ᠮᠠᠨ ᠤ ᠤᠷᠤᠨ ᠤ 3 ᠵᠣᠬᠢᠶᠠᠯᠴᠢ ︽ᠦᠨᠳᠦᠰᠦᠲᠡᠨ ᠤ ᠤᠳᠬ᠎ᠠ ᠵᠣᠬᠢᠶᠠᠯ︾ ᠤᠨ ᠱᠠᠩᠨᠠᠯ ᠭᠥᠷᠳᠡᠪᠡ
ᠨᠡᠶᠢᠲᠡᠯᠡᠭᠰᠡᠨ ᠴᠠᠭ᠄
2023/4/17
    ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠠᠴᠠ ᠣᠶᠢᠯᠠᠭᠠᠭᠰᠠᠨ ᠢᠶᠠᠷ᠂ ᠣᠶᠢᠷ᠎ᠠ ᠳᠤ ᠶᠦᠨᠨᠠᠨ ᠤ ᠯᠢᠵᠢᠶᠠᠩ ᠳᠤ ᠶᠠᠪᠤᠭᠳᠠᠭᠰᠠᠨ 2021᠂ 2022 ᠤᠨ ᠤ ︽ᠦᠨᠳᠦᠰᠦᠲᠡᠨ ᠤ ᠤᠳᠬ᠎ᠠ ᠵᠣᠬᠢᠶᠠᠯ︾ ᠤᠨ ᠣᠨ ᠤ ᠱᠠᠩᠨᠠᠯ ᠣᠯᠭᠤᠬᠤ ᠶᠣᠰᠣᠯᠠᠯ ᠳᠡᠭᠡᠷ᠎ᠡ᠂ ᠮᠠᠨ ᠤ ᠣᠷᠣᠨ ᠤ ᠵᠣᠬᠢᠶᠠᠯᠴᠢ ᠨᠠᠮᠵᠢᠯ ᠤᠨ ᠮᠥᠩᠬᠡᠪᠠᠶᠠᠷ ᠤᠨ ᠰᠢᠯᠦ᠋ᠭ ︽ᠵᠠᠭᠤᠨ ᠵᠢᠯ ᠤᠨ ᠨᠠᠶᠢᠷ ᠤᠨ ᠡᠭᠡᠰᠢᠭ︾᠂ ᠭᠡ᠊ · ᠪᠠᠭᠠᠲᠤᠷ ᠤᠨ ᠰᠢᠯᠦ᠋ᠭ ᠤᠨ ᠣᠷᠴᠢᠭᠤᠯᠭ᠎ᠠ ᠶᠢ ᠪᠦᠲᠦᠭᠡᠯ ︽ᠠᠪᠠ ᠶᠢᠨ ᠬᠦᠷᠢᠶ᠎ᠡ︾ ᠨᠢ 2021 ︽ᠦᠨᠳᠦᠰᠦᠲᠡᠨ ᠤ ᠤᠳᠬ᠎ᠠ ᠵᠣᠬᠢᠶᠠᠯ︾ ᠤᠨ ᠣᠨ ᠤ ᠱᠠᠩᠨᠠᠯ ᠢ ᠬᠦᠷᠲᠡᠵᠦ᠂ ᠡᠩᠬᠡᠬᠠᠳᠠ ᠶᠢᠨ ᠨᠠᠶᠢᠷᠠᠭᠤᠯᠤᠯ ᠤᠨ ᠪᠦᠲᠦᠭᠡᠯ ︽ᠴᠢᠯᠠᠭᠤᠳ ᠤᠨ ᠴᠡᠩᠬᠡᠷ ᠵᠢᠲᠢᠨᠴᠦ ᠪᠤᠶᠤ ᠮᠢᠨᠤ ᠴᠢᠮᠡᠭᠡ ᠦᠭᠡᠢ ᠲᠦᠰᠦᠭᠡᠯᠡᠯ︾ ᠨᠢ 2022 ᠤᠨ ᠤ ︽ᠦᠨᠳᠦᠰᠦᠲᠡᠨ ᠤ ᠤᠳᠬ᠎ᠠ ᠵᠣᠬᠢᠶᠠᠯ︾ ᠤᠨ ᠣᠨ ᠤ ᠱᠠᠩᠨᠠᠯ ᠢ ᠭᠥᠷᠳᠡᠪᠡ᠃    ᠣᠶᠢᠯᠠᠭᠠᠭᠰᠠᠨ ᠢᠶᠠᠷ᠂ 2021᠂ 2022 ᠤᠨ ᠤ ︽ᠦᠨᠳᠦᠰᠦᠲᠡᠨ ᠤ ᠤᠳᠬ᠎ᠠ ᠵᠣᠬᠢᠶᠠᠯ︾ ᠤᠨ ᠣᠨ ᠤ ᠱᠠᠩᠨᠠᠯ ᠭᠥᠷᠳᠡᠭᠰᠡᠨ 36 ᠪᠦᠲᠦᠭᠡᠯ ︵ᠢᠵᠢ᠂ ᠮᠦᠴᠡᠯᠭᠡ︶ ᠤᠨ ᠵᠣᠬᠢᠶᠠᠭᠴᠢ ᠳᠤ 10 ᠴᠥᠭᠡᠨ ᠲᠣᠭᠠᠲᠤ ᠦᠨᠳᠦᠰᠦᠲᠡᠨ ᠪᠠᠭᠲᠠᠵᠠᠢ᠃ ᠱᠠᠩᠨᠠᠯ ᠬᠦᠷᠲᠡᠭᠰᠡᠳ ᠲᠤ ᠠᠯᠳᠠᠷᠲᠤ ᠵᠣᠬᠢᠶᠠᠯᠴᠢ ᠪᠠᠶᠢᠬᠤ ᠪᠠᠷ ᠪᠠᠷᠠᠬᠤ ᠦᠭᠡᠢ ᠢᠳᠡᠷ ᠵᠠᠯᠠᠭᠤ ᠵᠣᠬᠢᠶᠠᠯᠴᠢ ᠪᠠ ᠤᠳᠬ᠎ᠠ ᠵᠣᠬᠢᠶᠠᠯ ᠤᠨ ᠰᠢᠨ᠎ᠡ ᠬᠦᠴᠦᠨ ᠪᠤᠢ︔ ᠱᠠᠩᠨᠠᠯ ᠭᠥᠷᠳᠡᠭᠰᠡᠨ ᠪᠦᠲᠦᠭᠡᠯ ᠳᠤ ᠲᠡᠦᠬᠡ ᠶᠢᠨ ᠬᠤᠪᠢᠷᠠᠯᠲᠠ ᠪᠠ ᠥᠭᠡᠷᠡᠴᠢᠯᠡᠯᠲᠡ ᠬᠥᠭᠵᠢᠯᠲᠡ ᠶᠢ ᠲᠤᠰᠬᠠᠭᠰᠠᠨ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠪᠠ ᠨᠠᠮ ᠤᠨ ᠬᠤᠷᠢᠳᠤᠭᠠᠷ ᠶᠡᠭᠡ ᠬᠤᠷᠠᠯ ᠳᠤ ᠪᠡᠯᠡᠭ ᠬᠦᠷᠭᠡᠭᠰᠡᠨ ᠪᠦᠲᠦᠭᠡᠯ ᠪᠠᠶᠢᠬᠤ ᠪᠠᠷ ᠪᠠᠷᠠᠬᠤ ᠦᠭᠡᠢ ᠪᠠᠰᠠ ᠪᠠᠶᠠᠯᠢᠭ ᠰᠠᠶᠢᠬᠠᠨ ᠬᠥᠮᠥᠨ ᠤ ᠠᠮᠢᠳᠤᠷᠠᠯ ᠪᠠ ᠨᠠᠷᠢᠨ ᠪᠤᠳᠤᠯᠢᠶᠠᠨᠲᠠᠢ ᠬᠥᠮᠥᠨᠴᠢ ᠴᠢᠨᠠᠷ ᠢ ᠢᠯᠡᠷᠡᠭᠦᠯᠦ᠋ᠭᠰᠡᠨ ᠬᠠᠶᠢᠨ ᠰᠦᠪᠡᠭᠴᠢᠯᠡᠯᠲᠡ ᠶᠢᠨ ᠪᠦᠲᠦᠭᠡᠯ ᠪᠠᠶᠢᠵᠤ᠂ ᠲᠣᠰ ᠲᠣᠰ ᠤᠨ ᠰᠢᠨ᠎ᠡ ᠤᠳᠬ᠎ᠠ ᠰᠠᠨᠠᠭ᠎ᠠ ᠪᠠᠨ ᠢᠯᠡᠷᠡᠭᠦᠯᠵᠦ᠂ ᠥᠪᠡᠷᠮᠢᠴᠡ ᠤᠷᠠᠨ ᠠᠪᠢᠶᠠᠰ ᠢᠶᠠᠨ ᠢᠯᠡᠷᠡᠭᠦᠯᠦ᠋ᠭᠰᠡᠨ ᠪᠠᠶᠢᠨ᠎ᠠ᠃ ᠰᠢᠨ᠎ᠡ ᠠᠶᠠᠨ ᠵᠠᠮ ᠢ ᠪᠢᠴᠢᠭᠯᠡᠵᠦ᠂ ᠰᠢᠨ᠎ᠡ ᠴᠠᠭ ᠦᠶ᠎ᠡ ᠶᠢ ᠮᠠᠭᠲᠠᠨ ᠳᠠᠭᠤᠯᠠᠬᠤ ᠶᠢᠨ ᠵᠡᠷᠭᠡ ᠳᠤ ᠪᠠᠰᠠ ᠰᠡᠳᠦᠪᠯᠡᠬᠦᠨ᠂ ᠬᠡᠪ ᠨᠠᠮᠪᠠ ᠪᠠ ᠠᠷᠭ᠎ᠠ ᠪᠠᠷᠢᠯ ᠤᠨ ᠣᠯᠠᠨ ᠶᠠᠩᠵᠤᠴᠢᠯᠠᠯ ᠢ ᠢᠯᠡᠷᠡᠭᠦᠯᠵᠦ᠂ ᠭᠦᠨ ᠭᠦᠨᠵᠡᠭᠡᠢ ᠦᠵᠡᠯ ᠰᠠᠨᠠᠭᠠᠴᠢ ᠴᠢᠨᠠᠷ ᠪᠠ ᠪᠠᠶᠠᠯᠢᠭ ᠰᠠᠶᠢᠬᠠᠨ ᠭᠤᠸ᠎ᠠ ᠲᠠᠭᠠᠰᠢᠶᠠᠯ ᠤᠨ ᠳᠤᠷ᠎ᠠ ᠰᠣᠨᠢᠷᠬᠠᠯ ᠲᠠᠢ ᠪᠠᠶᠢᠵᠤ᠂ ᠴᠥᠭᠡᠨ ᠲᠣᠭᠠᠲᠤ ᠦᠨᠳᠦᠰᠦᠲᠡᠨ ᠤ ᠤᠳᠬ᠎ᠠ ᠵᠣᠬᠢᠶᠠᠯ ᠤᠨ ᠵᠣᠬᠢᠶᠠᠨ ᠪᠦᠲᠦᠭᠡᠯᠭᠡ ᠶᠢᠨ ᠰᠢᠨ᠎ᠡ ᠣᠯᠣᠯᠲᠠ ᠪᠠ ᠰᠢᠨ᠎ᠡ ᠦᠷ᠎ᠡ ᠪᠦᠲᠦᠭᠡᠯ ᠪᠣᠯᠤᠭᠰᠠᠨ ᠪᠠᠶᠢᠨ᠎ᠠ᠃    ᠬᠡᠪᠯᠡᠯ ᠡᠬᠢᠯᠡᠭᠰᠡᠨ 42 ᠵᠢᠯ ᠤᠨ ᠲᠤᠷᠰᠢ᠂ ︽ᠦᠨᠳᠦᠰᠦᠲᠡᠨ ᠤ ᠤᠳᠬ᠎ᠠ ᠵᠣᠬᠢᠶᠠᠯ︾ ᠨᠢ ᠳᠤᠮᠳᠠᠳᠤ ᠤᠯᠤᠰ ᠤᠨ ᠣᠲᠣ ᠦᠶ᠎ᠡ ᠶᠢᠨ ᠤᠳᠬ᠎ᠠ ᠵᠣᠬᠢᠶᠠᠯ ᠢ ᠪᠠᠶᠠᠯᠢᠭᠵᠢᠭᠤᠯᠤᠨ ᠲᠡᠭᠦᠯᠳᠡᠷᠵᠢᠭᠦᠯᠬᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠴᠣᠭᠴᠠᠯᠠᠨ ᠪᠠᠶ᠋ᠢᠭᠤᠯᠬᠤ ᠳᠤ ᠴᠢᠬᠤᠯᠠ ᠦᠢᠯᠡᠳᠦᠯ ᠦᠵᠡᠭᠦᠯᠵᠦ᠂ ᠦᠯᠡᠮᠵᠢ ᠣᠯᠠᠨ ᠰᠢᠯᠢᠳᠡᠭ ᠪᠦᠲᠦᠭᠡᠯ ᠢ ᠵᠣᠬᠢᠶᠠᠨ ᠪᠦᠲᠦᠭᠡᠵᠦ᠂ ᠦᠯᠡᠮᠵᠢ ᠣᠯᠠᠨ ᠵᠣᠬᠢᠶᠠᠨ ᠪᠦᠲᠦᠭᠡᠬᠦ ᠴᠢᠳᠠᠪᠤᠷᠢᠲᠠᠨ ᠢ ᠬᠥᠮᠥᠵᠢᠭᠦᠯᠵᠡᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号