ᠥᠪᠥᠷ ᠮᠣᠩᠭᠤᠯ ᠤᠨ ᠶᠡᠭᠡ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ ᠤᠨ 2 ᠲᠥᠷᠥᠯ ᠵᠦᠢᠯ ᠤᠨ ᠪᠦᠳᠦᠬᠡᠨ ᠪᠠᠶᠢᠭᠤᠯᠤᠯᠳᠠ ᠶᠢ ᠡᠬᠢᠯᠡᠬᠦᠯᠪᠡ
ᠨᠡᠶᠢᠲᠡᠯᠡᠭᠰᠡᠨ ᠴᠠᠭ᠄
2023/4/24
   ᠤᠶᠢᠷ᠎ᠠ ᠳᠤ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠢᠨᠵᠢᠯᠡᠭᠡᠨ ᠤ ᠰᠠᠯᠠᠭ᠎ᠠ ᠪᠣᠯᠣᠨ ᠴᠢᠬᠤᠯᠠ ᠶᠡᠭᠡ ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ ᠤᠨ ᠰᠠᠭᠤᠷᠢ ᠪᠦᠲᠦᠭᠡᠨ ᠪᠠᠶᠢᠭᠤᠯᠤᠯᠲᠠ᠂ ᠲᠠᠯ᠎ᠠ ᠨᠤᠲᠤᠭ ᠤᠨ ᠭᠡᠷ ᠤᠨ ᠲᠡᠵᠢᠭᠡᠪᠦᠷᠢ ᠶᠢ ᠡᠬᠦᠯᠳᠡᠷ ᠤᠨ ᠰᠢᠨ᠎ᠡ ᠶᠢ ᠡᠭᠦᠳᠬᠦ ᠬᠢᠭᠡᠳ ᠦᠷᠡᠵᠢᠭᠦᠯᠦ᠋ᠨ ᠪᠤᠶᠢᠵᠢᠭᠤᠯᠬᠤ ᠰᠠᠭᠤᠷᠢᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ ᠤᠨ ᠰᠠᠭᠤᠷᠢ ᠪᠦᠲᠦᠭᠡᠨ ᠪᠠᠶᠢᠭᠤᠯᠤᠯᠲᠠ ᠵᠡᠷᠭᠡ 2 ᠲᠦᠷᠦᠯ ᠵᠦᠢᠯ ᠤᠨ ᠰᠠᠭᠤᠷᠢ ᠲᠠᠯᠪᠢᠬᠤ ᠶᠣᠰᠣᠯᠠᠯ ᠶᠠᠪᠤᠭᠳᠠᠪᠠ᠃ ᠣᠶᠢᠯᠠᠭᠠᠭᠰᠠᠨ ᠢᠶᠠᠷ᠂ 2 ᠲᠥᠷᠥᠯ ᠵᠦᠢᠯ ᠤᠨ ᠶᠡᠷᠦᠩᠬᠡᠢ ᠪᠠᠷᠢᠯᠭ᠎ᠠ ᠶᠢ ᠲᠠᠯᠠᠪᠠᠶ ᠨᠢ ᠪᠠᠷᠤᠭ 11.2 ᠲᠦᠮᠡᠨ ᠲᠡᠭᠰᠢ ᠳᠥᠷᠪᠡᠯᠵᠢᠨ ᠮᠧᠳ᠋ᠷ ᠪᠠᠶᠢᠵᠤ᠂ ᠶᠡᠷᠦᠩᠬᠡᠢ ᠪᠡᠯᠡ ᠣᠷᠣᠭᠤᠯᠤᠯᠲᠠ ᠨᠢ 10.5 ᠳ᠋ᠦᠩᠰᠢᠭᠤᠷ ᠲᠥᠭᠦᠷᠢᠭ ᠪᠣᠯᠣᠨ᠎ᠠ᠃   ᠡᠨᠡ ᠬᠤᠶᠠᠷ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠣᠯ ᠲᠣᠰ ᠰᠤᠷᠭᠠᠭᠤᠯᠢ ᠶᠢ ᠬᠢᠨ ᠤ ᠥᠪᠡᠷᠲᠡᠭᠡᠨ ᠵᠠᠰᠠᠬᠤ ᠣᠷᠣᠨ ᠤ ︽ᠲᠠᠪᠤᠨ ᠶᠡᠭᠡ ᠡᠭᠦᠷᠭᠡ︾ ᠳᠤ ᠦᠢᠯᠡᠴᠢᠯᠡᠬᠦ ᠪᠠᠶᠢᠯᠳᠤᠬᠤ ᠪᠣᠳᠣᠯᠭ᠎ᠠ ᠶᠢ ᠪᠠᠶᠢᠷᠢ ᠲᠣᠭᠲᠠᠭᠠᠯᠲᠠ ᠪᠠ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠪᠠᠶᠢᠯᠳᠤᠬᠤ ᠪᠣᠳᠣᠯᠭ᠎ᠠ ᠲᠠᠢ ᠨᠢᠭᠲᠠ ᠤᠶᠠᠯᠳᠤᠭᠤᠯᠤᠨ᠂ ᠢᠯᠡ ᠲᠣᠳᠣ ᠣᠨᠴᠠᠯᠢᠭ ᠲᠠᠢ ᠲᠡᠷᠢᠭᠦᠨ ᠵᠡᠷᠬᠡ ᠶᠢᠨ ᠶᠡᠭᠡ ᠰᠤᠷᠭᠠᠭᠤᠯᠢ ᠶᠢ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠲᠠᠯ᠎ᠠ ᠨᠤᠲᠤᠭ ᠤᠨ ᠭᠡᠷ ᠤᠨ ᠲᠡᠵᠢᠭᠡᠪᠦᠷᠢ ᠶᠢ ᠡᠬᠦᠯᠳᠡᠷ ᠤᠨ ᠰᠢᠨ᠎ᠡ ᠶᠢ ᠡᠭᠦᠳᠬᠦ ᠬᠢᠭᠡᠳ ᠦᠷᠡᠵᠢᠭᠦᠯᠦ᠋ᠨ ᠪᠤᠶᠢᠵᠢᠭᠤᠯᠬᠤ ᠰᠠᠭᠤᠷᠢᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ ᠤᠨ ᠪᠠᠶᠢᠭᠤᠯᠤᠯᠲᠠ ᠨᠢ ᠤᠯᠤᠰ ᠤᠨ ᠪᠠᠶᠢᠳᠠᠯ᠂ ᠣᠷᠣᠨ ᠤ ᠪᠠᠶᠢᠳᠠᠯ ᠳᠤ ᠰᠠᠭᠤᠷᠢᠯᠠᠨ᠂ ᠣᠯᠠᠨ ᠤᠯᠤᠰ ᠤᠨ ᠡᠮᠦᠨ᠎ᠡ ᠡᠩᠨᠡᠬᠡᠨ ᠳᠤ ᠬᠤᠰᠢᠭᠤᠷᠠᠵᠤ ᠪᠠᠶᠢᠭ᠎ᠠ ᠵᠦᠢᠯ ᠳᠤ ᠠᠩᠬᠠᠷᠤᠯ ᠢᠶᠠᠨ ᠬᠠᠨᠳᠤᠭᠤᠯᠵᠤ᠂ ᠲᠠᠯ᠎ᠠ ᠨᠤᠲᠤᠭ ᠤᠨ ᠭᠡᠷ ᠤᠨ ᠲᠡᠵᠢᠭᠡᠪᠦᠷᠢ ᠶᠢ ᠰᠢᠯᠢᠳᠡᠭ ᠡᠭᠦᠯᠳᠡᠷ ᠤᠨ ︽ᠪᠣᠭᠤᠮᠢ︾ ᠠᠰᠠᠭᠤᠳᠠᠯ ᠢ ᠰᠶᠢᠳᠪᠦᠷᠢᠯᠡᠬᠦ ᠪᠠᠷ ᠬᠦᠴᠦᠯᠡᠨ ᠴᠢᠷᠮᠠᠶᠢᠵᠤ᠂ ᠮᠠᠨ ᠤ ᠤᠯᠤᠰ ᠤᠨ ᠠᠩᠬᠠᠳᠠᠭᠴᠢ ᠲᠠᠯ᠎ᠠ ᠨᠤᠲᠤᠭ ᠤᠨ ᠭᠡᠷ ᠤᠨ ᠲᠡᠵᠢᠭᠡᠪᠦᠷᠢ ᠶᠢ ᠲᠣᠮᠣ ᠠᠮᠢᠲᠠᠨ ᠤ ᠡᠬᠦᠯᠳᠡᠷ ᠤᠨ ᠰᠢᠨ᠎ᠡ ᠶᠢ ᠡᠭᠦᠳᠬᠦ ᠰᠤᠳᠤᠯᠭᠠᠨ ᠤ ᠲᠠᠪᠴᠠᠩ ᠢ ᠪᠠᠶᠢᠭᠤᠯᠬᠤ ᠪᠤᠯᠤᠨ᠎ᠠ᠃   ᠦᠪᠦᠷ ᠮᠤᠩᠭᠤᠯ ᠤᠨ ᠶᠡᠭᠡ ᠰᠤᠷᠭᠠᠭᠤᠯᠢ ᠨᠢᠳᠤᠨᠤᠨ ᠪᠥᠬᠦ ᠤᠯᠤᠰ ᠲᠤ ᠠᠩᠬᠠᠯᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠵᠢᠩᠬᠢᠨᠢ ᠠᠩᠭᠢ ᠶᠢ ᠲᠤᠰᠬᠠᠢ ᠮᠡᠷᠭᠡᠵᠢᠯ ᠭᠠᠷᠭᠠᠭᠰᠠᠨ ᠪᠥᠭᠡᠳ ᠹᠦᠳᠠᠨ ᠶᠡᠭᠡ ᠰᠤᠷᠭᠠᠭᠤᠯᠢ ᠲᠠᠢ ᠬᠠᠮᠲᠤ ᠪᠠᠷ ︽ᠮᠠᠲ᠋ᠧᠷᠢᠶᠠᠯ ᠤᠨ ᠬᠢᠮᠢ ᠶᠢ ᠰᠢᠨᠵᠢᠯᠡᠬᠦ ᠤᠬᠠᠭᠠᠨ ᠤ ᠰᠢᠨ᠎ᠡ ᠶᠢ ᠡᠭᠦᠳᠬᠦ ᠲᠥᠪ︾ ᠵᠡᠷᠭᠡ 2 ᠴᠢᠬᠤᠯᠠ ᠶᠡᠭᠡ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠵᠤ᠂ ᠰᠢᠨ᠎ᠡ ᠡᠨᠧᠷᠭᠢ ᠶᠢ ᠮᠠᠲ᠋ᠧᠷᠢᠶᠠᠯ᠂ ᠠᠮᠢᠳᠤ ᠪᠣᠳᠠᠰ ᠤᠨ ᠠᠨᠠᠭᠠᠬᠤ ᠤᠬᠠᠭᠠᠨ ᠵᠡᠷᠭᠡ ᠳᠠᠪᠠᠭᠤᠯᠢᠭ ᠣᠨᠴᠠᠯᠢᠭᠲᠤ ᠰᠢᠨᠵᠢᠯᠡᠭᠡᠨ ᠤ ᠰᠠᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠦ᠋ᠨ ᠰᠢᠨᠵᠢᠯᠡᠬᠦ ᠤᠬᠠᠭᠠᠨ ᠤ ᠰᠤᠳᠤᠯᠭᠠᠨ ᠤ ᠪᠤᠭᠤᠮᠳᠠ ᠰᠢᠪᠳᠤᠯᠬᠤ ᠠᠵᠢᠯ ᠢ ᠥᠷᠨᠢᠭᠦᠯᠦ᠋ᠭᠰᠡᠨ ᠪᠠᠶᠢᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠬᠡᠷᠡᠭᠴᠡᠭᠡ ᠪᠠ ᠬᠠᠷᠠᠯᠲᠠ ᠶᠢ ᠲᠣᠭᠤᠷᠢᠨ ᠳᠤ ︽ᠲᠣᠮᠣ ᠲᠠᠪᠴᠠᠩ ᠢ ᠪᠠᠶᠢᠭᠤᠯᠵᠤ᠂ ᠲᠣᠮᠣ ᠪᠦᠯᠬᠦᠮ ᠨᠡᠶ᠋ᠢᠲᠡ ᠶᠢ ᠨᠢᠭᠲᠠᠷᠠᠭᠤᠯᠤᠨ᠂ ᠲᠣᠮᠣ ᠲᠥᠷᠥᠯ ᠵᠦᠢᠯ ᠢ ᠡᠭᠦᠷᠭᠡᠯᠡᠵᠦ᠂ ᠲᠣᠮᠣ ᠦᠷ᠎ᠡ ᠪᠦᠲᠦᠭᠡᠯ ᠢ ᠭᠠᠷᠭᠠᠬᠤ︾ ᠰᠡᠳᠬᠢᠮᠵᠢ ᠪᠠᠷ᠂ ᠥᠪᠥᠷ ᠮᠣᠩᠭᠤᠯ ᠤᠨ ᠶᠡᠭᠡ ᠰᠤᠷᠭᠠᠭᠤᠯᠢ ᠳᠠᠪᠠᠭᠤᠯᠢᠭ ᠡᠬᠢ ᠪᠠᠶᠠᠯᠢᠭ ᠢ ᠨᠡᠶᠢᠳᠭᠡᠵᠦ᠂ ᠤᠯᠤᠰ ᠤᠨ ᠴᠢᠬᠤᠯᠠ ᠶᠡᠭᠡ ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ ᠢ ᠪᠠᠶᠢᠭᠤᠯᠵᠤ᠂ ᠰᠠᠭᠤᠷᠢ ᠰᠤᠳᠤᠯᠭᠠᠨ ᠪᠠ ᠬᠡᠷᠡᠭᠯᠡᠭᠡᠨ ᠤ ᠰᠤᠳᠤᠯᠭᠠᠨ ᠤ ᠬᠦᠷᠢᠶᠡᠨ ᠳᠤ ᠨᠢᠭᠡ ᠪᠦᠯᠦ᠋ᠭ ᠴᠢᠬᠤᠯᠠ ᠶᠡᠭᠡ᠂ ᠪᠡᠯᠭᠡ ᠲᠡᠮᠳᠡᠭ ᠤᠨ ᠴᠢᠨᠠᠷᠲᠠᠢ᠂ ᠠᠩᠬᠠᠨ ᠤ ᠡᠭᠦᠳᠦᠯᠲᠡ ᠶᠢ ᠦᠷ᠎ᠡ ᠪᠦᠲᠦᠭᠡᠯ ᠢ ᠣᠯᠬᠤ ᠪᠠᠷ ᠴᠢᠷᠮᠠᠶᠢᠵᠤ ᠪᠤᠢ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠢᠨᠵᠢᠯᠡᠭᠡᠨ ᠤ ᠰᠠᠯᠠᠭ᠎ᠠ ᠪᠠ ᠴᠢᠬᠤᠯᠠ ᠶᠡᠭᠡ ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ ᠤᠨ ᠰᠠᠭᠤᠷᠢ ᠪᠦᠲᠦᠭᠡᠨ ᠪᠠᠶᠢᠭᠤᠯᠤᠯᠲᠠ ᠶᠢ ᠲᠥᠷᠥᠯ ᠵᠦᠢᠯ ᠨᠢ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠰᠢᠨ᠎ᠡ ᠶᠢ ᠡᠭᠦᠳᠬᠦ ᠡᠬᠢ ᠪᠠᠶᠠᠯᠢᠭ ᠢ ᠨᠢᠭᠡᠳᠦᠯᠲᠡᠢ ᠲᠥᠯᠥ᠋ᠪᠯᠡᠨ ᠨᠡᠶᠢᠳᠭᠡᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠣᠷᠣᠨ ᠪᠦᠰᠡ ᠶᠢ ᠪᠠᠶᠢᠷᠢᠰᠢᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ᠂ ᠦᠢᠯᠡᠴᠢᠯᠡᠭᠡ ᠶᠢ ᠰᠢᠨ᠎ᠡ ᠬᠥᠭᠵᠢᠯᠲᠡ ᠶᠢ ᠪᠠᠶᠢᠷᠢᠰᠢᠯ ᠳᠤ ᠠᠭᠤᠰᠤᠯᠴᠠᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃    ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ ᠤᠨ ᠪᠦᠳᠦᠭᠡᠨ ᠪᠠᠶᠢᠭᠤᠯᠤᠯᠳᠠ ᠪᠤᠯ ᠰᠢᠨᠵᠢᠯᠡᠬᠦ ᠤᠬᠠᠭᠠᠨ ᠰᠤᠷᠭᠠᠨ ᠬᠦᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠤᠳᠤᠯᠭ᠎ᠠ᠂ ᠴᠢᠳᠠᠪᠤᠷᠢᠳᠠᠨ ᠢᠶᠠᠷ ᠤᠯᠤᠰ ᠢᠶᠠᠨ ᠬᠦᠴᠦᠷᠭᠡᠭᠵᠢᠬᠦᠯᠬᠦ ᠪᠠᠶᠢᠯᠳᠤᠬᠤ ᠪᠤᠳᠤᠯᠭ᠎ᠠ᠂ ᠰᠢᠨ᠎ᠡ ᠶᠢ ᠡᠬᠦᠳᠬᠦ ᠪᠠᠷ ᠬᠦᠳᠡᠯᠭᠡᠬᠦᠷ ᠪᠤᠯᠭᠠᠬᠤ ᠪᠠᠶᠢᠯᠳᠤᠬᠤ ᠪᠤᠳᠤᠯᠭ᠎ᠠ ᠶᠢ ᠭᠡᠷᠡᠭᠵᠢᠬᠦᠯᠬᠦ ᠬᠦᠴᠦᠳᠡᠢ ᠬᠦᠳᠡᠯᠭᠡᠬᠦᠷ ᠪᠠ ᠴᠢᠬᠤᠯᠠ ᠠᠴᠢᠶᠠᠯᠠᠪᠤᠷᠢ ᠪᠤᠯᠤᠨ᠎ᠠ᠃ ᠦᠪᠦᠷ ᠮᠤᠩᠭᠤᠯ ᠤᠨ ᠶᠡᠭᠡ ᠰᠤᠷᠭᠠᠭᠤᠯᠢ ᠳᠠᠪᠠᠭᠤᠯᠢᠭ ᠡᠬᠢ ᠪᠠᠶᠠᠯᠢᠭ ᠢᠶᠠᠨ ᠲᠥᠪᠯᠡᠷᠡᠭᠦᠯᠦ᠋ᠨ᠂ ᠣᠨᠴᠠᠯᠢᠭᠲᠤ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠳᠠ ᠶᠢ ᠴᠢᠩᠭᠠᠳᠬᠠᠵᠤ᠂ ᠴᠢᠬᠤᠯᠠ ᠶᠡᠭᠡ ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ ᠢ ᠪᠠᠶᠢᠭᠤᠯᠵᠤ᠂ ᠳᠡᠭᠡᠳᠦ ᠲᠠᠰ ᠳᠠᠪᠬᠤᠷᠭ᠎ᠠ ᠶᠢ ᠰᠢᠨ᠎ᠡ ᠶᠢ ᠡᠭᠦᠳᠬᠦ ᠴᠢᠳᠠᠪᠤᠷᠢᠲᠠᠨ ᠢ ᠲᠥᠪᠯᠡᠷᠡᠭᠦᠯᠦ᠋ᠨ ᠬᠥᠮᠥᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠴᠢᠳᠠᠪᠤᠷᠢᠲᠠᠨ ᠤ ᠲᠥᠪ ᠪᠠ ᠰᠢᠨ᠎ᠡ ᠶᠢ ᠡᠭᠦᠳᠬᠦ ᠥᠨᠳᠦᠷᠯᠢᠭ ᠢ ᠴᠢᠷᠮᠠᠶᠢᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠰᠠᠭᠤᠷᠢ ᠴᠢᠨᠠᠷᠲᠠᠢ᠂ ᠪᠠᠶᠢᠯᠳᠤᠬᠤ ᠪᠣᠳᠣᠯᠭ᠎ᠠ ᠶᠢ ᠴᠢᠨᠠᠷᠲᠠᠢ ᠲᠤᠯᠭᠠᠭᠤᠷᠢᠯᠠᠯ ᠬᠠᠩᠭᠠᠬᠤ ᠪᠤᠯᠤᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号