ᠰᠡᠩᠭᠡᠷᠢᠨᠴᠢᠨ ᠸᠠᠩ ᠤᠨ ᠤᠷᠳᠤᠨ ᠤ ᠰᠡᠷᠬᠦᠭᠡᠨ ᠪᠠᠶᠢᠭᠤᠯᠬᠤ ᠲᠦᠷᠦᠯ ᠵᠦᠢᠯ ᠤᠨ ᠭᠤᠤᠯ ᠴᠤᠭᠴᠠ ᠶᠢᠨ | ᠪᠠᠷᠢᠯᠭ᠎ᠠ ᠲᠠᠭᠤᠰᠪᠠ ᠵᠢᠷᠭᠠᠯᠠᠩ ᠪᠠᠯᠭᠠᠰᠤᠨ ᠳᠤ ᠪᠠᠶᠢᠷᠢᠰᠢᠭ᠎ᠠ ᠶᠡᠷᠦᠩᠬᠡᠢ ᠪᠡᠯᠡ ᠤᠷᠤᠭᠤᠯᠤᠯᠳᠠ ᠨᠢ 4.3 | ᠳ᠋ᠦᠩᠰᠢᠭᠤᠷ ᠲᠦᠭᠦᠷᠢᠭ᠂ 4 ᠲᠦᠮᠡᠨ ᠲᠡᠭᠰᠢ ᠲᠦᠷᠪᠡᠯᠵᠢᠨ ᠮᠧᠳ᠋ᠷ ᠲᠠᠯᠠᠪᠠᠢ ᠪᠦᠬᠦᠢ ᠭᠠᠵᠠᠷ ᠡᠵᠡᠯᠡᠵᠥ᠂ | ᠪᠠᠷᠢᠯᠭ᠎ᠠ ᠶᠢᠨ ᠲᠠᠯᠠᠪᠠᠢ ᠨᠢ 11788 ᠲᠡᠭᠰᠢ ᠲᠦᠷᠪᠡᠯᠵᠢᠨ ᠮᠧᠳ᠋ᠷ ᠪᠤᠯᠬᠤ ᠰᠡᠩᠭᠡᠷᠢᠨᠴᠢᠨ ᠸᠠᠩ ᠤᠨ ᠤᠷᠳᠤᠨ ᠤ | ᠰᠡᠷᠬᠦᠭᠡᠨ ᠪᠠᠶᠢᠭᠤᠯᠬᠤ ᠲᠦᠷᠦᠯ ᠵᠦᠢᠯ ᠤᠳᠤᠬᠠᠨ ᠳᠤ ᠨᠢᠭᠡᠨᠳᠡ 3 ᠳ᠋ᠦᠩᠰᠢᠭᠤᠷ ᠲᠦᠭᠦᠷᠢᠭ ᠪᠡᠯᠡ ᠤᠷᠤᠭᠤᠯᠵᠥ᠂ | ᠭᠤᠤᠯ ᠴᠤᠭᠴᠠ ᠶᠢᠨ ᠪᠠᠷᠢᠯᠭ᠎ᠠ ᠲᠠᠭᠤᠰᠴᠦ᠂ ᠬᠦᠷᠢᠶ᠎ᠡ ᠬᠠᠰᠢᠶ᠎ᠠ ᠶᠢ ᠲᠡᠪᠢᠰᠬᠦ ᠠᠵᠢᠯ ᠴᠦ ᠲᠠᠭᠤᠰᠪᠠ᠃ ᠭᠡᠷ ᠤᠨ | ᠲᠤᠳᠤᠨᠠᠬᠢ ᠵᠠᠰᠠᠯ ᠴᠢᠮᠡᠭᠯᠡᠯ ᠤᠨ ᠠᠵᠢᠯ ᠨᠢᠬᠡᠨᠳᠡ ᠡᠬᠢᠯᠡᠵᠥ᠂ ᠬᠦᠷᠢᠶ᠎ᠡ ᠬᠠᠰᠢᠶᠠᠨ ᠤ ᠲᠤᠳᠤᠨ᠎ᠠ ᠰᠢᠷᠦᠢ ᠪᠦᠭᠯᠡᠬᠦ᠂ | ᠭᠠᠵᠠᠷ ᠲᠡᠭᠰᠢᠯᠡᠬᠦ ᠪᠠ ᠲᠡᠭᠳᠡᠷ ᠭᠠᠷᠠᠭᠠᠬᠤ ᠢᠨᠵᠧᠨᠧᠷᠢᠩ ᠲᠠᠭᠤᠰᠴᠦ᠂ ᠬᠤᠪᠤᠷ ᠴᠤᠬᠠᠭ ᠮᠤᠳᠤ ᠪᠠ ᠲᠤᠷᠤᠭ | ᠪᠤᠳᠠᠯᠢᠭ ᠮᠤᠳᠤ ᠰᠢᠯᠵᠢᠬᠦᠯᠦᠨ ᠵᠠᠶᠢᠯᠠᠬᠤ ᠠᠵᠢᠯ ᠤᠨ 90% ᠶᠢ ᠪᠡᠶᠡᠯᠡᠬᠦᠯᠵᠥ᠂ ᠲᠠᠭᠠᠯᠳᠠ ᠲᠦᠭᠦᠭᠡᠷᠦᠮᠵᠢ ᠶᠢᠨ | 75% ᠶᠢ ᠪᠠᠶᠢᠭᠤᠯᠵᠥ ᠲᠠᠭᠤᠰᠪᠠ᠃ | ᠲᠠᠷᠠᠭ᠎ᠠ ᠠᠯᠬᠤᠮ ᠳᠤ ᠬᠤᠶᠢᠨᠠᠬᠢ ᠬᠤᠭᠤᠴᠠᠭᠠᠨ ᠤ ᠢᠨᠵᠧᠨᠧᠷᠢᠩ ᠪᠤᠯᠬᠤ ᠭᠡᠷ ᠤᠨ ᠲᠤᠳᠤᠨᠠᠬᠢ ᠶᠢ ᠵᠠᠰᠵᠥ | ᠴᠢᠮᠡᠬᠦ ᠪᠠ ᠬᠠᠭᠤᠴᠢ ᠶᠢ ᠲᠡᠯᠭᠡᠨ ᠦᠵᠡᠬᠦᠯᠬᠦ᠂ ᠸᠠᠩ ᠤᠨ ᠤᠷᠳᠤᠨ ᠤ ᠦᠢᠯᠡᠴᠢᠯᠡᠭᠡᠨ ᠤ ᠤᠷᠤᠨ᠂ ᠠᠮᠢ | ᠠᠬᠤᠢ ᠶᠢᠨ ᠴᠡᠴᠡᠷᠯᠢᠭ᠂ ᠰᠠᠭᠤᠬᠤ ᠭᠡᠷ᠂ ᠬᠤᠳᠠᠯᠳᠤᠭ᠎ᠠ᠂ ᠬᠡᠷᠡᠭᠯᠡᠭᠡ᠂ ᠰᠤᠶᠤᠯ᠂ ᠨᠠᠭᠠᠳᠤᠮ ᠴᠡᠩᠭᠡᠯ ᠢ ᠨᠢᠭᠡ | ᠴᠤᠬᠴᠠᠵᠢᠭᠤᠯᠤᠬᠠᠰᠠᠨ ᠸᠠᠩ ᠤᠨ ᠤᠷᠳᠤᠨ ᠤ ᠠᠭᠤᠳᠠᠮ ᠲᠠᠯᠠᠪᠠᠢ ᠵᠡᠷᠭᠡ ᠶᠢ ᠪᠠᠭᠳᠠᠭᠠᠭᠰᠠᠨ ᠲᠦᠷᠦᠯ ᠵᠦᠢᠯ ᠢ | ᠪᠦᠬᠦ ᠬᠦᠴᠦᠨ ᠢᠶᠠᠷ ᠭᠡᠷᠡᠭᠵᠢᠬᠦᠯᠬᠦ ᠪᠠᠷ ᠪᠠᠶᠢᠨ᠎ᠠ᠃ |