︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2022 ᠣᠨ ᠤ ᠠᠮᠤ ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠬᠦ ᠲᠤᠷᠰᠢᠯᠲᠠ ᠶᠢᠨ ᠨᠥᠬᠦᠪᠦᠷᠢ ᠶᠢᠨ ᠬᠡᠷᠡᠭᠵᠢᠭᠦᠯᠬᠦ ᠲᠥᠰᠥᠯ︾᠎ ᠢ ᠳᠠᠷᠤᠮᠠᠯᠯᠠᠨ ᠲᠠᠷᠬᠠᠭᠠᠬᠤ ᠲᠤᠬᠠᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/2/8
ᠬᠤᠷᠴᠢᠨ ᠪᠠᠷᠠᠭᠤᠨ ᠭᠠᠷᠤᠨ ᠳᠤᠮᠳᠠᠳᠤ ᠵᠠᠰᠠᠭ ᠠᠯᠪᠠᠨ ᠲᠠᠷᠬᠠᠭᠠᠭᠰᠠᠨ 〔2022〕 89 ᠳ᠋ᠦᠭᠡᠷ ᠲᠣᠭᠠᠲᠤᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠲᠠᠷᠢᠶᠠᠯᠠᠩ ᠮᠠᠯᠵᠢᠯ ᠤᠨ ᠲᠠᠯᠠᠪᠠᠶ ᠳᠤ᠄    ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2022 ᠣᠨ ᠤ ᠠᠮᠤ ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠬᠦ ᠲᠤᠷᠰᠢᠯᠲᠠ ᠶᠢᠨ ᠨᠥᠬᠦᠪᠦᠷᠢ ᠶᠢᠨ ᠬᠡᠷᠡᠭᠵᠢᠭᠦᠯᠬᠦ ᠲᠥᠰᠥᠯ︾᠎ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠲᠦᠭᠡᠢ᠃    2022 ᠣᠨ ᠤ 12 ᠰᠠᠷ᠎ᠠ ᠶᠢᠨ 6᠎ ᠤ ᠡᠳᠦᠷᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2022 ᠣᠨ ᠤ ᠠᠮᠤ ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠬᠦ ᠲᠤᠷᠰᠢᠯᠲᠠ ᠶᠢᠨ ᠴᠢᠭ᠋ ᠤᠨ ᠲᠥᠷᠥᠯ ᠵᠦᠢᠯ ᠤᠨ ᠬᠡᠷᠡᠭᠵᠢᠭᠦᠯᠬᠦ ᠲᠥᠰᠥᠯ   ᠠᠮᠤ ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠬᠦ ᠠᠵᠢᠯ ᠤᠨ ᠪᠦᠲᠦᠮᠵᠢᠲᠡᠶ ᠬᠡᠷᠡᠭᠵᠢᠭᠦᠯᠦᠭᠳᠡᠬᠦ ᠶᠢ ᠪᠠᠲᠤᠯᠠᠵᠤ᠂ 2022 ᠣᠨ ᠤ ᠲᠠᠷᠢᠶᠠᠯᠠᠩ ᠤᠨ ᠦᠢᠯᠡᠳᠪᠦᠷᠢᠯᠡᠯ ᠤᠨ ᠬᠥᠭᠵᠢᠯᠲᠡ ᠶᠢᠨ ᠪᠡᠯᠡ ᠮᠥᠩᠭᠦ ᠶᠢᠨ ᠣᠷᠣᠨ ᠪᠦᠰᠡ ᠶᠢᠨ ᠠᠮᠵᠢᠯᠲᠠ ᠪᠦᠲᠦᠮᠵᠢ ᠶᠢᠨ ᠬᠠᠷᠠᠯᠲᠠ ᠶᠢ ᠪᠥᠬᠦ ᠲᠠᠯ᠎ᠠ ᠪᠠᠷ ᠪᠡᠶᠡᠯᠡᠭᠦᠯᠬᠦ ᠶᠢᠨ ᠲᠥᠯᠥᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2022 ᠣᠨ ᠤ ᠲᠥᠪ ᠤᠨ ᠡᠳ᠋ ᠤᠨ ᠵᠠᠰᠠᠭ ᠤᠨ ᠠᠮᠤ ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠬᠦ ᠲᠤᠷᠰᠢᠯᠲᠠ ᠶᠢᠨ ᠲᠥᠷᠥᠯ ᠵᠦᠢᠯ ᠤᠨ ᠬᠡᠷᠡᠭᠵᠢᠭᠦᠯᠬᠦ ᠲᠥᠰᠥᠯ︾ ᠵᠢᠴᠢ ︽ᠬᠢᠩᠭᠠᠨ ᠠᠶᠢᠮᠠᠭ ᠤᠨ 2022 ᠣᠨ ᠤ ᠠᠮᠤ ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠬᠦ ᠲᠥᠷᠥᠯ ᠵᠦᠢᠯ ᠤᠨ ᠬᠡᠷᠡᠭᠵᠢᠭᠦᠯᠬᠦ ᠲᠥᠰᠥᠯ︾᠎ ᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠲᠥᠰᠥᠯ ᠢ ᠣᠨᠴᠠᠭᠠᠶᠢᠯᠠᠨ ᠲᠣᠭᠲᠠᠭᠠᠪᠠ᠃   ᠨᠢᠭᠡ᠂ ᠬᠠᠷᠠᠯᠲᠠ ᠶᠢᠨ ᠡᠭᠦᠷᠭᠡ   2022 ᠣᠨ ᠳᠤ ᠮᠠᠨ ᠤ ᠬᠤᠰᠢᠭᠤᠨ ᠤ ︽ᠠᠮᠤ ᠪᠤᠳᠠᠭ᠎ᠠ ᠶᠢ ᠪᠣᠷᠳᠤᠭ᠎ᠠ ᠪᠣᠯᠭᠠᠨ ᠥᠭᠡᠷᠡᠴᠢᠯᠡᠬᠦ︾ ᠬᠠᠷᠠᠯᠲᠠ ᠶᠢᠨ ᠡᠭᠦᠷᠭᠡ ᠪᠣᠯ ᠨᠣᠭᠤᠭᠠᠨ ᠳᠠᠷᠤᠰᠢ ᠶᠢᠨ ᠳᠠᠷᠢᠬᠤ ᠲᠠᠯᠠᠪᠠᠶ ᠨᠢ 6 ᠲᠦᠮᠡᠨ ᠮᠦ ᠪᠠᠶᠢᠵᠤ᠂ 17 ᠲᠦᠮᠡᠨ ᠲᠣᠨ ᠨᠥᠬᠦᠪᠦᠷᠢ ᠥᠭᠴᠦ᠂ 850 ᠲᠦᠮᠡᠨ ᠲᠥᠭᠦᠷᠢᠭ ᠤᠨ ᠨᠥᠬᠦᠪᠦᠷᠢ ᠥᠭᠭᠦᠨ᠎ᠡ᠃   ᠬᠤᠶᠠᠷ᠂ ᠨᠥᠬᠦᠪᠦᠷᠢ ᠥᠭᠬᠦ ᠠᠭᠤᠯᠭ᠎ᠠ ᠵᠢᠴᠢ ᠠᠷᠭ᠎ᠠ ᠮᠠᠶ᠋ᠢᠭ   ᠨᠥᠬᠦᠪᠦᠷᠢ ᠶᠢᠨ ᠪᠡᠯᠡ ᠮᠥᠩᠭᠦ ᠶᠢ ᠬᠥᠬᠡ ᠳᠠᠷᠤᠰᠢ ᠶᠢᠨ ᠡᠷᠳᠡᠨᠢ ᠰᠢᠰᠢ ᠶᠢ ᠬᠤᠷᠢᠶᠠᠨ ᠬᠠᠳᠠᠭᠠᠯᠠᠬᠤ ᠳᠤ ᠬᠡᠷᠡᠭᠯᠡᠵᠦ᠂ ᠤᠷᠢᠳᠠᠪᠠᠷ ᠨᠥᠭᠡᠴᠡᠯᠡᠵᠦ ᠳᠠᠷᠠᠭ᠎ᠠ ᠨᠢ ᠨᠥᠬᠦᠪᠦᠷᠢᠯᠡᠬᠦ ᠠᠷᠭ᠎ᠠ ᠮᠠᠶ᠋ᠢᠭ ᠢᠶᠠᠷ ᠨᠥᠬᠦᠪᠦᠷᠢ ᠥᠭᠭᠦᠨ᠎ᠡ᠃   ᠭᠤᠷᠪᠠ᠂ ᠨᠥᠬᠦᠪᠦᠷᠢ ᠣᠯᠬᠤ ᠡᠲᠡᠭᠡᠳ   ᠬᠤᠰᠢᠭᠤᠨ ᠤ ᠳᠣᠲᠣᠷᠠᠬᠢ ᠨᠣᠭᠤᠭᠠᠨ ᠳᠠᠷᠤᠰᠢ ᠶᠢᠨ ᠲᠡᠵᠢᠭᠡᠯ ᠡᠪᠡᠰᠦᠨ ᠤ ᠬᠠᠳᠠᠭᠠᠯᠠᠭᠳᠠᠴᠠ ᠶᠢ 500 ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢ ᠲᠡᠵᠢᠭᠡᠨ ᠦᠷᠡᠵᠢᠭᠦᠯᠬᠦ ᠡᠷᠦᠬᠡ᠂ ᠲᠡᠵᠢᠭᠡᠨ ᠦᠷᠡᠵᠢᠭᠦᠯᠬᠦ ᠲᠤᠰᠬᠠᠢ ᠬᠤᠷᠰᠢᠶ᠎ᠠ ᠪᠠ ᠲᠡᠵᠢᠭᠡᠨ ᠦᠷᠡᠵᠢᠭᠦᠯᠬᠦ ᠲᠠᠯᠠᠪᠠᠶ ︵ᠠᠵᠤ ᠠᠬᠤᠶᠢᠯᠠᠯ︶᠎ ᠳᠤ ᠬᠦᠷᠦᠭᠦᠯᠦᠨ᠎ᠡ᠃   ᠳᠥᠷᠪᠡ᠂ ᠨᠥᠬᠦᠪᠦᠷᠢ ᠶᠢᠨ ᠪᠠᠷᠢᠮᠵᠢᠶ᠎ᠠ   ᠨᠣᠭᠤᠭᠠᠨ ᠳᠠᠷᠤᠰᠢ ᠶᠢᠨ ᠲᠡᠵᠢᠭᠡᠯ ᠡᠪᠡᠰᠦ ᠪᠣᠷᠳᠤᠭ᠎ᠠ ᠶᠢ ᠬᠤᠳᠠᠯᠳᠤᠨ ᠠᠪᠴᠤ ᠨᠥᠭᠡᠴᠡᠯᠡᠬᠦ ᠳᠤ ᠲᠣᠨ ᠪᠦᠷᠢ ᠳᠤ 50 ᠲᠥᠭᠦᠷᠢᠭ ᠤᠨ ᠨᠥᠬᠦᠪᠦᠷᠢ ᠥᠭᠭᠦᠨ᠎ᠡ᠃   ᠲᠠᠪᠤ᠂ ᠬᠡᠷᠡᠭᠵᠢᠭᠦᠯᠬᠦ ᠲᠡᠰ ᠳᠠᠷᠠᠭᠠᠯᠠᠯ   ︵ᠨᠢᠭᠡ︶ ᠬᠤᠳᠠᠯᠳᠤᠨ ᠠᠪᠴᠤ ᠬᠠᠳᠠᠭᠠᠯᠠᠬᠤ ᠭᠤᠣᠯ ᠴᠣᠭᠴᠠ ᠶᠢ ᠲᠣᠭᠲᠠᠭᠠᠨ᠎ᠠ᠃ ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯᠵᠢᠯ ᠤᠨ ᠲᠠᠯᠠᠪᠠᠶ ᠨᠢ ᠪᠠᠶᠢᠳᠠᠯ ᠢ ᠣᠶᠢᠯᠠᠭᠠᠨ ᠪᠠᠶᠢᠴᠠᠭᠠᠬᠤ ᠪᠠᠷ ᠳᠡᠮᠵᠢᠨ᠂ ᠭᠤᠶᠤᠴᠢᠯᠠᠨ ᠮᠡᠳᠡᠭᠦᠯᠬᠦ ᠭᠤᠣᠯ ᠴᠣᠭᠴᠠ ᠶᠢ ᠵᠣᠬᠢᠶᠠᠨ ᠪᠠᠶᠢᠭᠤᠯᠤᠨ ᠲᠥᠷᠥᠯ ᠵᠦᠢᠯ ᠤᠨ ᠭᠤᠶᠤᠴᠢᠯᠠᠯ ᠢ ᠬᠢᠨᠠᠨ ᠵᠥᠪᠰᠢᠶᠡᠷᠡᠬᠦ ᠬᠦᠰᠦᠨᠦᠭᠲᠦ ᠶᠢ ᠲᠠᠭᠯᠠᠵᠤ᠂ ᠭᠠᠴᠠᠭ᠎ᠠ᠂ ᠰᠤᠮᠤ ᠪᠠᠯᠭᠠᠰᠤ᠂ ᠲᠠᠷᠢᠶᠠᠯᠠᠩ ᠮᠠᠯᠵᠢᠯ ᠤᠨ ᠲᠠᠯᠠᠪᠠᠶ ᠪᠠᠷ ᠱᠠᠲᠤ ᠳᠠᠷᠠᠭᠠᠯᠠᠨ ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ᠂ ᠬᠥᠬᠡ ᠳᠠᠷᠤᠰᠢ ᠶᠢᠨ ᠬᠤᠷᠢᠶᠠᠨ ᠬᠠᠳᠠᠭᠠᠯᠠᠬᠤ ᠭᠤᠣᠯ ᠴᠣᠭᠴᠠ ᠪᠠᠷ ᠲᠣᠭᠲᠠᠭᠠᠨ᠎ᠠ᠃ ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯᠵᠢᠯ ᠤᠨ ᠲᠠᠯᠠᠪᠠᠶ ᠨᠤᠭᠤᠳ 2022 ᠣᠨ ᠤ 12 ᠰᠠᠷ᠎ᠠ ᠶᠢᠨ 10᠎ ᠤ ᠡᠳᠦᠷ ᠠᠴᠠ ᠡᠮᠦᠨ᠎ᠡ 2022 ᠣᠨ ᠤ ᠠᠮᠤ ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠬᠦ ᠲᠥᠷᠥᠯ ᠵᠦᠢᠯ ᠤᠨ ᠮᠡᠳᠡᠭᠡ ᠵᠠᠩᠭᠢ ᠶᠢᠨ ᠴᠤᠭᠯᠠᠭᠤᠯᠬᠤ ᠬᠦᠰᠦᠨᠦᠭᠲᠦ ᠶᠢ ᠳᠡᠭᠡᠭᠰᠢ ᠮᠡᠳᠡᠭᠦᠯᠬᠦ ᠬᠡᠷᠡᠭᠲᠡᠢ᠃   ︵ᠬᠤᠶᠠᠷ︶ ᠬᠤᠷᠢᠶᠠᠨ ᠬᠠᠳᠠᠭᠠᠯᠠᠬᠤ ᠭᠤᠣᠯ ᠴᠣᠭᠴᠠ ᠶᠢ ᠰᠢᠯᠭᠠᠨ ᠬᠤᠷᠢᠶᠠᠬᠤ᠃ ᠬᠤᠷᠢᠶᠠᠨ ᠬᠠᠳᠠᠭᠠᠯᠠᠬᠤ ᠠᠵᠢᠯ ᠳᠠᠭᠤᠰᠤᠭᠰᠠᠨ ᠤ ᠳᠠᠷᠠᠭ᠎ᠠ᠂ ᠡᠯ᠎ᠡ ᠰᠤᠮᠤ ᠪᠠᠯᠭᠠᠰᠤ ᠰᠢᠯᠭᠠᠨ ᠠᠪᠬᠤ ᠳᠤᠭᠤᠶᠢᠯᠠᠩ ᠪᠠᠶᠢᠭᠤᠯᠵᠤ᠂ ᠰᠢᠯᠭᠠᠨ ᠠᠪᠬᠤ ᠠᠵᠢᠯᠲᠠᠨ ᠡᠷᠦᠬᠡ ᠳᠠᠷᠠᠭᠠᠯᠠᠨ ᠬᠠᠷᠭᠤᠭᠤᠯᠤᠨ ᠪᠠᠶᠢᠴᠠᠭᠠᠵᠤ᠂ ᠨᠣᠭᠤᠭᠠᠨ ᠳᠠᠷᠤᠰᠢ ᠶᠢᠨ ᠬᠠᠳᠠᠭᠠᠯᠠᠭᠳᠠᠴᠠ ᠶᠢ ᠨᠠᠷᠢᠨ ᠬᠢᠨᠠᠮᠠᠭᠠᠢ ᠬᠢᠨᠠᠨ ᠬᠠᠷᠭᠤᠭᠤᠯᠬᠤ ᠬᠡᠷᠡᠭᠲᠡᠢ᠃ᠬᠢᠨᠠᠨ ᠲᠣᠭᠲᠠᠭᠠᠭᠰᠠᠨ ᠬᠥᠬᠡ ᠳᠠᠷᠤᠰᠢ ᠶᠢᠨ ᠬᠠᠳᠠᠭᠠᠯᠠᠭᠳᠠᠴᠠ ᠶᠢ ᠡᠷᠬᠡᠪᠰᠢ ᠬᠤᠷᠢᠶᠠᠨ ᠬᠠᠳᠠᠭᠠᠯᠠᠬᠤ ᠭᠤᠣᠯ ᠴᠣᠭᠴᠠ ᠶᠢᠨ ᠬᠠᠷᠢᠭᠤᠴᠠᠯᠭᠠᠲᠠᠨ᠂ ᠭᠠᠴᠠᠭᠠᠨ ᠤ ᠵᠥᠪᠯᠡᠯ ᠤᠨ ᠬᠠᠷᠢᠭᠤᠴᠠᠯᠭᠠᠲᠠᠨ ᠵᠢᠴᠢ ᠰᠢᠯᠭᠠᠨ ᠠᠪᠬᠤ ᠳᠤᠭᠤᠶᠢᠯᠠᠩ ᠤᠨ ᠬᠥᠮᠥᠰ ᠢᠶᠠᠷ ᠭᠠᠷ ᠤᠨ ᠥᠰᠥᠭ ᠵᠢᠷᠤᠭᠤᠯᠵᠤ ᠨᠤᠲᠠᠯᠠᠭᠤᠯᠬᠤ ᠬᠡᠷᠡᠭᠲᠡᠢ᠃ ᠰᠤᠮᠤ ᠪᠠᠯᠭᠠᠰᠤ ᠠᠯᠤᠰᠯᠠᠭᠰᠠᠨ ᠬᠤᠳᠠᠯᠳᠤᠨ ᠠᠪᠴᠤ ᠬᠠᠳᠠᠭᠠᠯᠠᠬᠤ ᠭᠤᠣᠯ ᠴᠣᠭᠴᠠ ᠶᠢ ᠬᠤᠳᠠᠯᠳᠤᠨ ᠠᠪᠴᠤ ᠬᠠᠳᠠᠭᠠᠯᠠᠬᠤ ᠭᠠᠵᠠᠷ ᠢᠶᠠᠷ ᠦᠨᠳᠦᠰᠦᠯᠡᠯ ᠪᠣᠯᠭᠠᠵᠤ ᠰᠢᠯᠭᠠᠨ ᠠᠪᠤᠨ᠎ᠠ᠃    ︵ᠭᠤᠷᠪᠠ︶ ᠬᠤᠰᠢᠭᠤᠨ ᠤ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠠᠴᠠ ᠰᠤᠭᠤᠴᠢᠨ ᠪᠠᠶᠢᠴᠠᠭᠠᠵᠤ ᠬᠠᠷᠭᠤᠭᠤᠯᠤᠨ᠎ᠠ᠃ ᠡᠯ᠎ᠡ ᠰᠤᠮᠤ ᠪᠠᠯᠭᠠᠰᠤᠨ ᠤ ᠰᠢᠯᠭᠠᠨ ᠠᠪᠬᠤ ᠠᠵᠢᠯ ᠳᠠᠭᠤᠰᠤᠭᠰᠠᠨ ᠤ ᠳᠠᠷᠠᠭ᠎ᠠ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠮᠠᠯ ᠠᠵᠤ ᠠᠬᠤᠢ ᠪᠠ ᠲᠡᠵᠢᠭᠡᠯ ᠪᠣᠷᠳᠤᠭ᠎ᠠ ᠶᠢᠨ ᠮᠡᠷᠭᠡᠵᠢᠯ ᠢ ᠳᠡᠯᠭᠡᠷᠡᠭᠦᠯᠬᠦ ᠲᠠᠰᠤᠭ ᠢ ᠵᠣᠬᠢᠶᠠᠨ ᠪᠠᠶᠢᠭᠤᠯᠵᠤ ᠬᠢᠨᠠᠨ ᠪᠠᠶᠢᠴᠠᠭᠠᠬᠤ ᠳᠤᠭᠤᠶᠢᠯᠠᠩ ᠪᠠᠶᠢᠭᠤᠯᠤᠨ ᠬᠢᠨᠠᠨ ᠪᠠᠶᠢᠴᠠᠭᠠᠵᠤ᠂ ᠡᠩ ᠲᠡᠷᠢᠭᠦᠨ ᠳᠤ ᠲᠥᠷᠥᠯ ᠵᠦᠢᠯ ᠤᠨ ᠭᠤᠣᠯ ᠴᠣᠭᠴᠠ ᠶᠢᠨ ᠲᠠᠩᠰᠠ ᠡᠪᠬᠡᠮᠡᠯ ᠢ ᠬᠠᠷᠭᠤᠭᠤᠯᠤᠨ ᠪᠠᠶᠢᠴᠠᠭᠠᠵᠤ᠂ ᠲᠥᠷᠥᠯ ᠵᠦᠢᠯ ᠤᠨ ᠲᠠᠩᠰᠠ ᠡᠪᠬᠡᠮᠡᠯ ᠪᠦᠷᠢᠨ ᠪᠤᠰᠤ ᠶᠢ ᠨᠢ ᠰᠢᠯᠭᠠᠨ ᠠᠪᠬᠤ ᠦᠭᠡᠢ᠂ ᠲᠠᠩᠰᠠ ᠡᠪᠬᠡᠮᠡᠯ ᠤᠨ ᠮᠠᠲ᠋ᠧᠷᠢᠶᠠᠯ ᠨᠢ ᠪᠦᠷᠢᠨ ᠲᠡᠭᠦᠯᠳᠡᠷ ᠰᠤᠮᠤ ᠪᠠᠯᠭᠠᠰᠤ ᠳᠤ ᠪᠣᠯ ᠬᠤᠷᠢᠶᠠᠨ ᠬᠠᠳᠠᠭᠠᠯᠠᠬᠤ ᠭᠤᠣᠯ ᠴᠣᠭᠴᠠ ᠶᠢᠨ ᠶᠡᠷᠦᠩᠬᠡᠢ ᠲᠣᠭᠠᠨ ᠤ 20%᠎ ᠪᠠᠷ ᠰᠤᠭᠤᠴᠢᠨ ᠪᠠᠶᠢᠴᠠᠭᠠᠯᠲᠠ ᠬᠢᠨ᠎ᠡ᠂ ᠬᠡᠷᠪᠡ ᠰᠤᠭᠤᠴᠢᠨ ᠪᠠᠶᠢᠴᠠᠭᠠᠬᠤ ᠳᠤ ᠬᠤᠳᠠᠯ ᠢᠶᠠᠷ ᠮᠡᠳᠡᠭᠦᠯᠬᠦ ᠦᠵᠡᠭᠳᠡᠯ ᠪᠠᠶᠢᠬᠤ ᠶᠢ ᠣᠯᠵᠤ ᠮᠡᠳᠡᠪᠡᠯ᠂ ᠬᠠᠷᠢᠶ᠎ᠠ ᠰᠤᠮᠤ ᠪᠠᠯᠭᠠᠰᠤ ᠶᠢᠨ ᠲᠥᠷᠥᠯ ᠵᠦᠢᠯ ᠳᠤ ᠨᠥᠬᠦᠪᠦᠷᠢ ᠥᠭᠬᠦ ᠬᠢᠷᠢ ᠬᠡᠮ ᠢ ᠨᠢ ᠬᠦᠴᠦᠨ ᠦᠭᠡᠢ ᠪᠣᠯᠭᠠᠵᠤ᠂ ᠡᠭᠦᠨ ᠠᠴᠠ ᠪᠣᠯᠤᠭᠰᠠᠨ ᠠᠯᠢᠪᠠ ᠦᠷ᠎ᠡ ᠳ᠋ᠦᠩ ᠢ ᠬᠤᠷᠢᠶᠠᠨ ᠬᠠᠳᠠᠭᠠᠯᠠᠬᠤ ᠭᠤᠣᠯ ᠴᠣᠭᠴᠠ ᠪᠣᠯᠣᠨ ᠬᠠᠷᠢᠶ᠎ᠠ ᠭᠠᠵᠠᠷ ᠤᠨ ᠰᠤᠮᠤ ᠪᠠᠯᠭᠠᠰᠤ ᠶᠢᠨ ᠵᠠᠰᠠᠭ ᠤᠨ ᠣᠷᠳᠣᠨ ᠎ ᠠᠴᠠ ᠬᠠᠷᠢᠭᠤᠴᠠᠨ᠎ᠠ᠃   ︵ᠳᠥᠷᠪᠡ︶ ᠨᠥᠬᠦᠪᠦᠷᠢ ᠶᠢ ᠢᠯᠡ ᠨᠡᠶᠢᠲᠡᠯᠡᠵᠦ᠂ ᠪᠡᠯᠡᠨ ᠵᠣᠭᠤᠰ ᠪᠣᠯᠭᠠᠨ᠎ᠠ᠃ ᠨᠥᠬᠦᠪᠦᠷᠢ ᠥᠭᠬᠦ ᠡᠲᠡᠭᠡᠳ᠂ ᠨᠥᠬᠦᠪᠦᠷᠢ ᠥᠭᠬᠦ ᠪᠠᠷᠢᠮᠵᠢᠶ᠎ᠠ᠂ ᠨᠥᠬᠦᠪᠦᠷᠢ ᠥᠭᠬᠦ ᠲᠤᠭ᠎ᠠ ᠬᠡᠮᠵᠢᠶ᠎ᠡ ᠵᠡᠷᠭᠡ ᠶᠢ ᠬᠢᠨᠠᠨ ᠬᠠᠷᠭᠤᠭᠤᠯᠤᠭᠠᠳ ᠠᠯᠳᠠᠭ᠎ᠠ ᠦᠭᠡᠢ ᠪᠣᠯ ᠵᠠᠷ ᠨᠠᠭᠠᠵᠤ ᠨᠡᠶᠢᠲᠡᠯᠡᠨ᠎ᠡ᠂ ᠢᠯᠡ ᠨᠡᠶᠢᠲᠡᠯᠡᠬᠦ ᠬᠤᠭᠤᠴᠠᠭ᠎ᠠ ᠶᠢ 7 ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠢ᠃ ᠢᠯᠡ ᠪᠠᠷ ᠵᠠᠷᠯᠠᠬᠤ ᠳᠤ ᠣᠨᠳᠣᠣ ᠰᠠᠨᠠᠯ ᠦᠭᠡᠢ ᠪᠣᠯ᠂ ︽ᠪᠦᠬᠦᠨ ᠳᠤ ᠲᠣᠬᠢᠷᠠᠬᠤ ᠺᠠᠷᠲ︾ ᠪᠤᠶᠤ ᠡᠳ᠋ ᠤᠨ ᠵᠠᠰᠠᠭ ᠤᠨ ᠰᠢᠭᠤᠳ ᠰᠠᠯᠭᠠᠨ ᠥᠭᠬᠦ ᠠᠷᠭ᠎ᠠ ᠮᠠᠶ᠋ᠢᠭ ᠢᠶᠠᠷ ᠲᠤᠰᠠᠯᠠᠮᠵᠢ ᠶᠢᠨ ᠵᠣᠭᠤᠰ ᠢ ᠥᠭᠭᠦᠨ᠎ᠡ᠃   ᠳᠥᠷᠪᠡ᠂ ᠠᠵᠢᠯ ᠤᠨ ᠠᠷᠭ᠎ᠠ ᠬᠡᠮᠵᠢᠶ᠎ᠡ   ︵ᠨᠢᠭᠡ︶ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠤᠨ᠎ᠠ᠃ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠵᠢᠯ ᠤᠨ ᠡᠬᠢᠨ ᠳᠤ ᠲᠠᠩᠰᠠ ᠪᠠᠶᠢᠭᠤᠯᠬᠤ᠂ ᠵᠢᠯ ᠤᠨ ᠣᠨ ᠳᠤ ᠲᠠᠩᠰᠠ ᠪᠠᠶᠢᠴᠠᠭᠠᠬᠤ᠂ ᠵᠢᠯ ᠤᠨ ᠰᠡᠭᠦᠯᠴᠢ ᠳᠤ ᠲᠠᠩᠰᠠ ᠪᠤᠳᠤᠬᠤ︾ ᠪᠥᠬᠦ ᠶᠠᠪᠤᠴᠠ ᠶᠢᠨ ᠬᠠᠮᠢᠶᠠᠷᠤᠯᠲᠠ ᠶᠢᠨ ᠳᠦᠷᠢᠮ ᠢ ᠭᠦᠢᠴᠡᠳᠬᠡᠵᠦ᠂ ᠴᠠᠭ ᠲᠤᠬᠠᠢ ᠳᠤᠨᠢ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠦᠨᠡᠯᠡᠬᠦ ᠶᠢ ᠥᠷᠨᠢᠭᠦᠯᠵᠦ᠂ ᠬᠤᠷᠢᠶᠠᠨ ᠬᠠᠳᠠᠭᠠᠯᠠᠬᠤ ᠲᠤᠭ᠎ᠠ ᠪᠠᠷᠢᠮᠲᠠ ᠶᠢᠨ ᠮᠡᠳᠡᠭᠡ ᠵᠠᠩᠭᠢ ᠪᠠ ᠠᠬᠢᠴᠠ ᠶᠢᠨ ᠪᠠᠶᠢᠳᠠᠯ ᠢᠶᠠᠨ ᠴᠠᠭ ᠲᠤᠬᠠᠢ ᠳᠤᠨᠢ ᠳᠡᠭᠡᠭᠰᠢ ᠮᠡᠳᠡᠭᠦᠯᠬᠦ ᠬᠡᠷᠡᠭᠲᠡᠢ᠃   ︵ᠬᠤᠶᠠᠷ︶ ᠨᠠᠷᠢᠯᠢᠭ ᠣᠨᠣᠴᠠᠲᠠᠢ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠠᠮᠤ ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠬᠦ ᠮᠡᠳᠡᠭᠡ ᠵᠠᠩᠭᠢ ᠶᠢᠨ ᠪᠦᠷᠢᠳᠬᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠤᠰᠬᠠᠢ ᠬᠥᠮᠥᠨ ᠲᠣᠬᠢᠷᠠᠭᠤᠯᠤᠨ ᠲᠤᠭ᠎ᠠ ᠪᠦᠷᠢᠳᠬᠡᠭᠴᠢ ᠪᠣᠯᠭᠠᠵᠤ᠂ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠳᠡᠭᠡᠭᠰᠢ ᠮᠡᠳᠡᠭᠦᠯᠬᠦ ᠠᠵᠢᠯ ᠢ ᠬᠠᠷᠢᠭᠤᠴᠠᠭᠤᠯᠤᠨ᠎ᠠ᠃ ︽ᠠᠮᠤ ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠬᠦ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ︾᠎ ᠳᠤ ᠠᠰᠢᠭ ᠭᠥᠷᠳᠡᠬᠦ ᠲᠡᠵᠢᠭᠡᠨ ᠦᠷᠡᠵᠢᠭᠦᠯᠬᠦ ᠲᠠᠯᠠᠪᠠᠶ ᠡᠷᠦᠬᠡ ᠪᠠ ᠬᠤᠷᠢᠶᠠᠨ ᠬᠠᠳᠠᠭᠠᠯᠠᠬᠤ ᠭᠤᠣᠯ ᠴᠣᠭᠴᠠ ᠶᠢᠨ ᠰᠠᠭᠤᠷᠢ ᠮᠡᠳᠡᠭᠡ ᠵᠠᠩᠭᠢ ᠶᠢ ᠰᠢᠩᠭᠡᠬᠡᠨ ᠣᠷᠣᠭᠤᠯᠬᠤ ᠠᠵᠢᠯ ᠢ ᠴᠠᠭ ᠲᠤᠬᠠᠢ ᠳᠤᠨᠢ ᠪᠡᠶᠡᠯᠡᠭᠦᠯᠵᠦ᠂ ᠮᠡᠳᠡᠭᠡ ᠵᠠᠩᠭᠢ ᠶᠢᠨ ᠲᠠᠩᠰᠠ ᠡᠪᠬᠡᠮᠡᠯ ᠪᠠᠶᠢᠭᠤᠯᠬᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ᠂ ︽ᠠᠰᠢᠭ ᠭᠥᠷᠳᠡᠬᠦ ᠡᠲᠡᠭᠡᠳ ᠨᠢ ᠲᠣᠳᠣᠷᠬᠠᠢ᠂ ᠳᠠᠷᠢᠵᠤ ᠬᠠᠳᠠᠭᠠᠯᠠᠬᠤ ᠭᠠᠵᠠᠷ ᠨᠢ ᠲᠣᠳᠣᠷᠬᠠᠢ᠂ ᠨᠥᠬᠦᠪᠦᠷᠢ ᠥᠭᠬᠦ ᠲᠤᠭ᠎ᠠ ᠬᠡᠮᠵᠢᠶ᠎ᠡ ᠨᠢ ᠣᠨᠣᠪᠴᠢᠲᠠᠶ᠂ ᠵᠣᠭᠤᠰ ᠮᠥᠩᠭᠦ ᠡᠳ᠋ ᠪᠣᠳᠠᠰ ᠤᠨ ᠡᠬᠡ ᠲᠠᠩᠰᠠ ᠨᠢ ᠨᠠᠷᠢᠨ ᠲᠣᠳᠣᠷᠬᠠᠢ︾ ᠪᠠᠶᠢᠬᠤ ᠶᠢ ᠪᠡᠶᠡᠯᠡᠭᠦᠯᠬᠦ ᠶᠢᠨ ᠬᠠᠮᠲᠤ ᠴᠢᠬᠤᠯᠠ ᠪᠦᠬᠦᠢ ᠲᠥᠷᠥᠯ ᠵᠦᠢᠯ ᠤᠨ ᠬᠡᠷᠡᠯ ᠵᠢᠷᠤᠭ ᠤᠨ ᠮᠠᠲ᠋ᠧᠷᠢᠶᠠᠯ ᠢ ᠦᠯᠡᠳᠡᠭᠡᠨ ᠬᠠᠳᠠᠭᠠᠯᠠᠬᠤ ᠬᠡᠷᠡᠭᠲᠡᠢ᠃    ︵ᠭᠤᠷᠪᠠ︶ ᠮᠡᠷᠭᠡᠵᠢᠯ ᠤᠨ ᠦᠢᠯᠡᠴᠢᠯᠡᠭᠡ ᠶᠢ ᠴᠢᠩᠭᠠᠷᠠᠭᠤᠯᠤᠨ᠎ᠠ᠃ ᠮᠡᠷᠭᠡᠵᠢᠯ ᠤᠨ ᠦᠢᠯᠡᠴᠢᠯᠡᠭᠡᠨ ᠤ ᠠᠩᠭᠢ ᠪᠠᠶᠢᠭᠤᠯᠵᠤ᠂ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠦᠢᠯᠡᠳᠪᠦᠷᠢᠯᠡᠯ ᠤᠨ ᠠᠵᠢᠯᠯᠠᠭ᠎ᠠ ᠶᠢ ᠵᠢᠯᠤᠭᠤᠳᠴᠤ᠂ ᠳᠠᠷᠤᠰᠢ ᠶᠢᠨ ᠳᠠᠷᠢᠬᠤ᠂ ᠬᠤᠷᠢᠶᠠᠬᠤ᠂ ᠡᠳ᠋ᠰᠢᠭᠦᠯᠬᠦ ᠪᠠ ᠲᠡᠵᠢᠭᠡᠬᠦ ᠵᠡᠷᠭᠡ ᠮᠡᠷᠭᠡᠵᠢᠯ ᠤᠨ ᠪᠣᠯᠪᠠᠰᠤᠷᠠᠭᠤᠯᠤᠯ ᠪᠠ ᠮᠥᠷᠳᠡᠯᠲᠡ ᠶᠢᠨ ᠦᠢᠯᠡᠴᠢᠯᠡᠭᠡ ᠶᠢ ᠪᠥᠬᠦ ᠶᠠᠪᠤᠴᠠ ᠳᠤ ᠰᠠᠶᠢᠲᠤᠷ ᠬᠢᠵᠦ᠂ ᠠᠮᠤ ᠪᠤᠳᠠᠭ᠎ᠠ ᠶᠢ ᠪᠣᠷᠳᠤᠭ᠎ᠠ ᠪᠣᠷᠳᠤᠭ᠎ᠠ ᠪᠣᠯᠭᠠᠨ ᠥᠭᠡᠷᠡᠴᠢᠯᠡᠬᠦ ᠲᠤᠷᠰᠢᠯᠲᠠ ᠶᠢᠨ ᠴᠢᠭ᠋ ᠤᠨ ᠥᠭᠡᠷᠡᠴᠢᠯᠡᠯᠲᠡ ᠶᠢᠨ ᠣᠨᠣᠪᠴᠢᠲᠠᠶ᠂ ᠰᠠᠶᠢᠨ ᠳᠠᠷᠢᠬᠤ᠂ ᠲᠦᠷᠭᠡᠨ ᠬᠤᠷᠢᠶᠠᠬᠤ᠂ ᠠᠷᠪᠢᠨ ᠬᠠᠳᠠᠭᠠᠯᠠᠬᠤ᠂ ᠰᠠᠶᠢᠨ ᠬᠡᠷᠡᠭᠯᠡᠬᠦ ᠶᠢ ᠦᠨᠡᠨᠬᠦ ᠪᠠᠲᠤᠯᠠᠬᠤ ᠬᠡᠷᠡᠭᠲᠡᠢ᠃ ᠮᠠᠰᠢᠨᠴᠢᠯᠠᠭᠰᠠᠨ ᠬᠤᠷᠢᠶᠠᠨ ᠬᠠᠳᠠᠭᠠᠯᠠᠬᠤ ᠶᠢ ᠶᠡᠬᠡᠪᠡᠷ ᠲᠦᠯᠬᠢᠨ ᠠᠬᠢᠭᠤᠯᠵᠤ᠂ ᠲᠠᠷᠢᠶᠠᠯᠠᠩ ᠤᠨ ᠮᠠᠰᠢᠨ ᠤ ᠲᠤᠰᠬᠠᠢ ᠠᠵᠢᠯ ᠤᠨ ᠬᠤᠷᠰᠢᠶ᠎ᠠ ᠶᠢ ᠢᠳᠡᠪᠬᠢᠲᠡᠢ ᠪᠠᠷ ᠵᠣᠬᠢᠶᠠᠨ ᠪᠠᠶᠢᠭᠤᠯᠤᠨ ᠮᠠᠰᠢᠨ ᠲᠥᠬᠦᠭᠡᠷᠦᠮᠵᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠪᠦᠬᠦ ᠶᠠᠪᠤᠴᠠ ᠶᠢᠨ ᠮᠠᠰᠢᠨᠴᠢᠯᠠᠭᠰᠠᠨ ᠦᠢᠯᠡᠴᠢᠯᠡᠭᠡ ᠶᠢ ᠥᠷᠨᠢᠭᠦᠯᠵᠦ᠂ ᠠᠵᠢᠯ ᠤᠨ ᠦᠷ᠎ᠡ ᠪᠦᠲᠦᠮᠵᠢ ᠪᠠ ᠨᠡᠶᠢᠭᠡᠮᠴᠢᠯᠡᠭᠰᠡᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃   ︵ᠳᠥᠷᠪᠡ︶ ᠪᠣᠯᠪᠠᠰᠤᠷᠠᠭᠤᠯᠤᠯ ᠤᠬᠠᠭᠤᠯᠭ᠎ᠠ ᠶᠢ ᠴᠢᠩᠭᠠᠳᠬᠠᠬᠤ ᠬᠡᠷᠡᠭᠲᠡᠢ᠃ ᠲᠧᠯᠸᠢᠰ᠂ ᠨᠡᠪᠲᠡᠷᠡᠭᠦᠯᠭᠡ᠂ ᠰᠣᠨᠢᠨ ᠰᠡᠳᠬᠦᠯ᠂ ᠶᠢᠨ⌲ᠸᠷ ᠰᠦᠯᠵᠢᠶ᠎ᠡ ᠵᠡᠷᠭᠡ ᠵᠠᠭᠤᠴᠢᠯᠠᠭᠤᠷ ᠢ ᠭᠦᠢᠴᠡᠳ ᠠᠰᠢᠭᠯᠠᠨ᠂ ᠭᠤᠣᠯ ᠰᠡᠳᠦᠪ ᠨᠢ ᠲᠣᠪᠣᠶᠢᠮ᠎ᠠ᠂ ᠬᠡᠯᠪᠡᠷᠢ ᠮᠠᠶ᠋ᠢᠭ ᠨᠢ ᠤᠯᠠᠨ ᠶᠠᠩᠵᠤ ᠶᠢᠨ ᠤᠬᠠᠭᠤᠯᠭ᠎ᠠ ᠮᠡᠳᠡᠭᠡᠯᠡᠯ ᠢ ᠥᠷᠨᠢᠭᠦᠯᠵᠦ᠂ ᠡᠯ᠎ᠡ ᠭᠠᠵᠠᠷ ᠤᠨ ᠲᠤᠷᠰᠢᠯᠲᠠ ᠶᠢᠨ ᠠᠵᠢᠯ ᠥᠷᠨᠢᠭᠦᠯᠦᠭᠰᠡᠨ ᠰᠠᠶᠢᠨ ᠠᠷᠭ᠎ᠠ᠂ ᠰᠠᠶᠢᠨ ᠲᠤᠷᠰᠢᠯᠭ᠎ᠠ᠂ ᠰᠠᠶᠢᠨ ᠨᠡᠶᠢᠲᠡᠯᠢᠭ ᠵᠢᠱᠢᠶ᠎ᠡ ᠶᠢ ᠳ᠋ᠤᠩᠨᠡᠨ ᠳᠡᠯᠭᠡᠷᠡᠭᠦᠯᠬᠦ ᠶᠢ ᠴᠢᠬᠤᠯᠠᠴᠢᠯᠠᠨ᠎ᠠ᠃ ᠲᠥᠪᠯᠡᠷᠡᠭᠦᠯᠦᠨ ᠬᠢᠴᠢᠶᠡᠯᠯᠡᠬᠦ᠂ ᠲᠤᠬᠠᠢ ᠶᠢᠨ ᠭᠠᠵᠠᠷ ᠲᠤᠨᠢ ᠲᠣᠭᠤᠷᠢᠨ ᠦᠵᠡᠬᠦ᠂ ᠶᠠᠷᠢᠯᠴᠠᠨ ᠰᠤᠳᠤᠯᠵᠤ ᠶᠠᠷᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠳᠠᠷᠢᠵᠤ ᠲᠡᠵᠢᠭᠡᠬᠦ ᠭᠤᠣᠯ ᠴᠣᠭᠴᠠ ᠶᠢ ᠬᠠᠪᠰᠤᠷᠤᠨ ᠲᠠᠨᠢᠯᠲᠠ ᠶᠢ ᠨᠢ ᠳᠡᠭᠡᠭᠰᠢᠯᠡᠭᠦᠯᠵᠦ᠂ ᠮᠡᠷᠭᠡᠵᠢᠯ ᠢ ᠨᠢ ᠡᠵᠡᠮᠰᠢᠨ᠂ ᠠᠰᠢᠭ ᠣᠷᠣᠯᠭ᠎ᠠ ᠶᠢ ᠨᠢ ᠳᠡᠭᠡᠭᠰᠢᠯᠡᠭᠦᠯᠵᠦ᠂ ᠠᠮᠤ ᠪᠤᠳᠠᠭ᠎ᠠ ᠶᠢ ᠪᠣᠷᠳᠤᠭ᠎ᠠ ᠪᠣᠷᠳᠤᠭ᠎ᠠ ᠪᠣᠯᠭᠠᠨ ᠥᠭᠡᠷᠡᠴᠢᠯᠡᠬᠦ ᠠᠵᠢᠯ ᠢ ᠲᠦᠯᠬᠢᠨ ᠠᠬᠢᠭᠤᠯᠬᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ᠃ 
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号