ᠬᠦᠷᠢᠶ᠎ᠡ ᠪᠠᠯᠭᠠᠰᠤᠨ ᠤ ᠬᠤᠳᠠ ᠶᠢᠨ ᠪᠤᠭᠤᠮᠳᠠ ᠪᠠᠯᠭᠠᠰᠦ ᠪᠤᠯᠬᠤ ᠬᠦᠷᠢᠶ᠎ᠡ ᠪᠠᠯᠭᠠᠰᠤ ᠥᠨᠢ ᠤᠳᠠᠭᠠᠨ | ᠲᠡᠦᠬᠡ ᠲᠠᠢ᠂ ᠠᠯᠢ ᠡᠷᠲᠡ ᠴᠢᠩ ᠤᠯᠤᠰ ᠤᠨ ᠦᠶ᠎ᠡ ᠳᠤ ᠬᠤᠯᠠ ᠣᠶᠢᠷ᠎ᠠ ᠳᠠᠭᠠᠨ ᠠᠯᠳᠠᠷᠰᠢᠭᠰᠠᠨ ᠠᠳᠤᠭᠤᠨ ᠤ | ᠵᠠᠬ᠎ᠠ ᠲᠡᠯᠬᠡᠭᠦᠷ ᠪᠤᠯᠵᠦ᠂ ᠴᠢᠩ ᠤᠯᠤᠰ ᠤᠨ ᠬᠠᠭᠠᠨᠲᠤ ᠲᠦᠷᠦ ᠠᠳᠡ ᠵᠠᠭᠤ ᠰᠢᠬᠠᠮ ᠯᠠᠮᠠ ᠶᠢᠨ ᠰᠦᠮ᠎ᠡ ᠬᠡᠶᠢᠳ | ᠪᠠᠶᠢᠭᠤᠯᠪᠠ᠃ ᠲᠤᠬᠠᠶ ᠶᠢᠨ ᠦᠶ᠎ᠡ ᠶᠢᠨ ᠬᠦᠷᠢᠶ᠎ᠡ ᠪᠠᠯᠭᠠᠰᠤ ᠳᠤ ᠬᠤᠳᠠᠯᠳᠤᠭᠠᠴᠢᠨ ᠴᠤᠭᠯᠠᠷᠠᠵᠤ᠂ ᠮᠥᠷᠭᠦᠯᠴᠢᠳ | ᠴᠤᠭᠯᠠᠷᠠᠵᠤ᠂ ᠨᠢᠭᠡ ᠦᠶ᠎ᠡ ᠵᠡᠭᠦᠨ ᠬᠤᠶᠢᠲᠤ ᠣᠷᠣᠨ ᠤ ᠱᠠᠰᠢᠨ ᠤ ᠬᠥᠳᠡᠯᠭᠡᠭᠡᠨ ᠤ ᠲᠥᠪ ᠪᠤᠯᠵᠦ᠂ | ᠤᠤᠯ ᠠᠴᠠ ᠪᠠᠨ ᠤᠮᠠᠷᠠᠲᠤ ᠣᠷᠣᠨ ᠤ ︽ᠪᠠᠭ᠎ᠠ ᠤᠳᠠᠢ ᠠᠭᠤᠯᠠ︾ ᠬᠡᠮᠡᠭᠳᠡᠭᠰᠡᠨ ᠶᠤᠮ᠃ ᠣᠳᠣ ᠪᠠᠯᠭᠠᠰᠤᠨ ᠤ | ᠲᠥᠪ ᠲᠤ ᠦᠯᠡᠳᠡᠵᠦ ᠪᠠᠶᠢᠭ᠎ᠠ ᠡᠬᠢ ᠶᠦᠭᠡᠨ ᠪᠠᠳᠠᠷᠠᠭᠤᠯᠤᠭᠴᠢ ᠬᠡᠶᠢᠳ᠂ ᠪᠤᠶᠠᠨ ᠪᠠᠷᠢᠯᠳᠤᠭᠤᠯᠤᠭᠴᠢ ᠬᠡᠶᠢᠳ᠂ | ᠰᠤᠶᠤᠯ ᠵᠤᠬᠢᠰᠳᠦ ᠬᠡᠶᠢᠳ ︵ᠶᠡᠷᠦ ᠳᠡᠭᠡᠨ ᠬᠦᠷᠢᠶ᠎ᠡ ᠶᠢᠨ ᠭᠤᠷᠪᠠᠨ ᠶᠡᠭᠡ ᠬᠡᠶᠢᠳ ᠭᠡᠳᠡᠭ︶᠃ ᠳᠠᠷᠤᠢ ᠴᠢᠩ | ᠤᠯᠤᠰ ᠤᠨ ᠦᠶ᠎ᠡ ᠶᠢᠨ ᠭᠤᠪᠢ ᠶᠢᠨ ᠡᠮᠦᠨᠡᠬᠢ ᠮᠣᠩᠭᠤᠯᠴᠤᠳ ︽ᠲᠦᠷᠦ ᠱᠠᠰᠢᠨ ᠨᠢᠭᠡᠳᠦᠭᠰᠡᠨ︾ ᠯᠠᠮᠠ ᠶᠢᠨ | ᠬᠤᠰᠢᠭᠤᠨ ᠤ ᠪᠠᠶᠢᠭᠤᠯᠤᠯ ᠤᠨ ᠵᠠᠰᠠᠯᠳᠠ ᠶᠢ ᠬᠡᠷᠡᠭᠵᠢᠭᠦᠯᠵᠦ᠂ ᠱᠠᠰᠢᠨ ᠰᠤᠷᠲᠠᠬᠤᠨ ᠬᠢᠭᠡᠳ ᠠᠵᠤ ᠠᠬᠤᠢ ᠶᠢᠨ | ᠲᠥᠪ ᠪᠣᠯᠤᠨ᠎ᠠ᠃ ᠡᠳᠡᠭᠡᠷ ᠨᠢ ᠬᠦᠷᠢᠶ᠎ᠡ ᠬᠤᠰᠢᠭᠤᠨ ᠤ 400 ᠵᠢᠯ ᠤᠨ ᠮᠠᠨᠳᠤᠯ ᠪᠠᠭᠤᠷᠠᠯ ᠢᠷᠠᠭᠤ ᠠᠯᠳᠠᠷ | ᠢᠴᠢᠭᠦᠷᠢ ᠭᠤᠲᠤᠮᠰᠢᠭ ᠢ ᠬᠡᠷᠡᠴᠢᠯᠡᠭᠰᠡᠨ ᠡᠷᠲᠡᠨ ᠤ ᠪᠠᠷᠢᠯᠭ᠎ᠠ ᠠᠤᠭ᠎ᠠ ᠶᠡᠭᠡ ᠬᠡᠪᠴᠢᠶ᠎ᠡ ᠲᠠᠢ ᠪᠠᠶᠢᠵᠦ᠂ ᠮᠣᠩᠭᠤᠯ᠂ | ᠲᠥᠪᠡᠳ᠂ ᠮᠠᠨᠵᠤ᠂ ᠬᠢᠲᠠᠳ ᠵᠡᠷᠭᠡ ᠣᠯᠠᠨ ᠦᠨᠳᠦᠰᠦᠲᠡᠨ ᠤ ᠰᠣᠶᠣᠯ ᠢ ᠨᠢᠭᠡ ᠴᠣᠭᠴᠠ ᠪᠤᠯᠭᠠᠭᠰᠠᠨ ᠥᠪᠡᠷᠮᠢᠴᠡ | ᠬᠡᠪ ᠨᠠᠮᠪᠠ ᠲᠠᠢ ᠪᠠᠶᠢᠵᠦ᠂ 2006 ᠤᠨ ᠳᠤ ᠲᠥᠷᠥ ᠶᠢᠨ ᠶᠠᠪᠤᠳᠠᠯ ᠤᠨ ᠬᠤᠷᠢᠶ᠎ᠠ ᠳᠤ ᠵᠢᠷᠭᠤᠳᠤᠭᠠᠷ ᠪᠦᠯᠦᠭ | ᠪᠦᠬᠦ ᠤᠯᠤᠰ ᠤᠨ ᠭᠤᠤᠯᠳᠠᠯᠭ᠎ᠠ ᠲᠠᠢ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠨᠢᠭᠡᠴᠡ ᠪᠠᠷ | ᠵᠢᠭᠰᠠᠭᠠᠭᠳᠠᠵᠠᠶ᠃ ᠲᠡᠦᠬᠡ ᠰᠣᠶᠣᠯ ᠤᠨ ᠥᠪ ᠢ ᠡᠳᠦᠭᠡ ᠳᠤ ᠦᠢᠯᠡᠴᠢᠯᠡᠭᠦᠯᠭᠦ᠂ ᠤᠳᠤ ᠦᠶ᠎ᠡ ᠶᠢᠨ | ᠬᠥᠭᠵᠢᠯᠲᠡ ᠳᠤ ᠦᠢᠯᠡᠴᠢᠯᠡᠭᠦᠯᠭᠦ ᠶᠢᠨ ᠲᠥᠯᠥᠭᠡ᠂ ᠬᠦᠷᠢᠶ᠎ᠡ ᠪᠠᠯᠭᠠᠰᠤ ᠭᠤᠷᠪᠠᠨ ᠶᠡᠭᠡ ᠬᠡᠶᠢᠳ ᠪᠠᠷ ᠭᠤᠣᠯ | ᠪᠣᠯᠭᠠᠭᠰᠠᠨ ᠡᠷᠲᠡᠨ ᠤ ᠪᠠᠯᠭᠠᠰᠦ ᠶᠢ ᠬᠠᠮᠠᠭᠠᠯᠠᠬᠤ ᠪᠠ ᠵᠤᠭᠠᠴᠠᠯ ᠤᠨ ᠨᠡᠭᠡᠭᠡᠨ ᠬᠥᠭᠵᠢᠭᠦᠯᠦᠯᠲᠡ ᠶᠢ ᠢᠳᠡᠪᠬᠢᠲᠡᠢ | ᠠᠬᠢᠭᠤᠯᠪᠠ᠃ 2014 ᠣᠨ ᠳᠤ᠂ ᠬᠦᠷᠢᠶ᠎ᠡ ᠪᠠᠯᠭᠠᠰᠤ ᠨᠢ ᠵᠢᠷᠭᠤᠳᠤᠭᠠᠷ ᠪᠦᠯᠦᠭ ᠤᠨ ᠳᠤᠮᠳᠠᠳᠤ ᠤᠯᠤᠰ ᠤᠨ | ᠲᠡᠦᠬᠡ ᠰᠣᠶᠣᠯ ᠤᠨ ᠨᠡᠷᠡᠲᠦ ᠪᠠᠯᠭᠠᠰᠤ ᠢᠶᠠᠷ ᠰᠣᠩᠭᠤᠭᠳᠠᠵᠤ᠂ ᠲᠦᠩᠯᠢᠶᠣᠤ ᠣᠷᠣᠨ ᠤ ᠠᠩᠬᠠᠳᠠᠭᠴᠢ ᠤᠯᠤᠰ ᠤᠨ | ᠳᠡᠰ ᠤᠨ ᠲᠡᠦᠬᠡ ᠰᠣᠶᠣᠯ ᠤᠨ ᠨᠡᠷᠡᠲᠦ ᠪᠠᠯᠭᠠᠰᠤ ᠪᠣᠯᠪᠠ᠃ |