— 2023 ᠣᠨ ᠤ 1 ᠰᠠᠷ᠎ᠠ ᠶᠢᠨ 1 ᠤ ᠡᠳᠦᠷ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ | ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ | ᠤᠳᠠᠭᠠᠨ ᠤ ᠬᠤᠷᠠᠯ ᠳᠡᠭᠡᠷ᠎ᠡ | | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ | ᠬᠤᠰᠢᠭᠤᠨ ᠳᠠᠷᠤᠭ᠎ᠠ ᠸᠠᠩ ᠬᠠᠢ ᠶᠢᠩ | | ᠲᠥᠯᠥᠭᠡᠯᠡᠭᠴᠢᠳ ᠠ᠋᠄ | ᠤᠲᠤ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠤᠨ | ᠢᠯᠡᠳᠬᠡᠯ ᠬᠢᠶ᠎ᠡ᠂ ᠬᠢᠨᠠᠨ ᠵᠥᠪᠯᠡᠬᠦ ᠪᠣᠯᠪᠠᠤ᠂ ᠤᠯᠤᠰ ᠳᠦᠷᠦ ᠶᠢᠨ ᠵᠦᠪᠯᠡᠯᠭᠡᠨ ᠤ ᠭᠡᠰᠢᠭᠦᠳ ᠪᠣᠯᠣᠨ ᠰᠤᠯᠠ | ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2022 ᠣᠨ ᠤ ᠠᠵᠢᠯ ᠤᠨ ᠡᠷᠭᠢᠴᠡᠭᠦᠯᠦᠯ | 2022 ᠣᠨ ᠳᠤ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠣᠯᠭᠠᠬᠤ ᠶᠢ ᠪᠠᠷᠢᠮᠲᠠᠯᠠᠵᠤ᠂ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ᠂ ᠬᠤᠰᠢᠭᠤᠨ ᠤ ᠨᠠᠮ ᠤᠨ ᠬᠤᠷᠢᠶᠠᠨ ᠤ | ᠤᠳᠤᠷᠢᠳᠤᠯᠭ᠎ᠠ ᠳᠣᠣᠷ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ | ᠶᠣᠰᠣᠨ ᠤ ᠬᠢᠨᠠᠯᠲᠠ᠂ ᠤᠯᠤᠰ ᠳᠦᠷᠦ ᠶᠢᠨ ᠵᠦᠪᠯᠡᠯᠭᠡᠨ ᠤ ᠠᠷᠠᠳᠴᠢᠯᠠᠯ ᠤᠨ ᠬᠢᠨᠠᠯᠲᠠ ᠳᠣᠣᠷ᠎ᠠ᠂ ᠪᠥᠬᠦ | ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ︽ᠠᠮᠢ ᠠᠬᠤᠢ ᠶᠢ | ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠵᠠᠮ︾ ᠤᠨ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠤᠨ᠂ ︽ᠵᠢᠷᠭᠤᠭ᠎ᠠ ᠶᠢ | ᠲᠣᠭᠲᠠᠭᠤᠨ ᠪᠠᠶᠢᠯᠭᠠᠬᠤ︾ ︽ᠵᠢᠷᠭᠤᠭ᠎ᠠ ᠶᠢ ᠪᠠᠲᠤᠯᠠᠬᠤ︾ ᠶᠢᠨ ᠠᠵᠢᠯ ᠢ ᠲᠣᠪᠣᠶᠢᠮ᠎ᠠ ᠰᠠᠶᠢᠲᠤᠷ ᠬᠢᠵᠦ᠂ ᠠᠵᠤ | ᠠᠬᠤᠢ ᠶᠢᠨ ᠦᠷᠭᠦᠯᠵᠢᠯᠡᠨ ᠰᠠᠶᠢᠵᠢᠷᠠᠬᠤ᠂ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ᠂ ᠠᠷᠠᠳ ᠤᠨ | ᠠᠮᠢᠳᠤᠷᠠᠯ ᠤᠨ ᠵᠣᠯ ᠵᠢᠷᠭᠠᠯ ᠲᠠᠢ ᠠᠮᠤᠷ ᠠᠮᠤᠭᠤᠯᠠᠩ ᠢ ᠪᠡᠶᠡᠯᠡᠭᠦᠯᠬᠦ ᠳᠤ ᠴᠥᠬᠦᠷᠡᠰᠢ ᠦᠭᠡᠢ ᠴᠢᠷᠮᠠᠶᠢᠯᠭ᠎ᠠ ᠭᠠᠷᠭᠠᠪᠠ | ᠃ | ᠠᠵᠤ ᠠᠬᠤᠢ ᠶᠢᠨ ᠠᠵᠢᠯᠯᠠᠭᠠᠨ ᠰᠠᠶᠢᠨ ᠪᠠᠶᠢᠳᠠᠯ ᠢᠶᠠᠨ ᠪᠠᠲᠤᠯᠠᠪᠠ᠃ ᠪᠥᠬᠦ ᠬᠤᠰᠢᠭᠤᠨ ᠤ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠢ ᠥᠷᠲᠡᠭ 78 ᠳ᠋ᠦᠩᠰᠢᠭᠤᠷ ᠲᠥᠭᠦᠷᠢᠭ ᠲᠤ ᠬᠦᠷᠴᠦ᠂ 7% ᠪᠠᠷ ᠨᠡᠮᠡᠭᠳᠡᠨ᠂ | ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠲᠤ ᠨᠢᠭᠡᠳᠦᠭᠡᠷ ᠲᠤ ᠣᠷᠣᠪᠠ︔ 500 ᠲᠦᠮᠡᠨ ᠲᠥᠭᠦᠷᠢᠭ ᠠᠴᠠ | ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 75 ᠳ᠋ᠦᠩᠰᠢᠭᠤᠷ ᠲᠥᠭᠦᠷᠢᠭ ᠪᠡᠶᠡᠯᠡᠭᠦᠯᠵᠦ᠂ | 63% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠶᠢ ᠪᠥᠬᠦ ᠠᠶᠢᠮᠠᠭ ᠲᠤ ᠨᠢᠭᠡᠳᠦᠭᠡᠷ ᠲᠤ ᠣᠷᠣᠭᠤᠯᠪᠠ︔ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 20% ᠪᠠᠷ ᠨᠡᠮᠡᠭᠳᠡᠵᠦ᠂ | ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠲᠤ ᠨᠢᠭᠡᠳᠦᠭᠡᠷ ᠲᠤ ᠣᠷᠣᠪᠠ︔ ᠡᠩ ᠤᠨ ᠣᠯᠠᠨ ᠨᠡᠶᠢᠲᠡ ᠶᠢᠨ | ᠡᠳ᠋ ᠤᠨ ᠵᠠᠰᠠᠭ ᠤᠨ ᠲᠥᠰᠥᠪ ᠤᠨ ᠣᠷᠣᠯᠭ᠎ᠠ ᠶᠢ 3.3 ᠳ᠋ᠦᠩᠰᠢᠭᠤᠷ ᠲᠥᠭᠦᠷᠢᠭ ᠪᠡᠶᠡᠯᠡᠭᠦᠯᠵᠦ᠂ 6% ᠪᠠᠷ | ᠨᠡᠮᠡᠭᠳᠡᠨ᠂ ᠨᠡᠮᠡᠭᠳᠡᠯ ᠤᠨ ᠬᠤᠷᠳᠤᠴᠠ ᠶᠢ ᠪᠥᠬᠦ ᠠᠶᠢᠮᠠᠭ ᠲᠤ ᠨᠢᠭᠡᠳᠦᠭᠡᠷ ᠲᠤ ᠣᠷᠣᠭᠤᠯᠪᠠ︔ ᠬᠤᠳᠠ | ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ | ᠲᠤᠰ ᠲᠤᠰ 32740 ᠲᠥᠭᠦᠷᠢᠭ ᠪᠠ 14394 ᠲᠥᠭᠦᠷᠢᠭ ᠲᠤ ᠬᠦᠷᠴᠦ᠂ 7% ᠪᠠ 10% ᠪᠠᠷ ᠨᠡᠮᠡᠭᠳᠡᠪᠡ︔ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠶᠢ 10.15 ᠳ᠋ᠦᠩᠰᠢᠭᠤᠷ | ᠲᠥᠭᠦᠷᠢᠭ ᠪᠡᠶᠡᠯᠡᠭᠦᠯᠵᠦ᠂ 2% ᠢᠶᠠᠷ ᠨᠡᠮᠡᠭᠳᠡᠪᠡ᠃ | ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠠᠯᠬᠤᠴᠠ ᠳᠦᠷᠭᠡᠳᠪᠡ᠃ 45.7 | ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠵᠤ᠂ ᠶᠡᠷᠦᠩᠬᠡᠢ ᠲᠠᠯᠠᠪᠠᠶ ᠨᠢ 213 | ᠲᠦᠮᠡᠨ ᠮᠦ ᠳᠤ ᠬᠥᠷᠪᠡ᠃ ᠡᠷᠳᠡᠨᠢ ᠰᠢᠰᠢ ᠶᠢ ᠨᠢᠭᠲᠠ ᠳᠠᠷᠢᠵᠤ ᠬᠠᠭᠠᠯᠪᠤᠷᠢᠯᠠᠬᠤ ᠦᠭᠡᠢ ᠪᠠᠷ ᠳᠠᠷᠢᠬᠤ᠂ ᠡᠷᠳᠡᠨᠢ | ᠰᠢᠰᠢ ᠰᠢᠷ᠎ᠠ ᠪᠤᠷᠴᠠᠭ ᠢ ᠪᠦᠰᠡᠯᠢᠭ ᠬᠡᠯᠪᠡᠷᠢ ᠪᠠᠷ ᠨᠡᠶᠢᠯᠡᠭᠦᠯᠦᠨ ᠳᠠᠷᠢᠬᠤ᠂ ᠭᠦᠶᠦᠬᠡᠨ ᠪᠤᠯᠠᠵᠤ ᠳᠤᠰᠤᠯᠭᠠᠨ | ᠤᠰᠤᠯᠠᠬᠤ ᠵᠡᠷᠭᠡ 142 ᠲᠦᠮᠡᠨ ᠮᠦ ᠶᠢ ᠭᠡᠷᠡᠭᠵᠢᠬᠦᠯᠪᠡ᠃ 97 ᠲᠦᠮᠡᠨ ᠮᠦ ᠬᠠᠷ᠎ᠠ ᠬᠥᠷᠥᠰᠥᠨ ᠤ | ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ ᠪᠡᠶᠡᠯᠡᠭᠦᠯᠪᠡ᠃ ᠠᠮᠤ ᠪᠤᠳᠠᠭᠠᠨ ᠤ ᠤᠨᠠᠯᠲᠠ 25 ᠳ᠋ᠦᠩᠰᠢᠭᠤᠷ | ᠵᠢᠩ ᠢ ᠳᠠᠪᠠᠪᠠ᠃ 70 ᠲᠦᠮᠡᠨ ᠮᠦ ᠰᠢᠷ᠎ᠠ ᠪᠤᠷᠴᠠᠭ ᠢ ᠦᠷᠭᠡᠳᠭᠡᠨ ᠳᠠᠷᠢᠬᠤ ᠡᠭᠦᠷᠭᠡ ᠶᠢ ᠳᠠᠪᠠᠭᠤᠯᠤᠨ | ᠪᠡᠶᠡᠯᠡᠭᠦᠯᠪᠡ᠃ ᠳᠠᠷᠤᠰᠢᠭᠤᠯᠬᠤ᠂ ᠡᠪᠡᠰᠦ ᠪᠣᠷᠳᠤᠭ᠎ᠠ ᠳᠠᠷᠢᠬᠤ ᠲᠠᠯᠠᠪᠠᠶ ᠶᠢ 100 ᠲᠦᠮᠡᠨ ᠮᠦ ᠳᠤ ᠬᠦᠷᠭᠡᠪᠡ᠃ | ᠪᠥᠬᠦ ᠬᠤᠰᠢᠭᠤᠨ ᠤ ᠮᠠᠯ ᠤᠨ ᠲᠤᠭ᠎ᠠ ᠲᠣᠯᠣᠭᠠᠢ 206 ᠲᠦᠮᠡ ᠳᠤ ᠲᠣᠭᠲᠠᠪᠤᠷᠢᠵᠢᠪᠠ᠃ ᠠᠯᠠᠰᠢᠨ ᠦᠬᠡᠷ ᠤᠨ | ᠪᠥᠬᠦ ᠠᠵᠤ ᠦᠢᠯᠡᠰ ᠤᠨ ᠬᠡᠯᠬᠢᠶ᠎ᠡ ᠶᠢ ᠭᠦᠨᠵᠡᠭᠡᠶᠢᠷᠡᠭᠦᠯᠦᠨ ᠬᠥᠭᠵᠢᠭᠦᠯᠵᠦ᠂ ᠲᠤᠭ᠎ᠠ ᠲᠣᠯᠣᠭᠠᠢ 42 ᠲᠦᠮᠡ ᠳᠤ | ᠬᠦᠷᠴᠦ᠂ 10% ᠪᠠᠷ ᠨᠡᠮᠡᠭᠳᠡᠨ᠂ ᠬᠤᠸᠠ ᠶᠠᠩ ᠠᠯᠠᠰᠢᠨ ᠦᠬᠡᠷ ᠨᠢᠲᠤᠯᠵᠤ ᠡᠳ᠋ᠰᠢᠭᠦᠯᠬᠦ ᠲᠥᠷᠥᠯ ᠵᠦᠢᠯ ᠪᠠ | ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠦᠢᠯᠡᠴᠢᠯᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠶᠢ | ᠪᠡᠶᠡᠯᠡᠭᠦᠯᠪᠡ᠃ ᠬᠤᠩ ᠠᠨ ᠮᠠᠯ ᠳᠡᠵᠢᠬᠡᠪᠦᠷᠢ ᠶᠢᠨ ᠠᠷᠠᠯᠵᠢᠶᠠᠨ ᠤ ᠵᠠᠬ᠎ᠠ ᠳᠡᠯᠭᠡᠭᠦᠷ ᠤᠨ ᠠᠷᠠᠯᠵᠢᠶᠠᠨ ᠤ ᠬᠡᠮᠵᠢᠶ᠎ᠡ | 65 ᠲᠦᠮᠡᠨ ᠳᠤᠯᠤᠭᠠᠢ ᠶᠢ ᠳᠠᠪᠠᠵᠤ᠂ ᠠᠷᠠᠯᠵᠢᠶᠠᠨ ᠤ ᠬᠡᠮᠵᠢᠶ᠎ᠡ 20 ᠳ᠋ᠦᠩᠰᠢᠭᠤᠷ ᠲᠥᠭᠦᠷᠢᠭ ᠢ ᠳᠠᠪᠠᠵᠠᠢ᠃ | ᠠᠯᠠᠰᠢᠨ ᠬᠤᠨᠢᠨ ᠤ ᠠᠵᠤ ᠦᠢᠯᠡᠰ ᠤᠨ ︽ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ︾ ᠢ ᠯᠠᠪᠳᠠᠭᠤᠨ ᠢᠶᠠᠷ | ᠠᠬᠢᠭᠤᠯᠵᠤ᠂ 163 ᠲᠦᠮᠡᠨ ᠲᠣᠯᠣᠭᠠᠢ ᠳᠤ ᠬᠦᠷᠴᠦ᠂ 9% ᠪᠠᠷ ᠨᠡᠮᠡᠭᠳᠡᠪᠡ᠃ | ᠠᠵᠤ ᠦᠢᠯᠡᠳᠪᠦᠷᠢ ᠶᠢᠨ ᠠᠵᠤ ᠠᠬᠤᠢ ᠶᠢᠨ ᠲᠤᠯᠭᠠᠭᠤᠷᠢᠯᠠᠬᠤ ᠬᠦᠴᠦᠨ ᠨᠠᠩ ᠲᠣᠪᠣᠶᠢᠮ᠎ᠠ ᠪᠣᠯᠪᠠ᠃ | 1000 ᠲᠦᠮᠡᠨ ᠲᠥᠭᠦᠷᠢᠭ ᠠᠴᠠ ᠳᠡᠭᠡᠭᠰᠢᠬᠢ ᠠᠵᠤ ᠦᠢᠯᠡᠳᠪᠦᠷᠢ ᠶᠢᠨ ᠲᠥᠷᠥᠯ ᠵᠦᠢᠯ ᠢ 12 ᠬᠡᠷᠡᠭᠵᠢᠭᠦᠯᠵᠦ᠂ | ᠨᠡᠶᠢᠲᠡ 210 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 42 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠯᠲᠠ ᠶᠢ ᠪᠡᠶᠡᠯᠡᠭᠦᠯᠪᠡ᠃ ᠵᠥᠩ ᠭᠤᠸᠠᠩ ᠾᠸᠢ ᠶᠢᠨ 200 ᠲᠦᠮᠡᠨ ᠺᠢᠯᠣᠸᠠᠲ ᠤᠨ ᠰᠠᠯᠬᠢᠨ | ᠬᠦᠴᠦᠨ ᠤ ᠴᠠᠬᠢᠯᠭᠠᠨ ᠤ ᠲᠥᠷᠥᠯ ᠵᠦᠢᠯ ᠳᠤ ᠨᠡᠶᠢᠲᠡ 45 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠯᠲᠠ ᠶᠢ ᠪᠡᠶᠡᠯᠡᠭᠦᠯᠪᠡ᠃ ᠪᠥᠬᠦ ᠣᠷᠣᠨ ᠤ ᠰᠢᠭᠤᠳ ᠬᠠᠷᠢᠶ᠎ᠠ ᠠᠵᠤ ᠠᠬᠤᠶᠢᠯᠠᠯ ᠤᠨ ᠠᠩᠬᠠᠳᠠᠭᠴᠢ 60 | ᠲᠦᠮᠡᠨ ᠲᠠᠰ ᠤᠨ ᠮᠠᠰᠢᠨ ᠴᠣᠭᠴᠠᠯᠠᠪᠤᠷᠢ᠂ ᠪᠥᠬᠦ ᠠᠶᠢᠮᠠᠭ ᠤᠨ ᠬᠠᠮᠤᠭ ᠤᠨ ᠲᠣᠮᠣ ᠠᠵᠤ ᠦᠢᠯᠡᠳᠪᠦᠷᠢ ᠶᠢᠨ ᠪᠡᠯᠡ | ᠣᠷᠣᠭᠤᠯᠤᠯᠲᠠ ᠶᠢᠨ ᠲᠥᠷᠥᠯ ᠵᠦᠢᠯ ᠪᠣᠯᠬᠤ ᠮᠧᠩ ᠨᠧᠩ 2×66 ᠲᠦᠮᠡᠨ ᠺᠢᠯᠣᠸᠠᠲ ᠤᠨ ᠴᠠᠬᠢᠯᠭᠠᠨ ᠤ | ᠦᠢᠯᠡᠳᠪᠦᠷᠢ ᠶᠢ ᠠᠰᠢᠭᠯᠠᠯᠲᠠ ᠳᠤ ᠣᠷᠣᠭᠤᠯᠪᠠ᠃ ᠪᠥᠬᠦ ᠠᠶᠢᠮᠠᠭ ᠤᠨ ᠲᠠᠩ ᠴᠣᠭᠴᠠ ᠶᠢᠨ ᠬᠡᠪᠴᠢᠶ᠎ᠡ ᠪᠠᠷ | ᠬᠠᠮᠤᠭ ᠤᠨ ᠶᠡᠭᠡ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠪᠤᠯᠬᠤ ᠲᠢᠶᠠᠨ ᠾᠧ 15 ᠲᠦᠮᠡᠨ | ᠺᠢᠯᠣᠸᠠᠲ ᠤᠨ ᠬᠡᠷᠡᠯ ᠴᠡᠨᠡᠭ ᠤᠨ ᠡᠨᠧᠷᠭᠢ ᠬᠠᠳᠠᠭᠠᠯᠠᠬᠤ ᠶᠡᠷᠦᠩᠬᠡᠶᠢᠯᠡᠭᠰᠡᠨ ᠡᠯᠡᠰᠦ ᠵᠠᠰᠠᠬᠤ ᠲᠥᠷᠥᠯ ᠵᠦᠢᠯ ᠢ | ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠪᠠ᠃ ᠵᠢᠩ ᠺᠧ ᠴᠠᠬᠢᠯᠭᠠᠨ ᠤ ᠦᠢᠯᠡᠳᠪᠦᠷᠢ ᠶᠢᠨ 1×35 ᠲᠦᠮᠡᠨ | ᠺᠢᠯᠣᠸᠠᠲ ᠤᠨ ᠮᠠᠰᠢᠨ ᠴᠣᠭᠴᠠᠯᠠᠪᠤᠷᠢ ᠶᠢᠨ ᠵᠦᠢᠯᠡᠰ ᠤᠨ ᠭᠤᠣᠯ ᠴᠣᠭᠴᠠ ᠶᠢᠨ ᠪᠠᠷᠢᠯᠭ᠎ᠠ ᠶᠢ ᠳᠠᠭᠤᠰᠬᠠᠪᠠ᠃ | ᠪᠠᠶᠠᠵᠢᠨ᠎ᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠢᠯᠴᠢ ᠬᠠᠩᠭᠠᠬᠤ ᠬᠤᠭᠤᠯᠠᠢ ᠶᠢᠨ ᠲᠣᠣᠷ᠂ | ᠣᠶᠤᠨᠲᠤ ᠬᠦᠷᠢᠶᠡᠯᠡᠩ ᠲᠣᠭᠤᠷᠢᠭ ᠤᠨ ᠲᠥᠷᠥᠯ ᠵᠦᠢᠯ ᠢ ᠠᠰᠢᠭᠯᠠᠯᠲᠠ ᠳᠤ ᠣᠷᠣᠭᠤᠯᠵᠤ᠂ ᠬᠦᠷᠢᠶᠡᠯᠡᠩ ᠳᠤ | ᠣᠷᠣᠬᠤ ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠵᠤ᠂ ᠰᠤᠯᠠ ᠪᠠᠶᠢᠭ᠎ᠠ ᠡᠬᠢ ᠪᠠᠶᠠᠯᠢᠭ ᠢ ᠠᠮᠢᠳᠤᠯᠢᠭ | ᠪᠣᠯᠭᠠᠵᠤ᠂ 30 ᠠᠵᠤ ᠠᠬᠤᠶᠢᠯᠠᠯ ᠰᠠᠭᠤᠷᠢᠰᠢᠪᠠ᠃ | ᠭᠤᠷᠪᠠᠳᠤᠭᠠᠷ ᠠᠵᠤ ᠦᠢᠯᠡᠰ ᠤᠨ ᠠᠮᠢᠳᠤᠯᠢᠭ ᠬᠦᠴᠦᠨ ᠤᠯᠠᠮ | ᠴᠢᠩᠭᠠᠷᠠᠪᠠ᠃ ᠤᠯᠤᠰ ᠤᠨ 4A ᠲᠡᠰ᠂ 3A ᠲᠡᠰ ᠤᠨ 4 ᠦᠵᠡᠮᠵᠢᠲᠦ ᠣᠷᠣᠨ ᠢ ᠠᠮᠵᠢᠯᠲᠠ ᠲᠠᠢ ᠪᠠᠷ ᠡᠭᠦᠳᠦᠨ | ᠪᠠᠶᠢᠭᠤᠯᠪᠠ᠃ ᠬᠠᠩᠭᠠᠯ ᠨᠠᠭᠤᠷ ᠤᠨ ᠰᠡᠯᠡᠭᠦᠴᠡᠯ ᠵᠤᠭᠠᠴᠠᠯ ᠤᠨ ᠠᠮᠠᠷᠠᠯᠲᠠ ᠶᠢᠨ ᠣᠷᠣᠨ ᠢ ᠤᠯᠤᠰ ᠤᠨ 3C | ᠳᠡᠰ ᠤᠨ ᠬᠤᠪᠢ ᠶᠢᠨ ᠮᠠᠰᠢᠨ ᠲᠡᠷᠭᠡᠨ ᠤ ᠪᠠᠭᠤᠳᠠᠯ ᠤᠨ ᠭᠠᠵᠠᠷ ᠢᠶᠠᠷ ᠨᠤᠲᠠᠯᠠᠨ | ᠲᠣᠭᠳᠠᠭᠳᠠᠪᠠ ᠃ ᠪᠠᠶᠠᠨ ᠣᠪᠣᠭ᠎ᠠ ᠭᠠᠴᠠᠭ᠎ᠠ ᠥᠪᠡᠷᠲᠡᠭᠡᠨ ᠵᠠᠰᠠᠬᠤ | ᠣᠷᠣᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ ᠢᠶᠠᠷ ᠦᠨᠡᠯᠡᠭᠳᠡᠪᠡ᠃ ︽ | ᠪᠠᠳᠤᠴᠠᠭᠠᠨ ᠤ ᠰᠤᠨᠢᠷᠬᠠᠯᠲᠦ ᠪᠠᠭ᠎ᠠ ᠨᠠᠰᠤ︾ ᠶᠢᠨ ᠲᠠᠯ᠎ᠠ ᠨᠤᠲᠤᠭ ᠤᠨ ᠡᠴᠢᠭᠡ ᠡᠬᠡ ᠬᠡᠦᠬᠡᠳ ᠤᠨ ᠭᠤᠣᠯ | ᠰᠡᠳᠦᠪᠲᠦ ᠴᠡᠩᠭᠡᠯ ᠤᠨ ᠬᠦᠷᠢᠶᠡᠯᠡᠩ ᠢ ᠪᠠᠶᠢᠭᠤᠯᠵᠤ ᠠᠰᠢᠭᠯᠠᠯᠲᠠ ᠳᠤ ᠣᠷᠣᠭᠤᠯᠪᠠ᠃ ᠨᠡᠶᠢᠲᠡ 6000 ᠲᠦᠮᠡᠨ | ᠲᠥᠭᠦᠷᠢᠭ ᠤᠨ ᠪᠡᠯᠡ ᠣᠷᠣᠭᠤᠯᠤᠭᠰᠠᠨ ᠰᠢᠯᠤᠭᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ ᠲᠥᠷᠥᠯ ᠵᠦᠢᠯ ᠢ | ᠪᠠᠶᠢᠭᠤᠯᠵᠤ ᠠᠰᠢᠭᠯᠠᠯᠲᠠ ᠳᠤ ᠣᠷᠣᠭᠤᠯᠪᠠ᠃ ᠪᠥᠬᠦ ᠬᠤᠰᠢᠭᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ | ᠠᠷᠠᠯᠵᠢᠶᠠᠨ ᠤ ᠲᠤᠭ᠎ᠠ 6.7 ᠳ᠋ᠦᠩᠰᠢᠭᠤᠷ ᠲᠥᠭᠦᠷᠢᠭ ᠲᠤ ᠬᠦᠷᠴᠦ᠂ ᠲᠦᠷᠭᠡᠨ ᠬᠦᠷᠭᠡᠬᠦ ᠪᠠᠷᠠᠭᠠᠨ ᠤ ᠭᠦᠢᠯᠭᠡᠭᠡ | 670 ᠲᠦᠮᠡ ᠶᠢ ᠳᠠᠪᠠᠪᠠ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠪᠡ᠃ | 3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 125 ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠥᠷᠥᠯ ᠵᠦᠢᠯ ᠢ ᠬᠡᠷᠡᠭᠵᠢᠭᠦᠯᠪᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ | ᠪᠠᠬᠢᠵᠢᠭᠦᠯᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠡᠯ᠎ᠡ | ᠵᠦᠢᠯ ᠤᠨ ᠲᠦᠷᠦ ᠶᠢᠨ ᠪᠣᠳᠣᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠴᠠᠭ ᠲᠤᠬᠠᠢ ᠳᠤᠨᠢ ᠬᠠᠪᠰᠤᠷᠤᠨ ᠲᠡᠳᠬᠦᠵᠦ | ᠂ ᠬᠥᠳᠡᠯᠦᠩᠭᠦᠢ ᠪᠠᠷ ᠦᠭᠡᠶᠢᠰᠭᠡᠪᠡ᠃ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠬᠠᠮᠢᠶᠠᠷᠤᠯᠲᠠ ᠶᠢ | ᠴᠢᠩᠭᠠᠳᠬᠠᠵᠤ᠂ ᠶᠠᠳᠠᠭᠤ ᠶᠢ ᠲᠡᠳᠬᠦᠬᠦ ᠡᠳ᠋ ᠬᠥᠷᠥᠩᠭᠡ ᠶᠢ 18 ᠳ᠋ᠦᠩᠰᠢᠭᠤᠷ ᠲᠥᠭᠦᠷᠢᠭ ᠨᠤᠲᠠᠯᠠᠨ | ᠵᠥᠪᠰᠢᠶᠡᠷᠡᠪᠡ᠃ 173 ᠭᠠᠴᠠᠭ᠎ᠠ ᠶᠢᠨ ᠬᠡᠷᠡᠭᠯᠡᠭᠡᠨ ᠤ ᠴᠢᠨᠠᠷᠲᠠᠢ ᠠᠶᠢᠯ ᠲᠣᠰᠬᠤᠨ ᠤ ᠲᠥᠯᠦᠪᠵᠢᠭᠦᠯᠭᠡ ᠶᠢ | ᠨᠠᠶᠢᠷᠠᠭᠤᠯᠤᠨ ᠵᠣᠬᠢᠶᠠᠬᠤ ᠶᠢ ᠪᠡᠶᠡᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ | ᠦᠵᠡᠭᠦᠯᠬᠦ ᠭᠠᠴᠠᠭ᠎ᠠ 8᠂ ᠤᠰᠤᠨ ᠠᠰᠢᠭᠯᠠᠯᠳᠠ ᠶᠢᠨ ᠦᠵᠡᠮᠵᠢᠲᠦ ᠬᠥᠳᠡᠭᠡ ᠲᠣᠰᠬᠤᠨ 5 ᠶᠢ ᠪᠣᠶ ᠪᠣᠯᠭᠠᠵᠤ᠂ | ︽ᠲᠠᠪᠤᠨ ᠰᠠᠶᠢᠨᠲᠠᠢ︾ ᠭᠠᠴᠠᠭ᠎ᠠ ᠶᠢ ᠪᠦᠲᠦᠭᠡᠨ ᠪᠠᠶᠢᠭᠤᠯᠬᠤ ᠨᠢ ᠠᠶᠠᠨᠳᠠᠭᠠᠨ ᠬᠡᠪ ᠵᠠᠩᠰᠢᠯ ᠪᠣᠯᠪᠠ᠃ ᠬᠥᠮᠥᠰ ᠤᠨ | ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠶᠢ ᠪᠦᠬᠦ | ᠬᠦᠴᠦᠨ ᠢᠶᠠᠷ ᠢᠶᠠᠨ ᠬᠡᠷᠡᠭᠵᠢᠭᠦᠯᠵᠦ᠂ ︽ᠲᠠᠪᠤᠨ ᠰᠠᠶᠢᠬᠠᠨ︾ ᠬᠥᠮᠥᠰ ᠤᠨ ᠣᠷᠣᠰᠢᠨ ᠰᠠᠭᠤᠬᠤ ᠣᠷᠴᠢᠨ | ᠲᠣᠭᠤᠷᠢᠨ ᠰᠢᠨ᠎ᠡ ᠬᠡᠪ ᠰᠤᠷᠲᠠᠯ ᠪᠣᠯᠪᠠ ᠃ | ᠬᠤᠳᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢ ᠲᠦᠷᠭᠡᠪᠴᠢᠯᠡᠨ ᠲᠡᠭᠦᠯᠳᠡᠷᠵᠢᠭᠦᠯᠪᠡ᠃ ᠪᠠᠶᠠᠨᠬᠤᠰᠢᠭᠤ | ᠪᠠᠯᠭᠠᠰᠤ ᠶᠢᠨ ᠬᠤᠲᠠ ᠲᠣᠭᠤᠷᠢᠭ ᠤᠨ 12.3 ᠺᠢᠯᠣᠮᠧᠲᠷ ᠵᠠᠮ ᠢ ᠥᠭᠡᠷᠡᠴᠢᠯᠡᠨ ᠰᠠᠶᠢᠵᠢᠷᠠᠭᠤᠯᠵᠤ᠂ ᠪᠣᠬᠢᠷ | ᠤᠰᠤᠨ ᠤ ᠬᠤᠭᠤᠯᠠᠢ ᠶᠢ 23 ᠺᠢᠯᠣᠮᠧᠲᠷ᠂ ᠤᠰᠤ ᠵᠠᠯᠠᠬᠤ ᠬᠤᠭᠤᠯᠠᠢ ᠶᠢ 8.5 ᠺᠢᠯᠣᠮᠧᠲᠷ᠂ ᠤᠰᠤ ᠬᠠᠩᠭᠠᠬᠤ | ᠬᠤᠭᠤᠯᠠᠢ ᠶᠢ 37 ᠺᠢᠯᠣᠮᠧᠲᠷ ᠰᠢᠨ᠎ᠡ ᠪᠠᠷ ᠪᠠᠶᠢᠭᠤᠯᠪᠠ᠃ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢ | ᠨᠡᠭᠡᠭᠡᠨ ᠠᠰᠢᠭᠯᠠᠬᠤ ᠲᠠᠯᠠᠪᠠᠢ ᠶᠢ 21 ᠲᠦᠮᠡᠨ ᠳᠡᠭᠰᠢ ᠳᠦᠷᠪᠡᠯᠵᠢᠨ ᠮᠧᠲᠷ ᠰᠢᠨ᠎ᠡ ᠪᠠᠷ ᠨᠡᠮᠡᠭᠳᠡᠬᠦᠯᠪᠡ᠃ | ᠪᠠᠶᠠᠨᠬᠤᠰᠢᠭᠤ ᠪᠠᠯᠭᠠᠰᠤ ᠶᠢᠨ ᠬᠤᠲᠠ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢ ᠲᠥᠪᠯᠡᠷᠡᠭᠦᠯᠦᠨ ᠴᠡᠭᠴᠡᠯᠡᠨ | ᠵᠠᠰᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠬᠠᠤᠯᠢ ᠠᠴᠠ ᠵᠥᠷᠢᠴᠡᠭᠰᠡᠨ 33 ᠪᠠᠷᠢᠯᠭ᠎ᠠ ᠶᠢ ᠨᠤᠷᠠᠭᠠᠪᠠ᠃ | ᠳᠡᠭᠡᠳᠦ ᠬᠤᠷᠳᠤᠴᠠᠲᠦ ᠵᠠᠰᠠᠮᠠᠯ ᠵᠠᠮ ᠤᠨ 5511 ᠭᠤᠣᠯ ᠱᠤᠭᠤᠮ ᠪᠠᠷᠢᠯᠭ᠎ᠠ ᠳᠠᠭᠤᠰᠴᠤ | ᠲᠡᠷᠭᠡ ᠨᠡᠪᠲᠡᠷᠡᠵᠦ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ 245 | ᠺᠢᠯᠣᠮᠧᠲᠷ ᠪᠡᠶᠡᠯᠡᠭᠦᠯᠪᠡ᠃ ᠮᠧᠩ ᠨᠧᠩ 500 ᠺᠢᠯᠣᠸᠣᠯᠲ ᠤᠨ ᠵᠠᠮ ᠱᠤᠭᠤᠮ ᠢ ᠪᠠᠶᠢᠭᠤᠯᠵᠤ ᠳᠠᠭᠤᠰᠬᠠᠭᠠᠳ | ᠠᠰᠢᠭᠯᠠᠯᠲᠠ ᠳᠤ ᠣᠷᠣᠭᠤᠯᠪᠠ᠃ | ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠪᠠ᠃ ︽ᠭᠤᠷᠪᠠᠨ ᠣᠷᠣᠨ | ᠵᠠᠢ ᠭᠤᠷᠪᠠᠨ ᠱᠤᠭᠤᠮ︾ ᠢ ᠠᠩᠬ᠎ᠠ ᠠᠯᠬᠤᠮ ᠵᠠᠭᠠᠭᠯᠠᠨ ᠲᠣᠭᠲᠠᠭᠠᠪᠠ᠃ 845 ᠮᠦ ᠨᠡᠮᠡᠭᠳᠡᠯ ᠬᠠᠰᠤᠭᠳᠠᠯ ᠢ | ᠬᠤᠯᠪᠤᠯᠳᠤᠭᠤᠯᠬᠤ ᠲᠥᠷᠥᠯ ᠵᠦᠢᠯ ᠢ ᠬᠡᠷᠡᠭᠵᠢᠭᠦᠯᠪᠡ᠃ 10 ᠲᠦᠮᠡᠨ ᠮᠦ ᠮᠣᠳᠣ ᠳᠠᠷᠢᠵᠤ ᠣᠶᠢᠵᠢᠭᠤᠯᠬᠤ ᠡᠪᠡᠰᠦ | ᠳᠠᠷᠢᠬᠤ ᠠᠮᠢ ᠠᠬᠤᠢ ᠶᠢᠨ ᠢᠨᠵᠧᠨᠧᠷᠢᠩ ᠢ ᠬᠡᠷᠡᠭᠵᠢᠭᠦᠯᠪᠡ᠃ ᠬᠠᠶᠢᠷ ᠴᠢᠯᠠᠭᠤ ᠭᠠᠷᠭᠠᠬᠤ ᠦᠢᠯᠡᠳᠪᠦᠷᠢ ᠶᠢᠨ ᠠᠮᠢ | ᠠᠬᠤᠢ ᠶᠢ ᠵᠠᠰᠠᠨ ᠰᠡᠷᠭᠦᠭᠡᠬᠦ 18 ᠲᠥᠷᠥᠯ ᠵᠦᠢᠯ ᠢ ᠪᠡᠶᠡᠯᠡᠭᠦᠯᠪᠡ᠃ ᠤᠰᠤᠨ ᠰᠢᠰᠲ᠋ᠧᠮ ᠢ ᠬᠤᠯᠪᠣᠨ ᠨᠡᠪᠲᠡᠷᠡᠭᠦᠯᠬᠦ | ᠵᠢᠴᠢ ᠤᠰᠤᠨ ᠠᠰᠢᠭᠯᠠᠯᠲᠠ ᠶᠢᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠲᠥᠷᠥᠯ ᠵᠦᠢᠯ ᠢ ᠪᠥᠬᠦ | ᠲᠠᠯ᠎ᠠ ᠪᠠᠷ ᠪᠠᠷᠢᠯᠭ᠎ᠠ ᠡᠬᠢᠯᠡᠭᠦᠯᠦᠨ ᠪᠠᠶᠢᠭᠤᠯᠵᠤ᠂ ᠬᠠᠩᠭᠠᠯ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ᠂ | ᠬᠤᠥᠯᠢᠨ ᠭᠤᠣᠯ ᠤᠨ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠤ ᠢᠵᠢ ᠪᠦᠷᠢᠳᠦᠭᠦᠯᠬᠦ ᠪᠠ ᠤᠰᠤ | ᠠᠷᠪᠢᠯᠠᠬᠤ ᠥᠭᠡᠷᠡᠴᠢᠯᠡᠯᠲᠡ᠂ ᠵᠠᠶᠢᠰᠧᠩᠲᠦ ᠭᠤᠣᠯ ᠢ ᠵᠠᠰᠠᠬᠤ ᠵᠡᠷᠭᠡ ᠲᠥᠷᠥᠯ ᠵᠦᠢᠯ ᠤᠨ ᠭᠤᠣᠯ ᠴᠣᠭᠴᠠ ᠶᠢᠨ | ᠪᠠᠷᠢᠯᠭ᠎ᠠ ᠳᠠᠭᠤᠰᠪᠠ᠃ | ᠠᠷᠠᠳ ᠤᠨ ᠠᠮᠢᠳᠤᠷᠠᠯ ᠤᠨ ᠠᠵᠠ ᠵᠢᠷᠭᠠᠯ ᠦᠷᠭᠦᠯᠵᠢᠯᠡᠨ ᠰᠠᠶᠢᠵᠢᠷᠠᠪᠠ᠃ ᠠᠷᠠᠳ ᠤᠨ ᠠᠮᠢᠳᠤᠷᠠᠯ ᠤᠨ ᠵᠠᠷᠤᠯᠭ᠎ᠠ | 37 ᠳ᠋ᠦᠩᠰᠢᠭᠤᠷ ᠲᠥᠭᠦᠷᠢᠭ ᠢ ᠳᠠᠪᠠᠵᠤ᠂ ᠤᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢᠨ 82% ᠠᠴᠠ | ᠳᠡᠭᠡᠭᠰᠢᠬᠢ ᠶᠢ ᠡᠵᠡᠯᠡᠪᠡ᠃ ᠬᠤᠳᠠ ᠪᠠᠯᠭᠠᠰᠤᠨ ᠳᠤ 1200 ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠶᠡᠭᠡ | ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠲᠤ 770 ᠬᠥᠮᠥᠨ ᠳᠤ ᠠᠵᠢᠯ ᠣᠯᠭᠤᠪᠠ᠃ ᠰᠤᠷᠬᠤ ᠨᠠᠰᠤᠨ | ᠠᠴᠠ ᠡᠮᠦᠨᠡᠬᠢ ᠰᠤᠷᠭᠠᠨ ᠬᠥᠮᠦᠵᠢᠯ ᠵᠢᠴᠢ ᠣᠨᠴᠠᠭᠠᠶ ᠠᠵᠢᠯ ᠤᠨ ᠪᠠᠶᠢᠷᠢ ᠶᠢᠨ ᠪᠠᠭᠰᠢ ᠶᠢ 214 ᠬᠥᠮᠥᠨ ᠡᠯᠰᠡᠪᠡ | ᠃ ᠵᠠᠰᠠᠭ ᠵᠠᠬᠢᠷᠭᠠᠨ ᠠᠵᠢᠯ ᠦᠢᠯᠡᠰ ᠤᠨ ᠣᠷᠣᠨ ᠲᠤᠭ᠎ᠠ ᠶᠢᠨ 727 ᠬᠥᠮᠥᠨ ᠡᠯᠰᠡᠪᠡ᠃ 4023 ᠲᠦᠮᠡᠨ | ᠲᠥᠭᠦᠷᠢᠭ ᠤᠨ ᠪᠡᠯᠡ ᠣᠷᠣᠭᠤᠯᠵᠤ 5 ᠰᠤᠷᠭᠠᠭᠤᠯᠢ ᠶᠢᠨ ᠰᠠᠭᠤᠷᠢ ᠲᠥᠬᠦᠭᠡᠷᠦᠮᠵᠢ ᠶᠢᠨ ᠢᠨᠵᠧᠨᠧᠷᠢᠩ ᠢ | ᠬᠡᠷᠡᠭᠵᠢᠭᠦᠯᠪᠡ᠃ ᠬᠤᠰᠢᠭᠤᠨ ᠤ ᠤᠯᠠᠭᠠᠨᠮᠥ᠋ᠴᠢᠷ ᠪᠥᠬᠦ ᠣᠷᠣᠨ ᠤ ᠤᠯᠠᠭᠠᠨᠮᠥ᠋ᠴᠢᠷ ᠤᠨ ᠤᠷᠠᠯᠢᠭ ᠤᠨ ᠨᠠᠶᠢᠷ ᠤᠨ | ᠪᠦᠯᠬᠦᠮ ᠤᠨ ᠠᠯᠲᠠᠨ ᠱᠠᠩᠨᠠᠯ ᠪᠠ 7 ᠭᠠᠭᠴᠠ ᠲᠥᠷᠥᠯ ᠤᠨ ᠱᠠᠩᠨᠠᠯ ᠢ ᠭᠥᠷᠳᠡᠪᠡ᠃ ᠭᠤᠷᠪᠠᠳᠤᠭᠠᠷ ᠳᠡᠰ ᠤᠨ ᠡᠮ | ᠡᠮᠨᠡᠯᠭᠡ ᠡᠷᠡᠭᠦᠯ ᠬᠠᠮᠠᠭᠠᠯᠠᠯ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠣᠣᠷ | ᠰᠦᠯᠵᠢᠶ᠎ᠡ ᠶᠢ ᠲᠦᠷᠭᠡᠳᠬᠡᠨ ᠪᠠᠶᠢᠭᠤᠯᠵᠤ᠂ ᠬᠤᠰᠢᠭᠤᠨ ᠳᠣᠲᠣᠷ᠎ᠠ ᠡᠪᠡᠳᠴᠢᠨ ᠦᠵᠡᠭᠦᠯᠬᠦ ᠨᠣᠷᠮ᠎ᠠ ᠶᠢ 90% | ᠠᠴᠠ ᠳᠡᠭᠡᠭᠰᠢ ᠳᠤ ᠬᠦᠷᠭᠡᠪᠡ᠃ ᠡᠯ᠎ᠡ ᠲᠦᠷᠦᠯ ᠤᠨ ᠠᠷᠠᠳ ᠤᠨ | ᠶᠠᠪᠤᠳᠠᠯ ᠤᠨ ᠨᠦᠬᠦᠪᠦᠷᠢ ᠮᠦᠩᠬᠦ ᠶᠢ 1 ᠳ᠋ᠦᠩᠰᠢᠭᠤᠷ ᠲᠥᠭᠦᠷᠢᠭ | ᠠᠴᠠ ᠳᠡᠭᠡᠭᠰᠢ ᠲᠠᠷᠬᠠᠭᠠᠵᠤ ᠂ ᠨᠠᠰᠤᠵᠢᠯ ᠤᠨ ᠠᠰᠠᠷᠠᠮᠵᠢ ᠶᠢᠨ | ᠦᠨᠳᠦᠰᠦᠨ ᠳᠠᠭᠠᠳᠬᠠᠯ ᠳᠤ ᠣᠷᠣᠯᠴᠠᠭᠰᠠᠨ ᠬᠥᠮᠥᠨ ᠤ ᠲᠤᠭ᠎ᠠ 16.7 ᠲᠦᠮᠡ ᠳᠤ ᠬᠦᠷᠴᠡᠢ᠃ | ᠵᠠᠰᠠᠭ ᠵᠠᠬᠢᠷᠭᠠᠨ ᠤ ᠦᠢᠯᠡᠳᠦᠯ ᠴᠢᠳᠠᠪᠤᠷᠢ ᠶᠡᠭᠡ ᠬᠡᠮᠵᠢᠶ᠎ᠡ ᠪᠠᠷ ᠳᠡᠭᠡᠭᠰᠢᠯᠡᠪᠡ᠃ ᠬᠠᠮᠤᠭ ᠤᠨ ᠲᠦᠷᠦᠭᠦᠨ ᠳᠤ | ᠪᠥᠬᠦ ᠠᠶᠢᠮᠠᠭ ᠲᠤ ︽ᠭᠡᠷ ᠪᠠᠶᠢᠰᠢᠩ ᠲᠤᠰᠢᠶᠠᠪᠠᠯ ᠳᠠᠷᠤᠢ ᠦᠨᠡᠮᠯᠡᠯ ᠲᠤᠰᠢᠶᠠᠬᠤ︾ ︽ᠭᠠᠵᠠᠷ ᠲᠤᠰᠢᠶᠠᠪᠠᠯ ᠳᠠᠷᠤᠢ | ᠦᠨᠡᠮᠯᠡᠯ ᠲᠤᠰᠢᠶᠠᠬᠤ︾ ᠵᠡᠷᠭᠡ ᠦᠢᠯᠡᠴᠢᠯᠡᠭᠡᠨ ᠤ ᠵᠦᠢᠯᠡᠰ ᠢ ᠪᠡᠶᠡᠯᠡᠭᠦᠯᠵᠦ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠢ ᠰᠦᠯᠵᠢᠶᠡᠨ ᠳᠡᠭᠡᠷ᠎ᠡ ᠭᠦᠢᠴᠡᠳᠬᠡᠭᠰᠡᠨ ᠨᠣᠷᠮ᠎ᠠ ᠶᠢ 100% ᠳᠤ ᠬᠦᠷᠭᠡᠪᠡ᠃ ᠡᠯ᠎ᠡ | ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ 2.3 ᠲᠦᠮᠡᠨ ᠡᠷᠦᠬᠡ ᠳᠤ ᠬᠥᠷᠪᠡ᠃ ᠬᠤᠳᠠᠯᠳᠤᠭᠠᠴᠢᠨ | ᠤᠷᠢᠵᠤ ᠪᠡᠯᠡ ᠣᠷᠣᠭᠤᠯᠬᠤ ᠶᠢ ᠪᠣᠳᠠᠲᠠᠶᠢᠵᠢᠭᠤᠯᠤᠭᠰᠠᠨ ᠪᠡᠯᠡ ᠮᠥᠩᠭᠦ 26 ᠳ᠋ᠦᠩᠰᠢᠭᠤᠷ ᠲᠥᠭᠦᠷᠢᠭ ᠲᠤ | ᠬᠦᠷᠴᠦ᠂ ᠣᠨ ᠤ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ | ᠵᠠᠰᠠᠬᠤ ᠪᠠᠶᠢᠭᠤᠯᠤᠯᠲᠠ ᠪᠠ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠤᠨ ︽ᠵᠢᠱᠢᠶ᠎ᠡ | ᠦᠵᠡᠭᠦᠯᠬᠦ ᠬᠤᠳᠠ︾ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠵᠦ᠂ ᠨᠡᠶᠢᠭᠡᠮ ᠤᠨ ᠶᠡᠭᠡ ᠲᠠᠯ᠎ᠠ ᠶᠢ | ᠦᠷᠭᠦᠯᠵᠢᠯᠡᠨ ᠲᠣᠭᠲᠠᠭᠤᠨ ᠪᠠᠶᠢᠯᠭᠠᠪᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠬᠤᠶᠠᠷ ᠢ | ᠬᠦᠷᠢᠶᠡᠯᠡᠬᠦ ᠬᠠᠷᠠᠭᠠᠯᠵᠠᠯ᠂ ᠠᠷᠠᠳ ᠤᠨ ᠠᠭᠠᠷ ᠤᠨ ᠰᠡᠷᠭᠡᠶᠢᠯᠡᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ | ᠨᠡᠶᠢᠭᠡᠮᠯᠢᠭ᠂ ᠴᠠᠭ ᠠᠭᠤᠷ᠂ ᠲᠠᠩᠰᠠ ᠡᠪᠬᠡᠮᠡᠯ᠂ ᠲᠡᠦᠬᠡ ᠣᠶᠢᠯᠠᠯᠭ᠎ᠠ᠂ ᠪᠠᠴᠢᠮ ᠪᠠᠶᠢᠳᠠᠯ ᠢ ᠠᠷᠭᠠᠴᠠᠵᠤ᠂ ᠭᠠᠯ | ᠤᠨᠲᠠᠷᠠᠭᠠᠬᠤ ᠵᠡᠷᠭᠡ ᠠᠵᠢᠯ ᠰᠢᠨ᠎ᠡ ᠳᠡᠭᠡᠭᠰᠢᠯᠡᠯᠲᠡ ᠲᠠᠢ ᠪᠣᠯᠵᠤ᠂ ᠠᠵᠢᠯᠴᠢᠨ ᠤ ᠡᠪᠯᠡᠯ᠂ ᠡᠪ ᠬᠠᠮᠲᠤ | ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ | ᠨᠠᠰᠤᠲᠠᠶᠢᠴᠤᠳ᠂ ᠵᠡᠮᠳᠡᠭᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠨᠢᠭᠦᠯᠡᠰᠦᠩᠭᠦᠢ ᠶᠢᠨ | ᠦᠢᠯᠡᠰ ᠵᠡᠷᠭᠡ ᠠᠵᠢᠯ ᠰᠢᠨ᠎ᠡ ᠳᠠᠪᠰᠢᠯᠲᠠ ᠲᠠᠢ ᠪᠣᠯᠪᠠ᠃ | ᠬᠤᠶᠠᠷ᠂ ᠲᠤᠷᠰᠢᠯᠭ᠎ᠠ ᠪᠠ ᠬᠦᠷᠦᠯᠴᠡᠬᠦ ᠦᠭᠡᠢ ᠲᠠᠯ᠎ᠠ | |