ᠬᠤᠷᠴᠢᠨ ᠪᠠᠷᠠᠭᠤᠨ ᠭᠠᠷᠤᠨ ᠳᠤᠮᠳᠠᠳᠤ ᠵᠠᠰᠠᠭ ᠠᠯᠪᠠᠨ ᠲᠠᠷᠬᠠᠭᠠᠭᠰᠠᠨ 〔2022〕 80 ᠳ᠋ᠤᠭᠠᠷ ᠲᠣᠭᠠᠲᠤ | | | ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠬᠠᠷᠢᠶ᠎ᠠ ᠬᠤᠯᠪᠣᠭᠳᠠᠯ ᠪᠦᠬᠦᠢ | ᠰᠠᠯᠠᠭ᠎ᠠ ᠮᠥᠴᠢᠷ ᠲᠤ᠄ | ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2022 ᠣᠨ ᠤ ᠥᠨᠳᠥᠷ ᠬᠡᠪ ᠪᠣᠯᠪᠠᠰᠤᠷᠠᠯ ᠲᠠᠢ | ᠮᠠᠯᠴᠢᠨ ᠲᠠᠷᠢᠶᠠᠴᠢᠨ ᠢ ᠬᠥᠮᠥᠵᠢᠭᠦᠯᠬᠦ ᠠᠵᠢᠯ ᠤᠨ ᠬᠡᠷᠡᠭᠵᠢᠭᠦᠯᠬᠦ ᠲᠥᠰᠥᠯ︾ ᠢ ᠡᠳᠦᠭᠡ ᠲᠠᠨᠠᠷ ᠲᠤ ᠳᠠᠷᠤᠮᠠᠯᠯᠠᠨ | ᠶᠠᠪᠤᠭᠤᠯᠤᠯ᠎ᠠ᠂ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠢ᠃ | | | 2022 ᠣᠨ ᠤ 11 ᠰᠠᠷ᠎ᠠ ᠶᠢᠨ 2 ᠤ ᠡᠳᠦᠷ | | | | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2022 ᠣᠨ ᠤ ᠥᠨᠳᠥᠷ ᠬᠡᠪ ᠪᠣᠯᠪᠠᠰᠤᠷᠠᠯ ᠲᠠᠢ ᠮᠠᠯᠴᠢᠨ | ᠲᠠᠷᠢᠶᠠᠴᠢᠨ ᠢ ᠬᠥᠮᠥᠵᠢᠭᠦᠯᠬᠦ ᠠᠵᠢᠯ ᠤᠨ ᠬᠡᠷᠡᠭᠵᠢᠭᠦᠯᠬᠦ ᠲᠥᠰᠥᠯ | ︽2022 ᠣᠨ ᠤ ᠥᠨᠳᠥᠷ ᠬᠡᠪ ᠴᠢᠨᠠᠷ ᠪᠦᠬᠦᠢ ᠲᠠᠷᠢᠶᠠᠴᠢᠨ ᠢ ᠬᠥᠮᠥᠵᠢᠭᠦᠯᠬᠦ ᠠᠵᠢᠯ ᠢ ᠰᠠᠶᠢᠲᠤᠷ ᠬᠢᠬᠦ | ᠲᠤᠬᠠᠢ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾᠂ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ 2022 ᠣᠨ ᠤ ᠥᠨᠳᠥᠷ ᠬᠡᠪ ᠪᠣᠯᠪᠠᠰᠤᠷᠠᠯ ᠲᠠᠢ ᠲᠠᠷᠢᠶᠠᠴᠢᠨ ᠢ ᠬᠥᠮᠥᠵᠢᠭᠦᠯᠬᠦ ᠲᠥᠷᠥᠯ ᠵᠦᠢᠯ ᠤᠨ | ᠬᠡᠷᠡᠭᠵᠢᠭᠦᠯᠬᠦ ᠲᠥᠰᠥᠯ︾ ᠪᠠ ︽2022 ᠣᠨ ᠤ ᠬᠢᠩᠭᠠᠨ ᠠᠶᠢᠮᠠᠭ ᠤᠨ ᠥᠨᠳᠥᠷ ᠬᠡᠪ ᠪᠣᠯᠪᠠᠰᠤᠷᠠᠯ ᠲᠠᠢ | ᠮᠠᠯᠴᠢᠨ ᠲᠠᠷᠢᠶᠠᠴᠢᠨ ᠢ ᠬᠥᠮᠥᠵᠢᠭᠦᠯᠬᠦ ᠲᠥᠷᠥᠯ ᠵᠦᠢᠯ ᠤᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠲᠠᠷᠬᠠᠭᠠᠬᠤ | ᠲᠤᠬᠠᠢ ᠮᠡᠳᠡᠭᠳᠡᠯ︾ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠦᠨᠳᠦᠰᠦᠯᠡᠵᠤ᠂ ᠮᠠᠨ ᠤ ᠬᠤᠰᠢᠭᠤᠨ ᠤ | ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ ᠬᠥᠮᠥᠵᠢᠭᠦᠯᠬᠦ ᠠᠵᠢᠯ ᠢ ᠥᠷᠨᠢᠭᠦᠯᠦᠭᠰᠡᠨ ᠪᠠᠶᠢᠳᠠᠯ ᠵᠢᠴᠢ | ᠮᠠᠯᠴᠢᠨ ᠲᠠᠷᠢᠶᠠᠴᠢᠨ ᠢ ᠬᠥᠮᠥᠵᠢᠭᠦᠯᠬᠦ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠲᠣᠰ ᠬᠡᠷᠡᠭᠵᠢᠭᠦᠯᠬᠦ | ᠲᠥᠰᠥᠯ ᠢ ᠣᠨᠴᠠᠭᠠᠶᠢᠯᠠᠨ ᠲᠣᠭᠲᠠᠭᠠᠪᠠ᠃ | ᠨᠢᠭᠡ᠂ ᠠᠵᠢᠯ ᠤᠨ ᠰᠡᠳᠬᠢᠴᠡ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠬᠠᠩᠭᠠᠯᠭ᠎ᠠ ᠶᠢ ᠪᠠᠲᠤᠯᠠᠵᠤ ᠠᠮᠤᠷ ᠲᠦᠪᠰᠢᠨ ᠢ ᠪᠠᠬᠢᠵᠢᠭᠦᠯᠬᠦ᠂ | ᠬᠥᠭᠵᠢᠯᠲᠡ ᠶᠢ ᠤᠷᠤᠭᠰᠢᠲᠠᠢ ᠡᠷᠭᠢᠯᠳᠦᠭᠦᠯᠬᠦ ᠠᠵᠢᠯ ᠤᠨ ᠪᠠᠶᠢᠷᠢ ᠲᠣᠭᠲᠠᠭᠠᠯᠲᠠ ᠶᠣᠰᠣᠭᠠᠷ᠂ ᠨᠠᠮ ᠤᠨ ᠰᠤᠷᠭᠠᠨ | ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ | ᠲᠠᠷᠢᠶᠠᠯᠠᠩ ᠮᠠᠯ ᠠᠵᠤ ᠠᠬᠤᠢ ᠶᠢᠨ ᠤᠨᠠᠯᠲᠠ ᠶᠢ ᠲᠣᠭᠲᠠᠪᠤᠷᠢᠵᠢᠭᠤᠯᠤᠨ ᠤᠨᠠᠯᠲᠠ ᠶᠢ ᠨᠡᠮᠡᠭᠳᠡᠭᠦᠯᠵᠦ᠂ ᠮᠠᠯᠴᠢᠨ | ᠲᠠᠷᠢᠶᠠᠴᠢᠨ ᠤ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠵᠦ᠂ ᠮᠠᠯᠵᠢᠬᠤ ᠲᠠᠷᠢᠶᠠᠯᠠᠬᠤ ᠣᠷᠣᠨ ᠢ ᠠᠮᠤᠷ | ᠲᠣᠭᠲᠠᠭᠤᠨ ᠪᠠᠶᠢᠯᠭᠠᠵᠤ᠂ ᠬᠠᠩᠭᠠᠯᠭ᠎ᠠ ᠶᠢ ᠪᠠᠲᠤᠯᠠᠬᠤ᠂ ᠵᠣᠯᠭᠠᠭᠤᠯᠬᠤ᠂ ᠪᠦᠲᠦᠭᠡᠨ ᠪᠠᠶᠢᠭᠤᠯᠬᠤ ᠵᠡᠷᠭᠡ | ᠭᠤᠣᠯᠳᠠᠯᠭ᠎ᠠ ᠲᠠᠢ ᠡᠭᠦᠷᠭᠡ ᠶᠢ ᠦᠷᠭᠦᠯᠵᠢᠯᠡᠨ ᠰᠠᠶᠢᠲᠤᠷ ᠠᠳᠬᠤᠵᠤ᠂ ︽ᠬᠡᠷᠡᠭᠴᠡᠭᠡ ᠪᠠᠷ ᠤᠳᠤᠷᠢᠳᠤᠮᠵᠢ ᠪᠣᠯᠭᠠᠬᠤ | ᠂ ᠠᠵᠤ ᠦᠢᠯᠡᠰ ᠢᠶᠠᠷ ᠭᠤᠣᠯ ᠱᠤᠭᠤᠮ ᠪᠣᠯᠭᠠᠬᠤ᠂ ᠱᠠᠲᠤ ᠬᠤᠪᠢᠶᠠᠨ ᠬᠡᠷᠡᠭᠵᠢᠭᠦᠯᠬᠦ᠂ ᠪᠦᠬᠦ ᠶᠠᠪᠤᠴᠠ ᠳᠤ | ᠪᠣᠶᠢᠵᠢᠭᠤᠯᠬᠤ︾ ᠶᠢ ᠪᠠᠷᠢᠮᠲᠠᠯᠠᠵᠤ᠂ ᠪᠦᠬᠦ ᠠᠵᠤ ᠦᠢᠯᠡᠰ ᠤᠨ ᠬᠡᠯᠬᠢᠶ᠎ᠡ ᠶᠢᠨ ᠤᠷ᠎ᠠ ᠴᠢᠳᠠᠪᠤᠷᠢ ᠶᠢᠨ ᠬᠢᠷᠢ | ᠲᠦᠪᠰᠢᠨ ᠢ ᠳᠡᠭᠡᠭᠰᠢᠯᠡᠭᠦᠯᠬᠦ᠂ ᠪᠣᠶᠢᠵᠢᠭᠤᠯᠤᠯᠲᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠠᠷ | ᠵᠠᠩᠭᠢᠯᠠᠭ᠎ᠠ ᠪᠣᠯᠭᠠᠵᠤ᠂ ︽ᠰᠣᠩᠭᠤᠨ ᠪᠣᠶᠢᠵᠢᠭᠤᠯᠵᠤ ᠬᠡᠷᠡᠭᠯᠡᠬᠦ︾ ᠶᠢ ᠨᠢᠭᠡ ᠴᠣᠭᠴᠠᠵᠢᠭᠤᠯᠤᠨ ᠪᠣᠶᠢᠵᠢᠭᠤᠯᠬᠤ ᠪᠠᠷ | ᠠᠷᠭ᠎ᠠ ᠵᠠᠮ ᠪᠣᠯᠭᠠᠵᠤ᠂ ᠪᠣᠯᠪᠠᠰᠤᠷᠠᠭᠤᠯᠤᠯ ᠪᠠ ᠰᠤᠷᠭᠠᠨ ᠬᠥᠮᠦᠵᠢᠯ ᠢ ᠵᠡᠷᠭᠡ ᠪᠠᠷ ᠴᠢᠬᠤᠯᠠᠴᠢᠯᠠᠵᠤ᠂ ᠣᠷᠣᠭᠤᠯᠤᠨ | ᠠᠪᠴᠢᠷᠠᠵᠤ ᠪᠣᠶᠢᠵᠢᠭᠤᠯᠬᠤ ᠪᠠ ᠲᠤᠬᠠᠢ ᠶᠢᠨ ᠭᠠᠵᠠᠷ ᠲᠤᠨᠢ ᠬᠥᠮᠥᠵᠢᠭᠦᠯᠬᠦ ᠶᠢ ᠵᠡᠷᠭᠡ ᠪᠠᠷ ᠴᠢᠬᠤᠯᠠᠴᠢᠯᠠᠵᠤ᠂ | ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠳᠤ ᠪᠠᠴᠢᠮ ᠱᠠᠭᠠᠷᠳᠠᠭᠳᠠᠵᠤ | ᠪᠠᠶᠢᠭ᠎ᠠ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ ᠲᠦᠷᠭᠡᠳᠬᠡᠨ ᠬᠥᠮᠥᠵᠢᠭᠦᠯᠵᠦ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ᠂ ᠲᠠᠷᠢᠶᠠᠯᠠᠩ ᠮᠠᠯ ᠠᠵᠤ | ᠠᠬᠤᠢ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢ ᠲᠦᠷᠭᠡᠳᠬᠡᠬᠦ ᠳᠤ ᠪᠠᠲᠤ ᠴᠢᠩᠭ᠎ᠠ ᠴᠢᠳᠠᠪᠤᠷᠢᠲᠠᠨ ᠤ | ᠪᠠᠲᠤᠯᠠᠭ᠎ᠠ ᠬᠠᠩᠭᠠᠨ᠎ᠠ᠃ | ᠬᠤᠶᠠᠷ᠂ ᠬᠠᠷᠠᠯᠲᠠ ᠶᠢᠨ ᠡᠭᠦᠷᠭᠡ | ᠪᠥᠬᠦ ᠬᠤᠰᠢᠭᠤᠨ ᠤ 12 ᠰᠤᠮᠤ ᠪᠠᠯᠭᠠᠰᠤᠨ ᠳᠤ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ | ᠬᠥᠮᠥᠵᠢᠭᠦᠯᠬᠦ ᠠᠵᠢᠯ ᠢ ᠥᠷᠨᠢᠭᠦᠯᠵᠦ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠡᠵᠡᠩᠨᠡᠭᠴᠢ᠂ | ᠮᠠᠯᠴᠢᠨ ᠲᠠᠷᠢᠶᠠᠴᠢᠨ ᠤ ᠬᠤᠷᠰᠢᠶ᠎ᠠ ᠶᠢᠨ ᠳᠠᠭᠠᠭᠤᠯᠤᠭᠴᠢ ᠪᠠᠷ ᠭᠤᠣᠯᠳᠠᠯᠭ᠎ᠠ ᠪᠣᠯᠭᠠᠨ᠂ ᠲᠤᠰᠬᠠᠢ | ᠦᠢᠯᠡᠳᠪᠦᠷᠢᠯᠡᠯ ᠤᠨ ᠬᠡᠯᠪᠡᠷᠢ ᠪᠠᠷ ᠤᠳᠤᠷᠢᠳᠤᠮᠵᠢ ᠪᠣᠯᠭᠠᠵᠤ᠂ ᠲᠤᠰᠬᠠᠢ ᠦᠢᠯᠡᠳᠪᠦᠷᠢᠯᠡᠯ ᠤᠨ ᠬᠡᠯᠪᠡᠷᠢ ᠶᠢᠨ 241 | ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ ᠬᠥᠮᠥᠵᠢᠭᠦᠯᠬᠦ ᠪᠠᠷ ᠲᠥᠯᠥᠪᠯᠡᠵᠦ᠂ ᠲᠥᠪ ᠠᠴᠠ 85.8 | ᠲᠦᠮᠡᠨ ᠲᠥᠭᠦᠷᠢᠭ ︵ᠳᠠᠭᠠᠯᠳᠤᠭᠤᠯᠤᠯ 2︶ ᠤᠨ ᠨᠥᠬᠦᠪᠦᠷᠢ ᠮᠥᠩᠭᠦ ᠣᠯᠬᠤ ᠪᠠᠷ ᠴᠢᠷᠮᠠᠶᠢᠨ᠎ᠠ᠃ | ︵ᠨᠢᠭᠡ︶ ᠬᠡᠷᠡᠭᠵᠢᠭᠦᠯᠬᠦ ᠬᠦᠷᠢᠶ᠎ᠡ ᠬᠡᠪᠴᠢᠶ᠎ᠡ᠃ ᠥᠪᠡᠷᠲᠡᠭᠡᠨ ᠵᠠᠰᠠᠬᠤ ᠣᠷᠣᠨ ᠤ ᠥᠨᠳᠥᠷ ᠬᠡᠪ | ᠪᠣᠯᠪᠠᠰᠤᠷᠠᠯ ᠲᠠᠢ ᠲᠠᠷᠢᠶᠠᠴᠢᠨ ᠢ ᠬᠥᠮᠥᠵᠢᠭᠦᠯᠬᠦ ᠠᠵᠢᠯ ᠤᠨ ᠶᠡᠷᠦᠩᠬᠡᠢ ᠲᠣᠬᠢᠷᠠᠭᠤᠯᠤᠯᠲᠠ ᠶᠣᠰᠣᠭᠠᠷ᠂ ᠮᠠᠨ ᠤ | ᠬᠤᠰᠢᠭᠤ ᠲᠤᠰᠬᠠᠢ ᠮᠡᠷᠭᠡᠵᠢᠯ ᠤᠨ ᠳᠠᠷᠢᠵᠤ ᠲᠡᠵᠢᠭᠡᠨ ᠦᠷᠡᠵᠢᠭᠦᠯᠬᠦ ᠲᠣᠮᠣ ᠡᠷᠦᠬᠡ᠂ ᠭᠡᠷ ᠪᠦᠯᠢ ᠶᠢᠨ ᠲᠠᠷᠢᠶᠠᠯᠠᠩ | ᠮᠠᠯᠵᠢᠯ ᠤᠨ ᠲᠠᠯᠠᠪᠠᠶ᠂ ᠮᠠᠯᠴᠢᠨ ᠲᠠᠷᠢᠶᠠᠴᠢᠨ ᠤ ᠬᠤᠷᠰᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ | ᠂ ᠨᠤᠲᠤᠭ ᠲᠠᠭᠠᠨ ᠪᠤᠴᠠᠵᠤ ᠲᠠᠷᠢᠶᠠᠯᠠᠩ ᠳᠤ ᠬᠤᠯᠪᠣᠭᠳᠠᠭᠰᠠᠨ ᠦᠢᠯᠡᠰ ᠴᠣᠭᠴᠠᠯᠠᠭᠴᠢ ᠵᠡᠷᠭᠡ ᠰᠢᠨ᠎ᠡ ᠬᠡᠯᠪᠡᠷᠢ ᠶᠢᠨ | ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠳᠠᠭᠠᠭᠤᠯᠤᠭᠴᠢ ᠵᠢᠴᠢ ᠳᠤᠮᠳᠠ | ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ᠂ ᠴᠡᠷᠢᠭ ᠠᠴᠠ ᠬᠠᠯᠠᠭᠳᠠᠭᠰᠠᠳ ᠵᠡᠷᠭᠡ ᠪᠠᠷ | ᠬᠥᠮᠥᠵᠢᠭᠦᠯᠬᠦ ᠡᠲᠡᠭᠡᠳ ᠢᠶᠠᠨ ᠪᠣᠯᠭᠠᠵᠤ᠂ ᠲᠤᠰᠬᠠᠢ ᠦᠢᠯᠡᠳᠪᠦᠷᠢᠯᠡᠯ ᠤᠨ ᠬᠡᠯᠪᠡᠷᠢ ᠪᠠᠷ ᠤᠳᠤᠷᠢᠳᠤᠮᠵᠢ ᠪᠣᠯᠭᠠᠵᠤ᠂ | ᠮᠠᠨ ᠤ ᠬᠤᠰᠢᠭᠤᠨ ᠤ ᠬᠥᠳᠡᠭᠡ ᠲᠣᠰᠬᠤᠨ ᠤ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ ᠬᠡᠷᠡᠭᠴᠡᠭᠡ | ᠱᠠᠭᠠᠷᠳᠠᠯᠭ᠎ᠠ ᠪᠠ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠠᠬᠢᠴᠠ ᠶᠢ | ᠦᠨᠳᠦᠰᠦᠯᠡᠨ᠂ ᠰᠢᠷ᠎ᠠ ᠪᠤᠷᠴᠠᠭ ᠡᠷᠳᠡᠨᠢ ᠰᠢᠰᠢ ᠶᠢ ᠪᠦᠰᠡᠯᠢᠭ ᠨᠡᠶᠢᠯᠡᠮᠡᠯ ᠳᠠᠷᠢᠬᠤ ᠵᠢᠱᠢᠶ᠎ᠡ ᠦᠵᠡᠭᠦᠯᠦᠨ | ᠳᠡᠯᠭᠡᠷᠡᠭᠦᠯᠬᠦ ᠵᠢᠴᠢ ᠵᠡᠭᠦᠨ ᠬᠤᠶᠢᠲᠤ ᠣᠷᠣᠨ ᠤ ᠬᠠᠷ᠎ᠠ ᠬᠥᠷᠥᠰᠥ ᠶᠢᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠬᠤ | ᠵᠡᠷᠭᠡ ᠬᠥᠮᠥᠵᠢᠭᠦᠯᠬᠦ ᠠᠵᠢᠯᠯᠠᠭ᠎ᠠ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ | ︵ᠬᠤᠶᠠᠷ︶ ᠨᠥᠬᠦᠪᠦᠷᠢ ᠥᠭᠬᠦ ᠠᠭᠤᠯᠭ᠎ᠠ᠃ ᠥᠨᠳᠥᠷ ᠬᠡᠪ ᠴᠢᠨᠠᠷ ᠪᠦᠬᠦᠢ ᠲᠠᠷᠢᠶᠠᠴᠢᠳ ᠤᠨ | ᠪᠣᠯᠪᠠᠰᠤᠷᠠᠭᠤᠯᠤᠯ ᠤᠨ ᠪᠡᠯᠡ ᠮᠥᠩᠭᠦ ᠶᠢᠨ ᠪᠣᠳᠠᠲᠠᠢ ᠨᠥᠬᠦᠪᠦᠷᠢ ᠶᠢᠨ ᠪᠠᠷᠢᠮᠵᠢᠶ᠎ᠠ ᠶᠢ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ ᠲᠣᠭᠲᠠᠭᠠᠵᠤ᠂ ᠠᠳᠠᠯᠢ ᠪᠤᠰᠤ ᠠᠵᠤ ᠦᠢᠯᠡᠰ᠂ ᠠᠳᠠᠯᠢ ᠪᠤᠰᠤ ᠪᠣᠶᠢᠵᠢᠭᠤᠯᠬᠤ ᠬᠡᠯᠪᠡᠷᠢ ᠳᠤ | ᠵᠦᠷᠢᠶᠡᠴᠢᠯᠡᠭᠰᠡᠨ ᠨᠥᠬᠦᠪᠦᠷᠢ ᠶᠢ ᠬᠡᠷᠡᠭᠵᠢᠭᠦᠯᠵᠦ ᠪᠣᠯᠣᠨ᠎ᠠ᠃ ᠲᠥᠷᠥᠯ ᠵᠦᠢᠯ ᠤᠨ ᠪᠡᠯᠡ ᠮᠥᠩᠭᠦ ᠶᠢ | ᠪᠣᠶᠢᠵᠢᠭᠤᠯᠬᠤ ᠠᠵᠢᠯ ᠤᠨ ᠪᠦᠬᠦ ᠶᠠᠪᠤᠴᠠ ᠳᠤ ᠬᠡᠷᠡᠭᠯᠡᠵᠦ᠂ ᠡᠭᠦᠨ ᠳᠤ ᠲᠥᠷᠥᠯ ᠵᠦᠢᠯ ᠤᠨ ᠬᠠᠮᠢᠶᠠᠷᠤᠯᠲᠠ ᠪᠠ | ᠪᠣᠯᠪᠠᠰᠤᠷᠠᠭᠤᠯᠤᠯ ᠤᠨ ᠠᠵᠢᠯ ᠭᠡᠬᠦ ᠬᠤᠶᠠᠷ ᠬᠡᠰᠡᠭ ᠪᠠᠭᠲᠠᠨ᠎ᠠ᠂ ᠭᠤᠣᠯᠳᠠᠭᠤ ᠪᠠᠶᠢᠴᠠᠭᠠᠨ ᠰᠤᠳᠤᠯᠤᠯᠲᠠ ᠬᠢᠵᠦ | ᠪᠠᠶᠢᠳᠠᠯ ᠢ ᠣᠶᠢᠯᠠᠭᠠᠬᠤ ᠳᠤ ᠬᠡᠷᠡᠭᠯᠡᠵᠦ᠂ ᠪᠣᠯᠪᠠᠰᠤᠷᠠᠭᠤᠯᠤᠯ ᠤᠬᠠᠭᠤᠯᠭ᠎ᠠ᠂ ᠤᠷᠢᠵᠤ ᠬᠢᠴᠢᠶᠡᠯᠯᠡᠬᠦ ᠲᠤᠰᠬᠠᠢ | ᠮᠡᠷᠭᠡᠵᠢᠯᠲᠡᠨ ᠪᠠᠭᠰᠢ᠂ ᠵᠢᠭᠠᠬᠤ ᠮᠠᠲ᠋ᠧᠷᠢᠶᠠᠯ ᠮᠠᠲ᠋ᠧᠷᠢᠶᠠᠯ᠂ ᠲᠠᠯᠠᠪᠤᠷ ᠲᠦᠷᠢᠶᠡᠰᠦᠯᠡᠬᠦ᠂ ᠳᠠᠳᠤᠯᠭ᠎ᠠ ᠳᠠᠳᠤᠯᠭ᠎ᠠ | ᠪᠣᠯᠪᠠᠰᠤᠷᠠᠭᠤᠯᠤᠯ᠂ ᠣᠨᠳᠣᠣ ᠭᠠᠵᠠᠷ ᠲᠤ ᠪᠣᠯᠪᠠᠰᠤᠷᠠᠭᠤᠯᠤᠯ ᠬᠢᠬᠦ᠂ ᠲᠣᠭᠤᠷᠢᠨ ᠦᠵᠡᠵᠦ ᠰᠤᠷᠤᠯᠴᠠᠬᠤ᠂ | ᠰᠦᠯᠵᠢᠶᠡᠨ ᠳᠡᠭᠡᠷᠡᠬᠢ ᠪᠣᠯᠪᠠᠰᠤᠷᠠᠭᠤᠯᠤᠯ᠂ ᠪᠠᠭᠰᠢ ᠶᠢᠨ ᠪᠣᠯᠪᠠᠰᠤᠷᠠᠭᠤᠯᠤᠯ᠂ ᠦᠨᠡᠮᠯᠡᠯ ᠵᠣᠬᠢᠶᠠᠬᠤ᠂ ᠲᠠᠩᠰᠠ | ᠡᠪᠬᠡᠮᠡᠯ ᠤᠨ ᠬᠠᠮᠢᠶᠠᠷᠤᠯᠲᠠ ᠪᠠ ᠮᠠᠯᠴᠢᠨ ᠲᠠᠷᠢᠶᠠᠴᠢᠨ ᠢ ᠲᠥᠪᠯᠡᠷᠡᠭᠦᠯᠦᠨ ᠪᠣᠯᠪᠠᠰᠤᠷᠠᠭᠤᠯᠬᠤ ᠬᠤᠭᠤᠴᠠᠭᠠᠨ ᠳᠠᠬᠢ | ᠢᠳᠡᠵᠦ ᠤᠤᠭᠤᠬᠤ ᠬᠤᠨᠣᠵᠤ ᠬᠡᠪᠲᠡᠬᠦ᠂ ᠵᠠᠮ ᠬᠠᠷᠢᠯᠴᠠᠭ᠎ᠠ ︵ᠰᠣᠷᠣᠭᠴᠢ ᠶᠢᠨ ᠣᠨᠳᠣᠣ ᠭᠠᠵᠠᠷ ᠲᠤ | ᠲᠥᠪᠯᠡᠷᠡᠭᠦᠯᠦᠨ ᠪᠣᠯᠪᠠᠰᠤᠷᠠᠭᠤᠯᠬᠤ ᠶᠢᠨ ᠢᠷᠡᠵᠦ ᠪᠤᠴᠠᠬᠤ ᠵᠠᠮ ᠬᠠᠷᠢᠯᠴᠠᠭᠠᠨ ᠤ ᠵᠠᠷᠤᠳᠠᠯ ᠤᠨ ᠨᠥᠬᠦᠪᠦᠷᠢ | ᠪᠠᠭᠲᠠᠨ᠎ᠠ︶ ᠵᠢᠴᠢ ᠮᠥᠷᠳᠡᠨ ᠦᠢᠯᠡᠴᠢᠯᠡᠬᠦ ᠵᠡᠷᠭᠡ ᠬᠠᠮᠢᠶ᠎ᠠ ᠪᠦᠬᠦᠢ ᠵᠠᠷᠤᠯᠭ᠎ᠠ ᠶᠢ ᠪᠠᠭᠲᠠᠭᠠᠨ᠎ᠠ᠃ ᠬᠢᠵᠠᠭᠠᠷ ᠲᠠᠢ | ᠪᠡᠯᠡ ᠮᠥᠩᠭᠦ ᠶᠢᠨ ᠬᠠᠮᠤᠭ ᠶᠡᠭᠡ ᠦᠷ᠎ᠡ ᠪᠦᠲᠦᠮᠵᠢ ᠶᠢ ᠪᠠᠳᠠᠷᠠᠭᠤᠯᠬᠤ ᠶᠢᠨ ᠲᠥᠯᠥᠭᠡ᠂ ᠪᠥᠬᠦ ᠬᠤᠰᠢᠭᠤᠨ ᠤ | ᠠᠮᠢᠳᠤᠷᠠᠯ ᠤᠨ ᠲᠦᠪᠰᠢᠨ ᠵᠢᠴᠢ ᠬᠠᠮᠢᠶ᠎ᠠ ᠪᠦᠬᠦᠢ ᠪᠠᠷᠢᠮᠵᠢᠶ᠎ᠠ ᠪᠠᠷ ᠬᠤᠭᠤᠯᠠ ᠬᠤᠨᠤᠭ ᠤᠨ ᠨᠥᠬᠦᠪᠦᠷᠢ ᠶᠢ | ᠬᠡᠷᠡᠭᠵᠢᠭᠦᠯᠦᠨ᠎ᠡ︔ᠬᠡᠷᠡᠭᠴᠡᠭᠡ ᠱᠠᠭᠠᠷᠳᠠᠯᠭ᠎ᠠ ᠶᠢᠨ ᠪᠠᠶᠢᠴᠠᠭᠠᠨ ᠰᠤᠳᠤᠯᠤᠯᠲᠠ ᠬᠢᠬᠦ ᠪᠠ ᠭᠠᠳᠠᠭᠰᠢ ᠭᠠᠷᠬᠤ ᠳᠤ᠂ | ᠠᠵᠢᠯᠲᠠᠨ ᠤ ᠪᠦᠷᠢᠯᠳᠦᠴᠡ ᠶᠢ ᠬᠢᠵᠠᠭᠠᠷᠯᠠᠵᠤ᠂ ᠭᠤᠣᠯᠳᠠᠭᠤ ᠵᠣᠬᠢᠶᠠᠨ ᠪᠠᠶᠢᠭᠤᠯᠤᠨ ᠬᠠᠮᠢᠶᠠᠷᠤᠭᠴᠢ᠂ ᠬᠠᠮᠢᠶ᠎ᠠ | ᠪᠦᠬᠦᠢ ᠪᠠᠭᠰᠢ᠂ ᠰᠣᠷᠣᠭᠴᠢ ᠶᠢᠨ ᠲᠥᠯᠥᠭᠡᠯᠡᠭᠴᠢ ᠵᠡᠷᠭᠡ ᠶᠢ ᠣᠷᠣᠯᠴᠠᠭᠤᠯᠵᠤ᠂ ᠵᠠᠷᠤᠯᠭ᠎ᠠ ᠶᠢᠨ ᠪᠠᠷᠢᠮᠵᠢᠶ᠎ᠠ ᠶᠢ ︽ | ᠬᠢᠩᠭᠠᠨ ᠠᠶᠢᠮᠠᠭ ᠤᠨ ᠲᠣᠰ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ ᠶᠠᠪᠤᠳᠠᠯ ᠢᠶᠠᠷ ᠭᠠᠳᠠᠭᠰᠢ | ᠭᠠᠷᠬᠤ ᠵᠠᠷᠤᠳᠠᠯ ᠤᠨ ᠬᠠᠮᠢᠶᠠᠷᠤᠯᠲᠠ ᠶᠢᠨ ᠠᠷᠭ᠎ᠠ︾ ᠶᠣᠰᠣᠭᠠᠷ ᠲᠠᠩᠰᠠ ᠲᠠᠶᠢᠯᠤᠨ᠎ᠠ᠃ ᠥᠨᠳᠥᠷ ᠬᠡᠪ | ᠪᠣᠯᠪᠠᠰᠤᠷᠠᠯ ᠲᠠᠢ ᠲᠠᠷᠢᠶᠠᠴᠢᠨ ᠢ ᠬᠥᠮᠥᠵᠢᠭᠦᠯᠬᠦ ᠲᠥᠷᠥᠯ ᠵᠦᠢᠯ ᠤᠨ ᠬᠢᠴᠢᠶᠡᠯᠯᠡᠬᠦ ᠪᠠᠭᠰᠢ ᠶᠢᠨ ᠬᠢᠴᠢᠶᠡᠯ ᠵᠢᠭᠠᠬᠤ | ᠵᠠᠷᠤᠳᠠᠯ ᠢ ︽ᠬᠢᠩᠭᠠᠨ ᠠᠶᠢᠮᠠᠭ ᠤᠨ ᠲᠣᠰ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠶᠢᠨ ᠪᠣᠯᠪᠠᠰᠤᠷᠠᠭᠤᠯᠤᠯ ᠤᠨ | ᠵᠠᠷᠤᠳᠠᠯ ᠤᠨ ᠬᠠᠮᠢᠶᠠᠷᠤᠯᠲᠠ ᠶᠢᠨ ᠠᠷᠭ᠎ᠠ︾ ︵ᠰᠢᠩ ᠼᠠᠢ ᠪᠠᠩᠬᠢ ﹇2018﹈ 2 ᠳ᠋ᠤᠭᠠᠷ ᠲᠣᠭᠠᠲᠤ︶ ᠶᠢᠨ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠥᠨᠳᠥᠷ ᠬᠡᠪ ᠴᠢᠨᠠᠷ ᠪᠦᠬᠦᠢ ᠮᠠᠯᠴᠢᠨ | ᠲᠠᠷᠢᠶᠠᠴᠢᠨ ᠤ ᠲᠥᠷᠥᠯ ᠵᠦᠢᠯ ᠤᠨ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠤᠰᠬᠠᠢ | ᠵᠣᠭᠤᠰ ᠢ ᠲᠤᠰᠬᠠᠢ ᠵᠦᠢᠯ ᠳᠤ ᠬᠡᠷᠡᠭᠯᠡᠬᠦ ᠶᠢ ᠦᠨᠡᠨᠬᠦ ᠪᠠᠲᠤᠯᠠᠵᠤ᠂ ᠬᠡᠷᠡᠭᠵᠢᠭᠦᠯᠬᠦ ᠠᠬᠢᠴᠠ ᠶᠢ ᠲᠦᠷᠭᠡᠳᠬᠡᠨ᠂ | ᠪᠡᠯᠡ ᠮᠥᠩᠭᠦ ᠶᠢᠨ ᠬᠤᠪᠢᠶᠠᠷᠢᠯᠠᠯᠲᠠ ᠪᠠ ᠠᠵᠢᠯ ᠤᠨ ᠠᠮᠵᠢᠯᠲᠠ ᠪᠦᠲᠦᠮᠵᠢ ᠶᠢᠨ ᠵᠠᠳᠠᠯᠤᠯᠲᠠ ᠵᠡᠷᠭᠡ ᠮᠡᠳᠡᠭᠡ | ᠵᠠᠩᠭᠢ ᠶᠢ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠰᠢᠯᠵᠢᠭᠦᠯᠦᠨ ᠥᠭᠬᠦ ᠬᠠᠮᠢᠶᠠᠷᠤᠯᠲᠠ ᠶᠢᠨ ᠲᠠᠪᠴᠠᠩ ᠳᠤ | ᠴᠠᠭ ᠲᠤᠬᠠᠢ ᠳᠤᠨᠢ ᠲᠡᠮᠳᠡᠭᠯᠡᠨ ᠣᠷᠣᠭᠤᠯᠤᠨ᠎ᠠ᠃ | ᠭᠤᠷᠪᠠ᠂ ᠬᠡᠷᠡᠭᠵᠢᠭᠦᠯᠬᠦ ᠠᠭᠤᠯᠭ᠎ᠠ | ᠮᠠᠨ ᠤ ᠬᠤᠰᠢᠭᠤᠨ ᠤ ᠠᠮᠤ ᠪᠤᠳᠠᠭ᠎ᠠ ᠶᠢ ᠲᠣᠭᠲᠠᠪᠤᠷᠢᠵᠢᠭᠤᠯᠵᠤ ᠬᠠᠩᠭᠠᠯᠭ᠎ᠠ ᠶᠢ ᠪᠠᠲᠤᠯᠠᠬᠤ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠶᠢᠨ ᠲᠣᠭᠤᠷᠢᠨ ᠳᠤ᠂ ᠬᠥᠳᠡᠭᠡ | ᠲᠣᠰᠬᠤᠨ ᠤ ᠬᠥᠭᠵᠢᠯᠲᠡ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠪᠠ ᠬᠥᠳᠡᠭᠡ ᠲᠣᠰᠬᠤᠨ ᠤ | ᠵᠠᠰᠠᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ | ᠡᠵᠡᠩᠨᠡᠯᠲᠡ ᠪᠠ ᠦᠢᠯᠡᠴᠢᠯᠡᠭᠡᠨ ᠤ ᠭᠤᠣᠯ ᠴᠣᠭᠴᠠ ᠶᠢᠨ ᠴᠢᠳᠠᠪᠤᠷᠢ ᠶᠢ ᠳᠡᠭᠡᠭᠰᠢᠯᠡᠭᠦᠯᠬᠦ᠂ ᠳᠠᠷᠢᠵᠤ ᠲᠡᠵᠢᠭᠡᠬᠦ | ᠴᠢᠳᠠᠪᠤᠷᠢᠲᠠᠨ ᠨᠡᠮᠡᠬᠦ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ᠂ ᠮᠠᠯᠵᠢᠬᠤ ᠲᠠᠷᠢᠶᠠᠯᠠᠬᠤ ᠣᠷᠣᠨ ᠤ | ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠭᠴᠢ ᠶᠢ ᠬᠥᠮᠥᠵᠢᠭᠦᠯᠬᠦ᠂ ᠬᠥᠳᠡᠭᠡ ᠲᠣᠰᠬᠤᠨ ᠤ ᠵᠠᠰᠠᠯᠲᠠ ᠵᠢᠴᠢ | ᠨᠡᠶᠢᠭᠡᠮ ᠤᠨ ᠦᠢᠯᠡᠰ ᠤᠨ ᠬᠥᠭᠵᠢᠯᠲᠡ ᠶᠢᠨ ᠳᠠᠭᠠᠭᠤᠯᠤᠭᠴᠢ ᠶᠢ ᠬᠥᠮᠥᠵᠢᠭᠦᠯᠬᠦ ᠵᠡᠷᠭᠡ ᠠᠵᠢᠯᠯᠠᠭ᠎ᠠ ᠶᠢ ᠨᠢᠭᠡᠳᠦᠯᠲᠡᠢ | ᠲᠥᠯᠥᠪᠯᠡᠨ ᠠᠬᠢᠭᠤᠯᠵᠤ᠂ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ ᠶᠡᠬᠡᠪᠡᠷ ᠬᠥᠮᠥᠵᠢᠭᠦᠯᠦᠨ᠎ᠡ᠃ | ︵ᠨᠢᠭᠡ︶ ᠠᠮᠤ ᠪᠤᠳᠠᠭ᠎ᠠ ᠶᠢ ᠲᠣᠭᠲᠠᠪᠤᠷᠢᠵᠢᠭᠤᠯᠤᠨ ᠲᠣᠰᠣ ᠶᠢ ᠥᠷᠭᠡᠳᠬᠡᠬᠦ ᠪᠠ ︽ᠢᠳᠡᠰᠢᠨ ᠨᠣᠭᠤᠭ᠎ᠠ︾ | ᠶᠢᠨ ᠪᠦᠲᠦᠭᠡᠭᠳᠡᠬᠦᠨ ᠤ ᠲᠣᠭᠲᠠᠭᠤᠨ ᠢᠶᠠᠷ ᠬᠠᠩᠭᠠᠬᠤ ᠶᠢ ᠪᠥᠬᠦ ᠲᠠᠯ᠎ᠠ ᠪᠠᠷ ᠪᠠᠲᠤᠯᠠᠨ᠎ᠠ᠃ ᠭᠤᠣᠯ ᠪᠣᠯᠬᠤ ᠠᠮᠤ | ᠪᠤᠳᠠᠭᠠᠨ ᠤ ᠲᠠᠷᠢᠮᠠᠯ ᠪᠣᠯᠣᠨ ᠰᠢᠷ᠎ᠠ ᠪᠤᠷᠴᠠᠭ ᠲᠣᠰᠣᠯᠢᠭ ᠲᠠᠷᠢᠮᠠᠯ ᠤᠨ ᠦᠢᠯᠡᠳᠪᠦᠷᠢᠯᠡᠯ ᠤᠨ ᠲᠣᠭᠤᠷᠢᠨ ᠳᠤ᠂ | ᠭᠠᠷᠤᠯᠲᠠ ᠶᠢ ᠨᠡᠮᠡᠭᠳᠡᠭᠦᠯᠦᠨ ᠶᠠᠰᠤ ᠴᠢᠨᠠᠷ ᠢ ᠳᠡᠭᠡᠭᠰᠢᠯᠡᠭᠦᠯᠬᠦ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ | ᠪᠠ ᠬᠦᠨᠳᠦ ᠶᠡᠭᠡ ᠡᠪᠡᠳᠴᠢᠨ ᠬᠤᠷᠣᠬᠠᠢ ᠶᠢᠨ ᠭᠠᠮᠰᠢᠭ ᠢ ᠰᠡᠷᠭᠡᠶᠢᠯᠡᠨ ᠵᠠᠰᠠᠬᠤ ᠵᠡᠷᠭᠡ ᠠᠶᠤᠯ ᠦᠭᠡᠢ | ᠦᠢᠯᠡᠳᠪᠦᠷᠢᠯᠡᠯ ᠤᠨ ᠦᠶᠡᠯᠡᠬᠦ ᠬᠤᠭᠤᠴᠠᠭᠠᠨ ᠤ ᠮᠡᠷᠭᠡᠵᠢᠯ ᠤᠨ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ | ᠢ ᠥᠷᠨᠢᠭᠦᠯᠵᠦ᠂ ᠢᠳᠡᠰᠢᠨ ᠨᠣᠭᠤᠭ᠎ᠠ ᠵᠡᠷᠭᠡ ᠠᠵᠤ ᠠᠬᠤᠢ ᠶᠢᠨ ᠲᠠᠷᠢᠮᠠᠯ ᠤᠨ ᠦᠢᠯᠡᠳᠪᠦᠷᠢᠯᠡᠯ ᠤᠨ ᠬᠠᠮᠢᠶᠠᠷᠤᠯᠲᠠ | ᠶᠢᠨ ᠪᠣᠯᠪᠠᠰᠤᠷᠠᠭᠤᠯᠤᠯ ᠢ ᠲᠤᠬᠠᠢ ᠶᠢᠨ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠥᠷᠨᠢᠭᠦᠯᠵᠦ᠂ | ᠲᠠᠷᠢᠬᠤ ᠬᠢᠷᠢ ᠬᠡᠮᠵᠢᠶ᠎ᠡ ᠪᠣᠯᠣᠨ ᠠᠵᠤ ᠦᠢᠯᠡᠰ ᠤᠨ ᠬᠥᠭᠵᠢᠯᠲᠡ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ | ᠦᠢᠯᠡᠳᠪᠦᠷᠢᠯᠡᠯ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠭᠠᠭ᠋ᠠᠢ᠂ ᠦᠬᠡᠷ ᠬᠤᠨᠢ ᠲᠡᠵᠢᠭᠡᠨ | ᠦᠷᠡᠵᠢᠭᠦᠯᠬᠦ ᠡᠷᠦᠬᠡ ᠪᠠ ᠰᠠᠭᠠᠯᠢ ᠶᠢᠨ ᠲᠠᠷᠢᠶᠠᠴᠢᠳ ᠤᠨ ᠪᠣᠯᠪᠠᠰᠤᠷᠠᠭᠤᠯᠤᠯ ᠢᠶᠠᠷ ᠳᠡᠮᠵᠢᠨ᠂ ᠲᠡᠵᠢᠭᠡᠨ | ᠦᠷᠡᠵᠢᠭᠦᠯᠬᠦ ᠦᠷ᠎ᠡ ᠠᠰᠢᠭ ᠢ ᠳᠡᠭᠡᠭᠰᠢᠯᠡᠭᠦᠯᠦᠨ᠎ᠡ︔ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ | ᠴᠢᠳᠠᠪᠤᠷᠢ ᠶᠢᠨ ᠪᠣᠯᠪᠠᠰᠤᠷᠠᠭᠤᠯᠤᠯ ᠢᠶᠠᠷ ᠳᠠᠮᠵᠢᠭᠤᠯᠤᠨ᠂ ᠠᠮᠢᠳᠤ ᠪᠣᠳᠠᠰ ᠤᠨ ᠠᠮᠤᠷ ᠲᠦᠪᠰᠢᠨ ᠤ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ︔ | ︵ᠬᠤᠶᠠᠷ︶ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠤᠨ᠎ᠠ᠃ ᠰᠠᠶᠢᠨ ᠡᠭᠦᠯᠳᠡᠷ ᠢ ᠢᠯᠭᠠᠨ ᠲᠠᠨᠢᠬᠤ᠂ ᠰᠣᠩᠭᠤᠵᠤ ᠬᠤᠳᠠᠯᠳᠤᠨ ᠠᠪᠬᠤ ᠪᠠ | ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠵᠡᠷᠭᠡ ᠲᠠᠯ᠎ᠠ ᠶᠢᠨ ᠪᠣᠯᠪᠠᠰᠤᠷᠠᠭᠤᠯᠤᠯ ᠢ ᠴᠢᠩᠭᠠᠳᠬᠠᠨ᠂ | ᠲᠠᠷᠢᠶᠠᠴᠢᠨ ᠮᠠᠯᠴᠢᠳ ᠤᠨ ᠰᠢᠨᠵᠢᠯᠡᠬᠦ ᠤᠬᠠᠭᠠᠨᠴᠢ ᠪᠠᠷ ᠡᠭᠦᠯᠳᠡᠷ ᠬᠡᠷᠡᠭᠯᠡᠬᠦ ᠶᠢ ᠵᠢᠯᠣᠭᠤᠳᠤᠨ᠎ᠠ᠃ ᠲᠠᠷᠢᠶᠠᠴᠢᠳ ᠤᠨ | ᠲᠠᠷᠢᠶᠠᠨ ᠭᠠᠵᠠᠷ ᠢ ᠬᠠᠮᠠᠭᠠᠯᠠᠬᠤ ᠮᠡᠳᠡᠯᠭᠡ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠴᠤ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠲᠠᠷᠢᠶᠠᠯᠠᠩ ᠤᠨ ᠮᠠᠰᠢᠨ ᠤ ᠲᠣᠨᠣᠭᠯᠠᠯ ᠢ ᠬᠡᠷᠡᠭᠯᠡᠬᠦ ᠪᠠ ᠮᠠᠰᠢᠨ ᠢᠶᠠᠷ ᠬᠤᠷᠢᠶᠠᠵᠤ ᠬᠤᠬᠢᠷᠠᠯ ᠢ ᠪᠠᠭᠠᠰᠬᠠᠬᠤ ᠮᠡᠷᠭᠡᠵᠢᠯ | ᠴᠢᠳᠠᠪᠤᠷᠢ ᠶᠢᠨ ᠵᠢᠭᠠᠨ ᠰᠤᠷᠭᠠᠯᠲᠠ ᠶᠢ ᠨᠡᠮᠡᠭᠳᠡᠭᠦᠯᠵᠦ᠂ ᠲᠠᠷᠢᠶᠠᠯᠠᠩ ᠤᠨ ᠮᠠᠰᠢᠨ ᠤ ᠲᠤᠰᠬᠠᠢ ᠮᠡᠷᠭᠡᠵᠢᠯ ᠤᠨ | ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠮᠥᠩᠭᠦᠨ ᠭᠦᠢᠯᠭᠡᠭᠡᠨ ᠤ ᠳᠠᠭᠠᠭᠠᠯᠲᠠ ᠶᠢᠨ ᠮᠡᠳᠡᠯᠭᠡ ᠶᠢᠨ | ᠪᠣᠯᠪᠠᠰᠤᠷᠠᠭᠤᠯᠤᠯ ᠢ ᠶᠡᠬᠡᠪᠡᠷ ᠥᠷᠨᠢᠭᠦᠯᠵᠦ᠂ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ ᠮᠥᠩᠭᠦᠨ | ᠭᠦᠢᠯᠭᠡᠭᠡᠨ ᠢᠶᠠᠷ ᠲᠡᠳᠬᠦᠬᠦ ᠡᠷᠴᠢᠮ ᠢ ᠴᠢᠩᠭᠠᠷᠠᠭᠤᠯᠤᠨ᠎ᠠ᠃ ᠪᠣᠬᠢᠷᠳᠤᠯ ᠦᠭᠡᠢ ᠳᠠᠷᠢᠵᠤ ᠲᠡᠵᠢᠭᠡᠬᠦ᠂ ᠰᠢᠨᠵᠢᠯᠡᠬᠦ | ᠤᠬᠠᠭᠠᠨᠴᠢ ᠪᠠᠷ ᠪᠣᠷᠳᠣᠭᠤᠷ ᠣᠷᠣᠭᠤᠯᠵᠤ ᠡᠮ ᠬᠡᠷᠡᠭᠯᠡᠬᠦ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ | ᠠᠮᠤᠷ ᠲᠦᠪᠰᠢᠨ᠂ ᠲᠠᠷᠢᠶᠠᠯᠠᠩ ᠤᠨ ᠭᠠᠳᠠᠭᠰᠢᠯᠠᠭᠤᠯᠤᠯᠲᠠ ᠶᠢ ᠪᠠᠭᠠᠰᠬᠠᠨ ᠨᠡᠭᠦᠷᠡᠰᠦᠲᠥ᠋ᠷᠥᠭᠴᠢ ᠶᠢ | ᠲᠣᠭᠲᠠᠪᠤᠷᠢᠵᠢᠭᠤᠯᠬᠤ᠂ ᠠᠮᠢᠳᠤ ᠪᠣᠳᠠᠰ ᠤᠨ ᠡᠭᠦᠯᠳᠡᠷ ᠪᠣᠶᠢᠵᠢᠭᠤᠯᠬᠤ ᠪᠠ ᠠᠮᠢᠳᠤ ᠪᠣᠳᠠᠰ ᠤᠨ ᠠᠮᠤᠷ ᠲᠦᠪᠰᠢᠨ | ᠵᠡᠷᠭᠡ ᠲᠤᠰᠬᠠᠢ ᠮᠡᠷᠭᠡᠵᠢᠯ ᠤᠨ ᠮᠡᠳᠡᠯᠭᠡ ᠶᠢ ᠲᠦᠭᠡᠮᠡᠯᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠪᠣᠬᠢᠷᠳᠤᠯ | ᠦᠭᠡᠢ ᠬᠥᠭᠵᠢᠯᠲᠡ ᠪᠠ ᠬᠤᠶᠠᠷ ︽ᠭᠤᠷᠪᠠᠨ ᠪᠦᠲᠦᠭᠡᠭᠳᠡᠬᠦᠨ ᠨᠢᠭᠡ ᠲᠡᠮᠳᠡᠭ︾ ᠤᠨ ᠮᠡᠳᠡᠯᠭᠡ ᠮᠡᠷᠭᠡᠵᠢᠯ ᠤᠨ | ᠪᠣᠯᠪᠠᠰᠤᠷᠠᠭᠤᠯᠤᠯ ᠢ ᠴᠢᠩᠭᠠᠳᠬᠠᠨ᠂ ᠲᠠᠷᠢᠶᠠᠯᠠᠩ ᠮᠠᠯ ᠠᠵᠤ ᠠᠬᠤᠢ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢᠨ | ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠬᠤᠶᠠᠳᠤᠭᠠᠷ ᠭᠤᠷᠪᠠᠳᠤᠭᠠᠷ | ᠠᠵᠤ ᠦᠢᠯᠡᠰ ᠤᠨ ᠬᠥᠭᠵᠢᠯᠲᠡ ᠶᠢᠨ ᠴᠢᠳᠠᠪᠤᠷᠢᠲᠠᠨ ᠢ ᠲᠦᠷᠭᠡᠨ ᠬᠥᠮᠥᠵᠢᠭᠦᠯᠵᠦ᠂ ᠮᠠᠨ ᠤ ᠬᠤᠰᠢᠭᠤᠨ ᠤ | ᠲᠠᠷᠢᠶᠠᠯᠠᠩ ᠤᠨ ᠣᠳᠣᠬᠢᠴᠢᠯᠠᠯᠲᠠ ᠶᠢᠨ ᠵᠢᠱᠢᠶ᠎ᠡ ᠦᠵᠡᠭᠦᠯᠬᠦ ᠣᠷᠣᠨ᠂ ᠣᠲᠣ ᠦᠶ᠎ᠡ ᠶᠢᠨ ᠲᠠᠷᠢᠶᠠᠯᠠᠩ ᠤᠨ ᠠᠵᠤ | ᠦᠢᠯᠡᠰ ᠤᠨ ᠬᠦᠷᠢᠶᠡᠯᠡᠩ ᠳᠤ ᠠᠵᠤ ᠦᠢᠯᠡᠰ ᠤᠨ ᠬᠥᠭᠵᠢᠯᠲᠡ ᠶᠢᠨ ᠳᠠᠭᠠᠭᠤᠯᠤᠭᠴᠢ ᠶᠢ ᠬᠥᠮᠥᠵᠢᠭᠦᠯᠦᠨ᠎ᠡ᠃ | ︵ᠭᠤᠷᠪᠠ︶ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠳᠤ ᠦᠢᠯᠡᠴᠢᠯᠡᠬᠦ ᠪᠠ ᠬᠥᠳᠡᠭᠡ ᠲᠣᠰᠬᠤᠨ ᠢ | ᠵᠠᠰᠠᠵᠤ ᠪᠣᠶᠢᠵᠢᠭᠤᠯᠬᠤ ᠠᠵᠢᠯ ᠢ ᠥᠷᠨᠢᠭᠦᠯᠬᠦ ᠶᠢ ᠴᠢᠩᠭᠠᠳᠬᠠᠨ᠎ᠠ᠃ ᠲᠤᠬᠠᠢ ᠶᠢᠨ ᠭᠠᠵᠠᠷ ᠤᠨ ᠬᠥᠳᠡᠭᠡ | ᠲᠣᠰᠬᠤᠨ ᠤ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠪᠠ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ | ᠪᠣᠳᠠᠲᠤ ᠪᠠᠶᠢᠳᠠᠯ ᠢ ᠦᠨᠳᠦᠰᠦᠯᠡᠨ᠂ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ | ᠭᠤᠣᠯ ᠴᠣᠭᠴᠠ ᠪᠠ ᠦᠢᠯᠡᠴᠢᠯᠡᠭᠡᠨ ᠤ ᠭᠤᠣᠯ ᠴᠣᠭᠴᠠ᠂ ᠨᠤᠲᠤᠭ ᠲᠠᠭᠠᠨ ᠪᠤᠴᠠᠵᠤ ᠬᠥᠳᠡᠭᠡ ᠪᠠᠭᠤᠵᠤ ᠰᠢᠨ᠎ᠡ ᠶᠢ | ᠡᠭᠦᠳᠦᠨ ᠠᠳᠠᠯ ᠦᠢᠯᠡᠰ ᠴᠣᠭᠴᠠᠯᠠᠭᠴᠢ ᠪᠠ ᠲᠤᠰᠬᠠᠢ ᠮᠡᠷᠭᠡᠵᠢᠯ ᠤᠨ ᠳᠠᠷᠢᠵᠤ ᠲᠡᠵᠢᠭᠡᠬᠦ ᠴᠢᠳᠠᠪᠤᠷᠢᠲᠠᠨ ᠪᠠ | ᠭᠤᠣᠯᠳᠠᠯᠭ᠎ᠠ ᠲᠠᠢ ᠪᠣᠶᠢᠵᠢᠭᠤᠯᠵᠤ ᠡᠵᠡᠩᠨᠡᠨ ᠬᠠᠮᠢᠶᠠᠷᠬᠤ ᠬᠡᠯᠪᠡᠷᠢ ᠶᠢᠨ ᠥᠨᠳᠥᠷ ᠬᠡᠪ ᠪᠣᠯᠪᠠᠰᠤᠷᠠᠯ ᠲᠠᠢ ᠮᠠᠯᠴᠢᠨ | ᠲᠠᠷᠢᠶᠠᠴᠢᠨ ᠢ ᠬᠥᠮᠥᠵᠢᠭᠦᠯᠬᠦ ᠠᠵᠢᠯᠯᠠᠭ᠎ᠠ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ | 1. ᠭᠡᠷ ᠪᠦᠯᠢ ᠶᠢᠨ ᠲᠠᠷᠢᠶᠠᠯᠠᠩ ᠤᠨ ᠲᠠᠯᠠᠪᠠᠶ᠂ ᠮᠠᠯᠴᠢᠨ ᠲᠠᠷᠢᠶᠠᠴᠢᠨ ᠤ ᠬᠤᠷᠰᠢᠶ᠎ᠠ᠂ ᠲᠠᠷᠢᠶᠠᠯᠠᠩ ᠮᠠᠯ ᠠᠵᠤ | ᠠᠬᠤᠢ ᠶᠢᠨ ᠠᠵᠤ ᠠᠬᠤᠶᠢᠯᠠᠯ ᠪᠠ ᠲᠠᠷᠢᠶᠠᠯᠠᠩ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ | ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ | ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠪᠠ ᠦᠢᠯᠡᠴᠢᠯᠡᠭᠡᠨ ᠤ | ᠭᠤᠣᠯ ᠴᠣᠭᠴᠠ᠂ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠨ ᠬᠠᠮᠢᠶᠠᠷᠤᠭᠴᠢ ᠵᠡᠷᠭᠡ ᠨᠡᠯᠢᠶᠡᠳ ᠴᠢᠩᠭ᠎ᠠ ᠵᠢᠱᠢᠶ᠎ᠡ | ᠦᠵᠡᠭᠦᠯᠬᠦ ᠦᠢᠯᠡᠳᠦᠯ ᠲᠠᠢ ᠳᠠᠭᠠᠭᠤᠯᠤᠭᠴᠢ ᠶᠢᠨ ᠡᠩᠨᠡᠭᠡ ᠶᠢ ᠪᠣᠶᠢᠵᠢᠭᠤᠯᠵᠤ᠂ ᠲᠡᠳᠡᠨ ᠤ ᠦᠢᠯᠡᠳᠪᠦᠷᠢᠯᠡᠯ | ᠡᠵᠡᠩᠨᠡᠯᠲᠡ ᠬᠠᠮᠢᠶᠠᠷᠤᠯᠲᠠ ᠶᠢᠨ ᠴᠢᠳᠠᠪᠤᠷᠢ ᠪᠠ ᠳᠠᠶᠢᠴᠢᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | 2. ᠨᠤᠲᠤᠭ ᠲᠠᠭᠠᠨ ᠪᠤᠴᠠᠵᠤ ᠬᠥᠳᠡᠭᠡ ᠪᠠᠭᠤᠵᠤ ᠠᠳᠠᠯ ᠦᠢᠯᠡᠰ ᠴᠣᠭᠴᠠᠯᠠᠭᠴᠢ ᠳᠤ ᠬᠠᠨᠳᠤᠭᠤᠯᠤᠨ᠂ ᠳᠡᠭᠡᠳᠦ | ᠰᠤᠷᠭᠠᠭᠤᠯᠢ ᠲᠡᠭᠦᠰᠦᠭᠰᠡᠳ᠂ ᠲᠠᠷᠢᠶᠠᠴᠢᠨ ᠬᠦᠴᠦ ᠶᠠᠪᠤᠭᠰᠠᠳ ᠪᠠ ᠴᠡᠷᠢᠭ ᠠᠴᠠ ᠪᠠᠭᠤᠭᠰᠠᠳ ᠵᠡᠷᠭᠡ | ᠨᠤᠲᠤᠭ ᠲᠠᠭᠠᠨ ᠪᠤᠴᠠᠵᠤ ᠨᠤᠲᠤᠭ ᠲᠠᠭᠠᠨ ᠣᠴᠢᠭᠰᠠᠨ ᠬᠥᠮᠥᠰ ᠲᠤ ᠭᠤᠣᠯᠳᠠᠯᠭ᠎ᠠ ᠲᠠᠢ ᠬᠠᠨᠳᠤᠭᠤᠯᠤᠨ | ᠪᠣᠯᠪᠠᠰᠤᠷᠠᠭᠤᠯᠵᠤ᠂ ᠲᠡᠳᠡᠨ ᠤ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠴᠢᠳᠠᠪᠤᠷᠢ ᠶᠢ ᠨᠡᠮᠡᠭᠳᠡᠭᠦᠯᠦᠨ | ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠬᠥᠮᠥᠰ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠢ | ᠴᠢᠩᠭᠠᠳᠬᠠᠵᠤ᠂ ᠠᠵᠢᠯ ᠣᠯᠵᠤ ᠠᠳᠠᠯ ᠦᠢᠯᠡᠰ ᠴᠣᠭᠴᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | 3. ᠳᠠᠷᠢᠵᠤ ᠲᠡᠵᠢᠭᠡᠨ ᠦᠷᠡᠵᠢᠭᠦᠯᠬᠦ ᠲᠣᠮᠣ ᠡᠷᠦᠬᠡ ᠪᠠᠷ ᠭᠤᠣᠯᠳᠠᠯᠭ᠎ᠠ ᠪᠣᠯᠭᠠᠵᠤ᠂ ᠠᠵᠢᠯ ᠢᠶᠠᠨ ᠰᠡᠷᠭᠦᠭᠡᠵᠦ | ᠭᠠᠷᠤᠯᠲᠠ ᠪᠠᠨ ᠰᠡᠷᠭᠦᠭᠡᠬᠦ᠂ ᠠᠮᠤ ᠪᠤᠳᠠᠭ᠎ᠠ ᠶᠢᠨ ᠬᠠᠩᠭᠠᠯᠭ᠎ᠠ ᠶᠢ ᠪᠠᠲᠤᠯᠠᠬᠤ ᠶᠢᠨ ᠲᠣᠭᠤᠷᠢᠨ ᠳᠤ᠂ ᠲᠤᠰᠬᠠᠢ | ᠵᠦᠢᠯ ᠤᠨ ᠮᠡᠷᠭᠡᠵᠢᠯ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠨᠡᠮᠡᠭᠳᠡᠭᠦᠯᠦᠨ᠂ ᠠᠵᠤ ᠦᠢᠯᠡᠰ ᠤᠨ ᠦᠷ᠎ᠡ | ᠠᠰᠢᠭ ᠢ ᠳᠡᠭᠡᠭᠰᠢᠯᠡᠭᠦᠯᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠤᠨ᠎ᠠ᠃ | 4. ᠲᠠᠷᠢᠶᠠᠯᠠᠩ ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠤ ᠲᠥᠷᠥ ᠶᠢᠨ ᠪᠣᠳᠣᠯᠭ᠎ᠠ ᠶᠢ ᠶᠡᠬᠡᠪᠡᠷ | ᠲᠦᠭᠡᠮᠡᠯᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠢᠴᠢᠶᠡᠯ ᠤᠨ ᠲᠠᠩᠬᠢᠮ ᠳᠤ ᠣᠷᠣᠬᠤ ᠶᠢ | ᠠᠬᠢᠭᠤᠯᠤᠨ᠂ ᠦᠵᠡᠯ ᠰᠠᠨᠠᠭ᠎ᠠ ᠤᠯᠤᠰ ᠲᠥᠷᠥ᠂ ᠬᠠᠤᠯᠢ ᠴᠠᠭᠠᠵᠠ ᠬᠠᠤᠯᠢ ᠲᠣᠭᠲᠠᠭᠠᠯ᠂ ᠠᠶᠢᠯ ᠲᠣᠰᠬᠤᠨ ᠤ | ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ᠂ ᠲᠠᠷᠢᠶᠠᠯᠠᠩ ᠮᠠᠯ ᠠᠵᠤ ᠠᠬᠤᠢ ᠶᠢᠨ ᠰᠣᠶᠣᠯ ᠤᠨ ᠥᠪ ᠢ | ᠬᠠᠮᠠᠭᠠᠯᠠᠬᠤ ᠪᠠ ᠬᠥᠭᠵᠢᠭᠦᠯᠬᠦ ᠵᠡᠷᠭᠡ ᠪᠣᠯᠪᠠᠰᠤᠷᠠᠭᠤᠯᠤᠯ ᠢ ᠥᠷᠨᠢᠭᠦᠯᠵᠦ᠂ ᠨᠢᠭᠡ ᠪᠦᠯᠦᠭ ᠬᠥᠳᠡᠭᠡ ᠲᠣᠰᠬᠤᠨ ᠤ | ᠪᠦᠲᠦᠭᠡᠨ ᠪᠠᠶᠢᠭᠤᠯᠤᠯᠲᠠ᠂ ᠬᠥᠳᠡᠭᠡ ᠲᠣᠰᠬᠤᠨ ᠤ ᠲᠥᠯᠦᠪᠵᠢᠭᠦᠯᠭᠡ ᠪᠠ ᠬᠥᠳᠡᠭᠡ ᠲᠣᠰᠬᠤᠨ ᠤ ᠵᠠᠰᠠᠯᠲᠠ ᠶᠢᠨ | ᠴᠢᠳᠠᠪᠤᠷᠢᠲᠠᠨ ᠢ ᠬᠥᠮᠥᠵᠢᠭᠦᠯᠦᠨ᠎ᠡ᠃ ᠡᠶᠡᠳᠡᠭᠦᠯᠵᠦ ᠬᠥᠨᠳᠡᠯᠡᠨ ᠠᠴᠠ ᠲᠠᠰᠤᠯᠬᠤ᠂ ᠮᠡᠳᠡᠭᠡ ᠵᠠᠩᠭᠢ ᠡᠯᠧᠺᠲᠷᠣᠨ | ᠬᠤᠳᠠᠯᠳᠤᠭ᠎ᠠ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ᠂ ᠮᠠᠯᠵᠢᠬᠤ | ᠲᠠᠷᠢᠶᠠᠯᠠᠬᠤ ᠣᠷᠣᠨ ᠤ ᠵᠣᠷᠯᠣᠩ ᠢ ᠥᠭᠡᠷᠡᠴᠢᠯᠡᠬᠦ ᠵᠡᠷᠭᠡ ᠪᠣᠯᠪᠠᠰᠤᠷᠠᠭᠤᠯᠤᠯ ᠢ ᠥᠷᠨᠢᠭᠦᠯᠵᠦ᠂ ᠮᠠᠯᠵᠢᠬᠤ | ᠲᠠᠷᠢᠶᠠᠯᠠᠬᠤ ᠣᠷᠣᠨ ᠤ ᠨᠡᠶᠢᠭᠡᠮ ᠤᠨ ᠠᠵᠢᠯ ᠦᠢᠯᠡᠰ ᠤᠨ ᠬᠥᠭᠵᠢᠯᠲᠡ ᠶᠢᠨ ᠨᠢᠭᠡ ᠪᠦᠯᠦᠭ ᠴᠢᠳᠠᠪᠤᠷᠢᠲᠠᠨ ᠢ | ᠬᠥᠮᠥᠵᠢᠭᠦᠯᠦᠨ᠎ᠡ᠃ ᠳᠡᠭᠡᠳᠦ ᠰᠤᠷᠭᠠᠭᠤᠯᠢ ᠲᠡᠭᠦᠰᠦᠭᠰᠡᠳ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠪᠣᠯᠣᠨ | ᠴᠡᠷᠢᠭ ᠠᠴᠠ ᠬᠠᠯᠠᠭᠳᠠᠭᠰᠠᠳ ᠵᠡᠷᠭᠡ ᠨᠤᠲᠤᠭ ᠲᠠᠭᠠᠨ ᠪᠤᠴᠠᠭᠰᠠᠨ ᠬᠥᠮᠥᠰ ᠢᠶᠠᠷ ᠭᠤᠣᠯᠳᠠᠯᠭ᠎ᠠ ᠪᠣᠯᠭᠠᠨ ᠠᠳᠠᠯ | ᠦᠢᠯᠡᠰ ᠴᠣᠭᠴᠠᠯᠠᠬᠤ ᠪᠣᠯᠪᠠᠰᠤᠷᠠᠭᠤᠯᠤᠯ ᠢ ᠥᠷᠨᠢᠭᠦᠯᠵᠦ᠂ ᠨᠢᠭᠡ ᠪᠦᠯᠦᠭ ᠠᠳᠠᠯ ᠦᠢᠯᠡᠰ ᠴᠣᠭᠴᠠᠯᠠᠵᠤ ᠰᠢᠨ᠎ᠡ ᠶᠢ | ᠡᠭᠦᠳᠬᠦ ᠴᠢᠳᠠᠪᠤᠷᠢᠲᠠᠨ ᠢ ᠬᠥᠮᠥᠵᠢᠭᠦᠯᠦᠨ᠎ᠡ᠃ ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ ᠶᠢ ᠰᠠᠨᠠᠭᠠᠴᠢᠯᠠᠵᠤ᠂ | ᠬᠥᠳᠡᠭᠡ ᠲᠣᠰᠬᠤᠨ ᠤ ᠨᠢᠭᠡ ᠪᠦᠯᠦᠭ ᠬᠠᠤᠯᠢ ᠴᠠᠭᠠᠵᠠ ᠶᠢᠨ ᠮᠡᠷᠭᠡᠨ ᠬᠥᠮᠥᠨ ᠢ ᠬᠥᠮᠥᠵᠢᠭᠦᠯᠦᠨ᠎ᠡ᠃ | 5. ᠮᠠᠨ ᠤ ᠬᠤᠰᠢᠭᠤᠨ ᠤ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠬᠦ ᠶᠢᠨ | ᠲᠥᠯᠥᠭᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠠᠬᠢᠭᠤᠯᠵᠤ᠂ ᠡᠷᠳᠡᠨᠢ | ᠰᠢᠰᠢ᠂ ᠤᠰᠤᠨ ᠲᠤᠲᠤᠷᠭ᠎ᠠ᠂ ᠠᠯᠠᠰᠢᠨ ᠦᠬᠡᠷ᠂ ᠠᠯᠠᠰᠢᠨ ᠬᠤᠨᠢ ᠵᠡᠷᠭᠡ ᠳᠠᠪᠠᠭᠤᠯᠢᠭ ᠠᠵᠤ ᠦᠢᠯᠡᠰ ᠤᠨ | ᠲᠣᠭᠤᠷᠢᠨ ᠳᠤ᠂ ᠤᠳᠤ ᠪᠠᠶᠢᠭ᠎ᠠ ᠡᠵᠡᠩᠨᠡᠯᠲᠡ ᠶᠢᠨ ᠭᠤᠣᠯ ᠴᠣᠭᠴᠠ᠂ ᠬᠥᠳᠡᠭᠡ ᠲᠣᠰᠬᠤᠨ ᠤ ᠴᠢᠳᠠᠪᠤᠷᠢᠲᠠᠨ᠂ ᠮᠠᠯ | ᠠᠵᠤ ᠠᠬᠤᠢ ᠲᠠᠷᠢᠶᠠᠯᠠᠩ ᠤᠨ ᠠᠵᠤ ᠦᠢᠯᠡᠰᠵᠢᠯᠲᠡ ᠶᠢᠨ ᠳᠠᠭᠠᠭᠤᠯᠤᠭᠴᠢ ᠠᠵᠤ ᠠᠬᠤᠶᠢᠯᠠᠯ᠂ ᠲᠠᠷᠢᠶᠠᠴᠢᠨ ᠤ | ᠲᠤᠰᠬᠠᠢ ᠠᠵᠢᠯ ᠤᠨ ᠬᠤᠷᠰᠢᠶ᠎ᠠ ᠪᠣᠯᠣᠨ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠶᠢᠨ ᠬᠠᠷᠢᠭᠤᠴᠠᠯᠭᠠᠲᠠᠨ | ᠵᠡᠷᠭᠡ ᠶᠢ ᠠᠵᠤ ᠦᠢᠯᠡᠰ ᠤᠨ ᠬᠥᠭᠵᠢᠯᠲᠡ ᠶᠢᠨ ᠳᠠᠭᠠᠭᠤᠯᠤᠭᠴᠢ ᠪᠣᠯᠭᠠᠨ ᠪᠣᠯᠪᠠᠰᠤᠷᠠᠭᠤᠯᠵᠤ᠂ ᠬᠡᠪ ᠴᠢᠨᠠᠷ ᠢ ᠨᠢ | ᠴᠢᠨᠠᠭᠰᠢᠳᠠ ᠳᠡᠭᠡᠭᠰᠢᠯᠡᠭᠦᠯᠵᠦ᠂ ᠬᠠᠷᠠᠭ᠎ᠠ ᠶᠢ ᠨᠢ ᠥᠷᠭᠡᠳᠬᠡᠵᠦ᠂ ᠡᠭᠦᠨ ᠤ ᠤᠯᠠᠮ ᠢᠶᠠᠷ ᠠᠵᠤ ᠦᠢᠯᠡᠰ ᠤᠨ | ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠦᠨ᠎ᠡ᠃ | ︵ᠳᠥᠷᠪᠡ︶ ᠪᠣᠶᠢᠵᠢᠭᠤᠯᠬᠤ ᠪᠠᠶᠢᠭᠤᠯᠤᠮᠵᠢ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠨ᠎ᠠ᠃ ᠬᠥᠮᠥᠵᠢᠭᠦᠯᠬᠦ | ᠪᠠᠶᠢᠭᠤᠯᠤᠮᠵᠢ ᠶᠢ ᠰᠢᠨᠵᠢᠯᠡᠬᠦ ᠤᠬᠠᠭᠠᠨᠴᠢ ᠪᠠᠷ ᠰᠣᠩᠭᠤᠨ ᠲᠣᠭᠲᠠᠭᠠᠵᠤ᠂ ᠲᠠᠷᠢᠶᠠᠯᠠᠩ ᠷᠠᠳᠢᠣ᠋ ᠨᠡᠪᠲᠡᠷᠡᠭᠦᠯᠭᠡ ᠶᠢᠨ | ᠰᠤᠷᠭᠠᠭᠤᠯᠢ᠂ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠪᠠᠶᠢᠭᠤᠯᠤᠮᠵᠢ᠂ ᠮᠠᠯᠴᠢᠨ ᠲᠠᠷᠢᠶᠠᠴᠢᠨ ᠤ ᠲᠤᠰᠬᠠᠢ | ᠠᠵᠢᠯ ᠤᠨ ᠬᠤᠷᠰᠢᠶ᠎ᠠ ᠵᠡᠷᠭᠡ ᠡᠯ᠎ᠡ ᠲᠥᠷᠥᠯ ᠤᠨ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ ᠰᠠᠶᠢᠲᠤᠷ ᠠᠰᠢᠭᠯᠠᠵᠤ | ᠂ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ | ᠲᠠᠷᠢᠶᠠᠯᠠᠩ ᠷᠠᠳᠢᠣ᠋ ᠨᠡᠪᠲᠡᠷᠡᠭᠦᠯᠭᠡ ᠶᠢᠨ ᠰᠤᠷᠭᠠᠭᠤᠯᠢ ︵ᠮᠠᠯᠴᠢᠨ ᠲᠠᠷᠢᠶᠠᠴᠢᠨ ᠤ ᠰᠢᠨᠵᠢᠯᠡᠬᠦ ᠤᠬᠠᠭᠠᠨ ᠮᠡᠷᠭᠡᠵᠢᠯ | ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠲᠥᠪ︶ ᠵᠡᠷᠭᠡ ᠲᠤᠰᠬᠠᠢ ᠪᠠᠶᠢᠭᠤᠯᠤᠮᠵᠢ ᠶᠢᠨ ᠦᠢᠯᠡᠳᠦᠯ ᠢ | ᠭᠦᠢᠴᠡᠳ ᠪᠠᠳᠠᠷᠠᠭᠤᠯᠤᠨ᠂ ᠬᠡᠷᠡᠭᠴᠡᠭᠡ ᠱᠠᠭᠠᠷᠳᠠᠯᠭ᠎ᠠ ᠶᠢᠨ ᠪᠠᠶᠢᠴᠠᠭᠠᠨ ᠰᠤᠳᠤᠯᠤᠯᠲᠠ᠂ ᠪᠣᠯᠪᠠᠰᠤᠷᠠᠭᠤᠯᠤᠯ ᠤᠨ | ᠵᠣᠬᠢᠶᠠᠨ ᠪᠠᠶᠢᠭᠤᠯᠤᠯᠲᠠ᠂ ᠶᠠᠪᠤᠴᠠ ᠶᠢᠨ ᠬᠠᠮᠢᠶᠠᠷᠤᠯᠲᠠ ᠪᠠ ᠤᠷᠲᠤᠳᠬᠠᠨ ᠦᠢᠯᠡᠴᠢᠯᠡᠬᠦ ᠵᠡᠷᠭᠡ ᠠᠵᠢᠯ ᠢ | ᠥᠷᠨᠢᠭᠦᠯᠦᠨ᠎ᠡ᠃ ᠡᠯ᠎ᠡ ᠲᠥᠷᠥᠯ ᠤᠨ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠤᠨ ᠦᠢᠯᠡᠳᠦᠯ ᠢ | ᠭᠦᠢᠴᠡᠳ ᠪᠠᠳᠠᠷᠠᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠳᠠᠳᠤᠯᠭ᠎ᠠ ᠪᠣᠯᠪᠠᠰᠤᠷᠠᠭᠤᠯᠤᠯ ᠤᠨ | ᠰᠠᠭᠤᠷᠢᠨ ᠭᠠᠵᠠᠷ ᠪᠠ ᠲᠠᠷᠢᠶᠠᠴᠢᠳ ᠤᠨ ᠲᠠᠷᠢᠶᠠᠨ ᠭᠠᠵᠠᠷ ᠤᠨ ᠰᠤᠷᠭᠠᠭᠤᠯᠢ ᠵᠡᠷᠭᠡ ᠰᠤᠷᠭᠠᠨ ᠬᠥᠮᠦᠵᠢᠯ ᠤᠨ | ᠪᠣᠯᠪᠠᠰᠤᠷᠠᠭᠤᠯᠤᠯ ᠤᠨ ᠲᠠᠯᠠᠪᠤᠷ ᠭᠠᠵᠠᠷ ᠪᠠᠶᠢᠭᠤᠯᠬᠤ ᠶᠢ ᠳᠡᠮᠵᠢᠨ ᠵᠣᠷᠢᠭᠵᠢᠭᠤᠯᠵᠤ᠂ ᠠᠵᠢᠯ ᠮᠡᠷᠭᠡᠵᠢᠯ ᠤᠨ ᠮᠠᠯᠴᠢᠨ | ᠲᠠᠷᠢᠶᠠᠴᠢᠳ ᠲᠤ ᠡᠯ᠎ᠡ ᠲᠥᠷᠥᠯ ᠤᠨ ᠳᠥᠭᠦᠮ ᠳᠥᠲᠡ ᠦᠢᠯᠡᠴᠢᠯᠡᠭᠡᠨ ᠬᠠᠩᠭᠠᠨ᠎ᠠ᠃ | ︵ᠲᠠᠪᠤ︶ ᠰᠢᠨᠵᠢᠯᠡᠬᠦ ᠤᠬᠠᠭᠠᠨᠴᠢ ᠪᠠᠷ ᠵᠣᠬᠢᠶᠠᠨ ᠪᠠᠶᠢᠭᠤᠯᠤᠨ ᠪᠣᠯᠪᠠᠰᠤᠷᠠᠭᠤᠯᠤᠨ᠎ᠠ᠃ ᠬᠡᠷᠡᠭᠵᠢᠭᠦᠯᠬᠦ ᠶᠠᠪᠤᠴᠠ | ᠳᠤ᠂ ᠭᠤᠭᠴᠤᠭ᠎ᠠ ᠨᠢᠭᠡᠪᠦᠷᠢ ᠶᠢᠨ ᠪᠣᠳᠠᠲᠠᠢ ᠠᠵᠢᠯ ᠨᠢᠭᠡᠪᠦᠷᠢ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ | ᠠᠳᠬᠤᠵᠤ᠂ ᠪᠣᠶᠢᠵᠢᠭᠤᠯᠬᠤ ᠠᠵᠢᠯ ᠢ ᠦᠨᠡᠨᠬᠦ ᠪᠣᠳᠠᠲᠤ ᠭᠠᠵᠠᠷ ᠲᠤᠨᠢ ᠨᠠᠶᠢᠳᠠᠪᠤᠷᠢᠵᠢᠭᠤᠯᠬᠤ᠂ ᠪᠣᠳᠠᠲᠤ ᠦᠷ᠎ᠡ | ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠪᠣᠯᠪᠠᠰᠤᠷᠠᠭᠤᠯᠤᠯ ᠤᠨ ᠵᠢᠷᠤᠮᠵᠢᠯ ᠤᠨ ᠱᠠᠭᠠᠷᠳᠠᠯᠭ᠎ᠠ | ᠶᠣᠰᠣᠭᠠᠷ᠂ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ ᠬᠥᠮᠥᠵᠢᠭᠦᠯᠬᠦ ︽ᠵᠠᠰᠠᠭ ᠵᠠᠬᠢᠷᠭᠠᠨ ᠤ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠨᠢᠭᠡᠳᠦᠭᠡᠷ ᠬᠢᠴᠢᠶᠡᠯ︾ ᠢ ᠰᠠᠶᠢᠲᠤᠷ ᠨᠠᠶᠢᠳᠠᠪᠤᠷᠢᠵᠢᠭᠤᠯᠤᠨ᠎ᠠ᠃ | ᠬᠡᠷᠡᠭᠴᠡᠭᠡ ᠱᠠᠭᠠᠷᠳᠠᠯᠭ᠎ᠠ ᠲᠠᠢ ᠮᠠᠯᠴᠢᠨ ᠲᠠᠷᠢᠶᠠᠴᠢᠨ ᠰᠤᠷᠤᠭᠴᠢᠳ ᠤᠨ ᠦᠷᠭᠦᠯᠵᠢᠯᠡᠨ ᠪᠣᠯᠪᠠᠰᠤᠷᠠᠭᠤᠯᠤᠯ ᠳᠤ | ᠣᠷᠤᠯᠴᠠᠬᠤ ᠶᠢ ᠵᠣᠷᠢᠭᠵᠢᠭᠤᠯᠤᠨ᠎ᠠ᠃ ᠮᠠᠯᠴᠢᠨ ᠲᠠᠷᠢᠶᠠᠴᠢᠨ ᠤ ᠬᠥᠮᠦᠵᠢᠯ ᠪᠣᠯᠪᠠᠰᠤᠷᠠᠭᠤᠯᠤᠯ ᠤᠨ ᠣᠨᠴᠠᠯᠢᠭ ᠪᠠ | ᠵᠢᠮ᠎ᠡ ᠶᠣᠰᠣ ᠶᠢ ᠵᠢᠷᠤᠮᠯᠠᠵᠤ᠂ ᠳᠠᠳᠤᠯᠭ᠎ᠠ ᠪᠣᠯᠪᠠᠰᠤᠷᠠᠭᠤᠯᠤᠯ ᠢ ᠴᠢᠩᠭᠠᠷᠠᠭᠤᠯᠤᠨ᠂ ᠮᠠᠯᠴᠢᠨ ᠲᠠᠷᠢᠶᠠᠴᠢᠨ ᠤ | ᠰᠤᠷᠤᠭᠴᠢᠳ ᠢ ᠵᠣᠬᠢᠶᠠᠨ ᠪᠠᠶᠢᠭᠤᠯᠤᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠦᠷᠢᠶᠡᠯᠡᠩ | ᠲᠣᠭᠤᠷᠢᠭ᠂ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ | ᠲᠠᠯᠠᠪᠠᠶ᠂ ᠮᠠᠯᠴᠢᠨ ᠲᠠᠷᠢᠶᠠᠴᠢᠨ ᠤ ᠬᠤᠷᠰᠢᠶ᠎ᠠ ᠳᠤ ᠬᠦᠷᠴᠦ ᠪᠣᠳᠠᠲᠠᠢ ᠪᠣᠯᠪᠠᠰᠤᠷᠠᠯ ᠬᠢᠬᠦ᠂ ᠲᠣᠭᠤᠷᠢᠨ ᠦᠵᠡᠵᠦ | ᠰᠣᠯᠢᠯᠴᠠᠭ᠎ᠠ ᠬᠢᠵᠦ᠂ ᠦᠢᠯᠡᠳᠦᠯᠭᠡ ᠶᠢᠨ ᠣᠷᠴᠢᠨ ᠲᠣᠭᠤᠷᠢᠨ ᠳᠤ ᠴᠢᠳᠠᠪᠤᠷᠢ ᠶᠢᠨ ᠬᠢᠷᠢ ᠬᠡᠮᠵᠢᠶ᠎ᠡ ᠪᠠᠨ | ᠳᠡᠭᠡᠭᠰᠢᠯᠡᠭᠦᠯᠦᠨ᠎ᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠦᠨᠳᠦᠰᠦᠯᠡᠨ᠂ | ᠲᠥᠪᠯᠡᠷᠡᠭᠦᠯᠦᠨ ᠰᠤᠷᠤᠯᠴᠠᠬᠤ᠂ ᠰᠦᠯᠵᠢᠶᠡᠨ ᠳᠡᠭᠡᠷ᠎ᠡ ᠰᠤᠷᠤᠯᠴᠠᠬᠤ᠂ ᠳᠠᠳᠤᠯᠭ᠎ᠠ ᠬᠢᠵᠦ ᠪᠣᠳᠠᠲᠠᠢ | ᠪᠣᠯᠪᠠᠰᠤᠷᠠᠭᠤᠯᠬᠤ᠂ ᠲᠣᠭᠤᠷᠢᠨ ᠦᠵᠡᠵᠦ ᠰᠣᠯᠢᠯᠴᠠᠬᠤ ᠵᠡᠷᠭᠡ ᠪᠣᠯᠪᠠᠰᠤᠷᠠᠭᠤᠯᠤᠯ ᠤᠨ ᠠᠷᠭ᠎ᠠ ᠮᠠᠶ᠋ᠢᠭ ᠢ | ᠰᠢᠯᠢᠳᠡᠭᠵᠢᠭᠦᠯᠦᠨ᠎ᠡ᠃ | ︵ᠵᠢᠷᠭᠤᠭ᠎ᠠ︶ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠤ ᠬᠥᠭᠵᠢᠯᠲᠡ ᠶᠢᠨ ᠠᠷᠭ᠎ᠠ ᠵᠠᠮ ᠢ | ᠥᠷᠭᠡᠳᠬᠡᠨ᠎ᠡ᠃ᠪᠣᠯᠪᠠᠰᠤᠷᠠᠭᠤᠯᠤᠯ ᠢᠶᠠᠷ ᠬᠤᠯᠪᠣᠭᠠᠰᠤ ᠪᠣᠯᠭᠠᠵᠤ᠂ ᠪᠣᠯᠪᠠᠰᠤᠷᠠᠭᠤᠯᠤᠯ ᠳᠤ ᠣᠷᠣᠯᠴᠠᠭᠰᠠᠨ ᠮᠠᠯᠴᠢᠨ | ᠲᠠᠷᠢᠶᠠᠴᠢᠳ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠤᠨ᠂ ᠮᠠᠯᠴᠢᠨ ᠲᠠᠷᠢᠶᠠᠴᠢᠳ ᠤᠨ | ᠪᠣᠯᠪᠠᠰᠤᠷᠠᠭᠤᠯᠤᠯ ᠤᠨ ᠳᠠᠷᠠᠭᠠᠬᠢ ᠠᠵᠤ ᠦᠢᠯᠡᠰ ᠤᠨ ᠬᠥᠭᠵᠢᠯᠲᠡ ᠶᠢ ᠦᠷᠭᠦᠯᠵᠢᠯᠡᠨ ᠮᠥᠷᠳᠡᠵᠦ᠂ ᠲᠥᠷᠥ ᠶᠢᠨ | ᠪᠣᠳᠣᠯᠭ᠎ᠠ ᠶᠢᠨ ᠤᠬᠠᠭᠤᠯᠤᠨ ᠲᠠᠶᠢᠯᠪᠤᠷᠢᠯᠠᠬᠤ᠂ ᠲᠥᠷᠥᠯ ᠵᠦᠢᠯ ᠤᠨ ᠲᠠᠨᠢᠯᠴᠠᠭᠤᠯᠭ᠎ᠠ᠂ ᠮᠡᠷᠭᠡᠵᠢᠯ ᠤᠨ | ᠵᠢᠯᠣᠭᠤᠳᠤᠯᠭ᠎ᠠ ᠵᠡᠷᠭᠡ ᠤᠷᠲᠤᠳᠬᠠᠭᠰᠠᠨ ᠦᠢᠯᠡᠴᠢᠯᠡᠭᠡᠨ ᠢ ᠥᠷᠨᠢᠭᠦᠯᠦᠨ᠎ᠡ᠃ ᠮᠠᠯᠴᠢᠨ ᠲᠠᠷᠢᠶᠠᠴᠢᠳ ᠤᠨ ᠠᠵᠤ | ᠦᠢᠯᠡᠰ ᠤᠨ ᠬᠥᠭᠵᠢᠯᠲᠡ᠂ ᠦᠢᠯᠡᠳᠪᠦᠷᠢᠯᠡᠯ ᠤᠨ ᠦᠢᠯᠡᠴᠢᠯᠡᠭᠡ᠂ ᠡᠵᠡᠩᠨᠡᠨ ᠪᠣᠷᠣᠯᠠᠭᠤᠯᠵᠤ ᠪᠣᠷᠤᠯᠠᠭᠤᠯᠭ᠎ᠠ ᠶᠢ | ᠠᠬᠢᠭᠤᠯᠬᠤ ᠵᠡᠷᠭᠡ ᠲᠠᠯ᠎ᠠ ᠪᠠᠷ ᠬᠤᠯᠪᠣᠭᠠᠯᠠᠬᠤ ᠪᠠ ᠬᠠᠮᠲᠤᠷᠠᠯᠴᠠᠬᠤ ᠶᠢ ᠳᠡᠮᠵᠢᠵᠦ᠂ ᠣᠯᠠᠨ ᠵᠦᠢᠯ ᠤᠨ ᠬᠡᠯᠪᠡᠷᠢ ᠶᠢᠨ | ᠳᠡᠯᠭᠡᠨ ᠦᠵᠡᠭᠦᠯᠦᠯᠭᠡ᠂ ᠬᠥᠭᠵᠢᠯᠲᠡ ᠶᠢᠨ ᠶᠠᠷᠢᠶᠠᠨ ᠤ ᠲᠠᠪᠴᠠᠩ ᠵᠡᠷᠭᠡ ᠠᠵᠢᠯᠯᠠᠭ᠎ᠠ ᠳᠤ ᠣᠷᠣᠯᠴᠠᠵᠤ᠂ | ᠰᠣᠯᠢᠯᠴᠠᠭᠠᠨ ᠤ ᠲᠠᠪᠴᠠᠩ ᠪᠠᠶᠢᠭᠤᠯᠤᠨ᠂ ᠪᠣᠯᠪᠠᠰᠤᠷᠠᠭᠤᠯᠤᠯ ᠳᠤ ᠣᠷᠣᠯᠴᠠᠭᠰᠠᠨ ᠮᠠᠯᠴᠢᠨ ᠲᠠᠷᠢᠶᠠᠴᠢᠳ ᠢ ᠣᠷᠣᠨ | ᠠᠯᠤᠰᠯᠠᠨ ᠰᠣᠯᠢᠯᠴᠠᠭ᠎ᠠ ᠬᠢᠯᠭᠡᠵᠦ᠂ ᠣᠨᠣᠯᠵᠢᠬᠤᠨ ᠤ ᠬᠠᠷᠠᠭ᠎ᠠ ᠶᠢ ᠥᠷᠭᠡᠳᠬᠡᠨ᠎ᠡ᠃ | ᠳᠥᠷᠪᠡ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ︽ᠳᠤᠮᠳᠠᠳᠤ ᠤᠯᠤᠰ ᠤᠨ | ᠡᠪ ᠬᠠᠮᠲᠤ ᠨᠠᠮ ᠤᠨ ᠬᠥᠳᠡᠭᠡ ᠲᠣᠰᠬᠤᠨ ᠤ ᠠᠵᠢᠯ ᠤᠨ ᠳᠦᠷᠢᠮ︾ ᠢ ᠬᠢᠨᠠᠮᠠᠭᠠᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠨᠠᠮ ᠤᠨ ᠮᠠᠯᠴᠢᠨ ᠲᠠᠷᠢᠶᠠᠴᠢᠨ ᠤ ᠬᠥᠮᠦᠵᠢᠯ ᠪᠣᠯᠪᠠᠰᠤᠷᠠᠭᠤᠯᠤᠯ ᠤᠨ ᠠᠵᠢᠯ ᠳᠠᠬᠢ ᠪᠥᠬᠦ | ᠲᠠᠯ᠎ᠠ ᠶᠢᠨ ᠵᠢᠯᠣᠭᠤᠳᠤᠯᠭ᠎ᠠ ᠶᠢ ᠴᠢᠩᠭᠠᠳᠬᠠᠨ᠂ ᠮᠠᠯᠴᠢᠨ ᠲᠠᠷᠢᠶᠠᠴᠢᠨ ᠤ ᠬᠥᠮᠦᠵᠢᠯ ᠪᠣᠯᠪᠠᠰᠤᠷᠠᠭᠤᠯᠤᠯ ᠢ ᠣᠷᠣᠨ | ᠨᠤᠲᠤᠭ ᠤᠨ ︽ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠮᠠᠯᠴᠢᠨ ᠲᠠᠷᠢᠶᠠᠴᠢᠨ︾ ᠤ ᠠᠵᠢᠯ ᠪᠠ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠬᠤᠯᠠ ᠵᠥᠪᠯᠡᠬᠦ ᠵᠦᠢᠯ ᠳᠤ ᠣᠷᠣᠭᠤᠯᠵᠤ᠂ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠪᠡᠯᠡ ᠮᠥᠩᠭᠦ ᠶᠢᠨ ᠣᠷᠣᠭᠤᠯᠤᠯᠲᠠ ᠶᠢ | ᠪᠠᠲᠤᠯᠠᠵᠤ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠂ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢ | ᠴᠢᠩᠭᠠᠳᠬᠠᠵᠤ᠂ ᠡᠭᠦᠷᠭᠡ ᠶᠢ ᠬᠥᠮᠥᠨ ᠳᠤ ᠨᠠᠶᠢᠳᠠᠪᠤᠷᠢᠵᠢᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢ ᠥᠨᠳᠥᠷ ᠬᠡᠪ ᠪᠣᠯᠪᠠᠰᠤᠷᠠᠯ ᠲᠠᠢ ᠮᠠᠯᠴᠢᠨ | ᠲᠠᠷᠢᠶᠠᠴᠢᠨ ᠢ ᠬᠥᠮᠥᠵᠢᠭᠦᠯᠬᠦ ︽ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠨᠢᠭᠡᠳᠦᠭᠡᠷ | ᠬᠢᠴᠢᠶᠡᠯ︾ ᠳᠤ ᠣᠷᠣᠭᠤᠯᠵᠤ᠂ ᠮᠠᠯᠴᠢᠨ ᠲᠠᠷᠢᠶᠠᠴᠢᠨ ᠤ ᠬᠥᠮᠦᠵᠢᠯ ᠪᠣᠯᠪᠠᠰᠤᠷᠠᠯ ᠪᠣᠯᠣᠨ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠢ ᠣᠷᠭᠠᠨᠢᠭ ᠢᠶᠠᠷ ᠤᠶᠠᠯᠳᠤᠭᠤᠯᠵᠤ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ | ᠰᠢᠰᠲ᠋ᠧᠮ ᠲᠠᠢ ᠪᠠᠶᠢᠷᠢᠯᠠᠭᠤᠯᠬᠤ ᠬᠡᠷᠡᠭᠲᠡᠢ᠃ | ︵ᠬᠤᠶᠠᠷ︶ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠎ᠠ᠃ ᠮᠠᠨ ᠤ ᠬᠤᠰᠢᠭᠤ | ᠮᠠᠯᠴᠢᠨ ᠲᠠᠷᠢᠶᠠᠴᠢᠨ ᠤ ᠯᠧᠺᠲ᠋ᠣᠷ ᠪᠠ ᠡᠵᠡᠩᠨᠡᠯᠲᠡ ᠬᠠᠮᠢᠶᠠᠷᠤᠯᠲᠠ ᠶᠢᠨ ᠬᠡᠯᠪᠡᠷᠢ ᠶᠢᠨ ᠪᠣᠯᠪᠠᠰᠤᠷᠠᠭᠤᠯᠤᠯ ᠢ | ᠭᠤᠣᠯᠳᠠᠯᠭ᠎ᠠ ᠲᠠᠢ ᠥᠷᠨᠢᠭᠦᠯᠵᠦ᠂ ᠳᠠᠳᠤᠯᠭ᠎ᠠ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ ᠰᠢᠯᠢᠨ | ᠰᠣᠩᠭᠤᠬᠤ ᠵᠡᠷᠭᠡ ᠠᠵᠢᠯ ᠢ ᠭᠤᠣᠯᠳᠠᠯᠭ᠎ᠠ ᠲᠠᠢ ᠥᠷᠨᠢᠭᠦᠯᠦᠨ᠎ᠡ᠃ ᠬᠤᠰᠢᠭᠤᠨ ᠤ ᠲᠠᠷᠢᠶᠠᠯᠠᠩ ᠮᠠᠯ ᠠᠵᠤ ᠠᠬᠤᠢ | ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠰ ᠤᠨ ᠭᠤᠣᠯ ᠬᠠᠮᠢᠶᠠᠷᠤᠯᠲᠠ ᠶᠢᠨ ᠰᠠᠯᠠᠭ᠎ᠠ ᠮᠥᠴᠢᠷ ᠲᠣᠰ | ᠭᠠᠵᠠᠷ ᠤᠨ ᠬᠥᠮᠥᠵᠢᠭᠦᠯᠬᠦ ᠠᠵᠢᠯ ᠢ ᠪᠣᠳᠠᠲᠠᠢ ᠬᠠᠷᠢᠭᠤᠴᠠᠵᠤ᠂ ᠣᠨ ᠤ ᠪᠣᠯᠪᠠᠰᠤᠷᠠᠭᠤᠯᠤᠯ ᠤᠨ ᠡᠭᠦᠷᠭᠡ ᠪᠠ | ᠨᠥᠬᠦᠪᠦᠷᠢ ᠮᠥᠩᠭᠦ ᠶᠢ ᠦᠨᠳᠦᠰᠦᠯᠡᠨ᠂ ᠲᠣᠰ ᠱᠠᠲᠤᠨ ᠤ ᠬᠡᠷᠡᠭᠵᠢᠭᠦᠯᠬᠦ ᠲᠥᠰᠥᠯ ᠪᠠ ᠪᠡᠯᠡ ᠮᠥᠩᠭᠦ ᠶᠢᠨ | ᠬᠤᠪᠢᠶᠠᠷᠢᠯᠠᠯᠲᠠ ᠶᠢᠨ ᠲᠥᠯᠥᠪᠯᠡᠭᠡ ᠶᠢ ᠲᠣᠭᠲᠠᠭᠠᠵᠤ᠂ ᠬᠡᠷᠡᠭᠵᠢᠭᠦᠯᠬᠦ ᠲᠥᠰᠥᠯ ᠳᠤ ᠲᠤᠰᠬᠠᠢ ᠮᠡᠷᠭᠡᠵᠢᠯ ᠤᠨ | ᠦᠢᠯᠡᠳᠪᠦᠷᠢᠯᠡᠯ ᠤᠨ ᠬᠡᠯᠪᠡᠷᠢ ᠶᠢᠨ ᠡᠭᠦᠷᠭᠡ ᠶᠢᠨ ᠲᠤᠭ᠎ᠠ᠂ ᠭᠤᠣᠯ ᠠᠷᠭ᠎ᠠ ᠬᠡᠮᠵᠢᠶ᠎ᠡ᠂ ᠪᠣᠯᠪᠠᠰᠤᠷᠠᠭᠤᠯᠤᠯ ᠤᠨ | ᠪᠠᠶᠢᠭᠤᠯᠤᠮᠵᠢ ᠶᠢ ᠮᠠᠭᠠᠳᠯᠠᠨ ᠲᠣᠭᠲᠠᠭᠠᠬᠤ᠂ ᠬᠡᠷᠡᠭᠵᠢᠭᠦᠯᠬᠦ ᠠᠬᠢᠴᠠ᠂ ᠪᠡᠯᠡ ᠮᠥᠩᠭᠦ ᠶᠢᠨ ᠬᠡᠷᠡᠭᠯᠡᠯᠲᠡ ᠵᠡᠷᠭᠡ | ᠠᠭᠤᠯᠭ᠎ᠠ ᠶᠢ ᠲᠣᠳᠣᠷᠬᠠᠶᠢᠯᠠᠨ᠎ᠠ︔ ᠪᠣᠯᠪᠠᠰᠤᠷᠠᠭᠤᠯᠤᠯ ᠤᠨ ᠡᠲᠡᠭᠡᠳ ᠢ ᠲᠣᠭᠲᠠᠭᠠᠬᠤ᠂ ᠪᠣᠯᠪᠠᠰᠤᠷᠠᠭᠤᠯᠤᠯ ᠤᠨ | ᠭᠤᠣᠯ ᠴᠣᠭᠴᠠ ᠶᠢ ᠰᠣᠩᠭᠤᠨ ᠲᠣᠭᠲᠠᠭᠠᠬᠤ᠂ ᠪᠣᠯᠪᠠᠰᠤᠷᠠᠭᠤᠯᠤᠯ ᠳᠤ ᠬᠢᠨᠠᠯᠲᠠ ᠲᠠᠯᠪᠢᠵᠤ ᠬᠠᠮᠢᠶᠠᠷᠬᠤ ᠪᠠ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠢ᠃ᠪᠣᠯᠪᠠᠰᠤᠷᠠᠭᠤᠯᠬᠤ | ᠡᠭᠦᠷᠭᠡ ᠶᠢ ᠡᠭᠦᠷᠭᠡᠯᠡᠵᠦ ᠪᠠᠶᠢᠭ᠎ᠠ ᠨᠢᠭᠡᠴᠢ ᠨᠦᠭᠦᠳ ᠲᠤᠬᠠᠢ ᠶᠢᠨ ᠭᠠᠵᠠᠷ ᠤᠨ ᠲᠠᠷᠢᠶᠠᠯᠠᠩ ᠮᠠᠯ ᠠᠵᠤ ᠠᠬᠤᠢ ᠪᠠ | ᠰᠢᠨᠵᠢᠯᠡᠬᠦ ᠤᠬᠠᠭᠠᠨ ᠮᠡᠷᠭᠡᠵᠢᠯ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ | ᠵᠢᠯᠣᠭᠤᠳᠤᠯᠭ᠎ᠠ ᠶᠢᠨ ᠳᠣᠣᠷ᠎ᠠ᠂ ᠪᠣᠯᠪᠠᠰᠤᠷᠠᠭᠤᠯᠬᠤ ᠲᠥᠯᠥᠪᠯᠡᠭᠡ ᠲᠣᠭᠲᠠᠭᠠᠵᠤ᠂ ᠪᠣᠯᠪᠠᠰᠤᠷᠠᠭᠤᠯᠬᠤ ᠬᠢᠴᠢᠶᠡᠯ ᠢ | ᠰᠢᠯᠢᠳᠡᠭᠵᠢᠭᠦᠯᠦᠨ᠂ ᠪᠣᠯᠪᠠᠰᠤᠷᠠᠭᠤᠯᠬᠤ ᠪᠠᠭᠰᠢ ᠶᠢ ᠰᠠᠶᠢᠲᠤᠷ ᠰᠣᠩᠭᠤᠵᠤ᠂ ᠰᠤᠷᠤᠭᠴᠢᠳ ᠤᠨ ᠪᠣᠯᠪᠠᠰᠤᠷᠠᠯ ᠤᠨ | ᠲᠠᠩᠰᠠ ᠡᠪᠬᠡᠮᠡᠯ ᠪᠠᠶᠢᠭᠤᠯᠵᠤ᠂ ᠪᠣᠯᠪᠠᠰᠤᠷᠠᠯ ᠳᠤ ᠣᠷᠣᠯᠴᠠᠭᠰᠠᠳ ᠤᠨ ᠮᠡᠳᠡᠭᠡ ᠵᠠᠩᠭᠢ ᠶᠢ ᠳᠤᠮᠳᠠᠳᠤ ᠤᠯᠤᠰ ᠤᠨ | ᠬᠥᠳᠡᠭᠡ ᠲᠣᠰᠬᠤᠨ ᠤ ᠠᠯᠤᠰ ᠠᠴᠠ ᠵᠢᠭᠠᠬᠤ ᠰᠤᠷᠭᠠᠨ ᠬᠥᠮᠦᠵᠢᠯ ᠤᠨ ᠰᠦᠯᠵᠢᠶᠡᠨ ᠤ ︽ᠲᠠᠷᠢᠶᠠᠴᠢᠳ ᠤᠨ | ᠰᠤᠷᠭᠠᠨ ᠬᠥᠮᠦᠵᠢᠯ ᠤᠨ ᠪᠣᠯᠪᠠᠰᠤᠷᠠᠯ ᠤᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ︾ ᠳᠤ ᠴᠠᠭ ᠲᠤᠬᠠᠢ | ᠳᠤᠨᠢ ᠪᠢᠴᠢᠵᠦ ᠣᠷᠣᠭᠤᠯᠬᠤ ᠬᠡᠷᠡᠭᠲᠡᠢ᠃ ᠮᠥᠷᠳᠡᠨ ᠦᠢᠯᠡᠴᠢᠯᠡᠬᠦ ᠪᠠᠨ ᠴᠢᠩᠭᠠᠳᠬᠠᠵᠤ᠂ ᠲᠥᠷᠥ ᠶᠢᠨ | ᠪᠣᠳᠣᠯᠭ᠎ᠠ ᠶᠢᠨ ᠳᠡᠮᠵᠢᠯᠭᠡ ᠶᠢ ᠢᠳᠡᠪᠬᠢᠲᠡᠢ ᠲᠡᠮᠡᠴᠡᠨ ᠣᠯᠵᠤ᠂ ᠰᠤᠷᠤᠭᠴᠢᠳ ᠤᠨ ᠠᠵᠤ ᠦᠢᠯᠡᠰ ᠤᠨ | ᠬᠥᠭᠵᠢᠯᠲᠡ ᠶᠢᠨ ᠪᠠᠶᠢᠳᠠᠯ ᠢ ᠠᠩᠬᠠᠷᠴᠤ᠂ ᠮᠡᠷᠭᠡᠵᠢᠯ ᠤᠨ ᠵᠢᠯᠣᠭᠤᠳᠤᠯᠭ᠎ᠠ᠂ ᠲᠥᠷᠥ ᠶᠢᠨ ᠪᠣᠳᠣᠯᠭ᠎ᠠ ᠶᠢᠨ ᠳᠡᠮᠵᠢᠯᠭᠡ | ᠂ ᠰᠣᠯᠢᠯᠴᠠᠭᠠᠨ ᠤ ᠲᠠᠪᠴᠠᠩ᠂ ᠰᠦᠯᠵᠢᠶᠡᠨ ᠳᠡᠭᠡᠷᠡᠬᠢ ᠦᠢᠯᠡᠴᠢᠯᠡᠭᠡ ᠵᠡᠷᠭᠡ ᠶᠢ ᠰᠠᠨᠠᠭᠠᠴᠢᠯᠠᠭ᠎ᠠ ᠠᠴᠠ ᠪᠠᠨ | ᠬᠠᠩᠭᠠᠬᠤ ᠬᠡᠷᠡᠭᠲᠡᠢ᠃ | ︵ᠭᠤᠷᠪᠠ︶ ᠬᠥᠮᠥᠵᠢᠭᠦᠯᠦᠨ ᠪᠣᠶᠢᠵᠢᠭᠤᠯᠬᠤ ᠣᠨᠣᠯᠵᠢᠬᠤᠨ᠃ ᠮᠠᠨ ᠤ ᠬᠤᠰᠢᠭᠤᠨ ᠤ ᠥᠨᠳᠥᠷ ᠬᠡᠪ | ᠪᠣᠯᠪᠠᠰᠤᠷᠠᠯ ᠲᠠᠢ ᠮᠠᠯᠴᠢᠨ ᠲᠠᠷᠢᠶᠠᠴᠢᠨ ᠤ ᠪᠣᠯᠪᠠᠰᠤᠷᠠᠭᠤᠯᠤᠯ ᠢ ᠲᠠᠰ ᠳᠠᠪᠬᠤᠷᠭ᠎ᠠ ᠲᠥᠷᠥᠯ ᠬᠡᠰᠡᠭ ᠬᠤᠪᠢᠶᠠᠵᠤ | ᠦᠶᠡᠯᠡᠯ ᠤᠨ ᠬᠤᠭᠤᠴᠠᠭ᠎ᠠ ᠪᠠᠷ ᠶᠠᠪᠤᠭᠳᠠᠭᠤᠯᠵᠤ᠂ ᠨᠡᠶᠢᠲᠡᠯᠢᠭ ᠴᠢᠨᠠᠷ ᠲᠠᠢ ᠤᠷ᠎ᠠ ᠮᠡᠷᠭᠡᠵᠢᠯ ᠤᠨ ᠠᠵᠢᠯᠲᠠᠨ ᠪᠠ | ᠪᠥᠬᠦ ᠠᠵᠤ ᠦᠢᠯᠡᠰ ᠤᠨ ᠬᠡᠯᠬᠢᠶᠡᠨ ᠤ ᠶᠡᠷᠦᠩᠬᠡᠶᠢᠯᠡᠭᠰᠡᠨ ᠬᠡᠯᠪᠡᠷᠢ ᠶᠢᠨ ᠴᠢᠳᠠᠪᠤᠷᠢᠲᠠᠨ ᠢ ᠬᠥᠮᠥᠵᠢᠭᠦᠯᠬᠦ ᠪᠠᠷ | ᠭᠤᠣᠯᠳᠠᠯᠭ᠎ᠠ ᠪᠣᠯᠭᠠᠨ᠂ ᠮᠡᠷᠭᠡᠵᠢᠯ ᠤᠷ᠎ᠠ ᠮᠡᠷᠭᠡᠵᠢᠯ ᠤᠨ ᠪᠣᠯᠪᠠᠰᠤᠷᠠᠭᠤᠯᠤᠯ ᠪᠠ ᠠᠵᠤ ᠦᠢᠯᠡᠰ ᠤᠨ | ᠳᠠᠭᠠᠭᠤᠯᠤᠭᠴᠢ ᠶᠢ ᠲᠦᠷᠭᠡᠨ ᠬᠥᠮᠥᠵᠢᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ | ᠤᠯᠠᠷᠢᠯ ᠢ ᠦᠨᠳᠦᠰᠦᠯᠡᠨ ᠪᠣᠯᠪᠠᠰᠤᠷᠠᠭᠤᠯᠤᠯ ᠤᠨ ᠴᠠᠭ ᠤᠨ ᠤᠷᠳᠤ ᠶᠢ ᠵᠦᠢ ᠵᠣᠬᠢᠰᠲᠠᠢ ᠲᠣᠬᠢᠷᠠᠭᠤᠯᠵᠤ᠂ | ᠲᠠᠷᠢᠶᠠᠯᠠᠬᠤ ᠴᠠᠭ ᠤᠨ ᠶᠣᠰᠣᠭᠠᠷ ᠬᠡᠰᠡᠭ ᠬᠤᠪᠢᠶᠠᠨ ᠪᠣᠯᠪᠠᠰᠤᠷᠠᠭᠤᠯᠤᠯ ᠥᠷᠨᠢᠭᠦᠯᠦᠨ᠎ᠡ ︵ᠨᠢᠭᠡ ᠦᠢᠯᠡᠳᠪᠦᠷᠢᠯᠡᠯ | ᠤᠨ ᠦᠶᠡᠯᠡᠯ᠂ ᠬᠤᠶᠠᠷ ᠡᠭᠡᠯᠵᠢ ᠶᠢᠨ ᠪᠣᠯᠪᠠᠰᠤᠷᠠᠭᠤᠯᠤᠯ︶᠃ ︽ᠰᠣᠩᠭᠤᠨ ᠪᠣᠶᠢᠵᠢᠭᠤᠯᠵᠤ ᠬᠡᠷᠡᠭᠯᠡᠬᠦ︾ ᠶᠢ ᠨᠢᠭᠡ | ᠴᠣᠭᠴᠠᠵᠢᠭᠤᠯᠤᠨ ᠪᠣᠶᠢᠵᠢᠭᠤᠯᠬᠤ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠥᠨᠳᠥᠷ ᠬᠡᠪ ᠴᠢᠨᠠᠷ ᠪᠦᠬᠦᠢ | ᠮᠠᠯᠴᠢᠨ ᠲᠠᠷᠢᠶᠠᠴᠢᠨ ᠢ ᠰᠢᠯᠢᠨ ᠰᠣᠩᠭᠤᠬᠤ᠂ ᠪᠣᠶᠢᠵᠢᠭᠤᠯᠬᠤ᠂ ᠬᠡᠷᠡᠭᠯᠡᠬᠦ ᠡᠯ᠎ᠡ ᠭᠤᠭᠴᠤᠭ᠎ᠠ ᠶᠢ ᠲᠠᠷᠢᠶᠠᠯᠠᠩ ᠮᠠᠯ | ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠤ ᠲᠥᠷᠥ ᠶᠢᠨ ᠪᠣᠳᠣᠯᠭ᠎ᠠ ᠯᠤᠭ᠎ᠠ ᠣᠷᠭᠠᠨᠢᠭ ᠢᠶᠠᠷ ᠵᠣᠯᠭᠠᠭᠤᠯᠬᠤ ᠶᠢ | ᠠᠬᠢᠭᠤᠯᠤᠨ᠎ᠠ᠃ ᠮᠠᠨ ᠤ ᠬᠤᠰᠢᠭᠤᠨ ᠤ ᠮᠠᠯᠴᠢᠨ ᠲᠠᠷᠢᠶᠠᠴᠢᠨ ᠤ ᠪᠣᠯᠪᠠᠰᠤᠷᠠᠭᠤᠯᠤᠯ ᠢ ᠦᠨᠳᠦᠰᠦᠨ ᠱᠠᠲᠤᠨ ᠤ | ᠨᠠᠮ ᠤᠨ ᠪᠠᠶᠢᠭᠤᠯᠤᠯᠲᠠ ᠲᠠᠢ ᠣᠷᠭᠠᠨᠢᠭ ᠢᠶᠠᠷ ᠤᠶᠠᠯᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠥᠷᠭᠡᠨ ᠢᠶᠠᠷ ᠤᠬᠠᠭᠤᠯᠵᠤ᠂ | ᠨᠠᠮ ᠤᠨ ᠳᠦᠷᠢᠮ ᠲᠣᠭᠲᠠᠭᠠᠯ ᠪᠠ ᠨᠠᠮ ᠤᠨ ᠦᠨᠳᠦᠰᠦᠨ ᠮᠡᠳᠡᠯᠭᠡ ᠶᠢ ᠣᠶᠢᠯᠠᠭᠠᠵᠤ᠂ ᠨᠡᠶᠢᠭᠡᠮ ᠵᠢᠷᠤᠮ ᠤᠨ | ᠭᠤᠣᠯᠯᠠᠭᠴᠢ ᠥᠷᠲᠡᠭ ᠤᠨ ᠦᠵᠡᠯᠲᠡ ᠶᠢ ᠪᠠᠳᠠᠷᠠᠭᠤᠯᠤᠨ᠂ ᠮᠠᠯᠴᠢᠨ ᠲᠠᠷᠢᠶᠠᠴᠢᠨ ᠢ ᠬᠥᠮᠥᠵᠢᠭᠦᠯᠦᠨ ᠬᠥᠲᠥᠯᠵᠦ | ᠪᠠᠶᠢᠭᠠᠳ ᠨᠠᠮ ᠤᠨ ᠦᠭᠡ ᠶᠢ ᠰᠣᠨᠣᠰᠴᠤ᠂ ᠨᠠᠮ ᠤᠨ ᠠᠴᠢ ᠶᠢ ᠮᠡᠳᠡᠷᠡᠵᠦ᠂ ᠨᠠᠮ ᠢᠶᠠᠨ ᠳᠠᠭᠠᠨ᠎ᠠ᠃ | ︵ᠳᠥᠷᠪᠡ︶ ᠪᠣᠯᠪᠠᠰᠤᠷᠠᠭᠤᠯᠤᠯ ᠤᠨ ᠵᠠᠭᠪᠤᠷ ᠢ ᠰᠢᠯᠢᠳᠡᠭᠵᠢᠭᠦᠯᠦᠨ᠎ᠡ᠃ ᠮᠠᠨ ᠤ ᠬᠤᠰᠢᠭᠤᠨ ᠤ ᠠᠵᠤ | ᠦᠢᠯᠡᠰ ᠤᠨ ᠦᠶᠡᠯᠡᠯ ᠤᠨ ᠬᠤᠭᠤᠴᠠᠭ᠎ᠠ ᠶᠢᠨ ᠲᠣᠭᠤᠷᠢᠨ ᠳᠤ ᠱᠠᠲᠤ ᠬᠤᠪᠢᠶᠠᠨ᠂ ᠡᠭᠡᠯᠵᠢᠯᠡᠬᠦ ᠮᠠᠶ᠋ᠢᠭ ᠤᠨ | ᠪᠣᠯᠪᠠᠰᠤᠷᠠᠭᠤᠯᠤᠯ ᠢ ᠥᠷᠨᠢᠭᠦᠯᠵᠦ᠂ ᠪᠣᠳᠠᠲᠠᠢ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ ᠰᠠᠶᠢᠲᠤᠷ ᠰᠣᠩᠭᠤᠵᠤ᠂ | ᠤᠷ᠎ᠠ ᠴᠢᠳᠠᠪᠤᠷᠢ ᠶᠢᠨ ᠪᠣᠯᠪᠠᠰᠤᠷᠠᠯ᠂ ᠪᠣᠯᠪᠠᠰᠤᠷᠠᠭᠤᠯᠤᠯ ᠤᠨ ᠳᠠᠷᠠᠭᠠᠬᠢ ᠵᠢᠯᠣᠭᠤᠳᠤᠯᠭ᠎ᠠ ᠪᠠ ᠮᠥᠷᠳᠡᠨ | ᠦᠢᠯᠡᠴᠢᠯᠡᠭᠡ ᠶᠢ ᠴᠢᠩᠭᠠᠳᠬᠠᠨ᠎ᠠ᠃ ᠨᠠᠷᠢᠯᠢᠭ ᠣᠨᠣᠴᠠᠲᠠᠢ ᠪᠣᠯᠪᠠᠰᠤᠷᠠᠭᠤᠯᠤᠯ ᠢ ᠴᠢᠩᠭᠠᠳᠬᠠᠨ᠎ᠠ᠃ ᠬᠥᠮᠥᠵᠢᠭᠦᠯᠬᠦ | ᠡᠲᠡᠭᠡᠳ ᠪᠣᠯᠣᠨ ᠪᠣᠯᠪᠠᠰᠤᠷᠠᠭᠤᠯᠬᠤ ᠠᠭᠤᠯᠭ᠎ᠠ ᠶᠢ ᠦᠨᠳᠦᠰᠦᠯᠡᠨ᠂ ᠵᠦᠷᠢᠶᠡᠴᠢᠯᠡᠭᠰᠡᠨ ᠪᠣᠯᠪᠠᠰᠤᠷᠠᠭᠤᠯᠬᠤ | ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠬᠡᠷᠡᠭᠲᠡᠢ᠃ ᠬᠢᠴᠢᠶᠡᠯᠯᠡᠬᠦ ᠪᠠᠭᠰᠢ ᠪᠠ ᠰᠣᠳᠣᠨ ᠵᠢᠭᠠᠬᠤ | ᠮᠠᠲ᠋ᠧᠷᠢᠶᠠᠯ ᠢ ᠰᠢᠯᠢᠳᠡᠭᠴᠢᠯᠡᠨ ᠰᠣᠩᠭᠤᠵᠤ᠂ ᠬᠢᠴᠢᠶᠡᠯ ᠤᠨ ᠲᠠᠩᠬᠢᠮ ᠢ ᠶᠡᠷᠦᠩᠬᠡᠶᠢᠯᠡᠨ ᠬᠡᠷᠡᠭᠯᠡᠨ᠎ᠡ᠃ | | |