ᠬᠤᠷᠴᠢᠨ ᠪᠠᠷᠠᠭᠤᠨ ᠭᠠᠷᠤᠨ ᠳᠤᠮᠳᠠᠳᠤ ᠵᠠᠰᠠᠭ ᠠᠯᠪᠠᠨ ᠲᠠᠷᠬᠠᠭᠠᠭᠰᠠᠨ 〔2022〕 81 ᠳ᠋ᠤᠭᠡᠷ ᠲᠣᠭᠠᠲᠤ | | | ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠬᠠᠷᠢᠶ᠎ᠠ ᠬᠤᠯᠪᠣᠭᠳᠠᠯ ᠪᠦᠬᠦᠢ | ᠰᠠᠯᠠᠭ᠎ᠠ ᠮᠥᠴᠢᠷ ᠲᠤ᠄ | ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2022 ᠣᠨ ᠤ ᠲᠥᠪ ᠤᠨ ᠡᠳ᠋ ᠤᠨ ᠵᠠᠰᠠᠭ ᠤᠨ | ᠲᠠᠷᠢᠶᠠᠨ ᠭᠠᠵᠠᠷ ᠢ ᠭᠦᠨ ᠰᠤᠯᠠᠷᠠᠭᠤᠯᠬᠤ ᠲᠥᠷᠥᠯ ᠵᠦᠢᠯ ᠤᠨ ᠬᠡᠷᠡᠭᠵᠢᠭᠦᠯᠬᠦ ᠲᠥᠰᠥᠯ︾ ᠢ ᠡᠳᠦᠭᠡ ᠲᠠᠨᠠᠷ ᠲᠤ | ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠢ᠃ | | | | 2022 ᠣᠨ ᠤ 11 ᠰᠠᠷ᠎ᠠ ᠶᠢᠨ 2 ᠤ ᠡᠳᠦᠷ | | | | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2022 ᠣᠨ ᠤ ᠲᠥᠪ ᠤᠨ ᠡᠳ᠋ ᠤᠨ ᠵᠠᠰᠠᠭ ᠤᠨ ᠲᠠᠷᠢᠶᠠᠨ | ᠭᠠᠵᠠᠷ ᠢ ᠭᠦᠨ ᠰᠤᠯᠠᠷᠠᠭᠤᠯᠬᠤ ᠲᠥᠷᠥᠯ ᠵᠦᠢᠯ ᠤᠨ ᠬᠡᠷᠡᠭᠵᠢᠭᠦᠯᠬᠦ ᠲᠥᠰᠥᠯ | | | ︽ᠬᠢᠩᠭᠠᠨ ᠠᠶᠢᠮᠠᠭ ᠤᠨ 2022 ᠣᠨ ᠤ ᠲᠥᠪ ᠤᠨ ᠡᠳ᠋ ᠤᠨ ᠵᠠᠰᠠᠭ ᠤᠨ ᠲᠠᠷᠢᠶᠠᠨ ᠭᠠᠵᠠᠷ ᠢ ᠭᠦᠨ | ᠰᠤᠯᠠᠷᠠᠭᠤᠯᠬᠤ ᠲᠥᠷᠥᠯ ᠵᠦᠢᠯ ᠤᠨ ᠬᠡᠷᠡᠭᠵᠢᠭᠦᠯᠬᠦ ᠲᠥᠰᠥᠯ︾ ᠤᠨ ᠱᠠᠭᠠᠷᠳᠠᠯᠭ᠎ᠠ ᠶᠣᠰᠣᠭᠠᠷ᠂ ᠮᠠᠨ ᠤ | ᠬᠤᠰᠢᠭᠤᠨ ᠤ ᠳᠠᠷᠢᠶᠠᠨ ᠭᠠᠵᠠᠷ ᠢ ᠭᠦᠨ ᠰᠤᠯᠠᠷᠠᠭᠤᠯᠵᠤ ᠭᠠᠵᠠᠷ ᠲᠡᠭᠰᠢᠯᠡᠬᠦ ᠠᠵᠢᠯ ᠢ ᠵᠢᠷᠤᠮᠵᠢᠭᠤᠯᠤᠨ | ᠬᠡᠷᠡᠭᠵᠢᠭᠦᠯᠬᠦ ᠶᠢ ᠠᠬᠢᠭᠤᠯᠬᠤ ᠶᠢᠨ ᠲᠤᠰᠠᠳᠠ᠂ ᠮᠠᠨ ᠤ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ | ᠲᠥᠰᠥᠯ ᠢ ᠣᠨᠴᠠᠭᠠᠶᠢᠯᠠᠨ ᠲᠣᠭᠲᠠᠭᠠᠪᠠ᠃ | ᠨᠢᠭᠡ᠂ ᠡᠭᠦᠷᠭᠡ ᠶᠢᠨ ᠲᠣᠬᠢᠷᠠᠭᠤᠯᠤᠯᠲᠠ | 2022 ᠣᠨ ᠳᠤ᠂ ᠬᠢᠩᠭᠠᠨ ᠠᠶᠢᠮᠠᠭ ᠠᠴᠠ ᠮᠠᠨ ᠤ ᠬᠤᠰᠢᠭᠤᠨ ᠤ ᠳᠠᠷᠢᠶᠠᠨ ᠭᠠᠵᠠᠷ ᠢ ᠭᠦᠨ ᠰᠤᠯᠠᠷᠠᠭᠤᠯᠵᠤ | ᠭᠠᠵᠠᠷ ᠲᠡᠭᠰᠢᠯᠡᠬᠦ ᠠᠵᠢᠯ ᠤᠨ ᠡᠭᠦᠷᠭᠡ ᠶᠢ 61 ᠲᠦᠮᠡᠨ ᠮᠦ ᠪᠠᠭᠤᠯᠭᠠᠵᠤ᠂ ᠡᠭᠦᠨ ᠳᠤ᠂ ᠨᠥᠬᠦᠪᠦᠷᠢ ᠥᠭᠬᠦ | ᠲᠤᠷᠰᠢᠯᠲᠠ ᠶᠢᠨ ᠲᠠᠯᠠᠪᠠᠶ 35 ᠲᠦᠮᠡᠨ ᠮᠦ ᠳᠤ ᠬᠦᠷᠴᠦ᠂ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ | ᠲᠣᠪᠴᠢᠶ᠎ᠠ᠂ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ ᠠᠴᠠ ᠡᠳ᠋ ᠤᠨ ᠵᠠᠰᠠᠭ ᠤᠨ ᠶᠠᠮᠤᠨ᠂ ᠲᠠᠷᠢᠶᠠᠯᠠᠩ | ᠬᠥᠳᠡᠭᠡ ᠲᠣᠰᠬᠤᠨ ᠤ ᠶᠠᠮᠤᠨ ᠤ ︽ᠲᠠᠷᠢᠶᠠᠯᠠᠩ ᠤᠨ ᠬᠠᠮᠢᠶ᠎ᠠ ᠪᠦᠬᠦᠢ ᠰᠢᠯᠵᠢᠭᠦᠯᠦᠨ ᠥᠭᠬᠦ ᠪᠡᠯᠡ ᠮᠥᠩᠭᠦ ᠶᠢᠨ | ᠬᠠᠮᠢᠶᠠᠷᠤᠯᠲᠠ ᠶᠢᠨ ᠠᠷᠭ᠎ᠠ ᠳᠤ ᠵᠠᠰᠠᠪᠤᠷᠢ ᠣᠷᠣᠭᠤᠯᠬᠤ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ | ᠬᠦᠴᠦᠨ ᠵᠦᠢᠯ ᠤᠨ ᠠᠷᠭ᠎ᠠ ᠶᠢ ᠬᠡᠷᠡᠭᠯᠡᠨ ᠡᠭᠦᠷᠭᠡ ᠪᠠ ᠪᠡᠯᠡ ᠮᠥᠩᠭᠦ ᠶᠢ ᠮᠠᠨ ᠤ ᠬᠤᠰᠢᠭᠤᠨ ᠳᠤ ᠬᠤᠪᠢᠶᠠᠷᠢᠯᠠᠨ᠎ᠠ | ︵ᠡᠯ᠎ᠡ ᠰᠤᠮᠤ ᠪᠠᠯᠭᠠᠰᠤ ᠶᠢᠨ ᠡᠭᠦᠷᠭᠡ ᠶᠢᠨ ᠬᠤᠪᠢᠶᠠᠷᠢᠯᠠᠯᠲᠠ ᠶᠢᠨ ᠲᠥᠯᠥᠪᠯᠡᠭᠡ ᠶᠢ ᠳᠠᠭᠠᠯᠳᠤᠭᠤᠯᠤᠯ ᠬᠦᠰᠦᠨᠦᠭᠲᠦ | 11 ᠳᠤ ᠦᠵᠡ︶᠃ | ᠬᠤᠶᠠᠷ᠂ ᠬᠡᠷᠡᠭᠵᠢᠭᠦᠯᠬᠦ ᠣᠷᠣᠨ ᠪᠦᠰᠡ ᠵᠢᠴᠢ ᠠᠵᠢᠯᠯᠠᠬᠤ ᠮᠠᠰᠢᠨ ᠴᠣᠭᠴᠠᠯᠠᠪᠤᠷᠢ ᠶᠢ ᠲᠣᠭᠲᠠᠭᠠᠬᠤ ᠵᠠᠷᠴᠢᠮ | ︵ᠨᠢᠭᠡ︶ ᠬᠡᠷᠡᠭᠵᠢᠭᠦᠯᠬᠦ ᠣᠷᠣᠨ ᠪᠦᠰᠡ ᠶᠢ ᠲᠣᠭᠲᠠᠭᠠᠬᠤ ᠵᠠᠷᠴᠢᠮ | ᠬᠡᠷᠡᠭᠵᠢᠭᠦᠯᠬᠦ ᠣᠷᠣᠨ ᠪᠦᠰᠡ ᠳᠤ ︽ᠲᠠᠷᠢᠶᠠᠨ ᠭᠠᠵᠠᠷ ᠬᠠᠷᠢᠴᠠᠩᠭᠤᠢ ᠪᠠᠷ ᠲᠥᠪᠯᠡᠷᠡᠨ ᠵᠠᠯᠭᠠᠯᠳᠤᠭᠰᠠᠨ᠂ ᠲᠣᠮᠣ | ᠬᠡᠯᠪᠡᠷᠢ ᠶᠢᠨ ᠮᠠᠰᠢᠨ ᠮᠧᠬᠠᠨᠢᠭ ᠢᠶᠠᠷ ᠬᠡᠪᠴᠢᠶᠡᠵᠢᠭᠦᠯᠦᠨ ᠠᠵᠢᠯᠯᠠᠬᠤ ᠳᠤ ᠲᠣᠬᠢᠷᠠᠬᠤ︾ ᠵᠠᠷᠴᠢᠮ ᠢ ᠲᠣᠭᠲᠠᠭᠠᠬᠤ | ᠬᠡᠷᠡᠭᠲᠡᠢ᠄ | 1.ᠣᠷᠣᠨ ᠪᠦᠰᠡ ᠶᠢᠨ ᠳᠣᠲᠣᠷᠠᠬᠢ ᠬᠠᠷ᠎ᠠ ᠬᠥᠷᠥᠰᠥᠲᠦ ᠭᠠᠵᠠᠷ ᠤᠨ ᠲᠠᠷᠬᠠᠯᠲᠠ ᠨᠡᠯᠢᠶᠡᠳ ᠤᠯᠠᠨ᠂ ᠭᠦᠨ | ᠰᠤᠯᠠᠷᠠᠭᠤᠯᠬᠤ ᠲᠠᠯᠠᠪᠠᠢ ᠨᠢ ᠨᠡᠯᠢᠶᠡᠳ ᠶᠡᠭᠡ ᠪᠥᠭᠡᠳ ᠲᠠᠨᠢᠯᠲᠠ ᠶᠢᠨ ᠬᠡᠮᠵᠢᠶ᠎ᠡ ᠪᠠᠷ ᠨᠡᠯᠢᠶᠡᠳ ᠥᠨᠳᠥᠷ ᠣᠷᠣᠨ | ᠪᠦᠰᠡ ᠳᠤ ᠲᠣᠬᠢᠷᠠᠮᠵᠢᠲᠠᠢ︔ | 2. ᠣᠷᠣᠨ ᠪᠦᠰᠡ ᠶᠢᠨ ᠳᠣᠲᠣᠷᠠᠬᠢ ᠲᠠᠷᠢᠶᠠᠯᠠᠩ ᠤᠨ ᠮᠠᠰᠢᠨ ᠤ ᠲᠤᠰᠬᠠᠢ ᠠᠵᠢᠯ ᠤᠨ ᠬᠤᠷᠰᠢᠶ᠎ᠠ᠂ | ᠲᠠᠷᠢᠶᠠᠯᠠᠩ ᠤᠨ ᠮᠠᠰᠢᠨ ᠤ ᠲᠣᠮᠣ ᠡᠷᠦᠬᠡ ᠶᠢᠨ ᠪᠤᠶᠢᠵᠢᠯᠲᠠ ᠪᠠᠷ ᠨᠡᠯᠢᠶᠡᠳ ᠰᠠᠶᠢᠨ᠂ ᠨᠡᠶᠢᠭᠡᠮᠴᠢᠯᠡᠭᠰᠡᠨ | ᠦᠢᠯᠡᠴᠢᠯᠡᠭᠡᠨ ᠤ ᠴᠢᠳᠠᠪᠤᠷᠢ ᠪᠠᠷ ᠨᠡᠯᠢᠶᠡᠳ ᠴᠢᠩᠭ᠎ᠠ ᠭᠠᠴᠠᠭ᠎ᠠ ᠠᠶᠢᠯ︔ | 3. ᠠᠳᠠᠯᠢ ᠨᠢᠭᠡ ᠭᠠᠵᠠᠷ ᠤᠨ ᠬᠡᠰᠡᠭ ᠢ ᠬᠤᠶᠠᠷ ᠵᠢᠯ ᠠᠯᠤᠰᠯᠠᠭᠠᠳ ᠨᠢᠭᠡ ᠤᠳᠠᠭ᠎ᠠ ᠰᠤᠯᠠᠷᠠᠭᠤᠯᠵᠤ᠂ | ᠳᠠᠪᠬᠤᠷᠳᠠᠭᠤᠯᠤᠨ ᠠᠵᠢᠯᠯᠠᠭᠤᠯᠬᠤ ᠶᠢ ᠲᠤᠰᠠᠯᠠᠮᠵᠢ ᠶᠢᠨ ᠲᠠᠯᠠᠪᠠᠢ ᠳᠤ ᠪᠤᠳᠤᠵᠤ ᠣᠷᠣᠭᠤᠯᠬᠤ ᠦᠭᠡᠢ᠃ | ︵ᠬᠤᠶᠠᠷ︶ ᠠᠵᠢᠯᠯᠠᠬᠤ ᠮᠠᠰᠢᠨ ᠴᠣᠭᠴᠠᠯᠠᠪᠤᠷᠢ ᠶᠢ ᠰᠣᠩᠭᠤᠨ ᠲᠣᠭᠲᠠᠭᠠᠬᠤ ᠵᠠᠷᠴᠢᠮ | ᠠᠵᠢᠯᠯᠠᠬᠤ ᠮᠠᠰᠢᠨ ᠴᠣᠭᠴᠠᠯᠠᠪᠤᠷᠢ ᠶᠢ ᠰᠣᠩᠭᠤᠨ ᠲᠣᠭᠲᠠᠭᠠᠬᠤ ᠳᠤ ︽ᠲᠠᠷᠢᠶᠠᠯᠠᠩ ᠤᠨ ᠮᠠᠰᠢᠨ ᠤ ᠬᠤᠷᠰᠢᠶ᠎ᠠ ᠪᠠᠷ | ᠭᠤᠣᠯ ᠴᠣᠭᠴᠠ ᠪᠣᠯᠭᠠᠵᠤ᠂ ᠲᠠᠷᠢᠶᠠᠯᠠᠩ ᠤᠨ ᠮᠠᠰᠢᠨ ᠤ ᠲᠣᠮᠣ ᠡᠷᠦᠬᠡ ᠪᠠᠷ ᠨᠥᠬᠦᠪᠦᠷᠢ ᠪᠣᠯᠭᠠᠬᠤ︾ ᠵᠠᠷᠴᠢᠮ ᠢ | ᠪᠠᠷᠢᠮᠲᠠᠯᠠᠬᠤ ᠬᠡᠷᠡᠭᠲᠡᠢ᠂ ᠪᠣᠳᠠᠲᠠᠢ ᠵᠠᠷᠴᠢᠮ ᠨᠢ᠄ | 1. ᠲᠣᠨᠣᠭᠯᠠᠯ ᠤᠨ ᠪᠣᠳᠠᠲᠤ ᠬᠦᠴᠦᠨ ᠢᠶᠠᠷ ᠨᠡᠯᠢᠶᠡᠳ ᠴᠢᠩᠭ᠎ᠠ᠂ ᠨᠡᠯᠢᠶᠡᠳ ᠵᠢᠷᠤᠮᠵᠢᠭᠰᠠᠨ᠂ ᠲᠠᠷᠢᠶᠠᠯᠠᠩ ᠤᠨ | ᠮᠠᠰᠢᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠴᠢᠳᠠᠪᠤᠷᠢ ᠪᠠᠷ ᠨᠡᠯᠢᠶᠡᠳ ᠴᠢᠩᠭ᠎ᠠ ᠲᠠᠷᠢᠶᠠᠯᠠᠩ ᠤᠨ ᠮᠠᠰᠢᠨ ᠤ | ᠲᠤᠰᠬᠠᠢ ᠠᠵᠢᠯ ᠤᠨ ᠬᠤᠷᠰᠢᠶ᠎ᠠ ᠶᠢ ᠪᠠᠶᠢᠭᠤᠯᠬᠤ ᠶᠢ ᠤᠷᠢᠳᠠᠪᠠᠷ ᠲᠣᠬᠢᠷᠠᠭᠤᠯᠤᠨ᠎ᠠ︔ | 2. ᠮᠣᠷᠢᠨ ᠬᠦᠴᠦᠨ ᠤ ᠲᠣᠮᠣ ᠲᠷᠠᠺᠲ᠋ᠣᠷ᠂ ᠭᠦᠨ ᠰᠤᠯᠠᠷᠠᠭᠤᠯᠬᠤ ᠲᠣᠮᠣ ᠬᠡᠯᠪᠡᠷᠢ ᠶᠢᠨ ᠮᠠᠰᠢᠨ ᠵᠢᠴᠢ ᠭᠠᠵᠠᠷ | ᠲᠡᠭᠰᠢᠯᠡᠬᠦ ᠬᠠᠮ ᠮᠠᠰᠢᠨ ᠴᠣᠭᠴᠠᠯᠠᠪᠤᠷᠢ ᠶᠢ ᠤᠷᠢᠳᠠᠪᠠᠷ ᠰᠣᠩᠭᠤᠨ ᠲᠣᠬᠢᠷᠠᠭᠤᠯᠤᠨ᠎ᠠ︔ | 3. ᠡᠶᠢᠮᠦᠷᠬᠦ ᠲᠥᠷᠥᠯ ᠵᠦᠢᠯ ᠢ ᠡᠭᠦᠷᠭᠡᠯᠡᠵᠦ ᠥᠩᠭᠡᠷᠡᠭᠰᠡᠨ᠂ ᠭᠠᠵᠠᠷ ᠲᠡᠭᠰᠢᠯᠡᠨ ᠠᠵᠢᠯᠯᠠᠬᠤ ᠮᠡᠷᠭᠡᠵᠢᠯ ᠤᠨ | ᠭᠦᠨ ᠰᠤᠯᠠ ᠲᠤᠷᠰᠢᠯᠭ᠎ᠠ ᠲᠠᠢ ᠲᠠᠷᠢᠶᠠᠯᠠᠩ ᠤᠨ ᠮᠠᠰᠢᠨ ᠤ ᠲᠤᠰᠬᠠᠢ ᠠᠵᠢᠯ ᠤᠨ ᠬᠤᠷᠰᠢᠶ᠎ᠠ ᠪᠤᠶᠤ ᠲᠠᠷᠢᠶᠠᠯᠠᠩ ᠤᠨ | ᠮᠠᠰᠢᠨ ᠤ ᠲᠣᠮᠣ ᠡᠷᠥᠭᠡ ᠶᠢ ᠡᠩ ᠲᠡᠷᠢᠭᠦᠨ ᠳᠤ ᠪᠣᠳᠣᠯᠬᠢᠯᠠᠬᠤ ᠬᠡᠷᠡᠭᠲᠡᠢ᠃ | ᠭᠤᠷᠪᠠ᠂ ᠠᠵᠢᠯᠯᠠᠬᠤ ᠵᠠᠭᠪᠤᠷ᠂ ᠠᠵᠢᠯᠯᠠᠬᠤ ᠮᠧᠬᠠᠨᠢᠭ ᠵᠢᠴᠢ ᠠᠵᠢᠯᠯᠠᠬᠤ ᠶᠠᠰᠤ ᠴᠢᠨᠠᠷ ᠤᠨ ᠱᠠᠭᠠᠷᠳᠠᠯᠭ᠎ᠠ | ︵ᠨᠢᠭᠡ︶ ᠠᠵᠢᠯ ᠤᠨ ᠵᠠᠭᠪᠤᠷ | ᠮᠠᠨ ᠤ ᠬᠤᠰᠢᠭᠤᠨ ᠤ ᠬᠥᠷᠥᠰᠥ ᠰᠢᠷᠣᠢ ᠶᠢᠨ ᠲᠥᠷᠥᠯ ᠬᠡᠯᠪᠡᠷᠢ᠂ ᠲᠠᠷᠢᠶᠠᠯᠠᠬᠤ ᠳᠦᠷᠢᠮ ᠪᠣᠯᠣᠨ ᠮᠠᠰᠢᠨ | ᠪᠠᠭᠠᠵᠢ ᠶᠢᠨ ᠲᠣᠬᠢᠷᠠᠭᠤᠯᠤᠯᠲᠠ ᠶᠢᠨ ᠪᠠᠶᠢᠳᠠᠯ ᠢ ᠦᠨᠳᠦᠰᠦᠯᠡᠨ᠂ ᠭᠠᠵᠠᠷ ᠣᠷᠣᠨ ᠤ ᠪᠠᠶᠢᠳᠠᠯ ᠳᠠᠭᠠᠨ | ᠲᠣᠬᠢᠷᠠᠭᠤᠯᠤᠨ ᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯ ᠤᠨ ᠵᠠᠭᠪᠤᠷ ᠢ ᠰᠣᠩᠭᠤᠵᠤ ᠪᠣᠯᠣᠨ᠎ᠠ᠄ | 1. ᠨᠢᠭᠡ ᠯᠡ ᠵᠦᠢᠯ ᠤᠨ ᠭᠦᠨ ᠰᠤᠯᠠᠷᠠᠭᠤᠯᠬᠤ ᠠᠵᠢᠯ︔ | 2. ᠭᠦᠨ ᠰᠤᠯᠠᠷᠠᠭᠤᠯᠬᠤ ᠬᠠᠮᠲᠤᠷᠠᠭᠰᠠᠨ ᠠᠵᠢᠯ ︵① ᠭᠦᠨ ᠰᠤᠯᠠᠷᠠᠭᠤᠯᠬᠤ — ᠡᠷᠭᠢᠯᠳᠦᠭᠦᠯᠦᠨ | ᠬᠠᠭᠠᠯᠪᠤᠷᠢᠯᠠᠬᠤ ᠠᠵᠢᠯ᠂ ② ᠭᠦᠨ ᠰᠤᠯᠠᠷᠠᠭᠤᠯᠬᠤ — ᠭᠤᠤᠷᠰᠤ ᠠᠷᠢᠯᠭᠠᠬᠤ — ᠡᠷᠭᠢᠯᠳᠦᠭᠦᠯᠦᠨ | ᠬᠠᠭᠠᠯᠪᠤᠷᠢᠯᠠᠬᠤ ᠠᠵᠢᠯ᠂ ③ ᠭᠦᠨ ᠰᠤᠯᠠᠷᠠᠭᠤᠯᠬᠤ — ᠪᠤᠰᠤᠳ ᠣᠯᠠᠨ ᠵᠦᠢᠯ ᠤᠨ ᠳᠠᠪᠬᠤᠷ ᠬᠡᠯᠪᠡᠷᠢ ᠶᠢᠨ | ᠠᠵᠢᠯ ᠵᠡᠷᠭᠡ︶᠂ ᠲᠣᠬᠢᠷᠠᠮᠵᠢᠲᠠᠢ ᠭᠠᠵᠠᠷ ᠲᠤ ᠭᠦᠨ ᠰᠤᠯᠠᠷᠠᠭᠤᠯᠬᠤ ᠬᠠᠮᠲᠤᠷᠠᠭᠰᠠᠨ ᠠᠵᠢᠯ ᠥᠷᠨᠢᠭᠦᠯᠬᠦ ᠶᠢ | ᠵᠣᠷᠢᠭᠵᠢᠭᠤᠯᠤᠨ᠎ᠠ︔ | 3. ᠵᠡᠭᠦᠨ ᠬᠤᠶᠢᠲᠤ ᠶᠢᠨ ᠬᠠᠷ᠎ᠠ ᠬᠥᠷᠥᠰᠥ ᠶᠢᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ | ᠬᠡᠷᠡᠭᠵᠢᠭᠦᠯᠬᠦ ᠳᠤ ᠭᠠᠵᠠᠷ ᠰᠢᠷᠣᠢ ᠶᠢ ᠭᠦᠨ ᠰᠤᠯᠠᠷᠠᠭᠤᠯᠵᠤ ᠭᠠᠵᠠᠷ ᠲᠡᠭᠰᠢᠯᠡᠨ ᠠᠵᠢᠯᠯᠠᠬᠤ ᠵᠠᠭᠪᠤᠷ ᠢ | ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠬᠤ ᠮᠡᠷᠭᠡᠵᠢᠯ ᠤᠨ ᠱᠠᠭᠠᠷᠳᠠᠯᠭ᠎ᠠ ᠲᠠᠢ ᠬᠠᠷᠢᠯᠴᠠᠨ ᠨᠡᠶᠢᠴᠡᠭᠦᠯᠬᠦ ᠬᠡᠷᠡᠭᠲᠡᠢ︔ | ︵ᠬᠤᠶᠠᠷ︶ ᠠᠵᠢᠯᠯᠠᠬᠤ ᠮᠧᠬᠠᠨᠢᠭ ᠤᠨ ᠱᠠᠭᠠᠷᠳᠠᠯᠭ᠎ᠠ | ᠭᠦᠨ ᠰᠤᠯᠠᠷᠠᠭᠤᠯᠬᠤ ᠮᠧᠬᠠᠨᠢᠭ ᠤᠨ ᠲᠦᠷᠦᠯ ᠵᠦᠢᠯ ᠤᠯᠠᠨ ᠶᠠᠩᠵᠤ ᠶᠢᠨ ᠪᠠᠶᠢᠳᠠᠭ᠂ ᠠᠵᠢᠯᠯᠠᠬᠤ ᠬᠡᠯᠪᠡᠷᠢ ᠪᠠᠷ | ᠨᠢ ᠠᠯᠤᠰᠯᠠᠵᠤ ᠭᠦᠨ ᠰᠤᠯᠠᠷᠠᠭᠤᠯᠬᠤ ᠮᠠᠰᠢᠨ ᠪᠠ ᠪᠦᠬᠦ ᠲᠠᠯ᠎ᠠ ᠪᠠᠷ ᠭᠦᠨ ᠰᠤᠯᠠᠷᠠᠭᠤᠯᠬᠤ ᠮᠠᠰᠢᠨ ᠭᠡᠵᠦ | ᠬᠤᠪᠢᠶᠠᠳᠠᠭ᠂ ᠠᠵᠢᠯᠯᠠᠬᠤ ᠴᠢᠳᠠᠪᠤᠷᠢ ᠪᠠᠷ ᠨᠢ ᠲᠠᠩ ᠭᠠᠭᠴᠠ ᠭᠦᠨ ᠰᠤᠯᠠᠷᠠᠭᠤᠯᠬᠤ ᠮᠠᠰᠢᠨ ᠪᠠ ᠬᠠᠮ ᠮᠠᠶ᠋ᠢᠭ ᠤᠨ | ᠬᠠᠮ ᠠᠵᠢᠯᠯᠠᠭᠠᠨ ᠤ ᠮᠠᠰᠢᠨ ᠭᠡᠵᠦ ᠬᠤᠪᠢᠶᠠᠳᠠᠭ᠃ᠬᠤᠰᠢᠭᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ | ᠨᠢ ᠮᠠᠨ ᠤ ᠬᠤᠰᠢᠭᠤᠨ ᠭᠠᠵᠠᠷ ᠤᠨ ᠬᠥᠷᠥᠰᠥ ᠰᠢᠷᠣᠢ ᠶᠢᠨ ᠲᠥᠷᠥᠯ ᠬᠡᠯᠪᠡᠷᠢ᠂ ᠠᠵᠢᠯᠯᠠᠬᠤ ᠵᠠᠭᠪᠤᠷ ᠵᠡᠷᠭᠡ ᠶᠢᠨ | ᠱᠠᠭᠠᠷᠳᠠᠯᠭ᠎ᠠ ᠶᠢ ᠦᠨᠳᠦᠰᠦᠯᠡᠨ᠂ ᠲᠠᠷᠢᠶᠠᠯᠠᠩ ᠤᠨ ᠮᠠᠰᠢᠨ ᠤ ᠠᠵᠢᠯᠯᠠᠬᠤ ᠦᠢᠯᠡᠴᠢᠯᠡᠭᠡᠨ ᠤ ᠵᠣᠬᠢᠶᠠᠨ | ᠪᠠᠶᠢᠭᠤᠯᠤᠯᠲᠠ ᠪᠤᠶᠤ ᠲᠠᠷᠢᠶᠠᠯᠠᠩ ᠤᠨ ᠮᠠᠰᠢᠨ ᠤ ᠡᠷᠦᠬᠡ ᠶᠢ ᠬᠥᠲᠥᠯᠥᠨ ᠵᠢᠯᠤᠭᠤᠳᠴᠤ ᠭᠦᠨ ᠰᠤᠯᠠᠷᠠᠭᠤᠯᠬᠤ | ᠮᠠᠰᠢᠨ ᠪᠠ ᠴᠢᠷᠬᠦ ᠲᠷᠠᠺᠲ᠋ᠣᠷ ᠢ ᠰᠢᠨᠵᠢᠯᠡᠬᠦ ᠤᠬᠠᠭᠠᠨᠴᠢ ᠪᠠᠷ ᠰᠣᠩᠭᠤᠨ ᠬᠡᠷᠡᠭᠯᠡᠭᠦᠯᠦᠨ᠎ᠡ᠄ | 1. ᠭᠦᠨ ᠰᠤᠯᠠᠷᠠᠭᠤᠯᠬᠤ ᠳᠤ ᠨᠥᠬᠦᠪᠦᠷᠢ ᠥᠭᠬᠦ ᠲᠤᠷᠰᠢᠯᠲᠠ ᠶᠢᠨ ᠴᠢᠭ᠋ ᠤᠨ ᠠᠵᠢᠯ ᠤᠨ ᠡᠭᠦᠷᠭᠡ ᠶᠢ | ᠡᠭᠦᠷᠭᠡᠯᠡᠵᠦ ᠪᠦᠬᠦᠢ ᠴᠢᠷᠬᠦ ᠲᠷᠠᠺᠲ᠋ᠣᠷ ᠢ ᠡᠷᠬᠡᠪᠰᠢ ᠲᠠᠷᠢᠶᠠᠯᠠᠩ ᠤᠨ ᠮᠠᠰᠢᠨ ᠤ ᠬᠢᠨᠠᠯᠲᠠ ᠬᠠᠮᠢᠶᠠᠷᠤᠯᠲᠠ ᠶᠢᠨ | ᠰᠠᠯᠠᠭ᠎ᠠ ᠮᠥᠴᠢᠷ ᠲᠤ ᠳᠠᠩᠰᠠᠯᠠᠭᠤᠯᠤᠨ ᠲᠡᠮᠳᠡᠭᠯᠡᠭᠦᠯᠬᠦ ᠶᠢᠨ ᠬᠠᠮᠲᠤ ᠫᠠᠶᠢᠰᠠ ᠦᠨᠡᠮᠯᠡᠯ ᠨᠢ ᠪᠦᠷᠢᠨ ᠭᠦᠢᠴᠡᠳ | ᠪᠠᠶᠢᠬᠤ ᠬᠡᠷᠡᠭᠲᠡᠢ︔ | 2. ᠭᠦᠨ ᠰᠤᠯᠠᠷᠠᠭᠤᠯᠬᠤ ᠨᠥᠬᠦᠪᠦᠷᠢ ᠶᠢᠨ ᠲᠤᠷᠰᠢᠯᠲᠠ ᠶᠢᠨ ᠠᠵᠢᠯ ᠳᠤ ᠣᠷᠤᠯᠴᠠᠬᠤ ᠭᠦᠨ ᠰᠤᠯᠠᠷᠠᠭᠤᠯᠬᠤ | ᠮᠠᠰᠢᠨ ᠨᠢ ᠡᠷᠬᠡᠪᠰᠢ ᠵᠢᠩᠬᠢᠨᠢ ᠠᠵᠤ ᠠᠬᠤᠶᠢᠯᠠᠯ ᠤᠨ ᠦᠢᠯᠡᠳᠪᠦᠷᠢᠯᠡᠭᠰᠡᠨ ᠮᠥᠷᠲᠡᠭᠡᠨ ᠮᠤᠵᠢ ᠶᠢᠨ ᠱᠠᠲᠤᠨ ᠠᠴᠠ | ᠳᠡᠭᠡᠭᠰᠢᠬᠢ ᠲᠠᠷᠢᠶᠠᠯᠠᠩ ᠤᠨ ᠮᠧᠬᠠᠨᠢᠭ ᠤᠨ ᠬᠢᠨᠠᠨ ᠲᠣᠭᠲᠠᠭᠠᠬᠤ ᠰᠠᠯᠠᠭ᠎ᠠ ᠮᠥᠴᠢᠷ ᠤᠨ ᠬᠢᠨᠠᠨ ᠲᠣᠭᠲᠠᠭᠠᠯᠲᠠ ᠶᠢ | ᠥᠩᠭᠡᠷᠡᠭᠡᠭᠰᠡᠨ ᠦᠢᠯᠡᠳᠬᠦᠨ ︵ᠲᠤᠬᠠᠶᠢᠯᠠᠪᠠᠯ ᠲᠠᠷᠢᠶᠠᠯᠠᠩ ᠤᠨ ᠮᠧᠬᠠᠨᠢᠭ ᠢ ᠳᠡᠯᠭᠡᠷᠡᠭᠦᠯᠬᠦ ᠵᠥᠪᠰᠢᠶᠡᠷᠡᠯ ᠤᠨ | ᠦᠨᠡᠮᠯᠡᠯ ᠲᠠᠢ ᠪᠠᠶᠢᠬᠤ︶ ᠪᠠᠶᠢᠬᠤ ᠬᠡᠷᠡᠭᠲᠡᠢ︔ | 3. ᠭᠦᠨ ᠰᠤᠯᠠᠷᠠᠭᠤᠯᠬᠤ ᠭᠦᠨ ᠤ ᠬᠡᠮᠵᠢᠶ᠎ᠡ ᠶᠢ ᠥᠪᠡᠰᠦᠪᠡᠨ ᠲᠣᠬᠢᠷᠠᠭᠤᠯᠵᠤ ᠪᠣᠯᠬᠤ ᠭᠦᠨ ᠰᠤᠯᠠᠷᠠᠭᠤᠯᠬᠤ | ᠮᠠᠰᠢᠨ ᠢ ᠲᠤᠷᠰᠢᠯᠲᠠ ᠶᠢᠨ ᠴᠢᠭ᠋ ᠤᠨ ᠨᠥᠬᠦᠪᠦᠷᠢᠯᠡᠬᠦ ᠭᠦᠨ ᠰᠤᠯᠠᠷᠠᠭᠤᠯᠬᠤ ᠠᠵᠢᠯ ᠤᠨ ᠮᠠᠰᠢᠨ ᠪᠠᠭᠠᠵᠢ ᠪᠣᠯᠭᠠᠵᠤ | ᠪᠣᠯᠬᠤ ᠦᠭᠡᠢ︔ | 4. ᠬᠡᠷᠪᠡ ᠤᠬᠤᠬᠤ ᠮᠠᠶ᠋ᠢᠭ ᠤᠨ ᠭᠦᠨ ᠰᠤᠯᠠᠷᠠᠭᠤᠯᠬᠤ ᠮᠠᠰᠢᠨ ᠢ ᠰᠣᠩᠭᠤᠨ ᠬᠡᠷᠡᠭᠯᠡᠪᠡᠯ᠂ ᠵᠡᠷᠭᠡᠯᠡᠳᠡᠭᠡ ᠬᠤᠶᠠᠷ | ᠤᠬᠤᠬᠤ ︵ᠤᠬᠤᠬᠤ︶ ᠶᠢᠨ ᠬᠤᠭᠤᠷᠣᠨᠳᠣᠬᠢ ᠵᠠᠢ ᠨᠢ 2 ᠳᠠᠬᠢᠨ ᠭᠦᠨ ᠰᠤᠯᠠᠷᠠᠭᠤᠯᠬᠤ ᠭᠦᠨ ᠤ ᠬᠡᠮᠵᠢᠶ᠎ᠡ ᠠᠴᠠ | ᠶᠡᠭᠡ ᠪᠠᠶᠢᠵᠤ ᠪᠣᠯᠬᠤ ᠦᠭᠡᠢ᠃ | ︵ᠭᠤᠷᠪᠠ︶ ᠠᠵᠢᠯ ᠤᠨ ᠶᠠᠰᠤ ᠴᠢᠨᠠᠷ ᠤᠨ ᠱᠠᠭᠠᠷᠳᠠᠯᠭ᠎ᠠ | ᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯ ᠤᠨ ᠭᠦᠨᠴᠡ ᠶᠢ 25 ᠰᠠᠨᠲ᠋ᠢᠮᠧᠲᠷ ᠠᠴᠠ ᠳᠡᠭᠡᠭᠰᠢ ᠳᠤ | ᠬᠦᠷᠦᠭᠦᠯᠬᠦ ᠪᠠᠷ ᠱᠠᠭᠠᠷᠳᠠᠵᠤ᠂ ᠡᠭᠦᠨ ᠳᠤ ᠲᠠᠷᠢᠶᠠᠨ ᠭᠠᠵᠠᠷ ᠢ ᠭᠦᠨ ᠰᠤᠯᠠᠷᠠᠭᠤᠯᠬᠤ ᠨᠥᠬᠦᠪᠦᠷᠢ ᠶᠢᠨ ᠠᠵᠢᠯ ᠤᠨ | ᠭᠦᠨᠴᠡ ᠶᠢ 30 ᠰᠠᠨᠲ᠋ᠢᠮᠧᠲᠷ ᠠᠴᠠ ᠳᠡᠭᠡᠭᠰᠢ ᠳᠤ ᠬᠦᠷᠦᠭᠦᠯᠬᠦ ᠬᠡᠷᠡᠭᠲᠡᠢ ᠪᠥᠭᠡᠳ ᠠᠵᠢᠯᠯᠠᠭᠰᠠᠨ ᠤ ᠳᠠᠷᠠᠭᠠᠬᠢ | ᠲᠠᠷᠢᠶᠠᠨ ᠭᠠᠵᠠᠷ ᠢ ᠲᠠᠷᠢᠶᠠᠨ ᠭᠠᠵᠠᠷ ᠤᠨ ᠭᠠᠳᠠᠷᠭᠤ ᠶᠢ ᠲᠡᠭᠰᠢᠬᠡᠨ ᠪᠠᠶᠢᠯᠭᠠᠵᠤ᠂ ᠭᠦᠨ ᠭᠦᠢᠬᠡᠨ ᠢ ᠨᠢᠭᠡᠳᠦᠯᠲᠡᠢ | ᠪᠠᠶᠢᠯᠭᠠᠵᠤ᠂ ᠬᠠᠭᠠᠯᠪᠤᠷᠢᠯᠠᠬᠤ ᠠᠴᠠ ᠭᠤᠭᠤᠵᠢᠭᠤᠯᠤᠯ ᠦᠭᠡᠢ ᠪᠠᠶᠢᠯᠭᠠᠬᠤ ᠬᠡᠷᠡᠭᠲᠡᠢ᠃ | ᠳᠥᠷᠪᠡ᠂ ᠲᠤᠰᠠᠯᠠᠮᠵᠢ ᠭᠥᠷᠳᠡᠬᠦ ᠡᠲᠡᠭᠡᠳ ᠵᠢᠴᠢ ᠲᠤᠰᠠᠯᠠᠮᠵᠢ ᠶᠢᠨ ᠪᠠᠷᠢᠮᠵᠢᠶ᠎ᠠ | ︵ᠨᠢᠭᠡ︶ ᠲᠤᠰᠠᠯᠠᠭ ᠡᠲᠡᠭᠡᠳ | ᠨᠥᠬᠦᠪᠦᠷᠢ ᠥᠭᠬᠦ ᠠᠵᠢᠯ ᠤᠨ ᠣᠷᠣᠨ ᠪᠦᠰᠡ ᠶᠢᠨ ᠳᠣᠲᠣᠷ᠎ᠠ ᠭᠠᠵᠠᠷ ᠰᠢᠷᠣᠢ ᠶᠢ ᠪᠣᠳᠠᠲᠠᠢ ᠡᠵᠡᠩᠨᠡᠵᠦ ᠪᠠᠶᠢᠬᠤ | ᠪᠥᠭᠡᠳ ᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯ ᠢ ᠰᠠᠶᠢᠨ ᠳᠤᠷ᠎ᠠ ᠠᠴᠠ ᠪᠠᠨ ᠬᠢᠵᠦ ᠪᠠᠶᠢᠭ᠎ᠠ ᠬᠤᠪᠢ | ᠬᠥᠮᠥᠨ ᠪᠠ ᠲᠠᠷᠢᠶᠠᠯᠠᠩ ᠤᠨ ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ︵ᠳᠣᠷᠣᠭᠰᠢ ︽ᠭᠠᠵᠠᠷ | ᠰᠢᠷᠣᠢ ᠡᠵᠡᠩᠨᠡᠭᠴᠢ︾ ᠭᠡᠵᠦ ᠲᠣᠪᠴᠢᠯᠠᠨ᠎ᠠ︶᠃ | ᠤᠯᠤᠰ ᠪᠠ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠠᠴᠠ ᠠᠰᠠᠷᠠᠨ | ᠲᠡᠵᠢᠭᠡᠵᠦ ᠪᠠᠶᠢᠭ᠎ᠠ ᠠᠵᠢᠯᠲᠠᠨ ᠢ ᠨᠥᠬᠦᠪᠦᠷᠢ ᠣᠯᠭᠤᠬᠤ ᠡᠲᠡᠭᠡᠳ ᠤᠨ ᠬᠡᠪᠴᠢᠶᠡᠨ ᠳᠤ ᠣᠷᠣᠭᠤᠯᠬᠤ ᠦᠭᠡᠢ᠃ ︽ | ᠬᠡᠨ ᠭᠠᠵᠠᠷ ᠰᠢᠷᠣᠢ ᠶᠢ ᠪᠣᠳᠠᠲᠠᠢ ᠪᠠᠷ ᠡᠵᠡᠩᠨᠡᠪᠡᠯ᠂ ᠬᠡᠨ ᠪᠣᠳᠠᠲᠠᠢ ᠪᠠᠷ ᠰᠤᠯᠠ ᠲᠠᠯᠪᠢᠪᠠᠯ᠂ ᠲᠡᠷᠡ ᠨᠥᠬᠦᠪᠦᠷᠢ ᠶᠢ | ᠪᠣᠳᠠᠲᠠᠢ ᠪᠠᠷ ᠬᠦᠷᠳᠡᠬᠦ︾ ᠵᠠᠷᠴᠢᠮ ᠢ ᠪᠠᠷᠢᠮᠲᠠᠯᠠᠨ᠎ᠠ᠃ | ︵ᠬᠤᠶᠠᠷ︶ ᠲᠤᠰᠠᠯᠠᠮᠵᠢ ᠶᠢᠨ ᠪᠠᠷᠢᠮᠵᠢᠶ᠎ᠠ | ᠭᠦᠨ ᠰᠤᠯᠠᠷᠠᠭᠤᠯᠬᠤ ᠠᠵᠢᠯ ᠳᠤ ᠨᠥᠬᠦᠪᠦᠷᠢ ᠥᠭᠬᠦ ᠳᠤ ᠲᠣᠭᠲᠠᠭᠰᠠᠨ ᠲᠣᠭᠠᠨ ᠤ ᠨᠥᠬᠦᠪᠦᠷᠢ ᠥᠭᠬᠦ ᠶᠢ | ᠬᠡᠷᠡᠭᠵᠢᠭᠦᠯᠵᠦ᠂ ᠲᠥᠪ ᠤᠨ ᠡᠳ᠋ ᠤᠨ ᠵᠠᠰᠠᠭ ᠤᠨ ᠨᠥᠬᠦᠪᠦᠷᠢ ᠶᠢᠨ ᠪᠠᠷᠢᠮᠵᠢᠶ᠎ᠠ ᠶᠢ ᠬᠠᠮᠤᠭ ᠥᠨᠳᠥᠷ ᠲᠡᠭᠡᠨ 25 | ᠲᠥᠭᠦᠷᠢᠭ\ ᠮᠦ ᠪᠠᠶᠢᠯᠭᠠᠨ᠎ᠠ᠃ | ︵ᠭᠤᠷᠪᠠ︶ ᠲᠤᠰᠠᠯᠠᠮᠵᠢ ᠶᠢᠨ ᠪᠡᠯᠡ ᠮᠥᠩᠭᠦ ᠶᠢᠨ ᠢᠷᠡᠯᠲᠡ | ᠨᠥᠬᠦᠪᠦᠷᠢ ᠶᠢᠨ ᠪᠡᠯᠡ ᠮᠥᠩᠭᠦ ᠶᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ 2022 ᠣᠨ ᠤ | ᠲᠥᠪ ᠤᠨ ᠡᠳ᠋ ᠤᠨ ᠵᠠᠰᠠᠭ ᠤᠨ ᠲᠠᠷᠢᠶᠠᠯᠠᠩ ᠤᠨ ᠡᠬᠢ ᠪᠠᠶᠠᠯᠢᠭ ᠵᠢᠴᠢ ᠠᠮᠢ ᠠᠬᠤᠢ ᠶᠢᠨ ᠬᠠᠮᠠᠭᠠᠯᠠᠯᠲᠠ ᠶᠢᠨ | ᠨᠥᠬᠦᠪᠦᠷᠢ ᠶᠢᠨ ᠪᠡᠯᠡ ᠮᠥᠩᠭᠦ ᠠᠴᠠ ᠲᠣᠬᠢᠷᠠᠭᠤᠯᠤᠨ ᠪᠠᠭᠤᠯᠭᠠᠨ᠎ᠠ᠃ 2021 ᠣᠨ ᠳᠤ ᠦᠯᠡᠳᠡᠭᠰᠡᠨ | ᠲᠠᠷᠢᠶᠠᠯᠠᠩ ᠤᠨ ᠮᠠᠰᠢᠨ ᠢ ᠭᠦᠨ ᠰᠤᠯᠠᠷᠠᠭᠤᠯᠵᠤ ᠭᠠᠵᠠᠷ ᠲᠡᠭᠰᠢᠯᠡᠬᠦ ᠠᠵᠢᠯ ᠤᠨ ᠨᠥᠬᠦᠪᠦᠷᠢ ᠶᠢᠨ ᠪᠡᠯᠡ ᠮᠥᠩᠭᠦ ᠶᠢ | 2022 ᠣᠨ ᠤ ᠲᠠᠷᠢᠶᠠᠨ ᠭᠠᠵᠠᠷ ᠢ ᠭᠦᠨ ᠰᠤᠯᠠᠷᠠᠭᠤᠯᠬᠤ ᠶᠢᠨ ᠨᠥᠬᠦᠪᠦᠷᠢ ᠶᠢᠨ ᠠᠵᠢᠯ ᠳᠤ ᠦᠷᠭᠦᠯᠵᠢᠯᠡᠨ | ᠬᠡᠷᠡᠭᠯᠡᠵᠦ᠂ ᠬᠠᠮᠢᠶ᠎ᠠ ᠪᠦᠬᠦᠢ ᠱᠠᠭᠠᠷᠳᠠᠯᠭ᠎ᠠ ᠶᠢ ᠲᠣᠰ ᠲᠥᠰᠥᠯ ᠤᠨ ᠶᠣᠰᠣᠭᠠᠷ ᠬᠡᠷᠡᠭᠵᠢᠭᠦᠯᠦᠨ᠎ᠡ᠃ | ᠲᠠᠪᠤ᠂ ᠠᠵᠢᠯ ᠤᠨ ᠲᠤᠷᠰᠢᠯᠲᠠ ᠶᠢᠨ ᠴᠢᠭ᠋ ᠤᠨ ᠠᠵᠢᠯ ᠤᠨ ᠲᠠᠰ ᠳᠠᠷᠠᠭᠠᠯᠠᠯ | ᠲᠠᠷᠢᠶᠠᠨ ᠭᠠᠵᠠᠷ ᠢ ᠰᠤᠯᠠᠷᠠᠭᠤᠯᠬᠤ ᠳᠤ ᠨᠥᠬᠦᠪᠦᠷᠢ ᠥᠭᠬᠦ ᠠᠵᠢᠯ ᠤᠨ ᠲᠤᠷᠰᠢᠯᠲᠠ ᠶᠢᠨ ᠴᠢᠭ᠋ ᠤᠨ ᠠᠵᠢᠯ ᠢ ︽ | ᠤᠷᠢᠳ ᠢᠶᠠᠷ ᠠᠵᠢᠯᠯᠠᠭᠤᠯᠵᠤ ᠳᠠᠷᠠᠭ᠎ᠠ ᠨᠢ ᠨᠥᠬᠦᠪᠦᠷᠢ ᠥᠭᠬᠦ᠂ ᠤᠷᠢᠳ ᠢᠶᠠᠷ ᠵᠠᠷᠯᠠᠨ ᠨᠡᠶᠢᠲᠡᠯᠡᠵᠦ ᠳᠠᠷᠠᠭ᠎ᠠ ᠨᠢ | ᠪᠡᠯᠡᠨ ᠵᠣᠭᠤᠰ ᠪᠣᠯᠭᠠᠬᠤ︾ ᠲᠠᠰ ᠳᠠᠷᠠᠭᠠᠯᠠᠯ ᠢ ᠵᠢᠷᠤᠮᠯᠠᠨ ᠶᠠᠪᠤᠭᠳᠠᠭᠤᠯᠬᠤ ᠬᠡᠷᠡᠭᠲᠡᠢ᠃ | ︵ᠨᠢᠭᠡ︶ ᠡᠭᠦᠷᠭᠡ ᠶᠢ ᠨᠠᠶᠢᠳᠠᠪᠤᠷᠢᠵᠢᠭᠤᠯᠬᠤ ᠪᠠ ᠲᠣᠭᠲᠠᠭᠠᠬᠤ ᠲᠥᠰᠥᠯ | ᠬᠤᠰᠢᠭᠤᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠨᠥᠬᠦᠪᠦᠷᠢ ᠥᠭᠬᠦ ᠠᠵᠢᠯ ᠤᠨ ᠬᠡᠪᠴᠢᠶ᠎ᠡ ᠪᠠ | ᠭᠠᠵᠠᠷ ᠢ ᠬᠠᠷᠢᠭᠤᠴᠠᠨ ᠲᠣᠭᠲᠠᠭᠠᠵᠤ᠂ ᠡᠭᠦᠷᠭᠡ ᠶᠢ ᠵᠣᠬᠢᠰᠲᠠᠢ ᠲᠥᠯᠥᠪᠵᠢᠭᠦᠯᠵᠦ᠂ ᠰᠠᠯᠭᠠᠨ ᠪᠠᠭᠤᠯᠭᠠᠵᠤ᠂ ᠲᠣᠰ | ᠬᠤᠰᠢᠭᠤᠨ ᠤ ᠨᠥᠬᠦᠪᠦᠷᠢ ᠥᠭᠬᠦ ᠠᠵᠢᠯ ᠢ ᠨᠢᠭᠡᠳᠦᠯᠲᠡᠢ ᠲᠥᠯᠥᠪᠯᠡᠨ ᠬᠠᠮᠢᠶᠠᠷᠴᠤ᠂ ᠬᠤᠰᠢᠭᠤᠨ ᠤ ᠡᠳ᠋ ᠤᠨ | ᠵᠠᠰᠠᠭ ᠤᠨ ᠭᠤᠣᠯ ᠬᠠᠮᠢᠶᠠᠷᠤᠯᠲᠠ ᠶᠢᠨ ᠰᠠᠯᠠᠭ᠎ᠠ ᠮᠥᠴᠢᠷ ᠯᠦᠭᠡ ᠨᠥᠬᠦᠪᠦᠷᠢ ᠥᠭᠬᠦ ᠪᠡᠯᠡ ᠮᠥᠩᠭᠦ ᠶᠢ | ᠵᠣᠬᠢᠴᠠᠭᠤᠯᠤᠨ ᠨᠠᠶᠢᠳᠠᠪᠤᠷᠢᠵᠢᠭᠤᠯᠵᠤ᠂ ᠬᠡᠷᠡᠭᠵᠢᠭᠦᠯᠬᠦ ᠪᠠ ᠬᠢᠨᠠᠨ ᠬᠠᠮᠢᠶᠠᠷᠬᠤ ᠱᠠᠭᠠᠷᠳᠠᠯᠭ᠎ᠠ ᠶᠢ ᠳᠤᠷᠠᠳᠤᠨ | ᠭᠠᠷᠭᠠᠨ᠎ᠠ᠃ | ︵ᠬᠤᠶᠠᠷ︶ ᠠᠯᠤᠰ ᠠᠴᠠ ᠬᠢᠨᠠᠨ ᠬᠡᠮᠵᠢᠬᠦ ᠦᠵᠦᠭᠦᠷ ᠲᠥᠬᠦᠭᠡᠷᠦᠮᠵᠢ ᠶᠢᠨ ᠬᠡᠯᠪᠡᠷᠢ ᠰᠣᠩᠭᠤᠨ ᠤᠭᠰᠠᠷᠠᠬᠤ᠂ | ᠲᠤᠷᠰᠢᠨ ᠲᠣᠬᠢᠷᠠᠭᠤᠯᠵᠤ ᠬᠠᠷᠭᠤᠭᠤᠯᠬᠤ | ᠨᠥᠬᠦᠪᠦᠷᠢ ᠥᠭᠬᠦ ᠠᠵᠢᠯ ᠳᠤ ᠬᠡᠷᠡᠭᠯᠡᠬᠦ ᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯ ᠤᠨ ᠮᠠᠰᠢᠨ | ᠴᠣᠭᠴᠠᠯᠠᠪᠤᠷᠢ ᠳᠤ ᠡᠷᠬᠡᠪᠰᠢ ᠮᠡᠳᠡᠭᠡ ᠵᠠᠩᠭᠢᠵᠢᠯᠲᠠ ᠶᠢᠨ ᠠᠯᠤᠰ ᠠᠴᠠ ᠬᠢᠨᠠᠨ ᠬᠡᠮᠵᠢᠬᠦ ᠦᠵᠦᠭᠦᠷ ᠤᠨ | ᠲᠥᠬᠦᠭᠡᠷᠦᠮᠵᠢ ᠶᠢ ᠲᠣᠬᠢᠷᠠᠭᠤᠯᠬᠤ ᠬᠡᠷᠡᠭᠲᠡᠢ᠃ ᠨᠥᠬᠦᠪᠦᠷᠢ ᠶᠢᠨ ᠠᠵᠢᠯ ᠬᠢᠵᠦ ᠪᠠᠶᠢᠭ᠎ᠠ ᠬᠤᠰᠢᠭᠤ ᠰᠢᠶᠠᠨ ᠨᠢ | ᠠᠯᠤᠰ ᠠᠴᠠ ᠬᠢᠨᠠᠨ ᠬᠡᠮᠵᠢᠬᠦ ᠦᠵᠦᠭᠦᠷ ᠤᠨ ᠪᠡᠯᠡᠳᠬᠡᠮᠵᠢ ᠶᠢ ᠡᠵᠡᠨ ᠮᠡᠳᠡᠵᠦ ᠰᠣᠩᠭᠤᠨ ᠲᠣᠬᠢᠷᠠᠭᠤᠯᠤᠨ᠎ᠠ᠃ | ᠠᠯᠤᠰ ᠵᠠᠢ ᠶᠢᠨ ᠬᠢᠨᠠᠨ ᠬᠡᠮᠵᠢᠬᠦ ᠲᠥᠬᠦᠭᠡᠷᠦᠮᠵᠢ ᠨᠢ ᠳᠠᠭᠠᠭᠤᠯᠢ ᠤᠳᠦᠠ ᠤ ᠣᠷᠣᠨ ᠪᠠᠶᠢᠷᠢ ᠶᠢ ᠲᠣᠭᠲᠠᠭᠠᠬᠤ᠂ | ᠷᠠᠳᠢᠣ᠋ ᠬᠤᠯᠪᠣᠭ᠎ᠠ ᠠᠪᠬᠤ᠂ ᠠᠵᠢᠯ ᠤᠨ ᠭᠦᠨᠴᠡ ᠶᠢ ᠬᠢᠨᠠᠨ ᠬᠡᠮᠵᠢᠬᠦ᠂ ᠲᠡᠯᠡᠪᠡᠢ ᠶᠢ ᠬᠡᠮᠵᠢᠬᠦ᠂ ᠮᠠᠰᠢᠨ ᠪᠠᠭᠠᠵᠢ ᠶᠢ | ᠢᠯᠭᠠᠨ ᠲᠠᠨᠢᠬᠤ᠂ ᠵᠢᠷᠤᠭ ᠳᠦᠷᠰᠦ ᠴᠤᠭᠯᠠᠭᠤᠯᠬᠤ᠂ ᠦᠵᠡᠭᠦᠯᠬᠦ ᠰᠡᠷᠡᠮᠵᠢ ᠶᠢᠨ ᠳᠣᠬᠢᠶ᠎ᠠ ᠵᠡᠷᠭᠡ ᠴᠢᠳᠠᠪᠤᠷᠢ ᠲᠠᠢ | ᠪᠠᠶᠢᠬᠤ ᠬᠡᠷᠡᠭᠲᠡᠢ᠃ ᠲᠤᠭ᠎ᠠ ᠪᠠᠷᠢᠮᠲᠠ ᠰᠢᠢᠳᠪᠦᠷᠢᠯᠡᠬᠦ ᠲᠠᠪᠴᠠᠩ ᠨᠢ ᠭᠥᠯᠢᠶᠡᠨ ᠠᠪᠬᠤ ᠦᠵᠦᠭᠦᠷ ᠤᠨ ᠳᠡᠭᠡᠭᠰᠢ | ᠳᠠᠮᠵᠢᠭᠤᠯᠬᠤ ᠠᠵᠢᠯ ᠤᠨ ᠮᠡᠳᠡᠭᠡ ᠵᠠᠩᠭᠢ᠂ ᠬᠠᠳᠠᠭᠠᠯᠠᠬᠤ᠂ ᠳᠠᠭᠠᠭᠤᠯᠤᠨ ᠭᠠᠷᠭᠠᠬᠤ ᠴᠢᠳᠠᠮᠵᠢ ᠪᠠ ᠠᠵᠢᠯ ᠤᠨ | ᠶᠠᠰᠤ ᠴᠢᠨᠠᠷ᠂ ᠲᠠᠯᠠᠪᠠᠶ ᠵᠡᠷᠭᠡ ᠲᠤᠭ᠎ᠠ ᠪᠠᠷᠢᠮᠲᠠ ᠶᠢ ᠵᠠᠳᠠᠯᠬᠤ᠂ ᠪᠦᠷᠢᠳᠬᠡᠬᠦ ᠪᠠ ᠬᠤᠷᠢᠶᠠᠩᠭᠤᠶᠢᠯᠠᠬᠤ ᠵᠡᠷᠭᠡ | ᠴᠢᠳᠠᠮᠵᠢ ᠶᠢ ᠪᠦᠷᠢᠳᠦᠭᠦᠯᠦᠭᠰᠡᠨ ᠪᠠᠶᠢᠬᠤ ᠬᠡᠷᠡᠭᠲᠡᠢ᠂ ᠬᠠᠮᠢᠶᠠᠷᠤᠯᠲᠠ ᠶᠢᠨ ᠰᠠᠯᠠᠭ᠎ᠠ ᠮᠥᠴᠢᠷ ᠪᠠ ᠬᠡᠷᠡᠭᠯᠡᠭᠴᠢ ᠨᠢ | ᠺᠣᠮᠫᠢᠦ᠋ᠲ᠋ᠧᠷ᠂ ᠭᠠᠷ ᠤᠲᠠᠰᠤ ᠪᠠᠷ ᠲᠠᠪᠴᠠᠩ ᠤᠨ ᠲᠤᠭ᠎ᠠ ᠪᠠᠷᠢᠮᠲᠠ ᠶᠢ ᠰᠢᠭᠤᠳ ᠪᠠᠶᠢᠴᠠᠭᠠᠨ ᠦᠵᠡᠵᠦ ᠪᠣᠯᠣᠨ᠎ᠠ᠃ | | ᠠᠯᠤᠰ ᠠᠴᠠ ᠬᠢᠨᠠᠨ ᠬᠡᠮᠵᠢᠬᠦ ᠶᠢ ᠬᠠᠩᠭᠠᠭᠰᠠᠨ ᠠᠵᠤ ᠠᠬᠤᠶᠢᠯᠠᠯ ᠤᠨ ᠲᠤᠭ᠎ᠠ ᠪᠠᠷᠢᠮᠲᠠ ᠰᠢᠢᠳᠪᠦᠷᠢᠯᠡᠬᠦ | ᠲᠠᠪᠴᠠᠩ ᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨᠴᠢᠯᠠᠯᠲᠠ ᠶᠢᠨ ᠮᠡᠳᠡᠭᠡ ᠵᠠᠩᠭᠢ ᠶᠢᠨ | ᠬᠠᠮᠢᠶᠠᠷᠤᠯᠲᠠ ᠶᠢᠨ ᠦᠢᠯᠡᠴᠢᠯᠡᠭᠡᠨ ᠤ ᠰᠢᠰᠲ᠋ᠧᠮ ᠯᠦᠭᠡ ᠵᠣᠯᠭᠠᠭᠤᠯᠵᠤ᠂ ᠠᠵᠢᠯ ᠤᠨ ᠲᠤᠭ᠎ᠠ ᠪᠠᠷᠢᠮᠲᠠ ᠶᠢᠨ ᠦᠷ᠎ᠡ | ᠳ᠋ᠦᠩ ᠢ ᠴᠠᠭ ᠲᠤᠬᠠᠢ ᠳᠤᠨᠢ᠂ ᠣᠨᠣᠪᠴᠢᠲᠠᠶ ᠳᠡᠭᠡᠭᠰᠢ ᠳᠠᠮᠵᠢᠭᠤᠯᠬᠤ ᠬᠡᠷᠡᠭᠲᠡᠢ᠃ᠬᠤᠰᠢᠭᠤᠨ ᠤ ᠲᠠᠷᠢᠶᠠᠯᠠᠩ ᠮᠠᠯ | ᠠᠵᠤ ᠠᠬᠤᠢ ᠶᠢᠨ ᠰᠠᠯᠠᠭ᠎ᠠ ᠮᠥᠴᠢᠷ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ︵ | ᠲᠠᠷᠢᠶᠠᠯᠠᠩ ᠤᠨ ᠮᠠᠰᠢᠨ ᠤ ᠡᠷᠦᠬᠡ︶᠂ ᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯ ᠤᠨ ᠮᠠᠰᠢᠨ | ᠴᠣᠭᠴᠠᠯᠠᠪᠤᠷᠢ ᠪᠠ ᠬᠢᠨᠠᠨ ᠬᠡᠮᠵᠢᠬᠦ ᠲᠥᠬᠦᠭᠡᠷᠦᠮᠵᠢ ᠶᠢ ᠪᠦᠷᠢᠳᠬᠡᠨ ᠳᠠᠩᠰᠠᠯᠠᠬᠤ ᠶᠢ ᠬᠠᠷᠢᠭᠤᠴᠠᠨ᠎ᠠ ︵3 ᠶᠢ | ᠳᠠᠭᠠᠯᠳᠤᠭᠤᠯᠪᠠ︶᠃ ᠡᠭᠦᠨ ᠤ ᠬᠠᠮᠲᠤ ᠲᠤᠭ᠎ᠠ ᠪᠠᠷᠢᠮᠲᠠ ᠰᠢᠢᠳᠪᠦᠷᠢᠯᠡᠬᠦ ᠲᠠᠪᠴᠠᠩ ᠤᠨ ᠠᠵᠤ ᠠᠬᠤᠶᠢᠯᠠᠯ ᠯᠤᠭ᠎ᠠ | ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠬᠠᠮᠠᠭᠠᠯᠠᠬᠤ᠂ ᠬᠠᠳᠠᠭᠠᠯᠠᠬᠤ ᠵᠥᠪᠯᠡᠯᠴᠡᠭᠡᠷ ᠲᠣᠭᠲᠠᠨ᠎ᠠ ︵ᠲᠤᠭ᠎ᠠ ᠪᠠᠷᠢᠮᠲᠠ | ᠰᠢᠢᠳᠪᠦᠷᠢᠯᠡᠬᠦ ᠲᠠᠪᠴᠠᠩ ᠤᠨ ᠠᠵᠤ ᠠᠬᠤᠶᠢᠯᠠᠯ ᠬᠢᠭᠡᠳ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ | ᠮᠠᠰᠢᠨᠴᠢᠯᠠᠯᠲᠠ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠰᠢᠰᠲ᠋ᠧᠮ ᠢ ᠵᠣᠯᠭᠠᠭᠤᠯᠬᠤ ᠶᠢᠨ | ᠬᠠᠮᠲᠤ ᠠᠵᠢᠯ ᠤᠨ ᠲᠤᠭ᠎ᠠ ᠪᠠᠷᠢᠮᠲᠠ ᠶᠢ ᠴᠠᠭ ᠲᠤᠬᠠᠢ ᠳᠤᠨᠢ ᠣᠨᠣᠪᠴᠢᠲᠠᠶ ᠳᠠᠮᠵᠢᠭᠤᠯᠬᠤ ᠵᠡᠷᠭᠡ ᠠᠭᠤᠯᠭ᠎ᠠ ᠶᠢ | ᠪᠠᠭᠲᠠᠭᠠᠨ᠎ᠠ︶᠃ | ᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯ ᠢ ᠥᠷᠨᠢᠭᠦᠯᠬᠦ ᠠᠴᠠ ᠡᠮᠦᠨ᠎ᠡ᠂ ᠠᠵᠢᠯᠯᠠᠬᠤ ᠮᠠᠰᠢᠨ | ᠴᠣᠭᠴᠠᠯᠠᠪᠤᠷᠢ ᠪᠠ ᠠᠯᠤᠰ ᠠᠴᠠ ᠬᠢᠨᠠᠨ ᠬᠡᠮᠵᠢᠬᠦ ᠲᠥᠬᠦᠭᠡᠷᠦᠮᠵᠢ ᠶᠢ ᠲᠤᠷᠰᠢᠨ ᠲᠣᠬᠢᠷᠠᠭᠤᠯᠵᠤ ᠬᠠᠷᠭᠤᠭᠤᠯᠬᠤ | ᠬᠡᠷᠡᠭᠲᠡᠢ᠃ ᠲᠤᠷᠰᠢᠨ ᠲᠣᠬᠢᠷᠠᠭᠤᠯᠵᠤ ᠬᠠᠷᠭᠤᠭᠤᠯᠬᠤ ᠳᠠᠭᠠᠨ ᠬᠠᠷᠢᠴᠠᠩᠭᠤᠢ ᠲᠡᠭᠰᠢᠬᠡᠨ ᠭᠠᠵᠠᠷ ᠲᠤ ᠬᠢᠵᠦ᠂ | ᠮᠠᠰᠢᠨ ᠴᠣᠭᠴᠠᠯᠠᠪᠤᠷᠢ ᠶᠢ ᠲᠣᠭᠲᠠᠭᠰᠠᠨ ᠠᠵᠢᠯ ᠤᠨ ᠭᠦᠨᠴᠡ ᠲᠠᠢ ᠲᠤᠷᠰᠢᠨ ᠠᠵᠢᠯᠯᠠᠭᠤᠯᠬᠤ ᠳᠤ ᠲᠣᠬᠢᠷᠠᠭᠤᠯᠵᠤ᠂ | ᠠᠵᠢᠯ ᠤᠨ ᠶᠠᠰᠤ ᠴᠢᠨᠠᠷ ᠢ ᠠᠯᠤᠰ ᠠᠴᠠ ᠬᠢᠨᠠᠨ ᠬᠡᠮᠵᠢᠬᠦ ᠪᠠ ᠬᠥᠮᠥᠨ ᠤ ᠬᠦᠴᠦ ᠪᠠᠷ ᠪᠠᠶᠢᠴᠠᠭᠠᠨ ᠰᠢᠯᠭᠠᠬᠤ | ᠬᠡᠷᠡᠭᠲᠡᠢ︔ᠬᠥᠮᠥᠨ ᠤ ᠬᠦᠴᠦ ᠪᠠᠷ ᠪᠠᠶᠢᠴᠠᠭᠠᠨ ᠬᠡᠮᠵᠢᠭᠰᠡᠨ ᠲᠤᠭ᠎ᠠ ᠪᠠᠷᠢᠮᠲᠠ ᠲᠠᠢ ᠬᠠᠷᠢᠴᠠᠭᠤᠯᠵᠤ᠂ ᠠᠯᠤᠰ ᠠᠴᠠ | ᠬᠢᠨᠠᠨ ᠬᠡᠮᠵᠢᠬᠦ ᠲᠥᠬᠦᠭᠡᠷᠦᠮᠵᠢ ᠶᠢ ᠲᠤᠷᠰᠢᠨ ᠲᠣᠬᠢᠷᠠᠭᠤᠯᠵᠤ᠂ ᠠᠯᠤᠰ ᠠᠴᠠ ᠬᠢᠨᠠᠨ ᠬᠡᠮᠵᠢᠬᠦ ᠠᠵᠢᠯ ᠤᠨ | ᠲᠠᠯᠠᠪᠠᠶ ᠶᠢᠨ ᠲᠤᠭ᠎ᠠ ᠪᠠᠷᠢᠮᠲᠠ ᠶᠢ ᠬᠥᠮᠥᠨ ᠤ ᠬᠦᠴᠦ ᠪᠠᠷ ᠪᠠᠶᠢᠴᠠᠭᠠᠨ ᠬᠡᠮᠵᠢᠭᠰᠡᠨ ᠲᠠᠯᠠᠪᠠᠶ ᠶᠢᠨ ᠲᠤᠭ᠎ᠠ ᠪᠠᠷᠢᠮᠲᠠ | ᠯᠤᠭ᠎ᠠ ᠬᠠᠷᠢᠯᠴᠠᠨ ᠠᠪᠴᠠᠯᠳᠤᠭᠤᠯᠵᠤ ︵ᠲᠣᠭᠲᠠᠭᠠᠭᠰᠠᠨ ᠠᠯᠳᠠᠪᠤᠷᠢ ᠶᠢᠨ ᠬᠡᠪᠴᠢᠶᠡᠨ ᠳᠣᠲᠣᠷ᠎ᠠ︶᠂ ᠠᠯᠤᠰ | ᠠᠴᠠ ᠬᠢᠨᠠᠨ ᠬᠡᠮᠵᠢᠬᠦ ᠶᠢᠨ ᠭᠦᠨ ᠰᠤᠯᠠᠷᠠᠭᠰᠠᠨ ᠭᠦᠨᠴᠡ ᠶᠢᠨ ᠬᠢᠷᠢ ᠲᠡᠩᠴᠡᠭᠰᠡᠨ ᠨᠣᠷᠮ᠎ᠠ ᠪᠤᠶᠤ ᠪᠠᠷᠢᠮᠵᠢᠶ᠎ᠠ ᠳᠤ | ᠬᠦᠷᠦᠭᠰᠡᠨ ᠨᠣᠷᠮ᠎ᠠ ᠶᠢᠨ ᠲᠤᠭ᠎ᠠ ᠪᠠᠷᠢᠮᠲᠠ ᠶᠢ ᠬᠥᠮᠥᠨ ᠤ ᠬᠦᠴᠦ ᠪᠠᠷ ᠪᠠᠶᠢᠴᠠᠭᠠᠨ ᠬᠡᠮᠵᠢᠬᠦ ᠶᠢᠨ ᠭᠦᠨ | ᠰᠤᠯᠠᠷᠠᠭᠰᠠᠨ ᠭᠦᠨᠴᠡ ᠶᠢᠨ ᠬᠢᠷᠢ ᠲᠡᠩᠴᠡᠭᠰᠡᠨ ᠨᠣᠷᠮ᠎ᠠ ᠶᠢᠨ ᠲᠤᠭ᠎ᠠ ᠪᠠᠷᠢᠮᠲᠠ ᠯᠤᠭ᠎ᠠ ᠦᠨᠳᠦᠰᠦᠨ ᠳᠡᠭᠡᠨ ᠠᠳᠠᠯᠢ | ᠪᠠᠶᠢᠯᠭᠠᠨ᠎ᠠ᠃ | ︵ᠭᠤᠷᠪᠠ︶ ᠠᠯᠤᠰ ᠠᠴᠠ ᠬᠢᠨᠠᠨ ᠬᠡᠮᠵᠢᠬᠦ ᠠᠵᠢᠯ ᠤᠨ ᠶᠠᠰᠤ ᠴᠢᠨᠠᠷ ᠢ ᠡᠵᠡᠮᠳᠡᠬᠦ ᠭᠦᠢᠴᠡᠳᠬᠡᠬᠦ ᠲᠤᠭ᠎ᠠ ᠶᠢ | ᠲᠣᠭᠲᠠᠭᠠᠬᠤ ᠪᠠ ᠭᠦᠢᠴᠡᠳᠬᠡᠬᠦ ᠲᠤᠭ᠎ᠠ ᠶᠢ ᠬᠡᠷᠡᠭᠯᠡᠬᠦ | ᠠᠯᠤᠰ ᠡᠵᠡᠮᠰᠢᠯᠲᠦ ᠬᠢᠨᠠᠨ ᠬᠡᠮᠵᠢᠯᠲᠡ ᠶᠢᠨ ᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯ ᠤᠨ ᠭᠦᠨᠴᠡ ᠶᠢᠨ | ᠬᠢᠷᠢ ᠲᠡᠩᠴᠡᠭᠰᠡᠨ ᠨᠣᠷᠮ᠎ᠠ ᠪᠤᠶᠤ ᠪᠠᠷᠢᠮᠵᠢᠶ᠎ᠠ ᠳᠤ ᠬᠦᠷᠦᠭᠰᠡᠨ ᠨᠣᠷᠮ᠎ᠠ ᠪᠠᠷ ᠠᠯᠤᠰ ᠡᠵᠡᠮᠰᠢᠯᠲᠦ ᠬᠢᠨᠠᠨ | ᠬᠡᠮᠵᠢᠯᠲᠡ ᠶᠢᠨ ᠠᠵᠢᠯ ᠤᠨ ᠶᠠᠰᠤ ᠴᠢᠨᠠᠷ ᠢ ᠡᠵᠡᠮᠳᠡᠬᠦ ᠭᠦᠢᠴᠡᠳᠬᠡᠯ ᠲᠤᠭ᠎ᠠ ᠪᠣᠯᠭᠠᠵᠤ᠂ ᠲᠠᠯ᠎ᠠ ᠭᠠᠵᠠᠷ ᠤᠨ ᠭᠠᠵᠠᠷ | ᠣᠷᠣᠨ ᠤ ᠶᠠᠰᠤ ᠴᠢᠨᠠᠷ ᠢ ᠡᠵᠡᠮᠳᠡᠬᠦ ᠭᠦᠢᠴᠡᠳᠬᠡᠯ ᠲᠤᠭ᠎ᠠ ᠶᠢᠨ ᠬᠡᠮᠵᠢᠭᠳᠡᠯ ᠢ 90% ᠪᠠᠷ ᠲᠣᠭᠲᠠᠭᠠᠵᠤ᠂ | ᠳᠣᠪᠣᠷᠬᠠᠭ ᠭᠠᠵᠠᠷ ᠣᠷᠣᠨ ᠤ ᠶᠠᠰᠤ ᠴᠢᠨᠠᠷ ᠢ ᠡᠵᠡᠮᠳᠡᠬᠦ ᠭᠦᠢᠴᠡᠳᠬᠡᠯ ᠲᠤᠭ᠎ᠠ ᠶᠢᠨ ᠬᠡᠮᠵᠢᠭᠳᠡᠯ ᠢ 85% ᠪᠠᠷ | ᠲᠣᠭᠲᠠᠭᠠᠨ᠎ᠠ᠃ᠠᠵᠢᠯ ᠤᠨ ᠬᠢᠨᠠᠨ ᠬᠡᠮᠵᠢᠯᠲᠡ ᠳᠤ᠂ ᠭᠦᠨ ᠰᠤᠯᠠᠷᠠᠭᠤᠯᠤᠭᠰᠠᠨ ᠭᠦᠨᠴᠡ ᠶᠢᠨ ᠬᠢᠷᠢ ᠲᠡᠩᠴᠡᠭᠰᠡᠨ | ᠨᠣᠷᠮ᠎ᠠ ᠪᠤᠶᠤ ᠪᠠᠷᠢᠮᠵᠢᠶ᠎ᠠ ᠳᠤ ᠬᠦᠷᠦᠭᠰᠡᠨ ᠨᠣᠷᠮ᠎ᠠ ᠨᠢ ᠶᠠᠰᠤ ᠴᠢᠨᠠᠷ ᠤᠨ ᠡᠵᠡᠮᠳᠡᠯ ᠤᠨ ᠵᠢᠭᠠᠯᠲᠠ ᠬᠡᠮᠵᠢᠭᠳᠡᠯ ᠳᠤ | ᠬᠦᠷᠦᠭᠰᠡᠨ ᠠᠵᠢᠯ ᠤᠨ ᠬᠡᠰᠡᠭ ᠪᠦᠬᠦᠨ ᠢ ︽ᠠᠯᠤᠰ ᠠᠴᠠ ᠬᠢᠨᠠᠨ ᠬᠡᠮᠵᠢᠭᠡᠳ ᠬᠢᠷᠢ ᠲᠡᠩᠴᠡᠭᠰᠡᠨ ᠬᠡᠰᠡᠭ︾ ᠢᠶᠠᠷ | ᠮᠠᠭᠠᠳᠯᠠᠨ ᠲᠣᠭᠲᠠᠭᠠᠨ᠎ᠠ︔ᠭᠦᠨᠴᠡ ᠶᠢᠨ ᠬᠢᠷᠢ ᠲᠡᠩᠴᠡᠭᠰᠡᠨ ᠨᠣᠷᠮ᠎ᠠ ᠪᠤᠶᠤ ᠪᠠᠷᠢᠮᠵᠢᠶ᠎ᠠ ᠳᠤ ᠬᠦᠷᠦᠭᠰᠡᠨ ᠨᠣᠷᠮ᠎ᠠ | ᠨᠢ ᠶᠠᠰᠤ ᠴᠢᠨᠠᠷ ᠤᠨ ᠡᠵᠡᠮᠳᠡᠯ ᠤᠨ ᠵᠢᠭᠠᠯᠲᠠ ᠬᠡᠮᠵᠢᠭᠳᠡᠯ ᠳᠤ ᠬᠦᠷᠦᠭᠰᠡᠨ ᠦᠭᠡᠢ ᠠᠵᠢᠯ ᠤᠨ ᠭᠠᠵᠠᠷ ᠢ ᠬᠢᠷᠢ | ᠲᠡᠩᠴᠡᠭᠰᠡᠨ ᠦᠭᠡᠢ ᠭᠠᠵᠠᠷ ᠢᠶᠠᠷ ᠮᠠᠭᠠᠳᠯᠠᠨ ᠲᠣᠭᠲᠠᠭᠠᠨ᠎ᠠ᠃ᠬᠢᠷᠢ ᠲᠡᠩᠴᠡᠬᠦ ᠦᠭᠡᠢ ᠭᠠᠵᠠᠷ ᠲᠤ ᠠᠵᠢᠯ ᠤᠨ | ᠨᠥᠬᠦᠪᠦᠷᠢ ᠬᠦᠷᠲᠡᠵᠦ ᠪᠣᠯᠬᠤ ᠦᠭᠡᠢ᠃ | ︵ᠳᠥᠷᠪᠡ︶ ᠠᠵᠢᠯᠯᠠᠬᠤ ᠮᠠᠰᠢᠨ ᠴᠣᠭᠴᠠᠯᠠᠪᠤᠷᠢ ᠶᠢᠨ ᠮᠡᠳᠡᠭᠡ ᠵᠠᠩᠭᠢ ᠶᠢ ᠨᠡᠶᠢᠲᠡᠯᠡᠬᠦ ᠬᠡᠷᠡᠭᠲᠡᠢ | ᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯ ᠢ ᠰᠠᠶᠢᠨ ᠳᠤᠷ᠎ᠠ ᠠᠴᠠ ᠪᠠᠨ ᠡᠭᠦᠷᠭᠡᠯᠡᠵᠦ ᠪᠠᠶᠢᠭ᠎ᠠ | ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠪᠤᠶᠤ ᠲᠠᠷᠢᠶᠠᠯᠠᠩ ᠤᠨ ᠮᠠᠰᠢᠨ ᠤ ᠡᠷᠦᠬᠡ ᠨᠢ | ᠬᠤᠰᠢᠭᠤᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠲᠤ ᠭᠤᠶᠤᠴᠢᠯᠠᠨ ᠳᠠᠩᠰᠠᠯᠠᠭᠤᠯᠬᠤ ᠶᠢᠨ ᠬᠠᠮᠲᠤ | ᠂ ᠠᠵᠢᠯ ᠤᠨ ᠶᠠᠰᠤ ᠴᠢᠨᠠᠷ᠂ ᠬᠠᠷᠢᠭᠤᠴᠠᠯᠭ᠎ᠠ ᠡᠭᠦᠷᠭᠡ ᠵᠡᠷᠭᠡ ᠠᠮᠠᠯᠠᠯᠲᠠ ᠶᠢᠨ ᠪᠢᠴᠢᠭ ᠲᠤ ᠭᠠᠷ ᠤᠨ ᠥᠰᠥᠭ | ᠵᠢᠷᠤᠵᠤ᠂ ᠠᠮᠠᠯᠠᠯᠲᠠ ᠶᠢᠨ ᠪᠢᠴᠢᠭ ᠢ ᠬᠤᠰᠢᠭᠤᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠠᠴᠠ | ᠥᠪᠡᠰᠦᠪᠡᠨ ᠨᠠᠶᠢᠷᠠᠭᠤᠯᠤᠨ ᠵᠣᠬᠢᠶᠠᠨ᠎ᠠ᠃ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ | ᠪᠦᠷᠢᠳᠬᠡᠨ ᠳᠠᠩᠰᠠᠯᠠᠭᠤᠯᠤᠭᠰᠠᠨ ᠤ ᠳᠠᠷᠠᠭᠠᠬᠢ ᠲᠠᠷᠢᠶᠠᠯᠠᠩ ᠤᠨ ᠮᠠᠰᠢᠨ ᠤ ᠠᠵᠢᠯᠯᠠᠭᠠᠨ ᠤ ᠦᠢᠯᠡᠴᠢᠯᠡᠭᠡᠨ ᠤ | ᠵᠣᠬᠢᠶᠠᠨ ᠪᠠᠶᠢᠭᠤᠯᠤᠯᠲᠠ ᠪᠤᠶᠤ ᠲᠠᠷᠢᠶᠠᠯᠠᠩ ᠤᠨ ᠮᠠᠰᠢᠨ ᠤ ᠡᠷᠦᠬᠡ ᠵᠢᠴᠢ ᠲᠠᠷᠢᠶᠠᠨ ᠭᠠᠵᠠᠷ ᠢ ᠭᠦᠨ ᠰᠤᠯᠠᠷᠠᠭᠤᠯᠬᠤ | ᠠᠵᠢᠯᠯᠠᠭᠠᠨ ᠤ ᠮᠠᠰᠢᠨ ᠴᠣᠭᠴᠠᠯᠠᠪᠤᠷᠢ ᠶᠢᠨ ᠬᠠᠮᠢᠶ᠎ᠠ ᠪᠦᠬᠦᠢ ᠮᠡᠳᠡᠭᠡ ᠵᠠᠩᠭᠢ ᠶᠢ ᠬᠤᠯᠪᠣᠭᠳᠠᠯ ᠪᠦᠬᠦᠢ | ᠵᠠᠭᠤᠴᠢᠯᠠᠭᠤᠷ᠂ ᠰᠤᠮᠤ ᠪᠠᠯᠭᠠᠰᠤ ᠶᠢᠨ ᠭᠠᠴᠠᠭ᠎ᠠ ︵ᠲᠠᠯᠠᠪᠠᠶ︶ ᠶᠢᠨ ᠵᠠᠷᠯᠠᠨ ᠨᠡᠶᠢᠲᠡᠯᠡᠬᠦ ᠪᠤᠯᠤᠩ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ᠂ ᠮᠡᠳᠡᠪᠡᠰᠦ ᠵᠣᠬᠢᠬᠤ ᠬᠡᠪᠴᠢᠶᠡᠨ ᠳᠤ ᠨᠡᠶᠢᠲᠡᠯᠡᠨ᠎ᠡ᠃ ︽ᠤᠷᠢᠳᠠᠪᠠᠷ ᠢᠯᠡ ᠨᠡᠶᠢᠲᠡᠯᠡᠵᠦ | ᠂ ᠳᠠᠷᠠᠭ᠎ᠠ ᠨᠢ ᠠᠵᠢᠯᠯᠠᠬᠤ︾ ᠵᠠᠷᠴᠢᠮ ᠢ ᠪᠠᠷᠢᠮᠲᠠᠯᠠᠨ᠎ᠠ᠃ | ︵ᠲᠠᠪᠤ︶ ᠭᠦᠨ ᠰᠤᠯᠠᠷᠠᠭᠤᠯᠬᠤ ᠠᠵᠢᠯ ᠢ ᠥᠷᠨᠢᠭᠦᠯᠬᠦ ᠬᠡᠷᠡᠭᠲᠡᠢ | ᠭᠠᠵᠠᠷ ᠰᠢᠷᠣᠢ ᠡᠵᠡᠩᠨᠡᠭᠴᠢ ᠨᠢ ᠨᠢᠭᠡᠨᠲᠡ ᠨᠡᠶᠢᠲᠡᠯᠡᠭᠰᠡᠨ ᠲᠠᠷᠢᠶᠠᠯᠠᠩ ᠤᠨ ᠮᠠᠰᠢᠨ ᠢᠶᠠᠷ ᠠᠵᠢᠯᠯᠠᠬᠤ | ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠪᠤᠶᠤ ᠲᠠᠷᠢᠶᠠᠯᠠᠩ ᠤᠨ ᠮᠠᠰᠢᠨ ᠤ ᠡᠷᠦᠬᠡ ᠶᠢ ᠪᠡᠶ᠎ᠡ ᠪᠠᠨ ᠳᠠᠭᠠᠭᠠᠵᠤ | ᠬᠥᠯᠥᠰᠦᠯᠡᠨ ᠲᠡᠭᠦᠨ ᠳᠤ ᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯ ᠤᠨ ᠦᠢᠯᠡᠴᠢᠯᠡᠭᠡ ᠬᠠᠩᠭᠠᠪᠠᠯ᠂ ᠬᠤᠶᠠᠷ | ᠲᠠᠯ᠎ᠠ ᠪᠠᠷ ᠢᠶᠠᠨ ᠠᠵᠢᠯ ᠤᠨ ᠭᠡᠷ᠎ᠡ ᠲᠣᠭᠲᠠᠭᠠᠬᠤ ᠬᠡᠷᠡᠭᠲᠡᠢ ︵ᠨᠠᠷᠢᠨ ᠵᠦᠢᠯᠡᠰ ᠢ 1 ᠶᠢ ᠳᠠᠭᠠᠯᠳᠤᠭᠤᠯᠪᠠ︶᠂ ᠭᠦᠨ | ᠰᠤᠯᠠᠷᠠᠭᠤᠯᠬᠤ ᠲᠠᠯᠠᠪᠠᠢ᠂ ᠠᠵᠢᠯ ᠤᠨ ᠶᠠᠰᠤ ᠴᠢᠨᠠᠷ᠂ ᠠᠵᠢᠯ ᠤᠨ ᠦᠨ᠎ᠡ᠂ ᠰᠦᠢᠳᠬᠡᠯ ᠬᠤᠷᠢᠶᠠᠬᠤ ᠠᠷᠭ᠎ᠠ ᠮᠠᠶ᠋ᠢᠭ | ︵ᠵᠥᠷᠢᠶᠡᠲᠦ ᠦᠨ᠎ᠡ ᠪᠠᠷ ᠰᠦᠢᠳᠬᠡᠯ ᠬᠤᠷᠢᠶᠠᠬᠤ᠂ ᠪᠦᠬᠦ ᠦᠨ᠎ᠡ ᠪᠠᠷ ᠰᠦᠢᠳᠬᠡᠯ ᠬᠤᠷᠢᠶᠠᠬᠤ︶ ᠵᠡᠷᠭᠡ ᠶᠢ | ᠲᠣᠳᠣᠷᠬᠠᠢ ᠲᠣᠭᠲᠠᠭᠠᠬᠤ ᠬᠡᠷᠡᠭᠲᠡᠢ᠃ ᠲᠠᠷᠢᠶᠠᠯᠠᠩ ᠤᠨ ᠮᠠᠰᠢᠨ ᠢᠶᠠᠷ ᠠᠵᠢᠯᠯᠠᠬᠤ ᠦᠢᠯᠡᠴᠢᠯᠡᠭᠡᠨ ᠤ ᠵᠣᠬᠢᠶᠠᠨ | ᠪᠠᠶᠢᠭᠤᠯᠤᠯᠲᠠ ᠪᠤᠶᠤ ᠲᠠᠷᠢᠶᠠᠯᠠᠩ ᠤᠨ ᠮᠠᠰᠢᠨ ᠤ ᠡᠷᠦᠬᠡ ᠨᠦᠭᠦᠳ ᠠᠵᠢᠯᠯᠠᠬᠤ ᠡᠭᠦᠷᠭᠡ ᠪᠠᠨ ᠴᠠᠭ ᠲᠤᠬᠠᠢ ᠳᠤᠨᠢ | ᠪᠡᠶᠡᠯᠡᠭᠦᠯᠬᠦ ᠬᠡᠷᠡᠭᠲᠡᠢ︔ ᠠᠵᠢᠯᠯᠠᠬᠤ ᠶᠠᠪᠤᠴᠠ ᠳᠤ ᠠᠯᠤᠰ ᠠᠴᠠ ᠬᠢᠨᠠᠨ ᠬᠡᠮᠵᠢᠬᠦ ᠲᠥᠬᠦᠭᠡᠷᠦᠮᠵᠢ ᠶᠢᠨ ᠠᠵᠢᠯ ᠤᠨ | ᠬᠡᠪ ᠤᠨ ᠪᠠᠶᠢᠳᠠᠯ ᠢ ᠪᠠᠲᠤᠯᠠᠬᠤ ᠶᠢᠨ ᠬᠠᠮᠲᠤ ᠬᠢᠨᠠᠨ ᠬᠡᠮᠵᠢᠭᠰᠡᠨ ᠮᠡᠳᠡᠭᠡ ᠵᠠᠩᠭᠢ ᠶᠢ ᠦᠨᠳᠦᠰᠦᠯᠡᠨ ᠮᠠᠰᠢᠨ | ᠴᠣᠭᠴᠠᠯᠠᠪᠤᠷᠢ ᠶᠢᠨ ᠪᠠᠶᠢᠳᠠᠯ ᠪᠠ ᠠᠵᠢᠯ ᠤᠨ ᠭᠦᠨᠴᠡ ᠶᠢ ᠴᠠᠭ ᠲᠤᠨᠢ ᠲᠣᠬᠢᠷᠠᠭᠤᠯᠤᠨ ᠲᠣᠬᠢᠷᠠᠭᠤᠯᠵᠤ᠂ ᠠᠵᠢᠯ ᠤᠨ | ᠶᠠᠰᠤ ᠴᠢᠨᠠᠷ ᠢ ᠪᠠᠲᠤᠯᠠᠬᠤ ᠬᠡᠷᠡᠭᠲᠡᠢ︔ ᠠᠵᠢᠯᠯᠠᠬᠤ ᠮᠠᠰᠢᠨᠴᠢ ᠬᠢᠭᠡᠳ ᠭᠠᠵᠠᠷ ᠰᠢᠷᠣᠢ ᠡᠵᠡᠩᠨᠡᠭᠴᠢ ᠬᠤᠶᠠᠷ | ᠲᠠᠯ᠎ᠠ ᠪᠠᠷ ᠢᠶᠠᠨ ᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯ ᠳᠠᠭᠤᠰᠤᠭᠰᠠᠨ ᠤ ᠳᠠᠷᠠᠭ᠎ᠠ ︽ᠲᠠᠷᠢᠶᠠᠨ | ᠭᠠᠵᠠᠷ ᠢ ᠭᠦᠨ ᠰᠤᠯᠠᠷᠠᠭᠤᠯᠬᠤ ᠠᠵᠢᠯ ᠤᠨ ᠬᠠᠭᠤᠳᠠᠰᠤ︾ ︵4 ᠶᠢ ᠳᠠᠭᠠᠯᠳᠤᠭᠤᠯᠪᠠ︶ ᠶᠢ ᠴᠠᠭ ᠲᠤᠬᠠᠢ ᠳᠤᠨᠢ | ᠲᠠᠭᠯᠠᠨ ᠪᠢᠴᠢᠬᠦ ᠬᠡᠷᠡᠭᠲᠡᠢ︔ᠠᠵᠢᠯ ᠤᠨ ᠶᠠᠪᠤᠴᠠ ᠳᠤ ᠭᠠᠵᠠᠷ ᠰᠢᠷᠣᠢ ᠡᠵᠡᠩᠨᠡᠭᠴᠢ ᠨᠢ ᠠᠵᠢᠯ ᠤᠨ ᠶᠠᠰᠤ | ᠴᠢᠨᠠᠷ ᠲᠤ ᠬᠢᠨᠠᠯᠲᠠ ᠲᠠᠯᠪᠢᠬᠤ ᠡᠷᠬᠡ ᠪᠠ ᠡᠭᠦᠷᠭᠡ ᠲᠠᠢ︔ ᠲᠠᠷᠢᠶᠠᠯᠠᠩ ᠤᠨ ᠮᠠᠰᠢᠨ ᠢᠶᠠᠷ ᠠᠵᠢᠯᠯᠠᠬᠤ | ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠪᠤᠶᠤ ᠲᠠᠷᠢᠶᠠᠯᠠᠩ ᠤᠨ ᠮᠠᠰᠢᠨ ᠤ ᠡᠷᠦᠬᠡ ᠴᠠᠭ ᠲᠤᠬᠠᠢ ᠳᠤᠨᠢ ︽ | ᠲᠠᠷᠢᠶᠠᠨ ᠭᠠᠵᠠᠷ ᠢ ᠰᠤᠯᠠᠷᠠᠭᠤᠯᠬᠤ ᠠᠵᠢᠯ ᠤᠨ ᠬᠠᠭᠤᠳᠠᠰᠤ︾ ᠶᠢ ᠬᠠᠷᠭᠤᠭᠤᠯᠤᠨ ᠬᠤᠷᠢᠶᠠᠩᠭᠤᠶᠢᠯᠠᠬᠤ ᠶᠢᠨ ᠬᠠᠮᠲᠤ | ᠠᠵᠢᠯᠯᠠᠬᠤ ᠭᠡᠷ᠎ᠡ ᠲᠠᠢ ᠪᠠᠨ ᠬᠠᠮᠲᠤ ᠳᠤᠨᠢ ᠬᠤᠰᠢᠭᠤᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠲᠤ | ᠮᠡᠳᠡᠭᠦᠯᠬᠦ ᠬᠡᠷᠡᠭᠲᠡᠢ᠃ | ︵ᠵᠢᠷᠭᠤᠭ᠎ᠠ︶ ᠠᠵᠢᠯ ᠤᠨ ᠶᠠᠰᠤ ᠴᠢᠨᠠᠷ ᠬᠢᠭᠡᠳ ᠲᠠᠯᠠᠪᠠᠶ ᠶᠢ ᠰᠤᠭᠤᠴᠢᠨ ᠪᠠᠶᠢᠴᠠᠭᠠᠵᠤ ᠳᠠᠬᠢᠨ ᠬᠢᠨᠠᠬᠤ | 1. ᠠᠵᠢᠯ ᠤᠨ ᠶᠠᠰᠤ ᠴᠢᠨᠠᠷ ᠬᠢᠭᠡᠳ ᠲᠠᠯᠠᠪᠠᠶ ᠶᠢ ᠬᠥᠮᠥᠨ ᠤ ᠬᠦᠴᠦ ᠪᠠᠷ ᠰᠤᠭᠤᠴᠢᠨ ᠪᠠᠶᠢᠴᠠᠭᠠᠨ᠎ᠠ᠃ | ᠬᠤᠰᠢᠭᠤᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠲᠠᠷᠢᠶᠠᠨ ᠭᠠᠵᠠᠷ ᠢ ᠭᠦᠨ ᠰᠤᠯᠠᠷᠠᠭᠤᠯᠬᠤ | ᠠᠵᠢᠯ ᠤᠨ ᠬᠤᠭᠤᠴᠠᠭᠠᠨ ᠳᠤ ᠴᠠᠭ ᠲᠤᠨᠢ ᠲᠣᠬᠢᠷᠠᠭᠤᠯᠤᠨ ᠬᠥᠮᠥᠨ ᠤ ᠬᠦᠴᠦ ᠪᠠᠷ ᠰᠤᠭᠤᠴᠢᠨ ᠪᠠᠶᠢᠴᠠᠭᠠᠬᠤ ᠶᠢ | ᠵᠣᠬᠢᠶᠠᠨ ᠪᠠᠶᠢᠭᠤᠯᠤᠨ ᠥᠷᠨᠢᠭᠦᠯᠵᠦ᠂ ᠨᠥᠬᠦᠪᠦᠷᠢ ᠥᠭᠬᠦ ᠠᠵᠢᠯ ᠳᠤ ᠣᠷᠣᠯᠴᠠᠭᠰᠠᠨ ᠮᠠᠰᠢᠨ ᠴᠣᠭᠴᠠᠯᠠᠪᠤᠷᠢ ᠳᠤ | ᠬᠥᠮᠥᠨ ᠤ ᠬᠦᠴᠦ ᠪᠠᠷ ᠰᠤᠭᠤᠴᠢᠨ ᠪᠠᠶᠢᠴᠠᠭᠠᠬᠤ ᠶᠢ ᠨᠡᠶᠢᠳᠡᠮ ᠪᠦᠷᠬᠦᠭᠦᠯᠵᠦ᠂ ᠠᠵᠢᠯ ᠤᠨ ᠶᠠᠰᠤ ᠴᠢᠨᠠᠷ ᠨᠢ | ᠲᠣᠭᠲᠠᠭᠤᠨ ᠪᠤᠰᠤ ᠵᠢᠴᠢ ᠳᠣᠬᠢᠶ᠎ᠠ ᠦᠭᠡᠢ ᠣᠷᠣᠨ ᠳᠤ ᠠᠵᠢᠯᠯᠠᠬᠤ ᠮᠠᠰᠢᠨ ᠴᠣᠭᠴᠠᠯᠠᠪᠤᠷᠢ ᠳᠤ ᠰᠤᠭᠤᠴᠢᠨ | ᠪᠠᠶᠢᠴᠠᠭᠠᠬᠤ ᠤᠳᠠᠭ᠎ᠠ ᠶᠢ ᠨᠡᠮᠡᠬᠦ ᠶᠢᠨ ᠬᠠᠮᠲᠤ ᠬᠥᠮᠥᠨ ᠤ ᠬᠦᠴᠦ ᠪᠠᠷ ᠰᠤᠭᠤᠴᠢᠨ ᠪᠠᠶᠢᠴᠠᠭᠠᠬᠤ ᠲᠡᠮᠳᠡᠭᠯᠡᠯ ᠤᠨ | ᠬᠦᠰᠦᠨᠦᠭ ︵ᠳᠠᠭᠠᠯᠳᠤᠭᠤᠯᠤᠯ 5︶ ᠢ ᠲᠠᠭᠯᠠᠨ᠎ᠠ᠃ ᠬᠥᠮᠥᠨ ᠤ ᠬᠦᠴᠦ ᠪᠠᠷ ᠰᠤᠭᠤᠴᠢᠨ ᠪᠠᠶᠢᠴᠠᠭᠠᠬᠤ ᠶᠢ ︽ | ᠠᠯᠤᠰ ᠡᠵᠡᠮᠰᠢᠯᠲᠦ ᠬᠢᠨᠠᠨ ᠬᠡᠮᠵᠢᠯᠲᠡ ᠳᠤ ᠬᠢᠷᠢ ᠲᠡᠩᠴᠡᠭᠰᠡᠨ ᠭᠠᠵᠠᠷ︾ ᠳᠤ ᠶᠠᠪᠤᠭᠳᠠᠭᠤᠯᠤᠨ᠎ᠠ᠂ ᠬᠡᠷᠪᠡ | ᠬᠥᠮᠥᠨ ᠤ ᠬᠦᠴᠦ ᠪᠠᠷ ᠰᠤᠭᠤᠴᠢᠨ ᠪᠠᠶᠢᠴᠠᠭᠠᠭᠰᠠᠨ ᠭᠦᠨᠴᠡ ᠶᠢᠨ ᠬᠢᠷᠢ ᠲᠡᠩᠴᠡᠭᠰᠡᠨ ᠨᠣᠷᠮ᠎ᠠ ᠨᠢ 85% ᠠᠴᠠ | ᠳᠡᠭᠡᠭᠰᠢ ᠪᠣᠯᠤᠭᠰᠠᠨ ᠮᠥᠷᠲᠡᠭᠡᠨ ᠭᠦᠨ ᠰᠤᠯᠠ ᠭᠠᠵᠠᠷ ᠢ ᠬᠠᠭᠠᠯᠪᠤᠷᠢᠯᠠᠬᠤ ᠳᠤ ᠭᠤᠭᠤᠵᠢᠭᠳᠠᠭᠰᠠᠨ ᠦᠭᠡᠢ ᠪᠠᠶᠢᠪᠠᠯ᠂ | ᠲᠣᠰ ᠭᠠᠵᠠᠷ ᠨᠢ ᠬᠢᠷᠢ ᠲᠡᠩᠴᠡᠭᠰᠡᠨ ᠭᠠᠵᠠᠷ ᠪᠣᠯᠣᠨ᠎ᠠ᠂ ᠡᠰᠡ ᠲᠡᠭᠡᠪᠡᠯ ᠬᠢᠷᠢ ᠲᠡᠩᠴᠡᠭᠰᠡᠨ ᠦᠭᠡᠢ ᠭᠠᠵᠠᠷ | ᠪᠣᠯᠣᠨ᠎ᠠ︔ ᠬᠡᠷᠪᠡ ᠬᠥᠮᠥᠨ ᠤ ᠬᠦᠴᠦ ᠪᠠᠷ ᠰᠣᠩᠭᠤᠨ ᠪᠠᠶᠢᠴᠠᠭᠠᠭᠠᠳ ᠬᠢᠷᠢ ᠲᠡᠩᠴᠡᠭᠰᠡᠨ ᠦᠭᠡᠢ ᠪᠠᠶᠢᠳᠠᠯ ᠭᠠᠷᠪᠠᠯ | ᠂ ᠲᠤᠰ ᠮᠠᠰᠢᠨ ᠴᠣᠭᠴᠠᠯᠠᠪᠤᠷᠢ ᠶᠢᠨ ᠠᠵᠢᠯᠯᠠᠵᠤ ᠪᠠᠶᠢᠭ᠎ᠠ ᠭᠠᠵᠠᠷ ᠢ ᠥᠷᠭᠡᠳᠬᠡᠨ ᠰᠣᠩᠭᠤᠨ ᠪᠠᠶᠢᠴᠠᠭᠠᠵᠤ᠂ ᠬᠢᠷᠢ | ᠲᠡᠩᠴᠡᠭᠰᠡᠨ ᠦᠭᠡᠢ ᠭᠠᠵᠠᠷ ᠢ ᠪᠦᠬᠦᠨ ᠢ ᠬᠠᠰᠤᠵᠤ ᠬᠠᠶᠠᠬᠤ ᠬᠡᠷᠡᠭᠲᠡᠢ᠃ ᠬᠥᠮᠥᠨ ᠤ ᠬᠦᠴᠦ ᠪᠠᠷ ᠰᠣᠩᠭᠤᠨ | ᠪᠠᠶᠢᠴᠠᠭᠠᠬᠤ ᠠᠷᠭ᠎ᠠ︵ᠳᠠᠭᠠᠯᠳᠤᠭᠤᠯᠤᠯ 2 ᠢ ᠦᠵᠡ︶᠃ | 2. ᠠᠵᠢᠯ ᠤᠨ ᠶᠠᠰᠤ ᠴᠢᠨᠠᠷ ᠬᠢᠭᠡᠳ ᠲᠠᠯᠠᠪᠠᠢ ᠶᠢ ᠲᠠᠬᠢᠨ ᠬᠢᠨᠠᠬᠤ᠂ ᠬᠢᠷᠢ ᠲᠡᠩᠴᠡᠭᠰᠡᠨ ᠭᠠᠵᠠᠷ ᠤᠨ | ᠲᠠᠯᠠᠪᠠᠢ ᠶᠢ ᠨᠤᠲᠠᠯᠠᠬᠤ᠃ ᠠᠯᠤᠰ ᠡᠵᠡᠮᠰᠢᠯᠲᠦ ᠬᠢᠨᠠᠨ ᠬᠡᠮᠵᠢᠯᠲᠡ ᠶᠢᠨ ᠬᠤᠯᠪᠣᠭᠳᠠᠯ ᠪᠦᠬᠦᠢ ᠮᠡᠳᠡᠭᠡ ᠵᠠᠩᠭᠢ ᠶᠢᠨ | ᠲᠤᠭ᠎ᠠ ᠪᠠᠷᠢᠮᠲᠠ ᠲᠠᠢ ᠬᠠᠷᠢᠴᠠᠭᠤᠯᠵᠤ᠂ ︽ᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯ ᠤᠨ ᠬᠠᠭᠤᠳᠠᠰᠤ︾ | ᠶᠢᠨ ᠳᠡᠭᠡᠭᠰᠢ ᠮᠡᠳᠡᠭᠦᠯᠦᠭᠰᠡᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠳᠠᠬᠢᠨ ᠬᠢᠨᠠᠵᠤ᠂ ᠬᠡᠷᠪᠡ | ᠬᠤᠶᠠᠭᠤᠯᠠ ᠪᠠᠨ ᠨᠡᠶᠢᠴᠡᠪᠡᠯ᠂ ︽ᠠᠯᠤᠰ ᠡᠵᠡᠮᠰᠢᠯᠲᠦ ᠬᠢᠨᠠᠨ ᠬᠡᠮᠵᠢᠯᠲᠡ ᠳᠤ ᠬᠢᠷᠢ ᠲᠡᠩᠴᠡᠭᠰᠡᠨ ᠬᠡᠰᠡᠭ ᠭᠠᠵᠠᠷ︾ | ᠠᠴᠠ ᠬᠥᠮᠥᠨ ᠤ ᠬᠦᠴᠦ ᠪᠠᠷ ᠰᠤᠭᠤᠴᠢᠨ ᠪᠠᠶᠢᠴᠠᠭᠠᠭᠠᠳ ᠬᠢᠷᠢ ᠲᠡᠩᠴᠡᠭᠰᠡᠨ ᠦᠭᠡᠢ ᠬᠡᠰᠡᠭ ᠭᠠᠵᠠᠷ ᠤᠨ ᠲᠠᠯᠠᠪᠠᠶ | ᠪᠠ ᠳᠠᠬᠢᠨ ᠲᠠᠷᠢᠶᠠᠯᠠᠬᠤ ᠲᠠᠯᠠᠪᠠᠶ ᠶᠢ ᠬᠠᠰᠤᠨ᠎ᠠ᠂ ᠡᠨᠡ ᠨᠢ ᠳᠠᠷᠤᠢ ᠬᠠᠮᠤᠭ ᠡᠴᠦᠰ ᠲᠤ ᠮᠠᠭᠠᠳᠯᠠᠨ ᠲᠣᠭᠲᠠᠭᠠᠭᠰᠠᠨ | ︽ᠬᠢᠷᠢ ᠲᠡᠩᠴᠡᠭᠰᠡᠨ ᠬᠡᠰᠡᠭ ᠭᠠᠵᠠᠷ ᠤᠨ ᠲᠠᠯᠠᠪᠠᠶ︾ ᠪᠣᠯᠣᠨ᠎ᠠ︔ ᠬᠡᠷᠪᠡ ᠬᠤᠶᠠᠭᠤᠯᠠ ᠪᠠᠨ ᠨᠡᠯᠢᠶᠡᠳ ᠶᠡᠭᠡ | ᠵᠥᠷᠢᠶ᠎ᠡ ᠲᠠᠢ ︵ᠵᠢᠱᠢᠶᠡᠯᠡᠪᠡᠯ ᠲᠠᠯᠠᠪᠠᠶ᠂ ᠭᠦᠨᠴᠡ ᠨᠢ ᠲᠠᠪᠴᠠᠩ ᠤᠨ ᠲᠤᠭ᠎ᠠ ᠪᠠᠷᠢᠮᠲᠠ ᠯᠤᠭ᠎ᠠ ᠢᠯᠡᠳᠲᠡ ᠨᠡᠶᠢᠴᠡᠬᠦ | ᠦᠭᠡᠢ ᠵᠡᠷᠭᠡ︶ ᠪᠤᠶᠤ ᠮᠠᠷᠭᠤᠭᠠᠨ ᠲᠠᠢ ᠪᠠᠶᠢᠪᠠᠯ᠂ ᠬᠦᠴᠦᠨ ᠢᠶᠠᠨ ᠵᠣᠬᠢᠶᠠᠨ ᠪᠠᠶᠢᠭᠤᠯᠵᠤ ᠪᠠᠶᠢᠭᠠᠳ ᠨᠡᠶᠢᠴᠡᠬᠦ | ᠦᠭᠡᠢ ᠵᠢᠴᠢ ᠮᠠᠷᠭᠤᠭᠠᠨ ᠲᠠᠢ ᠬᠡᠰᠡᠭ ᠢ ᠬᠠᠷᠭᠤᠭᠤᠯᠤᠨ ᠪᠠᠶᠢᠴᠠᠭᠠᠵᠤ᠂ ᠬᠠᠷᠭᠤᠭᠤᠯᠤᠨ ᠪᠠᠶᠢᠴᠠᠭᠠᠭᠰᠠᠨ ᠤ ᠳᠠᠷᠠᠭ᠎ᠠ | ᠬᠢᠷᠢ ᠲᠡᠩᠴᠡᠭᠰᠡᠨ ᠢ ᠨᠤᠲᠠᠯᠠᠭᠰᠠᠨ ᠭᠠᠵᠠᠷ ᠤᠨ ᠲᠠᠯᠠᠪᠠᠶ ᠶᠢ ︽ᠬᠢᠷᠢ ᠲᠡᠩᠴᠡᠭᠰᠡᠨ ᠭᠠᠵᠠᠷ ᠤᠨ ᠲᠠᠯᠠᠪᠠᠶ︾ ᠳᠤ | ᠣᠷᠣᠭᠤᠯᠬᠤ ᠬᠡᠷᠡᠭᠲᠡᠢ᠃ | ᠳᠠᠬᠢᠨ ᠬᠢᠨᠠᠵᠤ ᠨᠤᠲᠠᠯᠠᠭᠰᠠᠨ ᠤ ᠳᠠᠷᠠᠭ᠎ᠠ ︽ᠬᠢᠷᠢ ᠲᠡᠩᠴᠡᠭᠰᠡᠨ ᠭᠠᠵᠠᠷ ᠤᠨ ᠲᠠᠯᠠᠪᠠᠶ︾ ᠶᠢ | ᠬᠤᠷᠢᠶᠠᠩᠭᠤᠶᠢᠯᠠᠵᠤ᠂ ︽ᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯ ᠤᠨ ᠰᠢᠯᠭᠠᠨ ᠠᠪᠬᠤ ᠬᠠᠭᠤᠳᠠᠰᠤ︾ | ᠪᠣᠯᠭᠠᠨ᠎ᠠ ︵ᠨᠠᠷᠢᠨ ᠵᠦᠢᠯ ᠢ 6 ᠶᠢ ᠳᠠᠭᠠᠯᠳᠤᠭᠤᠯᠪᠠ︶᠃ | ︵ᠳᠣᠯᠤᠭ᠎ᠠ︶ ᠠᠵᠢᠯ ᠤᠨ ᠪᠠᠶᠢᠳᠠᠯ ᠢ ᠢᠯᠡ ᠨᠡᠶᠢᠲᠡᠯᠡᠬᠦ | ︽ᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯ ᠤᠨ ᠰᠢᠯᠭᠠᠨ ᠠᠪᠬᠤ ᠬᠠᠭᠤᠳᠠᠰᠤ︾ ᠶᠢ ᠭᠠᠴᠠᠭ᠎ᠠ | ᠲᠣᠰᠬᠤᠨ ᠤ ᠶᠠᠪᠤᠳᠠᠯ ︵ᠲᠠᠯᠠᠪᠠᠶ ᠶᠢᠨ ᠶᠠᠪᠤᠳᠠᠯ︶ ᠢ ᠢᠯᠡ ᠪᠣᠯᠭᠠᠬᠤ ᠪᠤᠯᠤᠩ ᠳᠤ ᠢᠯᠡ ᠨᠡᠶᠢᠲᠡᠯᠡᠬᠦ ᠬᠡᠷᠡᠭᠲᠡᠢ᠂ | ᠢᠯᠡ ᠨᠡᠶᠢᠲᠡᠯᠡᠬᠦ ᠬᠤᠭᠤᠴᠠᠭ᠎ᠠ ᠨᠢ 7 ᠠᠵᠢᠯᠯᠠᠬᠤ ᠡᠳᠦᠷ ᠪᠣᠯᠣᠨ᠎ᠠ᠃ | ᠵᠠᠷᠯᠠᠨ ᠨᠡᠶᠢᠲᠡᠯᠡᠭᠰᠡᠨ ᠤ ᠳᠠᠷᠠᠭ᠎ᠠ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ︽ | ᠥᠪᠥᠷ ᠮᠣᠩᠭᠤᠯ ᠤᠨ 2022 ᠣᠨ ᠤ ᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯ ᠤᠨ ᠨᠥᠬᠦᠪᠦᠷᠢ | ᠮᠥᠩᠭᠦ ᠶᠢᠨ ᠨᠠᠷᠢᠨ ᠬᠦᠰᠦᠨᠦᠭᠲᠦ︾ ︵7᠂ 8 ᠶᠢ ᠳᠠᠭᠠᠯᠳᠤᠭᠤᠯᠪᠠ︶ ᠪᠠ ︽ᠥᠪᠥᠷ ᠮᠣᠩᠭᠤᠯ ᠤᠨ 2022 | ᠣᠨ ᠤ ᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯ ᠤᠨ ᠨᠥᠬᠦᠪᠦᠷᠢ ᠮᠥᠩᠭᠦ ᠶᠢᠨ ᠪᠠᠶᠢᠳᠠᠯ ᠤᠨ ᠬᠤᠷᠢᠶᠠᠩᠭᠤᠢ | ᠬᠦᠰᠦᠨᠦᠭᠲᠦ︾ ︵9 ᠶᠢ ᠳᠠᠭᠠᠯᠳᠤᠭᠤᠯᠪᠠ︶ ᠶᠢ ᠨᠠᠶᠢᠷᠠᠭᠤᠯᠤᠨ ᠵᠣᠬᠢᠶᠠᠵᠤ᠂ ᠲᠣᠰ ᠬᠤᠰᠢᠭᠤᠨ ᠤ ᠡᠳ᠋ ᠤᠨ | ᠵᠠᠰᠠᠭ ᠤᠨ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ ᠠᠶᠢᠮᠠᠭ ᠤᠨ ᠲᠠᠷᠢᠶᠠᠯᠠᠩ ᠮᠠᠯ ᠠᠵᠤ | ᠠᠬᠤᠢ ᠶᠢᠨ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠤᠨ᠎ᠠ᠃ | ︵ᠨᠠᠢᠮᠠ︶ ᠲᠤᠰᠠᠯᠠᠮᠵᠢ ᠶᠢᠨ ᠪᠡᠯᠡ ᠮᠥᠩᠭᠦ ᠪᠠᠷ ᠥᠭᠬᠦ | ᠬᠤᠰᠢᠭᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠥᠬᠦᠪᠦᠷᠢ ᠥᠭᠬᠦ ᠠᠵᠢᠯ ᠤᠨ ︽ᠥᠪᠥᠷ | ᠮᠣᠩᠭᠤᠯ ᠤᠨ 2022 ᠣᠨ ᠤ ᠲᠠᠷᠢᠶᠠᠨ ᠭᠠᠵᠠᠷ ᠢ ᠰᠤᠯᠠᠷᠠᠭᠤᠯᠬᠤ ᠠᠵᠢᠯ ᠤᠨ ᠨᠥᠬᠦᠪᠦᠷᠢ ᠪᠡᠯᠡ ᠮᠥᠩᠭᠦ ᠶᠢᠨ | ᠨᠠᠷᠢᠨ ᠬᠦᠰᠦᠨᠦᠭᠲᠦ︾ ᠶᠣᠰᠣᠭᠠᠷ᠂ ᠲᠥᠪ ᠤᠨ ᠡᠳ᠋ ᠤᠨ ᠵᠠᠰᠠᠭ ᠤᠨ ᠨᠥᠬᠦᠪᠦᠷᠢ ᠪᠡᠯᠡ ᠮᠥᠩᠭᠦ ᠶᠢ ᠭᠠᠵᠠᠷ | ᠰᠢᠷᠣᠢ ᠡᠵᠡᠩᠨᠡᠭᠴᠢ ᠪᠤᠶᠤ ᠲᠠᠷᠢᠶᠠᠯᠠᠩ ᠤᠨ ᠮᠠᠰᠢᠨ ᠢᠶᠠᠷ ᠠᠵᠢᠯᠯᠠᠬᠤ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ᠂ | ᠲᠠᠷᠢᠶᠠᠯᠠᠩ ᠤᠨ ᠮᠠᠰᠢᠨ ᠢᠶᠠᠷ ᠠᠵᠢᠯᠯᠠᠬᠤ ᠡᠷᠦᠬᠡ ᠳᠤ ᠣᠯᠭᠤᠨ᠎ᠠ᠂ ᠪᠠᠰᠠ ᠲᠠᠷᠢᠶᠠᠯᠠᠩ ᠤᠨ ᠰᠢᠭᠤᠳ | ᠨᠥᠬᠦᠪᠦᠷᠢ ᠶᠢᠨ ︽ᠪᠦᠬᠦᠨ ᠳᠤ ᠲᠣᠬᠢᠷᠠᠬᠤ ᠺᠠᠷᠲ︾ ᠤᠨ ᠲᠠᠩᠰᠠᠨ ᠡᠷᠦᠬᠡ ᠳᠤ ᠰᠢᠭᠤᠳ ᠥᠭᠴᠦ ᠪᠣᠯᠣᠨ᠎ᠠ᠃ | ᠲᠠᠪᠤ᠂ ᠠᠵᠢᠯ ᠤᠨ ᠠᠬᠢᠴᠠ ᠶᠢᠨ ᠱᠠᠭᠠᠷᠳᠠᠯᠭ᠎ᠠ | ᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯ ᠤᠨ ᠬᠡᠷᠡᠭᠵᠢᠭᠦᠯᠬᠦ ᠲᠥᠰᠥᠯ ᠢ ᠲᠣᠭᠲᠠᠭᠠᠬᠤ ᠶᠢᠨ ᠬᠠᠮᠲᠤ | ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠪᠠ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠮᠡᠳᠡᠭᠦᠯᠦᠨ | ᠳᠠᠩᠰᠠᠯᠠᠭᠤᠯᠬᠤ ᠶᠢᠨ ᠬᠠᠮᠲᠤ ᠠᠵᠢᠯᠯᠠᠬᠤ ᠮᠠᠰᠢᠨ ᠴᠣᠭᠴᠠᠯᠠᠪᠤᠷᠢ ᠶᠢ ᠪᠠᠶᠢᠴᠠᠭᠠᠨ ᠵᠠᠰᠠᠵᠤ ᠲᠣᠬᠢᠷᠠᠭᠤᠯᠤᠨ | ᠲᠤᠷᠰᠢᠬᠤ᠂ ᠨᠥᠬᠦᠪᠦᠷᠢ ᠥᠭᠴᠦ ᠠᠵᠢᠯᠯᠠᠬᠤ ᠮᠠᠰᠢᠨ ᠴᠣᠭᠴᠠᠯᠠᠪᠤᠷᠢ ᠶᠢᠨ ᠠᠯᠤᠰ ᠠᠴᠠ ᠬᠢᠨᠠᠨ ᠬᠡᠮᠵᠢᠬᠦ ᠦᠵᠦᠭᠦᠷ | ᠲᠥᠬᠦᠭᠡᠷᠦᠮᠵᠢ ᠶᠢ ᠰᠣᠩᠭᠤᠨ ᠬᠤᠳᠠᠯᠳᠤᠨ ᠠᠪᠴᠤ ᠤᠭᠰᠠᠷᠠᠬᠤ ᠪᠠ ᠲᠣᠬᠢᠷᠠᠭᠤᠯᠤᠨ ᠲᠤᠷᠰᠢᠬᠤ ᠶᠢ ᠬᠠᠷᠭᠤᠭᠤᠯᠬᠤ | ᠪᠠ ᠠᠵᠢᠯᠲᠠᠨ ᠢ ᠪᠣᠯᠪᠠᠰᠤᠷᠠᠭᠤᠯᠬᠤ ᠵᠡᠷᠭᠡ ᠠᠵᠢᠯ ᠢ ᠥᠷᠨᠢᠭᠦᠯᠬᠦ ᠬᠡᠷᠡᠭᠲᠡᠢ᠃ | 2022 ᠣᠨ ᠤ 12 ᠰᠠᠷ᠎ᠠ ᠶᠢᠨ 15 ᠤ ᠡᠳᠦᠷ ᠠᠴᠠ ᠡᠮᠦᠨ᠎ᠡ᠂ ᠬᠤᠰᠢᠭᠤᠨ ᠤ ᠲᠠᠷᠢᠶᠠᠯᠠᠩ ᠮᠠᠯ ᠠᠵᠤ | ᠠᠬᠤᠢ ᠪᠠ ᠡᠳ᠋ ᠤᠨ ᠵᠠᠰᠠᠭ ᠤᠨ ᠰᠠᠯᠠᠭ᠎ᠠ ᠮᠥᠴᠢᠷ ᠬᠤᠯᠪᠤᠭᠠᠯᠠᠨ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ | ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠳᠤ ᠠᠯᠪᠠᠨ ᠶᠣᠰᠣᠨ ᠤ ᠪᠢᠴᠢᠭ ᠮᠠᠲ᠋ᠧᠷᠢᠶᠠᠯ ᠢᠶᠠᠷ ᠪᠥᠬᠦ ᠵᠢᠯ ᠤᠨ | ᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯ ᠤᠨ ᠳ᠋ᠦᠩᠨᠡᠯᠲᠡ ᠪᠠ ᠠᠵᠢᠯ ᠤᠨ ᠦᠷ᠎ᠡ ᠪᠦᠲᠦᠮᠵᠢ ᠶᠢᠨ | ᠥᠪᠡᠷ ᠤᠨ ᠦᠨᠡᠯᠡᠯᠲᠡ ᠶᠢᠨ ᠮᠡᠳᠡᠭᠦᠯᠦᠯᠲᠡ ᠶᠢ ᠮᠡᠳᠡᠭᠦᠯᠦᠨ ᠬᠦᠷᠭᠡᠨ᠎ᠡ᠃ | 2022 ᠣᠨ ᠤ 12 ᠰᠠᠷ᠎ᠠ ᠶᠢᠨ 31 ᠤ ᠡᠳᠦᠷ ᠠᠴᠠ ᠡᠮᠦᠨ᠎ᠡ᠂ ᠲᠣᠰ ᠵᠢᠯ ᠤᠨ ᠲᠠᠷᠢᠶᠠᠨ ᠭᠠᠵᠠᠷ ᠢ ᠭᠦᠨ | ᠰᠤᠯᠠᠷᠠᠭᠤᠯᠬᠤ ᠠᠵᠢᠯ ᠤᠨ ᠨᠥᠬᠦᠪᠦᠷᠢ ᠪᠡᠯᠡ ᠮᠥᠩᠭᠦ ᠶᠢ ᠣᠯᠭᠤᠬᠤ ᠠᠵᠢᠯ ᠢ ᠪᠡᠶᠡᠯᠡᠭᠦᠯᠦᠨ᠎ᠡ᠃ | |