ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠤ 2 ᠵᠦᠢᠯ ᠤᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠪᠦᠳᠦᠭᠡᠨ ᠪᠠᠶᠢᠭᠤᠯᠬᠤ ᠵᠦᠪᠰᠢᠶᠠᠷᠠᠯ ᠢ ᠤᠯᠪᠠ
ᠨᠡᠶᠢᠲᠡᠯᠡᠭᠰᠡᠨ ᠴᠠᠭ᠄
2023/4/17
   ᠤᠶᠢᠷ᠎ᠠ ᠳᠤ᠂ ᠬᠥᠳᠡᠭᠡ ᠠᠵᠤ ᠠᠬᠤᠶ ᠬᠥᠳᠡᠭᠡ ᠲᠣᠰᠬᠤᠨ ᠤ ᠶᠠᠮᠤᠨ ᠤ ᠠᠯᠪᠠᠨ ᠲᠢᠩᠬᠢᠮ ᠬᠥᠳᠡᠭᠡ ᠠᠵᠤ ᠠᠬᠤᠶ ᠬᠥᠳᠡᠭᠡ ᠲᠣᠰᠬᠤᠨ ᠤ ᠶᠠᠮᠤᠨ ᠤ 80 ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ︵ᠶᠠᠮᠤᠨ ᠮᠤᠵᠢ ᠬᠠᠮᠲᠤ ᠪᠠᠷ ᠪᠠᠶᠢᠭᠤᠯᠬᠤ︶ ᠤᠨ ᠨᠡᠷᠡᠰ ᠢ ᠨᠡᠶᠢᠲᠡᠯᠡᠵᠦ᠂ ᠦᠪᠦᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠭᠤᠶᠤᠴᠢᠯᠠᠨ ᠮᠡᠳᠡᠬᠦᠯᠦ᠋ᠭᠰᠡᠨ ᠤᠮᠠᠷᠠᠲᠤ ᠶᠢᠨ ᠬᠠᠬᠢᠷ ᠬᠦᠶ᠋ᠲᠡᠨ ᠭᠠᠩ ᠬᠠᠭᠤᠷᠠᠶ ᠣᠷᠣᠨ ᠳᠤ ᠥᠨᠳᠥᠷ ᠤᠨᠠᠯᠲᠠ ᠲᠠᠢ ᠥᠨᠳᠥᠷ ᠦᠷ᠎ᠡ ᠠᠰᠢᠭ ᠲᠠᠢ ᠲᠠᠷᠢᠮᠠᠯ ᠢ ᠳᠠᠷᠢᠵᠤ ᠪᠤᠶᠢᠵᠢᠭᠤᠯᠬᠤ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ︵ᠶᠠᠮᠤᠨ ᠮᠤᠵᠢ ᠬᠠᠮᠲᠤ ᠪᠠᠷ ᠪᠠᠶᠢᠭᠤᠯᠬᠤ︶᠂ ᠠᠳᠤᠭᠤᠨ ᠤ ᠲᠦᠷᠦᠯ ᠤᠨ ᠠᠮᠢᠲᠠᠨ ᠤ ᠡᠬᠦᠯᠳᠡᠷ ᠤᠨ ᠰᠢᠨ᠎ᠡ ᠶᠢ ᠡᠭᠦᠳᠬᠦ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ︵ᠶᠠᠮᠤᠨ ᠮᠤᠵᠢ ᠬᠠᠮᠲᠤ ᠪᠠᠷ ᠪᠠᠶᠢᠭᠤᠯᠬᠤ︶ ᠲᠤᠰ ᠨᠡᠷᠡᠰ ᠤᠨ ᠵᠢᠭᠰᠠᠭᠠᠯᠳᠠ ᠳᠤ ᠲᠤᠳᠤᠷᠠᠭᠰᠠᠨ ᠪᠠᠶᠢᠨ᠎ᠠ᠃   ᠣᠶᠢᠯᠠᠭᠠᠭᠰᠠᠨ ᠢᠶᠠᠷ᠂ ᠤᠮᠠᠷᠠᠲᠤ ᠶᠢᠨ ᠬᠠᠬᠢᠷ ᠬᠦᠶ᠋ᠲᠡᠨ ᠭᠠᠩ ᠬᠠᠭᠤᠷᠠᠶ ᠣᠷᠣᠨ ᠳᠤ ᠥᠨᠳᠥᠷ ᠤᠨᠠᠯᠲᠠ ᠲᠠᠢ ᠥᠨᠳᠥᠷ ᠦᠷ᠎ᠡ ᠠᠰᠢᠭ ᠲᠠᠢ ᠲᠠᠷᠢᠮᠠᠯ ᠢ ᠳᠠᠷᠢᠵᠤ ᠪᠤᠶᠢᠵᠢᠭᠤᠯᠬᠤ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ︵ᠶᠠᠮᠤᠨ ᠮᠤᠵᠢ ᠬᠠᠮᠲᠤ ᠪᠠᠷ ᠪᠠᠶᠢᠭᠤᠯᠬᠤ︶ ᠨᠢ ᠠᠮᠤ ᠪᠤᠳᠠᠭᠠᠨ ᠤ ᠭᠤᠤᠯ ᠭᠠᠷᠤᠯᠲᠠ ᠶᠢᠨ ᠣᠷᠣᠨ ᠤ ᠬᠥᠷᠥᠰᠥ ᠰᠢᠷᠣᠶ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ᠂ ᠪᠣᠬᠢᠷᠲᠤᠯ ᠥᠬᠡᠶ ᠳᠠᠷᠢᠵᠤ ᠪᠤᠶᠢᠵᠢᠭᠤᠯᠬᠤ ᠮᠡᠷᠭᠡᠵᠢᠯ ᠤᠨ ᠰᠢᠨ᠎ᠡ ᠶᠢ ᠡᠭᠦᠳᠬᠦ ᠪᠠ ᠣᠶᠤᠨᠴᠢ ᠨᠠᠷᠢᠯᠢᠭ ᠣᠨᠣᠴᠠᠲᠠᠶ ᠬᠠᠮᠢᠶᠠᠷᠤᠯᠲᠠ ᠶᠢ ᠠᠬᠢᠭᠤᠯᠬᠤ ᠲᠠᠯ᠎ᠠ ᠪᠠᠷ ᠣᠨᠣᠯ ᠤᠨ ᠰᠤᠳᠤᠯᠭᠠᠨ᠂ ᠮᠡᠷᠭᠡᠵᠢᠯ ᠤᠨ ᠪᠣᠭᠤᠮᠲᠠ ᠰᠢᠪᠲᠤᠯᠤᠯᠲᠠ ᠪᠠ ᠪᠦᠲᠦᠭᠡᠭᠳᠡᠬᠦᠨ ᠤ ᠰᠤᠳᠤᠯᠤᠨ ᠨᠡᠭᠡᠭᠡᠯᠲᠡ ᠶᠢ ᠥᠷᠨᠢᠭᠦᠯᠵᠦ᠂ ᠮᠠᠨ ᠤ ᠣᠷᠣᠨ ᠤ ᠣᠲᠣ ᠦᠶ᠎ᠡ ᠶᠢᠨ ᠲᠠᠷᠢᠶᠠᠯᠠᠩ ᠤᠨ ᠴᠢᠨᠠᠷ ᠰᠠᠶᠢᠲᠠᠶ ᠬᠥᠭᠵᠢᠯᠲᠡ ᠪᠠ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠳᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠬᠠᠩᠭᠠᠬᠤ ᠪᠣᠯᠤᠨ᠎ᠠ᠃ ᠠᠳᠤᠭᠤᠨ ᠤ ᠲᠥᠷᠥᠯ ᠤᠨ ᠠᠮᠢᠲᠠᠨ ᠤ ᠡᠬᠦᠯᠳᠡᠷ ᠤᠨ ᠰᠢᠨ᠎ᠡ ᠶᠢ ᠡᠭᠦᠳᠬᠦ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ︵ᠶᠠᠮᠤᠨ ᠮᠤᠵᠢ ᠬᠠᠮᠲᠤ ᠪᠠᠷ ᠪᠠᠶᠢᠭᠤᠯᠬᠤ︶ ᠨᠢ ᠤᠯᠤᠰ ᠤᠨ ᠳᠣᠲᠣᠭᠠᠳᠤ ᠭᠠᠳᠠᠭᠠᠳᠤ ᠶᠢᠨ ᠣᠲᠣ ᠦᠶ᠎ᠡ ᠶᠢᠨ ᠠᠳᠤᠭᠤᠨ ᠤ ᠲᠥᠷᠥᠯ ᠤᠨ ᠠᠮᠢᠲᠠᠨ ᠤ ᠠᠵᠤ ᠦᠶ᠋ᠯᠡᠰ ᠤᠨ ᠬᠥᠭᠵᠢᠯᠲᠡ ᠶᠢᠨ ᠪᠣᠳᠠᠲᠠᠶ ᠬᠡᠷᠡᠭᠴᠡᠭᠡ ᠳᠤ ᠰᠠᠭᠤᠷᠢᠯᠠᠨ᠂ ᠠᠳᠤᠭᠤᠨ ᠤ ᠲᠥᠷᠥᠯ ᠤᠨ ᠠᠮᠢᠲᠠᠨ ᠤ ᠤᠳᠤᠮᠯᠠᠯ ᠤᠨ ᠶᠡᠷᠦᠩᠬᠡᠶᠢᠯᠡᠭᠰᠡᠨ ᠡᠬᠢ ᠪᠠᠶᠠᠯᠢᠭ ᠤᠨ ᠬᠥᠮᠥᠷᠭᠡ ᠶᠢ ᠪᠠᠶᠢᠭᠤᠯᠬᠤ ᠪᠠᠷ ᠳᠠᠮᠵᠢᠭᠤᠯᠤᠨ᠂ ᠠᠳᠤᠭᠤᠨ ᠤ ᠲᠥᠷᠥᠯ ᠤᠨ ᠠᠮᠢᠲᠠᠨ ᠤ ᠤᠳᠤᠮᠯᠠᠯ ᠤᠨ ᠡᠭᠦᠯᠳᠡᠷ ᠪᠤᠶᠢᠵᠢᠭᠤᠯᠬᠤ ᠪᠠ ᠦᠷᠡᠵᠢᠯ ᠤᠨ ᠰᠢᠨᠵᠢᠯᠡᠬᠦ ᠤᠬᠠᠭᠠᠨ ᠤ ᠣᠨᠣᠯ ᠤᠨ ᠰᠢᠰᠲ᠋ᠧᠮ ᠤᠨ ᠰᠤᠳᠤᠯᠭᠠᠨ᠂ ᠠᠳᠤᠭᠤᠨ ᠤ ᠲᠥᠷᠥᠯ ᠤᠨ ᠠᠮᠢᠲᠠᠨ ᠤ ᠤᠳᠤᠮᠯᠠᠯ ᠤᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠪᠠ ᠠᠰᠢᠭᠯᠠᠬ᠊ ᠤᠠ᠋ ‍ᠵᠢᠯᠯᠠᠭ᠎ᠠ ᠶᠢ ᠥᠷᠨᠢᠭᠦᠯᠵᠦ᠂ ᠠᠳᠤᠭᠤᠨ ᠤ ᠲᠥᠷᠥᠯ ᠤᠨ ᠠᠮᠢᠲᠠᠨ ᠤ ᠡᠬᠦᠯᠳᠡᠷ ᠤᠨ ᠶᠡᠷᠦᠩᠬᠡᠶᠢᠯᠡᠭᠰᠡᠨ ᠰᠤᠳᠤᠯᠭᠠᠨ᠂ ᠠᠳᠤᠭᠤᠨ ᠤ ᠦᠶ᠋ᠯᠡᠰ ᠤᠨ ᠴᠢᠳᠠᠪᠤᠷᠢᠲᠠᠨ ᠢ ᠬᠥᠮᠦᠵᠢᠭᠦᠯᠬᠦ ᠡᠷᠳᠡᠮ ᠰᠢᠨᠵᠢᠯᠡᠭᠡᠨ ᠤ ᠰᠣᠯᠢᠯᠴᠠᠭᠠᠨ ᠤ ᠲᠠᠪᠴᠠᠩ ᠢ ᠪᠦᠳᠦᠭᠡᠨ ᠪᠠᠶᠢᠭᠤᠯᠤᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号