ᠮᠠᠨ ᠤ ᠤᠷᠤᠨ ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠬᠠᠮᠵᠢᠯᠴᠠᠭ᠎ᠠ ᠶᠢ ᠤᠯᠠᠮ ᠭᠦᠨᠵᠡᠭᠡᠶᠢᠷᠡᠭᠦᠯᠵᠦ ᠪᠤᠢ
ᠨᠡᠶᠢᠲᠡᠯᠡᠭᠰᠡᠨ ᠴᠠᠭ᠄
2023/3/28
    ᠲᠦᠷᠦᠬᠦᠬᠡᠨ᠂ ᠪᠡᠭᠡᠵᠢᠩ ᠬᠤᠲᠠ ᠶᠢᠨ ᠰᠤᠷᠭᠠᠨ ᠬᠥᠮᠦᠵᠢᠯ ᠤᠨ ᠵᠥᠪᠯᠡᠯ ᠬᠢᠭᠡᠳ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠬᠠᠮᠵᠢᠯᠴᠠᠭ᠎ᠠ ᠶᠢ ᠨᠠᠶᠢᠳᠠᠪᠤᠷᠢᠵᠢᠭᠤᠯᠬᠤ ︽ᠰᠤᠷᠭᠠᠨ ᠬᠥᠮᠦᠵᠢᠯ ᠤᠨ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢᠨ ᠶᠠᠷᠢᠯᠴᠠᠬᠤ ᠬᠤᠷᠠᠯ ᠬᠢᠵᠦ᠂ ︽ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠵᠡᠭᠦᠨ ᠪᠠᠷᠠᠭᠤᠨ ᠬᠡᠰᠡᠭ ᠤᠨ ᠬᠠᠮᠵᠢᠯᠴᠠᠭ᠎ᠠ ᠶᠢᠨ ᠠᠵᠢᠯ ᠢ ᠭᠦᠨᠵᠡᠭᠡᠶᠢᠷᠡᠭᠦᠯᠬᠦ ᠲᠤᠬᠠᠢ ᠵᠦᠪᠯᠡᠯᠴᠡᠬᠡᠷ︾ ᠲᠤ ᠭᠠᠷ ᠤᠨ ᠥᠰᠥᠭ ᠵᠢᠷᠤᠪᠠ᠃    ᠣᠶᠢᠯᠠᠭᠠᠭᠰᠠᠨ ᠢᠶᠠᠷ᠂ ᠪᠡᠭᠡᠵᠢᠩ ᠥᠪᠥᠷ ᠮᠣᠩᠭᠤᠯ ᠬᠤᠶᠠᠷ ᠲᠠᠯ᠎ᠠ ᠪᠠᠷ ᠢᠶᠠᠨ ︽ᠥᠪᠥᠷ ᠮᠣᠩᠭᠤᠯ ᠤᠨ ᠪᠠᠭᠰᠢ ᠶᠢᠨ ᠡᠩᠨᠡᠭᠡ ᠶᠢᠨ ᠴᠢᠳᠠᠪᠤᠷᠢ ᠶᠢ ᠳᠡᠭᠡᠭᠰᠢᠯᠡᠭᠦᠯᠬᠦ︾᠂ ᠬᠠᠪᠰᠤᠷᠤᠯᠴᠠᠭ᠎ᠠ ᠪᠠᠶᠢᠭᠤᠯᠤᠭᠰᠠᠨ ᠬᠤᠰᠢᠭᠤ ᠰᠢᠶᠠᠨ ᠤ ᠰᠤᠷᠭᠠᠨ ᠬᠥᠮᠦᠵᠢᠯ ᠢ ᠲᠡᠳᠬᠦᠬᠦ ᠵᠡᠷᠭᠡ 9 ᠲᠠᠯ᠎ᠠ ᠶᠢᠨ ᠲᠣᠭᠤᠷᠢᠨ ᠳᠤ᠂ ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠭᠦᠨᠵᠡᠭᠡᠢ ᠬᠠᠮᠵᠢᠯᠴᠠᠭ᠎ᠠ ᠦᠷᠨᠢᠬᠦᠯᠬᠦ ᠰᠢᠨ᠎ᠡ ᠵᠠᠭᠪᠤᠷ ᠢ ᠬᠠᠶᠢᠨ ᠰᠦᠪᠡᠭᠴᠢᠯᠡᠵᠦ᠂ ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠠᠵᠢᠯ ᠲᠥᠷᠥᠯ ᠢᠶᠠᠷ ᠢᠶᠠᠨ ᠬᠠᠪᠰᠤᠷᠤᠨ ᠲᠡᠳᠬᠦᠬᠦ ᠰᠢᠨ᠎ᠡ ᠪᠠᠶᠢᠳᠠᠯ ᠢ ᠨᠡᠬᠡᠬᠡᠬᠦ ᠪᠠᠷ ᠪᠤᠢ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ᠂ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠰᠤᠷᠭᠠᠨ ᠬᠥᠮᠦᠵᠢᠯ ᠤᠨ ᠬᠠᠮᠲᠤᠷᠠᠯᠴᠠᠭ᠎ᠠ ᠶᠢᠨ ᠪᠠᠶᠢᠭᠤᠯᠤᠮᠵᠢ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠵᠦ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠥᠷᠳᠡᠬᠦ ᠪᠠᠷ ᠤᠳᠤᠷᠢᠳᠤᠮᠵᠢ ᠪᠤᠯᠭᠠᠭᠰᠠᠨ ︽ᠶᠡᠭᠡ ᠪᠠᠷ ᠬᠠᠮᠵᠢᠯᠴᠠᠬᠤ︾ ᠪᠠᠶᠢᠷᠢᠰᠢᠯ ᠢ ᠪᠣᠶ ᠪᠤᠯᠭᠠᠨ᠎ᠠ᠃ ᠪᠠᠭᠰᠢ ᠶᠢᠨ ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠵᠦ᠂ ᠪᠥᠬᠦ ᠠᠵᠢᠯᠲᠠᠨ ᠤ ᠪᠠᠭᠰᠢ ᠶᠢᠨ ᠡᠩᠨᠡᠭᠡ ᠶᠢ ᠶᠡᠷᠦᠩᠬᠡᠶᠢᠯᠡᠨ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠂ ︽ᠪᠦᠯᠬᠦᠮ ᠪᠠᠶᠢᠭᠤᠯᠬᠤ ᠮᠠᠶ᠋ᠢᠭ︾ ᠢᠶᠠᠷ ᠬᠠᠪᠰᠤᠷᠤᠨ ᠲᠡᠳᠬᠦᠬᠦ᠂ ᠨᠠᠷᠠᠲᠤ ᠰᠤᠷᠭᠠᠭᠤᠯᠢ ︵ᠴᠡᠴᠡᠷᠯᠢᠭ︶ ᠶᠢᠨ ᠵᠠᠬᠢᠷᠤᠯ ᠤᠨ ᠠᠵᠢᠯᠯᠠᠬᠤ ᠦᠷᠦᠬᠡ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠥᠷᠭᠡᠳᠬᠡᠨ ᠭᠦᠨᠵᠡᠭᠡᠶᠢᠷᠡᠭᠦᠯᠵᠦ᠂ ᠴᠡᠭ ᠠᠴᠠ ᠴᠡᠭ ᠲᠤ ᠬᠦᠷᠬᠦ ᠂ ︽1+1︾ ᠵᠡᠷᠭᠡ ᠬᠡᠯᠪᠡᠷᠢ ᠪᠠᠷ ᠭᠤᠣᠯᠳᠠᠯᠭ᠎ᠠ ᠲᠠᠢ ᠬᠥᠮᠥᠵᠢᠭᠦᠯᠵᠦ᠂ ᠨᠢᠭᠡ ᠪᠦᠯᠦᠭ ᠪᠡᠭᠡᠵᠢᠩ ᠥᠪᠥᠷ ᠮᠣᠩᠭᠤᠯ ᠤᠨ ᠠᠵᠢᠯ ᠲᠥᠷᠥᠯ ᠢᠶᠠᠷ ᠢᠶᠠᠨ ᠬᠠᠮᠵᠢᠯᠴᠠᠭᠰᠠᠨ ᠵᠢᠱᠢᠶ᠎ᠡ ᠦᠵᠡᠭᠦᠯᠬᠦ ᠰᠤᠷᠭᠠᠭᠤᠯᠢ ᠶᠢ ᠪᠠᠶᠢᠭᠤᠯᠤᠨ᠎ᠠ᠃ ᠭᠤᠣᠯᠳᠠᠯᠭ᠎ᠠ ᠲᠠᠢ ᠲᠥᠷᠥᠯ ᠵᠦᠢᠯ ᠢ ᠪᠣᠳᠠᠲᠠᠢ ᠠᠳᠬᠤᠨ᠂ ᠰᠢᠨ᠎ᠡ ᠮᠡᠷᠭᠡᠵᠢᠯ ᠢ ᠭᠦᠢᠴᠡᠳ ᠠᠰᠢᠭᠯᠠᠵᠤ᠂ ︽ᠢᠨᠲ᠋ᠧᠷ ᠰᠦᠯᠵᠢᠶ᠎ᠡ + ᠰᠤᠷᠭᠠᠨ ᠬᠥᠮᠦᠵᠢᠯ︾ ᠤᠨ ᠬᠠᠮᠵᠢᠯᠴᠠᠬᠤ ᠵᠠᠭᠪᠤᠷ ᠢ ᠲᠡᠭᠦᠯᠳᠡᠷᠵᠢᠭᠦᠯᠦᠨ᠂ ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ ᠭᠤᠷᠪᠠ ᠶᠢ ᠨᠢᠭᠡ ᠴᠣᠭᠴᠠᠵᠢᠭᠤᠯᠤᠨ ᠨᠢᠭᠡᠳᠦᠯᠲᠡᠢ ᠲᠥᠯᠥᠪᠯᠡᠨ ᠠᠬᠢᠭᠤᠯᠬᠤ ᠶᠢ ᠦᠨᠡᠨᠬᠦ ᠴᠢᠩᠭᠠᠳᠬᠠᠨ᠎ᠠ ᠬᠡᠵᠦ ᠳᠤᠷᠠᠳᠪᠠ᠃    ᠣᠳᠣᠬᠠᠨ ᠳᠤ᠂ ᠪᠡᠭᠡᠵᠢᠩ ᠬᠤᠲᠠ ᠶᠢᠨ 17 ᠲᠣᠭᠤᠷᠢᠭ ᠮᠠᠨ ᠤ ᠤᠷᠤᠨ ᠤ 7 ᠠᠶᠢᠮᠠᠭ ᠬᠤᠲᠠ ᠶᠢᠨ 31 ᠬᠤᠰᠢᠭᠤ ᠰᠢᠶᠠᠨ ᠲᠠᠢ ᠠᠵᠢᠯ ᠲᠦᠷᠦᠯ ᠤᠨ ᠬᠠᠪᠰᠤᠷᠤᠯᠴᠠᠭ᠎ᠠ ᠪᠠᠶᠢᠭᠤᠯᠵᠤ᠂ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ 486 ᠳᠤᠮᠳᠠᠳᠤ ᠪᠠᠭ᠎ᠠ ᠰᠤᠷᠭᠠᠭᠤᠯᠢ ︽ᠭᠠᠷ ᠭᠠᠷ ᠢᠶᠠᠨ ᠬᠤᠯᠪᠣᠯᠴᠠᠬᠤ︾ ᠠᠵᠢᠯ ᠲᠦᠷᠦᠯ ᠤᠨ ᠬᠠᠪᠰᠤᠷᠤᠯᠴᠠᠭ᠎ᠠ ᠪᠠᠶᠢᠭᠤᠯᠵᠠᠢ᠃ ᠪᠡᠭᠡᠵᠢᠩ ᠤᠨ 10 ᠶᠡᠭᠡ ᠳᠡᠭᠡᠳᠦ ᠰᠤᠷᠭᠠᠭᠤᠯᠢ ᠮᠠᠨ ᠤ ᠤᠷᠤᠨ ᠤ 6 ᠶᠡᠭᠡ ᠳᠡᠭᠡᠳᠦ ᠰᠤᠷᠭᠠᠭᠤᠯᠢ ᠲᠠᠢ ᠬᠠᠪᠰᠤᠷᠤᠯᠴᠠᠭ᠎ᠠ ᠪᠠᠶᠢᠭᠤᠯᠤᠨ ᠰᠣᠯᠢᠯᠴᠠᠭ᠎ᠠ ᠬᠠᠮᠲᠤᠷᠠᠯᠴᠠᠭ᠎ᠠ ᠥᠷᠨᠢᠭᠦᠯᠵᠦ᠂ ᠣᠯᠠᠨ ᠲᠠᠰ ᠳᠠᠪᠬᠤᠷᠭ᠎ᠠ ᠶᠢᠨ᠂ ᠣᠯᠠᠨ ᠡᠰᠢᠴᠢᠯᠡᠭᠰᠡᠨ ᠨᠡᠪᠲᠡᠷᠡᠯᠴᠡᠨ ᠵᠣᠬᠢᠴᠠᠭᠤᠯᠬᠤ ᠵᠠᠭᠪᠤᠷ ᠢ ᠪᠠᠶᠢᠭᠤᠯᠵᠤ᠂ ᠬᠠᠪᠰᠤᠷᠤᠨ ᠲᠡᠳᠬᠦᠬᠦ ᠭᠠᠵᠠᠷ ᠣᠷᠣᠨ ᠤ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠲᠤᠲᠠᠭᠳᠠᠵᠤ ᠪᠠᠶᠢᠬᠤ ᠂ ᠰᠤᠷᠭᠠᠨ ᠬᠥᠮᠦᠵᠢᠯ ᠤᠨ ᠬᠥᠭᠵᠢᠯᠲᠡ ᠲᠡᠩᠴᠡᠭᠦᠷᠢ ᠦᠭᠡᠢ ᠪᠠᠶᠢᠬᠤ ᠣᠳᠣᠬᠢ ᠪᠠᠶᠢᠳᠠᠯ ᠢ ᠶᠡᠬᠡᠳᠡ ᠰᠠᠶᠢᠵᠢᠷᠠᠭᠤᠯᠤᠭᠰᠠᠨ ᠪᠠᠶᠢᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号