ᠮᠠᠨ ᠤ ᠤᠷᠤᠨ ᠤ 24 ᠲᠦᠮᠡᠨ ᠬᠡᠤᠬᠡᠳ ᠪᠠ ᠬᠡᠷ ᠤᠨ ᠠᠬᠠᠮᠠᠳ ᠡᠪᠦᠯ ᠤᠨ ᠠᠮᠠᠷᠠᠯᠲᠠ ᠶᠢᠨ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡ ᠠᠴᠠ ᠠᠰᠢᠭ ᠭᠥᠷᠳᠡᠪᠡ
ᠨᠡᠶᠢᠲᠡᠯᠡᠭᠰᠡᠨ ᠴᠠᠭ᠄
2023/3/2
   2023 ᠣᠨ ᠤ ᠡᠪᠦᠯ ᠤᠨ ᠠᠮᠠᠷᠠᠯᠲᠠ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠠᠴᠠ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶ᠎ᠠ᠂ ᠰᠤᠷᠭᠠᠨ ᠬᠥᠮᠦᠵᠢᠯ ᠤᠨ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ ᠵᠡᠷᠭᠡ ᠠᠷᠪᠠᠨ ᠰᠠᠯᠠᠭ᠎ᠠ ᠮᠥᠴᠢᠷ ᠲᠠᠢ ᠬᠠᠮᠲᠤᠷᠠᠨ ︽ᠡᠷᠦᠭᠡ ᠭᠡᠷ ᠢ ᠬᠠᠶᠢᠷ᠎ᠠ ᠪᠠᠷ ᠳᠤᠯᠠᠭᠠᠴᠠᠭᠤᠯᠵᠤ᠂ ᠦᠰᠪᠦᠷᠢ ᠶᠢᠨ ᠬᠡᠦᠬᠡᠳ ᠢ ᠬᠠᠯᠠᠮᠵᠢᠯᠠᠨ ᠬᠦᠮᠦᠵᠢᠭᠦᠯᠬᠦ︾ ᠦᠢᠯᠡᠴᠢᠯᠡᠭᠡ ᠦᠷᠨᠢᠭᠦᠯᠵᠦ᠂ ︽ᠦᠵᠡᠯ ᠰᠠᠨᠠᠭᠠᠨ ᠤ ᠵᠢᠯᠣᠭᠤᠳᠣᠯᠭ᠎ᠠ ᠶᠢ ᠴᠢᠩᠭᠠᠳᠬᠠᠬᠤ᠂ ᠬᠡᠷ ᠤᠨ ᠬᠥᠮᠦᠵᠢᠯ ᠤᠨ ᠮᠡᠳᠡᠯᠭᠡ ᠶᠢ ᠲᠦᠭᠡᠮᠡᠯᠵᠢᠭᠦᠯᠬᠦ᠂ ᠬᠠᠪᠰᠤᠷᠤᠯᠴᠠᠭ᠎ᠠ ᠪᠠᠶᠢᠭᠤᠯᠵᠤ ᠬᠠᠪᠰᠤᠷᠤᠨ ᠲᠡᠳᠬᠦᠬᠦ ᠠᠵᠢᠯᠯᠠᠭ᠎ᠠ ᠥᠷᠨᠢᠭᠦᠯᠬᠦ᠂ ᠡᠯ᠎ᠡ ᠲᠠᠯ᠎ᠠ ᠶᠢᠨ ᠬᠢᠨ ᠤ ᠬᠠᠶᠢᠷ᠎ᠠ ᠬᠠᠯᠠᠮᠵᠢ ᠶᠢ ᠨᠢᠭᠲᠠᠷᠠᠭᠤᠯᠬᠤ︾ ᠭᠤᠤᠯᠳᠠᠯᠭ᠎ᠠ ᠪᠣᠯᠭᠠᠵᠤ᠂ 41021 ᠰᠠᠶᠢᠨ ᠳᠤᠷᠠᠴᠤᠳ ᠢ ᠳᠠᠶᠢᠴᠢᠯᠠᠨ ᠡᠪᠦᠯ ᠤᠨ ᠠᠮᠠᠷᠠᠯᠲᠠ ᠶᠢᠨ ᠬᠤᠭᠤᠴᠠᠭᠠᠨ ᠳᠤ ᠡᠯ᠎ᠡ ᠱᠠᠲᠤᠨ ᠤ ᠡᠯ᠎ᠡ ᠲᠥᠷᠥᠯ ᠤᠨ ᠬᠠᠶᠢᠷ᠎ᠠ ᠬᠠᠯᠠᠮᠵᠢ ᠬᠦᠷᠳᠡᠭᠡᠬᠦ ᠦᠢᠯᠡᠴᠢᠯᠡᠭᠡ ᠶᠢ 7400 ᠲᠠᠯᠠᠪᠤᠷ ᠤᠳᠠᠭ᠎ᠠ ᠦᠷᠨᠢᠭᠦᠯᠵᠦ᠂ 60591 ᠬᠡᠤᠬᠡᠳ ᠢ ᠲᠣᠬᠤᠨᠢᠭᠤᠯᠵᠤ᠂ ᠬᠡᠷ ᠲᠡᠭᠡᠨ ᠬᠤᠴᠣᠷᠤᠭᠰᠠᠨ 19976 ᠬᠦᠴᠢᠷᠳᠡᠯᠳᠡᠢ ᠬᠡᠤᠬᠡᠳ ᠢ ᠬᠠᠪᠰᠤᠷᠤᠨ ᠲᠡᠳᠬᠦᠵᠦ᠂ ᠨᠡᠶᠢᠳᠡ 245674 ᠬᠥᠮᠦᠨ ᠤᠳᠠᠭ᠎ᠠ ᠳᠤ ᠠᠰᠢᠭ ᠬᠦᠷᠳᠡᠭᠡᠭᠰᠡᠨ ᠪᠠᠶᠢᠨ᠎ᠠ᠃    ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢᠨ 2 ᠲᠦᠮᠡ ᠭᠠᠷᠤᠶ ᠡᠮᠡᠭᠲᠡᠶ ᠰᠠᠶᠢᠨ ᠳᠤᠷᠠᠴᠤᠳ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ 5500 ᠭᠠᠷᠤᠢ ᠬᠡᠤᠬᠡᠳ ᠤᠨ ᠶᠠᠪᠤᠳᠠᠯ ᠤᠨ ᠠᠵᠢᠯᠲᠠᠨ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ 3291 ᠪᠠᠭᠰᠢ᠂ ᠪᠠᠶᠢᠴᠠᠭᠠᠬᠤ ᠰᠠᠯᠠᠭ᠎ᠠ ᠮᠥᠴᠢᠷ ᠤᠨ 1772 ᠪᠠᠶᠢᠴᠠᠭᠠᠬᠤ ᠲᠤᠰᠢᠶᠠᠯᠲᠠᠨ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ 1548 ᠠᠷᠠᠳ ᠤᠨ ᠴᠠᠭᠳᠠᠭ᠎ᠠ ᠂ ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ ᠶᠢᠨ 5317 ᠵᠠᠯᠠᠭᠤ ᠰᠠᠶᠢᠨ ᠳᠤᠷᠠᠴᠤᠳ ᠵᠢᠴᠢ ᠥᠪᠡᠷᠲᠡᠭᠡᠨ ᠵᠠᠰᠠᠬᠤ ᠣᠷᠣᠨ ᠤ ᠰᠢᠭᠦᠬᠦ ᠬᠤᠷᠢᠶ᠎ᠠ᠂ ᠬᠠᠤᠯᠢ ᠴᠠᠭᠠᠵᠠ ᠶᠢᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ᠂ ᠬᠤᠶᠢᠴᠢ ᠦᠶ᠎ᠡ ᠶᠢᠨ ᠬᠢᠨ ᠢᠶᠠᠨ ᠬᠠᠯᠠᠮᠵᠢᠯᠠᠬᠤ ᠠᠵᠢᠯ ᠤᠨ ᠵᠦᠪᠯᠡᠯ ᠤᠨ ᠰᠢᠭᠦᠭᠴᠢ᠂ ᠬᠠᠤᠯᠢᠴᠢ᠂ ᠡᠮᠴᠢ ᠰᠤᠪᠢᠯᠠᠭᠴᠢ ᠨᠠᠷ ᠬᠡᠤᠬᠡᠳ ᠤᠳ ᠲᠠᠢ ᠬᠠᠮᠲᠤ ᠡᠪᠦᠯ ᠤᠨ ᠠᠮᠠᠷᠠᠯᠲᠠ ᠶᠢ ᠥᠩᠭᠡᠷᠡᠭᠦᠯᠬᠦ ᠵᠡᠷᠭᠡ ᠬᠡᠯᠪᠡᠷᠢ ᠪᠠᠷ ᠬᠡᠤᠬᠡᠳ ᠤᠨ ᠬᠡᠷᠡᠭᠴᠡᠭᠡ ᠱᠠᠭᠠᠷᠳᠠᠯᠭ᠎ᠠ ᠶᠢ ᠣᠶᠢᠯᠠᠭᠠᠵᠤ᠂ ᠬᠡᠷ ᠪᠦᠯᠢ ᠶᠢᠨ ᠬᠦᠴᠢᠷᠳᠡᠯ ᠢ ᠨᠢ ᠰᠢᠢᠳᠪᠦᠷᠢᠯᠡᠨ ᠦᠭᠴᠦ᠂ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠡᠤᠬᠡᠳ ᠲᠤ ᠲᠠᠮᠵᠢᠭᠤᠯᠤᠨ᠂ ᠪᠣᠳᠠᠲᠤ ᠠᠵᠢᠯᠯᠠᠭ᠎ᠠ ᠪᠠᠷ ᠢᠶᠠᠨ ᠬᠡᠤᠬᠡᠳ ᠤᠨ ᠦᠰᠦᠯᠳᠡ ᠪᠤᠶᠢᠵᠢᠯᠲᠠ ᠶᠢᠨ ᠵᠠᠮᠴᠢᠯᠠᠭᠴᠢ᠂ ᠬᠡᠤᠬᠡᠳ ᠤᠨ ᠡᠷᠬᠡ ᠠᠰᠢᠭ ᠢ ᠰᠠᠬᠢᠨ ᠬᠠᠮᠠᠭᠠᠯᠠᠭᠴᠢ᠂ ᠬᠡᠤᠬᠡᠳ ᠤᠨ ᠢᠷᠡᠭᠡᠳᠦᠶ ᠶᠢᠨ ᠬᠦᠰᠡᠯ ᠵᠡᠭᠦᠳᠦ ᠶᠢ ᠲᠡᠷᠭᠡᠯᠰᠢᠭᠦᠯᠦᠭᠴᠢ ᠪᠣᠯᠪᠠ᠃ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ ᠠᠴᠠ ︽ᠬᠡᠤᠬᠡᠳ ᠤᠨ ᠰᠦᠨ ᠰᠢᠳᠦ ᠶᠢ ᠬᠠᠮᠠᠭᠠᠯᠠᠬᠤ︾ ᠰᠠᠶᠢᠨ ᠳᠤᠷ᠎ᠠ ᠶᠢᠨ ᠦᠢᠯᠡᠴᠢᠯᠡᠭᠡ ᠬᠠᠩᠭᠠᠵᠤ᠂ 60 ᠭᠠᠷᠤᠶ ᠬᠡᠤᠬᠡᠳ ᠤᠨ ᠰᠦᠨ ᠰᠢᠳᠦ ᠨᠢ ᠬᠤᠷᠣᠬᠠᠶᠢᠲᠤᠭᠰᠠᠨ ᠪᠠᠶᠢᠳᠠᠯ ᠢ ᠪᠠᠶᠢᠴᠠᠭᠠᠵᠤ᠂ ᠬᠡᠤᠬᠡᠳ ᠵᠢᠴᠢ ᠬᠡᠷ ᠤᠨ ᠠᠬᠠᠮᠠᠳ ᠲᠤ ᠵᠥᠪ ᠣᠨᠣᠪᠴᠢᠲᠠᠶ ᠰᠢᠳᠦ ᠱᠤᠸᠠᠰᠠᠳᠠᠬᠤ ᠠᠷᠭ᠎ᠠ ᠶᠢ ᠤᠯᠠᠮᠵᠢᠯᠠᠬᠤ ᠶᠢᠨ ᠬᠠᠮᠲᠤ ᠲᠤᠬᠠᠶ ᠶᠢᠨ ᠲᠠᠯᠠᠪᠤᠷ ᠲᠤ ᠬᠡᠤᠬᠡᠳ ᠤᠨ ᠰᠦᠨ ᠰᠢᠳᠦᠨ ᠳᠤ ᠹᠯᠣᠷ ᠲᠦᠷᠬᠢᠨ ᠦᠭᠴᠦ᠂ ᠬᠡᠤᠬᠡᠳ ᠤᠨ ᠰᠢᠳᠦᠨ ᠤ ᠡᠷᠡᠭᠦᠯ ᠮᠡᠨᠳᠦ ᠶᠢ ᠬᠠᠮᠠᠭᠠᠯᠠᠪᠠ᠃    ᠥᠪᠡᠷᠲᠡᠭᠡᠨ ᠵᠠᠰᠠᠬᠤ ᠣᠷᠣᠨ ᠤ ᠣᠶᠣᠨ ᠤ ᠡᠷᠡᠭᠦᠯ ᠬᠠᠮᠠᠭᠠᠯᠠᠯ ᠤᠨ ᠲᠥᠪ ︽12320︾ ᠰᠡᠳᠭᠢᠴᠡ ᠶᠢᠨ ᠯᠠᠪᠯᠠᠭ᠎ᠠ ᠶᠢᠨ ᠲᠤᠰᠠᠯᠠᠮᠵᠢ ᠶᠢᠨ ᠤᠲᠠᠰᠤ ᠶᠢ ᠨᠡᠪᠲᠡᠷᠡᠭᠦᠯᠵᠦ᠂ 22 ᠰᠠᠶᠢᠨ ᠳᠤᠷᠠᠴᠤᠳ 24 ᠴᠠᠭ ᠢᠶᠠᠷ ᠤᠳᠠᠰᠤ ᠲᠤᠰᠬᠤ ᠦᠢᠯᠡᠴᠢᠯᠡᠭᠡ ᠬᠠᠩᠭᠠᠵᠤ᠂ ᠬᠡᠤᠬᠡᠳ ᠲᠤ ᠣᠶᠤᠨ ᠰᠠᠨᠠᠭᠠᠨ ᠤ ᠬᠠᠨᠢ ᠪᠤᠯᠵᠤ᠂ ᠬᠠᠶᠢᠷ᠎ᠠ ᠰᠡᠳᠭᠢᠯᠭᠡ ᠶᠢᠨ ᠲᠠᠶᠢᠳᠬᠤᠷᠠᠭᠤᠯᠤᠯ ᠬᠢᠵᠦ᠂ ᠪᠠᠭᠠᠴᠤᠳ ᠬᠡᠤᠬᠡᠳ ᠤᠨ ᠡᠷᠡᠭᠦᠯ ᠦᠭᠡᠳᠡᠷᠭᠡᠭ ᠰᠡᠳᠭᠢᠴᠡ ᠶᠢᠨ ᠪᠠᠶᠢᠳᠠᠯ ᠪᠠ ᠰᠠᠶᠢᠨ ᠰᠠᠶᠢᠬᠠᠨ ᠵᠠᠩ ᠴᠢᠨᠠᠷ ᠲᠠᠢ ᠪᠤᠯᠬᠤ ᠶᠢ ᠬᠦᠲᠦᠯᠦᠨ ᠵᠢᠯᠤᠭᠤᠳᠪᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号