ᠮᠠᠨ ᠤ ᠤᠷᠤᠨ ᠪᠠᠭᠠᠴᠤᠳ ᠤᠨ ᠬᠤᠰᠢᠭᠤᠴᠢ ᠠᠩᠭᠢ ᠶᠢᠨ ᠰᠤᠷᠭᠠᠭᠤᠯᠢ ᠶᠢᠨ ᠭᠠᠳᠠᠨᠠᠬᠢ ᠦᠢᠯᠡᠳᠦᠯᠭᠡ ᠶᠢᠨ ᠬᠥᠮᠦᠵᠢᠯ ᠤᠨ ᠰᠠᠭᠤᠷᠢᠨ ᠢ 550 ᠭᠠᠷᠤᠶ ᠪᠠᠶᠢᠭᠤᠯᠵᠠᠢ
ᠨᠡᠶᠢᠲᠡᠯᠡᠭᠰᠡᠨ ᠴᠠᠭ᠄
2023/4/12
    2023 ᠣᠨ ᠤ ᠥᠪᠥᠷ ᠮᠣᠩᠭᠤᠯ ᠤᠨ ᠪᠠᠭᠠᠴᠤᠳ ᠤᠨ ᠬᠤᠰᠢᠭᠤᠴᠢ ᠠᠩᠭᠢ ᠶᠢᠨ ᠰᠤᠷᠭᠠᠭᠤᠯᠢ ᠶᠢᠨ ᠭᠠᠳᠠᠨᠠᠬᠢ ᠬᠠᠪᠰᠤᠷᠤᠨ ᠵᠢᠯᠣᠭᠤᠳᠣᠭᠴᠢ ᠵᠢᠴᠢ ᠪᠠᠭᠠᠴᠤᠳ ᠤᠨ ᠬᠤᠰᠢᠭᠤᠴᠢ ᠠᠩᠬᠢ ᠶᠢᠨ ᠠᠵᠢᠯ ᠤᠨ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠳᠠᠨ ᠠᠴᠠ ᠣᠶᠢᠯᠠᠭᠠᠭᠰᠠᠨ ᠢᠶᠠᠷ᠂ ᠣᠳᠣᠬᠠᠨ ᠪᠤᠯᠳᠠᠯ᠎ᠠ ᠮᠠᠨ ᠤ ᠣᠷᠣᠨ ᠪᠠᠭᠠᠴᠤᠳ ᠤᠨ ᠬᠤᠰᠢᠭᠤᠴᠢ ᠠᠩᠭᠢ ᠶᠢᠨ ᠰᠤᠷᠭᠠᠭᠤᠯᠢ ᠶᠢᠨ ᠭᠠᠳᠠᠨᠠᠬᠢ ᠦᠢᠯᠡᠳᠦᠯᠭᠡ ᠶᠢᠨ ᠬᠥᠮᠦᠵᠢᠯ ᠤᠨ ᠰᠠᠭᠤᠷᠢᠨ ᠢ 550 ᠭᠠᠷᠤᠶ ᠪᠠᠶᠢᠭᠤᠯᠪᠠ᠃   ᠮᠠᠨ ᠤ ᠣᠷᠣᠨ ᠤ ᠪᠠᠭᠠᠴᠤᠳ ᠤᠨ ᠬᠤᠰᠢᠭᠤᠴᠢ ᠠᠩᠭᠢ ᠶᠢᠨ ᠰᠤᠷᠭᠠᠭᠤᠯᠢ ᠶᠢᠨ ᠭᠠᠳᠠᠨᠠᠬᠢ ᠦᠢᠯᠡᠳᠦᠯᠭᠡ ᠶᠢᠨ ᠬᠥᠮᠦᠵᠢᠯ ᠤᠨ ᠰᠠᠭᠤᠷᠢᠨ ᠨᠢ ᠭᠤᠤᠯᠳᠠᠭᠤ ᠦᠵᠡᠯ ᠰᠠᠨᠠᠭ᠎ᠠ ᠶᠣᠰᠣ ᠰᠤᠷᠲᠠᠬᠤᠨ᠂ ᠤᠯᠤᠰ ᠤᠨ ᠪᠠᠲᠤᠯᠠᠨ ᠬᠠᠮᠠᠭᠠᠯᠠᠯᠲᠠ ᠴᠡᠷᠢᠭ ᠤᠨ ᠶᠠᠪᠤᠳᠠᠯ᠂ ᠬᠠᠤᠯᠢᠵᠢᠯ᠂ ᠠᠮᠤᠷ ᠲᠦᠪᠰᠢᠨ᠂ ᠦᠨᠳᠦᠰᠦᠲᠡᠨ ᠤ ᠪᠦᠯᠬᠦᠮᠳᠡᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠬᠦᠳᠬᠦ᠂ ᠬᠥᠳᠡᠯᠮᠦᠷᠢ ᠦᠢᠯᠡᠳᠦᠯᠭᠡ᠂ ᠰᠣᠶᠣᠯ ᠪᠡᠶ᠎ᠡ ᠶᠢᠨ ᠲᠠᠮᠢᠷ ᠵᠡᠷᠭᠡ ᠠᠵᠢᠯᠯᠠᠭ᠎ᠠ ᠶᠢ ᠦᠷᠨᠢᠬᠦᠯᠬᠦ ᠪᠠᠷ ᠳᠠᠮᠵᠢᠭᠤᠯᠤᠨ᠂ ᠪᠠᠭᠠᠴᠤᠳ ᠬᠡᠦᠬᠡᠳ ᠤᠨ ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠣᠳ ᠭᠤ ᠤᠠ᠋ ᠰᠠᠶᠢᠬᠠᠨ ᠬᠥᠳᠡᠯᠮᠦᠷᠢ ᠵᠡᠷᠭᠡ ᠪᠥᠬᠦ ᠲᠠᠯ᠎ᠠ ᠶᠢᠨ ᠬᠥᠭᠵᠢᠯᠲᠡ ᠳᠤ ᠬᠦᠴᠦᠨ ᠨᠡᠮᠡᠷᠢᠯᠡᠵᠦ ᠪᠤᠢ᠃   ᠥᠪᠥᠷ ᠮᠣᠩᠭᠤᠯ ᠤᠨ ᠪᠠᠭᠠᠴᠤᠳ ᠤᠨ ᠬᠤᠰᠢᠭᠤᠴᠢ ᠠᠩᠭᠢ ᠶᠢᠨ ᠶᠡᠷᠦᠩᠬᠡᠶ ᠬᠠᠪᠰᠤᠷᠤᠨ ᠵᠢᠯᠣᠭᠤᠳᠣᠭᠴᠢ ᠰᠦᠨ ᠠᠨ ᠴᠢᠨ᠄ ︽ᠣᠳᠣᠬᠠᠨ ᠳᠤ ᠮᠠᠨ ᠤ ᠣᠷᠣᠨ ᠤ ᠡᠯ᠎ᠡ ᠱᠠᠲᠤᠨ ᠤ ᠡᠪᠯᠡᠯ ᠤᠨ ᠬᠤᠷᠢᠶ᠎ᠠ᠂ ᠪᠠᠭᠠᠴᠤᠳ ᠤᠨ ᠬᠤᠰᠢᠭᠤᠴᠢ ᠠᠩᠬᠢ ᠶᠢᠨ ᠠᠵᠢᠯ ᠤᠨ ᠵᠦᠪᠯᠡᠯ ᠪᠠᠭᠠᠴᠤᠳ ᠤᠨ ᠬᠤᠰᠢᠭᠤᠴᠢ ᠠᠩᠭᠢ ᠶᠢᠨ ᠰᠤᠷᠭᠠᠭᠤᠯᠢ ᠶᠢᠨ ᠭᠠᠳᠠᠨᠠᠬᠢ ᠦᠢᠯᠡᠳᠦᠯᠭᠡ ᠶᠢᠨ ᠬᠥᠮᠦᠵᠢᠯ ᠤᠨ 100 ᠰᠢᠬᠠᠮ ᠨᠠᠷᠠᠲᠤ ᠲᠥᠷᠥᠯ ᠲᠡᠮᠳᠡᠭᠲᠦ ᠶᠢ ᠡᠬᠦᠳᠴᠦ᠂ ᠵᠢᠯ ᠪᠦᠷᠢ 200 ᠭᠠᠷᠤᠶ ᠲᠦᠮᠡᠨ ᠪᠠᠭᠠᠴᠤᠳ ᠬᠡᠦᠬᠡᠳ ᠲᠤ ᠦᠢᠯᠡᠴᠢᠯᠡᠭᠡ ᠬᠠᠩᠭᠠᠵᠤ᠂ ᠪᠠᠭᠠᠴᠤᠳ ᠬᠡᠦᠬᠡᠳ ᠢ ᠬᠥᠲᠥᠯᠥᠨ ᠵᠢᠯᠣᠭᠤᠳᠴᠤ ᠤᠯᠤᠰ ᠣᠷᠣᠨ ᠤ ᠬᠠᠶᠢᠷ᠎ᠠ ᠰᠡᠳᠭᠢᠯᠭᠡ ᠶᠢ ᠵᠤᠵᠠᠭᠠᠳᠬᠠᠵᠤ᠂ ᠤᠷᠤᠭᠰᠢᠯᠠᠨ ᠳᠠᠪᠰᠢᠬᠤ ᠵᠠᠩ ᠴᠢᠨᠠᠷ ᠢ ᠬᠦᠮᠦᠵᠢᠭᠦᠯᠵᠡᠢ︾ ᠭᠡᠯ᠎ᠡ᠃   ᠡᠯᠪᠡᠭ ᠪᠠᠶᠠᠯᠢᠭ ᠠᠭᠤᠯᠭ᠎ᠠ ᠪᠦᠬᠦᠢ ᠰᠤᠷᠭᠠᠭᠤᠯᠢ ᠶᠢᠨ ᠭᠠᠳᠠᠨᠠᠬᠢ ᠦᠢᠯᠡᠳᠦᠯᠭᠡ ᠶᠢᠨ ᠬᠥᠮᠦᠵᠢᠯ ᠤᠨ ᠠᠵᠢᠯᠯᠠᠭ᠎ᠠ ᠨᠤᠭᠤᠳ ᠨᠢ ᠨᠡᠩ ᠤᠯᠠᠨ ᠪᠠᠭᠠᠴᠤᠳ ᠬᠡᠦᠬᠡᠳ ᠲᠤ ᠪᠠᠭᠠᠴᠤᠳ ᠤᠨ ᠬᠤᠰᠢᠭᠤᠴᠢ ᠠᠩᠬᠢ ᠶᠢᠨ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ ᠬᠦᠷᠲᠡᠭᠡᠨ᠎ᠡ᠃ ᠦᠬᠠᠶ ᠬᠤᠲᠠ ︽ᠪᠦᠲᠦᠭᠡᠯᠴᠢ ᠰᠡᠳᠭᠢᠮᠵᠢ + ᠠᠰᠢᠭ ᠡᠭᠦᠳᠬᠦ︾ ᠰᠤᠷᠭᠠᠭᠤᠯᠢ ᠶᠢᠨ ᠭᠠᠳᠠᠨᠠᠬᠢ ᠠᠵᠢᠯᠯᠠᠭ᠎ᠠ ᠶᠢᠨ ᠵᠢᠭᠰᠠᠭᠠᠯ ᠤᠨ ᠭᠠᠵᠠᠷ ᠢ ᠪᠠᠶᠢᠭᠤᠯᠵᠤ᠂ ᠪᠠᠭᠠᠴᠤᠳ ᠤᠨ ᠬᠤᠰᠢᠭᠤᠴᠢ ᠠᠩᠭᠢ ᠶᠢᠨ ᠨᠡᠶᠢᠭᠡᠮᠴᠢᠯᠡᠭᠰᠡᠨ ᠠᠵᠢᠯᠯᠠᠭᠠᠨ ᠢ ᠥᠷᠨᠢᠭᠦᠯᠬᠦ ᠳᠤ ᠪᠠᠶᠠᠯᠢᠭ ᠲᠤᠷᠰᠢᠯᠭ᠎ᠠ ᠬᠠᠩᠭᠠᠪᠠ︔ ᠠᠯᠠᠱᠠ ᠠᠶᠢᠮᠠᠭ ︽ᠨᠡᠭᠦᠳᠡᠯ ᠵᠠᠯᠠᠭᠤᠴᠤᠳ ᠪᠠᠭᠠᠴᠤᠳ ᠤᠨ ᠣᠷᠳᠣᠨ︾ ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡᠨ ᠤ ᠲᠥᠷᠥᠯ ᠵᠦᠢᠯ ᠢ ᠡᠭᠦᠳᠦᠨ᠂ ᠪᠠᠭᠰᠢ᠂ ᠬᠢᠴᠢᠶᠡᠯ᠂ ᠠᠵᠢᠯᠯᠠᠭ᠎ᠠ᠂ ᠵᠢᠭᠰᠠᠭᠠᠯ ᠤᠨ ᠭᠠᠵᠠᠷ ᠢ ᠨᠡᠶᠢᠭᠡᠮ ᠲᠣᠭᠤᠷᠢᠭ᠂ ᠮᠠᠯᠵᠢᠬᠤ ᠲᠠᠷᠢᠶᠠᠯᠠᠬᠤ ᠣᠷᠣᠨ ᠤ ᠰᠤᠷᠭᠠᠭᠤᠯᠢ ᠳᠤ ᠣᠷᠣᠭᠤᠯᠬᠤ ᠶᠢ ᠠᠬᠢᠭᠤᠯᠤᠨ᠂ ᠦᠨᠳᠦᠰᠦᠨ ᠱᠠᠲᠤᠨ ᠤ ᠪᠠᠭᠠᠴᠤᠳ ᠬᠡᠦᠬᠡᠳ ᠤᠨ ᠬᠦᠷᠲᠡᠮᠵᠢ ᠶᠢᠨ ᠲᠥᠷᠥᠭᠳᠡᠯ ᠪᠠ ᠬᠠᠷᠢᠶᠠᠯᠠᠭᠳᠠᠬᠤ ᠲᠥᠷᠥᠭᠳᠡᠯ ᠢ ᠨᠢ ᠨᠡᠮᠡᠭᠳᠡᠭᠦᠯᠪᠠ︔ ᠰᠢᠯᠢ ᠶᠢᠨ ᠭᠤᠤᠯ ᠠᠶᠢᠮᠠᠭ ︽ᠡᠬᠡ ᠤᠯᠤᠰ ᠤᠨ ᠤᠮᠠᠷᠠᠲᠤ ᠬᠢᠯᠢ ᠢᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ︾ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠵᠢᠭ ᠠᠨᠠᠷ ᠤᠨ ᠦᠷ᠎ᠡ︾ ᠬᠢᠯᠢ ᠬᠢᠵᠠᠭᠠᠷ ᠤᠨ ᠠᠶᠠᠯᠠᠯ ᠤᠨ ᠠᠵᠢᠯᠯᠠᠭ᠎ᠠ ᠵᠢᠴᠢ ︽ᠪᠢᠴᠢᠬᠠᠨ ᠤᠯᠠᠭᠠᠨᠮᠥ᠋ᠴᠢᠷ︾ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ᠂ ᠴᠡᠷᠢᠭ ᠤᠨ ᠬᠤᠸᠠᠷᠠᠨ ᠳᠤ ᠣᠷᠣᠭᠤᠯᠬᠤ ᠵᠡᠷᠭᠡ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠪᠠᠭᠠᠴᠤᠳ ᠬᠡᠦᠬᠡᠳ ᠤᠨ ᠦᠵᠡᠯ ᠰᠠᠨᠠᠭᠠᠨ ᠤ ᠵᠢᠯᠣᠭᠤᠳᠤᠯᠭ᠎ᠠ ᠢᠢ ᠴᠢᠩᠭᠠᠳᠬᠠᠪᠠ᠃    ᠰᠦᠨ ᠠᠨ ᠴᠢᠨ᠂ ᠪᠢᠳᠡ ᠨᠠᠩ ᠣᠯᠠᠨ ᠪᠠᠭᠠᠴᠤᠳ ᠤᠨ ᠬᠤᠰᠢᠭᠤᠴᠢ ᠠᠩᠭᠢ ᠶᠢᠨ ᠰᠤᠷᠭᠠᠭᠤᠯᠢ ᠶᠢᠨ ᠭᠠᠳᠠᠨᠠᠬᠢ ᠦᠢᠯᠡᠳᠦᠯᠭᠡ ᠶᠢᠨ ᠬᠥᠮᠦᠵᠢᠯ ᠤᠨ ᠰᠠᠭᠤᠷᠢᠨ ᠢ ᠥᠷᠭᠡᠳᠭᠡᠨ ᠪᠠᠶᠢᠭᠤᠯᠬᠤ ᠶᠢᠨ ᠬᠠᠮᠲᠤ ᠲᠡᠬᠦᠨ ᠢᠶᠠᠷ ᠲᠦᠰᠢᠭ ᠪᠤᠯᠭᠠᠵᠤ᠂ ᠪᠠᠭᠠᠴᠤᠳ ᠤᠨ ᠬᠤᠰᠢᠭᠤᠴᠢ ᠠᠩᠭᠢ ᠶᠢᠨ ᠵᠣᠬᠢᠶᠠᠨ ᠪᠠᠶᠢᠭᠤᠯᠤᠯᠲᠠ ᠶᠢ ᠪᠠᠶᠢᠭᠤᠯᠤᠨ ᠪᠦᠷᠢᠨᠰᠢᠭᠦᠯᠵᠦ᠂ ᠨᠠᠮ ᠤᠨ ᠥᠯᠢᠭᠡᠷ ᠢ ᠶᠠᠷᠢᠵᠤ᠂ ᠬᠤᠪᠢᠰᠬᠠᠯ ᠤᠨ ᠰᠣᠩᠭᠤᠳᠠᠭ ᠵᠣᠬᠢᠶᠠᠯ ᠢ ᠤᠩᠰᠢᠵᠤ᠂ ᠲᠣᠭᠤᠷᠢᠨ ᠦᠵᠡᠵᠦ ᠰᠤᠷᠪᠤᠯᠵᠢᠯᠠᠬᠤ ᠵᠡᠷᠭᠡ ᠦᠢᠯᠡᠳᠦᠯᠭᠡ ᠶᠢᠨ ᠠᠵᠢᠯᠯᠠᠭ᠎ᠠ ᠶᠢ ᠦᠷᠭᠡᠨ ᠬᠦᠨᠵᠡᠭᠡᠢ ᠥᠷᠨᠢᠭᠦᠯᠵᠦ᠂ ᠥᠯᠢᠭᠡᠷ ᠳᠠᠭᠤᠷᠢᠶᠠᠯ ᠤᠨ ᠦᠢᠯᠡᠳᠦᠯ ᠢ ᠪᠠᠳᠠᠷᠠᠭᠤᠯᠵᠤ᠂ ᠪᠠᠭᠠᠴᠤᠳ ᠬᠡᠦᠬᠡᠳ ᠤᠨ ᠨᠠᠮ ᠢᠶᠠᠨ ᠬᠠᠶᠢᠷᠠᠯᠠᠬᠤ᠂ ᠤᠯᠤᠰ ᠢᠶᠠᠨ ᠬᠠᠶᠢᠷᠠᠯᠠᠬᠤ᠂ ᠨᠡᠶᠢᠭᠡᠮ ᠵᠢᠷᠤᠮ ᠢ ᠬᠠᠶᠢᠷᠠᠯᠠᠬᠤ ᠬᠠᠶᠢᠷ᠎ᠠ ᠰᠡᠳᠭᠢᠯᠭᠡ ᠶᠢ ᠵᠤᠵᠠᠭᠠᠳᠬᠠᠨ᠎ᠠ ᠬᠡᠪᠡ᠃   ᠤᠶᠢᠯᠠᠭᠠᠬᠰᠠᠨ ᠢᠶᠠᠷ᠂ 2023 ᠤᠨ ᠳᠤ ᠮᠠᠨ ᠤ ᠤᠷᠤᠨ ᠪᠠᠭᠠᠴᠤᠳ ᠤᠨ ᠬᠤᠰᠢᠭᠤᠴᠢ ᠠᠩᠭᠢ ᠶᠢᠨ ᠨᠡᠶᠢᠭᠡᠮᠴᠢᠯᠡᠭᠰᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠪᠠᠭᠠᠴᠤᠳ ᠤᠨ ᠬᠤᠰᠢᠭᠤᠴᠢ ᠠᠩᠭᠢ ᠶᠢᠨ ᠰᠤᠷᠭᠠᠭᠤᠯᠢ ᠶᠢᠨ ᠭᠠᠳᠠᠨᠠᠬᠢ ᠦᠢᠯᠡᠳᠦᠯᠭᠡ ᠶᠢᠨ ᠬᠥᠮᠦᠵᠢᠯ ᠤᠨ ᠰᠠᠭᠤᠷᠢᠨ ᠢ ᠤᠯᠠᠮ ᠨᠢᠭᠡ ᠠᠯᠬᠤᠮ ᠥᠷᠭᠡᠳᠬᠡᠨ ᠪᠠᠶᠢᠭᠤᠯᠵᠤ᠂ ᠪᠠᠭᠠᠴᠤᠳ ᠬᠡᠦᠬᠡᠳ ᠲᠤ ᠣᠨᠣᠴᠠᠳᠠᠢ ᠦᠢᠯᠡᠴᠢᠯᠡᠭᠡ ᠬᠠᠩᠭᠠᠨ᠎ᠠ᠃ ᠬᠠᠷᠢᠶ᠎ᠠ ᠣᠷᠣᠨ ᠳᠤ ᠨᠢ ᠳᠤᠮᠳᠠᠳᠤ ᠪᠠᠭ᠎ᠠ ᠰᠤᠷᠭᠠᠭᠤᠯᠢ ᠪᠠᠶᠢᠭ᠎ᠠ ᠨᠡᠶᠢᠭᠡᠮ ᠲᠣᠭᠤᠷᠢᠭ ᠲᠧ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯ ᠤᠨ ᠵᠦᠪᠯᠡᠯ ᠪᠤᠶᠤ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯᠯᠠᠭ᠎ᠠ ᠶᠢᠨ ᠵᠣᠬᠢᠶᠠᠨ ᠪᠠᠶᠢᠭᠤᠯᠤᠯᠲᠠ ᠪᠠᠶᠢᠭᠤᠯᠬᠤ ᠶᠢ ᠠᠬᠢᠭᠤᠯᠵᠤ᠂ ︽ᠨᠢᠭᠡ ᠭᠠᠵᠠᠷ ᠣᠷᠣᠨ ᠨᠢᠭᠡ ᠲᠦᠷᠦᠯ ᠲᠡᠮᠳᠡᠭ ᠡᠬᠦᠳᠬᠦ︾ ᠶᠢ ᠬᠦᠨᠵᠡᠭᠡᠶᠢᠷᠡᠬᠦᠯᠵᠦ᠂ 12 ᠠᠶᠢᠮᠠᠭ ᠬᠤᠲᠠ ᠶᠢᠨ ᠱᠠᠲᠤᠨ ᠤ ᠪᠠᠭᠠᠴᠤᠳ ᠤᠨ ᠬᠤᠰᠢᠭᠤᠴᠢ ᠠᠩᠭᠢ ᠶᠢᠨ ᠰᠤᠷᠭᠠᠭᠤᠯᠢ ᠶᠢᠨ ᠭᠠᠳᠠᠨᠠᠬᠢ ᠦᠢᠯᠡᠳᠦᠯᠭᠡ ᠶᠢᠨ ᠬᠥᠮᠦᠵᠢᠯ ᠤᠨ ᠲᠠᠯᠠᠪᠤᠷ ᠢ ᠨᠡᠶᠢᠳᠭᠡᠨ᠂ ᠨᠢᠭᠡ ᠪᠦᠯᠦᠭ ᠪᠠᠭᠠᠴᠤᠳ ᠤᠨ ᠬᠤᠰᠢᠭᠤᠴᠢ ᠠᠩᠭᠢ ᠶᠢᠨ ᠰᠤᠷᠭᠠᠭᠤᠯᠢ ᠶᠢᠨ ᠭᠠᠳᠠᠨᠠᠬᠢ ᠦᠢᠯᠡᠳᠦᠯᠭᠡ ᠶᠢᠨ ᠬᠥᠮᠦᠵᠢᠯ ᠤᠨ ᠰᠠᠭᠤᠷᠢᠨ ᠢ ᠪᠠᠶᠢᠭᠤᠯᠤᠨ᠎ᠠ᠃   ᠪᠠᠭᠠᠴᠤᠳ ᠤᠨ ᠬᠤᠰᠢᠭᠤᠴᠢ ᠠᠩᠭᠢ ᠶᠢᠨ ᠰᠤᠷᠭᠠᠭᠤᠯᠢ ᠶᠢᠨ ᠭᠠᠳᠠᠨᠠᠬᠢ ᠦᠢᠯᠡᠳᠦᠯᠭᠡ ᠶᠢᠨ ᠬᠥᠮᠦᠵᠢᠯ ᠤᠨ ᠰᠠᠭᠤᠷᠢᠨ ᠢ ᠪᠠᠶᠢᠭᠤᠯᠬᠤ ᠳᠤ ᠶᠠᠰᠤ ᠴᠢᠨᠠᠷ ᠢ ᠳᠡᠭᠡᠭᠰᠢᠯᠡᠭᠦᠯᠬᠦ ᠪᠠᠷ ᠭᠤᠤᠯᠳᠠᠯᠭ᠎ᠠ ᠪᠣᠯᠭᠠᠵᠤ᠂ ᠦᠢᠯᠡᠴᠢᠯᠡᠭᠡ ᠶᠢ ᠲᠡᠷᠢᠭᠦᠨ ᠳᠤ ᠲᠠᠯᠪᠢᠨ᠎ᠠ᠃ ᠠᠯᠠᠱᠠ ᠠᠶᠢᠮᠠᠭ ᠤᠨ ᠵᠠᠯᠠᠭᠤᠴᠤᠳ ᠪᠠᠭᠠᠴᠤᠳ ᠤᠨ ᠣᠷᠳᠣᠨ ᠤ ᠡᠷᠬᠢᠯᠡᠭᠴᠢ ᠸᠠᠩ ᠬᠠᠢ ᠰᠢᠶᠠ᠄ ︽ᠪᠢᠳᠠ ᠵᠢᠭᠰᠠᠭᠠᠯ ᠤᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠪᠠᠭᠠᠴᠤᠳ ᠤᠨ ᠬᠤᠰᠢᠭᠤᠴᠢ ᠠᠩᠬᠢ ᠶᠢᠨ ᠰᠤᠷᠭᠠᠭᠤᠯᠢ ᠶᠢᠨ ᠭᠠᠳᠠᠨᠠᠬᠢ ᠠᠵᠢᠯᠯᠠᠭ᠎ᠠ ᠶᠢᠨ ᠣᠷᠣᠨ ᠵᠠᠢ ᠶᠢ ᠦᠷᠭᠡᠳᠭᠡᠵᠦ᠂ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠠᠵᠢᠯᠯᠠᠭ᠎ᠠ ᠶᠢᠨ ᠠᠭᠤᠯᠭ᠎ᠠ ᠶᠢ ᠪᠠᠶᠠᠯᠢᠭᠵᠢᠭᠤᠯᠵᠤ᠂ ᠠᠵᠢᠯ ᠤᠨ ᠬᠠᠷᠠᠭᠠᠰᠤ ᠪᠠᠨ ᠤᠷᠲᠤᠳᠬᠠᠵᠤ᠂ ᠪᠠᠭᠠᠴᠤᠳ ᠤᠨ ᠬᠤᠰᠢᠭᠤᠴᠢ ᠠᠩᠭᠢ ᠶᠢᠨ ᠰᠤᠷᠭᠠᠭᠤᠯᠢ ᠶᠢᠨ ᠭᠠᠳᠠᠨᠠᠬᠢ ᠬᠥᠳᠡᠯᠭᠡᠭᠡᠨ ᠢ ᠨᠡᠩ ᠤᠳᠬ᠎ᠠ ᠠᠭᠤᠯᠭ᠎ᠠ ᠲᠠᠢ ᠪᠤᠯᠭᠠᠨ᠎ᠠ︾ ᠭᠡᠯ᠎ᠡ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号