ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠭᠡᠨ ᠤ ᠲᠤᠰᠬᠠᠶ ᠮᠡᠷᠭᠡᠵᠢᠯ ᠤᠨ ᠦᠭᠡᠷᠡᠴᠢᠯᠡᠯᠲᠡ ᠶᠢᠨ ᠲᠦᠰᠦᠯ ᠢ ᠨᠡᠶᠢᠲᠡᠯᠡᠯ᠎ᠡ
ᠨᠡᠶᠢᠲᠡᠯᠡᠭᠰᠡᠨ ᠴᠠᠭ᠄
2023/4/10
    ᠰᠤᠷᠭᠠᠨ ᠬᠥᠮᠦᠵᠢᠯ ᠤᠨ ᠶᠠᠮᠤᠨ ᠵᠡᠷᠭᠡ ᠲᠠᠪᠤᠨ ᠰᠠᠯᠠᠭ᠎ᠠ ᠮᠥᠴᠢᠷ ᠣᠢᠢᠷ᠎ᠠ ᠳᠤ ︽ᠡᠩ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠢᠨᠵᠢᠯᠡᠭᠡᠨ ᠤ ᠲᠤᠰᠬᠠᠶ ᠮᠡᠷᠭᠡᠵᠢᠯ ᠤᠨ ᠳᠤᠬᠢᠷᠠᠭᠤᠯᠤᠯᠲᠠ ᠶᠢ ᠲᠣᠬᠢᠷᠠᠭᠤᠯᠤᠨ ᠰᠢᠯᠢᠳᠡᠭᠵᠢᠭᠦᠯᠬᠦ ᠥᠭᠡᠷᠡᠴᠢᠯᠡᠯᠲᠡ ᠶᠢᠨ ᠲᠥᠰᠦᠯ︾ ᠢ ᠳᠠᠷᠤᠮᠠᠯᠯᠠᠨ ᠲᠠᠷᠬᠠᠭᠠᠵᠤ᠂ 2025 ᠣᠨ ᠪᠣᠯᠬᠤ ᠳᠤ ᠶᠡᠭᠡ ᠳᠡᠭᠡᠳᠦ ᠰᠤᠷᠭᠠᠭᠤᠯᠢ ᠶᠢᠨ 20% ᠣᠷᠴᠢᠮ ᠤᠨ ᠰᠢᠨᠵᠢᠯᠡᠭᠡᠨ ᠤ ᠲᠤᠰᠬᠠᠶ ᠮᠡᠷᠭᠡᠵᠢᠯ ᠤᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ ᠲᠣᠬᠢᠷᠠᠭᠤᠯᠵᠤ᠂ ᠰᠢᠨ᠎ᠡ ᠮᠡᠷᠭᠡᠵᠢᠯ᠂ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ ᠬᠡᠯᠪᠡᠷᠢ ᠂ ᠰᠢᠨ᠎ᠡ ᠵᠠᠭᠪᠤᠷ ᠲᠤ ᠵᠣᠬᠢᠴᠠᠬᠤ ᠨᠢᠭᠡ ᠪᠦᠯᠦᠭ ᠰᠢᠨᠵᠢᠯᠡᠭᠡᠨ ᠤ ᠲᠤᠰᠬᠠᠶ ᠮᠡᠷᠭᠡᠵᠢᠯ ᠢ ᠰᠢᠨ᠎ᠡ ᠪᠠᠷ ᠪᠠᠶᠢᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠵᠣᠬᠢᠴᠠᠬᠤ ᠥᠬᠡᠶ ᠰᠢᠨᠵᠢᠯᠡᠭᠡᠨ ᠤ ᠲᠤᠰᠬᠠᠶ ᠮᠡᠷᠭᠡᠵᠢᠯ ᠢ ᠰᠢᠭᠰᠢᠨ᠎ᠡ ᠭᠡᠵᠦ ᠳᠤᠷᠠᠳᠪᠠ᠃    ᠲᠥᠰᠦᠯ ᠳᠤ᠂ 2025 ᠣᠨ ᠪᠣᠯᠬᠤ ᠳᠤ ᠤᠯᠤᠰ ᠤᠨ ᠲᠠᠰ ᠤᠨ ᠲᠡᠷᠢᠭᠦᠨ ᠤ ᠲᠤᠰᠬᠠᠶ ᠮᠡᠷᠭᠡᠵᠢᠯ ᠤᠨ ᠴᠡᠭ ᠢ 10000 ᠰᠢᠬᠠᠮ᠂ ᠰᠠᠭᠤᠷᠢ ᠰᠢᠨᠵᠢᠯᠡᠭᠡᠨ ᠤ ᠣᠷᠦ᠋ᠢᠯᠠᠭᠰᠠᠨ ᠰᠣᠷᠣᠭᠴᠢ ᠶᠢ ᠬᠥᠮᠦᠵᠢᠭᠦᠯᠬᠦ ᠰᠠᠭᠤᠷᠢᠨ ᠭᠠᠵᠠᠷ ᠢ 300 ᠰᠢᠬᠠᠮ ᠪᠠᠶᠢᠭᠤᠯᠤᠨ᠎ᠠ︔ ᠳᠡᠯᠡᠬᠡᠶ ᠳᠡᠭᠡᠷ᠎ᠡ ᠵᠣᠬᠢᠬᠤ ᠨᠥᠯᠥᠭᠡᠯᠡᠬᠦ ᠬᠦᠴᠦᠨ ᠲᠠᠢ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠱᠠᠭᠠᠷᠳᠠᠯᠭ᠎ᠠ ᠳᠤ ᠴᠢᠬᠤᠯᠠ ᠦᠢᠯᠡᠳᠦᠯ ᠦᠵᠡᠭᠦᠯᠵᠦ ᠳᠡᠶᠢᠯᠬᠦ ᠰᠢᠨᠵᠢᠯᠡᠭᠡ ᠳᠤ ᠰᠢᠪᠲᠤᠯᠤᠯᠲᠠ ᠭᠠᠷᠭᠠᠵᠤ᠂ ᠨᠢᠭᠡ ᠪᠦᠯᠦᠭ ᠣᠨᠴᠠᠯᠢᠭᠲᠤ ᠳᠠᠪᠠᠭᠤᠯᠢᠭ ᠰᠢᠨᠵᠢᠯᠡᠭᠡᠨ ᠤ ᠲᠤᠰᠬᠠᠶ ᠮᠡᠷᠭᠡᠵᠢᠯ ᠤᠨ ᠴᠤᠭᠯᠠᠷᠠᠯ ᠢ ᠪᠣᠶ ᠪᠣᠯᠭᠠᠨ᠎ᠠ︔ ᠨᠢᠭᠡ ᠪᠦᠯᠦᠭ ᠢᠷᠡᠭᠡᠳᠦᠢ ᠶᠢᠨ ᠮᠡᠷᠭᠡᠵᠢᠯ ᠤᠨ ᠳᠡᠭᠡᠳᠦ ᠰᠤᠷᠭᠠᠭᠤᠯᠢ᠂ ᠤᠳᠤ ᠦᠶ᠎ᠡ ᠶᠢᠨ ᠠᠵᠤ ᠦᠢᠯᠡᠰ ᠤᠨ ᠳᠡᠭᠡᠳᠦ ᠰᠤᠷᠭᠠᠭᠤᠯᠢ᠂ ᠥᠨᠳᠥᠷ ᠬᠢᠷᠢ ᠲᠦᠪᠰᠢᠨ ᠪᠦᠬᠦᠢ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠳᠡᠭᠡᠳᠦ ᠰᠤᠷᠭᠠᠭᠤᠯᠢ᠂ ᠭᠠᠷᠮᠠᠭᠠᠢ ᠢᠨᠵᠧᠨᠧᠷ ᠤᠨ ᠳᠡᠭᠡᠳᠦ ᠰᠤᠷᠭᠠᠭᠤᠯᠢ ᠶᠢ ᠪᠦᠳᠦᠭᠡᠨ ᠪᠠᠶᠢᠭᠤᠯᠵᠤ᠂ ᠨᠢᠭᠡ ᠪᠦᠯᠦᠭ ᠲᠤᠰᠬᠠᠢ ᠮᠡᠷᠭᠡᠵᠢᠯ ᠤᠨ ᠤᠨᠴᠠᠯᠢᠬ ᠲᠠᠢ ᠳᠡᠭᠡᠳᠦ ᠰᠤᠷᠭᠠᠭᠤᠯᠢ ᠶᠢ ᠪᠠᠶᠢᠭᠤᠯᠵᠤ᠂ ᠴᠢᠳᠠᠪᠤᠷᠢᠲᠠᠨ ᠢ ᠪᠡᠶ᠎ᠡ ᠪᠠᠨ ᠳᠠᠭᠠᠭᠠᠵᠤ ᠬᠥᠮᠦᠵᠢᠭᠦᠯᠬᠦ ᠴᠢᠳᠠᠪᠤᠷᠢ ᠪᠠᠨ ᠢᠯᠡᠳᠲᠡ ᠳᠡᠭᠡᠭᠰᠢᠯᠡᠭᠦᠯᠦᠨ᠎ᠡ ᠭᠡᠵᠦ ᠳᠤᠳᠤᠷᠬᠠᠶᠢᠯᠠᠯ᠎ᠠ᠃    ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠭᠡᠨ ᠤ ᠲᠤᠰᠬᠠᠶ ᠮᠡᠷᠭᠡᠵᠢᠯ ᠤᠨ ᠲᠣᠬᠢᠷᠠᠭᠤᠯᠤᠯᠲᠠ᠂ ᠪᠥᠲᠥᠭᠡᠨ ᠪᠠᠶᠢᠭᠤᠯᠤᠯᠲᠠ ᠶᠢᠨ ᠠᠵᠢᠯ ᠢ ᠰᠠᠶᠢᠵᠢᠷᠠᠭᠤᠯᠬᠤ ᠶᠢᠨ ᠲᠣᠭᠤᠷᠢᠨ ᠳᠤ᠂ ᠲᠥᠰᠦᠯ ᠳᠤ᠂ ᠰᠢᠨᠵᠢᠯᠡᠭᠡᠨ ᠤ ᠲᠤᠰᠬᠠᠶ ᠮᠡᠷᠭᠡᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠴᠢᠩᠭᠠᠳᠬᠠᠵᠤ᠂ ᠲᠡᠷᠢᠭᠦᠨ ᠤ ᠰᠢᠨᠵᠢᠯᠡᠭᠡᠨ ᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠰᠢᠨ᠎ᠡ ᠲᠧᠭᠨᠢᠭ ᠤᠨ ᠤᠬᠠᠭᠠᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠰᠢᠨ᠎ᠡ ᠠᠨᠠᠭᠠᠬᠤ ᠤᠬᠠᠭᠠᠨ ᠤ ᠪᠠᠶᠢᠭᠤᠯᠤᠯᠲᠠ᠂ ᠰᠢᠨ᠎ᠡ ᠲᠠᠷᠢᠶᠠᠯᠠᠩ ᠤᠨ ᠰᠢᠨᠵᠢᠯᠡᠬᠦ ᠤᠬᠠᠭᠠᠨ ᠤ ᠪᠠᠶᠢᠭᠤᠯᠤᠯᠲᠠ ᠶᠢ ᠠᠬᠢᠭᠤᠯᠵᠤ᠂ ᠰᠢᠨ᠎ᠡ ᠨᠡᠶᠢᠭᠡᠮ ᠤᠨ ᠰᠢᠨᠵᠢᠯᠡᠬᠦ ᠤᠬᠠᠭᠠᠨ ᠤ ᠪᠠᠶᠢᠭᠤᠯᠤᠯᠲᠠ ᠶᠢ ᠲᠦᠷᠭᠡᠳᠬᠡᠵᠦ᠂ ᠰᠠᠭᠤᠷᠢ ᠰᠢᠨᠵᠢᠯᠡᠭᠡᠨ ᠤ ᠲᠤᠰᠬᠠᠶ ᠮᠡᠷᠭᠡᠵᠢᠯ ᠤᠨ ᠪᠠᠶᠢᠭᠤᠯᠤᠯᠲᠠ ᠶᠢ ᠴᠢᠩᠭᠠᠳᠬᠠᠵᠤ᠂ ᠰᠢᠨᠵᠢᠯᠡᠭᠡᠨ ᠤ ᠲᠤᠰᠬᠠᠶ ᠮᠡᠷᠭᠡᠵᠢᠯ ᠤᠨ ᠪᠠᠶᠢᠭᠤᠯᠤᠯᠲᠠ ᠶᠢᠨ ᠶᠠᠰᠤ ᠴᠢᠨᠠᠷ ᠢ ᠪᠠᠲᠤᠯᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ ᠭᠡᠵᠦ ᠵᠢᠭᠠᠵᠤ ᠭᠠᠷᠭᠠᠭᠰᠠᠨ ᠪᠠᠶᠢᠨ᠎ᠠ᠃    ᠲᠥᠰᠦᠯ ᠳᠤ᠂ ᠡᠯ᠎ᠡ ᠭᠠᠵᠠᠷ ᠤᠨ ᠶᠡᠭᠡ ᠳᠡᠭᠡᠳᠦ ᠰᠤᠷᠭᠠᠭᠤᠯᠢ ᠥᠭᠡᠷᠡᠴᠢᠯᠡᠯᠲᠡ ᠶᠢᠨ ᠲᠥᠰᠦᠯ ᠢᠶᠠᠨ ᠦᠨᠳᠦᠰᠦᠯᠡᠨ᠂ ᠲᠣᠰ ᠭᠠᠵᠠᠷ ᠣᠷᠣᠨ ᠲᠣᠰ ᠰᠤᠷᠭᠠᠭᠤᠯᠢ ᠶᠢᠨ ᠢᠶᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ︽ᠨᠢᠭᠡ ᠰᠤᠷᠭᠠᠭᠤᠯᠢ ᠨᠢᠭᠡ ᠲᠥᠰᠦᠯ︾ ᠢᠶᠠᠷ ᠰᠢᠨᠵᠢᠯᠡᠭᠡᠨ ᠤ ᠲᠤᠰᠬᠠᠶ ᠮᠡᠷᠭᠡᠵᠢᠯ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ ᠢ ᠰᠤᠳᠤᠯᠤᠨ ᠲᠣᠭᠲᠠᠭᠠᠬᠤ ᠶᠢᠨ ᠬᠠᠮᠲᠤ ᠣᠨ ᠤ ᠰᠢᠨᠵᠢᠯᠡᠭᠡᠨ ᠤ ᠲᠤᠰᠬᠠᠶ ᠮᠡᠷᠭᠡᠵᠢᠯ ᠤᠨ ᠲᠣᠬᠢᠷᠠᠭᠤᠯᠤᠯᠲᠠ ᠲᠠᠢ ᠤᠶᠠᠯᠳᠤᠭᠤᠯᠤᠨ᠂ ᠬᠡᠷᠡᠭᠵᠢᠭᠦᠯᠬᠦ ᠲᠥᠰᠦᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠵᠢᠯ ᠪᠦᠷᠢ ᠮᠡᠳᠡᠭᠦᠯᠬᠦ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号