︽ᠵᠠᠭᠤᠨ ᠲᠦᠮᠡᠨ ᠬᠥᠮᠦᠨ ᠬᠠᠷᠢᠯᠴᠠᠨ ᠵᠢᠭᠤᠯᠴᠢᠯᠠᠬᠤ︾ ᠠᠩᠬᠠᠨ ᠤ ᠪᠦᠯᠬᠦᠮ ᠤᠨ ᠵᠢᠭᠤᠯᠴᠢᠯᠠᠯ ᠳᠡᠬᠦᠰ ᠠᠮᠵᠢᠯᠳᠠ ᠲᠠᠢ ᠦᠨᠳᠦᠷᠯᠡᠵᠡᠢ
ᠨᠡᠶᠢᠲᠡᠯᠡᠭᠰᠡᠨ ᠴᠠᠭ᠄
2023/3/8
    ᠲᠦᠷᠦᠬᠦᠬᠡᠨ᠂ ᠭᠤᠸᠠᠩᠳᠦ᠋ᠩ ᠦᠪᠦᠷ ᠮᠤᠩᠭᠤᠯ ᠤᠨ ︽ᠵᠠᠭᠤᠨ ᠲᠦᠮᠡᠨ ᠬᠥᠮᠦᠨ ᠬᠠᠷᠢᠯᠴᠠᠨ ᠵᠢᠭᠤᠯᠴᠢᠯᠠᠬᠤ︾ ᠠᠩᠬᠠᠨ ᠤ ᠪᠦᠯᠬᠦᠮ ᠤᠨ 151 ᠵᠢᠭᠤᠯᠴᠢᠯᠠᠭᠴᠢ ᠮᠠᠨ ᠤ ᠤᠷᠤᠨ ᠳᠤ ᠢᠷᠡᠵᠦ᠂ 4 ᠡᠳᠦᠷ ᠤᠨ ᠵᠢᠭᠤᠯᠴᠢᠯᠠᠯ ᠢᠶᠠᠷ ᠦᠵᠡᠰᠬᠦᠯᠡᠩᠳᠦ ᠰᠠᠶᠢᠬᠠᠨ ᠤᠮᠠᠷᠠᠲᠦ ᠬᠢᠯᠢ᠂ ᠦᠩᠬᠡ ᠦᠵᠡᠮᠵᠢᠳᠦ ᠦᠪᠦᠷ ᠮᠤᠩᠭᠤᠯ ᠤᠨ ᠡᠯᠪᠡᠭ ᠪᠠᠶᠠᠯᠢᠭ ᠰᠤᠶᠤᠯ ᠵᠢᠭᠤᠯᠴᠢᠯᠠᠯ ᠤᠨ ᠡᠬᠢ ᠪᠠᠶᠠᠯᠢᠭ ᠢ ᠡᠳ᠋ᠯᠡᠵᠦ᠂ ᠵᠢᠷᠭᠠᠯᠳᠠᠶᠢᠬᠠᠨ ᠪᠤᠴᠠᠵᠠᠭᠠᠵᠠᠢ᠃    ᠲᠤᠰ ᠤᠳᠠᠭᠠᠨ ᠤ ᠠᠶᠠᠯᠠᠯ ᠵᠢᠭᠤᠯᠴᠢᠯᠠᠯ ᠢᠶᠠᠷ ᠬᠥᠬᠡᠬᠤᠲᠠ᠂ ᠤᠷᠳᠤᠰ ᠬᠤᠶᠠᠷ ᠬᠤᠳᠠ ᠶᠢᠨ ᠮᠠ ᠽᠦᠩ ᠱᠠᠨ ᠴᠡᠨᠡᠯᠡᠯᠲᠡ ᠢᠢᠨ ᠲᠠᠯᠠᠪᠠᠢ᠂ ᠪᠣᠭᠤᠮᠲᠠ ᠢᠢᠨ ᠬᠠᠭᠤᠴᠢᠨ ᠵᠡᠭᠡᠯᠢ᠂ ᠰᠢᠷᠠᠮᠥ᠋ᠷᠡᠨ ᠤ ᠲᠠᠯ᠎ᠠ ᠨᠤᠲᠤᠭ᠂ ᠪᠦᠷᠢᠶ᠎ᠡ ᠮᠠᠩᠬ᠎ᠠ ᠵᠡᠷᠭᠡ ᠨᠡᠷᠡᠳᠤ ᠦᠵᠡᠮᠵᠢ ᠢᠢᠨ ᠣᠷᠣᠨ ᠢᠶᠠᠷ ᠲᠤᠭᠤᠷᠢᠨ ᠵᠢᠭᠤᠯᠴᠢᠯᠠᠵᠦ᠂ ᠠᠭᠤᠳᠠᠮ ᠲᠠᠯ᠎ᠠ ᠳᠤ ᠠᠵᠢᠨᠠᠢ ᠬᠦᠯᠦᠭ ᠬᠤᠷᠳᠤᠯᠠᠨ ᠳᠠᠪᠬᠢᠯᠳᠤᠬᠤ ᠶᠢ ᠦᠵᠡᠵᠦ᠂ ᠡᠯᠡᠰᠦᠨ ᠬᠦᠨ ᠳᠤ ᠲᠡᠮᠡᠭᠡᠨ ᠵᠢᠩ ᠤᠨ ᠲᠠᠭᠤᠨ ᠢ ᠴᠢᠩᠨᠠᠨ᠂ ᠴᠡᠨᠡᠯᠡᠯᠲᠡ ᠢᠢᠨ ᠲᠠᠯᠠᠪᠠᠢ ᠳᠤ ᠴᠠᠰᠤᠨ ᠪᠠᠶᠢᠯᠳᠤᠭᠠᠨ ᠬᠢᠵᠦ᠂ ᠭᠤᠸᠠᠩᠳᠦ᠋ᠩ ᠳᠤ ᠤᠯᠵᠦ ᠬᠠᠷᠠᠳᠠᠭ ᠦᠬᠡᠢ ᠰᠢᠷᠭᠠᠯ ᠡᠯᠡᠰᠦ᠂ ᠮᠦᠩᠬᠦᠨ ᠴᠠᠰᠤᠨ ᠳᠤ ᠭᠠᠶᠢᠬᠠᠮᠰᠢᠭᠳᠦ ᠠᠶᠠᠯᠠᠯ ᠬᠢᠵᠦ᠂ ᠥᠪᠥᠷ ᠮᠣᠩᠭᠤᠯ ᠤᠨ ᠥᠪᠡᠷᠮᠢᠴᠡ ᠷᠢᠳᠢ ᠰᠢᠳᠢ ᠶᠢ ᠪᠠᠭ᠋ᠠᠷᠬᠠᠨ ᠰᠣᠨᠢᠷᠬᠠᠵᠠᠢ᠃ᠲᠣᠰ ᠤᠳᠠᠭᠠᠨ ᠤ ᠠᠵᠢᠯᠯᠠᠭ᠎ᠠ ᠶᠢ ᠭᠤᠸᠠᠩᠳᠦ᠋ᠩ ᠥᠪᠥᠷ ᠮᠣᠩᠭᠤᠯ ᠬᠤᠶᠠᠷ ᠭᠠᠵᠠᠷ ᠤᠨ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠮᠠᠨ ᠤ ᠤᠷᠤᠨ ᠭᠤᠸᠠᠩᠳᠦ᠋ᠩ ᠮᠤᠵᠢ ᠢᠢᠨ ᠠᠩᠬᠠᠨ ᠤ ᠵᠢᠭᠤᠯᠴᠢᠯᠠᠯ ᠤᠨ ᠪᠦᠯᠬᠦᠮ ᠢ ᠦᠨᠳᠦᠷ ᠪᠠᠷᠢᠮᠵᠢᠶ᠎ᠠ ᠪᠠᠷ ᠭᠥᠯᠢᠶᠡᠨ ᠠᠪᠴᠤ ᠵᠤᠴᠢᠯᠠᠪᠠ᠃ ︽ᠭᠤᠸᠠᠩᠵᠧᠦ ᠳᠤ ᠴᠠᠰᠤ ᠣᠷᠣᠳᠠᠭ ᠥᠬᠡᠶ ᠤᠴᠢᠷ ᠠᠴᠠ ᠴᠠᠰᠤ ᠪᠤᠳᠠᠷᠠᠨ ᠯᠠᠪᠰᠠᠯᠠᠵᠦ᠂ ᠡᠩ ᠳᠡᠯᠡᠬᠡᠢ ᠴᠠᠰᠤᠨ ᠳᠤ ᠬᠤᠴᠢᠭᠳᠠᠭᠰᠠᠨ ᠦᠵᠡᠮᠵᠢ ᠶᠢ ᠬᠠᠷᠠᠬᠤ ᠶᠢ ᠶᠡᠭᠡ ᠬᠦᠰᠡᠳᠡᠭ᠂ ᠴᠠᠰᠤᠨ ᠬᠥᠮᠦᠨ ᠪᠠᠷᠢᠵᠦ᠂ ᠴᠠᠰᠤᠨ ᠪᠠᠶᠢᠯᠳᠤᠭᠠᠨ ᠬᠢᠬᠦ ᠶᠢ ᠨᠡᠩ ᠴᠦ ᠬᠦᠰᠡᠨ ᠮᠦᠷᠦᠭᠡᠳᠦᠭᠡᠳ ᠤᠳᠠᠭᠰᠠᠨ᠂ ᠡᠨᠡ ᠤᠳᠠᠭ᠎ᠠ ᠬᠦᠰᠡᠯ ᠮᠢᠨᠢ ᠪᠦᠷᠢᠨ ᠪᠡᠶᠡᠯᠡᠭᠳᠡᠭᠰᠡᠨ᠂ ᠮᠠᠰᠢ ᠪᠠᠶᠠᠷᠯᠠᠵᠦ ᠪᠠᠶᠢᠨ᠎ᠠ᠃ ᠪᠦᠷᠢᠶ᠎ᠡ ᠮᠠᠩᠬᠠᠨ ᠳᠤ ᠨᠠᠭᠠᠳᠬᠤ ᠦᠨᠡᠬᠡᠷ ᠰᠠᠶᠢᠬᠠᠨ᠂ ᠠᠳᠡᠬᠢ ᠡᠯᠡᠰᠦ ᠨᠢ ᠬᠦᠷᠳᠡᠯ᠎ᠡ ᠳᠠᠭᠤᠤ ᠳᠠᠭᠤᠯᠠᠵᠤ ᠴᠢᠳᠠᠨ᠎ᠠ᠂ ᠦᠨᠡᠬᠡᠷ ᠭᠠᠶᠢᠬᠠᠮᠰᠢᠭ ᠲᠠᠢ᠃ ᠥᠪᠥᠷ ᠮᠣᠩᠭᠤᠯ ᠤᠨ ᠬᠥᠮᠦᠰ ᠲᠤᠩ ᠵᠣᠴᠢᠨᠰᠠᠭ᠂ ᠬᠤᠨᠢᠨ ᠮᠢᠬ᠎ᠠ ᠨᠢ ᠮᠠᠰᠢ ᠠᠮᠲᠠᠲᠠᠶ᠂ ᠡᠨᠡ ᠵᠤᠨ ᠪᠠᠰᠠ ᠵᠢᠭᠤᠯᠴᠢᠯᠠᠬᠤ ᠪᠠᠷ ᠢᠷᠡᠬᠦ ᠰᠠᠨᠠᠭ᠎ᠠ ᠲᠠᠢ︾ ᠭᠡᠵᠦ ᠭᠤᠸᠠᠩᠳᠦ᠋ᠩ ᠤᠨ ᠵᠢᠭᠤᠯᠴᠢᠯᠠᠭᠰᠠᠳ ᠪᠦᠷ ᠰᠡᠳᠬᠢᠯ ᠬᠠᠨᠤᠮᠵᠢᠳᠠᠢ ᠶᠠᠷᠢᠵᠦ ᠪᠠᠶᠢᠯ᠎ᠠ᠃    ᠭᠤᠸᠠᠩᠳᠦ᠋ᠩ ᠮᠤᠵᠢ ᠶᠢᠨ ᠲᠤᠮᠳᠠᠳᠦ ᠤᠯᠤᠰ ᠤᠨ ᠵᠢᠭᠤᠯᠴᠢᠯᠠᠯ ᠤᠨ ᠬᠤᠷᠢᠶᠠᠨ ᠤ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠦ᠋ ᠵᠢᠶᠠᠨ ᠱᠧᠩ᠄ ︽ᠭᠤᠸᠠᠩᠳᠦ᠋ᠩ ᠥᠪᠥᠷ ᠮᠣᠩᠭᠤᠯ ᠬᠤᠶᠠᠷ ᠭᠠᠵᠠᠷ ᠤᠨ ᠰᠣᠶᠣᠯ ᠵᠢᠭᠤᠯᠴᠢᠯᠠᠯ ᠤᠨ ᠡᠬᠢ ᠪᠠᠶᠠᠯᠢᠭ ᠤᠨ ᠲᠥᠷᠥᠯᠬᠢ ᠵᠥᠷᠢᠶᠡᠲᠦ ᠴᠢᠨᠠᠷ ᠪᠠ ᠬᠠᠷᠢᠯᠴᠠᠨ ᠨᠥᠬᠦᠪᠥᠷᠢᠯᠡᠬᠦ ᠴᠢᠨᠠᠷ ᠲᠤ ᠰᠠᠭᠤᠷᠢᠯᠠᠬᠰᠠᠨ ᠭᠤᠸᠠᠩᠳᠦ᠋ᠩ ᠥᠪᠥᠷ ᠮᠣᠩᠭᠤᠯ ᠤᠨ ︿ᠵᠠᠭᠤᠨ ᠲᠦᠮᠡᠨ ᠬᠥᠮᠦᠨ ᠬᠠᠷᠢᠯᠴᠠᠨ ᠵᠢᠭᠤᠯᠴᠢᠯᠠᠬᠤ﹀ ᠠᠵᠢᠯᠯᠠᠭ᠎ᠠ ᠲᠡᠭᠦᠰ ᠠᠮᠵᠢᠯᠲᠠ ᠣᠯᠬᠤ ᠨᠢ᠂ ᠭᠤᠸᠠᠩᠳᠦ᠋ᠩ ᠥᠪᠥᠷ ᠮᠣᠩᠭᠤᠯ ᠤᠨ ︿ᠵᠠᠭᠤᠨ ᠲᠦᠮᠡᠨ ᠬᠥᠮᠦᠨ ᠬᠠᠷᠢᠯᠴᠠᠨ ᠵᠢᠭᠤᠯᠴᠢᠯᠠᠬᠤ﹀ ᠲᠥᠯᠥᠪᠯᠡᠭᠡ ᠶᠢ ᠤᠷᠤᠭᠰᠢᠲᠠᠶ ᠠᠬᠢᠭᠤᠯᠬᠤ ᠢᠲᠡᠭᠡᠯ ᠵᠣᠷᠢᠭ ᠢ ᠨᠡᠮᠡᠭᠳᠡᠭᠦᠯᠵᠦ᠂ ᠡᠨᠡ ᠵᠢᠯ ᠤᠨ ᠥᠪᠥᠷ ᠮᠣᠩᠭᠤᠯ ᠤᠨ ᠵᠢᠭᠤᠯᠴᠢᠯᠠᠯ ᠤᠨ ᠦᠢᠯᠡᠰ ᠤᠨ ᠲᠦᠷᠭᠡᠨ ᠰᠡᠷᠭᠦᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠬᠠᠩᠭᠠᠬᠤ ᠪᠤᠯᠤᠨ᠎ᠠ︾ ᠭᠡᠵᠦ ᠬᠡᠯᠡᠵᠡᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号