ᠪᠡᠶ᠎ᠡ ᠶᠢᠨ ᠲᠠᠮᠢᠷ ᠤᠨ ᠬᠢᠴᠢᠶᠡᠯ ᠢ ᠪᠦᠷᠢᠨ ᠭᠦᠢᠴᠡᠳ ᠨᠡᠭᠡᠭᠡᠭᠦ ᠶᠢᠨ ᠤᠴᠢᠷ
ᠨᠡᠶᠢᠲᠡᠯᠡᠭᠰᠡᠨ ᠴᠠᠭ᠄
2023/3/27
   ᠰᠢᠨ᠎ᠡ ᠪᠠᠷ ᠵᠠᠰᠠᠪᠤᠷᠢ ᠣᠷᠣᠭᠤᠯᠤᠭᠰᠠᠨ ᠪᠡᠶ᠎ᠡ ᠶᠢᠨ ᠲᠠᠮᠢᠷ ᠤᠨ ᠬᠠᠤᠯᠢ ᠳᠠᠬᠢ ᠪᠡᠶ᠎ᠡ ᠶᠢᠨ ᠲᠠᠮᠢᠷ ᠤᠨ ᠬᠢᠴᠢᠶᠡᠯ ᠦᠯᠦ ᠡᠵᠡᠯᠡᠭᠳᠡᠬᠦ ᠶᠢ ᠦᠨᠡᠨ ᠬᠦ ᠪᠠᠲᠤᠯᠠᠬᠤ᠂ ᠪᠠᠭᠠᠴᠤᠳ ᠬᠡᠤᠭᠡᠳ ᠰᠤᠷᠭᠠᠭᠤᠯᠢ ᠳᠤ ᠪᠠᠶᠢᠬᠤ ᠬᠤᠭᠤᠴᠠᠭᠠᠨ ᠳᠤ ᠪᠠᠨ ᠡᠳᠦᠷ ᠪᠦᠷᠢ ᠠᠳᠠᠭ ᠲᠠᠭᠠᠨ ᠨᠢᠭᠡ ᠴᠠᠭ ᠪᠣᠯᠪᠠᠰᠤᠷᠠᠬᠤ ᠵᠡᠷᠭᠡ ᠵᠦᠢᠯ ᠵᠤᠷᠪᠤᠰ ᠨᠢ ᠮᠠᠨ ᠤ ᠤᠯᠤᠰ ᠤᠨ ᠵᠠᠯᠠᠭᠤᠴᠤᠳ ᠪᠠᠭᠠᠴᠤᠳ ᠤᠨ ᠪᠡᠶ᠎ᠡ ᠮᠠᠬᠠᠪᠣᠳ ᠤᠨ ᠬᠡᠪ ᠴᠢᠨᠠᠷ ᠢ ᠴᠢᠩᠭᠠᠳᠬᠠᠬᠤ᠂ ᠵᠠᠯᠠᠭᠤᠴᠤᠳ ᠪᠠᠭᠠᠴᠤᠳ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠵᠣᠷᠢᠭ ᠰᠠᠨᠠᠭ᠎ᠠ ᠶᠢ ᠭᠦᠢᠴᠡᠳ ᠢᠯᠡᠷᠡᠭᠦᠯᠦᠭᠰᠡᠨ ᠪᠠᠶᠢᠨ᠎ᠠ᠃   ᠵᠠᠯᠠᠭᠤᠴᠤᠳ ᠪᠠᠭᠠᠴᠤᠳ ᠤᠨ ᠡᠷᠡᠬᠦᠯ ᠮᠡᠨᠳᠦ ᠶᠢᠨ ᠪᠠᠶᠢᠳᠠᠯ᠂ ᠡᠷᠡᠭᠦᠯ ᠴᠢᠭᠢᠷᠠᠭ ᠤᠨ ᠬᠡᠮᠵᠢᠶ᠎ᠡ ᠪᠣᠯ ᠪᠦᠬᠦ ᠨᠡᠶᠢᠭᠡᠮ ᠤᠨ ᠠᠩᠬᠠᠷᠤᠯ ᠳᠤ ᠬᠦᠷᠴᠦ ᠪᠠᠶᠢᠭ᠎ᠠ ᠠᠰᠠᠭᠤᠳᠠᠯ ᠪᠤᠯᠤᠨ᠎ᠠ᠃ ᠬᠡᠰᠡᠭ ᠬᠤᠭᠤᠴᠠᠭᠠᠨ ᠤ ᠲᠤᠷᠰᠢ᠂ ᠤᠯᠠᠨ ᠵᠦᠢᠯ ᠤᠨ ᠰᠢᠯᠳᠠᠭᠠᠨ ᠢᠶᠠᠷ ᠪᠡᠶ᠎ᠡ ᠶᠢᠨ ᠲᠠᠮᠢᠷ ᠤᠨ ᠬᠢᠴᠢᠶᠡᠯ ᠡᠵᠡᠯᠡᠭᠳᠡᠬᠦ ᠦᠵᠡᠭᠳᠡᠯ ᠪᠠᠶᠢᠩᠭᠤ ᠢᠯᠡᠷᠡᠵᠦ᠂ ᠬᠡᠦᠭᠡᠳ ᠤᠳ ᠤᠨ ᠡᠳᠦᠷ ᠪᠦᠷᠢ ᠶᠢᠨ ᠲᠠᠮᠢᠷ ᠤᠨ ᠬᠥᠳᠡᠯᠭᠡᠭᠡᠨ ᠤ ᠴᠠᠭ ᠬᠦᠷᠦᠯᠴᠡᠬᠦ ᠥᠬᠡᠶ ᠪᠤᠯᠵᠤ᠂ ᠮᠠᠷᠢᠶᠠᠯᠠᠬᠤ᠂ ᠤᠶᠢᠷ᠎ᠠ ᠬᠠᠷᠠᠭ᠎ᠠ ᠲᠠᠢ ᠪᠤᠯᠬᠤ ᠵᠡᠷᠭᠡ ᠠᠰᠠᠭᠤᠳᠠᠯ ᠨᠡᠶᠢᠳᠡᠮ ᠤᠷᠤᠰᠢᠵᠦ᠂ ᠡᠷᠡᠭᠦᠯ ᠮᠡᠨᠳᠦ ᠶᠢᠨ ᠪᠠᠶᠢᠳᠠᠯ ᠢ ᠠᠳᠠᠯᠢ ᠪᠤᠰᠤ ᠬᠡᠮᠵᠢᠶ᠎ᠡ ᠪᠠᠷ ᠨᠦᠯᠦᠭᠡᠯᠡᠪᠡ᠃   ᠵᠠᠯᠠᠭᠤᠴᠤᠳ ᠬᠦᠴᠦᠷᠭᠡᠭᠵᠢᠪᠡᠯ ᠤᠯᠤᠰ ᠬᠦᠷᠦᠨ ᠬᠦᠴᠦᠷᠭᠡᠭᠵᠢᠨ᠎ᠡ᠃ ᠮᠠᠨ ᠤ ᠤᠯᠤᠰ ᠤᠨ ᠵᠠᠯᠠᠭᠤᠴᠤᠳ ᠪᠠᠭᠠᠴᠤᠳ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠭᠤᠤᠯ ᠭᠦᠢᠴᠡᠳᠭᠡᠯ ᠲᠤᠭ᠎ᠠ ᠵᠢᠯ ᠳᠠᠷᠠᠭᠠᠯᠠᠨ ᠪᠠᠭᠤᠷᠠᠬᠤ ᠬᠠᠨᠳᠤᠰᠢ ᠲᠠᠢ ᠪᠤᠯᠤᠭᠰᠠᠨ ᠪᠠᠶᠢᠳᠠᠯ ᠤᠨ ᠲᠤᠤᠷ᠎ᠠ᠂ ᠲᠥᠪ ᠠᠴᠠ ᠣᠷᠣᠨ ᠨᠤᠲᠤᠭ ᠬᠦᠷᠲᠡᠯ᠎ᠡ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠲᠦᠷᠢᠮ ᠲᠤᠭᠳᠠᠭᠠᠯ ᠢ ᠵᠠᠯᠭᠠᠭ᠎ᠠ ᠪᠠᠷ ᠨᠡᠶᠢᠲᠡᠯᠡᠵᠦ᠂ ︽ᠪᠡᠶ᠎ᠡ ᠶᠢᠨ ᠲᠠᠮᠢᠷ ᠤᠨ ᠬᠢᠴᠢᠶᠡᠯ ᠢ ᠪᠦᠷᠢᠨ ᠭᠦᠢᠴᠡᠳ ᠨᠡᠭᠡᠭᠡᠬᠦ ᠬᠡᠷᠡᠭᠲᠡᠶ︾ ᠭᠡᠵᠦ ᠱᠠᠭᠠᠷᠳᠠᠭᠰᠠᠨ ᠪᠣᠯᠪᠠᠴᠤ ᠪᠡᠶ᠎ᠡ ᠶᠢᠨ ᠲᠠᠮᠢᠷ ᠤᠨ ᠪᠠᠭᠰᠢ ᠬᠦᠷᠦᠯᠴᠡᠬᠦ ᠥᠬᠡᠶ᠂ ᠰᠤᠷᠤᠭᠴᠢᠳ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠭᠡᠮᠲᠦᠯ ᠢ ᠰᠡᠷᠭᠡᠶᠢᠯᠡᠬᠦ ᠵᠡᠷᠭᠡ ᠪᠠᠷ ᠰᠢᠯᠲᠠᠭᠠᠯᠠᠵᠦ ᠬᠠᠤᠯᠢ ᠲᠤᠭᠳᠠᠭᠠᠯ ᠢ ᠪᠦᠷᠢᠨ ᠬᠦᠢᠴᠡᠳ ᠬᠡᠷᠡᠭᠵᠢᠬᠦᠯᠬᠦ ᠦᠭᠡᠢ ᠦᠵᠡᠭᠳᠡᠯ ᠤᠷᠤᠰᠢᠵᠤ᠂ ᠪᠡᠶ᠎ᠡ ᠶᠢᠨ ᠲᠠᠮᠢᠷ ᠤᠨ ᠬᠢᠴᠢᠶᠡᠯ ᠤᠨ ᠠᠭᠤᠯᠭ᠎ᠠ ᠨᠢ ᠬᠡᠪᠰᠢᠮᠡᠯ᠂ ᠰᠤᠷᠤᠭᠴᠢᠳ ᠤᠨ ᠳᠤᠷ᠎ᠠ ᠰᠣᠨᠢᠷᠬᠠᠯ ᠢ ᠲᠠᠲᠠᠵᠦ ᠴᠢᠳᠠᠬᠤ ᠦᠭᠡᠢ ᠪᠠᠶᠢᠬᠤ ᠵᠢᠴᠢ ︽ᠰᠢᠯᠭᠠᠯᠲᠠ ᠶᠢ ᠠᠷᠭᠠᠴᠠᠭᠠᠬᠤ ᠪᠡᠶ᠎ᠡ ᠶᠢᠨ ᠲᠠᠮᠢᠷ ᠤᠨ ᠬᠢᠴᠢᠶᠡᠯ︾᠂ ︽ᠬᠥᠯᠥᠰᠥ ᠭᠠᠷᠬᠤ ᠥᠬᠡᠶ ᠪᠡᠶ᠎ᠡ ᠶᠢᠨ ᠲᠠᠮᠢᠷ ᠤᠨ ᠬᠢᠴᠢᠶᠡᠯ︾ ᠨᠢ ᠪᠠᠶᠢᠡᠭᠭᠤ ᠶᠢᠨ ᠴᠢᠨᠠᠷᠲᠠᠢ ᠪᠤᠯᠪᠠ᠃   ᠰᠢᠨ᠎ᠡ ᠪᠠᠷ ᠵᠠᠰᠠᠪᠤᠷᠢ ᠣᠷᠣᠭᠤᠯᠤᠭᠰᠠᠨ ᠪᠡᠶ᠎ᠡ ᠶᠢᠨ ᠲᠠᠮᠢᠷ ᠤᠨ ᠬᠠᠤᠯᠢ ᠳᠤ᠂ ᠵᠠᠯᠠᠭᠤᠴᠤᠳ ᠪᠠᠭᠠᠴᠤᠳ ᠪᠣᠯᠤᠨ ᠰᠤᠷᠭᠠᠭᠤᠯᠢ ᠶᠢᠨ ᠪᠡᠶ᠎ᠡ ᠶᠢᠨ ᠲᠠᠮᠢᠷ ᠢ ᠤᠷᠢᠳ ᠢᠶᠠᠷ ᠬᠥᠭᠵᠢᠭᠦᠯᠬᠦ ᠶᠢ ᠪᠠᠶᠢᠯᠳᠤᠬᠤ ᠪᠣᠳᠣᠯᠭ᠎ᠠ ᠶᠢᠨ ᠪᠠᠶᠢᠷᠢᠨ ᠳᠤ ᠲᠠᠯᠪᠢᠵᠤ᠂ ᠪᠡᠶ᠎ᠡ ᠶᠢᠨ ᠲᠠᠮᠢᠷ ᠤᠨ ᠬᠢᠴᠢᠶᠡᠯ ᠲᠥᠷᠥᠯ ᠢ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠶᠢᠨ ᠬᠡᠪᠴᠢᠶᠡᠨ ᠳᠤ ᠣᠷᠣᠭᠤᠯᠵᠤ᠂ ︽ᠪᠡᠶ᠎ᠡ ᠶᠢᠨ ᠲᠠᠮᠢᠷ ᠤᠨ ᠬᠢᠴᠢᠶᠡᠯ ᠤᠨ ᠴᠠᠭ ᠡᠵᠡᠯᠡᠭᠳᠡᠬᠦ ᠥᠬᠡᠶ ᠪᠠᠶᠢᠬᠤ ᠶᠢ ᠦᠨᠡᠨ ᠬᠦ ᠪᠠᠲᠤᠯᠠᠬᠤ ︾᠂ ︽ᠰᠤᠷᠤᠭᠴᠢᠳ ᠰᠤᠷᠭᠠᠭᠤᠯᠢ ᠳᠤ ᠪᠠᠶᠢᠬᠤ ᠬᠤᠭᠤᠴᠠᠭᠠᠨ ᠳᠤ ᠡᠳᠦᠷ ᠪᠦᠷᠢ ᠠᠳᠠᠭ ᠲᠠᠭᠠᠨ ᠨᠢᠭᠡ ᠴᠠᠭ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠣᠷᠣᠯᠴᠠᠬᠤ ᠶᠢ ᠪᠠᠲᠤᠯᠠᠬᠤ︾ ᠵᠡᠷᠭᠡ ᠵᠦᠢᠯ ᠵᠤᠷᠪᠤᠰ ᠢ ᠰᠢᠨ᠎ᠡ ᠪᠠᠷ ᠨᠡᠮᠡᠪᠡ ᠃ ᠡᠲᠡᠭᠡᠷ ᠵᠠᠰᠠᠪᠤᠷᠢ ᠤᠷᠤᠭᠤᠯᠤᠭᠰᠠᠨ ᠨᠢ ᠤᠯᠤᠰ ᠤᠨ ᠵᠠᠯᠠᠭᠤᠴᠤᠳ ᠪᠠᠭᠠᠴᠤᠳ ᠤᠨ ᠪᠡᠶ᠎ᠡ ᠮᠠᠬᠠᠪᠣᠳ ᠤᠨ ᠬᠡᠪ ᠴᠢᠨᠠᠷ ᠢ ᠴᠢᠩᠭᠠᠳᠬᠠᠬᠤ ᠡᠷᠡᠰ ᠵᠣᠷᠢᠭ ᠢ ᠢᠯᠡᠷᠡᠭᠦᠯᠦᠭᠰᠡᠨ ᠢᠶᠠᠷ ᠪᠠᠷᠠᠬᠤ ᠥᠬᠡᠶ᠂ ᠬᠡᠦᠬᠡᠳ ᠤᠳ ᠤᠨ ᠪᠡᠶ᠎ᠡ ᠶᠢᠨ ᠲᠠᠮᠢᠷ ᠤᠨ ᠬᠢᠴᠢᠶᠡᠯ᠂ ᠪᠡᠶ᠎ᠡ ᠶᠢᠨ ᠲᠠᠮᠢᠷ ᠤᠨ ᠪᠤᠯᠪᠠᠰᠤᠷᠠᠯ ᠤᠨ ᠡᠷᠭᠡ ᠬᠠᠤᠯᠢ ᠴᠠᠭᠠᠵᠠ ᠶᠢᠨ ᠬᠠᠮᠠᠭᠠᠯᠠᠯᠲᠠ ᠲᠠᠢ ᠪᠤᠯᠤᠭᠰᠠᠨ ᠢ ᠬᠠᠷᠠᠭᠤᠯᠵᠤ ᠪᠠᠶᠢᠭ᠎ᠠ ᠶᠤᠮ᠃ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠭᠡᠯ ᠳᠤ᠂ ᠠᠷᠠᠳ ᠨᠡᠶᠢᠲᠡ ᠶᠢᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠠᠵᠢᠯ ᠢ ᠴᠢᠩᠭᠠᠳᠬᠠᠨ᠂ ᠤᠯᠠᠨ ᠲᠦᠮᠡᠨᠴᠢ ᠪᠡᠶ᠎ᠡ ᠶᠢᠨ ᠲᠠᠮᠢᠷ ᠪᠠ ᠦᠷᠢᠰᠦᠯᠳᠦᠭᠡᠨᠳᠦ ᠤᠷᠤᠯᠳᠤᠭᠠᠨ ᠤ ᠪᠡᠶ᠎ᠡ ᠶᠢᠨ ᠲᠠᠮᠢᠷ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠵᠤ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠢ ᠲᠦᠷᠭᠡᠪᠴᠢᠯᠡᠨ ᠪᠠᠶᠢᠭᠤᠯᠤᠨ᠎ᠠ ᠭᠡᠵᠦ ᠵᠢᠭᠠᠵᠤ ᠭᠠᠷᠭᠠᠪᠠ᠃    ᠪᠡᠶ᠎ᠡ ᠶᠢᠨ ᠲᠠᠮᠢᠷ ᠤᠨ ᠬᠢᠴᠢᠶᠡᠯ ᠢ ᠪᠦᠷᠢᠨ ᠭᠦᠢᠴᠡᠳ ᠰᠠᠶᠢᠳᠤᠷ ᠨᠡᠭᠡᠭᠡᠵᠦ᠂ ᠬᠡᠦᠬᠡᠳ ᠪᠠᠭᠠᠴᠤᠳ ᠲᠤ ᠨᠢᠭᠡ ᠠᠴᠠ ᠬᠤᠶᠠᠷ ᠵᠦᠢᠯ ᠤᠨ ᠲᠠᠮᠢᠷ ᠤᠨ ᠬᠥᠳᠡᠯᠭᠡᠭᠡᠨ ᠤ ᠤᠷ᠎ᠠ ᠴᠢᠳᠠᠪᠤᠷᠢ ᠶᠢ ᠡᠵᠡᠮᠰᠢᠬᠦᠯᠵᠦ᠂ ᠲᠠᠮᠢᠷ ᠤᠨ ᠬᠥᠳᠡᠯᠭᠡᠭᠡᠨ ᠤ ᠲᠤᠷ᠎ᠠ ᠰᠤᠨᠢᠷᠬᠠᠯ ᠢ ᠬᠦᠮᠦᠵᠢᠬᠦᠯᠵᠦ᠂ ᠪᠡᠶ᠎ᠡ ᠶᠢᠨ ᠲᠠᠮᠢᠷ ᠤᠨ ᠬᠠᠪᠤ ᠴᠡᠩᠭᠡᠯ ᠢ ᠡᠳ᠋ᠯᠡᠭᠦᠯᠦᠨ᠂ ᠨᠠᠰᠤᠨ ᠲᠤᠷᠰᠢᠳᠠ ᠪᠣᠯᠪᠠᠰᠤᠷᠠᠬᠤ ᠳᠠᠳᠬᠠᠯ ᠲᠠᠢ ᠪᠣᠯᠭᠠᠬᠤ ᠨᠢ ᠮᠠᠰᠢ ᠴᠢᠬᠤᠯᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号