ᠪᠥᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠳᠤᠮᠳᠠ ᠵᠡᠷᠭᠡ ᠶᠢ ᠠᠵᠢᠯ ᠮᠡᠷᠭᠡᠵᠢᠯ ᠤᠨ ᠰᠤᠷᠭᠠᠭᠤᠯᠢ ᠶᠢ ᠬᠢᠴᠢᠶᠡᠯ ᠤᠨ ᠪᠠᠶᠢᠭᠤᠯᠤᠯᠲᠠ ᠶᠢ ᠲᠦᠯᠦ᠋ᠪᠯᠡᠭᠡ ᠶᠢ ᠲᠤᠭᠳᠠᠭᠠᠪᠠ
ᠨᠡᠶᠢᠲᠡᠯᠡᠭᠰᠡᠨ ᠴᠠᠭ᠄
2023/4/18
   ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠮᠡᠳᠡᠭᠳᠡᠯ ᠪᠠᠭᠤᠯᠭᠠᠵᠤ᠂ ᠪᠥᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ᠂ ᠳᠤᠮᠳᠠ ᠵᠡᠷᠭᠡ ᠶᠢ ᠠᠵᠢᠯ ᠮᠡᠷᠭᠡᠵᠢᠯ ᠤᠨ ᠰᠤᠷᠭᠠᠭᠤᠯᠢ ᠶᠢ ᠬᠢᠴᠢᠶᠡᠯ ᠤᠨ ᠪᠠᠶᠢᠭᠤᠯᠤᠯᠲᠠ ᠶᠢ ᠠᠵᠢᠯᠯᠠᠭᠠᠨ ᠤ ᠲᠥᠯᠥ᠋ᠪᠯᠡᠭᠡ ᠶᠢ ᠡᠬᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠬᠢᠴᠢᠶᠡᠯ ᠤᠨ ᠪᠠᠶᠢᠭᠤᠯᠤᠯᠲᠠ ᠶᠢ ᠥᠭᠡᠷᠡᠴᠢᠯᠡᠯᠲᠡ ᠶᠢ ᠠᠬᠢᠭᠤᠯᠵᠤ᠂ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ︽ᠥᠪᠥᠷ ᠮᠣᠩᠭᠤᠯ ᠤᠨ ᠠᠷᠭ᠎ᠠ ᠵᠠᠮ︾ ᠢ ᠬᠠᠶᠢᠨ ᠰᠦᠪᠡᠭᠴᠢᠯᠡᠬᠦ ᠬᠡᠷᠡᠭᠳᠡᠢ ᠭᠡᠵᠦ ᠱᠠᠭᠠᠷᠳᠠᠪᠠ᠃ ᠲᠦᠷᠦᠬᠦᠬᠡᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ ᠤᠨ ᠵᠢᠭᠠᠬᠤ ᠶᠢ ᠰᠤᠳᠤᠯᠬᠤ ᠲᠠᠰᠤᠭ ᠬᠥᠬᠡᠬᠤᠲᠠ ᠳᠤ ᠪᠥᠬᠦ ᠣᠷᠣᠨ ᠤ ᠵᠢᠭᠠᠬᠤ ᠶᠢ ᠰᠤᠳᠤᠯᠬᠤ ᠵᠢᠴᠢ ᠬᠢᠴᠢᠶᠡᠯ ᠤᠨ ᠪᠠᠶᠢᠭᠤᠯᠤᠯᠲᠠ ᠶᠢ ᠠᠵᠢᠯ ᠤᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠬᠢᠴᠢᠶᠡᠯ ᠤᠨ ᠪᠠᠶᠢᠭᠤᠯᠤᠯᠲᠠ ᠶᠢ ᠠᠵᠢᠯᠯᠠᠭᠠᠨ ᠤ ᠲᠥᠯᠥ᠋ᠪᠯᠡᠭᠡ ᠶᠢ ᠲᠣᠭᠤᠷᠢᠨ ᠳᠤ ᠭᠦᠨᠵᠡᠭᠡᠢ ᠰᠤᠳᠤᠯᠤᠨ ᠶᠠᠷᠢᠯᠴᠠᠪᠠ᠃   ᠬᠤᠷᠠᠯ ᠳᠡᠭᠡᠷ᠎ᠡ᠂ ᠱᠠᠩᠬᠠᠢ ᠶᠢ ᠹᠦᠳᠠᠨ ᠶᠡᠭᠡ ᠰᠤᠷᠭᠠᠭᠤᠯᠢ ᠶᠢ ᠫᠷᠤᠹᠤᠰᠰᠤᠷ ᠰᠢᠦᠢ ᠳ᠋ᠦᠩ ᠴᠢᠩ ᠤᠷᠢᠯᠭ᠎ᠠ ᠪᠠᠷ ︽ᠬᠡᠪ ᠪᠤᠯᠪᠠᠰᠤᠷᠠᠯ ᠲᠠᠢ ᠬᠥᠮᠥᠨ ᠢ ᠬᠥᠮᠥᠵᠢᠭᠦᠯᠦ᠋ᠨ᠎ᠡ — ︿ᠰᠢᠨ᠎ᠠ ᠬᠢᠴᠢᠶᠡᠯ ᠲᠦᠷᠦᠯ ᠰᠢᠨ᠎ᠠ ᠵᠢᠭᠠᠬᠤ ᠮᠠᠲ᠋ᠧᠷᠢᠶᠠᠯ﹀ ᠤᠨ ᠠᠬᠤᠢ ᠪᠠᠶᠢᠳᠠᠯ ᠲᠤᠤᠷᠠᠬᠢ ᠰᠤᠷᠭᠠᠭᠤᠯᠢ ᠶᠢ ᠬᠢᠴᠢᠶᠡᠯ ᠤᠨ ᠪᠠᠶᠢᠭᠤᠯᠤᠯᠲᠠ︾ ᠭᠡᠬᠦ ᠰᠡᠳᠦᠪ ᠢᠶᠠᠷ ᠲᠠᠶᠢᠯᠤᠮᠵᠢ ᠬᠢᠪᠡ᠃ ᠰᠢᠦᠢ ᠳ᠋ᠦᠩ ᠴᠢᠩ ᠫᠷᠤᠹᠤᠰᠰᠤᠷ ᠰᠢᠨ᠎ᠡ ᠬᠢᠴᠢᠶᠡᠯ ᠤᠨ ᠪᠠᠷᠢᠮᠵᠢᠶ᠎ᠠ᠂ ᠰᠢᠨ᠎ᠡ ᠥᠷᠢᠰᠦᠯᠳᠦᠭᠡᠨ᠂ ᠰᠢᠨ᠎ᠡ ᠠᠵᠠ ᠲᠣᠬᠢᠶᠠᠯ ᠢ ᠡᠵᠡᠮᠳᠡᠨ ᠰᠤᠷᠭᠠᠭᠤᠯᠢ ᠶᠢ ᠰᠣᠶᠣᠯ᠂ ᠬᠢᠴᠢᠶᠡᠯ ᠲᠦ᠋ᠷᠦᠯ ᠢᠶᠠᠷ ᠬᠥᠮᠥᠨ ᠬᠥᠮᠥᠵᠢᠭᠦᠯᠬᠦ᠂ ᠴᠢᠳᠠᠪᠤᠷᠢᠲᠠᠨ ᠬᠦᠮᠦᠵᠢᠬᠦᠯᠬᠦ᠂ ᠰᠢᠨᠵᠢᠯᠡᠬᠡᠨ ᠤ ᠰᠠᠯᠠᠭ᠎ᠠ ᠠᠯᠤᠰᠯᠠᠨ ᠰᠤᠷᠤᠯᠴᠠᠬᠤ ᠵᠡᠷᠬᠡ ᠳᠠᠯ᠎ᠠ ᠪᠠᠷ ᠬᠦᠴᠦᠯᠡᠨ ᠴᠢᠷᠮᠠᠶᠢᠬᠤ ᠳᠤᠬᠠᠢ ᠵᠦᠪᠯᠡᠯᠬᠡ ᠦᠭᠬᠦᠭᠰᠡᠨ ᠪᠠᠶᠢᠨ᠎ᠠ᠃   ᠡᠯ᠎ᠡ ᠠᠶᠢᠮᠠᠭ ᠬᠤᠲᠠ ᠶᠢ ᠵᠢᠭᠠᠬᠤ ᠶᠢ ᠰᠤᠳᠤᠯᠬᠤ ᠲᠠᠰᠤᠭ᠂ ᠬᠡᠰᠡᠭ ᠳᠤᠮᠳᠠᠳᠤ ᠪᠠᠭ᠎ᠠ ᠰᠤᠷᠭᠠᠭᠤᠯᠢ᠂ ᠳᠤᠮᠳᠠ ᠵᠡᠷᠭᠡ ᠶᠢ ᠠᠵᠢᠯ ᠮᠡᠷᠭᠡᠵᠢᠯ ᠤᠨ ᠰᠤᠷᠭᠠᠭᠤᠯᠢ ᠶᠢ ᠵᠠᠬᠢᠷᠤᠯ ᠲᠠᠪᠢ ᠭᠠᠷᠤᠢ ᠬᠥᠮᠥᠨ ᠰᠤᠳᠤᠯᠤᠨ ᠶᠠᠷᠢᠯᠴᠠᠬᠤ ᠬᠤᠷᠠᠯ ᠳᠤ ᠤᠷᠤᠯᠴᠠᠵᠤ ᠰᠠᠨᠠᠯ ᠢᠶᠠᠨ ᠰᠣᠯᠢᠯᠴᠠᠪᠠ᠃ ᠣᠯᠠᠨ ᠢᠶᠠᠷ ᠢᠶᠠᠨ᠂ ᠠᠵᠢᠯᠯᠠᠭᠠᠨ ᠤ ᠲᠥᠯᠥ᠋ᠪᠯᠡᠭᠡ ᠨᠢ ᠬᠢᠴᠢᠶᠡᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠠᠩᠭᠢᠯᠠᠭ᠎ᠠ ᠶᠢ ᠠᠳᠬᠤᠨ᠂ ᠬᠢᠴᠢᠶᠡᠯ ᠤᠨ ᠥᠭᠡᠷᠡᠴᠢᠯᠡᠯᠲᠡ ᠶᠢ ᠰᠢᠨ᠎ᠡ ᠬᠡᠪ ᠳᠠᠭᠤᠷᠢᠶᠠᠯ ᠢ ᠪᠣᠶ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠠᠬᠢᠭᠤᠯᠬᠤ ︽ᠥᠪᠥᠷ ᠮᠣᠩᠭᠤᠯ ᠤᠨ ᠵᠠᠮ︾ ᠢ ᠲᠣᠭᠲᠠᠭᠠᠭᠰᠠᠨ ᠪᠠᠶᠢᠨ᠎ᠠ ᠭᠡᠵᠦ ᠰᠠᠨᠠᠯ ᠨᠢᠭᠡᠲᠡᠢ ᠦᠵᠡᠵᠡᠬᠡᠪᠡ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号