ᠮᠠᠨ ᠤ ᠤᠷᠤᠨ ᠤ 33 ᠶᠡᠭᠡ ᠳᠡᠭᠡᠳᠦ ᠰᠤᠷᠭᠠᠭᠤᠯᠢ ᠶᠢ 254 ᠲᠥᠷᠥᠯ ᠵᠦᠢᠯ ᠰᠣᠩᠭᠤᠭᠳᠠᠪᠠ︕
ᠨᠡᠶᠢᠲᠡᠯᠡᠭᠰᠡᠨ ᠴᠠᠭ᠄
2023/4/20
    ᠲᠦᠷᠦᠭᠦᠬᠡᠨ ᠰᠤᠷᠭᠠᠨ ᠬᠥᠮᠦᠵᠢᠯ ᠤᠨ ᠶᠠᠮᠤᠨ ᠬᠤᠶᠠᠳᠤᠭᠠᠷ ᠬᠤᠭᠤᠴᠠᠭᠠᠨ ᠤ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠤᠨ ᠠᠵᠢᠯ ᠣᠯᠭᠤᠯᠲᠠ ᠪᠠᠷ ᠴᠢᠳᠠᠪᠤᠷᠢᠳᠠᠨ ᠬᠥᠮᠥᠵᠢᠭᠦᠯᠬᠦ ᠲᠥᠷᠥᠯ ᠵᠦᠢᠯ ᠤᠨ ᠨᠡᠷᠡᠰ ᠢ ᠨᠡᠶᠢᠲᠡᠯᠡᠪᠡ᠂ ᠮᠠᠨ ᠤ ᠤᠷᠤᠨ ᠤ 33 ᠶᠡᠭᠡ ᠳᠡᠭᠡᠳᠦ ᠰᠤᠷᠭᠠᠭᠤᠯᠢ ᠶᠢ 254 ᠲᠥᠷᠥᠯ ᠵᠦᠢᠯ ᠬᠢᠨᠠᠨ ᠵᠥᠪᠰᠢᠶᠡᠷᠡᠭᠳᠡᠵᠦ᠂ ᠵᠥᠪᠰᠢᠶᠡᠷᠡᠭᠳᠡᠭᠰᠡᠨ ᠲᠥᠷᠥᠯ ᠵᠦᠢᠯ ᠤᠨ ᠲᠤᠭ᠎ᠠ ᠬᠡᠮᠵᠢᠶ᠎ᠡ ᠨᠢ ᠨᠢᠭᠡᠳᠦᠭᠡᠷ ᠬᠤᠭᠤᠴᠠᠭᠠᠨ ᠤ ᠬᠢ ᠠᠴᠠ ᠶᠡᠬᠡᠪᠡᠷ ᠨᠡᠮᠡᠭᠳᠡᠵᠦ᠂ ᠰᠢᠨ᠎ᠡ ᠰᠢᠪᠲᠤᠯᠤᠯᠲᠠ ᠲᠠᠢ ᠪᠣᠯᠤᠭᠰᠠᠨ ᠪᠠᠶᠢᠨ᠎ᠠ᠃    ᠬᠠᠩᠭᠠᠯᠭ᠎ᠠ ᠬᠡᠷᠡᠭᠴᠡᠭᠡ ᠶᠢ ᠵᠣᠯᠭᠠᠭᠤᠯᠤᠨ ᠠᠵᠢᠯ ᠣᠯᠭᠤᠯᠲᠠ ᠪᠠᠷ ᠴᠢᠳᠠᠪᠦᠷᠢᠳᠠᠨ ᠬᠦ᠋ᠮᠥᠵᠢᠭᠦᠯᠬᠦ ᠲᠦᠷᠦᠯ ᠵᠦᠢᠯ ᠪᠣᠯ ᠰᠤᠷᠭᠠᠨ ᠬᠥᠮᠦᠵᠢᠯ ᠤᠨ ᠶᠠᠮᠤᠨ ᠤ ᠨᠠᠮ ᠤᠨ ᠲᠥᠪ ᠬᠤᠷᠢᠶ᠎ᠠ᠂ ᠲᠦᠷᠦ ᠶᠢ ᠶᠠᠪᠤᠳᠠᠯ ᠤᠨ ᠬᠤᠷᠢᠶᠠᠨ ᠤ ︽ᠠᠵᠢᠯ ᠣᠯᠭᠤᠯᠲᠠ ᠶᠢ ᠲᠣᠭᠲᠠᠪᠤᠷᠢᠵᠢᠭᠤᠯᠬᠤ︾᠂ ︽ᠠᠵᠢᠯ ᠣᠯᠭᠤᠯᠲᠠ ᠶᠢ ᠪᠠᠲᠤᠯᠠᠬᠤ︾ ᠰᠶᠢᠳᠪᠦᠷᠢᠲᠦ ᠪᠣᠳᠣᠯᠭ᠎ᠠ ᠶᠢ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠦᠢᠯᠡᠳᠪᠦᠷᠢᠯᠡᠯ ᠰᠤᠷᠭᠠᠨ ᠬᠥᠮᠦᠵᠢᠯ ᠤᠨ ᠠᠭᠤᠰᠤᠯᠴᠠᠯ᠂ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠴᠢᠳᠠᠪᠤᠷᠢᠲᠠᠨ ᠢ ᠬᠥᠮᠥᠵᠢᠭᠦᠯᠬᠦ ᠪᠠ ᠠᠵᠢᠯ ᠣᠯᠭᠤᠯᠲᠠ ᠶᠢ ᠬᠤᠯᠪᠤᠨ᠂ ᠴᠢᠳᠠᠪᠤᠷᠢᠲᠠᠨ ᠤ ᠬᠠᠩᠭᠠᠯᠭ᠎ᠠ ᠬᠡᠷᠡᠭᠴᠡᠭᠡ ᠶᠢ ᠪᠦᠲᠦᠮᠵᠢᠲᠡᠢ ᠵᠣᠯᠭᠠᠯᠴᠠᠭ᠎ᠠ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃   ᠮᠠᠨ ᠤ ᠤᠷᠤᠨ ᠤ ᠲᠣᠰ ᠤᠳᠠᠭ᠎ᠠ ᠬᠢᠨᠠᠨ ᠵᠦᠪᠰᠢᠶᠡᠷᠡᠭᠳᠡᠭᠰᠡᠨ 254 ᠲᠦᠷᠦᠯ ᠵᠦᠢᠯ ᠳᠤ ᠠᠵᠢᠯ ᠣᠯᠭᠤᠯᠲᠠ ᠶᠢ ᠳᠠᠳᠤᠯᠭ᠎ᠠ ᠶᠢ ᠰᠠᠭᠤᠷᠢᠨ 142᠂ ᠬᠥᠮᠥᠨ ᠤ ᠬᠦᠴᠦᠨ ᠤ ᠡᠬᠢ ᠪᠠᠶᠠᠯᠢᠭ ᠤᠨ ᠳᠡᠭᠡᠭᠰᠢᠯᠡᠯᠲᠡ 38 ᠲᠦᠷᠦᠯ᠂ ᠬᠠᠨᠳᠤᠯᠭ᠎ᠠ ᠲᠠᠢ ᠪᠠᠷ ᠴᠢᠳᠠᠪᠤᠷᠢᠲᠠᠨ ᠢ ᠬᠥᠮᠥᠵᠢᠭᠦᠯᠦ᠋ᠨ ᠪᠣᠯᠪᠠᠰᠤᠷᠠᠭᠤᠯᠬᠤ 72 ᠲᠦᠷᠦᠯ᠂ ᠭᠤᠣᠯᠳᠠᠯᠭ᠎ᠠ ᠲᠠᠢ ᠬᠦᠷᠢᠶᠡᠨ ᠳᠠᠬᠢ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭᠠᠨ ᠤ 2 ᠲᠥᠷᠥᠯ ᠵᠦᠢᠯ ᠢ ᠪᠠᠭᠳᠠᠭᠠᠵᠤ᠂ ᠭᠤᠣᠯᠳᠠᠭᠤ ᠲᠠᠷᠢᠶᠠᠯᠠᠩ ᠣᠶ ᠰᠢᠭᠤᠢ ᠶᠢ ᠠᠵᠢᠯ ᠲᠥᠷᠥᠯ᠂ ᠮᠡᠳᠡᠭᠡ ᠵᠠᠩᠭᠢ ᠴᠢᠮᠡᠭᠡ ᠬᠤᠯᠪᠣᠭ᠎ᠠ ᠪᠠ ᠢᠨᠲ᠋ᠧᠷ ᠰᠦᠯᠵᠢᠶᠡᠨ ᠤ ᠠᠵᠢᠯ ᠲᠥᠷᠥᠯ᠂ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡ ᠪᠠ ᠠᠮᠢᠳᠤᠷᠠᠯ ᠤᠨ ᠬᠡᠷᠡᠭᠯᠡᠭᠡᠨ ᠤ ᠠᠵᠢᠯ ᠲᠥᠷᠥᠯ᠂ ᠰᠤᠷᠭᠠᠨ ᠬᠥᠮᠦᠵᠢᠯ ᠤᠨ ᠠᠵᠢᠯ ᠲᠥᠷᠥᠯ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠦᠢᠯᠡᠴᠢᠯᠡᠭᠡᠨ ᠤ ᠠᠵᠢᠯ ᠲᠥᠷᠥᠯ᠂ ᠲᠣᠨᠤᠭ ᠲᠥᠬᠦᠭᠡᠷᠦᠮᠵᠢ ᠦᠢᠯᠡᠳᠬᠦ ᠠᠵᠢᠯ ᠲᠥᠷᠥᠯ ᠵᠡᠷᠭᠡ ᠬᠦᠷᠢᠶᠡᠨ ᠳᠤ ᠲᠠᠷᠬᠠᠵᠤ ᠪᠣᠶ᠃   ᠣᠶᠢᠷ᠎ᠠ ᠶᠢ ᠵᠢᠯ ᠳᠤ ᠮᠠᠨ ᠤ ᠤᠷᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠠᠵᠢᠯ ᠲᠥᠷᠥᠯ ᠤᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠶᠡᠭᠡ ᠠᠵᠢᠯ ᠣᠯᠭᠤᠯᠲᠠ︾ ᠶᠢ ᠪᠠᠶᠢᠷᠢᠰᠢᠯ ᠢ ᠪᠠᠶᠢᠭᠤᠯᠬᠤ ᠶᠢ ᠪᠠᠷᠢᠮᠲᠠᠯᠠᠨ᠂ ᠬᠥᠮᠥᠨ ᠬᠡᠷᠡᠭᠯᠡᠬᠦ ᠨᠢᠭᠡᠴᠢ ᠲᠠᠢ ᠢᠳᠡᠪᠬᠢᠲᠡᠢ ᠵᠣᠯᠭᠠᠭᠤᠯᠵᠤ᠂ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠤᠨ ᠠᠵᠢᠯ ᠣᠯᠭᠤᠯᠳᠠ ᠪᠠᠷ ᠴᠢᠳᠠᠪᠤᠷᠢᠳᠠᠨ ᠬᠥᠮᠥᠵᠢᠭᠦᠯᠬᠦ ᠲᠥᠷᠥᠯ ᠵᠦᠢᠯ ᠤᠨ ᠬᠠᠮᠲᠤᠷᠠᠯᠴᠠᠭ᠎ᠠ ᠶᠢ ᠥᠷᠨᠢᠭᠦᠯᠵᠦ᠂ ᠳᠡᠭᠡᠳᠦ ᠵᠡᠷᠭᠡ ᠶᠢ ᠰᠤᠷᠭᠠᠨ ᠬᠥᠮᠦᠵᠢᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢ ᠬᠥᠭᠵᠢᠯᠲᠡ ᠳᠤ ᠦᠢᠯᠡᠴᠢᠯᠡᠬᠦ ᠶᠢ ᠲᠦᠯᠬᠢᠨ ᠠᠬᠢᠭᠤᠯᠬᠤ᠂ ᠣᠶᠤᠲᠠᠳ ᠤᠨ ᠴᠢᠨᠠᠷ ᠰᠠᠶᠢᠲᠠᠢ ᠪᠥᠭᠡᠳ ᠭᠦᠢᠴᠡᠳ ᠠᠵᠢᠯ ᠣᠯᠭᠤᠯᠲᠠ ᠶᠢ ᠠᠬᠢᠭᠤᠯᠬᠤ ᠳᠤ ᠰᠠᠶᠢᠨ ᠰᠠᠭᠤᠷᠢ ᠳᠠᠯᠪᠢᠭᠰᠠᠨ ᠪᠠᠶᠢᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号