ᠴᠧᠨ ᠴᠢᠩ ᠬᠤᠸᠠ
ᠨᠡᠶᠢᠲᠡᠯᠡᠭᠰᠡᠨ ᠴᠠᠭ᠄
2023/3/8
   ᠴᠧᠨ ᠴᠢᠩ ᠬᠤᠸᠠ᠂ ᠡᠮᠡᠭᠲᠡᠢ᠂ ᠬᠢᠲᠠᠳ ᠦᠨᠳᠦᠰᠦᠲᠡᠨ᠂ 1974 ᠣᠨ ᠤ 5 ᠰᠠᠷ᠎ᠠ ᠳᠤ ᠳᠦᠷᠦᠵᠡᠶ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠵᠢᠩᠬᠢᠨᠢ ᠠᠩᠭᠢ ᠶᠢᠨ ᠰᠤᠷᠤᠯᠭ᠎ᠠ ᠶᠢᠨ ᠨᠠᠮᠲᠠᠷ ᠲᠠᠢ᠂ ᠣᠲᠣ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠶᠢᠨ ᠨᠡᠷ᠎ᠡ ᠳᠤᠷᠠᠳᠤᠭᠳᠠᠭᠰᠠᠨ ᠵᠢᠱᠢᠭᠳᠡᠭᠴᠢ᠃    ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠢ ᠬᠠᠷᠢᠭᠤᠴᠠᠨ᠎ᠠ᠃ ᠬᠤᠰᠢᠭᠤᠨ ᠳᠠᠷᠤᠭ᠎ᠠ ᠶᠢ ᠬᠠᠮᠵᠢᠨ ᠶᠡᠷᠦᠩᠬᠡᠶᠢᠯᠡᠭᠰᠡᠨ ᠠᠵᠤ ᠠᠬᠤᠢ᠂ ᠣᠷᠣᠨ ᠪᠦᠰᠡ ᠶᠢᠨ ᠬᠠᠮᠲᠤᠷᠠᠯᠴᠠᠭ᠎ᠠ᠂ ᠠᠵᠤ ᠦᠢᠯᠡᠳᠪᠦᠷᠢ ᠶᠢᠨ ᠠᠵᠤ ᠠᠬᠤᠢ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡ᠂ ᠮᠥᠩᠭᠦᠨ ᠭᠦᠢᠯᠭᠡᠭᠡ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ᠂ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ︵ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠪᠠ ᠦᠶᠡᠷ ᠢ ᠰᠡᠷᠭᠡᠶᠢᠯᠡᠬᠦ︶᠂ ᠵᠠᠰᠠᠭ ᠤᠨ ᠶᠠᠪᠤᠳᠠᠯ ᠤᠨ ᠦᠢᠯᠡᠴᠢᠯᠡᠭᠡ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ᠬᠤᠪᠢᠳᠠᠨ ᠬᠠᠮᠢᠶᠠᠷᠬᠤ᠄ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠯᠪᠠᠨ ᠭᠡᠷ ᠂ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠲᠣᠪᠴᠢᠶ᠎ᠠ︶᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ︵ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶᠂ ᠲᠤᠭ᠎ᠠ ᠪᠦᠷᠢᠳᠬᠡᠯ ᠤᠨ ᠲᠣᠪᠴᠢᠶ᠎ᠠ᠂ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠪᠠᠶᠠᠵᠢᠨ᠎ᠠ ᠠᠵᠤ ᠦᠢᠯᠡᠳᠪᠦᠷᠢ ᠶᠢᠨ ᠣᠷᠴᠢᠯ ᠠᠵᠤ ᠠᠬᠤᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ᠂ ᠤᠯᠤᠰ ᠤᠨ ᠴᠠᠬᠢᠯᠭᠠᠨ ᠲᠣᠣᠷ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠴᠠᠬᠢᠯᠭᠠᠨ ᠬᠠᠩᠭᠠᠬᠤ ᠺᠣᠮᠫᠠᠨᠢ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ᠃ ᠬᠤᠰᠢᠭᠤᠨ ᠳᠠᠷᠤᠭ᠎ᠠ ᠶᠢ ᠬᠠᠪᠰᠤᠷᠤᠨ ᠡᠳ᠋ ᠤᠨ ᠵᠠᠰᠠᠭ ᠤᠨ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃    ᠬᠠᠷᠢᠯᠴᠠᠬᠤ ᠨᠢ᠄ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠥᠷᠥ ᠶᠢᠨ ᠵᠥᠪᠯᠡᠯᠭᠡᠨ ᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠷᠢᠶ᠎ᠠ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠣᠶ ᠰᠢᠭᠤᠢ ᠶᠢᠨ ᠭᠠᠯ ᠤᠨᠲᠠᠷᠠᠭᠠᠬᠤ ᠳᠤᠮᠳᠠ ᠠᠩᠭᠢ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠠᠯᠪᠤᠷᠢ ᠪᠠᠩᠬᠢ᠂ ᠠᠵᠤ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠠᠯᠪᠤᠷᠢ ᠪᠠᠩᠬᠢ᠂ ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ  ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠠᠯᠪᠤᠷᠢ ᠪᠠᠩᠬᠢ᠂ ᠥᠪᠥᠷ ᠮᠣᠩᠭᠤᠯ ᠤᠨ ᠪᠠᠩᠬᠢ ᠶᠢᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠠᠯᠪᠤᠷᠢ ᠪᠠᠩᠬᠢ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠢᠤᠳᠠᠨ ᠤ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠺᠤᠮᠫᠠᠨᠢ᠃ 
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号