ᠰᠢᠨ᠎ᠡ ᠴᠠᠭ ᠦᠶ᠎ᠡ ᠶᠢᠨ ᠬᠡᠷᠡᠯ ᠭᠢᠯᠪᠠᠭ᠎ᠠ ᠶᠢ ᠰᠠᠴᠤᠷᠠᠭᠤᠯᠵᠤ ᠯᠧᠢ ᠹᠧᠩ ᠤᠨ ᠵᠣᠷᠢᠭ ᠰᠠᠨᠠᠭ᠎ᠠ ᠶᠢ ᠥᠨᠢᠳᠡ ᠦᠷᠭᠦᠯᠵᠢᠯᠡᠭᠦᠯᠦᠨ᠎ᠡ ︱ ᠲᠦᠯᠢᠶᠡᠮᠤᠳᠤ ᠳᠤᠮᠳᠠᠳᠤ ᠰᠤᠷᠭᠠᠭᠤᠯᠢ ᠯᠧᠢ ᠹᠧᠩ ᠠᠴᠠ ᠰᠤᠷᠤᠯᠴᠠᠬᠤ ᠭᠤᠣᠯ ᠰᠡᠳᠦᠪᠲᠦ ᠬᠥᠮᠦᠵᠢᠯ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/3/7
   ᠯᠧᠢ ᠹᠧᠩ ᠤᠨ ᠵᠣᠷᠢᠭ ᠰᠠᠨᠠᠭ᠎ᠠ  ᠶᠢ ᠤᠯᠠᠮ ᠨᠢᠭᠡ ᠠᠯᠬᠤᠮ ᠪᠠᠳᠠᠷᠠᠭᠤᠯᠵᠤ᠂ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ  ᠶᠢ ᠪᠣᠶᠢᠵᠢᠭᠤᠯᠤᠨ ᠦᠢᠯᠡᠳᠦᠯᠭᠡᠵᠢᠭᠦᠯᠬᠦ  ᠶᠢᠨ ᠲᠥᠯᠥᠭᠡ᠂ ᠲᠦᠯᠢᠶᠡᠮᠤᠳᠤ ᠳᠤᠮᠳᠠᠳᠤ ᠰᠤᠷᠭᠠᠭᠤᠯᠢ  ᠶᠢᠨ ᠬᠢᠨ ᠯᠧᠢ ᠹᠧᠩ  ᠠᠴᠠ ᠰᠤᠷᠤᠯᠴᠠᠬᠤ 60 ᠳ᠋ᠤᠭᠠᠷ ᠳᠤᠷᠠᠰᠬᠠᠯ ᠤᠨ ᠡᠳᠦᠷ  ᠢᠶᠠᠷ ᠠᠵᠠ ᠲᠣᠬᠢᠶᠠᠯ ᠪᠣᠯᠭᠠᠵᠤ᠂ ︽ᠰᠢᠨ᠎ᠡ ᠴᠠᠭ ᠦᠶ᠎ᠡ  ᠶᠢᠨ ᠭᠡᠷᠡᠯ ᠭᠢᠯᠪᠠᠭ᠎ᠠ ᠪᠠᠨ ᠰᠠᠴᠤᠷᠠᠭᠤᠯᠵᠤ ᠯᠧᠢ ᠹᠧᠩ ᠤᠨ ᠵᠣᠷᠢᠭ ᠰᠠᠨᠠᠭ᠎ᠠ  ᠶᠢ ᠥᠨᠢᠳᠡ ᠦᠷᠭᠦᠯᠵᠢᠯᠡᠭᠦᠯᠬᠦ︾ ᠭᠤᠣᠯ ᠰᠡᠳᠦᠪᠲᠦ ᠬᠥᠮᠦᠵᠢᠯ ᠤᠨ ᠠᠵᠢᠯᠯᠠᠭ᠎ᠠ  ᠶᠢ ᠥᠷᠨᠢᠭᠦᠯᠵᠡᠢ᠃   ᠭᠠᠷᠠᠭ ᠤᠨ ᠨᠢᠭᠡᠨ ᠳᠤ ᠤᠯᠤᠰ ᠤᠨ ᠲᠤᠭ ᠮᠠᠨᠳᠤᠭᠤᠯᠬᠤ ᠶᠣᠰᠣᠯᠠᠯ ᠳᠤ  ᠶᠢᠰᠦᠳᠦᠭᠡᠷ ᠣᠨ ᠤ ᠨᠢᠭᠡ ᠶᠢᠨ ᠬᠠᠮᠲᠤ ᠰᠤᠷᠤᠯᠭᠠᠲᠠᠨ ᠪᠠᠢ ᠵᠢᠩ ᠴᠢ ᠤᠯᠤᠰ ᠤᠨ ᠲᠤᠭ ᠤᠨ ᠳᠣᠣᠷ᠎ᠠ ᠶᠠᠷᠢᠶ᠎ᠠ ᠲᠠᠯᠪᠢᠬᠤ ᠶᠢᠨ ᠬᠠᠮᠲᠤ ᠰᠠᠨᠠᠭᠠᠴᠢᠯᠠᠭ᠎ᠠ ᠶᠢᠨ ᠪᠢᠴᠢᠭ ᠢ ᠤᠩᠰᠢᠵᠠᠢ᠂ ᠲᠡᠷᠡ ᠢᠯᠡᠷᠬᠡᠶᠢᠯᠡᠬᠦ ᠳᠡᠭᠡᠨ᠂ ᠰᠢᠨ᠎ᠡ ᠴᠠᠭ ᠦᠶ᠎ᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠪᠣᠯᠤᠭᠰᠠᠨ ᠤ ᠬᠤᠪᠢ ᠳᠤ᠂ ᠪᠢᠳᠡ ᠥᠨᠢ ᠡᠭᠦᠷᠢᠳᠡ ᠶᠢᠨ ᠠᠮᠢᠳᠤ ᠯᠧᠢ ᠹᠧᠩ ᠪᠣᠯᠬᠤ ᠪᠠᠷ ᠵᠣᠷᠢᠭ ᠰᠢᠭᠤᠳᠴᠤ ᠪᠠᠶᠢᠨ᠎ᠠ᠂ ᠪᠢᠳᠡ ᠲᠡᠭᠷᠢ ᠭᠠᠵᠠᠷ ᠢ ᠳᠣᠩᠰᠣᠯᠭᠠᠮ᠎ᠠ ᠶᠡᠭᠡ ᠶᠠᠪᠤᠳᠠᠯ ᠢ ᠬᠢᠬᠦ ᠬᠡᠷᠡᠭ ᠦᠭᠡᠢ᠂ ᠵᠥᠪᠬᠡᠨ ᠳᠡᠷᠭᠡᠳᠡᠬᠢ ᠵᠢᠵᠢᠭ ᠶᠠᠪᠤᠳᠠᠯ ᠪᠦᠬᠦᠨ ᠢ ᠰᠠᠶᠢᠲᠤᠷ ᠬᠢᠬᠦ ᠬᠡᠷᠡᠭᠲᠡᠢ︔ ᠦᠨᠳᠦᠰᠦᠲᠡᠨ ᠤ ᠰᠡᠷᠭᠦᠨ ᠮᠠᠨᠳᠤᠯᠲᠠ  ᠶᠢ ᠡᠭᠦᠷᠭᠡᠯᠡᠵᠦ ᠪᠠᠶᠢᠭ᠎ᠠ ᠴᠠᠭ ᠦᠶ᠎ᠡ  ᠶᠢᠨ ᠰᠢᠨ᠎ᠡ ᠬᠥᠮᠥᠨ ᠪᠣᠯᠤᠭᠰᠠᠨ ᠤ ᠬᠤᠪᠢ ᠳᠤ᠂ ᠪᠢᠳᠡ ᠨᠠᠮ ᠢᠶᠠᠨ ᠡᠭᠦᠷᠢᠳᠡ ᠳᠠᠭᠠᠬᠤ ᠢᠲᠡᠭᠡᠯ ᠵᠣᠷᠢᠭ ᠢᠶᠠᠨ ᠪᠠᠲᠤᠳᠬᠠᠵᠤ᠂ ᠯᠧᠢ ᠹᠧᠩ ᠤᠨ ᠵᠣᠷᠢᠭ ᠰᠠᠨᠠᠭ᠎ᠠ  ᠶᠢ ᠶᠡᠭᠡ ᠪᠠᠷ ᠰᠤᠷᠤᠯᠴᠠᠨ ᠪᠠᠳᠠᠷᠠᠭᠤᠯᠵᠤ  ᠦᠢᠯᠡᠳᠦᠯᠬᠡᠵᠢᠬᠦᠯᠦᠨ᠎ᠡ᠃   ᠯᠧᠢ ᠹᠧᠩ ᠤᠨ ᠵᠣᠷᠢᠭ ᠰᠠᠨᠠᠭ᠎ᠠ ᠨᠢ ᠤᠷᠢᠬᠠᠨ ᠰᠠᠯᠬᠢ ᠥᠭᠭᠢᠶᠡᠮᠦᠷ ᠬᠤᠷ᠎ᠠ ᠮᠡᠲᠦ ᠮᠠᠨ ᠤ ᠠᠩᠭᠢ ᠨᠢᠭᠡᠪᠦᠷᠢ ᠳᠤ ᠴᠢᠮᠡᠭᠡ ᠢᠮᠡᠭᠡ ᠦᠭᠡᠢ ᠪᠠᠷ ᠬᠦᠷᠴᠦ ᠢᠷᠡᠪᠡ᠃ ᠡᠯ᠎ᠡ ᠠᠩᠭᠢ  ᠶᠢᠨ ᠬᠢᠨ ︽ᠯᠧᠢ ᠹᠧᠩ ᠤᠨ ᠵᠣᠷᠢᠭ ᠰᠠᠨᠠᠭ᠎ᠠ  ᠶᠢ ᠪᠠᠳᠠᠷᠠᠭᠤᠯᠵᠤ᠂ ᠯᠧᠢ ᠹᠧᠩ ᠤᠨ ᠪᠠᠭᠠᠴᠤᠳ ᠪᠣᠯᠬᠤ ᠪᠠᠷ ᠴᠢᠷᠮᠠᠶᠢᠬᠤ︾ ᠭᠤᠣᠯ ᠰᠡᠳᠦᠪᠲᠦ ᠠᠩᠭᠢ  ᠶᠢᠨ ᠬᠤᠷᠠᠯ   ᠢ ᠥᠷᠨᠢᠭᠦᠯᠬᠦ ᠪᠠᠷ ᠳᠠᠮᠵᠢᠭᠤᠯᠤᠨ᠂ ᠰᠤᠷᠤᠭᠴᠢ ᠨᠢᠭᠡᠪᠦᠷᠢ ᠳᠤ ᠯᠧᠢ ᠹᠧᠩ  ᠢ ᠣᠶᠢᠯᠠᠭᠠᠭᠤᠯᠵᠤ᠂ ᠯᠧᠢ ᠹᠧᠩ ᠤᠨ ᠵᠣᠷᠢᠭ ᠰᠠᠨᠠᠭ᠎ᠠ  ᠶᠢ ᠣᠶᠢᠯᠠᠭᠠᠭᠤᠯᠵᠤ᠂ ᠯᠧᠢ ᠹᠧᠩ ᠤᠨ ᠵᠣᠷᠢᠭ ᠰᠠᠨᠠᠭ᠎ᠠ  ᠶᠢ ᠰᠤᠷᠤᠯᠴᠠᠭᠤᠯᠵᠠᠶ᠃   ᠰᠤᠷᠤᠭᠴᠢᠳ ᠰᠤᠷᠭᠠᠭᠤᠯᠢ  ᠶᠢᠨ ᠡᠷᠭᠢᠨ ᠲᠣᠭᠤᠷᠢᠨ ᠳᠤ ᠴᠡᠪᠡᠷᠯᠡᠯᠲᠡ ᠬᠢᠵᠦ᠂ ᠰᠤᠷᠭᠠᠭᠤᠯᠢ  ᠶᠢᠨ ᠡᠷᠭᠢᠨ ᠲᠣᠭᠤᠷᠢᠨ ᠤ ᠨᠡᠶᠢᠭᠡᠮ ᠲᠣᠭᠤᠷᠢᠭ ᠤᠨ ᠣᠷᠴᠢᠨ ᠲᠣᠭᠤᠷᠢᠨ  ᠢ ᠴᠣ᠋ ᠰᠢᠨ᠎ᠡ ᠪᠣᠯᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠯᠧᠢ ᠹᠧᠩ ᠤᠨ ᠵᠣᠷᠢᠭ ᠰᠠᠨᠠᠭ᠎ᠠ  ᠶᠢ ᠰᠤᠷᠤᠯᠴᠠᠵᠤ᠂ ᠯᠧᠢ ᠹᠧᠩ ᠤᠨ ᠤᠯᠠᠮᠵᠢᠯᠠᠭᠴᠢ ᠪᠣᠯᠬᠤ ᠪᠠᠷ ᠴᠢᠷᠮᠠᠶᠢᠵᠤ ᠪᠠᠶᠢᠨ᠎ᠠ᠃   ᠯᠧᠢ ᠹᠧᠩ ᠠᠴᠠ ᠰᠤᠷᠤᠯᠴᠠᠬᠤ ᠠᠵᠢᠯᠯᠠᠭ᠎ᠠ ᠪᠠᠨ ᠵᠣᠭᠰᠣᠵᠤ ᠪᠣᠯᠬᠤ ᠦᠭᠡᠢ᠂ ᠯᠧᠢ ᠹᠧᠩ ᠤᠨ ᠵᠣᠷᠢᠭ ᠰᠠᠨᠠᠭ᠎ᠠ ᠶᠢ ᠨᠡᠩ ᠴᠤ ᠬᠠᠶᠠᠵᠤ ᠪᠣᠯᠬᠤ ᠦᠭᠡᠢ᠃ ᠪᠢᠳᠡ ᠭᠤᠷᠪᠠᠨ ᠰᠠᠷ᠎ᠠ  ᠶᠢᠨ ︽ᠯᠧᠢ ᠹᠧᠩ  ᠠᠴᠠ ᠰᠤᠷᠤᠯᠴᠠᠬᠤ︾ ᠠᠵᠢᠯᠯᠠᠭ᠎ᠠ  ᠶᠢᠨ ᠡᠨᠡᠬᠦ ᠬᠠᠪᠤᠷ ᠤᠨ ᠰᠠᠯᠬᠢ  ᠶᠢ ᠠᠰᠢᠭᠯᠠᠨ ᠳᠠᠭᠤᠤ ᠳᠠᠭᠤᠯᠠᠵᠤ ᠰᠤᠷᠬᠤ᠂ ᠭᠠᠷ ᠢᠶᠠᠷ ᠬᠠᠭᠤᠯᠤᠭᠰᠠᠨ ᠰᠣᠨᠢᠨ ᠵᠢᠷᠤᠬᠤ᠂ ᠰᠤᠷᠭᠠᠭᠤᠯᠢ  ᠶᠢᠨ ᠳᠣᠲᠣᠷᠠᠬᠢ ᠰᠠᠶᠢᠨ ᠳᠤᠷ᠎ᠠ  ᠶᠢᠨ ᠦᠢᠯᠡᠴᠢᠯᠡᠭᠡ ᠬᠠᠩᠭᠠᠬᠤ ᠵᠡᠷᠭᠡ ᠰᠢᠷᠢᠰ ᠠᠵᠢᠯᠯᠠᠭ᠎ᠠ ᠪᠠᠷ ᠳᠠᠮᠵᠢᠭᠤᠯᠤᠨ᠂ ᠯᠧᠢ ᠹᠧᠩ ᠤᠨ ᠵᠣᠷᠢᠭ ᠰᠠᠨᠠᠭ᠎ᠠ  ᠶᠢ ᠨᠡᠩ ᠭᠦᠨᠵᠡᠭᠡᠢ ᠪᠥᠭᠡᠳ ᠤᠳᠠᠭᠠᠨ ᠳᠠᠭᠠᠭᠠᠮᠠᠭᠠᠢ ᠪᠠᠷ ᠪᠠᠳᠠᠷᠠᠭᠤᠯᠤᠨ᠎ᠠ᠃ ᠯᠧᠢ ᠹᠧᠩ ᠢᠶᠠᠷ ᠳᠠᠭᠤᠷᠢᠶᠠᠯ ᠪᠣᠯᠭᠠᠵᠤ᠂ ᠥᠪᠡᠷ ᠢ ᠪᠠᠨ ᠴᠢᠩᠭ᠎ᠠ ᠱᠠᠭᠠᠷᠳᠠᠵᠤ᠂ ᠴᠢᠷᠮᠠᠶᠢᠨ ᠰᠤᠷᠤᠯᠴᠠᠵᠤ᠂ ᠯᠠᠪᠳᠠᠭᠤᠨ ᠪᠠᠲᠤᠲᠠᠢ ᠠᠵᠢᠯᠯᠠᠨ᠂ ᠭᠤᠶᠠᠴᠢ ᠦᠭᠡᠢ ᠭᠤᠶᠠᠴᠢ ᠦᠭᠡᠢ ᠵᠢᠳᠬᠦᠵᠦ᠂ ᠡᠭᠡᠯ ᠵᠢᠷ ᠤᠨ ᠠᠵᠢᠯ ᠤᠨ ᠪᠠᠶᠢᠷᠢ ᠳᠡᠭᠡᠷ᠎ᠡ ᠪᠠᠨ ᠴᠢᠷᠮᠠᠶᠢᠨ ᠵᠢᠳᠬᠦᠵᠦ᠂ ᠯᠧᠢ ᠹᠧᠩ ᠤᠨ ᠵᠣᠷᠢᠭ ᠰᠠᠨᠠᠭᠠᠨ ᠤ ᠤᠯᠠᠮᠵᠢᠯᠠᠭᠴᠢ ᠪᠤᠯᠤᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号