︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2022 ᠣᠨ ᠤ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ ᠪᠣᠶᠢᠵᠢᠭᠤᠯᠬᠤ ᠠᠵᠢᠯ ᠤᠨ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠬᠤ ᠲᠤᠬᠠᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/2/8
ᠬᠤᠷᠴᠢᠨ ᠪᠠᠷᠠᠭᠤᠨ ᠭᠠᠷᠤᠨ ᠳᠤᠮᠳᠠᠳᠤ ᠵᠠᠰᠠᠭ ᠠᠯᠪᠠᠨ ᠲᠠᠷᠬᠠᠭᠠᠭᠰᠠᠨ 〔2022〕 80 ᠳ᠋ᠤᠭᠠᠷ ᠲᠣᠭᠠᠲᠤᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄    ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2022 ᠣᠨ ᠤ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ ᠬᠥᠮᠥᠵᠢᠭᠦᠯᠬᠦ ᠠᠵᠢᠯ ᠤᠨ ᠬᠡᠷᠡᠭᠵᠢᠭᠦᠯᠬᠦ ᠲᠥᠰᠥᠯ︾ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠢ᠃                2022 ᠣᠨ ᠤ 11 ᠰᠠᠷ᠎ᠠ ᠶᠢᠨ 2 ᠤ ᠡᠳᠦᠷᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2022 ᠣᠨ ᠤ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ ᠬᠥᠮᠥᠵᠢᠭᠦᠯᠬᠦ ᠠᠵᠢᠯ ᠤᠨ ᠬᠡᠷᠡᠭᠵᠢᠭᠦᠯᠬᠦ ᠲᠥᠰᠥᠯ   ︽2022 ᠣᠨ ᠤ ᠥᠨᠳᠥᠷ ᠬᠡᠪ ᠴᠢᠨᠠᠷ ᠪᠦᠬᠦᠢ ᠲᠠᠷᠢᠶᠠᠴᠢᠨ ᠢ ᠬᠥᠮᠥᠵᠢᠭᠦᠯᠬᠦ ᠠᠵᠢᠯ ᠢ ᠰᠠᠶᠢᠲᠤᠷ ᠬᠢᠬᠦ ᠲᠤᠬᠠᠢ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2022 ᠣᠨ ᠤ ᠥᠨᠳᠥᠷ ᠬᠡᠪ ᠪᠣᠯᠪᠠᠰᠤᠷᠠᠯ ᠲᠠᠢ ᠲᠠᠷᠢᠶᠠᠴᠢᠨ ᠢ ᠬᠥᠮᠥᠵᠢᠭᠦᠯᠬᠦ ᠲᠥᠷᠥᠯ ᠵᠦᠢᠯ ᠤᠨ ᠬᠡᠷᠡᠭᠵᠢᠭᠦᠯᠬᠦ ᠲᠥᠰᠥᠯ︾ ᠪᠠ ︽2022 ᠣᠨ ᠤ ᠬᠢᠩᠭᠠᠨ ᠠᠶᠢᠮᠠᠭ ᠤᠨ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ ᠬᠥᠮᠥᠵᠢᠭᠦᠯᠬᠦ ᠲᠥᠷᠥᠯ ᠵᠦᠢᠯ ᠤᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾  ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠦᠨᠳᠦᠰᠦᠯᠡᠵᠤ᠂ ᠮᠠᠨ ᠤ ᠬᠤᠰᠢᠭᠤᠨ ᠤ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ ᠬᠥᠮᠥᠵᠢᠭᠦᠯᠬᠦ ᠠᠵᠢᠯ ᠢ ᠥᠷᠨᠢᠭᠦᠯᠦᠭᠰᠡᠨ ᠪᠠᠶᠢᠳᠠᠯ ᠵᠢᠴᠢ ᠮᠠᠯᠴᠢᠨ ᠲᠠᠷᠢᠶᠠᠴᠢᠨ ᠢ ᠬᠥᠮᠥᠵᠢᠭᠦᠯᠬᠦ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠲᠣᠰ ᠬᠡᠷᠡᠭᠵᠢᠭᠦᠯᠬᠦ ᠲᠥᠰᠥᠯ ᠢ ᠣᠨᠴᠠᠭᠠᠶᠢᠯᠠᠨ ᠲᠣᠭᠲᠠᠭᠠᠪᠠ᠃   ᠨᠢᠭᠡ᠂ ᠠᠵᠢᠯ ᠤᠨ ᠰᠡᠳᠬᠢᠴᠡ   ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠬᠠᠩᠭᠠᠯᠭ᠎ᠠ ᠶᠢ ᠪᠠᠲᠤᠯᠠᠵᠤ ᠠᠮᠤᠷ ᠲᠦᠪᠰᠢᠨ ᠢ ᠪᠠᠬᠢᠵᠢᠭᠦᠯᠬᠦ᠂ ᠬᠥᠭᠵᠢᠯᠲᠡ ᠶᠢ ᠤᠷᠤᠭᠰᠢᠲᠠᠢ ᠡᠷᠭᠢᠯᠳᠦᠭᠦᠯᠬᠦ ᠠᠵᠢᠯ ᠤᠨ ᠪᠠᠶᠢᠷᠢ ᠲᠣᠭᠲᠠᠭᠠᠯᠲᠠ ᠶᠣᠰᠣᠭᠠᠷ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ  ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠤᠨᠠᠯᠲᠠ ᠶᠢ ᠲᠣᠭᠲᠠᠪᠤᠷᠢᠵᠢᠭᠤᠯᠤᠨ ᠤᠨᠠᠯᠲᠠ ᠶᠢ ᠨᠡᠮᠡᠭᠳᠡᠭᠦᠯᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠵᠦ᠂ ᠮᠠᠯᠵᠢᠬᠤ ᠲᠠᠷᠢᠶᠠᠯᠠᠬᠤ ᠣᠷᠣᠨ ᠢ ᠠᠮᠤᠷ ᠲᠣᠭᠲᠠᠭᠤᠨ ᠪᠠᠶᠢᠯᠭᠠᠵᠤ᠂ ᠬᠠᠩᠭᠠᠯᠭ᠎ᠠ ᠶᠢ ᠪᠠᠲᠤᠯᠠᠬᠤ᠂ ᠵᠣᠯᠭᠠᠭᠤᠯᠬᠤ᠂ ᠪᠦᠲᠦᠭᠡᠨ ᠪᠠᠶᠢᠭᠤᠯᠬᠤ ᠵᠡᠷᠭᠡ ᠭᠤᠣᠯᠳᠠᠯᠭ᠎ᠠ ᠲᠠᠢ ᠡᠭᠦᠷᠭᠡ ᠶᠢ ᠦᠷᠭᠦᠯᠵᠢᠯᠡᠨ ᠰᠠᠶᠢᠲᠤᠷ ᠠᠳᠬᠤᠵᠤ᠂ ︽ᠬᠡᠷᠡᠭᠴᠡᠭᠡ ᠪᠠᠷ ᠤᠳᠤᠷᠢᠳᠤᠮᠵᠢ ᠪᠣᠯᠭᠠᠬᠤ ᠂ ᠠᠵᠤ ᠦᠢᠯᠡᠰ ᠢᠶᠠᠷ ᠭᠤᠣᠯ ᠱᠤᠭᠤᠮ ᠪᠣᠯᠭᠠᠬᠤ᠂ ᠱᠠᠲᠤ ᠬᠤᠪᠢᠶᠠᠨ ᠬᠡᠷᠡᠭᠵᠢᠭᠦᠯᠬᠦ᠂ ᠪᠦᠬᠦ ᠶᠠᠪᠤᠴᠠ ᠳᠤ ᠪᠣᠶᠢᠵᠢᠭᠤᠯᠬᠤ︾ ᠶᠢ ᠪᠠᠷᠢᠮᠲᠠᠯᠠᠵᠤ᠂ ᠪᠦᠬᠦ ᠠᠵᠤ ᠦᠢᠯᠡᠰ ᠤᠨ ᠬᠡᠯᠬᠢᠶ᠎ᠡ ᠶᠢᠨ ᠤᠷ᠎ᠠ ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠬᠦ᠂ ᠪᠣᠶᠢᠵᠢᠭᠤᠯᠤᠯᠲᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠠᠷ ᠵᠠᠩᠭᠢᠯᠠᠭ᠎ᠠ ᠪᠣᠯᠭᠠᠵᠤ᠂ ︽ᠰᠣᠩᠭᠤᠨ ᠪᠣᠶᠢᠵᠢᠭᠤᠯᠵᠤ ᠬᠡᠷᠡᠭᠯᠡᠬᠦ︾ ᠶᠢ ᠨᠢᠭᠡ ᠴᠣᠭᠴᠠᠵᠢᠭᠤᠯᠤᠨ ᠪᠣᠶᠢᠵᠢᠭᠤᠯᠬᠤ ᠪᠠᠷ ᠠᠷᠭ᠎ᠠ ᠵᠠᠮ ᠪᠣᠯᠭᠠᠵᠤ᠂ ᠪᠣᠯᠪᠠᠰᠤᠷᠠᠭᠤᠯᠤᠯ ᠪᠠ ᠰᠤᠷᠭᠠᠨ ᠬᠥᠮᠦᠵᠢᠯ ᠢ ᠵᠡᠷᠭᠡ ᠪᠠᠷ ᠴᠢᠬᠤᠯᠠᠴᠢᠯᠠᠵᠤ᠂ ᠣᠷᠣᠭᠤᠯᠤᠨ ᠠᠪᠴᠢᠷᠠᠵᠤ ᠪᠣᠶᠢᠵᠢᠭᠤᠯᠬᠤ ᠪᠠ ᠲᠤᠬᠠᠢ ᠶᠢᠨ ᠭᠠᠵᠠᠷ ᠲᠤᠨᠢ ᠬᠥᠮᠥᠵᠢᠭᠦᠯᠬᠦ ᠶᠢ ᠵᠡᠷᠭᠡ ᠪᠠᠷ ᠴᠢᠬᠤᠯᠠᠴᠢᠯᠠᠵᠤ᠂ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠳᠤ ᠪᠠᠴᠢᠮ ᠱᠠᠭᠠᠷᠳᠠᠭᠳᠠᠵᠤ ᠪᠠᠶᠢᠭ᠎ᠠ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ ᠲᠦᠷᠭᠡᠳᠬᠡᠨ ᠬᠥᠮᠥᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ᠂ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢ ᠲᠦᠷᠭᠡᠳᠬᠡᠬᠦ ᠳᠤ ᠪᠠᠲᠤ ᠴᠢᠩᠭ᠎ᠠ ᠴᠢᠳᠠᠪᠤᠷᠢᠲᠠᠨ ᠤ ᠪᠠᠲᠤᠯᠠᠭ᠎ᠠ ᠬᠠᠩᠭᠠᠨ᠎ᠠ᠃   ᠬᠤᠶᠠᠷ᠂ ᠬᠠᠷᠠᠯᠲᠠ ᠶᠢᠨ ᠡᠭᠦᠷᠭᠡ    ᠪᠥᠬᠦ ᠬᠤᠰᠢᠭᠤᠨ ᠤ 12 ᠰᠤᠮᠤ ᠪᠠᠯᠭᠠᠰᠤᠨ ᠳᠤ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ ᠬᠥᠮᠥᠵᠢᠭᠦᠯᠬᠦ ᠠᠵᠢᠯ ᠢ ᠥᠷᠨᠢᠭᠦᠯᠵᠦ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠡᠵᠡᠩᠨᠡᠭᠴᠢ᠂ ᠮᠠᠯᠴᠢᠨ ᠲᠠᠷᠢᠶᠠᠴᠢᠨ ᠤ ᠬᠤᠷᠰᠢᠶ᠎ᠠ ᠶᠢᠨ ᠳᠠᠭᠠᠭᠤᠯᠤᠭᠴᠢ ᠪᠠᠷ ᠭᠤᠣᠯᠳᠠᠯᠭ᠎ᠠ ᠪᠣᠯᠭᠠᠨ᠂ ᠲᠤᠰᠬᠠᠢ ᠦᠢᠯᠡᠳᠪᠦᠷᠢᠯᠡᠯ ᠤᠨ ᠬᠡᠯᠪᠡᠷᠢ ᠪᠠᠷ ᠤᠳᠤᠷᠢᠳᠤᠮᠵᠢ ᠪᠣᠯᠭᠠᠵᠤ᠂ ᠲᠤᠰᠬᠠᠢ ᠦᠢᠯᠡᠳᠪᠦᠷᠢᠯᠡᠯ ᠤᠨ ᠬᠡᠯᠪᠡᠷᠢ ᠶᠢᠨ 241 ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ ᠬᠥᠮᠥᠵᠢᠭᠦᠯᠬᠦ ᠪᠠᠷ ᠲᠥᠯᠥᠪᠯᠡᠵᠦ᠂ ᠲᠥᠪ ᠠᠴᠠ 85.8 ᠲᠦᠮᠡᠨ ᠲᠥᠭᠦᠷᠢᠭ ︵ᠳᠠᠭᠠᠯᠳᠤᠭᠤᠯᠤᠯ 2︶ ᠤᠨ ᠨᠥᠬᠦᠪᠦᠷᠢ ᠮᠥᠩᠭᠦ ᠣᠯᠬᠤ ᠪᠠᠷ ᠴᠢᠷᠮᠠᠶᠢᠨ᠎ᠠ᠃    ︵ᠨᠢᠭᠡ︶ ᠬᠡᠷᠡᠭᠵᠢᠭᠦᠯᠬᠦ ᠬᠦᠷᠢᠶ᠎ᠡ ᠬᠡᠪᠴᠢᠶ᠎ᠡ᠃ ᠥᠪᠡᠷᠲᠡᠭᠡᠨ ᠵᠠᠰᠠᠬᠤ ᠣᠷᠣᠨ ᠤ ᠥᠨᠳᠥᠷ ᠬᠡᠪ ᠪᠣᠯᠪᠠᠰᠤᠷᠠᠯ ᠲᠠᠢ ᠲᠠᠷᠢᠶᠠᠴᠢᠨ ᠢ ᠬᠥᠮᠥᠵᠢᠭᠦᠯᠬᠦ ᠠᠵᠢᠯ ᠤᠨ ᠶᠡᠷᠦᠩᠬᠡᠢ ᠲᠣᠬᠢᠷᠠᠭᠤᠯᠤᠯᠲᠠ ᠶᠣᠰᠣᠭᠠᠷ᠂ ᠮᠠᠨ ᠤ ᠬᠤᠰᠢᠭᠤ ᠲᠤᠰᠬᠠᠢ ᠮᠡᠷᠭᠡᠵᠢᠯ ᠤᠨ ᠳᠠᠷᠢᠵᠤ ᠲᠡᠵᠢᠭᠡᠨ ᠦᠷᠡᠵᠢᠭᠦᠯᠬᠦ ᠲᠣᠮᠣ ᠡᠷᠦᠬᠡ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ᠂ ᠮᠠᠯᠴᠢᠨ ᠲᠠᠷᠢᠶᠠᠴᠢᠨ ᠤ ᠬᠤᠷᠰᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ ᠂ ᠨᠤᠲᠤᠭ ᠲᠠᠭᠠᠨ ᠪᠤᠴᠠᠵᠤ ᠲᠠᠷᠢᠶᠠᠯᠠᠩ ᠳᠤ ᠬᠤᠯᠪᠣᠭᠳᠠᠭᠰᠠᠨ ᠦᠢᠯᠡᠰ ᠴᠣᠭᠴᠠᠯᠠᠭᠴᠢ ᠵᠡᠷᠭᠡ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠳᠠᠭᠠᠭᠤᠯᠤᠭᠴᠢ ᠵᠢᠴᠢ ᠳᠤᠮᠳᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ᠂ ᠴᠡᠷᠢᠭ ᠠᠴᠠ ᠬᠠᠯᠠᠭᠳᠠᠭᠰᠠᠳ ᠵᠡᠷᠭᠡ ᠪᠠᠷ ᠬᠥᠮᠥᠵᠢᠭᠦᠯᠬᠦ ᠡᠲᠡᠭᠡᠳ ᠢᠶᠠᠨ ᠪᠣᠯᠭᠠᠵᠤ᠂ ᠲᠤᠰᠬᠠᠢ ᠦᠢᠯᠡᠳᠪᠦᠷᠢᠯᠡᠯ ᠤᠨ ᠬᠡᠯᠪᠡᠷᠢ ᠪᠠᠷ ᠤᠳᠤᠷᠢᠳᠤᠮᠵᠢ ᠪᠣᠯᠭᠠᠵᠤ᠂ ᠮᠠᠨ ᠤ ᠬᠤᠰᠢᠭᠤᠨ ᠤ ᠬᠥᠳᠡᠭᠡ ᠲᠣᠰᠬᠤᠨ ᠤ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ ᠬᠡᠷᠡᠭᠴᠡᠭᠡ ᠱᠠᠭᠠᠷᠳᠠᠯᠭ᠎ᠠ ᠪᠠ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠠᠬᠢᠴᠠ ᠶᠢ ᠦᠨᠳᠦᠰᠦᠯᠡᠨ᠂ ᠰᠢᠷ᠎ᠠ ᠪᠤᠷᠴᠠᠭ ᠡᠷᠳᠡᠨᠢ ᠰᠢᠰᠢ ᠶᠢ ᠪᠦᠰᠡᠯᠢᠭ ᠨᠡᠶᠢᠯᠡᠮᠡᠯ ᠳᠠᠷᠢᠬᠤ ᠵᠢᠱᠢᠶ᠎ᠡ ᠦᠵᠡᠭᠦᠯᠦᠨ ᠳᠡᠯᠭᠡᠷᠡᠭᠦᠯᠬᠦ ᠵᠢᠴᠢ ᠵᠡᠭᠦᠨ ᠬᠤᠶᠢᠲᠤ ᠣᠷᠣᠨ ᠤ ᠬᠠᠷ᠎ᠠ ᠬᠥᠷᠥᠰᠥ ᠶᠢᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠬᠤ ᠵᠡᠷᠭᠡ ᠬᠥᠮᠥᠵᠢᠭᠦᠯᠬᠦ ᠠᠵᠢᠯᠯᠠᠭ᠎ᠠ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃    ︵ᠬᠤᠶᠠᠷ︶ ᠨᠥᠬᠦᠪᠦᠷᠢ ᠥᠭᠬᠦ ᠠᠭᠤᠯᠭ᠎ᠠ᠃ ᠥᠨᠳᠥᠷ ᠬᠡᠪ ᠴᠢᠨᠠᠷ ᠪᠦᠬᠦᠢ ᠲᠠᠷᠢᠶᠠᠴᠢᠳ ᠤᠨ ᠪᠣᠯᠪᠠᠰᠤᠷᠠᠭᠤᠯᠤᠯ ᠤᠨ ᠪᠡᠯᠡ ᠮᠥᠩᠭᠦ ᠶᠢᠨ ᠪᠣᠳᠠᠲᠠᠢ ᠨᠥᠬᠦᠪᠦᠷᠢ ᠶᠢᠨ ᠪᠠᠷᠢᠮᠵᠢᠶ᠎ᠠ ᠶᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠣᠭᠲᠠᠭᠠᠵᠤ᠂ ᠠᠳᠠᠯᠢ ᠪᠤᠰᠤ ᠠᠵᠤ ᠦᠢᠯᠡᠰ᠂ ᠠᠳᠠᠯᠢ ᠪᠤᠰᠤ ᠪᠣᠶᠢᠵᠢᠭᠤᠯᠬᠤ ᠬᠡᠯᠪᠡᠷᠢ ᠳᠤ ᠵᠦᠷᠢᠶᠡᠴᠢᠯᠡᠭᠰᠡᠨ ᠨᠥᠬᠦᠪᠦᠷᠢ ᠶᠢ ᠬᠡᠷᠡᠭᠵᠢᠭᠦᠯᠵᠦ ᠪᠣᠯᠣᠨ᠎ᠠ᠃ ᠲᠥᠷᠥᠯ ᠵᠦᠢᠯ ᠤᠨ ᠪᠡᠯᠡ ᠮᠥᠩᠭᠦ  ᠶᠢ ᠪᠣᠶᠢᠵᠢᠭᠤᠯᠬᠤ ᠠᠵᠢᠯ ᠤᠨ ᠪᠦᠬᠦ ᠶᠠᠪᠤᠴᠠ ᠳᠤ ᠬᠡᠷᠡᠭᠯᠡᠵᠦ᠂ ᠡᠭᠦᠨ ᠳᠤ ᠲᠥᠷᠥᠯ ᠵᠦᠢᠯ ᠤᠨ ᠬᠠᠮᠢᠶᠠᠷᠤᠯᠲᠠ ᠪᠠ ᠪᠣᠯᠪᠠᠰᠤᠷᠠᠭᠤᠯᠤᠯ ᠤᠨ ᠠᠵᠢᠯ ᠭᠡᠬᠦ ᠬᠤᠶᠠᠷ ᠬᠡᠰᠡᠭ ᠪᠠᠭᠲᠠᠨ᠎ᠠ᠂ ᠭᠤᠣᠯᠳᠠᠭᠤ ᠪᠠᠶᠢᠴᠠᠭᠠᠨ ᠰᠤᠳᠤᠯᠤᠯᠲᠠ ᠬᠢᠵᠦ ᠪᠠᠶᠢᠳᠠᠯ ᠢ ᠣᠶᠢᠯᠠᠭᠠᠬᠤ ᠳᠤ ᠬᠡᠷᠡᠭᠯᠡᠵᠦ᠂ ᠪᠣᠯᠪᠠᠰᠤᠷᠠᠭᠤᠯᠤᠯ ᠤᠬᠠᠭᠤᠯᠭ᠎ᠠ᠂ ᠤᠷᠢᠵᠤ ᠬᠢᠴᠢᠶᠡᠯᠯᠡᠬᠦ ᠲᠤᠰᠬᠠᠢ ᠮᠡᠷᠭᠡᠵᠢᠯᠲᠡᠨ ᠪᠠᠭᠰᠢ᠂ ᠵᠢᠭᠠᠬᠤ ᠮᠠᠲ᠋ᠧᠷᠢᠶᠠᠯ ᠮᠠᠲ᠋ᠧᠷᠢᠶᠠᠯ᠂ ᠲᠠᠯᠠᠪᠤᠷ ᠲᠦᠷᠢᠶᠡᠰᠦᠯᠡᠬᠦ᠂ ᠳᠠᠳᠤᠯᠭ᠎ᠠ ᠳᠠᠳᠤᠯᠭ᠎ᠠ ᠪᠣᠯᠪᠠᠰᠤᠷᠠᠭᠤᠯᠤᠯ᠂ ᠣᠨᠳᠣᠣ ᠭᠠᠵᠠᠷ ᠲᠤ ᠪᠣᠯᠪᠠᠰᠤᠷᠠᠭᠤᠯᠤᠯ ᠬᠢᠬᠦ᠂ ᠲᠣᠭᠤᠷᠢᠨ ᠦᠵᠡᠵᠦ ᠰᠤᠷᠤᠯᠴᠠᠬᠤ᠂ ᠰᠦᠯᠵᠢᠶᠡᠨ ᠳᠡᠭᠡᠷᠡᠬᠢ ᠪᠣᠯᠪᠠᠰᠤᠷᠠᠭᠤᠯᠤᠯ᠂ ᠪᠠᠭᠰᠢ ᠶᠢᠨ ᠪᠣᠯᠪᠠᠰᠤᠷᠠᠭᠤᠯᠤᠯ᠂ ᠦᠨᠡᠮᠯᠡᠯ ᠵᠣᠬᠢᠶᠠᠬᠤ᠂ ᠲᠠᠩᠰᠠ ᠡᠪᠬᠡᠮᠡᠯ ᠤᠨ ᠬᠠᠮᠢᠶᠠᠷᠤᠯᠲᠠ ᠪᠠ ᠮᠠᠯᠴᠢᠨ ᠲᠠᠷᠢᠶᠠᠴᠢᠨ ᠢ ᠲᠥᠪᠯᠡᠷᠡᠭᠦᠯᠦᠨ ᠪᠣᠯᠪᠠᠰᠤᠷᠠᠭᠤᠯᠬᠤ ᠬᠤᠭᠤᠴᠠᠭᠠᠨ ᠳᠠᠬᠢ ᠢᠳᠡᠵᠦ ᠤᠤᠭᠤᠬᠤ ᠬᠤᠨᠣᠵᠤ ᠬᠡᠪᠲᠡᠬᠦ᠂ ᠵᠠᠮ ᠬᠠᠷᠢᠯᠴᠠᠭ᠎ᠠ ︵ᠰᠣᠷᠣᠭᠴᠢ ᠶᠢᠨ ᠣᠨᠳᠣᠣ ᠭᠠᠵᠠᠷ ᠲᠤ ᠲᠥᠪᠯᠡᠷᠡᠭᠦᠯᠦᠨ ᠪᠣᠯᠪᠠᠰᠤᠷᠠᠭᠤᠯᠬᠤ ᠶᠢᠨ ᠢᠷᠡᠵᠦ ᠪᠤᠴᠠᠬᠤ ᠵᠠᠮ ᠬᠠᠷᠢᠯᠴᠠᠭᠠᠨ ᠤ ᠵᠠᠷᠤᠳᠠᠯ ᠤᠨ ᠨᠥᠬᠦᠪᠦᠷᠢ ᠪᠠᠭᠲᠠᠨ᠎ᠠ︶ ᠵᠢᠴᠢ ᠮᠥᠷᠳᠡᠨ ᠦᠢᠯᠡᠴᠢᠯᠡᠬᠦ ᠵᠡᠷᠭᠡ ᠬᠠᠮᠢᠶ᠎ᠠ ᠪᠦᠬᠦᠢ ᠵᠠᠷᠤᠯᠭ᠎ᠠ ᠶᠢ ᠪᠠᠭᠲᠠᠭᠠᠨ᠎ᠠ᠃ ᠬᠢᠵᠠᠭᠠᠷ ᠲᠠᠢ ᠪᠡᠯᠡ ᠮᠥᠩᠭᠦ ᠶᠢᠨ ᠬᠠᠮᠤᠭ ᠶᠡᠭᠡ ᠦᠷ᠎ᠡ ᠪᠦᠲᠦᠮᠵᠢ ᠶᠢ ᠪᠠᠳᠠᠷᠠᠭᠤᠯᠬᠤ ᠶᠢᠨ ᠲᠥᠯᠥᠭᠡ᠂ ᠪᠥᠬᠦ ᠬᠤᠰᠢᠭᠤᠨ ᠤ ᠠᠮᠢᠳᠤᠷᠠᠯ ᠤᠨ ᠲᠦᠪᠰᠢᠨ ᠵᠢᠴᠢ ᠬᠠᠮᠢᠶ᠎ᠠ ᠪᠦᠬᠦᠢ ᠪᠠᠷᠢᠮᠵᠢᠶ᠎ᠠ ᠪᠠᠷ ᠬᠤᠭᠤᠯᠠ ᠬᠤᠨᠤᠭ ᠤᠨ ᠨᠥᠬᠦᠪᠦᠷᠢ ᠶᠢ ᠬᠡᠷᠡᠭᠵᠢᠭᠦᠯᠦᠨ᠎ᠡ︔ᠬᠡᠷᠡᠭᠴᠡᠭᠡ ᠱᠠᠭᠠᠷᠳᠠᠯᠭ᠎ᠠ ᠶᠢᠨ ᠪᠠᠶᠢᠴᠠᠭᠠᠨ ᠰᠤᠳᠤᠯᠤᠯᠲᠠ ᠬᠢᠬᠦ ᠪᠠ ᠭᠠᠳᠠᠭᠰᠢ ᠭᠠᠷᠬᠤ ᠳᠤ᠂ ᠠᠵᠢᠯᠲᠠᠨ ᠤ ᠪᠦᠷᠢᠯᠳᠦᠴᠡ ᠶᠢ ᠬᠢᠵᠠᠭᠠᠷᠯᠠᠵᠤ᠂ ᠭᠤᠣᠯᠳᠠᠭᠤ ᠵᠣᠬᠢᠶᠠᠨ ᠪᠠᠶᠢᠭᠤᠯᠤᠨ ᠬᠠᠮᠢᠶᠠᠷᠤᠭᠴᠢ᠂ ᠬᠠᠮᠢᠶ᠎ᠠ ᠪᠦᠬᠦᠢ ᠪᠠᠭᠰᠢ᠂ ᠰᠣᠷᠣᠭᠴᠢ ᠶᠢᠨ ᠲᠥᠯᠥᠭᠡᠯᠡᠭᠴᠢ ᠵᠡᠷᠭᠡ ᠶᠢ ᠣᠷᠣᠯᠴᠠᠭᠤᠯᠵᠤ᠂ ᠵᠠᠷᠤᠯᠭ᠎ᠠ ᠶᠢᠨ ᠪᠠᠷᠢᠮᠵᠢᠶ᠎ᠠ ᠶᠢ ︽ᠬᠢᠩᠭᠠᠨ ᠠᠶᠢᠮᠠᠭ ᠤᠨ ᠲᠣᠰ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ ᠶᠠᠪᠤᠳᠠᠯ ᠢᠶᠠᠷ ᠭᠠᠳᠠᠭᠰᠢ ᠭᠠᠷᠬᠤ ᠵᠠᠷᠤᠳᠠᠯ ᠤᠨ ᠬᠠᠮᠢᠶᠠᠷᠤᠯᠲᠠ ᠶᠢᠨ ᠠᠷᠭ᠎ᠠ︾ ᠶᠣᠰᠣᠭᠠᠷ ᠲᠠᠩᠰᠠ ᠲᠠᠶᠢᠯᠤᠨ᠎ᠠ᠃ ᠥᠨᠳᠥᠷ ᠬᠡᠪ ᠪᠣᠯᠪᠠᠰᠤᠷᠠᠯ ᠲᠠᠢ ᠲᠠᠷᠢᠶᠠᠴᠢᠨ ᠢ ᠬᠥᠮᠥᠵᠢᠭᠦᠯᠬᠦ ᠲᠥᠷᠥᠯ ᠵᠦᠢᠯ ᠤᠨ ᠬᠢᠴᠢᠶᠡᠯᠯᠡᠬᠦ ᠪᠠᠭᠰᠢ ᠶᠢᠨ ᠬᠢᠴᠢᠶᠡᠯ ᠵᠢᠭᠠᠬᠤ ᠵᠠᠷᠤᠳᠠᠯ ᠢ ︽ᠬᠢᠩᠭᠠᠨ ᠠᠶᠢᠮᠠᠭ ᠤᠨ ᠲᠣᠰ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠶᠢᠨ ᠪᠣᠯᠪᠠᠰᠤᠷᠠᠭᠤᠯᠤᠯ ᠤᠨ ᠵᠠᠷᠤᠳᠠᠯ ᠤᠨ ᠬᠠᠮᠢᠶᠠᠷᠤᠯᠲᠠ ᠶᠢᠨ ᠠᠷᠭ᠎ᠠ︾ ︵ᠰᠢᠩ ᠼᠠᠢ ᠪᠠᠩᠬᠢ ﹇2018﹈ 2 ᠳ᠋ᠤᠭᠠᠷ ᠲᠣᠭᠠᠲᠤ︶ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠥᠨᠳᠥᠷ ᠬᠡᠪ ᠴᠢᠨᠠᠷ ᠪᠦᠬᠦᠢ ᠮᠠᠯᠴᠢᠨ ᠲᠠᠷᠢᠶᠠᠴᠢᠨ ᠤ ᠲᠥᠷᠥᠯ ᠵᠦᠢᠯ ᠤᠨ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠤᠰᠬᠠᠢ ᠵᠣᠭᠤᠰ ᠢ ᠲᠤᠰᠬᠠᠢ ᠵᠦᠢᠯ ᠳᠤ ᠬᠡᠷᠡᠭᠯᠡᠬᠦ ᠶᠢ ᠦᠨᠡᠨᠬᠦ ᠪᠠᠲᠤᠯᠠᠵᠤ᠂ ᠬᠡᠷᠡᠭᠵᠢᠭᠦᠯᠬᠦ ᠠᠬᠢᠴᠠ ᠶᠢ ᠲᠦᠷᠭᠡᠳᠬᠡᠨ᠂ ᠪᠡᠯᠡ ᠮᠥᠩᠭᠦ ᠶᠢᠨ ᠬᠤᠪᠢᠶᠠᠷᠢᠯᠠᠯᠲᠠ ᠪᠠ ᠠᠵᠢᠯ ᠤᠨ ᠠᠮᠵᠢᠯᠲᠠ ᠪᠦᠲᠦᠮᠵᠢ ᠶᠢᠨ ᠵᠠᠳᠠᠯᠤᠯᠲᠠ ᠵᠡᠷᠭᠡ ᠮᠡᠳᠡᠭᠡ ᠵᠠᠩᠭᠢ ᠶᠢ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠰᠢᠯᠵᠢᠭᠦᠯᠦᠨ ᠥᠭᠬᠦ ᠬᠠᠮᠢᠶᠠᠷᠤᠯᠲᠠ ᠶᠢᠨ ᠲᠠᠪᠴᠠᠩ ᠳᠤ ᠴᠠᠭ ᠲᠤᠬᠠᠢ ᠳᠤᠨᠢ ᠲᠡᠮᠳᠡᠭᠯᠡᠨ ᠣᠷᠣᠭᠤᠯᠤᠨ᠎ᠠ᠃    ᠭᠤᠷᠪᠠ᠂ ᠬᠡᠷᠡᠭᠵᠢᠭᠦᠯᠬᠦ ᠠᠭᠤᠯᠭ᠎ᠠ    ᠮᠠᠨ ᠤ ᠬᠤᠰᠢᠭᠤᠨ ᠤ ᠠᠮᠤ ᠪᠤᠳᠠᠭ᠎ᠠ ᠶᠢ ᠲᠣᠭᠲᠠᠪᠤᠷᠢᠵᠢᠭᠤᠯᠵᠤ ᠬᠠᠩᠭᠠᠯᠭ᠎ᠠ ᠶᠢ ᠪᠠᠲᠤᠯᠠᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠶᠢᠨ ᠲᠣᠭᠤᠷᠢᠨ ᠳᠤ᠂ ᠬᠥᠳᠡᠭᠡ ᠲᠣᠰᠬᠤᠨ ᠤ ᠬᠥᠭᠵᠢᠯᠲᠡ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠪᠠ ᠬᠥᠳᠡᠭᠡ ᠲᠣᠰᠬᠤᠨ ᠤ ᠵᠠᠰᠠᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠪᠠ ᠦᠢᠯᠡᠴᠢᠯᠡᠭᠡᠨ ᠤ ᠭᠤᠣᠯ ᠴᠣᠭᠴᠠ ᠶᠢᠨ ᠴᠢᠳᠠᠪᠤᠷᠢ ᠶᠢ ᠳᠡᠭᠡᠭᠰᠢᠯᠡᠭᠦᠯᠬᠦ᠂ ᠳᠠᠷᠢᠵᠤ ᠲᠡᠵᠢᠭᠡᠬᠦ ᠴᠢᠳᠠᠪᠤᠷᠢᠲᠠᠨ ᠨᠡᠮᠡᠬᠦ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ᠂ ᠮᠠᠯᠵᠢᠬᠤ ᠲᠠᠷᠢᠶᠠᠯᠠᠬᠤ ᠣᠷᠣᠨ ᠤ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠭᠴᠢ ᠶᠢ ᠬᠥᠮᠥᠵᠢᠭᠦᠯᠬᠦ᠂ ᠬᠥᠳᠡᠭᠡ ᠲᠣᠰᠬᠤᠨ ᠤ ᠵᠠᠰᠠᠯᠲᠠ ᠵᠢᠴᠢ ᠨᠡᠶᠢᠭᠡᠮ ᠤᠨ ᠦᠢᠯᠡᠰ ᠤᠨ ᠬᠥᠭᠵᠢᠯᠲᠡ ᠶᠢᠨ ᠳᠠᠭᠠᠭᠤᠯᠤᠭᠴᠢ ᠶᠢ ᠬᠥᠮᠥᠵᠢᠭᠦᠯᠬᠦ ᠵᠡᠷᠭᠡ ᠠᠵᠢᠯᠯᠠᠭ᠎ᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ ᠶᠡᠬᠡᠪᠡᠷ ᠬᠥᠮᠥᠵᠢᠭᠦᠯᠦᠨ᠎ᠡ᠃   ︵ᠨᠢᠭᠡ︶ ᠠᠮᠤ ᠪᠤᠳᠠᠭ᠎ᠠ ᠶᠢ ᠲᠣᠭᠲᠠᠪᠤᠷᠢᠵᠢᠭᠤᠯᠤᠨ ᠲᠣᠰᠣ ᠶᠢ ᠥᠷᠭᠡᠳᠬᠡᠬᠦ ᠪᠠ ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ ᠲᠣᠭᠲᠠᠭᠤᠨ ᠢᠶᠠᠷ ᠬᠠᠩᠭᠠᠬᠤ ᠶᠢ ᠪᠥᠬᠦ ᠲᠠᠯ᠎ᠠ ᠪᠠᠷ ᠪᠠᠲᠤᠯᠠᠨ᠎ᠠ᠃ ᠭᠤᠣᠯ ᠪᠣᠯᠬᠤ ᠠᠮᠤ ᠪᠤᠳᠠᠭᠠᠨ ᠤ ᠲᠠᠷᠢᠮᠠᠯ ᠪᠣᠯᠣᠨ ᠰᠢᠷ᠎ᠠ ᠪᠤᠷᠴᠠᠭ ᠲᠣᠰᠣᠯᠢᠭ ᠲᠠᠷᠢᠮᠠᠯ ᠤᠨ ᠦᠢᠯᠡᠳᠪᠦᠷᠢᠯᠡᠯ ᠤᠨ ᠲᠣᠭᠤᠷᠢᠨ ᠳᠤ᠂ ᠭᠠᠷᠤᠯᠲᠠ ᠶᠢ ᠨᠡᠮᠡᠭᠳᠡᠭᠦᠯᠦᠨ ᠶᠠᠰᠤ ᠴᠢᠨᠠᠷ ᠢ ᠳᠡᠭᠡᠭᠰᠢᠯᠡᠭᠦᠯᠬᠦ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠪᠠ ᠬᠦᠨᠳᠦ ᠶᠡᠭᠡ ᠡᠪᠡᠳᠴᠢᠨ ᠬᠤᠷᠣᠬᠠᠢ ᠶᠢᠨ ᠭᠠᠮᠰᠢᠭ ᠢ ᠰᠡᠷᠭᠡᠶᠢᠯᠡᠨ ᠵᠠᠰᠠᠬᠤ ᠵᠡᠷᠭᠡ ᠠᠶᠤᠯ ᠦᠭᠡᠢ ᠦᠢᠯᠡᠳᠪᠦᠷᠢᠯᠡᠯ ᠤᠨ ᠦᠶᠡᠯᠡᠬᠦ ᠬᠤᠭᠤᠴᠠᠭᠠᠨ ᠤ ᠮᠡᠷᠭᠡᠵᠢᠯ ᠤᠨ ᠮᠡᠷᠭᠡᠵᠢᠯ ᠤᠨ ᠴᠢᠳᠠᠪᠤᠷᠢ  ᠶᠢᠨ ᠪᠣᠯᠪᠠᠰᠤᠷᠠᠭᠤᠯᠤᠯ  ᠢ ᠥᠷᠨᠢᠭᠦᠯᠵᠦ᠂ ᠢᠳᠡᠰᠢᠨ ᠨᠣᠭᠤᠭ᠎ᠠ ᠵᠡᠷᠭᠡ ᠠᠵᠤ ᠠᠬᠤᠢ ᠶᠢᠨ ᠲᠠᠷᠢᠮᠠᠯ ᠤᠨ ᠦᠢᠯᠡᠳᠪᠦᠷᠢᠯᠡᠯ ᠤᠨ ᠬᠠᠮᠢᠶᠠᠷᠤᠯᠲᠠ  ᠶᠢᠨ ᠪᠣᠯᠪᠠᠰᠤᠷᠠᠭᠤᠯᠤᠯ ᠢ ᠲᠤᠬᠠᠢ ᠶᠢᠨ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠥᠷᠨᠢᠭᠦᠯᠵᠦ᠂ ᠲᠠᠷᠢᠬᠤ ᠬᠢᠷᠢ ᠬᠡᠮᠵᠢᠶ᠎ᠡ ᠪᠣᠯᠣᠨ ᠠᠵᠤ ᠦᠢᠯᠡᠰ ᠤᠨ ᠬᠥᠭᠵᠢᠯᠲᠡ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠦᠢᠯᠡᠳᠪᠦᠷᠢᠯᠡᠯ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠭᠠᠭ᠋ᠠᠢ᠂ ᠦᠬᠡᠷ ᠬᠤᠨᠢ ᠲᠡᠵᠢᠭᠡᠨ ᠦᠷᠡᠵᠢᠭᠦᠯᠬᠦ ᠡᠷᠦᠬᠡ ᠪᠠ ᠰᠠᠭᠠᠯᠢ ᠶᠢᠨ ᠲᠠᠷᠢᠶᠠᠴᠢᠳ ᠤᠨ ᠪᠣᠯᠪᠠᠰᠤᠷᠠᠭᠤᠯᠤᠯ ᠢᠶᠠᠷ ᠳᠡᠮᠵᠢᠨ᠂ ᠲᠡᠵᠢᠭᠡᠨ ᠦᠷᠡᠵᠢᠭᠦᠯᠬᠦ ᠦᠷ᠎ᠡ ᠠᠰᠢᠭ ᠢ ᠳᠡᠭᠡᠭᠰᠢᠯᠡᠭᠦᠯᠦᠨ᠎ᠡ︔ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢᠨ ᠪᠣᠯᠪᠠᠰᠤᠷᠠᠭᠤᠯᠤᠯ ᠢᠶᠠᠷ ᠳᠠᠮᠵᠢᠭᠤᠯᠤᠨ᠂ ᠠᠮᠢᠳᠤ ᠪᠣᠳᠠᠰ ᠤᠨ ᠠᠮᠤᠷ ᠲᠦᠪᠰᠢᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ︔    ︵ᠬᠤᠶᠠᠷ︶ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠰᠠᠶᠢᠨ ᠡᠭᠦᠯᠳᠡᠷ ᠢ ᠢᠯᠭᠠᠨ ᠲᠠᠨᠢᠬᠤ᠂ ᠰᠣᠩᠭᠤᠵᠤ ᠬᠤᠳᠠᠯᠳᠤᠨ ᠠᠪᠬᠤ ᠪᠠ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠵᠡᠷᠭᠡ ᠲᠠᠯ᠎ᠠ ᠶᠢᠨ ᠪᠣᠯᠪᠠᠰᠤᠷᠠᠭᠤᠯᠤᠯ ᠢ ᠴᠢᠩᠭᠠᠳᠬᠠᠨ᠂ ᠲᠠᠷᠢᠶᠠᠴᠢᠨ ᠮᠠᠯᠴᠢᠳ ᠤᠨ ᠰᠢᠨᠵᠢᠯᠡᠬᠦ ᠤᠬᠠᠭᠠᠨᠴᠢ ᠪᠠᠷ ᠡᠭᠦᠯᠳᠡᠷ ᠬᠡᠷᠡᠭᠯᠡᠬᠦ ᠶᠢ ᠵᠢᠯᠣᠭᠤᠳᠤᠨ᠎ᠠ᠃ ᠲᠠᠷᠢᠶᠠᠴᠢᠳ ᠤᠨ ᠲᠠᠷᠢᠶᠠᠨ ᠭᠠᠵᠠᠷ ᠢ ᠬᠠᠮᠠᠭᠠᠯᠠᠬᠤ ᠮᠡᠳᠡᠯᠭᠡ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠴᠤ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠠᠷᠢᠶᠠᠯᠠᠩ ᠤᠨ ᠮᠠᠰᠢᠨ ᠤ ᠲᠣᠨᠣᠭᠯᠠᠯ ᠢ ᠬᠡᠷᠡᠭᠯᠡᠬᠦ ᠪᠠ ᠮᠠᠰᠢᠨ ᠢᠶᠠᠷ ᠬᠤᠷᠢᠶᠠᠵᠤ ᠬᠤᠬᠢᠷᠠᠯ ᠢ ᠪᠠᠭᠠᠰᠬᠠᠬᠤ ᠮᠡᠷᠭᠡᠵᠢᠯ ᠴᠢᠳᠠᠪᠤᠷᠢ ᠶᠢᠨ ᠵᠢᠭᠠᠨ ᠰᠤᠷᠭᠠᠯᠲᠠ ᠶᠢ ᠨᠡᠮᠡᠭᠳᠡᠭᠦᠯᠵᠦ᠂ ᠲᠠᠷᠢᠶᠠᠯᠠᠩ ᠤᠨ ᠮᠠᠰᠢᠨ ᠤ ᠲᠤᠰᠬᠠᠢ ᠮᠡᠷᠭᠡᠵᠢᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠮᠥᠩᠭᠦᠨ ᠭᠦᠢᠯᠭᠡᠭᠡᠨ ᠤ ᠳᠠᠭᠠᠭᠠᠯᠲᠠ ᠶᠢᠨ ᠮᠡᠳᠡᠯᠭᠡ ᠶᠢᠨ ᠪᠣᠯᠪᠠᠰᠤᠷᠠᠭᠤᠯᠤᠯ ᠢ ᠶᠡᠬᠡᠪᠡᠷ ᠥᠷᠨᠢᠭᠦᠯᠵᠦ᠂ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ ᠮᠥᠩᠭᠦᠨ ᠭᠦᠢᠯᠭᠡᠭᠡᠨ ᠢᠶᠠᠷ ᠲᠡᠳᠬᠦᠬᠦ ᠡᠷᠴᠢᠮ ᠢ ᠴᠢᠩᠭᠠᠷᠠᠭᠤᠯᠤᠨ᠎ᠠ᠃ ᠪᠣᠬᠢᠷᠳᠤᠯ ᠦᠭᠡᠢ ᠳᠠᠷᠢᠵᠤ ᠲᠡᠵᠢᠭᠡᠬᠦ᠂ ᠰᠢᠨᠵᠢᠯᠡᠬᠦ ᠤᠬᠠᠭᠠᠨᠴᠢ ᠪᠠᠷ ᠪᠣᠷᠳᠣᠭᠤᠷ ᠣᠷᠣᠭᠤᠯᠵᠤ ᠡᠮ ᠬᠡᠷᠡᠭᠯᠡᠬᠦ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ᠂ ᠲᠠᠷᠢᠶᠠᠯᠠᠩ ᠤᠨ ᠭᠠᠳᠠᠭᠰᠢᠯᠠᠭᠤᠯᠤᠯᠲᠠ ᠶᠢ ᠪᠠᠭᠠᠰᠬᠠᠨ ᠨᠡᠭᠦᠷᠡᠰᠦᠲᠥ᠋ᠷᠥᠭᠴᠢ ᠶᠢ ᠲᠣᠭᠲᠠᠪᠤᠷᠢᠵᠢᠭᠤᠯᠬᠤ᠂ ᠠᠮᠢᠳᠤ ᠪᠣᠳᠠᠰ ᠤᠨ ᠡᠭᠦᠯᠳᠡᠷ ᠪᠣᠶᠢᠵᠢᠭᠤᠯᠬᠤ ᠪᠠ ᠠᠮᠢᠳᠤ ᠪᠣᠳᠠᠰ ᠤᠨ ᠠᠮᠤᠷ ᠲᠦᠪᠰᠢᠨ ᠵᠡᠷᠭᠡ ᠲᠤᠰᠬᠠᠢ ᠮᠡᠷᠭᠡᠵᠢᠯ ᠤᠨ ᠮᠡᠳᠡᠯᠭᠡ ᠶᠢ ᠲᠦᠭᠡᠮᠡᠯᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠪᠣᠬᠢᠷᠳᠤᠯ ᠦᠭᠡᠢ ᠬᠥᠭᠵᠢᠯᠲᠡ ᠪᠠ ᠬᠤᠶᠠᠷ ︽ᠭᠤᠷᠪᠠᠨ ᠪᠦᠲᠦᠭᠡᠭᠳᠡᠬᠦᠨ ᠨᠢᠭᠡ ᠲᠡᠮᠳᠡᠭ︾ ᠤᠨ ᠮᠡᠳᠡᠯᠭᠡ ᠮᠡᠷᠭᠡᠵᠢᠯ ᠤᠨ ᠪᠣᠯᠪᠠᠰᠤᠷᠠᠭᠤᠯᠤᠯ ᠢ ᠴᠢᠩᠭᠠᠳᠬᠠᠨ᠂ ᠲᠠᠷᠢᠶᠠᠯᠠᠩ ᠮᠠᠯ ᠠᠵᠤ ᠠᠬᠤᠢ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢᠨ ᠴᠢᠳᠠᠪᠤᠷᠢᠲᠠᠨ ᠢ ᠲᠦᠷᠭᠡᠨ ᠬᠥᠮᠥᠵᠢᠭᠦᠯᠵᠦ᠂ ᠮᠠᠨ ᠤ ᠬᠤᠰᠢᠭᠤᠨ ᠤ ᠲᠠᠷᠢᠶᠠᠯᠠᠩ ᠤᠨ ᠣᠳᠣᠬᠢᠴᠢᠯᠠᠯᠲᠠ ᠶᠢᠨ ᠵᠢᠱᠢᠶ᠎ᠡ ᠦᠵᠡᠭᠦᠯᠬᠦ ᠣᠷᠣᠨ᠂ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠳᠤ ᠠᠵᠤ ᠦᠢᠯᠡᠰ ᠤᠨ ᠬᠥᠭᠵᠢᠯᠲᠡ ᠶᠢᠨ ᠳᠠᠭᠠᠭᠤᠯᠤᠭᠴᠢ ᠶᠢ ᠬᠥᠮᠥᠵᠢᠭᠦᠯᠦᠨ᠎ᠡ᠃   ︵ᠭᠤᠷᠪᠠ︶ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠳᠤ ᠦᠢᠯᠡᠴᠢᠯᠡᠬᠦ ᠪᠠ ᠬᠥᠳᠡᠭᠡ ᠲᠣᠰᠬᠤᠨ ᠢ ᠵᠠᠰᠠᠵᠤ ᠪᠣᠶᠢᠵᠢᠭᠤᠯᠬᠤ ᠠᠵᠢᠯ ᠢ ᠥᠷᠨᠢᠭᠦᠯᠬᠦ ᠶᠢ ᠴᠢᠩᠭᠠᠳᠬᠠᠨ᠎ᠠ᠃ ᠲᠤᠬᠠᠢ ᠶᠢᠨ ᠭᠠᠵᠠᠷ ᠤᠨ ᠬᠥᠳᠡᠭᠡ ᠲᠣᠰᠬᠤᠨ ᠤ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠪᠠ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠪᠣᠳᠠᠲᠤ ᠪᠠᠶᠢᠳᠠᠯ ᠢ ᠦᠨᠳᠦᠰᠦᠯᠡᠨ᠂ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠪᠠ ᠦᠢᠯᠡᠴᠢᠯᠡᠭᠡᠨ ᠤ ᠭᠤᠣᠯ ᠴᠣᠭᠴᠠ᠂ ᠨᠤᠲᠤᠭ ᠲᠠᠭᠠᠨ ᠪᠤᠴᠠᠵᠤ ᠬᠥᠳᠡᠭᠡ ᠪᠠᠭᠤᠵᠤ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠭᠴᠢ ᠪᠠ ᠲᠤᠰᠬᠠᠢ ᠮᠡᠷᠭᠡᠵᠢᠯ ᠤᠨ ᠳᠠᠷᠢᠵᠤ ᠲᠡᠵᠢᠭᠡᠬᠦ ᠴᠢᠳᠠᠪᠤᠷᠢᠲᠠᠨ ᠪᠠ ᠭᠤᠣᠯᠳᠠᠯᠭ᠎ᠠ ᠲᠠᠢ ᠪᠣᠶᠢᠵᠢᠭᠤᠯᠵᠤ ᠡᠵᠡᠩᠨᠡᠨ ᠬᠠᠮᠢᠶᠠᠷᠬᠤ ᠬᠡᠯᠪᠡᠷᠢ ᠶᠢᠨ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ ᠬᠥᠮᠥᠵᠢᠭᠦᠯᠬᠦ ᠠᠵᠢᠯᠯᠠᠭ᠎ᠠ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃   1. ᠭᠡᠷ ᠪᠦᠯᠢ ᠶᠢᠨ ᠲᠠᠷᠢᠶᠠᠯᠠᠩ ᠤᠨ ᠲᠠᠯᠠᠪᠠᠶ᠂ ᠮᠠᠯᠴᠢᠨ ᠲᠠᠷᠢᠶᠠᠴᠢᠨ ᠤ ᠬᠤᠷᠰᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ ᠪᠠ ᠲᠠᠷᠢᠶᠠᠯᠠᠩ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠪᠠ ᠦᠢᠯᠡᠴᠢᠯᠡᠭᠡᠨ ᠤ ᠭᠤᠣᠯ ᠴᠣᠭᠴᠠ᠂ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠨ ᠬᠠᠮᠢᠶᠠᠷᠤᠭᠴᠢ ᠵᠡᠷᠭᠡ ᠨᠡᠯᠢᠶᠡᠳ ᠴᠢᠩᠭ᠎ᠠ ᠵᠢᠱᠢᠶ᠎ᠡ ᠦᠵᠡᠭᠦᠯᠬᠦ ᠦᠢᠯᠡᠳᠦᠯ ᠲᠠᠢ ᠳᠠᠭᠠᠭᠤᠯᠤᠭᠴᠢ ᠶᠢᠨ ᠡᠩᠨᠡᠭᠡ ᠶᠢ ᠪᠣᠶᠢᠵᠢᠭᠤᠯᠵᠤ᠂ ᠲᠡᠳᠡᠨ ᠤ ᠦᠢᠯᠡᠳᠪᠦᠷᠢᠯᠡᠯ ᠡᠵᠡᠩᠨᠡᠯᠲᠡ ᠬᠠᠮᠢᠶᠠᠷᠤᠯᠲᠠ ᠶᠢᠨ ᠴᠢᠳᠠᠪᠤᠷᠢ ᠪᠠ ᠳᠠᠶᠢᠴᠢᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃   2. ᠨᠤᠲᠤᠭ ᠲᠠᠭᠠᠨ ᠪᠤᠴᠠᠵᠤ ᠬᠥᠳᠡᠭᠡ ᠪᠠᠭᠤᠵᠤ ᠠᠳᠠᠯ ᠦᠢᠯᠡᠰ ᠴᠣᠭᠴᠠᠯᠠᠭᠴᠢ ᠳᠤ ᠬᠠᠨᠳᠤᠭᠤᠯᠤᠨ᠂ ᠳᠡᠭᠡᠳᠦ ᠰᠤᠷᠭᠠᠭᠤᠯᠢ ᠲᠡᠭᠦᠰᠦᠭᠰᠡᠳ᠂ ᠲᠠᠷᠢᠶᠠᠴᠢᠨ ᠬᠦᠴᠦ ᠶᠠᠪᠤᠭᠰᠠᠳ ᠪᠠ ᠴᠡᠷᠢᠭ ᠠᠴᠠ ᠪᠠᠭᠤᠭᠰᠠᠳ ᠵᠡᠷᠭᠡ ᠨᠤᠲᠤᠭ ᠲᠠᠭᠠᠨ ᠪᠤᠴᠠᠵᠤ ᠨᠤᠲᠤᠭ ᠲᠠᠭᠠᠨ ᠣᠴᠢᠭᠰᠠᠨ ᠬᠥᠮᠥᠰ ᠲᠤ ᠭᠤᠣᠯᠳᠠᠯᠭ᠎ᠠ ᠲᠠᠢ ᠬᠠᠨᠳᠤᠭᠤᠯᠤᠨ ᠪᠣᠯᠪᠠᠰᠤᠷᠠᠭᠤᠯᠵᠤ᠂ ᠲᠡᠳᠡᠨ ᠤ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠴᠢᠳᠠᠪᠤᠷᠢ ᠶᠢ ᠨᠡᠮᠡᠭᠳᠡᠭᠦᠯᠦᠨ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠬᠥᠮᠥᠰ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠠᠵᠢᠯ ᠣᠯᠵᠤ ᠠᠳᠠᠯ ᠦᠢᠯᠡᠰ ᠴᠣᠭᠴᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃   3. ᠳᠠᠷᠢᠵᠤ ᠲᠡᠵᠢᠭᠡᠨ ᠦᠷᠡᠵᠢᠭᠦᠯᠬᠦ ᠲᠣᠮᠣ ᠡᠷᠦᠬᠡ ᠪᠠᠷ ᠭᠤᠣᠯᠳᠠᠯᠭ᠎ᠠ ᠪᠣᠯᠭᠠᠵᠤ᠂ ᠠᠵᠢᠯ ᠢᠶᠠᠨ ᠰᠡᠷᠭᠦᠭᠡᠵᠦ ᠭᠠᠷᠤᠯᠲᠠ ᠪᠠᠨ ᠰᠡᠷᠭᠦᠭᠡᠬᠦ᠂ ᠠᠮᠤ ᠪᠤᠳᠠᠭ᠎ᠠ ᠶᠢᠨ ᠬᠠᠩᠭᠠᠯᠭ᠎ᠠ ᠶᠢ ᠪᠠᠲᠤᠯᠠᠬᠤ ᠶᠢᠨ ᠲᠣᠭᠤᠷᠢᠨ ᠳᠤ᠂ ᠲᠤᠰᠬᠠᠢ ᠵᠦᠢᠯ ᠤᠨ ᠮᠡᠷᠭᠡᠵᠢᠯ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠨᠡᠮᠡᠭᠳᠡᠭᠦᠯᠦᠨ᠂ ᠠᠵᠤ ᠦᠢᠯᠡᠰ ᠤᠨ ᠦᠷ᠎ᠡ ᠠᠰᠢᠭ ᠢ ᠳᠡᠭᠡᠭᠰᠢᠯᠡᠭᠦᠯᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠤᠨ᠎ᠠ᠃   4. ᠲᠠᠷᠢᠶᠠᠯᠠᠩ ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠤ ᠲᠥᠷᠥ ᠶᠢᠨ ᠪᠣᠳᠣᠯᠭ᠎ᠠ ᠶᠢ ᠶᠡᠬᠡᠪᠡᠷ ᠲᠦᠭᠡᠮᠡᠯᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠢᠴᠢᠶᠡᠯ ᠤᠨ ᠲᠠᠩᠬᠢᠮ ᠳᠤ ᠣᠷᠣᠬᠤ ᠶᠢ ᠠᠬᠢᠭᠤᠯᠤᠨ᠂ ᠦᠵᠡᠯ ᠰᠠᠨᠠᠭ᠎ᠠ ᠤᠯᠤᠰ ᠲᠥᠷᠥ᠂ ᠬᠠᠤᠯᠢ ᠴᠠᠭᠠᠵᠠ ᠬᠠᠤᠯᠢ ᠲᠣᠭᠲᠠᠭᠠᠯ᠂ ᠠᠶᠢᠯ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ᠂ ᠲᠠᠷᠢᠶᠠᠯᠠᠩ ᠮᠠᠯ ᠠᠵᠤ ᠠᠬᠤᠢ ᠶᠢᠨ ᠰᠣᠶᠣᠯ ᠤᠨ ᠥᠪ ᠢ ᠬᠠᠮᠠᠭᠠᠯᠠᠬᠤ ᠪᠠ ᠬᠥᠭᠵᠢᠭᠦᠯᠬᠦ ᠵᠡᠷᠭᠡ ᠪᠣᠯᠪᠠᠰᠤᠷᠠᠭᠤᠯᠤᠯ ᠢ ᠥᠷᠨᠢᠭᠦᠯᠵᠦ᠂ ᠨᠢᠭᠡ ᠪᠦᠯᠦᠭ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ᠂ ᠬᠥᠳᠡᠭᠡ ᠲᠣᠰᠬᠤᠨ ᠤ ᠲᠥᠯᠦᠪᠵᠢᠭᠦᠯᠭᠡ ᠪᠠ ᠬᠥᠳᠡᠭᠡ ᠲᠣᠰᠬᠤᠨ ᠤ ᠵᠠᠰᠠᠯᠲᠠ ᠶᠢᠨ ᠴᠢᠳᠠᠪᠤᠷᠢᠲᠠᠨ ᠢ ᠬᠥᠮᠥᠵᠢᠭᠦᠯᠦᠨ᠎ᠡ᠃ ᠡᠶᠡᠳᠡᠭᠦᠯᠵᠦ ᠬᠥᠨᠳᠡᠯᠡᠨ ᠠᠴᠠ ᠲᠠᠰᠤᠯᠬᠤ᠂ ᠮᠡᠳᠡᠭᠡ ᠵᠠᠩᠭᠢ ᠡᠯᠧᠺᠲᠷᠣᠨ ᠬᠤᠳᠠᠯᠳᠤᠭ᠎ᠠ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ᠂ ᠮᠠᠯᠵᠢᠬᠤ ᠲᠠᠷᠢᠶᠠᠯᠠᠬᠤ ᠣᠷᠣᠨ ᠤ ᠵᠣᠷᠯᠣᠩ ᠢ ᠥᠭᠡᠷᠡᠴᠢᠯᠡᠬᠦ ᠵᠡᠷᠭᠡ ᠪᠣᠯᠪᠠᠰᠤᠷᠠᠭᠤᠯᠤᠯ ᠢ ᠥᠷᠨᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠠᠵᠢᠯ ᠦᠢᠯᠡᠰ ᠤᠨ ᠬᠥᠭᠵᠢᠯᠲᠡ ᠶᠢᠨ ᠨᠢᠭᠡ ᠪᠦᠯᠦᠭ ᠴᠢᠳᠠᠪᠤᠷᠢᠲᠠᠨ ᠢ ᠬᠥᠮᠥᠵᠢᠭᠦᠯᠦᠨ᠎ᠡ᠃ ᠳᠡᠭᠡᠳᠦ ᠰᠤᠷᠭᠠᠭᠤᠯᠢ ᠲᠡᠭᠦᠰᠦᠭᠰᠡᠳ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠪᠣᠯᠣᠨ ᠴᠡᠷᠢᠭ ᠠᠴᠠ ᠬᠠᠯᠠᠭᠳᠠᠭᠰᠠᠳ ᠵᠡᠷᠭᠡ ᠨᠤᠲᠤᠭ ᠲᠠᠭᠠᠨ ᠪᠤᠴᠠᠭᠰᠠᠨ ᠬᠥᠮᠥᠰ ᠢᠶᠠᠷ ᠭᠤᠣᠯᠳᠠᠯᠭ᠎ᠠ ᠪᠣᠯᠭᠠᠨ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠢ ᠥᠷᠨᠢᠭᠦᠯᠵᠦ᠂ ᠨᠢᠭᠡ ᠪᠦᠯᠦᠭ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠴᠢᠳᠠᠪᠤᠷᠢᠲᠠᠨ ᠢ ᠬᠥᠮᠥᠵᠢᠭᠦᠯᠦᠨ᠎ᠡ᠃ ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ ᠶᠢ ᠰᠠᠨᠠᠭᠠᠴᠢᠯᠠᠵᠤ᠂ ᠬᠥᠳᠡᠭᠡ ᠲᠣᠰᠬᠤᠨ ᠤ ᠨᠢᠭᠡ ᠪᠦᠯᠦᠭ ᠬᠠᠤᠯᠢ ᠴᠠᠭᠠᠵᠠ ᠶᠢᠨ ᠮᠡᠷᠭᠡᠨ ᠬᠥᠮᠥᠨ ᠢ ᠬᠥᠮᠥᠵᠢᠭᠦᠯᠦᠨ᠎ᠡ᠃    5. ᠮᠠᠨ ᠤ ᠬᠤᠰᠢᠭᠤᠨ ᠤ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ  ᠶᠢ ᠲᠦᠷᠭᠡᠳᠬᠡᠬᠦ ᠶᠢᠨ ᠲᠥᠯᠥᠭᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠠᠬᠢᠭᠤᠯᠵᠤ᠂ ᠡᠷᠳᠡᠨᠢ ᠰᠢᠰᠢ᠂ ᠤᠰᠤᠨ ᠲᠤᠲᠤᠷᠭ᠎ᠠ᠂ ᠠᠯᠠᠰᠢᠨ ᠦᠬᠡᠷ᠂ ᠠᠯᠠᠰᠢᠨ ᠬᠤᠨᠢ ᠵᠡᠷᠭᠡ ᠳᠠᠪᠠᠭᠤᠯᠢᠭ ᠠᠵᠤ ᠦᠢᠯᠡᠰ ᠤᠨ ᠲᠣᠭᠤᠷᠢᠨ ᠳᠤ᠂ ᠤᠳᠤ ᠪᠠᠶᠢᠭ᠎ᠠ ᠡᠵᠡᠩᠨᠡᠯᠲᠡ ᠶᠢᠨ ᠭᠤᠣᠯ ᠴᠣᠭᠴᠠ᠂ ᠬᠥᠳᠡᠭᠡ ᠲᠣᠰᠬᠤᠨ ᠤ ᠴᠢᠳᠠᠪᠤᠷᠢᠲᠠᠨ᠂ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰᠵᠢᠯᠲᠡ ᠶᠢᠨ ᠳᠠᠭᠠᠭᠤᠯᠤᠭᠴᠢ ᠠᠵᠤ ᠠᠬᠤᠶᠢᠯᠠᠯ᠂ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ ᠪᠣᠯᠣᠨ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠶᠢᠨ ᠬᠠᠷᠢᠭᠤᠴᠠᠯᠭᠠᠲᠠᠨ ᠵᠡᠷᠭᠡ ᠶᠢ ᠠᠵᠤ ᠦᠢᠯᠡᠰ ᠤᠨ ᠬᠥᠭᠵᠢᠯᠲᠡ ᠶᠢᠨ ᠳᠠᠭᠠᠭᠤᠯᠤᠭᠴᠢ ᠪᠣᠯᠭᠠᠨ ᠪᠣᠯᠪᠠᠰᠤᠷᠠᠭᠤᠯᠵᠤ᠂ ᠬᠡᠪ ᠴᠢᠨᠠᠷ ᠢ ᠨᠢ ᠴᠢᠨᠠᠭᠰᠢᠳᠠ ᠳᠡᠭᠡᠭᠰᠢᠯᠡᠭᠦᠯᠵᠦ᠂ ᠬᠠᠷᠠᠭ᠎ᠠ ᠶᠢ ᠨᠢ ᠥᠷᠭᠡᠳᠬᠡᠵᠦ᠂ ᠡᠭᠦᠨ ᠤ ᠤᠯᠠᠮ ᠢᠶᠠᠷ ᠠᠵᠤ ᠦᠢᠯᠡᠰ ᠤᠨ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠦᠨ᠎ᠡ᠃    ︵ᠳᠥᠷᠪᠡ︶ ᠪᠣᠶᠢᠵᠢᠭᠤᠯᠬᠤ ᠪᠠᠶᠢᠭᠤᠯᠤᠮᠵᠢ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠨ᠎ᠠ᠃ ᠬᠥᠮᠥᠵᠢᠭᠦᠯᠬᠦ ᠪᠠᠶᠢᠭᠤᠯᠤᠮᠵᠢ ᠶᠢ ᠰᠢᠨᠵᠢᠯᠡᠬᠦ ᠤᠬᠠᠭᠠᠨᠴᠢ ᠪᠠᠷ ᠰᠣᠩᠭᠤᠨ ᠲᠣᠭᠲᠠᠭᠠᠵᠤ᠂ ᠲᠠᠷᠢᠶᠠᠯᠠᠩ ᠷᠠᠳᠢᠣ᠋ ᠨᠡᠪᠲᠡᠷᠡᠭᠦᠯᠭᠡ ᠶᠢᠨ ᠰᠤᠷᠭᠠᠭᠤᠯᠢ᠂ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠪᠠᠶᠢᠭᠤᠯᠤᠮᠵᠢ᠂ ᠮᠠᠯᠴᠢᠨ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ ᠵᠡᠷᠭᠡ ᠡᠯ᠎ᠡ ᠲᠥᠷᠥᠯ ᠤᠨ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ ᠰᠠᠶᠢᠲᠤᠷ ᠠᠰᠢᠭᠯᠠᠵᠤ ᠂ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠲᠠᠷᠢᠶᠠᠯᠠᠩ ᠷᠠᠳᠢᠣ᠋ ᠨᠡᠪᠲᠡᠷᠡᠭᠦᠯᠭᠡ ᠶᠢᠨ ᠰᠤᠷᠭᠠᠭᠤᠯᠢ ︵ᠮᠠᠯᠴᠢᠨ ᠲᠠᠷᠢᠶᠠᠴᠢᠨ ᠤ ᠰᠢᠨᠵᠢᠯᠡᠬᠦ ᠤᠬᠠᠭᠠᠨ ᠮᠡᠷᠭᠡᠵᠢᠯ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠲᠥᠪ︶ ᠵᠡᠷᠭᠡ ᠲᠤᠰᠬᠠᠢ ᠪᠠᠶᠢᠭᠤᠯᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠬᠡᠷᠡᠭᠴᠡᠭᠡ ᠱᠠᠭᠠᠷᠳᠠᠯᠭ᠎ᠠ ᠶᠢᠨ ᠪᠠᠶᠢᠴᠠᠭᠠᠨ ᠰᠤᠳᠤᠯᠤᠯᠲᠠ᠂ ᠪᠣᠯᠪᠠᠰᠤᠷᠠᠭᠤᠯᠤᠯ ᠤᠨ ᠵᠣᠬᠢᠶᠠᠨ ᠪᠠᠶᠢᠭᠤᠯᠤᠯᠲᠠ᠂ ᠶᠠᠪᠤᠴᠠ ᠶᠢᠨ ᠬᠠᠮᠢᠶᠠᠷᠤᠯᠲᠠ ᠪᠠ ᠤᠷᠲᠤᠳᠬᠠᠨ ᠦᠢᠯᠡᠴᠢᠯᠡᠬᠦ ᠵᠡᠷᠭᠡ ᠠᠵᠢᠯ ᠢ ᠥᠷᠨᠢᠭᠦᠯᠦᠨ᠎ᠡ᠃ ᠡᠯ᠎ᠡ ᠲᠥᠷᠥᠯ ᠤᠨ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠪᠠ ᠲᠠᠷᠢᠶᠠᠴᠢᠳ ᠤᠨ ᠲᠠᠷᠢᠶᠠᠨ ᠭᠠᠵᠠᠷ ᠤᠨ ᠰᠤᠷᠭᠠᠭᠤᠯᠢ ᠵᠡᠷᠭᠡ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠲᠠᠯᠠᠪᠤᠷ ᠭᠠᠵᠠᠷ ᠪᠠᠶᠢᠭᠤᠯᠬᠤ ᠶᠢ ᠳᠡᠮᠵᠢᠨ ᠵᠣᠷᠢᠭᠵᠢᠭᠤᠯᠵᠤ᠂ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠳ ᠲᠤ ᠡᠯ᠎ᠡ ᠲᠥᠷᠥᠯ ᠤᠨ ᠳᠥᠭᠦᠮ ᠳᠥᠲᠡ ᠦᠢᠯᠡᠴᠢᠯᠡᠭᠡᠨ ᠬᠠᠩᠭᠠᠨ᠎ᠠ᠃    ︵ᠲᠠᠪᠤ︶ ᠰᠢᠨᠵᠢᠯᠡᠬᠦ ᠤᠬᠠᠭᠠᠨᠴᠢ ᠪᠠᠷ ᠵᠣᠬᠢᠶᠠᠨ ᠪᠠᠶᠢᠭᠤᠯᠤᠨ ᠪᠣᠯᠪᠠᠰᠤᠷᠠᠭᠤᠯᠤᠨ᠎ᠠ᠃ ᠬᠡᠷᠡᠭᠵᠢᠭᠦᠯᠬᠦ ᠶᠠᠪᠤᠴᠠ  ᠳᠤ᠂ ᠭᠤᠭᠴᠤᠭ᠎ᠠ ᠨᠢᠭᠡᠪᠦᠷᠢ ᠶᠢᠨ ᠪᠣᠳᠠᠲᠠᠢ ᠠᠵᠢᠯ ᠨᠢᠭᠡᠪᠦᠷᠢ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠪᠣᠶᠢᠵᠢᠭᠤᠯᠬᠤ ᠠᠵᠢᠯ ᠢ ᠦᠨᠡᠨᠬᠦ ᠪᠣᠳᠠᠲᠤ ᠭᠠᠵᠠᠷ ᠲᠤᠨᠢ ᠨᠠᠶᠢᠳᠠᠪᠤᠷᠢᠵᠢᠭᠤᠯᠬᠤ᠂ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠪᠣᠯᠪᠠᠰᠤᠷᠠᠭᠤᠯᠤᠯ ᠤᠨ ᠵᠢᠷᠤᠮᠵᠢᠯ ᠤᠨ ᠱᠠᠭᠠᠷᠳᠠᠯᠭ᠎ᠠ ᠶᠣᠰᠣᠭᠠᠷ᠂ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ ᠬᠥᠮᠥᠵᠢᠭᠦᠯᠬᠦ ︽ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠨᠢᠭᠡᠳᠦᠭᠡᠷ ᠬᠢᠴᠢᠶᠡᠯ︾ ᠢ ᠰᠠᠶᠢᠲᠤᠷ ᠨᠠᠶᠢᠳᠠᠪᠤᠷᠢᠵᠢᠭᠤᠯᠤᠨ᠎ᠠ᠃ ᠬᠡᠷᠡᠭᠴᠡᠭᠡ ᠱᠠᠭᠠᠷᠳᠠᠯᠭ᠎ᠠ ᠲᠠᠢ ᠮᠠᠯᠴᠢᠨ ᠲᠠᠷᠢᠶᠠᠴᠢᠨ ᠰᠤᠷᠤᠭᠴᠢᠳ ᠤᠨ ᠦᠷᠭᠦᠯᠵᠢᠯᠡᠨ ᠪᠣᠯᠪᠠᠰᠤᠷᠠᠭᠤᠯᠤᠯ ᠳᠤ ᠣᠷᠤᠯᠴᠠᠬᠤ ᠶᠢ ᠵᠣᠷᠢᠭᠵᠢᠭᠤᠯᠤᠨ᠎ᠠ᠃ ᠮᠠᠯᠴᠢᠨ ᠲᠠᠷᠢᠶᠠᠴᠢᠨ ᠤ ᠬᠥᠮᠦᠵᠢᠯ ᠪᠣᠯᠪᠠᠰᠤᠷᠠᠭᠤᠯᠤᠯ ᠤᠨ ᠣᠨᠴᠠᠯᠢᠭ ᠪᠠ ᠵᠢᠮ᠎ᠡ ᠶᠣᠰᠣ ᠶᠢ ᠵᠢᠷᠤᠮᠯᠠᠵᠤ᠂ ᠳᠠᠳᠤᠯᠭ᠎ᠠ ᠪᠣᠯᠪᠠᠰᠤᠷᠠᠭᠤᠯᠤᠯ ᠢ ᠴᠢᠩᠭᠠᠷᠠᠭᠤᠯᠤᠨ᠂ ᠮᠠᠯᠴᠢᠨ ᠲᠠᠷᠢᠶᠠᠴᠢᠨ ᠤ ᠰᠤᠷᠤᠭᠴᠢᠳ ᠢ ᠵᠣᠬᠢᠶᠠᠨ ᠪᠠᠶᠢᠭᠤᠯᠤᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠦᠷᠢᠶᠡᠯᠡᠩ ᠲᠣᠭᠤᠷᠢᠭ᠂ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ᠂ ᠮᠠᠯᠴᠢᠨ ᠲᠠᠷᠢᠶᠠᠴᠢᠨ ᠤ ᠬᠤᠷᠰᠢᠶ᠎ᠠ ᠳᠤ ᠬᠦᠷᠴᠦ ᠪᠣᠳᠠᠲᠠᠢ ᠪᠣᠯᠪᠠᠰᠤᠷᠠᠯ ᠬᠢᠬᠦ᠂ ᠲᠣᠭᠤᠷᠢᠨ ᠦᠵᠡᠵᠦ ᠰᠣᠯᠢᠯᠴᠠᠭ᠎ᠠ ᠬᠢᠵᠦ᠂ ᠦᠢᠯᠡᠳᠦᠯᠭᠡ ᠶᠢᠨ ᠣᠷᠴᠢᠨ ᠲᠣᠭᠤᠷᠢᠨ ᠳᠤ ᠴᠢᠳᠠᠪᠤᠷᠢ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠎ᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠦᠨᠳᠦᠰᠦᠯᠡᠨ᠂ ᠲᠥᠪᠯᠡᠷᠡᠭᠦᠯᠦᠨ ᠰᠤᠷᠤᠯᠴᠠᠬᠤ᠂ ᠰᠦᠯᠵᠢᠶᠡᠨ ᠳᠡᠭᠡᠷ᠎ᠡ ᠰᠤᠷᠤᠯᠴᠠᠬᠤ᠂ ᠳᠠᠳᠤᠯᠭ᠎ᠠ ᠬᠢᠵᠦ ᠪᠣᠳᠠᠲᠠᠢ ᠪᠣᠯᠪᠠᠰᠤᠷᠠᠭᠤᠯᠬᠤ᠂ ᠲᠣᠭᠤᠷᠢᠨ ᠦᠵᠡᠵᠦ ᠰᠣᠯᠢᠯᠴᠠᠬᠤ ᠵᠡᠷᠭᠡ ᠪᠣᠯᠪᠠᠰᠤᠷᠠᠭᠤᠯᠤᠯ ᠤᠨ ᠠᠷᠭ᠎ᠠ ᠮᠠᠶ᠋ᠢᠭ ᠢ ᠰᠢᠯᠢᠳᠡᠭᠵᠢᠭᠦᠯᠦᠨ᠎ᠡ᠃    ︵ᠵᠢᠷᠭᠤᠭ᠎ᠠ︶ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠤ ᠬᠥᠭᠵᠢᠯᠲᠡ ᠶᠢᠨ ᠠᠷᠭ᠎ᠠ ᠵᠠᠮ ᠢ ᠥᠷᠭᠡᠳᠬᠡᠨ᠎ᠡ᠃ᠪᠣᠯᠪᠠᠰᠤᠷᠠᠭᠤᠯᠤᠯ ᠢᠶᠠᠷ ᠬᠤᠯᠪᠣᠭᠠᠰᠤ ᠪᠣᠯᠭᠠᠵᠤ᠂ ᠪᠣᠯᠪᠠᠰᠤᠷᠠᠭᠤᠯᠤᠯ ᠳᠤ ᠣᠷᠣᠯᠴᠠᠭᠰᠠᠨ ᠮᠠᠯᠴᠢᠨ ᠲᠠᠷᠢᠶᠠᠴᠢᠳ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠤᠨ᠂ ᠮᠠᠯᠴᠢᠨ ᠲᠠᠷᠢᠶᠠᠴᠢᠳ ᠤᠨ ᠪᠣᠯᠪᠠᠰᠤᠷᠠᠭᠤᠯᠤᠯ ᠤᠨ ᠳᠠᠷᠠᠭᠠᠬᠢ ᠠᠵᠤ ᠦᠢᠯᠡᠰ ᠤᠨ ᠬᠥᠭᠵᠢᠯᠲᠡ ᠶᠢ ᠦᠷᠭᠦᠯᠵᠢᠯᠡᠨ ᠮᠥᠷᠳᠡᠵᠦ᠂ ᠲᠥᠷᠥ ᠶᠢᠨ ᠪᠣᠳᠣᠯᠭ᠎ᠠ ᠶᠢᠨ ᠤᠬᠠᠭᠤᠯᠤᠨ ᠲᠠᠶᠢᠯᠪᠤᠷᠢᠯᠠᠬᠤ᠂ ᠲᠥᠷᠥᠯ ᠵᠦᠢᠯ ᠤᠨ ᠲᠠᠨᠢᠯᠴᠠᠭᠤᠯᠭ᠎ᠠ᠂ ᠮᠡᠷᠭᠡᠵᠢᠯ ᠤᠨ ᠵᠢᠯᠣᠭᠤᠳᠤᠯᠭ᠎ᠠ ᠵᠡᠷᠭᠡ ᠤᠷᠲᠤᠳᠬᠠᠭᠰᠠᠨ ᠦᠢᠯᠡᠴᠢᠯᠡᠭᠡᠨ ᠢ ᠥᠷᠨᠢᠭᠦᠯᠦᠨ᠎ᠡ᠃ ᠮᠠᠯᠴᠢᠨ ᠲᠠᠷᠢᠶᠠᠴᠢᠳ ᠤᠨ ᠠᠵᠤ ᠦᠢᠯᠡᠰ ᠤᠨ ᠬᠥᠭᠵᠢᠯᠲᠡ᠂ ᠦᠢᠯᠡᠳᠪᠦᠷᠢᠯᠡᠯ ᠤᠨ ᠦᠢᠯᠡᠴᠢᠯᠡᠭᠡ᠂ ᠡᠵᠡᠩᠨᠡᠨ ᠪᠣᠷᠣᠯᠠᠭᠤᠯᠵᠤ ᠪᠣᠷᠤᠯᠠᠭᠤᠯᠭ᠎ᠠ ᠶᠢ ᠠᠬᠢᠭᠤᠯᠬᠤ ᠵᠡᠷᠭᠡ ᠲᠠᠯ᠎ᠠ ᠪᠠᠷ ᠬᠤᠯᠪᠣᠭᠠᠯᠠᠬᠤ ᠪᠠ ᠬᠠᠮᠲᠤᠷᠠᠯᠴᠠᠬᠤ ᠶᠢ ᠳᠡᠮᠵᠢᠵᠦ᠂ ᠣᠯᠠᠨ ᠵᠦᠢᠯ ᠤᠨ ᠬᠡᠯᠪᠡᠷᠢ ᠶᠢᠨ ᠳᠡᠯᠭᠡᠨ ᠦᠵᠡᠭᠦᠯᠦᠯᠭᠡ᠂ ᠬᠥᠭᠵᠢᠯᠲᠡ ᠶᠢᠨ ᠶᠠᠷᠢᠶᠠᠨ ᠤ ᠲᠠᠪᠴᠠᠩ ᠵᠡᠷᠭᠡ ᠠᠵᠢᠯᠯᠠᠭ᠎ᠠ ᠳᠤ ᠣᠷᠣᠯᠴᠠᠵᠤ᠂ ᠰᠣᠯᠢᠯᠴᠠᠭᠠᠨ ᠤ ᠲᠠᠪᠴᠠᠩ ᠪᠠᠶᠢᠭᠤᠯᠤᠨ᠂ ᠪᠣᠯᠪᠠᠰᠤᠷᠠᠭᠤᠯᠤᠯ ᠳᠤ ᠣᠷᠣᠯᠴᠠᠭᠰᠠᠨ ᠮᠠᠯᠴᠢᠨ ᠲᠠᠷᠢᠶᠠᠴᠢᠳ ᠢ ᠣᠷᠣᠨ ᠠᠯᠤᠰᠯᠠᠨ ᠰᠣᠯᠢᠯᠴᠠᠭ᠎ᠠ ᠬᠢᠯᠭᠡᠵᠦ᠂ ᠣᠨᠣᠯᠵᠢᠬᠤᠨ ᠤ ᠬᠠᠷᠠᠭ᠎ᠠ ᠶᠢ ᠥᠷᠭᠡᠳᠬᠡᠨ᠎ᠡ᠃    ᠳᠥᠷᠪᠡ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ    ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠳᠡᠭᠡ ᠲᠣᠰᠬᠤᠨ ᠤ ᠠᠵᠢᠯ ᠤᠨ ᠳᠦᠷᠢᠮ︾ ᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠮᠠᠯᠴᠢᠨ ᠲᠠᠷᠢᠶᠠᠴᠢᠨ ᠤ ᠬᠥᠮᠦᠵᠢᠯ ᠪᠣᠯᠪᠠᠰᠤᠷᠠᠭᠤᠯᠤᠯ ᠤᠨ ᠠᠵᠢᠯ ᠳᠠᠬᠢ ᠪᠥᠬᠦ ᠲᠠᠯ᠎ᠠ ᠶᠢᠨ ᠵᠢᠯᠣᠭᠤᠳᠤᠯᠭ᠎ᠠ ᠶᠢ ᠴᠢᠩᠭᠠᠳᠬᠠᠨ᠂ ᠮᠠᠯᠴᠢᠨ ᠲᠠᠷᠢᠶᠠᠴᠢᠨ ᠤ ᠬᠥᠮᠦᠵᠢᠯ ᠪᠣᠯᠪᠠᠰᠤᠷᠠᠭᠤᠯᠤᠯ ᠢ ᠣᠷᠣᠨ ᠨᠤᠲᠤᠭ ᠤᠨ ︽ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠮᠠᠯᠴᠢᠨ ᠲᠠᠷᠢᠶᠠᠴᠢᠨ︾ ᠤ ᠠᠵᠢᠯ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠬᠤᠯᠠ ᠵᠥᠪᠯᠡᠬᠦ ᠵᠦᠢᠯ ᠳᠤ ᠣᠷᠣᠭᠤᠯᠵᠤ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠪᠡᠯᠡ ᠮᠥᠩᠭᠦ ᠶᠢᠨ ᠣᠷᠣᠭᠤᠯᠤᠯᠲᠠ ᠶᠢ ᠪᠠᠲᠤᠯᠠᠵᠤ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠂ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠡᠭᠦᠷᠭᠡ ᠶᠢ ᠬᠥᠮᠥᠨ ᠳᠤ ᠨᠠᠶᠢᠳᠠᠪᠤᠷᠢᠵᠢᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ ᠬᠥᠮᠥᠵᠢᠭᠦᠯᠬᠦ ︽ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠨᠢᠭᠡᠳᠦᠭᠡᠷ ᠬᠢᠴᠢᠶᠡᠯ︾ ᠳᠤ ᠣᠷᠣᠭᠤᠯᠵᠤ᠂ ᠮᠠᠯᠴᠢᠨ ᠲᠠᠷᠢᠶᠠᠴᠢᠨ ᠤ ᠬᠥᠮᠦᠵᠢᠯ ᠪᠣᠯᠪᠠᠰᠤᠷᠠᠯ ᠪᠣᠯᠣᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠣᠷᠭᠠᠨᠢᠭ ᠢᠶᠠᠷ ᠤᠶᠠᠯᠳᠤᠭᠤᠯᠵᠤ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠢᠰᠲ᠋ᠧᠮ ᠲᠠᠢ ᠪᠠᠶᠢᠷᠢᠯᠠᠭᠤᠯᠬᠤ ᠬᠡᠷᠡᠭᠲᠡᠢ᠃   ︵ᠬᠤᠶᠠᠷ︶ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠎ᠠ᠃ ᠮᠠᠨ ᠤ ᠬᠤᠰᠢᠭᠤ ᠮᠠᠯᠴᠢᠨ ᠲᠠᠷᠢᠶᠠᠴᠢᠨ ᠤ ᠯᠧᠺᠲ᠋ᠣᠷ ᠪᠠ ᠡᠵᠡᠩᠨᠡᠯᠲᠡ ᠬᠠᠮᠢᠶᠠᠷᠤᠯᠲᠠ ᠶᠢᠨ ᠬᠡᠯᠪᠡᠷᠢ ᠶᠢᠨ ᠪᠣᠯᠪᠠᠰᠤᠷᠠᠭᠤᠯᠤᠯ ᠢ ᠭᠤᠣᠯᠳᠠᠯᠭ᠎ᠠ ᠲᠠᠢ ᠥᠷᠨᠢᠭᠦᠯᠵᠦ᠂ ᠳᠠᠳᠤᠯᠭ᠎ᠠ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ ᠰᠢᠯᠢᠨ ᠰᠣᠩᠭᠤᠬᠤ ᠵᠡᠷᠭᠡ ᠠᠵᠢᠯ ᠢ ᠭᠤᠣᠯᠳᠠᠯᠭ᠎ᠠ ᠲᠠᠢ ᠥᠷᠨᠢᠭᠦᠯᠦᠨ᠎ᠡ᠃ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠰ ᠤᠨ ᠭᠤᠣᠯ ᠬᠠᠮᠢᠶᠠᠷᠤᠯᠲᠠ ᠶᠢᠨ ᠰᠠᠯᠠᠭ᠎ᠠ ᠮᠥᠴᠢᠷ ᠲᠣᠰ ᠭᠠᠵᠠᠷ ᠤᠨ ᠬᠥᠮᠥᠵᠢᠭᠦᠯᠬᠦ ᠠᠵᠢᠯ ᠢ ᠪᠣᠳᠠᠲᠠᠢ ᠬᠠᠷᠢᠭᠤᠴᠠᠵᠤ᠂ ᠣᠨ ᠤ ᠪᠣᠯᠪᠠᠰᠤᠷᠠᠭᠤᠯᠤᠯ ᠤᠨ ᠡᠭᠦᠷᠭᠡ ᠪᠠ ᠨᠥᠬᠦᠪᠦᠷᠢ ᠮᠥᠩᠭᠦ ᠶᠢ ᠦᠨᠳᠦᠰᠦᠯᠡᠨ᠂ ᠲᠣᠰ ᠱᠠᠲᠤᠨ ᠤ ᠬᠡᠷᠡᠭᠵᠢᠭᠦᠯᠬᠦ ᠲᠥᠰᠥᠯ ᠪᠠ ᠪᠡᠯᠡ ᠮᠥᠩᠭᠦ ᠶᠢᠨ ᠬᠤᠪᠢᠶᠠᠷᠢᠯᠠᠯᠲᠠ ᠶᠢᠨ ᠲᠥᠯᠥᠪᠯᠡᠭᠡ ᠶᠢ ᠲᠣᠭᠲᠠᠭᠠᠵᠤ᠂ ᠬᠡᠷᠡᠭᠵᠢᠭᠦᠯᠬᠦ ᠲᠥᠰᠥᠯ ᠳᠤ ᠲᠤᠰᠬᠠᠢ ᠮᠡᠷᠭᠡᠵᠢᠯ ᠤᠨ ᠦᠢᠯᠡᠳᠪᠦᠷᠢᠯᠡᠯ ᠤᠨ ᠬᠡᠯᠪᠡᠷᠢ ᠶᠢᠨ ᠡᠭᠦᠷᠭᠡ ᠶᠢᠨ ᠲᠤᠭ᠎ᠠ᠂ ᠭᠤᠣᠯ ᠠᠷᠭ᠎ᠠ ᠬᠡᠮᠵᠢᠶ᠎ᠡ᠂ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠮᠠᠭᠠᠳᠯᠠᠨ ᠲᠣᠭᠲᠠᠭᠠᠬᠤ᠂ ᠬᠡᠷᠡᠭᠵᠢᠭᠦᠯᠬᠦ ᠠᠬᠢᠴᠠ᠂ ᠪᠡᠯᠡ ᠮᠥᠩᠭᠦ ᠶᠢᠨ ᠬᠡᠷᠡᠭᠯᠡᠯᠲᠡ ᠵᠡᠷᠭᠡ ᠠᠭᠤᠯᠭ᠎ᠠ ᠶᠢ ᠲᠣᠳᠣᠷᠬᠠᠶᠢᠯᠠᠨ᠎ᠠ︔ ᠪᠣᠯᠪᠠᠰᠤᠷᠠᠭᠤᠯᠤᠯ ᠤᠨ ᠡᠲᠡᠭᠡᠳ ᠢ ᠲᠣᠭᠲᠠᠭᠠᠬᠤ᠂ ᠪᠣᠯᠪᠠᠰᠤᠷᠠᠭᠤᠯᠤᠯ ᠤᠨ ᠭᠤᠣᠯ ᠴᠣᠭᠴᠠ ᠶᠢ ᠰᠣᠩᠭᠤᠨ ᠲᠣᠭᠲᠠᠭᠠᠬᠤ᠂ ᠪᠣᠯᠪᠠᠰᠤᠷᠠᠭᠤᠯᠤᠯ ᠳᠤ ᠬᠢᠨᠠᠯᠲᠠ ᠲᠠᠯᠪᠢᠵᠤ ᠬᠠᠮᠢᠶᠠᠷᠬᠤ ᠪᠠ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠢ᠃ᠪᠣᠯᠪᠠᠰᠤᠷᠠᠭᠤᠯᠬᠤ ᠡᠭᠦᠷᠭᠡ ᠶᠢ ᠡᠭᠦᠷᠭᠡᠯᠡᠵᠦ ᠪᠠᠶᠢᠭ᠎ᠠ ᠨᠢᠭᠡᠴᠢ ᠨᠦᠭᠦᠳ ᠲᠤᠬᠠᠢ ᠶᠢᠨ ᠭᠠᠵᠠᠷ ᠤᠨ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠵᠢᠯᠣᠭᠤᠳᠤᠯᠭ᠎ᠠ ᠶᠢᠨ ᠳᠣᠣᠷ᠎ᠠ᠂ ᠪᠣᠯᠪᠠᠰᠤᠷᠠᠭᠤᠯᠬᠤ ᠲᠥᠯᠥᠪᠯᠡᠭᠡ ᠲᠣᠭᠲᠠᠭᠠᠵᠤ᠂ ᠪᠣᠯᠪᠠᠰᠤᠷᠠᠭᠤᠯᠬᠤ ᠬᠢᠴᠢᠶᠡᠯ ᠢ ᠰᠢᠯᠢᠳᠡᠭᠵᠢᠭᠦᠯᠦᠨ᠂ ᠪᠣᠯᠪᠠᠰᠤᠷᠠᠭᠤᠯᠬᠤ ᠪᠠᠭᠰᠢ ᠶᠢ ᠰᠠᠶᠢᠲᠤᠷ ᠰᠣᠩᠭᠤᠵᠤ᠂ ᠰᠤᠷᠤᠭᠴᠢᠳ ᠤᠨ ᠪᠣᠯᠪᠠᠰᠤᠷᠠᠯ ᠤᠨ ᠲᠠᠩᠰᠠ ᠡᠪᠬᠡᠮᠡᠯ ᠪᠠᠶᠢᠭᠤᠯᠵᠤ᠂  ᠪᠣᠯᠪᠠᠰᠤᠷᠠᠯ ᠳᠤ ᠣᠷᠣᠯᠴᠠᠭᠰᠠᠳ ᠤᠨ ᠮᠡᠳᠡᠭᠡ ᠵᠠᠩᠭᠢ ᠶᠢ ᠳᠤᠮᠳᠠᠳᠤ ᠤᠯᠤᠰ ᠤᠨ ᠬᠥᠳᠡᠭᠡ ᠲᠣᠰᠬᠤᠨ ᠤ ᠠᠯᠤᠰ ᠠᠴᠠ ᠵᠢᠭᠠᠬᠤ ᠰᠤᠷᠭᠠᠨ ᠬᠥᠮᠦᠵᠢᠯ ᠤᠨ ᠰᠦᠯᠵᠢᠶᠡᠨ ᠤ ︽ᠲᠠᠷᠢᠶᠠᠴᠢᠳ ᠤᠨ ᠰᠤᠷᠭᠠᠨ ᠬᠥᠮᠦᠵᠢᠯ ᠤᠨ ᠪᠣᠯᠪᠠᠰᠤᠷᠠᠯ ᠤᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ︾ ᠳᠤ ᠴᠠᠭ ᠲᠤᠬᠠᠢ  ᠳᠤᠨᠢ ᠪᠢᠴᠢᠵᠦ ᠣᠷᠣᠭᠤᠯᠬᠤ ᠬᠡᠷᠡᠭᠲᠡᠢ᠃ ᠮᠥᠷᠳᠡᠨ ᠦᠢᠯᠡᠴᠢᠯᠡᠬᠦ ᠪᠠᠨ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠢᠳᠡᠪᠬᠢᠲᠡᠢ ᠲᠡᠮᠡᠴᠡᠨ ᠣᠯᠵᠤ᠂ ᠰᠤᠷᠤᠭᠴᠢᠳ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠠᠩᠬᠠᠷᠴᠤ᠂ ᠮᠡᠷᠭᠡᠵᠢᠯ ᠤᠨ ᠵᠢᠯᠣᠭᠤᠳᠤᠯᠭ᠎ᠠ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠂ ᠰᠣᠯᠢᠯᠴᠠᠭᠠᠨ ᠤ ᠲᠠᠪᠴᠠᠩ᠂ ᠰᠦᠯᠵᠢᠶᠡᠨ ᠳᠡᠭᠡᠷᠡᠬᠢ ᠦᠢᠯᠡᠴᠢᠯᠡᠭᠡ ᠵᠡᠷᠭᠡ ᠶᠢ ᠰᠠᠨᠠᠭᠠᠴᠢᠯᠠᠭ᠎ᠠ  ᠠᠴᠠ ᠪᠠᠨ ᠬᠠᠩᠭᠠᠬᠤ ᠬᠡᠷᠡᠭᠲᠡᠢ᠃    ︵ᠭᠤᠷᠪᠠ︶ ᠬᠥᠮᠥᠵᠢᠭᠦᠯᠦᠨ ᠪᠣᠶᠢᠵᠢᠭᠤᠯᠬᠤ ᠣᠨᠣᠯᠵᠢᠬᠤᠨ᠃ ᠮᠠᠨ ᠤ ᠬᠤᠰᠢᠭᠤᠨ ᠤ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠤ ᠪᠣᠯᠪᠠᠰᠤᠷᠠᠭᠤᠯᠤᠯ ᠢ ᠲᠠᠰ ᠳᠠᠪᠬᠤᠷᠭ᠎ᠠ ᠲᠥᠷᠥᠯ ᠬᠡᠰᠡᠭ ᠬᠤᠪᠢᠶᠠᠵᠤ ᠦᠶᠡᠯᠡᠯ ᠤᠨ ᠬᠤᠭᠤᠴᠠᠭ᠎ᠠ ᠪᠠᠷ ᠶᠠᠪᠤᠭᠳᠠᠭᠤᠯᠵᠤ᠂ ᠨᠡᠶᠢᠲᠡᠯᠢᠭ ᠴᠢᠨᠠᠷ ᠲᠠᠢ ᠤᠷ᠎ᠠ ᠮᠡᠷᠭᠡᠵᠢᠯ ᠤᠨ ᠠᠵᠢᠯᠲᠠᠨ ᠪᠠ ᠪᠥᠬᠦ ᠠᠵᠤ ᠦᠢᠯᠡᠰ ᠤᠨ ᠬᠡᠯᠬᠢᠶᠡᠨ ᠤ ᠶᠡᠷᠦᠩᠬᠡᠶᠢᠯᠡᠭᠰᠡᠨ ᠬᠡᠯᠪᠡᠷᠢ ᠶᠢᠨ ᠴᠢᠳᠠᠪᠤᠷᠢᠲᠠᠨ ᠢ ᠬᠥᠮᠥᠵᠢᠭᠦᠯᠬᠦ ᠪᠠᠷ ᠭᠤᠣᠯᠳᠠᠯᠭ᠎ᠠ ᠪᠣᠯᠭᠠᠨ᠂ ᠮᠡᠷᠭᠡᠵᠢᠯ ᠤᠷ᠎ᠠ ᠮᠡᠷᠭᠡᠵᠢᠯ ᠤᠨ ᠪᠣᠯᠪᠠᠰᠤᠷᠠᠭᠤᠯᠤᠯ ᠪᠠ ᠠᠵᠤ ᠦᠢᠯᠡᠰ ᠤᠨ ᠳᠠᠭᠠᠭᠤᠯᠤᠭᠴᠢ ᠶᠢ ᠲᠦᠷᠭᠡᠨ ᠬᠥᠮᠥᠵᠢᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠤᠯᠠᠷᠢᠯ ᠢ ᠦᠨᠳᠦᠰᠦᠯᠡᠨ ᠪᠣᠯᠪᠠᠰᠤᠷᠠᠭᠤᠯᠤᠯ ᠤᠨ ᠴᠠᠭ ᠤᠨ ᠤᠷᠳᠤ ᠶᠢ ᠵᠦᠢ ᠵᠣᠬᠢᠰᠲᠠᠢ ᠲᠣᠬᠢᠷᠠᠭᠤᠯᠵᠤ᠂ ᠲᠠᠷᠢᠶᠠᠯᠠᠬᠤ ᠴᠠᠭ ᠤᠨ ᠶᠣᠰᠣᠭᠠᠷ ᠬᠡᠰᠡᠭ ᠬᠤᠪᠢᠶᠠᠨ ᠪᠣᠯᠪᠠᠰᠤᠷᠠᠭᠤᠯᠤᠯ ᠥᠷᠨᠢᠭᠦᠯᠦᠨ᠎ᠡ ︵ᠨᠢᠭᠡ ᠦᠢᠯᠡᠳᠪᠦᠷᠢᠯᠡᠯ  ᠤᠨ ᠦᠶᠡᠯᠡᠯ᠂ ᠬᠤᠶᠠᠷ ᠡᠭᠡᠯᠵᠢ ᠶᠢᠨ ᠪᠣᠯᠪᠠᠰᠤᠷᠠᠭᠤᠯᠤᠯ︶᠃ ︽ᠰᠣᠩᠭᠤᠨ ᠪᠣᠶᠢᠵᠢᠭᠤᠯᠵᠤ ᠬᠡᠷᠡᠭᠯᠡᠬᠦ︾ ᠶᠢ ᠨᠢᠭᠡ ᠴᠣᠭᠴᠠᠵᠢᠭᠤᠯᠤᠨ ᠪᠣᠶᠢᠵᠢᠭᠤᠯᠬᠤ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠥᠨᠳᠥᠷ ᠬᠡᠪ ᠴᠢᠨᠠᠷ ᠪᠦᠬᠦᠢ ᠮᠠᠯᠴᠢᠨ ᠲᠠᠷᠢᠶᠠᠴᠢᠨ ᠢ ᠰᠢᠯᠢᠨ ᠰᠣᠩᠭᠤᠬᠤ᠂ ᠪᠣᠶᠢᠵᠢᠭᠤᠯᠬᠤ᠂ ᠬᠡᠷᠡᠭᠯᠡᠬᠦ ᠡᠯ᠎ᠡ ᠭᠤᠭᠴᠤᠭ᠎ᠠ ᠶᠢ ᠲᠠᠷᠢᠶᠠᠯᠠᠩ ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠤ ᠲᠥᠷᠥ ᠶᠢᠨ ᠪᠣᠳᠣᠯᠭ᠎ᠠ ᠯᠤᠭ᠎ᠠ ᠣᠷᠭᠠᠨᠢᠭ ᠢᠶᠠᠷ ᠵᠣᠯᠭᠠᠭᠤᠯᠬᠤ ᠶᠢ ᠠᠬᠢᠭᠤᠯᠤᠨ᠎ᠠ᠃ ᠮᠠᠨ ᠤ ᠬᠤᠰᠢᠭᠤᠨ ᠤ ᠮᠠᠯᠴᠢᠨ ᠲᠠᠷᠢᠶᠠᠴᠢᠨ ᠤ ᠪᠣᠯᠪᠠᠰᠤᠷᠠᠭᠤᠯᠤᠯ ᠢ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠲᠠᠢ ᠣᠷᠭᠠᠨᠢᠭ ᠢᠶᠠᠷ ᠤᠶᠠᠯᠳᠤᠭᠤᠯᠵᠤ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠥᠷᠭᠡᠨ ᠢᠶᠠᠷ ᠤᠬᠠᠭᠤᠯᠵᠤ᠂ ᠨᠠᠮ ᠤᠨ ᠳᠦᠷᠢᠮ ᠲᠣᠭᠲᠠᠭᠠᠯ ᠪᠠ ᠨᠠᠮ ᠤᠨ ᠦᠨᠳᠦᠰᠦᠨ ᠮᠡᠳᠡᠯᠭᠡ ᠶᠢ ᠣᠶᠢᠯᠠᠭᠠᠵᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠪᠠᠳᠠᠷᠠᠭᠤᠯᠤᠨ᠂ ᠮᠠᠯᠴᠢᠨ ᠲᠠᠷᠢᠶᠠᠴᠢᠨ ᠢ ᠬᠥᠮᠥᠵᠢᠭᠦᠯᠦᠨ ᠬᠥᠲᠥᠯᠵᠦ ᠪᠠᠶᠢᠭᠠᠳ ᠨᠠᠮ ᠤᠨ ᠦᠭᠡ ᠶᠢ ᠰᠣᠨᠣᠰᠴᠤ᠂ ᠨᠠᠮ ᠤᠨ ᠠᠴᠢ ᠶᠢ ᠮᠡᠳᠡᠷᠡᠵᠦ᠂ ᠨᠠᠮ ᠢᠶᠠᠨ ᠳᠠᠭᠠᠨ᠎ᠠ᠃    ︵ᠳᠥᠷᠪᠡ︶ ᠪᠣᠯᠪᠠᠰᠤᠷᠠᠭᠤᠯᠤᠯ ᠤᠨ ᠵᠠᠭᠪᠤᠷ ᠢ ᠰᠢᠯᠢᠳᠡᠭᠵᠢᠭᠦᠯᠦᠨ᠎ᠡ᠃ ᠮᠠᠨ ᠤ ᠬᠤᠰᠢᠭᠤᠨ ᠤ ᠠᠵᠤ ᠦᠢᠯᠡᠰ ᠤᠨ ᠦᠶᠡᠯᠡᠯ ᠤᠨ ᠬᠤᠭᠤᠴᠠᠭ᠎ᠠ ᠶᠢᠨ ᠲᠣᠭᠤᠷᠢᠨ ᠳᠤ ᠱᠠᠲᠤ ᠬᠤᠪᠢᠶᠠᠨ᠂ ᠡᠭᠡᠯᠵᠢᠯᠡᠬᠦ ᠮᠠᠶ᠋ᠢᠭ ᠤᠨ ᠪᠣᠯᠪᠠᠰᠤᠷᠠᠭᠤᠯᠤᠯ ᠢ ᠥᠷᠨᠢᠭᠦᠯᠵᠦ᠂ ᠪᠣᠳᠠᠲᠠᠢ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ ᠰᠠᠶᠢᠲᠤᠷ ᠰᠣᠩᠭᠤᠵᠤ᠂ ᠤᠷ᠎ᠠ ᠴᠢᠳᠠᠪᠤᠷᠢ ᠶᠢᠨ ᠪᠣᠯᠪᠠᠰᠤᠷᠠᠯ᠂ ᠪᠣᠯᠪᠠᠰᠤᠷᠠᠭᠤᠯᠤᠯ ᠤᠨ ᠳᠠᠷᠠᠭᠠᠬᠢ ᠵᠢᠯᠣᠭᠤᠳᠤᠯᠭ᠎ᠠ ᠪᠠ ᠮᠥᠷᠳᠡᠨ ᠦᠢᠯᠡᠴᠢᠯᠡᠭᠡ ᠶᠢ ᠴᠢᠩᠭᠠᠳᠬᠠᠨ᠎ᠠ᠃ ᠨᠠᠷᠢᠯᠢᠭ ᠣᠨᠣᠴᠠᠲᠠᠢ ᠪᠣᠯᠪᠠᠰᠤᠷᠠᠭᠤᠯᠤᠯ ᠢ ᠴᠢᠩᠭᠠᠳᠬᠠᠨ᠎ᠠ᠃ ᠬᠥᠮᠥᠵᠢᠭᠦᠯᠬᠦ ᠡᠲᠡᠭᠡᠳ ᠪᠣᠯᠣᠨ ᠪᠣᠯᠪᠠᠰᠤᠷᠠᠭᠤᠯᠬᠤ ᠠᠭᠤᠯᠭ᠎ᠠ ᠶᠢ ᠦᠨᠳᠦᠰᠦᠯᠡᠨ᠂ ᠵᠦᠷᠢᠶᠡᠴᠢᠯᠡᠭᠰᠡᠨ ᠪᠣᠯᠪᠠᠰᠤᠷᠠᠭᠤᠯᠬᠤ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠬᠡᠷᠡᠭᠲᠡᠢ᠃ ᠬᠢᠴᠢᠶᠡᠯᠯᠡᠬᠦ ᠪᠠᠭᠰᠢ ᠪᠠ ᠰᠣᠳᠣᠨ ᠵᠢᠭᠠᠬᠤ ᠮᠠᠲ᠋ᠧᠷᠢᠶᠠᠯ ᠢ ᠰᠢᠯᠢᠳᠡᠭᠴᠢᠯᠡᠨ ᠰᠣᠩᠭᠤᠵᠤ᠂ ᠬᠢᠴᠢᠶᠡᠯ ᠤᠨ ᠲᠠᠩᠬᠢᠮ ᠢ ᠶᠡᠷᠦᠩᠬᠡᠶᠢᠯᠡᠨ ᠬᠡᠷᠡᠭᠯᠡᠨ᠎ᠡ᠃ 
 
ᠢᠷᠡᠯᠲᠡ᠄ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号