ᠰᠡᠯᠡᠭᠦᠴᠡᠨ ᠵᠢᠭᠤᠯᠴᠢᠯᠠᠬᠤ ᠰᠠᠶᠢᠬᠠᠨ ᠭᠠᠵᠠᠷ — ᠷᠠᠰᠢᠶᠠᠨ ᠤ ᠤᠢ ᠰᠢᠭᠤᠢ ᠶᠢᠨ ᠵᠢᠭᠤᠯᠴᠢᠯᠠᠯ
ᠨᠡᠶᠢᠲᠡᠯᠡᠭᠰᠡᠨ ᠴᠠᠭ᠄
2023/2/9
   ᠬᠢᠩᠭᠠᠨ ᠠᠶᠢᠮᠠᠭ ᠤᠨ ᠷᠠᠰᠢᠶᠠᠨ ᠤ ᠤᠢ ᠰᠢᠭᠤᠢ ᠶᠢᠨ ᠵᠢᠭᠤᠯᠴᠢᠯᠠᠯ ᠤᠨ ᠵᠠᠮ ᠢᠶᠠᠷ ᠮᠠᠰᠢ ᠤᠯᠠᠨ ᠵᠢᠭᠤᠯᠴᠢᠯᠬᠠᠴᠢ ᠪᠤᠯᠤᠨ ᠬᠤᠳᠠ ᠶᠢᠨ ᠠᠷᠠᠳ ᠠᠭᠠᠵᠢᠮᠬᠠᠨ ᠠᠯᠬᠤᠯᠠᠵᠤ᠂ ᠴᠡᠪᠡᠷ ᠠᠭᠠᠷ ᠢ ᠠᠮᠢᠰᠬᠤᠨ᠂ ᠭᠤᠶᠢᠳᠠ ᠦᠵᠡᠮᠵᠢ ᠶᠢ ᠰᠤᠨᠢᠷᠬᠠᠵᠤ᠂ ᠰᠠᠨᠠᠭ᠎ᠠ ᠰᠡᠳᠭᠢᠯ ᠢᠶᠠᠨ ᠰᠡᠷᠭᠦᠭᠡᠨ᠎ᠡ᠃   ᠷᠠᠰᠢᠶᠠᠨ ᠤ ᠤᠢ ᠰᠢᠭᠤᠢ ᠶᠢᠨ ᠵᠢᠭᠤᠯᠴᠢᠯᠠᠯ ᠤᠨ ᠵᠠᠮ ᠤᠨ ᠲᠦᠷᠦᠯ ᠵᠦᠢᠯ ᠨᠢ ᠷᠠᠰᠢᠶᠠᠨ ᠬᠤᠲᠠ ᠶᠢᠨ ᠤᠯᠤᠰ ᠤᠨ ᠲᠡᠰ ᠤᠨ ᠵᠢᠭᠤᠯᠴᠢᠯᠠᠯ ᠠᠮᠠᠷᠠᠯᠲᠠ ᠶᠢᠨ ᠤᠷᠤᠨ ᠢ ᠡᠭᠦᠳᠦᠨ ᠪᠠᠶᠢᠭᠤᠯᠬᠤ ᠴᠢᠬᠤᠯᠠ ᠲᠦᠷᠦᠯ ᠵᠦᠢᠯ ᠤᠨ ᠨᠢᠭᠡ ᠪᠠᠶᠢᠵᠤ᠂ ᠨᠡᠶᠢᠲᠡ 1600 ᠲᠦᠮᠡᠨ ᠲᠥᠭᠦᠷᠢᠭ ᠤᠨ ᠪᠠᠯᠠ ᠣᠷᠣᠭᠤᠯᠵᠤ ᠪᠠᠶᠢᠭᠤᠯᠪᠠ᠃ ᠲᠦᠷᠦᠯ ᠵᠦᠢᠯ ᠨᠢ ᠠᠭᠤᠯᠨ ᠤᠰᠤ᠂ ᠤᠢ ᠮᠤᠳᠤ᠂ ᠭᠠᠵᠠᠷ ᠤᠨ ᠪᠠᠶᠢᠴᠠ ᠵᠡᠷᠭᠡ ᠰᠠᠶᠢᠨ ᠰᠠᠶᠢᠬᠠᠨ ᠠᠮᠢ ᠠᠬᠤᠶ ᠣᠷᠴᠢᠨ ᠲᠣᠭᠤᠷᠢᠨ ᠤ ᠳᠠᠪᠠᠭᠤᠯᠢᠭ ᠲᠤ ᠲᠦᠰᠢᠭᠯᠡᠨ᠂ ᠤᠤᠯ ᠤᠨ ᠣᠶ ᠰᠢᠭᠤᠶ ᠶᠢᠨ ᠲᠦᠢᠮᠡᠷ ᠢ ᠰᠡᠷᠭᠡᠶᠢᠯᠡᠬᠦ ᠵᠠᠰᠠᠮᠠᠯ ᠵᠠᠮ ᠢ ᠥᠭᠡᠷᠡᠴᠢᠯᠡᠨ ᠵᠠᠰᠠᠵᠤ᠂ 3 ᠵᠤᠷᠪᠤᠰ ᠶᠠᠪᠠᠭᠠᠨ ᠲᠤᠭᠤᠷᠢᠯ ᠵᠠᠮ᠂ 1 ᠵᠤᠷᠪᠤᠰ ᠲᠤᠭᠤᠢ ᠤᠨᠤᠬᠤ ᠲᠤᠭᠤᠷᠢᠯ ᠵᠠᠮ ᠪᠠ 8 ᠰᠡᠯᠡᠭᠦᠴᠡᠯ ᠤᠨ ᠪᠡᠶᠡᠴᠢᠯᠡᠨ ᠣᠶᠢᠯᠠᠭᠠᠬᠤ ᠲᠤᠭᠤᠷᠢᠭ ᠢᠶᠠᠷ ᠪᠦᠷᠢᠯᠳᠦᠵᠠᠢ᠃   ᠣᠳᠣᠬᠠᠨ ᠳᠤ᠂ ᠶᠡᠷᠦᠩᠭᠡᠢ ᠪᠠᠷᠢᠯᠭ᠎ᠠ ᠨᠢ ᠨᠢᠭᠡᠨᠲᠡ ᠠᠰᠢᠭᠯᠠᠯᠲᠠ ᠳᠤ ᠣᠷᠣᠵᠤ᠂ ᠵᠢᠭᠤᠯᠴᠢᠯᠠᠭᠴᠢᠳ ᠲᠤ ᠣᠶ ᠰᠢᠭᠤᠶ ᠪᠠᠷ ᠰᠡᠯᠡᠭᠦᠴᠡᠨ ᠵᠢᠭᠤᠯᠴᠢᠯᠠᠬᠤ ᠪᠡ ᠪᠡᠶᠡᠴᠢᠯᠡᠨ ᠤᠶᠢᠯᠠᠭᠠᠬᠤ ᠲᠠᠪᠴᠠᠩ ᠬᠠᠨᠭ᠍ᠭᠠᠭᠰᠠᠨ ᠢᠶᠠᠷ ᠪᠠᠷᠠᠬᠤ ᠦᠭᠡᠢ ᠪᠠᠰᠠ ᠰᠡᠯᠡᠭᠦᠴᠡᠯ ᠠᠮᠠᠷᠠᠯᠲᠠ ᠶᠢᠨ ᠣᠷᠣᠨ ᠢ ︽ᠥᠩᠭᠡᠷᠡᠬᠦ ᠭᠠᠵᠠᠷ︾ ᠪᠠᠶᠢᠭᠰᠠᠨ ᠠᠴᠠ ︽ᠵᠣᠷᠢᠵᠤ ᠢᠷᠡᠬᠦ ᠭᠠᠵᠠᠷ ︾ ᠪᠠ ︽ᠴᠢᠨᠠᠷ ᠰᠠᠶᠢᠲᠠᠶ ᠦᠢᠯᠡᠴᠢᠯᠡᠭᠡᠨ ᠤ ᠭᠠᠵᠠᠷ︾ ᠪᠣᠯᠭᠠᠨ ᠬᠤᠪᠢᠷᠠᠭᠤᠯᠬᠤ ᠶᠢ ᠠᠬᠢᠭᠤᠯᠪᠠ᠃
 
ᠢᠷᠡᠯᠲᠡ᠄ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号