ ᠶᠢᠨ ᠭᠦᠨ ᠰᠤᠯᠠᠷᠠᠭᠰᠠᠨ ᠭᠦᠨᠴᠡ ᠶᠢᠨ ᠬᠢᠷᠢ ᠲᠡᠩᠴᠡᠭᠰᠡᠨ ᠨᠣᠷᠮ᠎ᠠ ᠶᠢᠨ ᠲᠤᠭ᠎ᠠ ᠪᠠᠷᠢᠮᠲᠠ ᠯᠤᠭ᠎ᠠ ᠦᠨᠳᠦᠰᠦᠨ ᠳᠡᠭᠡᠨ ᠠᠳᠠᠯᠢ ᠪᠠᠶᠢᠯᠭᠠᠨ᠎ᠠ᠃    ︵ᠭᠤᠷᠪᠠ︶ ᠠᠯᠤᠰ ᠠᠴᠠ ᠬᠢᠨᠠᠨ ᠬᠡᠮᠵᠢᠬᠦ ᠠᠵᠢᠯ ᠤᠨ ᠶᠠᠰᠤ ᠴᠢᠨᠠᠷ ᠢ ᠡᠵᠡᠮᠳᠡᠬᠦ ᠭᠦᠢᠴᠡᠳᠬᠡᠬᠦ ᠲᠤᠭ᠎ᠠ ᠶᠢ ᠲᠣᠭᠲᠠᠭᠠᠬᠤ ᠪᠠ ᠭᠦᠢᠴᠡᠳᠬᠡᠬᠦ ᠲᠤᠭ᠎ᠠ ᠶᠢ ᠬᠡᠷᠡᠭᠯᠡᠬᠦ    ᠠᠯᠤᠰ ᠡᠵᠡᠮᠰᠢᠯᠲᠦ ᠬᠢᠨᠠᠨ ᠬᠡᠮᠵᠢᠯᠲᠡ ᠶᠢᠨ ᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯ ᠤᠨ ᠭᠦᠨᠴᠡ ᠶᠢᠨ ᠬᠢᠷᠢ ᠲᠡᠩᠴᠡᠭᠰᠡᠨ ᠨᠣᠷᠮ᠎ᠠ ᠪᠤᠶᠤ ᠪᠠᠷᠢᠮᠵᠢᠶ᠎ᠠ ᠳᠤ ᠬᠦᠷᠦᠭᠰᠡᠨ ᠨᠣᠷᠮ᠎ᠠ ᠪᠠᠷ ᠠᠯᠤᠰ ᠡᠵᠡᠮᠰᠢᠯᠲᠦ ᠬᠢᠨᠠᠨ ᠬᠡᠮᠵᠢᠯᠲᠡ ᠶᠢᠨ ᠠᠵᠢᠯ ᠤᠨ ᠶᠠᠰᠤ ᠴᠢᠨᠠᠷ ᠢ ᠡᠵᠡᠮᠳᠡᠬᠦ ᠭᠦᠢᠴᠡᠳᠬᠡᠯ ᠲᠤᠭ᠎ᠠ ᠪᠣᠯᠭᠠᠵᠤ᠂ ᠲᠠᠯ᠎ᠠ ᠭᠠᠵᠠᠷ ᠤᠨ ᠭᠠᠵᠠᠷ ᠣᠷᠣᠨ ᠤ ᠶᠠᠰᠤ ᠴᠢᠨᠠᠷ ᠢ ᠡᠵᠡᠮᠳᠡᠬᠦ ᠭᠦᠢᠴᠡᠳᠬᠡᠯ ᠲᠤᠭ᠎ᠠ ᠶᠢᠨ ᠬᠡᠮᠵᠢᠭᠳᠡᠯ ᠢ 90%᠎ ᠪᠠᠷ ᠲᠣᠭᠲᠠᠭᠠᠵᠤ᠂ ᠳᠣᠪᠣᠷᠬᠠᠭ ᠭᠠᠵᠠᠷ ᠣᠷᠣᠨ ᠤ ᠶᠠᠰᠤ ᠴᠢᠨᠠᠷ ᠢ ᠡᠵᠡᠮᠳᠡᠬᠦ ᠭᠦᠢᠴᠡᠳᠬᠡᠯ ᠲᠤᠭ᠎ᠠ ᠶᠢᠨ ᠬᠡᠮᠵᠢᠭᠳᠡᠯ ᠢ 85%᠎ ᠪᠠᠷ ᠲᠣᠭᠲᠠᠭᠠᠨ᠎ᠠ᠃ᠠᠵᠢᠯ ᠤᠨ ᠬᠢᠨᠠᠨ ᠬᠡᠮᠵᠢᠯᠲᠡ ᠳᠤ᠂ ᠭᠦᠨ ᠰᠤᠯᠠᠷᠠᠭᠤᠯᠤᠭᠰᠠᠨ ᠭᠦᠨᠴᠡ ᠶᠢᠨ ᠬᠢᠷᠢ ᠲᠡᠩᠴᠡᠭᠰᠡᠨ ᠨᠣᠷᠮ᠎ᠠ ᠪᠤᠶᠤ ᠪᠠᠷᠢᠮᠵᠢᠶ᠎ᠠ ᠳᠤ ᠬᠦᠷᠦᠭᠰᠡᠨ ᠨᠣᠷᠮ᠎ᠠ ᠨᠢ ᠶᠠᠰᠤ ᠴᠢᠨᠠᠷ ᠤᠨ ᠡᠵᠡᠮᠳᠡᠯ ᠤᠨ ᠵᠢᠭᠠᠯᠲᠠ ᠬᠡᠮᠵᠢᠭᠳᠡᠯ ᠳᠤ ᠬᠦᠷᠦᠭᠰᠡᠨ ᠠᠵᠢᠯ ᠤᠨ ᠬᠡᠰᠡᠭ ᠪᠦᠬᠦᠨ ᠢ ︽ᠠᠯᠤᠰ ᠎ ᠠᠴᠠ ᠬᠢᠨᠠᠨ ᠬᠡᠮᠵᠢᠭᠡᠳ ᠬᠢᠷᠢ ᠲᠡᠩᠴᠡᠭᠰᠡᠨ ᠬᠡᠰᠡᠭ︾᠎ ᠢᠶᠠᠷ ᠮᠠᠭᠠᠳᠯᠠᠨ ᠲᠣᠭᠲᠠᠭᠠᠨ᠎ᠠ︔ᠭᠦᠨᠴᠡ ᠶᠢᠨ ᠬᠢᠷᠢ ᠲᠡᠩᠴᠡᠭᠰᠡᠨ ᠨᠣᠷᠮ᠎ᠠ ᠪᠤᠶᠤ ᠪᠠᠷᠢᠮᠵᠢᠶ᠎ᠠ ᠳᠤ ᠬᠦᠷᠦᠭᠰᠡᠨ ᠨᠣᠷᠮ᠎ᠠ ᠎ ᠨᠢ ᠶᠠᠰᠤ ᠴᠢᠨᠠᠷ ᠤᠨ ᠡᠵᠡᠮᠳᠡᠯ ᠤᠨ ᠵᠢᠭᠠᠯᠲᠠ ᠬᠡᠮᠵᠢᠭᠳᠡᠯ ᠳᠤ ᠬᠦᠷᠦᠭᠰᠡᠨ ᠦᠭᠡᠢ ᠠᠵᠢᠯ ᠤᠨ ᠭᠠᠵᠠᠷ ᠢ ᠬᠢᠷᠢ ᠲᠡᠩᠴᠡᠭᠰᠡᠨ ᠦᠭᠡᠢ ᠭᠠᠵᠠᠷ ᠢᠶᠠᠷ ᠮᠠᠭᠠᠳᠯᠠᠨ ᠲᠣᠭᠲᠠᠭᠠᠨ᠎ᠠ᠃ᠬᠢᠷᠢ ᠲᠡᠩᠴᠡᠬᠦ ᠦᠭᠡᠢ ᠭᠠᠵᠠᠷ ᠲᠤ ᠠᠵᠢᠯ ᠤᠨ ᠨᠥᠬᠦᠪᠦᠷᠢ ᠬᠦᠷᠲᠡᠵᠦ ᠪᠣᠯᠬᠤ ᠦᠭᠡᠢ᠃   ︵ᠳᠥᠷᠪᠡ︶ ᠠᠵᠢᠯᠯᠠᠬᠤ ᠮᠠᠰᠢᠨ ᠴᠣᠭᠴᠠᠯᠠᠪᠤᠷᠢ ᠶᠢᠨ ᠮᠡᠳᠡᠭᠡ ᠵᠠᠩᠭᠢ ᠶᠢ ᠨᠡᠶᠢᠲᠡᠯᠡᠬᠦ ᠬᠡᠷᠡᠭᠲᠡᠢᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯ ᠢ ᠰᠠᠶᠢᠨ ᠳᠤᠷ᠎ᠠ ᠠᠴᠠ ᠪᠠᠨ ᠡᠭᠦᠷᠭᠡᠯᠡᠵᠦ ᠪᠠᠶᠢᠭ᠎ᠠ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠪᠤᠶᠤ ᠲᠠᠷᠢᠶᠠᠯᠠᠩ ᠤᠨ ᠮᠠᠰᠢᠨ ᠤ ᠡᠷᠦᠬᠡ ᠨᠢ ᠬᠤᠰᠢᠭᠤᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠲᠤ ᠭᠤᠶᠤᠴᠢᠯᠠᠨ ᠳᠠᠩᠰᠠᠯᠠᠭᠤᠯᠬᠤ ᠶᠢᠨ ᠬᠠᠮᠲᠤ᠂ ᠠᠵᠢᠯ ᠤᠨ ᠶᠠᠰᠤ ᠴᠢᠨᠠᠷ᠂ ᠬᠠᠷᠢᠭᠤᠴᠠᠯᠭ᠎ᠠ ᠡᠭᠦᠷᠭᠡ ᠵᠡᠷᠭᠡ ᠠᠮᠠᠯᠠᠯᠲᠠ ᠶᠢᠨ ᠪᠢᠴᠢᠭ ᠲᠤ ᠭᠠᠷ ᠤᠨ ᠥᠰᠥᠭ ᠵᠢᠷᠤᠵᠤ᠂ ᠠᠮᠠᠯᠠᠯᠲᠠ ᠶᠢᠨ ᠪᠢᠴᠢᠭ ᠢ ᠬᠤᠰᠢᠭᠤᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠠᠴᠠ ᠥᠪᠡᠰᠦᠪᠡᠨ ᠨᠠᠶᠢᠷᠠᠭᠤᠯᠤᠨ ᠵᠣᠬᠢᠶᠠᠨ᠎ᠠ᠃ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠪᠦᠷᠢᠳᠬᠡᠨ ᠳᠠᠩᠰᠠᠯᠠᠭᠤᠯᠤᠭᠰᠠᠨ ᠤ ᠳᠠᠷᠠᠭᠠᠬᠢ ᠲᠠᠷᠢᠶᠠᠯᠠᠩ ᠤᠨ ᠮᠠᠰᠢᠨ ᠤ ᠠᠵᠢᠯᠯᠠᠭᠠᠨ ᠤ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠪᠤᠶᠤ ᠲᠠᠷᠢᠶᠠᠯᠠᠩ ᠤᠨ ᠮᠠᠰᠢᠨ ᠤ ᠡᠷᠦᠬᠡ ᠵᠢᠴᠢ ᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯᠯᠠᠭᠠᠨ ᠤ ᠮᠠᠰᠢᠨ ᠴᠣᠭᠴᠠᠯᠠᠪᠤᠷᠢ ᠶᠢᠨ ᠬᠠᠮᠢᠶ᠎ᠠ ᠪᠦᠬᠦᠢ ᠮᠡᠳᠡᠭᠡ ᠵᠠᠩᠭᠢ ᠶᠢ ᠬᠤᠯᠪᠣᠭᠳᠠᠯ ᠪᠦᠬᠦᠢ ᠵᠠᠭᠤᠴᠢᠯᠠᠭᠤᠷ᠂ ᠰᠤᠮᠤ ᠪᠠᠯᠭᠠᠰᠤ ᠶᠢᠨ ᠭᠠᠴᠠᠭ᠎ᠠ ︵ᠲᠠᠯᠠᠪᠠᠶ︶᠎ ᠶᠢᠨ ᠵᠠᠷᠯᠠᠨ ᠨᠡᠶᠢᠲᠡᠯᠡᠬᠦ ᠪᠤᠯᠤᠩ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠮᠡᠳᠡᠪᠡᠰᠦ ᠵᠣᠬᠢᠬᠤ ᠬᠡᠪᠴᠢᠶᠡᠨ ᠳᠤ ᠨᠡᠶᠢᠲᠡᠯᠡᠨ᠎ᠡ᠃ ︽ᠤᠷᠢᠳᠠᠪᠠᠷ ᠢᠯᠡ ᠨᠡᠶᠢᠲᠡᠯᠡᠵᠦ ᠂ ᠳᠠᠷᠠᠭ᠎ᠠ ᠨᠢ ᠠᠵᠢᠯᠯᠠᠬᠤ︾ ᠵᠠᠷᠴᠢᠮ ᠢ ᠪᠠᠷᠢᠮᠲᠠᠯᠠᠨ᠎ᠠ᠃    ︵ᠲᠠᠪᠤ︶ ᠭᠦᠨ ᠰᠤᠯᠠᠷᠠᠭᠤᠯᠬᠤ ᠠᠵᠢᠯ ᠢ ᠥᠷᠨᠢᠭᠦᠯᠬᠦ ᠬᠡᠷᠡᠭᠲᠡᠢ    ᠭᠠᠵᠠᠷ ᠰᠢᠷᠣᠢ ᠡᠵᠡᠩᠨᠡᠭᠴᠢ ᠨᠢ ᠨᠢᠭᠡᠨᠲᠡ ᠨᠡᠶᠢᠲᠡᠯᠡᠭᠰᠡᠨ ᠲᠠᠷᠢᠶᠠᠯᠠᠩ ᠤᠨ ᠮᠠᠰᠢᠨ ᠢᠶᠠᠷ ᠠᠵᠢᠯᠯᠠᠬᠤ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠪᠤᠶᠤ ᠲᠠᠷᠢᠶᠠᠯᠠᠩ ᠤᠨ ᠮᠠᠰᠢᠨ ᠤ ᠡᠷᠦᠬᠡ ᠶᠢ ᠪᠡᠶ᠎ᠡ ᠪᠠᠨ ᠳᠠᠭᠠᠭᠠᠵᠤ ᠬᠥᠯᠥᠰᠦᠯᠡᠨ ᠲᠡᠭᠦᠨ ᠳᠤ ᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯ ᠤᠨ ᠦᠢᠯᠡᠴᠢᠯᠡᠭᠡ ᠬᠠᠩᠭᠠᠪᠠᠯ᠂ ᠬᠤᠶᠠᠷ ᠲᠠᠯ᠎ᠠ ᠪᠠᠷ ᠢᠶᠠᠨ ᠠᠵᠢᠯ ᠤᠨ ᠭᠡᠷ᠎ᠡ ᠲᠣᠭᠲᠠᠭᠠᠬᠤ ᠬᠡᠷᠡᠭᠲᠡᠢ ︵ᠨᠠᠷᠢᠨ ᠵᠦᠢᠯᠡᠰ ᠢ 1᠎ ᠶᠢ ᠳᠠᠭᠠᠯᠳᠤᠭᠤᠯᠪᠠ︶᠂ ᠭᠦᠨ ᠰᠤᠯᠠᠷᠠᠭᠤᠯᠬᠤ ᠲᠠᠯᠠᠪᠠᠢ᠂ ᠠᠵᠢᠯ ᠤᠨ ᠶᠠᠰᠤ ᠴᠢᠨᠠᠷ᠂ ᠠᠵᠢᠯ ᠤᠨ ᠦᠨ᠎ᠡ᠂ ᠰᠦᠢᠳᠬᠡᠯ ᠬᠤᠷᠢᠶᠠᠬᠤ ᠠᠷᠭ᠎ᠠ ᠮᠠᠶ᠋ᠢᠭ ︵ᠵᠥᠷᠢᠶᠡᠲᠦ ᠦᠨ᠎ᠡ ᠪᠠᠷ ᠰᠦᠢᠳᠬᠡᠯ ᠬᠤᠷᠢᠶᠠᠬᠤ᠂ ᠪᠦᠬᠦ ᠦᠨ᠎ᠡ ᠪᠠᠷ ᠰᠦᠢᠳᠬᠡᠯ ᠬᠤᠷᠢᠶᠠᠬᠤ︶ ᠵᠡᠷᠭᠡ ᠶᠢ ᠲᠣᠳᠣᠷᠬᠠᠢ ᠲᠣᠭᠲᠠᠭᠠᠬᠤ ᠬᠡᠷᠡᠭᠲᠡᠢ᠃ ᠲᠠᠷᠢᠶᠠᠯᠠᠩ ᠤᠨ ᠮᠠᠰᠢᠨ ᠢᠶᠠᠷ ᠠᠵᠢᠯᠯᠠᠬᠤ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠪᠤᠶᠤ ᠲᠠᠷᠢᠶᠠᠯᠠᠩ ᠤᠨ ᠮᠠᠰᠢᠨ ᠤ ᠡᠷᠦᠬᠡ ᠨᠦᠭᠦᠳ ᠠᠵᠢᠯᠯᠠᠬᠤ ᠡᠭᠦᠷᠭᠡ ᠪᠠᠨ ᠴᠠᠭ ᠲᠤᠬᠠᠢ ᠳᠤᠨᠢ ᠪᠡᠶᠡᠯᠡᠭᠦᠯᠬᠦ ᠬᠡᠷᠡᠭᠲᠡᠢ︔ ᠠᠵᠢᠯᠯᠠᠬᠤ ᠶᠠᠪᠤᠴᠠ ᠳᠤ ᠠᠯᠤᠰ ᠠᠴᠠ ᠬᠢᠨᠠᠨ ᠬᠡᠮᠵᠢᠬᠦ ᠲᠥᠬᠦᠭᠡᠷᠦᠮᠵᠢ ᠶᠢᠨ ᠠᠵᠢᠯ ᠤᠨ ᠬᠡᠪ ᠤᠨ ᠪᠠᠶᠢᠳᠠᠯ ᠢ ᠪᠠᠲᠤᠯᠠᠬᠤ ᠶᠢᠨ ᠬᠠᠮᠲᠤ ᠬᠢᠨᠠᠨ ᠬᠡᠮᠵᠢᠭᠰᠡᠨ ᠮᠡᠳᠡᠭᠡ ᠵᠠᠩᠭᠢ ᠶᠢ ᠦᠨᠳᠦᠰᠦᠯᠡᠨ ᠮᠠᠰᠢᠨ ᠴᠣᠭᠴᠠᠯᠠᠪᠤᠷᠢ ᠶᠢᠨ ᠪᠠᠶᠢᠳᠠᠯ ᠪᠠ ᠠᠵᠢᠯ ᠤᠨ ᠭᠦᠨᠴᠡ ᠶᠢ ᠴᠠᠭ ᠲᠤᠨᠢ ᠲᠣᠬᠢᠷᠠᠭᠤᠯᠤᠨ ᠲᠣᠬᠢᠷᠠᠭᠤᠯᠵᠤ᠂ ᠠᠵᠢᠯ ᠤᠨ ᠶᠠᠰᠤ ᠴᠢᠨᠠᠷ ᠢ ᠪᠠᠲᠤᠯᠠᠬᠤ ᠬᠡᠷᠡᠭᠲᠡᠢ︔ ᠠᠵᠢᠯᠯᠠᠬᠤ ᠮᠠᠰᠢᠨᠴᠢ ᠬᠢᠭᠡᠳ ᠭᠠᠵᠠᠷ ᠰᠢᠷᠣᠢ ᠡᠵᠡᠩᠨᠡᠭᠴᠢ ᠬᠤᠶᠠᠷ ᠲᠠᠯ᠎ᠠ ᠪᠠᠷ ᠢᠶᠠᠨ ᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯ ᠳᠠᠭᠤᠰᠤᠭᠰᠠᠨ ᠤ ᠳᠠᠷᠠᠭ᠎ᠠ ︽ᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯ ᠤᠨ ᠬᠠᠭᠤᠳᠠᠰᠤ︾ ︵4᠎ ᠶᠢ ᠳᠠᠭᠠᠯᠳᠤᠭᠤᠯᠪᠠ︶᠎ ᠶᠢ ᠴᠠᠭ ᠲᠤᠬᠠᠢ ᠳᠤᠨᠢ ᠲᠠᠭᠯᠠᠨ ᠪᠢᠴᠢᠬᠦ ᠬᠡᠷᠡᠭᠲᠡᠢ︔ᠠᠵᠢᠯ ᠤᠨ ᠶᠠᠪᠤᠴᠠ ᠳᠤ ᠭᠠᠵᠠᠷ ᠰᠢᠷᠣᠢ ᠡᠵᠡᠩᠨᠡᠭᠴᠢ ᠨᠢ ᠠᠵᠢᠯ ᠤᠨ ᠶᠠᠰᠤ ᠴᠢᠨᠠᠷ ᠲᠤ ᠬᠢᠨᠠᠯᠲᠠ ᠲᠠᠯᠪᠢᠬᠤ ᠡᠷᠬᠡ ᠪᠠ ᠡᠭᠦᠷᠭᠡ ᠲᠠᠢ︔ ᠲᠠᠷᠢᠶᠠᠯᠠᠩ ᠤᠨ ᠮᠠᠰᠢᠨ ᠢᠶᠠᠷ ᠠᠵᠢᠯᠯᠠᠬᠤ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠪᠤᠶᠤ ᠲᠠᠷᠢᠶᠠᠯᠠᠩ ᠤᠨ ᠮᠠᠰᠢᠨ ᠤ ᠡᠷᠦᠬᠡ ᠴᠠᠭ ᠲᠤᠬᠠᠢ ᠳᠤᠨᠢ ︽ᠲᠠᠷᠢᠶᠠᠨ ᠭᠠᠵᠠᠷ ᠢ ᠰᠤᠯᠠᠷᠠᠭᠤᠯᠬᠤ ᠠᠵᠢᠯ ᠤᠨ ᠬᠠᠭᠤᠳᠠᠰᠤ︾᠎ ᠶᠢ ᠬᠠᠷᠭᠤᠭᠤᠯᠤᠨ ᠬᠤᠷᠢᠶᠠᠩᠭᠤᠶᠢᠯᠠᠬᠤ ᠶᠢᠨ ᠬᠠᠮᠲᠤ ᠠᠵᠢᠯᠯᠠᠬᠤ ᠭᠡᠷ᠎ᠡ ᠲᠠᠢ ᠪᠠᠨ ᠬᠠᠮᠲᠤ ᠳᠤᠨᠢ ᠬᠤᠰᠢᠭᠤᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠢ᠃    ︵ᠵᠢᠷᠭᠤᠭ᠎ᠠ︶ ᠠᠵᠢᠯ ᠤᠨ ᠶᠠᠰᠤ ᠴᠢᠨᠠᠷ ᠬᠢᠭᠡᠳ ᠲᠠᠯᠠᠪᠠᠶ ᠶᠢ ᠰᠤᠭᠤᠴᠢᠨ ᠪᠠᠶᠢᠴᠠᠭᠠᠵᠤ ᠳᠠᠬᠢᠨ ᠬᠢᠨᠠᠬᠤ    1. ᠠᠵᠢᠯ ᠤᠨ ᠶᠠᠰᠤ ᠴᠢᠨᠠᠷ ᠬᠢᠭᠡᠳ ᠲᠠᠯᠠᠪᠠᠶ ᠶᠢ ᠬᠥᠮᠥᠨ ᠤ ᠬᠦᠴᠦ ᠪᠠᠷ ᠰᠤᠭᠤᠴᠢᠨ ᠪᠠᠶᠢᠴᠠᠭᠠᠨ᠎ᠠ᠃ᠬᠤᠰᠢᠭᠤᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯ ᠤᠨ ᠬᠤᠭᠤᠴᠠᠭᠠᠨ ᠳᠤ ᠴᠠᠭ ᠲᠤᠨᠢ ᠲᠣᠬᠢᠷᠠᠭᠤᠯᠤᠨ ᠬᠥᠮᠥᠨ ᠤ ᠬᠦᠴᠦ ᠪᠠᠷ ᠰᠤᠭᠤᠴᠢᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠨᠥᠬᠦᠪᠦᠷᠢ ᠥᠭᠬᠦ ᠠᠵᠢᠯ ᠳᠤ ᠣᠷᠣᠯᠴᠠᠭᠰᠠᠨ ᠮᠠᠰᠢᠨ ᠴᠣᠭᠴᠠᠯᠠᠪᠤᠷᠢ ᠳᠤ ᠬᠥᠮᠥᠨ ᠤ ᠬᠦᠴᠦ ᠪᠠᠷ ᠰᠤᠭᠤᠴᠢᠨ ᠪᠠᠶᠢᠴᠠᠭᠠᠬᠤ ᠶᠢ ᠨᠡᠶᠢᠳᠡᠮ ᠪᠦᠷᠬᠦᠭᠦᠯᠵᠦ᠂ ᠠᠵᠢᠯ ᠤᠨ ᠶᠠᠰᠤ ᠴᠢᠨᠠᠷ ᠨᠢ ᠲᠣᠭᠲᠠᠭᠤᠨ ᠪᠤᠰᠤ ᠵᠢᠴᠢ ᠳᠣᠬᠢᠶ᠎ᠠ ᠦᠭᠡᠢ ᠣᠷᠣᠨ ᠳᠤ ᠠᠵᠢᠯᠯᠠᠬᠤ ᠮᠠᠰᠢᠨ ᠴᠣᠭᠴᠠᠯᠠᠪᠤᠷᠢ ᠳᠤ ᠰᠤᠭᠤᠴᠢᠨ ᠪᠠᠶᠢᠴᠠᠭᠠᠬᠤ ᠤᠳᠠᠭ᠎ᠠ ᠶᠢ ᠨᠡᠮᠡᠬᠦ ᠶᠢᠨ ᠬᠠᠮᠲᠤ ᠬᠥᠮᠥᠨ ᠤ ᠬᠦᠴᠦ ᠪᠠᠷ ᠰᠤᠭᠤᠴᠢᠨ ᠪᠠᠶᠢᠴᠠᠭᠠᠬᠤ ᠲᠡᠮᠳᠡᠭᠯᠡᠯ ᠤᠨ ᠬᠦᠰᠦᠨᠦᠭ ︵ᠳᠠᠭᠠᠯᠳᠤᠭᠤᠯᠤᠯ 5︶᠎ ᠢ ᠲᠠᠭᠯᠠᠨ᠎ᠠ᠃ ᠬᠥᠮᠥᠨ ᠤ ᠬᠦᠴᠦ ᠪᠠᠷ ᠰᠤᠭᠤᠴᠢᠨ ᠪᠠᠶᠢᠴᠠᠭᠠᠬᠤ ᠶᠢ ︽ᠠᠯᠤᠰ ᠡᠵᠡᠮᠰᠢᠯᠲᠦ ᠬᠢᠨᠠᠨ ᠬᠡᠮᠵᠢᠯᠲᠡ ᠳᠤ ᠬᠢᠷᠢ ᠲᠡᠩᠴᠡᠭᠰᠡᠨ ᠭᠠᠵᠠᠷ︾᠎ ᠳᠤ ᠶᠠᠪᠤᠭᠳᠠᠭᠤᠯᠤᠨ᠎ᠠ᠂ ᠬᠡᠷᠪᠡ ᠬᠥᠮᠥᠨ ᠤ ᠬᠦᠴᠦ ᠪᠠᠷ ᠰᠤᠭᠤᠴᠢᠨ ᠪᠠᠶᠢᠴᠠᠭᠠᠭᠰᠠᠨ ᠭᠦᠨᠴᠡ ᠶᠢᠨ ᠬᠢᠷᠢ ᠲᠡᠩᠴᠡᠭᠰᠡᠨ ᠨᠣᠷᠮ᠎ᠠ ᠨᠢ 85% ᠎ ᠠᠴᠠ ᠳᠡᠭᠡᠭᠰᠢ ᠪᠣᠯᠤᠭᠰᠠᠨ ᠮᠥᠷᠲᠡᠭᠡᠨ ᠭᠦᠨ ᠰᠤᠯᠠ ᠭᠠᠵᠠᠷ ᠢ ᠬᠠᠭᠠᠯᠪᠤᠷᠢᠯᠠᠬᠤ ᠳᠤ ᠭᠤᠭᠤᠵᠢᠭᠳᠠᠭᠰᠠᠨ ᠦᠭᠡᠢ ᠪᠠᠶᠢᠪᠠᠯ᠂ ᠲᠣᠰ ᠭᠠᠵᠠᠷ ᠨᠢ ᠬᠢᠷᠢ ᠲᠡᠩᠴᠡᠭᠰᠡᠨ ᠭᠠᠵᠠᠷ ᠪᠣᠯᠣᠨ᠎ᠠ᠂ ᠡᠰᠡ ᠲᠡᠭᠡᠪᠡᠯ ᠬᠢᠷᠢ ᠲᠡᠩᠴᠡᠭᠰᠡᠨ ᠦᠭᠡᠢ ᠭᠠᠵᠠᠷ ᠪᠣᠯᠣᠨ᠎ᠠ︔ ᠬᠡᠷᠪᠡ ᠬᠥᠮᠥᠨ ᠤ ᠬᠦᠴᠦ ᠪᠠᠷ ᠰᠣᠩᠭᠤᠨ ᠪᠠᠶᠢᠴᠠᠭᠠᠭᠠᠳ ᠬᠢᠷᠢ ᠲᠡᠩᠴᠡᠭᠰᠡᠨ ᠦᠭᠡᠢ ᠪᠠᠶᠢᠳᠠᠯ ᠭᠠᠷᠪᠠᠯ ᠂ ᠲᠤᠰ ᠮᠠᠰᠢᠨ ᠴᠣᠭᠴᠠᠯᠠᠪᠤᠷᠢ ᠶᠢᠨ ᠠᠵᠢᠯᠯᠠᠵᠤ ᠪᠠᠶᠢᠭ᠎ᠠ ᠭᠠᠵᠠᠷ ᠢ ᠥᠷᠭᠡᠳᠬᠡᠨ ᠰᠣᠩᠭᠤᠨ ᠪᠠᠶᠢᠴᠠᠭᠠᠵᠤ᠂ ᠬᠢᠷᠢ ᠲᠡᠩᠴᠡᠭᠰᠡᠨ ᠦᠭᠡᠢ ᠭᠠᠵᠠᠷ ᠢ ᠪᠦᠬᠦᠨ ᠢ ᠬᠠᠰᠤᠵᠤ ᠬᠠᠶᠠᠬᠤ ᠬᠡᠷᠡᠭᠲᠡᠢ᠃ ᠬᠥᠮᠥᠨ ᠤ ᠬᠦᠴᠦ ᠪᠠᠷ ᠰᠣᠩᠭᠤᠨ ᠪᠠᠶᠢᠴᠠᠭᠠᠬᠤ ᠠᠷᠭ᠎ᠠ︵ᠳᠠᠭᠠᠯᠳᠤᠭᠤᠯᠤᠯ 2᠎ ᠢ ᠦᠵᠡ︶᠃    2. ᠠᠵᠢᠯ ᠤᠨ ᠶᠠᠰᠤ ᠴᠢᠨᠠᠷ ᠬᠢᠭᠡᠳ ᠲᠠᠯᠠᠪᠠᠢ ᠶᠢ ᠲᠠᠬᠢᠨ ᠬᠢᠨᠠᠬᠤ᠂ ᠬᠢᠷᠢ ᠲᠡᠩᠴᠡᠭᠰᠡᠨ ᠭᠠᠵᠠᠷ ᠤᠨ ᠲᠠᠯᠠᠪᠠᠢ ᠶᠢ ᠨᠤᠲᠠᠯᠠᠬᠤ᠃ ᠠᠯᠤᠰ ᠡᠵᠡᠮᠰᠢᠯᠲᠦ ᠬᠢᠨᠠᠨ ᠬᠡᠮᠵᠢᠯᠲᠡ ᠶᠢᠨ ᠬᠤᠯᠪᠣᠭᠳᠠᠯ ᠪᠦᠬᠦᠢ ᠮᠡᠳᠡᠭᠡ ᠵᠠᠩᠭᠢ ᠶᠢᠨ ᠲᠤᠭ᠎ᠠ ᠪᠠᠷᠢᠮᠲᠠ ᠲᠠᠢ ᠬᠠᠷᠢᠴᠠᠭᠤᠯᠵᠤ᠂ ︽ᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯ ᠤᠨ ᠬᠠᠭᠤᠳᠠᠰᠤ︾᠎ ᠶᠢᠨ ᠳᠡᠭᠡᠭᠰᠢ ᠮᠡᠳᠡᠭᠦᠯᠦᠭᠰᠡᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠳᠠᠬᠢᠨ ᠬᠢᠨᠠᠵᠤ᠂ ᠬᠡᠷᠪᠡ ᠬᠤᠶᠠᠭᠤᠯᠠ ᠪᠠᠨ ᠨᠡᠶᠢᠴᠡᠪᠡᠯ᠂ ︽ᠠᠯᠤᠰ ᠡᠵᠡᠮᠰᠢᠯᠲᠦ ᠬᠢᠨᠠᠨ ᠬᠡᠮᠵᠢᠯᠲᠡ ᠳᠤ ᠬᠢᠷᠢ ᠲᠡᠩᠴᠡᠭᠰᠡᠨ ᠬᠡᠰᠡᠭ ᠭᠠᠵᠠᠷ︾᠎ ᠠᠴᠠ ᠬᠥᠮᠥᠨ ᠤ ᠬᠦᠴᠦ ᠪᠠᠷ ᠰᠤᠭᠤᠴᠢᠨ ᠪᠠᠶᠢᠴᠠᠭᠠᠭᠠᠳ ᠬᠢᠷᠢ ᠲᠡᠩᠴᠡᠭᠰᠡᠨ ᠦᠭᠡᠢ ᠬᠡᠰᠡᠭ ᠭᠠᠵᠠᠷ ᠤᠨ ᠲᠠᠯᠠᠪᠠᠶ ᠪᠠ ᠳᠠᠬᠢᠨ ᠲᠠᠷᠢᠶᠠᠯᠠᠬᠤ ᠲᠠᠯᠠᠪᠠᠶ ᠶᠢ ᠬᠠᠰᠤᠨ᠎ᠠ᠂ ᠡᠨᠡ ᠨᠢ ᠳᠠᠷᠤᠢ ᠬᠠᠮᠤᠭ ᠡᠴᠦᠰ ᠲᠤ ᠮᠠᠭᠠᠳᠯᠠᠨ ᠲᠣᠭᠲᠠᠭᠠᠭᠰᠠᠨ ︽ᠬᠢᠷᠢ ᠲᠡᠩᠴᠡᠭᠰᠡᠨ ᠬᠡᠰᠡᠭ ᠭᠠᠵᠠᠷ ᠤᠨ ᠲᠠᠯᠠᠪᠠᠶ︾ ᠪᠣᠯᠣᠨ᠎ᠠ︔ ᠬᠡᠷᠪᠡ ᠬᠤᠶᠠᠭᠤᠯᠠ ᠪᠠᠨ ᠨᠡᠯᠢᠶᠡᠳ ᠶᠡᠭᠡ ᠵᠥᠷᠢᠶ᠎ᠡ ᠲᠠᠢ ︵ᠵᠢᠱᠢᠶᠡᠯᠡᠪᠡᠯ ᠲᠠᠯᠠᠪᠠᠶ᠂ ᠭᠦᠨᠴᠡ ᠨᠢ ᠲᠠᠪᠴᠠᠩ ᠤᠨ ᠲᠤᠭ᠎ᠠ ᠪᠠᠷᠢᠮᠲᠠ ᠯᠤᠭ᠎ᠠ ᠢᠯᠡᠳᠲᠡ ᠨᠡᠶᠢᠴᠡᠬᠦ ᠦᠭᠡᠢ ᠵᠡᠷᠭᠡ︶ ᠪᠤᠶᠤ ᠮᠠᠷᠭᠤᠭᠠᠨ ᠲᠠᠢ ᠪᠠᠶᠢᠪᠠᠯ᠂ ᠬᠦᠴᠦᠨ ᠢᠶᠠᠨ ᠵᠣᠬᠢᠶᠠᠨ ᠪᠠᠶᠢᠭᠤᠯᠵᠤ ᠪᠠᠶᠢᠭᠠᠳ ᠨᠡᠶᠢᠴᠡᠬᠦ ᠦᠭᠡᠢ ᠵᠢᠴᠢ ᠮᠠᠷᠭᠤᠭᠠᠨ ᠲᠠᠢ ᠬᠡᠰᠡᠭ ᠢ ᠬᠠᠷᠭᠤᠭᠤᠯᠤᠨ ᠪᠠᠶᠢᠴᠠᠭᠠᠵᠤ᠂ ᠬᠠᠷᠭᠤᠭᠤᠯᠤᠨ ᠪᠠᠶᠢᠴᠠᠭᠠᠭᠰᠠᠨ ᠤ ᠳᠠᠷᠠᠭ᠎ᠠ ᠬᠢᠷᠢ ᠲᠡᠩᠴᠡᠭᠰᠡᠨ ᠢ ᠨᠤᠲᠠᠯᠠᠭᠰᠠᠨ ᠭᠠᠵᠠᠷ ᠤᠨ ᠲᠠᠯᠠᠪᠠᠶ ᠶᠢ ︽ᠬᠢᠷᠢ ᠲᠡᠩᠴᠡᠭᠰᠡᠨ ᠭᠠᠵᠠᠷ ᠤᠨ ᠲᠠᠯᠠᠪᠠᠶ︾᠎ ᠳᠤ ᠣᠷᠣᠭᠤᠯᠬᠤ ᠬᠡᠷᠡᠭᠲᠡᠢ᠃ᠳᠠᠬᠢᠨ ᠬᠢᠨᠠᠵᠤ ᠨᠤᠲᠠᠯᠠᠭᠰᠠᠨ ᠤ ᠳᠠᠷᠠᠭ᠎ᠠ ︽ᠬᠢᠷᠢ ᠲᠡᠩᠴᠡᠭᠰᠡᠨ ᠭᠠᠵᠠᠷ ᠤᠨ ᠲᠠᠯᠠᠪᠠᠶ︾᠎ ᠶᠢ ᠬᠤᠷᠢᠶᠠᠩᠭᠤᠶᠢᠯᠠᠵᠤ᠂ ︽ᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯ ᠤᠨ ᠰᠢᠯᠭᠠᠨ ᠠᠪᠬᠤ ᠬᠠᠭᠤᠳᠠᠰᠤ︾ ᠪᠣᠯᠭᠠᠨ᠎ᠠ ︵ᠨᠠᠷᠢᠨ ᠵᠦᠢᠯ ᠢ 6᠎ ᠶᠢ ᠳᠠᠭᠠᠯᠳᠤᠭᠤᠯᠪᠠ︶᠃    ︵ᠳᠣᠯᠤᠭ᠎ᠠ︶ ᠠᠵᠢᠯ ᠤᠨ ᠪᠠᠶᠢᠳᠠᠯ ᠢ ᠢᠯᠡ ᠨᠡᠶᠢᠲᠡᠯᠡᠬᠦ    ︽ᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯ ᠤᠨ ᠰᠢᠯᠭᠠᠨ ᠠᠪᠬᠤ ᠬᠠᠭᠤᠳᠠᠰᠤ︾᠎ ᠶᠢ ᠭᠠᠴᠠᠭ᠎ᠠ ᠲᠣᠰᠬᠤᠨ ᠤ ᠶᠠᠪᠤᠳᠠᠯ ︵ᠲᠠᠯᠠᠪᠠᠶ ᠶᠢᠨ ᠶᠠᠪᠤᠳᠠᠯ︶᠎ ᠢ ᠢᠯᠡ ᠪᠣᠯᠭᠠᠬᠤ ᠪᠤᠯᠤᠩ ᠳᠤ ᠢᠯᠡ ᠨᠡᠶᠢᠲᠡᠯᠡᠬᠦ ᠬᠡᠷᠡᠭᠲᠡᠢ᠂ ᠢᠯᠡ ᠨᠡᠶᠢᠲᠡᠯᠡᠬᠦ ᠬᠤᠭᠤᠴᠠᠭ᠎ᠠ ᠨᠢ 7 ᠠᠵᠢᠯᠯᠠᠬᠤ ᠡᠳᠦᠷ ᠪᠣᠯᠣᠨ᠎ᠠ᠃ᠵᠠᠷᠯᠠᠨ ᠨᠡᠶᠢᠲᠡᠯᠡᠭᠰᠡᠨ ᠤ ᠳᠠᠷᠠᠭ᠎ᠠ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ︽ᠥᠪᠥᠷ ᠮᠣᠩᠭᠤᠯ ᠤᠨ 2022 ᠣᠨ ᠤ ᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯ ᠤᠨ ᠨᠥᠬᠦᠪᠦᠷᠢ ᠮᠥᠩᠭᠦ ᠶᠢᠨ ᠨᠠᠷᠢᠨ ᠬᠦᠰᠦᠨᠦᠭᠲᠦ︾ ︵7᠂ 8᠎ ᠶᠢ ᠳᠠᠭᠠᠯᠳᠤᠭᠤᠯᠪᠠ︶ ᠪᠠ ︽ᠥᠪᠥᠷ ᠮᠣᠩᠭᠤᠯ ᠤᠨ 2022 ᠣᠨ ᠤ ᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯ ᠤᠨ ᠨᠥᠬᠦᠪᠦᠷᠢ ᠮᠥᠩᠭᠦ ᠶᠢᠨ ᠪᠠᠶᠢᠳᠠᠯ ᠤᠨ ᠬᠤᠷᠢᠶᠠᠩᠭᠤᠢ ᠬᠦᠰᠦᠨᠦᠭᠲᠦ︾ ︵9᠎ ᠶᠢ ᠳᠠᠭᠠᠯᠳᠤᠭᠤᠯᠪᠠ︶᠎ ᠶᠢ ᠨᠠᠶᠢᠷᠠᠭᠤᠯᠤᠨ ᠵᠣᠬᠢᠶᠠᠵᠤ᠂ ᠲᠣᠰ ᠬᠤᠰᠢᠭᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠤᠨ᠎ᠠ᠃    ︵ᠨᠠᠢᠮᠠ︶ ᠲᠤᠰᠠᠯᠠᠮᠵᠢ ᠶᠢᠨ ᠪᠡᠯᠡ ᠮᠥᠩᠭᠦ ᠪᠠᠷ ᠥᠭᠬᠦ    ᠬᠤᠰᠢᠭᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠥᠬᠦᠪᠦᠷᠢ ᠥᠭᠬᠦ ᠠᠵᠢᠯ ᠤᠨ ︽ᠥᠪᠥᠷ ᠮᠣᠩᠭᠤᠯ ᠤᠨ 2022 ᠣᠨ ᠤ ᠲᠠᠷᠢᠶᠠᠨ ᠭᠠᠵᠠᠷ ᠢ ᠰᠤᠯᠠᠷᠠᠭᠤᠯᠬᠤ ᠠᠵᠢᠯ ᠤᠨ ᠨᠥᠬᠦᠪᠦᠷᠢ ᠪᠡᠯᠡ ᠮᠥᠩᠭᠦ ᠶᠢᠨ ᠨᠠᠷᠢᠨ ᠬᠦᠰᠦᠨᠦᠭᠲᠦ︾ ᠶᠣᠰᠣᠭᠠᠷ᠂ ᠲᠥᠪ ᠤᠨ ᠡᠳ᠋ ᠤᠨ ᠵᠠᠰᠠᠭ ᠤᠨ ᠨᠥᠬᠦᠪᠦᠷᠢ ᠪᠡᠯᠡ ᠮᠥᠩᠭᠦ ᠶᠢ ᠭᠠᠵᠠᠷ ᠰᠢᠷᠣᠢ ᠡᠵᠡᠩᠨᠡᠭᠴᠢ ᠪᠤᠶᠤ ᠲᠠᠷᠢᠶᠠᠯᠠᠩ ᠤᠨ ᠮᠠᠰᠢᠨ ᠢᠶᠠᠷ ᠠᠵᠢᠯᠯᠠᠬᠤ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ᠂ ᠲᠠᠷᠢᠶᠠᠯᠠᠩ ᠤᠨ ᠮᠠᠰᠢᠨ ᠢᠶᠠᠷ ᠠᠵᠢᠯᠯᠠᠬᠤ ᠡᠷᠦᠬᠡ ᠳᠤ ᠣᠯᠭᠤᠨ᠎ᠠ᠂ ᠪᠠᠰᠠ ᠲᠠᠷᠢᠶᠠᠯᠠᠩ ᠤᠨ ᠰᠢᠭᠤᠳ ᠨᠥᠬᠦᠪᠦᠷᠢ ᠶᠢᠨ ︽ᠪᠦᠬᠦᠨ ᠳᠤ ᠲᠣᠬᠢᠷᠠᠬᠤ ᠺᠠᠷᠲ︾᠎ ᠤᠨ ᠲᠠᠩᠰᠠᠨ ᠡᠷᠦᠬᠡ ᠳᠤ ᠰᠢᠭᠤᠳ ᠥᠭᠴᠦ ᠪᠣᠯᠣᠨ᠎ᠠ᠃   ᠲᠠᠪᠤ᠂ ᠠᠵᠢᠯ ᠤᠨ ᠠᠬᠢᠴᠠ ᠶᠢᠨ ᠱᠠᠭᠠᠷᠳᠠᠯᠭ᠎ᠠ   ᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯ ᠤᠨ ᠬᠡᠷᠡᠭᠵᠢᠭᠦᠯᠬᠦ ᠲᠥᠰᠥᠯ ᠢ ᠲᠣᠭᠲᠠᠭᠠᠬᠤ ᠶᠢᠨ ᠬᠠᠮᠲᠤ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠪᠠ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ ᠠᠵᠢᠯᠯᠠᠬᠤ ᠮᠠᠰᠢᠨ ᠴᠣᠭᠴᠠᠯᠠᠪᠤᠷᠢ ᠶᠢ ᠪᠠᠶᠢᠴᠠᠭᠠᠨ ᠵᠠᠰᠠᠵᠤ ᠲᠣᠬᠢᠷᠠᠭᠤᠯᠤᠨ ᠲᠤᠷᠰᠢᠬᠤ᠂ ᠨᠥᠬᠦᠪᠦᠷᠢ ᠥᠭᠴᠦ ᠠᠵᠢᠯᠯᠠᠬᠤ ᠮᠠᠰᠢᠨ ᠴᠣᠭᠴᠠᠯᠠᠪᠤᠷᠢ ᠶᠢᠨ ᠠᠯᠤᠰ ᠎ ᠠᠴᠠ ᠬᠢᠨᠠᠨ ᠬᠡᠮᠵᠢᠬᠦ ᠦᠵᠦᠭᠦᠷ ᠲᠥᠬᠦᠭᠡᠷᠦᠮᠵᠢ ᠶᠢ ᠰᠣᠩᠭᠤᠨ ᠬᠤᠳᠠᠯᠳᠤᠨ ᠠᠪᠴᠤ ᠤᠭᠰᠠᠷᠠᠬᠤ ᠪᠠ ᠲᠣᠬᠢᠷᠠᠭᠤᠯᠤᠨ ᠲᠤᠷᠰᠢᠬᠤ ᠶᠢ ᠬᠠᠷᠭᠤᠭᠤᠯᠬᠤ ᠪᠠ ᠠᠵᠢᠯᠲᠠᠨ ᠢ ᠪᠣᠯᠪᠠᠰᠤᠷᠠᠭᠤᠯᠬᠤ ᠵᠡᠷᠭᠡ ᠠᠵᠢᠯ ᠢ ᠥᠷᠨᠢᠭᠦᠯᠬᠦ ᠬᠡᠷᠡᠭᠲᠡᠢ᠃   2022 ᠣᠨ ᠤ 12 ᠰᠠᠷ᠎ᠠ ᠶᠢᠨ 15᠎ ᠤ ᠡᠳᠦᠷ ᠠᠴᠠ ᠡᠮᠦᠨ᠎ᠡ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠡᠳ᠋ ᠤᠨ ᠵᠠᠰᠠᠭ ᠤᠨ ᠰᠠᠯᠠᠭ᠎ᠠ ᠮᠥᠴᠢᠷ ᠬᠤᠯᠪᠤᠭᠠᠯᠠᠨ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠳᠤ ᠠᠯᠪᠠᠨ ᠶᠣᠰᠣᠨ ᠤ ᠪᠢᠴᠢᠭ ᠮᠠᠲ᠋ᠧᠷᠢᠶᠠᠯ ᠢᠶᠠᠷ ᠪᠥᠬᠦ ᠵᠢᠯ ᠤᠨ ᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯ ᠤᠨ ᠳ᠋ᠦᠩᠨᠡᠯᠲᠡ ᠪᠠ ᠠᠵᠢᠯ ᠤᠨ ᠦᠷ᠎ᠡ ᠪᠦᠲᠦᠮᠵᠢ ᠶᠢᠨ ᠥᠪᠡᠷ ᠤᠨ ᠦᠨᠡᠯᠡᠯᠲᠡ ᠶᠢᠨ ᠮᠡᠳᠡᠭᠦᠯᠦᠯᠲᠡ ᠶᠢ ᠮᠡᠳᠡᠭᠦᠯᠦᠨ ᠬᠦᠷᠭᠡᠨ᠎ᠡ᠃   2022 ᠣᠨ ᠤ 12 ᠰᠠᠷ᠎ᠠ ᠶᠢᠨ 31᠎ ᠤ ᠡᠳᠦᠷ ᠠᠴᠠ ᠡᠮᠦᠨ᠎ᠡ᠂ ᠲᠣᠰ ᠵᠢᠯ ᠤᠨ ᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯ ᠤᠨ ᠨᠥᠬᠦᠪᠦᠷᠢ ᠪᠡᠯᠡ ᠮᠥᠩᠭᠦ ᠶᠢ ᠣᠯᠭᠤᠬᠤ ᠠᠵᠢᠯ ᠢ ᠪᠡᠶᠡᠯᠡᠭᠦᠯᠦᠨ᠎ᠡ᠃ 
 
ᠢᠷᠡᠯᠲᠡ᠄ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号