ᠼᠦᠢ ᠶᠢᠨ ᠯᠦᠩ
ᠨᠡᠶᠢᠲᠡᠯᠡᠭᠰᠡᠨ ᠴᠠᠭ᠄
2023/3/8
   ᠼᠦᠢ ᠶᠢᠨ ᠯᠦᠩ᠂ ᠡᠷᠡᠭᠲᠡᠢ᠂ ᠮᠣᠩᠭᠤᠯ ᠦᠨᠳᠦᠰᠦᠲᠡᠨ᠂ 1977 ᠣᠨ ᠤ 2 ᠰᠠᠷ᠎ᠠ ᠳᠤ ᠳᠦᠷᠦᠵᠡᠶ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠲᠥᠪ ᠤᠨ ᠨᠠᠮ ᠤᠨ ᠰᠤᠷᠭᠠᠭᠤᠯᠢ ᠶᠢᠨ ᠶᠡᠭᠡ ᠰᠤᠷᠭᠠᠭᠤᠯᠢ᠂ ᠣᠲᠣ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠶᠢᠨ ᠨᠡᠷ᠎ᠡ ᠳᠤᠷᠠᠳᠤᠭᠳᠠᠭᠰᠠᠨ ᠵᠢᠱᠢᠭᠳᠡᠭᠴᠢ᠃ᠬᠤᠰᠢᠭᠤᠨ ᠳᠠᠷᠤᠭ᠎ᠠ ᠶᠢ ᠬᠠᠪᠰᠤᠷᠤᠨ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠠᠮᠢ ᠠᠬᠤᠢ ᠶᠢᠨ ᠣᠷᠴᠢᠨ ᠲᠣᠭᠤᠷᠢᠨ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃   ᠬᠤᠪᠢᠳᠠᠨ ᠬᠠᠮᠢᠶᠠᠷᠬᠤ᠄ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︵ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠥᠪᠯᠡᠯ ᠤᠨ ᠠᠯᠪᠠᠨ ᠭᠡᠷ︶᠂ ᠬᠢᠩᠭᠠᠨ ᠠᠶᠢᠮᠠᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠪᠢᠶᠠᠷᠢ ᠲᠣᠪᠴᠢᠶ᠎ᠠ᠂ ᠬᠤᠷᠴᠢᠨ ᠤᠯᠤᠰ ᠤᠨ ᠲᠠᠰ ᠤᠨ ᠨᠤᠭᠤ ᠭᠠᠵᠠᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ᠂ ᠪᠠᠲᠤᠴᠠᠭᠠᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ᠂ ᠮᠣᠩᠭᠤᠯ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ ᠂ ᠦᠬᠡᠷ ᠬᠤᠰᠢᠭᠤ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ᠃   ᠬᠠᠷᠢᠯᠴᠠᠬᠤ᠄ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ︵ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ︶᠂ ᠡᠪ ᠬᠠᠮᠲᠤ ᠵᠠᠯᠠᠭᠤᠴᠤᠳ ᠤᠨ ᠡᠪᠯᠡᠯ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠥᠪᠯᠡᠯ᠂ ᠲᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠣᠷᠳᠣᠨ᠂ ᠠᠵᠢᠯᠴᠢᠨ ᠤ ᠶᠡᠷᠦᠩᠬᠡᠢ ᠡᠪᠯᠡᠯ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠨᠡᠶᠢᠭᠡᠮᠯᠢᠭ᠂ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ᠃ 
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号