ᠬᠤᠷᠴᠢᠨ ᠪᠠᠷᠠᠭᠤᠨ ᠭᠠᠷᠤᠨ ᠳᠤᠮᠳᠠᠳᠤ ᠵᠠᠰᠠᠭ ᠠᠯᠪᠠᠨ ᠲᠠᠷᠬᠠᠭᠠᠭᠰᠠᠨ 〔2022〕 73 ᠳ᠋ᠤᠭᠠᠷ ᠲᠣᠭᠠᠲᠤ | | | ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ | ᠲᠥᠪ᠂ ᠠᠵᠢᠯ ᠤᠨ ᠬᠡᠯᠲᠡᠰ᠂ ᠲᠠᠷᠢᠶᠠᠯᠠᠩ ᠮᠠᠯᠵᠢᠯ ᠤᠨ ᠲᠠᠯᠠᠪᠠᠶ᠂ ᠬᠤᠰᠢᠭᠤᠨ ᠤ ᠰᠢᠭᠤᠳ ᠬᠠᠷᠢᠶ᠎ᠠ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄ | ︽ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ ᠤᠨ 2023 ᠣᠨ ᠤ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠵᠢᠯ ᠢ | ᠰᠠᠶᠢᠲᠤᠷ ᠬᠢᠬᠦ ᠲᠤᠬᠠᠢ ᠮᠡᠳᠡᠭᠳᠡᠯ︾ ︵ ᠬᠢᠩᠭᠠᠨᠨ ᠵᠠᠬᠢᠷᠭ᠎ᠠ ᠠᠯᠪᠠᠨ ᠪᠢᠴᠢᠭ ﹇2022﹈ 46 ᠳ᠋ᠤᠭᠠᠷ ᠲᠣᠭᠠᠲᠤ | ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠬᠤᠰᠢᠭᠤᠨ ᠠᠷᠠᠳ ᠤᠨ ᠵᠠᠰᠠᠭ ᠤᠨ | ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ 2023 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠬᠤᠯᠪᠣᠭᠳᠠᠯ ᠪᠦᠬᠦᠢ | ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠄ | ᠨᠢᠭᠡ᠂ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠬᠡᠪᠴᠢᠶ᠎ᠡ | ︵ᠨᠢᠭᠡ︶ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠷᠦᠬᠡ ᠠᠮᠠ ᠶᠢᠨ ᠲᠠᠩᠰᠠ ᠲᠠᠢ ᠮᠥᠷᠲᠡᠭᠡᠨ | ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠦᠭᠡᠢ ᠠᠵᠢᠯ ᠣᠯᠣᠭᠰᠠᠨ ᠦᠭᠡᠢ | ᠰᠠᠭᠤᠭᠠᠯᠢ ᠠᠷᠠᠳ᠃ | ︵ᠬᠤᠶᠠᠷ︶ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠷᠢᠶᠠᠲᠤ ᠣᠷᠣᠨ ᠤ ᠣᠷᠣᠰᠢᠨ ᠰᠠᠭᠤᠬᠤ | ᠦᠨᠡᠮᠯᠡᠯ ︵ᠰᠢᠶᠠᠩᠭᠠᠩ ᠣᠣᠮᠧᠨ ᠲᠠᠶᠢᠸᠠᠨ ᠤ ᠡᠷᠦᠬᠡ ᠠᠮᠠ ᠶᠢᠨ ᠲᠠᠩᠰᠠ ᠶᠢ ᠪᠠᠭᠲᠠᠭᠠᠨ᠎ᠠ︶ ᠲᠠᠢ ᠲᠣᠰ | ᠬᠤᠰᠢᠭᠤᠨ ᠤ ᠡᠷᠦᠬᠡ ᠠᠮᠠ ᠶᠢᠨ ᠲᠠᠩᠰᠠ ᠶᠢᠨ ᠪᠤᠰᠤ ᠮᠥᠷᠲᠡᠭᠡᠨ ᠠᠵᠢᠯᠲᠠᠨ ᠠᠵᠢᠯᠴᠢᠨ ᠤ ᠡᠮ ᠡᠮᠨᠡᠯᠭᠡ ᠶᠢᠨ | ᠳᠠᠭᠠᠳᠬᠠᠯ ᠳᠤ ᠣᠷᠣᠯᠴᠠᠭᠰᠠᠨ ᠦᠭᠡᠢ ᠬᠥᠮᠥᠰ᠃ | ᠬᠤᠶᠠᠷ᠂ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠪᠠᠷᠢᠮᠵᠢᠶ᠎ᠠ | 2023 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠤᠨ ᠬᠤᠪᠢ ᠬᠥᠮᠥᠨ ᠤ ᠰᠦᠢᠳᠬᠡᠯ ᠲᠤᠰᠢᠶᠠᠬᠤ ᠪᠠᠷᠢᠮᠵᠢᠶ᠎ᠠ ᠨᠢ 380 ᠲᠥᠭᠦᠷᠢᠭ\ ᠬᠥᠮᠥᠨ ᠪᠣᠯᠣᠨ᠎ᠠ᠃ | ᠳᠠᠭᠠᠳᠬᠠᠯ ᠳᠤ ᠣᠷᠣᠯᠴᠠᠭᠴᠢ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠢ | ᠲᠤᠰᠢᠶᠠᠭᠰᠠᠨ ᠤ ᠳᠠᠷᠠᠭ᠎ᠠ᠂ ᠣᠯᠭᠤᠮᠵᠢ ᠭᠥᠷᠳᠡᠬᠦ ᠬᠤᠭᠤᠴᠠᠭ᠎ᠠ ᠡᠬᠢᠯᠡᠬᠦ ᠠᠴᠠ ᠡᠮᠦᠨ᠎ᠡ ᠳᠠᠪᠬᠤᠷ ᠰᠦᠢᠳᠬᠡᠯ | ᠲᠤᠰᠢᠶᠠᠭᠰᠠᠨ ᠠᠴᠠ ᠪᠣᠯᠵᠤ᠂ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠪᠤᠶᠤ ᠪᠤᠰᠤᠳ | ᠨᠢᠭᠡᠳᠦᠯᠲᠡᠢ ᠲᠥᠯᠥᠪᠯᠡᠬᠦ ᠲᠣᠭᠤᠷᠢᠭ ᠤᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠪᠠᠯ᠂ | ᠰᠦᠢᠳᠬᠡᠯ ᠢᠶᠠᠨ ᠪᠤᠴᠠᠭᠠᠬᠤ ᠪᠠᠷ ᠭᠤᠶᠤᠴᠢᠯᠠᠵᠤ ᠪᠣᠯᠣᠨ᠎ᠠ᠃ ᠣᠯᠭᠤᠮᠵᠢ ᠭᠥᠷᠳᠡᠬᠦ ᠬᠤᠭᠤᠴᠠᠭᠠᠨ ᠳᠤ ᠣᠷᠣᠭᠰᠠᠨ | ᠪᠥᠭᠡᠳ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠤᠯᠴᠠᠬᠤ ᠬᠠᠷᠢᠴᠠᠭ᠎ᠠ ᠶᠢ ᠳᠣᠷᠭᠤᠨ | ᠵᠣᠭᠰᠣᠭᠠᠭᠰᠠᠨ ᠤ ᠳᠠᠷᠠᠭ᠎ᠠ᠂ ᠳᠠᠭᠢᠵᠤ ᠵᠠᠷᠤᠳᠠᠯ ᠢ ᠪᠤᠴᠠᠭᠠᠬᠤ ᠭᠠᠷ ᠭᠦᠢᠴᠡᠳᠬᠡᠯ ᠬᠢᠬᠦ ᠦᠭᠡᠢ᠃ | ᠭᠤᠷᠪᠠ᠂ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠵᠢᠴᠢ ᠣᠯᠭᠤᠮᠵᠢ ᠭᠥᠷᠳᠡᠬᠦ ᠴᠠᠭ | 2023 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ | ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠴᠠᠭ ᠨᠢ 2022 ᠣᠨ ᠤ 9 ᠰᠠᠷ᠎ᠠ ᠶᠢᠨ 1 ᠤ ᠡᠳᠦᠷ ᠠᠴᠠ | 2023 ᠣᠨ ᠤ 3 ᠰᠠᠷ᠎ᠠ ᠶᠢᠨ 24 ᠤ ᠡᠳᠦᠷ ᠪᠣᠯᠲᠠᠯ᠎ᠠ᠂ ᠬᠤᠭᠤᠴᠠᠭ᠎ᠠ ᠥᠩᠭᠡᠷᠡᠪᠡᠯ ᠭᠥᠯᠢᠶᠡᠨ ᠠᠪᠴᠤ | ᠰᠢᠢᠳᠪᠦᠷᠢᠯᠡᠬᠦ ᠦᠭᠡᠢ᠃ ᠲᠣᠭᠲᠠᠭᠰᠠᠨ ᠴᠠᠭ ᠤᠨ ᠳᠣᠲᠣᠷ᠎ᠠ ᠳᠠᠭᠠᠳᠬᠠᠯ ᠳᠤ ᠣᠷᠤᠯᠴᠠᠬᠤ ᠪᠠᠷ ᠳᠠᠩᠰᠠᠯᠠᠭᠤᠯᠬᠤ | ᠵᠢᠴᠢ ᠰᠦᠢᠳᠬᠡᠯ ᠲᠤᠰᠢᠶᠠᠵᠤ ᠲᠠᠩᠰᠠᠨ ᠳᠤ ᠣᠷᠣᠭᠤᠯᠤᠭᠰᠠᠨ ᠳᠠᠭᠠᠳᠬᠠᠯ ᠳᠤ ᠣᠷᠣᠯᠴᠠᠭᠴᠢ 2023 ᠣᠨ ᠤ 1 | ᠰᠠᠷ᠎ᠠ ᠶᠢᠨ 1 ᠤ ᠡᠳᠦᠷ ᠠᠴᠠ ᠡᠬᠢᠯᠡᠨ 2023 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ | ᠡᠮᠨᠡᠯᠭᠡ ᠶᠢᠨ ᠳᠠᠭᠠᠳᠬᠠᠯ ᠤᠨ ᠬᠠᠷᠠᠭᠠᠯᠵᠠᠯ ᠢ ᠭᠥᠷᠳᠡᠨ᠎ᠡ᠃ | ᠳᠥᠷᠪᠡ᠂ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠷᠭ᠎ᠠ | ︵ᠨᠢᠭᠡ︶ ᠠᠩᠬ᠎ᠠ ᠤᠳᠠᠭ᠎ᠠ ᠳᠠᠭᠠᠳᠬᠠᠯ ᠳᠤ ᠣᠷᠣᠭᠰᠠᠳ ᠳᠠᠭᠠᠳᠬᠠᠯ ᠳᠤ ᠣᠷᠤᠯᠴᠠᠬᠤ ᠳᠠᠩᠰᠠᠯᠠᠯᠲᠠ ᠶᠢ | ᠭᠦᠢᠴᠡᠳᠬᠡᠭᠰᠡᠨ ᠤ ᠳᠠᠷᠠᠭ᠎ᠠ᠂ ᠵᠠᠯᠭᠠᠭ᠎ᠠ ᠪᠠᠷ ᠳᠠᠭᠠᠳᠬᠠᠯ ᠳᠤ ᠣᠷᠣᠯᠴᠠᠭᠰᠠᠳ ᠲᠠᠢ ᠠᠳᠠᠯᠢ ᠪᠠᠷ᠂ ᠳᠣᠣᠷᠠᠬᠢ | ᠰᠦᠢᠳᠬᠡᠯ ᠲᠤᠰᠢᠶᠠᠬᠤ ᠠᠷᠭ᠎ᠠ ᠮᠠᠶ᠋ᠢᠭ ᠤᠨ ᠨᠢᠭᠡ ᠶᠢ ᠰᠣᠩᠭᠤᠵᠤ ᠰᠦᠢᠳᠬᠡᠯ ᠲᠤᠰᠢᠶᠠᠨ᠎ᠠ᠄ | 1. ᠥᠪᠡᠰᠦᠪᠡᠨ ᠰᠦᠢᠳᠬᠡᠯ ᠲᠤᠰᠢᠶᠠᠬᠤ᠃ ᠳᠠᠭᠠᠳᠬᠠᠯ ᠳᠤ ᠣᠷᠣᠯᠴᠠᠭᠴᠢ ᠥᠪᠥᠷ ᠮᠣᠩᠭᠤᠯ ᠤᠨ | ᠭᠠᠶᠢᠯᠢ ᠶᠢᠨ ᠶᠠᠪᠤᠳᠠᠯ ᠤᠨ APP᠂ ᠥᠪᠥᠷ ᠮᠣᠩᠭᠤᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ | ᠵᠢᠵᠢᠭ ᠫᠷᠣᠭ᠍ᠷᠠᠮ᠂ ᠸᠢᠴᠠᠲ᠂ ᠲᠣᠭᠠᠴᠠᠭ᠎ᠠ ᠬᠢᠬᠦ ᠡᠷᠳᠡᠨᠢ᠂ ᠥᠪᠥᠷ ᠮᠣᠩᠭᠤᠯ ᠤᠨ ᠲᠦᠷᠭᠡᠨ ᠬᠤᠷᠳᠤᠴᠠ ᠶᠢᠨ | ᠠᠯᠪᠠᠨ ᠭᠡᠷ ᠵᠡᠷᠭᠡ ᠠᠷᠭ᠎ᠠ ᠵᠠᠮ ᠢᠶᠠᠷ ᠥᠪᠡᠰᠦᠪᠡᠨ ᠲᠤᠰᠢᠶᠠᠵᠤ ᠪᠣᠯᠣᠨ᠎ᠠ᠃ | 2. ᠡᠮᠦᠨ᠎ᠡ ᠲᠠᠪᠴᠠᠩ ᠳᠤ ᠰᠦᠢᠳᠬᠡᠯ ᠲᠤᠰᠢᠶᠠᠨ᠎ᠠ᠃ ᠳᠠᠭᠠᠳᠬᠠᠯ ᠳᠤ ᠣᠷᠣᠯᠴᠠᠭᠴᠢ ᠡᠷᠦᠬᠡ ᠠᠮᠠ ᠶᠢᠨ | ᠳᠡᠪᠲᠡᠷ ᠪᠤᠶᠤ ᠪᠡᠶ᠎ᠡ ᠶᠢᠨ ᠦᠨᠡᠮᠯᠡᠯ ᠢᠶᠠᠨ ᠠᠪᠴᠤ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢᠨ ᠵᠢᠭᠠᠨ | ᠲᠣᠭᠲᠠᠭᠠᠭᠰᠠᠨ ᠭᠠᠶᠢᠯᠢ ᠭᠦᠢᠴᠡᠳᠬᠡᠬᠦ ᠦᠢᠯᠡᠴᠢᠯᠡᠭᠡᠨ ᠤ ᠲᠢᠩᠬᠢᠮ ᠤᠨ ᠡᠮᠦᠨ᠎ᠡ ᠲᠠᠪᠴᠠᠩ ᠳᠤ ᠬᠦᠷᠴᠦ ᠰᠦᠢᠳᠬᠡᠯ | ᠲᠤᠰᠢᠶᠠᠵᠤ ᠪᠣᠯᠣᠨ᠎ᠠ᠃ | 3. ᠣᠷᠣᠯᠠᠨ ᠬᠤᠷᠢᠶᠠᠵᠤ ᠣᠷᠣᠯᠠᠨ ᠲᠤᠰᠢᠶᠠᠬᠤ᠃ ᠭᠠᠴᠠᠭ᠎ᠠ᠂ ᠨᠡᠶᠢᠭᠡᠮ ᠲᠣᠭᠤᠷᠢᠭ ᠠᠴᠠ ᠲᠤᠰᠬᠠᠢ | ᠬᠥᠮᠥᠨ ᠢᠶᠠᠷ ᠭᠠᠵᠠᠷ ᠣᠷᠣᠨ ᠤ ᠪᠤᠶᠢᠳᠠ ᠪᠥᠭᠯᠡᠭᠦᠦ᠂ ᠬᠥᠳᠡᠯᠵᠦ ᠪᠠᠷᠢᠬᠤ ᠳᠤ ᠳᠥᠭᠦᠮ ᠦᠭᠡᠢ ᠪᠤᠶᠤ ᠥᠪᠡᠰᠦᠪᠡᠨ | ᠰᠦᠢᠳᠬᠡᠯ ᠲᠤᠰᠢᠶᠠᠬᠤ ᠳᠤ ᠲᠣᠬᠢᠷᠠᠬᠤ ᠦᠭᠡᠢ ᠬᠥᠮᠥᠰ ᠢ ᠵᠢᠭᠠᠨ ᠲᠣᠭᠲᠠᠭᠠᠵᠤ᠂ ᠭᠡᠷ ᠲᠤᠨᠢ ᠬᠦᠷᠴᠦ ᠣᠷᠣᠯᠠᠨ | ᠬᠤᠷᠢᠶᠠᠵᠤ ᠣᠷᠣᠯᠠᠨ ᠲᠤᠰᠢᠶᠠᠬᠤ ᠶᠢ ᠬᠡᠷᠡᠭᠵᠢᠭᠦᠯᠦᠨ᠎ᠡ᠃ | ︵ᠬᠤᠶᠠᠷ︶ ᠳᠣᠣᠷ᠎ᠠ ᠣᠷᠣᠯᠭ᠎ᠠ ᠲᠠᠢ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠷᠭ᠎ᠠ ᠮᠠᠶ᠋ᠢᠭ᠃ | ᠣᠨᠴᠠ ᠬᠦᠴᠢᠷᠳᠡᠯᠲᠡᠢ ᠬᠥᠮᠥᠰ᠂ ᠥᠨᠥᠴᠢᠨ ᠬᠡᠦᠬᠡᠳ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ | ᠬᠡᠦᠬᠡᠳ ᠤᠨ ᠬᠤᠪᠢ ᠬᠥᠮᠥᠨ ᠤ ᠲᠤᠰᠢᠶᠠᠬᠤ ᠰᠦᠢᠳᠬᠡᠯ ᠤᠨ ᠬᠡᠰᠡᠭ ᠢ ᠡᠮᠴᠢᠯᠡᠭᠡᠨ ᠤ ᠠᠪᠤᠷᠠᠨ ᠲᠤᠰᠠᠯᠠᠬᠤ ᠪᠡᠯᠡ | ᠮᠥᠩᠭᠦ ᠪᠠᠷ ᠪᠥᠬᠦ ᠲᠤᠭ᠎ᠠ ᠪᠠᠷ ᠲᠤᠰᠠᠯᠠᠨ᠎ᠠ︔ ᠳᠠᠬᠢᠨ ᠶᠠᠳᠠᠭᠤᠷᠠᠭᠰᠠᠨ ᠠᠴᠠ ᠪᠣᠯᠵᠤ ᠶᠠᠳᠠᠭᠤᠷᠠᠭᠰᠠᠨ ᠬᠥᠮᠥᠨ | ᠠᠮᠠ ᠶᠢᠨ ᠬᠤᠪᠢ ᠬᠥᠮᠥᠨ ᠤ ᠲᠤᠰᠢᠶᠠᠬᠤ ᠵᠠᠷᠤᠳᠠᠯ ᠤᠨ ᠬᠡᠰᠡᠭ ᠢ ᠡᠮᠴᠢᠯᠡᠭᠡᠨ ᠤ ᠠᠪᠤᠷᠠᠨ ᠲᠤᠰᠠᠯᠠᠬᠤ ᠪᠡᠯᠡ | ᠮᠥᠩᠭᠦ ᠶᠢᠨ 80% ᠠᠴᠠ ᠵᠣᠭᠤᠰ ᠮᠥᠩᠭᠦ ᠪᠠᠷ ᠲᠤᠰᠠᠯᠠᠨ᠎ᠠ︔ ᠠᠮᠢᠳᠤᠷᠠᠯ ᠤᠨ ᠨᠠᠭᠠᠲᠤ ᠵᠠᠬ᠎ᠠ ᠶᠢᠨ | ᠪᠠᠲᠤᠯᠠᠭ᠎ᠠ ᠶᠢᠨ ᠡᠲᠡᠭᠡᠳ᠂ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠢ ᠬᠥᠮᠥᠨ ᠠᠮᠠ ᠶᠢ ᠬᠢᠨᠠᠨ | ᠬᠡᠮᠵᠢᠬᠦ ᠬᠡᠪᠴᠢᠶᠡᠨ ᠳᠤ ᠣᠷᠣᠭᠤᠯᠤᠭᠰᠠᠨ ᠬᠥᠮᠥᠰ ᠤᠨ ᠬᠤᠪᠢ ᠬᠥᠮᠥᠨ ᠤ ᠰᠦᠢᠳᠬᠡᠯ ᠲᠤᠰᠢᠶᠠᠬᠤ ᠬᠡᠰᠡᠭ ᠢ | ᠡᠮᠴᠢᠯᠡᠭᠡᠨ ᠤ ᠠᠪᠤᠷᠠᠨ ᠲᠤᠰᠠᠯᠠᠬᠤ ᠪᠡᠯᠡ ᠮᠥᠩᠭᠦ ᠶᠢᠨ 70% ᠪᠠᠷ ᠲᠤᠰᠠᠯᠠᠨ᠎ᠠ ︵ᠬᠢᠩᠭᠠᠨ ᠠᠶᠢᠮᠠᠭ ᠤᠨ | ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠲᠥᠪ ᠤᠨ ︽2023 ᠣᠨ ᠤ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ | ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ ᠮᠡᠳᠡᠭᠳᠡᠯ︾ ︵ᠬᠢᠩᠭᠠᠨ ᠡᠮ ᠡᠮᠨᠡᠯᠭᠡ ᠶᠢᠨ ᠳᠠᠭᠠᠳᠬᠠᠯ | ᠲᠠᠷᠬᠠᠭᠠᠭᠰᠠᠨ︶ ᠤᠨ 49 ᠳ᠋ᠤᠭᠡᠷ ᠲᠣᠭᠠᠲᠤ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠳᠠᠭᠠᠳᠬᠠᠯ ᠳᠤ | ᠣᠷᠣᠯᠴᠠᠭᠰᠠᠳ ᠢ ᠲᠥᠷᠥᠯ ᠬᠤᠪᠢᠶᠠᠨ ᠲᠤᠰᠠᠯᠠᠬᠤ ᠳᠤ ᠬᠥᠮᠥᠨ ᠪᠦᠷᠢ ᠳᠤ 380 ᠲᠥᠭᠦᠷᠢᠭ ᠤᠷᠢᠳᠴᠢᠯᠠᠨ | ᠲᠤᠰᠢᠶᠠᠬᠤ ᠶᠢ ᠬᠡᠷᠡᠭᠵᠢᠭᠦᠯᠵᠦ᠂ ᠨᠥᠬᠦᠪᠦᠷᠢ ᠥᠭᠬᠦ ᠤᠴᠢᠷ ᠶᠠᠪᠤᠳᠠᠯ ᠢ ᠠᠰ ᠲᠤᠨᠢ ᠮᠡᠳᠡᠭᠳᠡᠨ᠎ᠡ︶︔ ᠮᠠᠯᠵᠢᠬᠤ | ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠢ ᠬᠥᠮᠥᠨ ᠠᠮᠠ ᠶᠢ ᠬᠢᠨᠠᠨ ᠬᠡᠮᠵᠢᠬᠦ ᠬᠡᠪᠴᠢᠶᠡᠨ ᠳᠤ ᠣᠷᠣᠭᠤᠯᠤᠭᠠᠳᠤᠢ | ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢ ᠪᠠᠷᠢᠮᠵᠢᠶ᠎ᠠ ᠶᠣᠰᠣᠭᠠᠷ ᠬᠠᠰᠤᠵᠤ᠂ | ᠡᠮᠴᠢᠯᠡᠭᠡᠨ ᠤ ᠲᠡᠩᠬᠡᠷᠡᠭᠦᠯᠦᠨ ᠲᠤᠰᠠᠯᠠᠵᠤ ᠳᠠᠭᠠᠳᠬᠠᠯ ᠳᠤ ᠣᠷᠤᠯᠴᠠᠬᠤ ᠲᠥᠷᠥ ᠶᠢᠨ ᠪᠣᠳᠣᠯᠭ᠎ᠠ ᠶᠢ ᠳᠠᠭᠢᠵᠤ | ᠬᠦᠷᠲᠡᠭᠡᠬᠦ ᠦᠭᠡᠢ᠃ | ︵ᠭᠤᠷᠪᠠ︶ ᠳᠠᠭᠠᠳᠬᠠᠯ ᠳᠤ ᠰᠢᠨ᠎ᠡ ᠪᠠᠷ ᠣᠷᠣᠭᠰᠠᠳ ︵ᠨᠢᠷᠠᠢ ᠬᠡᠦᠬᠡᠳ ᠤᠨ ᠬᠠᠷᠠᠭᠠᠯᠵᠠᠨ ᠬᠠᠮᠠᠭᠠᠯᠠᠭᠴᠢ ᠶᠢᠨ | 3 ᠰᠠᠷ᠎ᠠ ᠶᠢᠨ ᠳᠣᠲᠣᠷ᠎ᠠ ᠳᠠᠭᠠᠳᠬᠠᠯ ᠳᠤ ᠣᠷᠣᠯᠴᠠᠭᠰᠠᠨ ᠵᠠᠷᠤᠳᠠᠯ ᠢ ᠣᠷᠣᠯᠠᠨ ᠲᠤᠰᠢᠶᠠᠬᠤ ᠶᠢ ᠪᠠᠭᠲᠠᠭᠠᠨ᠎ᠠ︶ ᠪᠠ | ᠳᠠᠭᠠᠳᠬᠠᠯ ᠢᠶᠠᠨ ᠲᠠᠰᠤᠯᠤᠭᠰᠠᠳ ︵ᠭᠤᠷᠪᠠᠨ ᠰᠠᠷ᠎ᠠ ᠶᠢᠨ ᠬᠦᠯᠢᠶᠡᠬᠦ ᠬᠤᠭᠤᠴᠠᠭ᠎ᠠ ᠲᠠᠢ︶ ᠤᠷᠢᠳᠠᠪᠠᠷ | ᠬᠤᠰᠢᠭᠤᠨ ᠤ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠢᠩᠬᠢᠮ ᠤᠨ 43 ᠴᠣᠩᠬᠤᠨ ᠳᠤ ᠬᠦᠷᠴᠦ ᠳᠠᠭᠠᠳᠬᠠᠯ ᠳᠤ ᠣᠷᠣᠯᠴᠠᠭᠰᠠᠨ ᠳᠠᠩᠰᠠᠯᠠᠯᠲᠠ ᠶᠢᠨ ᠭᠠᠷ | ᠭᠦᠢᠴᠡᠳᠬᠡᠯ ᠢ ᠭᠦᠢᠴᠡᠳᠬᠡᠨ᠎ᠡ᠃ | | 2022 ᠣᠨ ᠤ 10 ᠰᠠᠷ᠎ᠠ ᠶᠢᠨ 22 ᠤ ᠡᠳᠦᠷ | | |