︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2023 ᠣᠨ ᠤ ᠦᠨᠳᠦᠰᠦᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠡᠭ︶᠎ ᠶᠢᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ︾᠎ ᠢ ᠳᠠᠷᠤᠮᠠᠯᠯᠠᠨ ᠶᠠᠪᠤᠭᠤᠯᠬᠤ ᠲᠤᠬᠠᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/4/6
   ᠬᠤᠷᠴᠢᠨ ᠪᠠᠷᠠᠭᠤᠨ ᠭᠠᠷᠤᠨ ᠳᠤᠮᠳᠠᠳᠤ ᠵᠠᠰᠠᠭ ᠠᠯᠪᠠᠨ ᠲᠠᠷᠬᠠᠭᠠᠭᠰᠠᠨ 〔2023〕 11 ᠳ᠋ᠤᠭᠡᠷ ᠲᠣᠭᠠᠲᠤ   ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2023 ᠣᠨ ᠤ ᠦᠨᠳᠦᠰᠦᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠡᠭ︶᠎ ᠶᠢᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ︾᠎ ᠢ ᠳᠠᠷᠤᠮᠠᠯᠯᠠᠨ ᠶᠠᠪᠤᠭᠤᠯᠬᠤ ᠲᠤᠬᠠᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠠᠵᠢᠯ ᠤᠨ ᠬᠡᠯᠲᠡᠰ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠲᠤ᠄    2023 ᠣᠨ ᠤ ᠦᠨᠳᠦᠰᠦᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠡᠮ ᠡᠮᠨᠡᠯᠭᠡ ᠶᠢᠨ ᠪᠠᠲᠤᠯᠠᠭ᠎ᠠ ᠶᠢᠨ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠤᠰᠠᠳᠠ᠂ ᠡᠳᠦᠭᠡ ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2023 ᠣᠨ ᠤ ᠦᠨᠳᠦᠰᠦᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠢᠭ᠋︶᠎ ᠶᠢᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ︾᠎ ᠢ ᠲᠠᠨᠠᠷ ᠲᠤ ᠤᠯᠠᠮᠵᠢᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠢ᠃    2023 ᠣᠨ ᠤ 2 ᠰᠠᠷ᠎ᠠ ᠶᠢᠨ 20᠎ ᠤ ᠡᠳᠦᠷ    ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2023 ᠣᠨ ᠤ ᠦᠨᠳᠦᠰᠦᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠡᠭ︶᠎ ᠶᠢᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ    ︽ᠬᠢᠩᠭᠠᠨ ᠠᠶᠢᠮᠠᠭ ᠤᠨ 2023 ᠣᠨ ᠤ ᠦᠨᠳᠦᠰᠦᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠢᠭ᠋︶᠎ ᠶᠢᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ︾᠎ ᠤᠨ ᠱᠠᠭᠠᠷᠳᠠᠯᠭ᠎ᠠ ᠶᠣᠰᠣᠭᠠᠷ᠂ ᠡᠮ ᠡᠮᠨᠡᠯᠭᠡ ᠶᠢᠨ ᠪᠠᠲᠤᠯᠠᠭ᠎ᠠ ᠶᠢᠨ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠢᠴᠡᠳᠬᠡᠬᠦ ᠦᠢᠯᠡᠴᠢᠯᠡᠭᠡ ᠶᠢ ᠳᠣᠷᠣᠭᠰᠢ ᠪᠠᠭᠤᠯᠭᠠᠬᠤ ᠶᠢ ᠠᠬᠢᠭᠤᠯᠬᠤ ᠶᠢᠨ ᠲᠤᠰᠠᠳᠠ᠂ ᠮᠠᠨ ᠤ ᠬᠤᠰᠢᠭᠤᠨ ᠤ ᠦᠨᠳᠦᠰᠦᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠢᠭ᠋︶᠎ ᠶᠢᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ ᠢ ᠲᠣᠭᠲᠠᠭᠠᠪᠠ᠃   ᠨᠢᠭᠡ᠂ ᠵᠢᠯᠤᠭᠤᠳᠬᠤ ᠦᠵᠡᠯ ᠰᠠᠨᠠᠭ᠎ᠠ   ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ  ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠳᠤ ᠰᠠᠭᠤᠷᠢᠯᠠᠵᠤ᠂ ᠡᠮᠴᠢᠯᠡᠭᠡᠨ ᠤ ᠪᠠᠲᠤᠯᠠᠭ᠎ᠠ ᠶᠢᠨ ᠳᠦᠷᠢᠮ ᠤᠨ ᠥᠭᠡᠷᠡᠴᠢᠯᠡᠯᠲᠡ ᠪᠠ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠠᠷᠲᠠᠨ ᠭᠦᠢᠴᠡᠳᠬᠡᠬᠦ ᠬᠠᠮᠢᠶᠠᠷᠤᠯᠲᠠ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠦᠢᠯᠡᠴᠢᠯᠡᠭᠡ ᠪᠠᠨ ᠳᠣᠷᠣᠭᠰᠢᠯᠠᠭᠤᠯᠬᠤ ᠶᠢ ᠶᠡᠭᠡ ᠪᠠᠷ ᠠᠬᠢᠭᠤᠯᠵᠤ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶᠎ ᠤ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠦᠢᠯᠡᠴᠢᠯᠡᠭᠡᠨ ᠢ ᠨᠢᠭᠡ ᠴᠣᠭᠴᠠᠵᠢᠭᠤᠯᠤᠭᠰᠠᠨ ᠪᠠᠶᠢᠷᠢᠰᠢᠯ ᠢ ᠪᠠᠶᠢᠭᠤᠯᠵᠤ᠂ ︽15 ᠮᠢᠨᠦ᠋ᠲ ᠤᠨ ᠡᠮᠴᠢᠯᠡᠭᠡᠨ ᠤ ᠳᠠᠭᠠᠳᠬᠠᠯ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠦᠷᠢᠶ᠎ᠡ︾᠎ ᠶᠢ ᠬᠦᠴᠦᠯᠡᠨ ᠪᠠᠶᠢᠭᠤᠯᠵᠤ᠂ ᠣᠯᠠᠨ ᠲᠦᠮᠡᠨ ᠳᠤ ᠦᠢᠯᠡᠴᠢᠯᠡᠬᠦ ᠳᠤ ︽ᠭᠡᠷ ᠤᠨ ᠡᠭᠦᠳᠡᠨ ᠳᠤ︾ ᠭᠦᠢᠴᠡᠳᠬᠡᠬᠦ ᠶᠢ ᠪᠡᠶᠡᠯᠡᠭᠦᠯᠦᠨ᠂ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠳᠤ ︽ᠡᠴᠦᠰ ᠤᠨ ᠨᠢᠭᠡ ᠺᠢᠯᠣᠮᠧᠲᠷ︾᠎ ᠤᠨ ᠠᠰᠠᠭᠤᠳᠠᠯ ᠢ ᠰᠢᠢᠳᠪᠦᠷᠢᠯᠡᠬᠦ ᠳᠤ ᠦᠢᠯᠡᠴᠢᠯᠡᠵᠦ᠂ ᠳᠠᠭᠤᠷᠢᠶᠠᠵᠤ ᠳᠡᠯᠭᠡᠷᠡᠭᠦᠯᠵᠦ ᠪᠣᠯᠬᠤ ᠲᠤᠷᠰᠢᠯᠭ᠎ᠠ ᠶᠢ ᠪᠣᠶ ᠪᠣᠯᠭᠠᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠦᠷᠭᠦᠯᠵᠢᠯᠡᠨ ᠳᠡᠭᠡᠭᠰᠢᠯᠡᠭᠦᠯᠦᠨ᠎ᠡ᠃   ᠬᠤᠶᠠᠷ᠂ ᠦᠨᠳᠦᠰᠦᠨ ᠵᠠᠷᠴᠢᠮ   ︵ᠨᠢᠭᠡ︶ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠨ᠎ᠡ᠃ ᠣᠯᠠᠨ ᠲᠦᠮᠡᠨ ᠤ ᠬᠡᠷᠡᠭᠴᠡᠭᠡ᠂ ᠬᠦᠰᠡᠯ᠂ ᠪᠣᠳᠣᠯ ᠤᠨ ᠲᠣᠭᠤᠷᠢᠨ ᠳᠤ᠂ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠦᠢᠯᠡᠴᠢᠯᠡᠭᠡ ᠶᠢ ᠰᠤᠮᠤ ᠪᠠᠯᠭᠠᠰᠤ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶᠎ ᠳᠤ ᠳᠣᠷᠣᠭᠰᠢ ᠪᠠᠭᠤᠯᠭᠠᠬᠤ ᠶᠢ ᠢᠳᠡᠪᠬᠢᠲᠡᠢ ᠪᠠᠷ ᠠᠬᠢᠭᠤᠯᠵᠤ᠂ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠪᠠᠶᠢᠭᠤᠯᠤᠮᠵᠢ᠂ ᠡᠭᠦᠷᠭᠡ ᠴᠢᠳᠠᠪᠤᠷᠢ᠂ ᠲᠤᠬᠠᠶᠢᠯᠠᠭᠰᠠᠨ ᠠᠵᠢᠯ ᠤᠨ ᠦᠵᠦᠭᠦᠷ ᠢ ᠤᠷᠢᠳ ᠢᠶᠠᠷ ᠪᠠᠶᠢᠷᠢᠯᠠᠭᠤᠯᠬᠤ᠂ ᠬᠢᠨᠠᠨ ᠵᠥᠪᠰᠢᠶᠡᠷᠡᠬᠦ ᠪᠣᠭᠤᠮᠲᠠ ᠶᠢ ᠤᠷᠢᠳ ᠢᠶᠠᠷ ᠰᠢᠯᠵᠢᠭᠦᠯᠬᠦ ᠶᠢ ᠠᠬᠢᠭᠤᠯᠵᠤ᠂ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾᠎ ᠢ ᠰᠠᠭᠠᠳ ᠦᠭᠡᠢ ᠨᠡᠪᠲᠡᠷᠡᠭᠦᠯᠦᠨ᠎ᠡ᠃    ︵ᠬᠤᠶᠠᠷ︶ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠎ᠠ᠃ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠂ ᠰᠤᠮᠤ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶᠎ ᠤ ᠡᠷᠡᠭᠦᠯ ᠬᠠᠮᠠᠭᠠᠯᠠᠯ ᠤᠨ ᠲᠠᠰᠤᠭ᠂ ᠪᠠᠩᠬᠢ ᠶᠢᠨ ᠲᠣᠣᠷ ᠴᠢᠭ᠋ ᠵᠡᠷᠭᠡ ᠳᠤ ᠲᠦᠰᠢᠭᠯᠡᠨ᠂ ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠢᠭ᠋︶᠎ ᠶᠢ ᠵᠦᠢ ᠵᠣᠬᠢᠰᠲᠠᠢ ᠪᠠᠶᠢᠷᠢᠯᠠᠭᠤᠯᠤᠨ᠎ᠠ᠃    ︵ᠭᠤᠷᠪᠠ︶ ᠪᠠᠷᠢᠮᠵᠢᠶ᠎ᠠ ᠶᠢᠨ ᠵᠢᠷᠤᠮᠵᠢᠯ᠃ ᠪᠦᠲᠦᠭᠡᠨ ᠪᠠᠶᠢᠭᠤᠯᠬᠤ ᠪᠠᠷᠢᠮᠵᠢᠶ᠎ᠠ ᠶᠢ ᠨᠢᠭᠡᠳᠦᠯᠲᠡᠢ ᠪᠣᠯᠭᠠᠵᠤ᠂ ᠲᠠᠯᠠᠪᠤᠷ ᠭᠠᠵᠠᠷ ᠤᠨ ᠪᠠᠶᠢᠷᠢᠯᠠᠭᠤᠯᠤᠯᠲᠠ᠂ ᠠᠵᠢᠯᠲᠠᠨ ᠤ ᠲᠣᠬᠢᠷᠠᠭᠤᠯᠤᠯᠲᠠ᠂ ᠦᠢᠯᠡᠴᠢᠯᠡᠭᠡᠨ ᠤ ᠵᠦᠢᠯᠡᠰ᠂ ᠬᠠᠮᠢᠶᠠᠷᠤᠯᠲᠠ ᠶᠢᠨ ᠠᠵᠢᠯᠯᠠᠭᠠᠨ ᠵᠡᠷᠭᠡ ᠶᠢ ᠵᠢᠷᠤᠮᠵᠢᠭᠤᠯᠤᠨ᠂ ︽ᠠᠵᠢᠯᠲᠠᠨ ᠲᠠᠢ᠂ ᠦᠢᠯᠡᠴᠢᠯᠡᠭᠡᠨ ᠤ ᠪᠠᠶᠢᠭᠤᠯᠤᠮᠵᠢ ᠶᠢᠨ ᠫᠠᠶᠢᠰᠠ ᠲᠠᠢ᠂ ᠭᠠᠷᠲᠠᠨ ᠭᠦᠢᠴᠡᠳᠬᠡᠬᠦ ᠴᠣᠩᠬᠤ ᠲᠠᠢ᠂ ᠰᠢᠰᠲ᠋ᠧᠮ ᠤᠨ ᠲᠥᠬᠦᠭᠡᠷᠦᠮᠵᠢ ᠲᠠᠢ᠂ ᠨᠢᠭᠡᠳᠦᠯᠲᠡᠢ ᠲᠡᠮᠳᠡᠭ ᠲᠠᠢ᠂ ᠠᠵᠢᠯ ᠤᠨ ᠳᠦᠷᠢᠮ ᠲᠠᠢ᠂ ᠦᠢᠯᠡᠴᠢᠯᠡᠭᠡᠨ ᠤ ᠵᠦᠢᠯᠡᠰ ᠤᠨ ᠨᠠᠷᠢᠨ ᠬᠠᠭᠤᠳᠠᠰᠤ ᠲᠠᠢ︾ ᠪᠠᠶᠢᠬᠤ ︽ᠲᠤᠯᠤᠭᠠᠨ ᠵᠦᠢᠯ ᠲᠠᠢ︾ ᠪᠠᠶᠢᠬᠤ ᠱᠠᠭᠠᠷᠳᠠᠯᠭ᠎ᠠ ᠶᠣᠰᠣᠭᠠᠷ᠂ ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠢᠭ᠋︶᠎ ᠶᠢ ᠵᠢᠷᠤᠮᠵᠢᠭᠤᠯᠤᠨ ᠪᠠᠷᠢᠮᠵᠢᠶᠠᠵᠢᠭᠤᠯᠬᠤ ᠶᠢ ᠪᠡᠶᠡᠯᠡᠭᠦᠯᠦᠨ᠎ᠡ᠃   ᠭᠤᠷᠪᠠ᠂ ᠬᠠᠷᠠᠯᠲᠠ ᠶᠢᠨ ᠡᠭᠦᠷᠭᠡ   2023 ᠣᠨ ᠳᠤ᠂ ︽ᠠᠷᠪᠠ ᠶᠢ ᠪᠣᠳᠠᠲᠠᠶᠢᠵᠢᠭᠤᠯᠬᠤ︾ ᠪᠠᠷᠢᠮᠵᠢᠶ᠎ᠠ ᠪᠠᠷ ᠰᠤᠮᠤ ᠪᠠᠯᠭᠠᠰᠤ ᠶᠢᠨ ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ᠨᠡᠶᠢᠲᠡ 12᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶᠎ ᠤ ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠴᠢᠭ᠋ ᠢ 139 ᠪᠠᠶᠢᠭᠤᠯᠵᠤ᠂ 11 ᠳ᠋ᠤᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠰᠤᠮᠤ ᠪᠠᠯᠭᠠᠰᠤ ᠶᠢᠨ ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ᠶᠢ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶᠎ ᠤ ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠴᠢᠭ᠋ ᠤᠨ ᠪᠦᠷᠬᠦᠴᠡ ᠶᠢ 70%᠎ ᠳᠤ ᠬᠦᠷᠦᠭᠦᠯᠦᠨ᠎ᠡ᠃   ᠳᠥᠷᠪᠡ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ   ᠬᠠᠷᠠᠯᠲᠠ ᠶᠢᠨ ᠡᠭᠦᠷᠭᠡ ᠶᠢ ᠥᠨᠳᠥᠷ ᠪᠦᠲᠦᠮᠵᠢᠲᠡᠶ ᠪᠡᠶᠡᠯᠡᠭᠦᠯᠬᠦ ᠶᠢ ᠠᠬᠢᠭᠤᠯᠬᠤ ᠶᠢᠨ ᠲᠥᠯᠥᠭᠡ᠂ ᠪᠥᠬᠦ ᠬᠤᠰᠢᠭᠤᠨ ᠤ ᠦᠨᠳᠦᠰᠦᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠡᠭ︶᠎ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠤᠨ᠎ᠠ᠃   ᠳᠤᠭᠤᠶᠢᠯᠠᠩ ᠤᠨ ᠳᠠᠷᠤᠭ᠎ᠠ᠄ ᠯᠢ ᠵᠢᠩ ᠭᠤᠸᠠᠩ   ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ   ᠳᠡᠳ᠋ ᠳᠤᠭᠤᠶᠢᠯᠠᠩ ᠤᠨ ᠳᠠᠷᠤᠭ᠎ᠠ᠄ ᠾᠧ ᠮᠠᠨ ᠼᠠᠩ    ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠳᠠᠷᠤᠭ᠎ᠠ   ᠪᠦᠷᠢᠯᠳᠦᠭᠦᠨ᠄ ᠯᠢᠦ ᠯᠢᠨ ᠵᠥᠩ   ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠳᠡᠳ᠋ ᠳᠠᠷᠤᠭ᠎ᠠ   ᠶᠤᠸᠠᠢ ᠰᠢᠶᠠᠩ     ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶᠠᠨ ᠤ ᠳᠡᠳ᠋ ᠳᠠᠷᠤᠭ᠎ᠠ   ᠯᠢᠦ ᠰᠢ   ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠬᠡᠨ ᠤ ᠳᠦᠪ ᠤᠨ ᠡᠷᠬᠢᠯᠡᠭᠴᠢ   ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ᠠᠯᠪᠠᠨ ᠭᠡᠷ ᠢ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ ᠲᠤ ᠪᠠᠶᠢᠷᠢᠯᠠᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠵᠢᠷᠭᠠᠯ ᠨᠥᠬᠦᠷ ᠬᠠᠪᠰᠤᠷᠭᠠᠨ ᠬᠠᠷᠢᠭᠤᠴᠠᠨ᠎ᠠ᠃ ᠬᠤᠰᠢᠭᠤᠨ ᠤ ᠤᠳᠤᠷᠢᠳᠤᠯᠭ᠎ᠠ ᠳᠤ ᠬᠤᠪᠢᠷᠠᠯᠲᠠ ᠭᠠᠷᠤᠭᠰᠠᠨ ᠠᠴᠠ ᠭᠠᠳᠠᠨ᠎ᠠ᠂ ᠪᠤᠰᠤᠳ ᠪᠦᠷᠢᠯᠳᠦᠭᠦᠨ ᠳᠤ ᠬᠤᠪᠢᠷᠠᠯᠲᠠ ᠭᠠᠷᠪᠠᠯ᠂ ᠰᠢᠨ᠎ᠡ ᠪᠠᠷ ᠲᠣᠮᠢᠯᠠᠭᠳᠠᠭᠰᠠᠨ ᠵᠣᠬᠢᠬᠤ ᠲᠤᠰᠢᠶᠠᠯ ᠤᠨ ᠬᠥᠮᠥᠰ ᠥᠪᠡᠷ ᠢᠶᠠᠨ ᠣᠷᠣᠯᠠᠵᠤ᠂ ᠳᠠᠭᠢᠵᠤ ᠠᠰᠲᠠᠭᠠᠨ ᠠᠯᠪᠠᠨ ᠪᠢᠴᠢᠭ ᠶᠠᠪᠤᠭᠤᠯᠬᠤ ᠦᠭᠡᠢ᠃   ᠲᠠᠪᠤ᠂ ᠠᠵᠢᠯ ᠤᠨ ᠠᠷᠭ᠎ᠠ ᠬᠡᠮᠵᠢᠶ᠎ᠡ   ︵ᠨᠢᠭᠡ︶ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠨᠢᠭᠡᠳᠦᠯᠲᠡᠢ ᠵᠢᠷᠤᠮᠵᠢᠭᠤᠯᠬᠤ ᠬᠡᠷᠡᠭᠲᠡᠢᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠢᠭ᠋︶᠎ ᠶᠢ ︽ᠠᠷᠪᠠ ᠶᠢ ᠪᠣᠳᠠᠲᠠᠶᠢᠵᠢᠭᠤᠯᠬᠤ︾ ᠪᠠᠷᠢᠮᠵᠢᠶ᠎ᠠ ᠶᠣᠰᠣᠭᠠᠷ ᠪᠦᠲᠦᠭᠡᠨ ᠪᠠᠶᠢᠭᠤᠯᠤᠨ᠎ᠠ᠃   1. ᠡᠭᠦᠷᠭᠡ ᠴᠢᠳᠠᠪᠤᠷᠢ ᠶᠢᠨ ᠡᠷᠬᠡ ᠣᠯᠭᠤᠯᠲᠠ ᠶᠢ ᠪᠣᠳᠠᠲᠠᠶᠢᠵᠢᠭᠤᠯᠤᠨ᠎ᠠ᠃ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠎ ᠶᠢᠨ ᠬᠠᠪᠰᠤᠷᠤᠨ ᠭᠦᠢᠴᠡᠳᠬᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠰᠠᠭᠤᠷᠢ ᠨᠠᠷᠢᠨ ᠲᠠᠩᠰᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶᠎ ᠤ ᠬᠠᠪᠰᠤᠷᠤᠨ ᠭᠦᠢᠴᠡᠳᠬᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠰᠠᠭᠤᠷᠢ ᠨᠠᠷᠢᠨ ᠲᠠᠩᠰᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠭᠠᠷᠳᠠᠨ ᠭᠦᠢᠴᠡᠳᠬᠡᠬᠦ ᠵᠦᠢᠯᠡᠰ ᠤᠨ ᠨᠠᠷᠢᠨ ᠲᠠᠩᠰᠠ︾᠎ ᠶᠢ ᠴᠢᠩᠭ᠎ᠠ ᠵᠢᠷᠤᠮᠯᠠᠨ᠂ ᠡᠷᠬᠡ ᠣᠯᠭᠤᠨ ᠨᠠᠶᠢᠳᠠᠵᠤ ᠰᠤᠮᠤ ᠪᠠᠯᠭᠠᠰᠤ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶᠎ ᠤ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠵᠦᠢᠯᠡᠰ ᠲᠤ ᠨᠠᠶᠢᠳᠠᠵᠤ᠂ ᠬᠠᠷᠢᠭᠤᠴᠠᠯᠭ᠎ᠠ ᠶᠢ ᠲᠣᠳᠣᠷᠬᠠᠶᠢᠯᠠᠨ᠂ ᠠᠵᠢᠯ ᠤᠨ ᠳᠦᠷᠢᠮ ᠢ ᠪᠠᠶᠢᠭᠤᠯᠵᠤ᠂ ᠲᠤᠬᠠᠶᠢᠯᠠᠭᠰᠠᠨ ᠠᠵᠢᠯ ᠤᠨ ᠵᠠᠯᠭᠠᠨ ᠵᠣᠯᠭᠠᠭᠤᠯᠬᠤ ᠶᠢᠨ ᠰᠠᠭᠠᠳ ᠦᠭᠡᠢ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠢ᠃   2. ᠦᠢᠯᠡᠴᠢᠯᠡᠭᠡᠨ ᠤ ᠲᠠᠯᠠᠪᠤᠷ ᠭᠠᠵᠠᠷ ᠢ ᠪᠣᠳᠠᠲᠠᠶᠢᠵᠢᠭᠤᠯᠤᠨ᠎ᠠ᠃ᠰᠤᠮᠤ ᠪᠠᠯᠭᠠᠰᠤ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶᠎ ᠤ ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠢᠭ᠋︶᠎ ᠳᠤ ᠠᠳᠠᠭ ᠲᠠᠭᠠᠨ ᠲᠣᠰ ᠲᠣᠰ 1 ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠴᠣᠩᠬᠤ ᠲᠣᠬᠢᠷᠠᠭᠤᠯᠬᠤ ᠶᠢᠨ ᠬᠠᠮᠲᠤ᠂ ᠬᠠᠮᠢᠶ᠎ᠠ ᠪᠦᠬᠦᠢ ᠲᠥᠬᠦᠭᠡᠷᠦᠮᠵᠢ ᠵᠢᠴᠢ ᠠᠷᠠᠳ ᠲᠤ ᠲᠥᠬᠦᠮ ᠦᠵᠡᠭᠦᠯᠬᠦ ᠪᠡᠯᠡᠳᠬᠡᠮᠵᠢ ᠶᠢ ᠲᠣᠬᠢᠷᠠᠭᠤᠯᠬᠤ ᠬᠡᠷᠡᠭᠲᠡᠢ᠃ ᠰᠠᠭᠤᠷᠢ ᠨᠥᠬᠦᠴᠡᠯ ᠢᠶᠠᠷ ᠨᠡᠯᠢᠶᠡᠳ ᠰᠠᠶᠢᠨ ᠭᠠᠵᠠᠷ ᠣᠷᠣᠨ ᠳᠤ ᠯᠠᠪᠯᠠᠭ᠎ᠠ ᠥᠭᠴᠦ ᠬᠥᠲᠥᠯᠥᠨ ᠵᠢᠯᠤᠭᠤᠳᠬᠤ᠂ ᠥᠪᠡᠰᠦᠪᠡᠨ ᠦᠢᠯᠡᠴᠢᠯᠡᠬᠦ ᠵᠡᠷᠭᠡ ᠶᠢ ᠲᠣᠬᠢᠷᠠᠭᠤᠯᠵᠤ ᠪᠣᠯᠣᠨ᠎ᠠ᠃   3. ᠦᠢᠯᠡᠴᠢᠯᠡᠭᠡᠨ ᠤ ᠲᠡᠮᠳᠡᠭ ᠢ ᠪᠣᠳᠠᠲᠠᠶᠢᠵᠢᠭᠤᠯᠬᠤ ᠬᠡᠷᠡᠭᠲᠡᠢ᠃ ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠢᠭ᠋︶᠎ ᠨᠢ ︽XX ᠰᠤᠮᠤ ᠪᠠᠯᠭᠠᠰᠤ ᠶᠢᠨ ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠥᠷᠲᠡᠭᠡ︾᠂ ︽XX ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶᠎ ᠤ ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠴᠢᠭ᠋︾᠎ ᠢ ᠨᠢᠭᠡᠳᠦᠯᠲᠡᠢ ᠡᠯᠭᠦᠵᠦ᠂ ᠶᠡᠷᠦᠩᠬᠡᠶᠢᠯᠡᠭᠰᠡᠨ ᠦᠢᠯᠡᠴᠢᠯᠡᠭᠡᠨ ᠤ ᠲᠢᠩᠬᠢᠮ ᠨᠢ ︽ᠳᠤᠮᠳᠠᠳᠤ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠠᠯᠪᠠᠨ ᠤ ᠲᠠᠯ᠎ᠠ ᠶᠢᠨ ᠲᠡᠮᠳᠡᠭ ᠢ ᠬᠡᠷᠡᠭᠯᠡᠬᠦ ᠬᠠᠮᠢᠶᠠᠷᠤᠯᠲᠠ ᠶᠢᠨ ᠠᠷᠭ᠎ᠠ ︵ᠲᠦᠷ ᠬᠡᠷᠡᠭᠵᠢᠭᠦᠯᠬᠦ︶︾᠎ ᠶᠢᠨ ᠲᠣᠭᠲᠠᠭᠠᠯ ᠶᠣᠰᠣᠭᠠᠷ᠂ ᠡᠮᠴᠢᠯᠡᠭᠡᠨ ᠤ ᠳᠠᠭᠠᠳᠬᠠᠯ ᠤᠨ ᠠᠯᠪᠠᠨ ᠤ ᠲᠠᠯ᠎ᠠ ᠶᠢᠨ ᠲᠡᠮᠳᠡᠭ᠂ ︽ᠳᠤᠮᠳᠠᠳᠤ ᠤᠯᠤᠰ ᠤᠨ ᠡᠮᠴᠢᠯᠡᠭᠡᠨ ᠤ ᠳᠠᠭᠠᠳᠬᠠᠯ ᠤᠨ ᠨᠢᠭᠡ ᠨᠠᠰᠤ ᠪᠠᠷ ᠢᠶᠠᠨ ᠰᠠᠬᠢᠨ ᠬᠠᠮᠠᠭᠠᠯᠠᠬᠤ︾ ᠦᠢᠯᠡᠴᠢᠯᠡᠭᠡᠨ ᠤ ᠤᠷᠢᠶ᠎ᠠ ᠪᠠ   4. ᠠᠵᠢᠯᠲᠠᠨ ᠤ ᠲᠣᠬᠢᠷᠠᠭᠤᠯᠤᠯᠲᠠ ᠶᠢ ᠪᠣᠳᠠᠲᠠᠶᠢᠵᠢᠭᠤᠯᠤᠨ᠎ᠠ᠃ᠲᠤᠷᠰᠢᠯᠲᠠ ᠶᠢᠨ ᠴᠢᠭ᠋ ᠤᠨ ᠨᠡᠶᠢᠭᠡᠮ ᠲᠣᠭᠤᠷᠢᠭ ᠨᠢ ᠲᠣᠰ ᠬᠠᠷᠢᠶ᠎ᠠ ᠣᠷᠣᠨ ᠤ ᠪᠠᠨ ᠪᠠᠶᠢᠷᠢᠰᠢᠭᠤᠯᠤᠯ᠂ ᠬᠥᠮᠥᠨ ᠠᠮᠠ ᠶᠢᠨ ᠬᠡᠪᠴᠢᠶ᠎ᠡ ᠵᠢᠴᠢ ᠣᠲᠣ ᠶᠢᠨ ᠪᠠᠶᠢᠭ᠎ᠠ ᠬᠠᠮᠢᠶᠠᠷᠤᠯᠲᠠ ᠦᠢᠯᠡᠴᠢᠯᠡᠭᠡᠨ ᠤ ᠪᠠᠶᠢᠭᠤᠯᠤᠮᠵᠢ ᠶᠢᠨ ᠪᠠᠶᠢᠳᠠᠯ ᠲᠠᠢ ᠪᠠᠨ ᠤᠶᠠᠯᠳᠤᠭᠤᠯᠤᠨ᠂ ᠲᠤᠰᠬᠠᠢ ᠬᠥᠮᠥᠨ ᠲᠤᠰᠬᠠᠢ ᠠᠵᠢᠯᠯᠠᠬᠤ᠂ ᠲᠤᠰᠢᠶᠠᠯ ᠬᠠᠪᠰᠤᠷᠭᠠᠨ ᠬᠢᠨᠠᠨ ᠬᠠᠮᠢᠶᠠᠷᠬᠤ ᠵᠡᠷᠭᠡ ᠠᠷᠭ᠎ᠠ ᠬᠡᠮᠵᠢᠶ᠎ᠡ ᠶᠢ ᠠᠪᠴᠤ᠂ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠴᠣᠩᠬᠤ ᠶᠢ ᠪᠠᠶᠢᠭᠤᠯᠬᠤ ᠬᠡᠷᠡᠭᠲᠡᠢ᠃ ᠵᠠᠷᠴᠢᠮ ᠳᠡᠭᠡᠷ᠎ᠡ ᠪᠠᠨ ᠠᠵᠢᠯᠲᠠᠨ ᠤ ᠲᠤᠭ᠎ᠠ ᠶᠢ 2 ᠬᠥᠮᠥᠨ ᠠᠴᠠ ᠳᠤᠲᠠᠭᠤ ᠪᠠᠶᠢᠯᠭᠠᠵᠤ ᠪᠣᠯᠬᠤ ᠦᠭᠡᠢ᠂ AB ᠠᠵᠢᠯ ᠤᠨ ᠪᠠᠶᠢᠷᠢ ᠳᠤ ᠡᠭᠡᠯᠵᠢᠯᠡᠨ ᠠᠵᠢᠯᠯᠠᠬᠤ ᠶᠢ ᠬᠡᠷᠡᠭᠵᠢᠭᠦᠯᠦᠨ᠎ᠡ᠃   5. ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠪᠣᠳᠠᠲᠠᠶᠢᠵᠢᠭᠤᠯᠤᠨ᠎ᠠ᠃ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠡᠭ︶᠎ ᠨᠢ ᠲᠤᠬᠠᠶᠢᠯᠠᠭᠰᠠᠨ ᠠᠵᠢᠯ ᠢᠶᠠᠨ ᠵᠢᠩᠬᠢᠨᠢ ᠪᠠᠷ ᠭᠦᠢᠴᠡᠳᠬᠡᠬᠦ ᠠᠴᠠ ᠡᠮᠦᠨ᠎ᠡ᠂ ᠬᠤᠰᠢᠭᠤᠨ ᠡᠮ ᠡᠮᠨᠡᠯᠭᠡ ᠶᠢᠨ ᠳᠠᠭᠠᠳᠬᠠᠯ ᠤᠨ ᠲᠥᠪ ᠨᠢ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠡᠭ︶᠎ ᠶᠢᠨ ᠠᠵᠢᠯᠲᠠᠳ ᠲᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠ ᠪᠣᠳᠠᠲᠤ ᠪᠣᠯᠪᠠᠰᠤᠷᠠᠯ ᠤᠨ ᠪᠣᠯᠪᠠᠰᠤᠷᠠᠭᠤᠯᠤᠯ ᠬᠢᠵᠦ᠂ ᠠᠵᠢᠯᠲᠠᠳ ᠤᠨ ᠪᠡᠶ᠎ᠡ ᠪᠠᠨ ᠳᠠᠭᠠᠭᠠᠵᠤ ᠬᠠᠮᠢᠶ᠎ᠠ ᠪᠦᠬᠦᠢ ᠠᠵᠢᠯ ᠢᠶᠠᠨ ᠥᠷᠨᠢᠭᠦᠯᠬᠦ ᠶᠢ ᠠᠬᠢᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠢᠭ᠋︶᠎ ᠨᠢ ᠲᠤᠬᠠᠶᠢᠯᠠᠭᠰᠠᠨ ᠠᠵᠢᠯ ᠢᠶᠠᠨ ᠵᠢᠩᠬᠢᠨᠢ ᠪᠠᠷ ᠭᠦᠢᠴᠡᠳᠬᠡᠭᠰᠡᠨ ᠡᠬᠢᠨ ᠤ ᠬᠤᠭᠤᠴᠠᠭᠠᠨ ᠳᠤ᠂ ᠬᠤᠰᠢᠭᠤᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ ᠤᠨ ᠭᠠᠷᠲᠠᠨ ᠭᠦᠢᠴᠡᠳᠬᠡᠬᠦ ᠠᠵᠢᠯᠲᠠᠨ ᠲᠣᠭᠤᠷᠢᠨ ᠵᠢᠯᠤᠭᠤᠳᠬᠤ᠂ ᠴᠢᠭ᠋ ᠲᠤ ᠰᠠᠭᠤᠵᠤ ᠤᠯᠠᠮᠵᠢᠯᠠᠬᠤ ᠬᠠᠪᠰᠤᠷᠬᠤ ᠳᠠᠭᠠᠭᠤᠯᠬᠤ ᠵᠡᠷᠭᠡ ᠠᠷᠭ᠎ᠠ ᠮᠠᠶ᠋ᠢᠭ ᠢᠶᠠᠷ ᠭᠠᠷ ᠭᠠᠷ ᠤᠨ ᠪᠣᠯᠪᠠᠰᠤᠷᠠᠭᠤᠯᠤᠯ ᠬᠢᠵᠦ᠂ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠢᠭ᠋︶᠎ ᠶᠢᠨ ᠠᠵᠢᠯᠲᠠᠨ ᠤ ᠭᠠᠷᠲᠠᠨ ᠭᠦᠢᠴᠡᠳᠬᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃   6. ᠭᠠᠷ ᠠᠪᠤᠯᠭ᠎ᠠ ᠶᠢᠨ ᠭᠠᠷ ᠠᠪᠤᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ᠃ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠭᠠᠷᠲᠠᠨ ᠭᠦᠢᠴᠡᠳᠬᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠨᠠᠷᠢᠨ ᠲᠠᠩᠰᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠭᠠᠷᠲᠠᠨ ᠭᠦᠢᠴᠡᠳᠬᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠠᠵᠢᠯᠯᠠᠭᠠᠨ ᠤ ᠵᠢᠷᠤᠮᠵᠢᠯ︾ ᠶᠣᠰᠣᠭᠠᠷ᠂ ᠮᠠᠨ ᠤ ᠬᠤᠰᠢᠭᠤᠨ ᠤ ᠦᠨᠳᠦᠰᠦᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠢᠭ᠋︶᠎ ᠶᠢᠨ ᠠᠵᠢᠯᠯᠠᠭᠠᠨ ᠤ ᠭᠠᠷ ᠳᠡᠪᠲᠡᠷ ᠢ ᠳᠠᠷᠤᠮᠯᠠᠨ᠎ᠠ᠃   7. ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠶᠢ ᠪᠣᠳᠠᠲᠠᠶᠢᠵᠢᠭᠤᠯᠤᠨ᠎ᠠ᠃ ᠸᠢᠴᠠᠲ ᠤᠨ ᠵᠢᠯᠤᠭᠤᠳᠬᠤ ᠪᠦᠯᠦᠭ ᠢ ᠪᠠᠶᠢᠭᠤᠯᠵᠤ᠂ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠶᠢ ᠱᠠᠲᠤ ᠳᠠᠷᠠᠭᠠᠯᠠᠨ ᠬᠢᠵᠦ᠂ ᠦᠨᠳᠦᠰᠦᠨ ᠱᠠᠲᠤᠨ ᠤ ᠴᠣᠩᠬᠤᠪᠴᠢ ᠦᠢᠯᠡᠴᠢᠯᠡᠭᠡᠨ ᠤ ᠳᠤᠮᠳᠠ ᠲᠤᠯᠭᠠᠷᠠᠭᠰᠠᠨ ᠲᠤᠬᠠᠶᠢᠯᠠᠭᠰᠠᠨ ᠠᠵᠢᠯ ᠤᠨ ᠬᠦᠴᠢᠷ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ᠃   8. ᠭᠠᠷᠲᠠᠨ ᠭᠦᠢᠴᠡᠳᠬᠡᠬᠦ ᠦᠢᠯᠡᠴᠢᠯᠡᠭᠡᠨ ᠤ ᠡᠬᠡ ᠲᠠᠩᠰᠠ ᠶᠢ ᠪᠣᠳᠠᠲᠠᠶᠢᠵᠢᠭᠤᠯᠤᠨ᠎ᠠ᠃ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠨᠢ ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠢᠭ᠋︶᠎ ᠶᠢ ᠵᠢᠯᠤᠭᠤᠳᠴᠤ ᠪᠠᠶᠢᠭᠠᠳ ᠬᠠᠷᠢᠶ᠎ᠠ ᠣᠷᠣᠨ ᠤ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠳᠤ ᠲᠣᠰ ᠲᠣᠰ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ᠂ ᠲᠤᠬᠠᠶᠢᠯᠠᠭᠰᠠᠨ ᠠᠵᠢᠯ ᠢ ᠭᠦᠢᠴᠡᠳᠬᠡᠬᠦ᠂ ᠡᠮᠴᠢᠯᠡᠭᠡᠨ ᠤ ᠵᠠᠷᠤᠳᠠᠯ ᠢ ᠭᠠᠷ ᠢᠶᠠᠷ ᠲᠠᠩᠰᠠ ᠲᠠᠶᠢᠯᠬᠤ ᠵᠡᠷᠭᠡ ᠠᠵᠢᠯ ᠤᠨ ᠡᠬᠡ ᠲᠠᠩᠰᠠ ᠪᠠᠶᠢᠭᠤᠯᠵᠤ᠂ ᠨᠡᠬᠡᠮᠵᠢᠯᠡᠵᠦ ᠪᠣᠯᠬᠤ᠂ ᠪᠠᠶᠢᠴᠠᠭᠠᠨ ᠰᠢᠯᠭᠠᠵᠤ ᠪᠣᠯᠬᠤ ᠶᠢ ᠪᠡᠶᠡᠯᠡᠭᠦᠯᠬᠦ ᠬᠡᠷᠡᠭᠲᠡᠢ᠃   9. ᠦᠢᠯᠡᠴᠢᠯᠡᠭᠡᠨ ᠤ ᠠᠴᠢᠶᠠᠯᠠᠭᠴᠢ ᠶᠢ ᠪᠣᠳᠠᠲᠠᠶᠢᠵᠢᠭᠤᠯᠤᠨ᠎ᠠ᠃ ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠢᠭ᠋︶᠎ ᠨᠢ ᠡᠮᠴᠢᠯᠡᠭᠡᠨ ᠤ ᠳᠠᠭᠠᠳᠬᠠᠯ ᠤᠨ ᠲᠤᠰᠬᠠᠢ ᠱᠤᠭᠤᠮ ᠪᠤᠶᠤ ᠡᠮᠴᠢᠯᠡᠭᠡᠨ ᠤ ᠳᠠᠭᠠᠳᠬᠠᠯ ᠤᠨ ᠦᠨᠳᠦᠰᠦᠨ ᠱᠠᠲᠤᠨ ᠤ ᠦᠢᠯᠡᠴᠢᠯᠡᠭᠡᠨ ᠤ ᠲᠠᠪᠴᠠᠩ ᠳᠤ ᠵᠠᠯᠭᠠᠨ ᠣᠷᠣᠭᠤᠯᠬᠤ ᠪᠠᠷ ᠳᠠᠮᠵᠢᠭᠤᠯᠤᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠶᠢ ᠪᠡᠶᠡᠯᠡᠭᠦᠯᠵᠦ᠂ ᠨᠥᠬᠦᠴᠡᠯ ᠲᠠᠢ ᠭᠠᠵᠠᠷ ᠣᠷᠣᠨ ᠨᠢ ᠦᠢᠯᠡᠴᠢᠯᠡᠭᠡᠨ ᠤ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠣᠯᠠᠨ ᠵᠦᠢᠯ ‍ᠦᠨ‌ᠡᠮᠴᠢᠯᠡᠭᠡᠨ ᠤ ᠳᠠᠭᠠᠳᠬᠠᠯ ᠤᠨ ᠲᠤᠰᠬᠠᠢ ᠱᠤᠭᠤᠮ ᠳᠤ ᠵᠠᠯᠭᠠᠵᠤ ᠣᠷᠣᠭᠤᠯᠤᠭᠰᠠᠨ ᠦᠢᠯᠡᠴᠢᠯᠡᠭᠡᠨ ᠤ ᠥᠷᠲᠡᠭᠡ ︵ᠴᠢᠭ᠋︶᠎ ᠨᠢ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠤᠨ ᠬᠡᠷᠡᠭᠯᠡᠬᠦ ᠱᠠᠭᠠᠷᠳᠠᠯᠭ᠎ᠠ ᠶᠣᠰᠣᠭᠠᠷ᠂ ᠰᠦᠯᠵᠢᠶᠡᠨ ᠤ ᠠᠮᠤᠷ ᠲᠦᠪᠰᠢᠨ ᠤ ᠬᠡᠷᠡᠭᠯᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠲᠤᠰᠬᠠᠢ ᠬᠥᠮᠥᠨ ᠲᠤᠰᠬᠠᠢ ᠨᠢᠰᠬᠡᠯ᠂ ᠲᠤᠰᠬᠠᠢ ᠰᠦᠯᠵᠢᠶ᠎ᠡ ᠶᠢ ᠲᠤᠰᠬᠠᠢ ᠬᠡᠷᠡᠭᠯᠡᠬᠦ ᠶᠢ ᠪᠡᠶᠡᠯᠡᠭᠦᠯᠵᠦ᠂ ᠰᠦᠯᠵᠢᠶᠡᠨ ᠤ ᠬᠡᠷᠡᠭᠯᠡᠯᠲᠡ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃   10. ᠲᠤᠬᠠᠶᠢᠯᠠᠭᠰᠠᠨ ᠠᠵᠢᠯ ᠤᠨ ᠮᠡᠳᠡᠭᠡ ᠵᠠᠩᠭᠢ ᠶᠢ ᠢᠯᠡ ᠪᠣᠯᠭᠠᠬᠤ ᠶᠢ ᠪᠣᠳᠠᠲᠠᠶᠢᠵᠢᠭᠤᠯᠤᠨ᠎ᠠ᠃ ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠢᠭ᠋︶᠎ ᠨᠢ ︽ᠳᠥᠷᠪᠡᠨ ᠬᠠᠮᠤᠭ ᠤᠨ︾ ︵ᠳᠠᠷᠤᠢ᠄ ᠭᠡᠷᠡᠴᠢᠯᠡᠬᠦ ᠮᠠᠲ᠋ᠧᠷᠢᠶᠠᠯ ᠢᠶᠠᠷ ᠬᠠᠮᠤᠭ ᠤᠨ ᠴᠥᠭᠡᠨ᠂ ᠬᠡᠷᠡᠭ ᠭᠦᠢᠴᠡᠳᠬᠡᠬᠦ ᠴᠤᠪᠤᠷᠠᠯ ᠢᠶᠠᠷ ᠬᠠᠮᠤᠭ ᠤᠨ ᠲᠥᠬᠦᠮ᠂ ᠭᠦᠢᠴᠡᠳᠬᠡᠬᠦ ᠴᠠᠭ ᠤᠨ ᠬᠢᠵᠠᠭᠠᠷ ᠢᠶᠠᠷ ᠬᠠᠮᠤᠭ ᠤᠨ ᠣᠬᠤᠷ᠂ ᠦᠢᠯᠡᠴᠢᠯᠡᠭᠡᠨ ᠤ ᠶᠠᠰᠤ ᠴᠢᠨᠠᠷ ᠢᠶᠠᠷ ᠬᠠᠮᠤᠭ ᠤᠨ ᠰᠢᠯᠢᠳᠡᠭ︶ ᠪᠠ ︽ᠵᠢᠷᠭᠤᠭ᠎ᠠ ᠶᠢ ᠨᠢᠭᠡᠳᠦᠯᠲᠡᠢ︾ ︵ᠳᠠᠷᠤᠢ᠄ ᠭᠠᠷᠲᠠᠨ ᠭᠦᠢᠴᠡᠳᠬᠡᠬᠦ ᠵᠦᠢᠯᠡᠰ ᠤᠨ ᠨᠡᠷᠡᠶᠢᠳᠦᠯ᠂ ᠭᠠᠷᠲᠠᠨ ᠭᠦᠢᠴᠡᠳᠬᠡᠬᠦ ᠠᠷᠭ᠎ᠠ ᠮᠠᠶ᠋ᠢᠭ ᠢ ᠨᠢᠭᠡᠳᠬᠡᠵᠦ᠂ ᠭᠠᠷᠲᠠᠨ ᠭᠦᠢᠴᠡᠳᠬᠡᠬᠦ ᠴᠤᠪᠤᠷᠠᠯ ᠢ ᠨᠢᠭᠡᠳᠬᠡᠵᠦ᠂ ᠭᠤᠶᠤᠴᠢᠯᠠᠨ ᠭᠦᠢᠴᠡᠳᠬᠡᠬᠦ ᠮᠠᠲ᠋ᠧᠷᠢᠶᠠᠯ ᠢ ᠨᠢᠭᠡᠳᠬᠡᠵᠦ᠂ ᠭᠦᠢᠴᠡᠳᠬᠡᠬᠦ ᠴᠠᠭ ᠤᠨ ᠬᠢᠵᠠᠭᠠᠷ ᠢ ᠨᠢᠭᠡᠳᠬᠡᠵᠦ᠂ ᠦᠢᠯᠡᠴᠢᠯᠡᠭᠡᠨ ᠤ ᠪᠠᠷᠢᠮᠵᠢᠶ᠎ᠠ ᠶᠢ ᠨᠢᠭᠡᠳᠬᠡᠨ᠎ᠡ︶ ᠶᠣᠰᠣᠭᠠᠷ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠵᠦᠢᠯᠡᠰ ᠤᠨ ᠨᠠᠷᠢᠨ ᠬᠠᠭᠤᠳᠠᠰᠤ ᠵᠢᠴᠢ ᠵᠦᠭᠯᠡᠭᠦᠷ ᠢ ᠭᠠᠳᠠᠭᠰᠢ ᠢᠯᠡ ᠨᠡᠶᠢᠲᠡᠯᠡᠨ᠎ᠡ᠃ ᠡᠭᠦᠨ ᠳᠤ ᠭᠠᠷᠲᠠᠨ ᠭᠦᠢᠴᠡᠳᠬᠡᠬᠦ ᠲᠤᠬᠠᠶᠢᠯᠠᠭᠰᠠᠨ ᠠᠵᠢᠯ ᠤᠨ ᠨᠡᠷᠡᠶᠢᠳᠦᠯ᠂ ᠦᠢᠯᠡᠴᠢᠯᠡᠬᠦ ᠡᠲᠡᠭᠡᠳ᠂ ᠭᠦᠢᠴᠡᠳᠬᠡᠬᠦ ᠠᠷᠭ᠎ᠠ ᠮᠠᠶ᠋ᠢᠭ᠂ ᠭᠦᠢᠴᠡᠳᠬᠡᠬᠦ ᠶᠠᠪᠤᠴᠠ᠂ ᠭᠦᠢᠴᠡᠳᠬᠡᠬᠦ ᠮᠠᠲ᠋ᠧᠷᠢᠶᠠᠯ᠂ ᠭᠦᠢᠴᠡᠳᠬᠡᠬᠦ ᠴᠠᠭ ᠤᠨ ᠬᠢᠵᠠᠭᠠᠷ᠂ ᠪᠠᠶᠢᠴᠠᠭᠠᠨ ᠯᠠᠪᠯᠠᠬᠤ ᠠᠷᠭ᠎ᠠ ᠮᠠᠶ᠋ᠢᠭ᠂ ᠬᠢᠨᠠᠯᠲᠠ ᠲᠠᠯᠪᠢᠬᠤ ᠳ᠋ᠢᠶᠠᠩᠬᠤᠸᠠ ᠵᠡᠷᠭᠡ ᠶᠢ ᠪᠠᠭᠲᠠᠭᠠᠬᠤ ᠶᠢᠨ ᠬᠠᠮᠲᠤ᠂ ᠡᠮᠴᠢᠯᠡᠭᠡᠨ ᠤ ᠳᠠᠭᠠᠳᠬᠠᠯ ᠤᠨ ᠤᠬᠠᠭᠤᠯᠭ᠎ᠠ ᠶᠢᠨ ᠮᠠᠲ᠋ᠧᠷᠢᠶᠠᠯ ᠢ ᠳᠡᠯᠭᠡᠨ ᠲᠠᠯᠪᠢᠬᠤ ᠶᠢᠨ ᠬᠠᠮᠲᠤ ᠴᠠᠭ ᠲᠤᠬᠠᠢ ᠳᠤᠨᠢ ᠰᠢᠨᠡᠳᠬᠡᠬᠦ ᠬᠡᠷᠡᠭᠲᠡᠢ᠃   ︵ᠬᠤᠶᠠᠷ︶ ᠦᠢᠯᠡᠴᠢᠯᠡᠭᠡᠨ ᠤ ᠵᠦᠢᠯᠡᠰ ᠢ ᠨᠢᠭᠡᠳᠦᠯᠲᠡᠢ ᠵᠢᠷᠤᠮᠵᠢᠭᠤᠯᠤᠨ᠎ᠠ   ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠨᠢ ︽ᠴᠢᠯᠦᠭᠡᠲᠡᠢ ᠲᠠᠯᠪᠢᠵᠤ ᠪᠣᠯᠬᠤ ᠶᠢ ᠵᠠᠪᠠᠯ ᠴᠢᠯᠦᠭᠡᠲᠡᠢ ᠲᠠᠯᠪᠢᠬᠤ᠂ ᠴᠢᠯᠦᠭᠡᠲᠡᠢ ᠲᠠᠯᠪᠢᠬᠤ ᠶᠣᠰᠣᠲᠠᠢ ᠶᠢ ᠨᠢ ᠪᠦᠬᠦᠨ ᠢ ᠴᠢᠯᠦᠭᠡᠲᠡᠢ ᠲᠠᠯᠪᠢᠬᠤ︾ ᠵᠠᠷᠴᠢᠮ ᠢ ᠴᠢᠩᠭ᠎ᠠ ᠵᠢᠷᠤᠮᠯᠠᠨ᠂ ᠰᠤᠮᠤ ᠪᠠᠯᠭᠠᠰᠤ ᠪᠠ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶᠎ ᠤ ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠢᠭ᠋︶᠎ ᠳᠤ ᠡᠷᠬᠡ ᠣᠯᠭᠤᠵᠤ᠂ ᠳᠣᠣᠷᠠᠬᠢ ᠮᠡᠲᠦ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠠᠵᠢᠯ ᠢ ᠥᠷᠨᠢᠭᠦᠯᠬᠦ ᠬᠡᠷᠡᠭᠲᠡᠢ᠃   1. ᠰᠤᠮᠤ ᠪᠠᠯᠭᠠᠰᠤ ᠶᠢᠨ ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ᠶᠢᠨ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠵᠦᠢᠯᠡᠰ᠄ ︵1︶ ᠨᠢᠭᠡᠴᠡ ᠶᠢᠨ ᠳᠠᠭᠠᠳᠬᠠᠯ ᠳᠤ ᠣᠷᠣᠯᠴᠠᠭᠰᠠᠨ ᠳᠠᠩᠰᠠᠯᠠᠯᠲᠠ︔ ︵2︶ ᠠᠵᠢᠯᠲᠠᠨ ᠠᠵᠢᠯᠴᠢᠨ ᠤ ᠳᠠᠭᠠᠳᠬᠠᠯ ᠳᠤ ᠣᠷᠣᠯᠴᠠᠭᠰᠠᠨ ᠳᠠᠩᠰᠠᠯᠠᠯᠲᠠ︔ ︵3︶ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠭᠰᠠᠨ ᠮᠡᠳᠡᠭᠡ ᠵᠠᠩᠭᠢ ᠶᠢ ᠬᠤᠪᠢᠷᠠᠭᠤᠯᠬᠤ ᠳᠠᠩᠰᠠᠯᠠᠯᠲᠠ︔︵4︶ᠡᠭᠦᠳᠡᠨ ᠡᠮᠨᠡᠯᠭᠡ ᠶᠢᠨ ᠵᠠᠷᠤᠳᠠᠯ ᠢ ᠳᠠᠩᠰᠠᠨ ᠠᠴᠠ ᠲᠠᠶᠢᠯᠬᠤ︔ ︵5︶ ᠡᠮᠨᠡᠯᠭᠡ ᠳᠤ ᠰᠠᠭᠤᠭᠰᠠᠨ ᠵᠠᠷᠤᠳᠠᠯ ᠢ ᠳᠠᠩᠰᠠᠨ ᠠᠴᠠ ᠲᠠᠶᠢᠯᠤᠨ᠎ᠠ;︵6︶ ᠬᠥᠩᠭᠡᠵᠢᠬᠦ ᠠᠴᠠ ᠡᠮᠦᠨᠡᠬᠢ ᠪᠠᠶᠢᠴᠠᠭᠠᠯᠲᠠ ᠶᠢᠨ ᠵᠠᠷᠤᠳᠠᠯ ᠢ ᠥᠭᠬᠦ︔ ︵7︶ ᠬᠥᠩᠭᠡᠵᠢᠯ ᠤᠨ ᠡᠮᠴᠢᠯᠡᠭᠡᠨ ᠤ ᠵᠠᠷᠤᠳᠠᠯ ᠢ ᠥᠭᠬᠦ︔︵8︶ ᠲᠥᠯᠥᠪᠯᠡᠭᠡ ᠲᠠᠢ ᠪᠠᠷ ᠬᠡᠦᠬᠡᠳ ᠠᠪᠬᠤ ᠡᠮ ᠡᠮᠨᠡᠯᠭᠡ ᠶᠢᠨ ᠵᠠᠷᠤᠳᠠᠯ ᠢ ᠥᠭᠬᠦ︔ ︵9︶ ᠦᠷᠡᠵᠢᠯ ᠤᠨ ᠨᠥᠬᠦᠪᠦᠷᠢ ᠮᠥᠩᠭᠦ ᠥᠭᠬᠦ;︵10︶ ᠡᠮ ᠡᠮᠨᠡᠯᠭᠡ ᠶᠢᠨ ᠠᠪᠤᠷᠠᠨ ᠲᠤᠰᠠᠯᠠᠯᠲᠠ ᠬᠦᠷᠲᠡᠬᠦ ᠡᠲᠡᠭᠡᠳ ᠭᠠᠷ ᠢᠶᠠᠷ ᠳᠠᠩᠰᠠ ᠲᠠᠶᠢᠯᠬᠤ ︵ᠬᠡᠰᠡᠭ ᠪᠤᠰᠠᠭ︶ ᠎ ᠪᠠᠷ ᠳᠠᠩᠰᠠ ᠲᠠᠶᠢᠯᠬᠤ︔ ︵11︶ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠭᠰᠠᠨ ᠳᠠᠩᠰᠠᠯᠠᠯᠲᠠ︔ ︵12︶ ᠳᠠᠭᠠᠳᠬᠠᠯ ᠲᠤ ᠣᠷᠣᠯᠴᠠᠭᠰᠠᠨ ᠨᠢᠭᠡᠴᠡ ᠶᠢᠨ ᠳᠠᠭᠠᠳᠬᠠᠯ ᠟ ᠲᠤ ᠣᠷᠣᠯᠴᠠᠭᠰᠠᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ︵13︶ ᠳᠠᠭᠠᠳᠬᠠᠯ ᠳᠤ ᠣᠷᠣᠭᠰᠠᠳ ᠤᠨ ᠳᠠᠭᠠᠳᠬᠠᠯ ᠳᠤ ᠣᠷᠣᠯᠴᠠᠭᠰᠠᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ︔ ︵14︶ ᠣᠨᠳᠣᠣ ᠭᠠᠵᠠᠷ ᠲᠤ ᠲᠥᠪᠬᠢᠨᠡᠭᠦᠯᠦᠭᠰᠡᠨ ᠠᠵᠢᠯ ᠠᠴᠠ ᠪᠠᠨ ᠪᠠᠭᠤᠵᠤ ᠠᠮᠠᠷᠠᠭᠰᠠᠳ ᠢ ᠳᠠᠩᠰᠠᠯᠠᠬᠤ︔ ︵15︶ ᠣᠨᠳᠣᠣ ᠭᠠᠵᠠᠷ ᠲᠤ ᠤᠷᠳᠤ ᠬᠤᠭᠤᠴᠠᠭ᠎ᠠ ᠪᠠᠷ ᠣᠷᠣᠰᠢᠨ ᠰᠠᠭᠤᠭᠰᠠᠳ ᠢ ᠳᠠᠩᠰᠠᠯᠠᠭᠤᠯᠬᠤ︔ ︵16︶ ᠣᠨᠳᠣᠣ ᠭᠠᠵᠠᠷ ᠲᠤ ᠪᠠᠶᠢᠩᠭᠤ ᠰᠠᠭᠤᠭ᠎ᠠ ᠠᠵᠢᠯᠲᠠᠨ ᠢ ᠳᠠᠩᠰᠠᠯᠠᠭᠤᠯᠤᠨ᠎ᠠ︔ ︵17︶ ᠣᠨᠳᠣᠣ ᠭᠠᠵᠠᠷ ᠲᠤ ᠰᠢᠯᠵᠢᠭᠦᠯᠦᠨ ᠡᠮᠨᠡᠭᠦᠯᠬᠦ ᠬᠥᠮᠥᠰ ᠢ ᠳᠠᠩᠰᠠᠯᠠᠭᠤᠯᠤᠨ᠎ᠠ᠃    2. ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶᠎ ᠤ ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠴᠢᠭ᠋ ᠤᠨ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠵᠦᠢᠯᠡᠰ᠄ ︵1︶ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠭᠰᠠᠨ ᠳᠠᠩᠰᠠᠯᠠᠯᠲᠠ︔ ︵2︶ ᠳᠠᠭᠠᠳᠬᠠᠯ ᠳᠤ ᠣᠷᠣᠯᠴᠠᠭᠰᠠᠨ ᠨᠢᠭᠡᠴᠡ ᠶᠢᠨ ᠳᠠᠭᠠᠳᠬᠠᠯ ᠳᠤ ᠣᠷᠣᠯᠴᠠᠭᠰᠠᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ︔ ︵3︶ ᠳᠠᠭᠠᠳᠬᠠᠯ ᠳᠤ ᠣᠷᠣᠭᠰᠠᠳ ᠤᠨ ᠳᠠᠭᠠᠳᠬᠠᠯ ᠳᠤ ᠣᠷᠣᠯᠴᠠᠭᠰᠠᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ︔ ︵4︶ ᠣᠨᠳᠣᠣ ᠭᠠᠵᠠᠷ ᠲᠤ ᠲᠥᠪᠬᠢᠨᠡᠭᠦᠯᠦᠭᠰᠡᠨ ᠠᠵᠢᠯ ᠠᠴᠠ ᠪᠠᠨ ᠪᠠᠭᠤᠵᠤ ᠠᠮᠠᠷᠠᠭᠰᠠᠳ ᠢ ᠳᠠᠩᠰᠠᠯᠠᠬᠤ︔ ︵5︶ ᠣᠨᠳᠣᠣ ᠭᠠᠵᠠᠷ ᠲᠤ ᠤᠷᠳᠤ ᠬᠤᠭᠤᠴᠠᠭ᠎ᠠ ᠪᠠᠷ ᠣᠷᠣᠰᠢᠨ ᠰᠠᠭᠤᠭᠰᠠᠳ ᠢ ᠳᠠᠩᠰᠠᠯᠠᠬᠤ︔ ︵6︶ ᠣᠨᠳᠣᠣ ᠭᠠᠵᠠᠷ ᠲᠤ ᠪᠠᠶᠢᠩᠭᠤ ᠰᠠᠭᠤᠭ᠎ᠠ ᠠᠵᠢᠯᠲᠠᠨ ᠢ ᠳᠠᠩᠰᠠᠯᠠᠭᠤᠯᠤᠨ᠎ᠠ︔ ︵7︶ ᠣᠨᠳᠣᠣ ᠭᠠᠵᠠᠷ ᠲᠤ ᠰᠢᠯᠵᠢᠭᠦᠯᠦᠨ ᠡᠮᠨᠡᠭᠦᠯᠦᠭᠰᠡᠳ ᠢ ᠳᠠᠩᠰᠠᠯᠠᠭᠤᠯᠤᠨ᠎ᠠ᠃   ᠵᠢᠷᠭᠤᠭ᠎ᠠ᠂ ᠬᠡᠷᠡᠭᠵᠢᠭᠦᠯᠬᠦ ᠠᠯᠬᠤᠮ ᠳᠠᠷᠠᠭ᠎ᠠ   ︵ᠨᠢᠭᠡ︶ ᠳᠠᠶᠢᠴᠢᠯᠠᠨ ᠪᠠᠶᠢᠷᠢᠯᠠᠭᠤᠯᠬᠤ ︵2 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ︶᠃ᠡᠯ᠎ᠡ ᠰᠤᠮᠤ ᠪᠠᠯᠭᠠᠰᠤ ᠶᠢᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠥᠰᠥᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠪᠣᠳᠠᠲᠠᠢ ᠪᠠᠶᠢᠳᠠᠯ ᠲᠠᠢ ᠪᠠᠨ ᠤᠶᠠᠯᠳᠤᠭᠤᠯᠵᠤ᠂ ᠡᠭᠦᠷᠭᠡ ᠶᠢ ᠵᠠᠳᠠᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠦᠨᠳᠦᠰᠦᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠢᠭ᠋︶᠎ ᠶᠢᠨ ᠪᠦᠲᠦᠭᠡᠨ ᠪᠠᠶᠢᠭᠤᠯᠤᠯᠲᠠ ᠶᠢᠨ ᠨᠠᠷᠢᠨ ᠲᠠᠩᠰᠠ ︵ᠳᠠᠭᠠᠯᠳᠤᠭᠤᠯᠤᠯ 2᠂ 3︶᠎ ᠶᠢ ᠲᠣᠳᠣᠷᠬᠠᠶᠢᠯᠠᠵᠤ᠂ ᠠᠵᠢᠯ ᠢ ᠠᠬᠢᠭᠤᠯᠬᠤ ᠡᠬᠡ ᠲᠠᠩᠰᠠ ᠪᠠᠶᠢᠭᠤᠯᠵᠤ᠂ 2 ᠳ᠋ᠤᠭᠠᠷ ᠰᠠᠷ᠎ᠠ ᠶᠢᠨ 22᠎ ᠤᠨ ᠡᠳᠦᠷ ᠠᠴᠠ ᠡᠮᠦᠨ᠎ᠡ ᠬᠡᠷᠡᠭᠵᠢᠭᠦᠯᠬᠦ ᠲᠥᠰᠥᠯ᠂ ᠪᠦᠲᠦᠭᠡᠨ ᠪᠠᠶᠢᠭᠤᠯᠤᠯᠲᠠ ᠶᠢᠨ ᠨᠠᠷᠢᠨ ᠲᠠᠩᠰᠠ ᠪᠠ ᠠᠵᠢᠯ ᠤᠨ ᠡᠬᠡ ᠲᠠᠩᠰᠠ ᠪᠠᠨ ᠬᠤᠰᠢᠭᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠳᠤ ᠮᠡᠳᠡᠭᠦᠯᠵᠦ ᠳᠠᠩᠰᠠᠯᠠᠭᠤᠯᠤᠨ᠎ᠠ᠃   ︵ᠬᠤᠶᠠᠷ︶ ᠨᠢᠭᠡᠳᠦᠯᠲᠡᠢ ᠲᠥᠯᠥᠪᠯᠡᠨ ᠠᠬᠢᠭᠤᠯᠤᠨ᠎ᠠ ︵11 ᠳ᠋ᠦᠭᠡᠷ ᠰᠠᠷ᠎ᠠ ᠶᠢᠨ ᠳᠤᠮᠳᠠᠴᠢ ᠎ ᠠᠴᠠ ᠡᠮᠦᠨ᠎ᠡ︶ ᠃ ᠣᠨ ᠤ ᠲᠤᠰᠬᠠᠢ ᠠᠵᠢᠯ ᠤᠨ ᠲᠣᠬᠢᠷᠠᠭᠤᠯᠤᠯᠲᠠ ᠶᠣᠰᠣᠭᠠᠷ᠂ ᠪᠦᠭᠦ ᠬᠤᠰᠢᠭᠤᠨ ᠤ ᠨᠢᠭᠡᠳᠦᠭᠡᠷ ᠤᠯᠠᠷᠢᠯ ᠳᠤ ᠣᠨ ᠤ ᠡᠭᠦᠷᠭᠡ ᠶᠢᠨ 50 ᠎ ᠶᠢ ᠪᠡᠶᠡᠯᠡᠭᠦᠯᠵᠦ᠂ ᠬᠤᠶᠠᠳᠤᠭᠠᠷ ᠤᠯᠠᠷᠢᠯ ᠳᠤ ᠣᠨ ᠤ ᠡᠭᠦᠷᠭᠡ ᠶᠢᠨ 70 ᠎ ᠶᠢ ᠪᠡᠶᠡᠯᠡᠭᠦᠯᠵᠦ᠂ ᠭᠤᠷᠪᠠᠳᠤᠭᠠᠷ ᠤᠯᠠᠷᠢᠯ ᠳᠤ ᠣᠨ ᠤ ᠡᠭᠦᠷᠭᠡ ᠶᠢᠨ 95 ᠎ ᠶᠢ ᠪᠡᠶᠡᠯᠡᠭᠦᠯᠵᠦ᠂ 11 ᠰᠠᠷ᠎ᠠ ᠶᠢᠨ ᠰᠡᠭᠦᠯᠴᠢ ᠠᠴᠠ ᠡᠮᠦᠨ᠎ᠡ 100 ᠎ ᠪᠠᠷ ᠣᠨ ᠤ ᠡᠭᠦᠷᠭᠡ ᠪᠠᠨ ᠪᠡᠶᠡᠯᠡᠭᠦᠯᠦᠨ᠎ᠡ᠃ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠦᠨᠳᠦᠰᠦᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠢᠭ᠋︶᠎ ᠳᠤ ᠤᠯᠠᠷᠢᠯ ᠤᠯᠠᠷᠢᠯ ᠢᠶᠠᠷ ᠰᠤᠭᠤᠴᠢᠨ ᠪᠠᠶᠢᠴᠠᠭᠠᠯᠲᠠ ᠬᠢᠵᠦ᠂ 5 ᠲᠣᠰᠬᠤᠨ ᠎ ᠠᠴᠠ ᠳᠤᠲᠠᠭᠤ ᠦᠭᠡᠢ ᠰᠤᠭᠤᠴᠢᠨ ᠪᠠᠶᠢᠴᠠᠭᠠᠯᠲᠠ ᠬᠢᠨ᠎ᠡ᠃   ︵ᠭᠤᠷᠪᠠ︶ ᠶᠡᠷᠦᠩᠬᠡᠢ ᠳᠤᠨᠢ ᠰᠢᠯᠭᠠᠨ ᠠᠪᠬᠤ ︵12 ᠳ᠋ᠤᠭᠠᠷ ᠰᠠᠷ᠎ᠠ ᠶᠢᠨ ᠳᠤᠮᠳᠠᠴᠢ ᠠᠴᠠ ᠡᠮᠦᠨ᠎ᠡ︶᠃ᠬᠤᠰᠢᠭᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠨᠢ 10 ᠳ᠋ᠤᠭᠠᠷ ᠰᠠᠷ᠎ᠠ ᠶᠢᠨ ᠳᠤᠮᠳᠠᠴᠢ ᠎ ᠠᠴᠠ ᠡᠮᠦᠨ᠎ᠡ ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠢᠭ᠋︶᠎ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠵᠠᠷᠯᠠᠨ ᠮᠡᠳᠡᠭᠳᠡᠵᠦ᠂ 11 ᠳ᠋ᠦᠭᠡᠷ ᠰᠠᠷ᠎ᠠ ᠶᠢᠨ 30᠎ ᠤ ᠡᠳᠦᠷ ᠠᠴᠠ ᠡᠮᠦᠨ᠎ᠡ ᠪᠦᠲᠦᠭᠡᠨ ᠪᠠᠶᠢᠭᠤᠯᠤᠯᠲᠠ ᠶᠢᠨ ᠠᠵᠢᠯ ᠢᠶᠠᠨ ᠪᠡᠶᠡᠯᠡᠭᠦᠯᠦᠭᠰᠡᠨ ᠪᠠᠶᠢᠳᠠᠯ ᠢᠶᠠᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠠᠶᠢᠮᠠᠭ ᠤᠨ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠳᠤ ᠮᠡᠳᠡᠭᠦᠯᠬᠦ ᠬᠡᠷᠡᠭᠲᠡᠢ᠃   ᠳᠣᠯᠤᠭ᠎ᠠ᠂ ᠠᠵᠢᠯ ᠤᠨ ᠱᠠᠭᠠᠷᠳᠠᠯᠭ᠎ᠠ   ︵ᠨᠢᠭᠡ︶ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠳᠲᠡᠷ ᠲᠦᠷᠭᠡᠨ ᠪᠠᠶᠢᠷᠢᠯᠠᠭᠤᠯᠬᠤ ᠬᠡᠷᠡᠭᠲᠡᠢ᠃ ᠦᠨᠳᠦᠰᠦᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠢᠭ᠋︶᠎ ᠶᠢᠨ ᠪᠦᠲᠦᠭᠡᠨ ᠪᠠᠶᠢᠭᠤᠯᠤᠯᠲᠠ ᠪᠣᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 2023 ᠣᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾᠎ ᠤᠨ ᠭᠤᠣᠯᠳᠠᠯᠭ᠎ᠠ ᠲᠠᠢ ᠠᠵᠢᠯ ᠤᠨ ᠡᠭᠦᠷᠭᠡ ᠪᠠ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠪᠠᠶᠢᠷᠢᠯᠠᠭᠤᠯᠤᠭᠰᠠᠨ ᠨᠢᠭᠡ ᠵᠦᠢᠯ ᠤᠨ ᠭᠤᠣᠯᠳᠠᠯᠭ᠎ᠠ ᠲᠠᠢ ᠠᠵᠢᠯ ᠮᠥᠨ᠂ ᠨᠠᠩ ᠴᠤ ᠡᠮ ᠡᠮᠨᠡᠯᠭᠡ ᠶᠢᠨ ᠳᠠᠭᠠᠳᠬᠠᠯ ᠤᠨ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾᠎ ᠢ ᠰᠢᠢᠳᠪᠦᠷᠢᠯᠡᠬᠦ ᠠᠷᠠᠳ ‍ᠤᠨ‌ᠡᠯ᠎ᠡ ᠰᠤᠮᠤ ᠪᠠᠯᠭᠠᠰᠤ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠢᠭᠡᠳᠦᠭᠡᠷ ᠬᠠᠷᠢᠭᠤᠴᠠᠯᠭᠠᠲᠠᠨ ᠢᠶᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠤᠳᠤᠷᠢᠳᠬᠤ ᠳᠤᠭᠤᠶᠢᠯᠠᠩ ᠢ ᠲᠦᠷᠭᠡᠨ ᠪᠠᠶᠢᠭᠤᠯᠵᠤ᠂ ᠠᠵᠢᠯ ᠤᠨ ᠲᠥᠰᠥᠯ ᠢᠶᠠᠨ ᠰᠤᠳᠤᠯᠤᠨ᠂ ᠪᠣᠳᠠᠲᠠᠢ ᠠᠷᠭ᠎ᠠ ᠬᠡᠮᠵᠢᠶ᠎ᠡ ᠲᠣᠭᠲᠠᠭᠠᠵᠤ᠂ ᠨᠢᠭᠡᠳᠦᠯᠲᠡᠢ ᠲᠥᠯᠥᠪᠯᠡᠨ ᠪᠠᠶᠢᠷᠢᠯᠠᠭᠤᠯᠵᠤ ᠲᠣᠬᠢᠷᠠᠭᠤᠯᠤᠨ᠂ ᠠᠵᠢᠯ ᠢᠶᠠᠨ ᠲᠦᠷᠭᠡᠳᠬᠡᠨ ᠠᠬᠢᠭᠤᠯᠵᠤ᠂ ᠡᠭᠦᠷᠭᠡ ᠪᠠᠨ ᠤᠷᠤᠭᠰᠢᠲᠠᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃    ︵ᠬᠤᠶᠠᠷ︶ ᠲᠣᠬᠢᠷᠠᠭᠤᠯᠤᠯᠲᠠ ᠶᠢ ᠴᠢᠩᠭᠠᠳᠬᠠᠵᠤ᠂ ᠡᠬᠡ ᠲᠠᠩᠰᠠ ᠶᠢ ᠰᠠᠶᠢᠲᠤᠷ ᠬᠢᠨ᠎ᠡ᠃ ᠬᠤᠰᠢᠭᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠬᠠᠷᠠᠯᠲᠠᠲᠤ ᠡᠭᠦᠷᠭᠡ ᠶᠢ ᠨᠠᠶᠢᠳᠠᠪᠤᠷᠢᠵᠢᠭᠤᠯᠬᠤ ᠡᠬᠡ ᠲᠠᠩᠰᠠ ᠪᠠᠶᠢᠭᠤᠯᠵᠤ᠂ ᠰᠠᠷ᠎ᠠ ᠳᠤ ᠲᠣᠬᠢᠷᠠᠭᠤᠯᠬᠤ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠬᠤ᠂ ᠲᠠᠰᠢᠷᠠᠮ ᠳᠠᠭᠠᠤ ᠰᠤᠭᠤᠴᠢᠨ ᠪᠠᠶᠢᠴᠠᠭᠠᠬᠤ ᠠᠷᠭ᠎ᠠ ᠮᠠᠶ᠋ᠢᠭ ᠢ ᠠᠪᠴᠤ᠂ ᠡᠯ᠎ᠡ ᠭᠠᠵᠠᠷ ᠤᠨ ᠡᠭᠦᠷᠭᠡ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠲᠣᠬᠢᠷᠠᠭᠤᠯᠤᠨ ᠰᠢᠮᠳᠠᠭᠤᠯᠤᠨ ᠭᠦᠢᠴᠡᠳᠬᠡᠬᠦ ᠶᠢ ᠴᠢᠩᠭᠠᠳᠬᠠᠨ᠎ᠠ᠃ ᠡᠯ᠎ᠡ ᠭᠠᠵᠠᠷ ᠤᠨ ᠬᠢᠨ ᠡᠷᠬᠡᠪᠰᠢ ᠡᠬᠡ ᠲᠠᠩᠰᠠ ᠶᠢᠨ ᠬᠠᠮᠢᠶᠠᠷᠤᠯᠲᠠ ᠶᠢ ᠪᠣᠳᠠᠲᠠᠶᠢᠵᠢᠭᠤᠯᠤᠨ ᠨᠠᠷᠢᠨ ᠨᠢᠮᠪᠠᠢ ᠬᠢᠵᠦ᠂ ᠪᠦᠲᠦᠭᠡᠨ ᠪᠠᠶᠢᠭᠤᠯᠤᠯᠲᠠ ᠶᠢᠨ ᠨᠠᠷᠢᠨ ᠲᠠᠩᠰᠠ᠂ ᠬᠠᠷᠢᠭᠤᠴᠠᠯᠭᠠᠲᠤ ᠤᠳᠤᠷᠢᠳᠤᠯᠭ᠎ᠠ᠂ ᠬᠠᠷᠢᠭᠤᠴᠠᠯᠭᠠᠲᠠᠨ ᠪᠠ ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠶᠢᠯᠠᠨ᠂ ᠡᠳᠦᠷ ᠲᠤᠲᠤᠮ ᠤᠨ ᠰᠢᠮᠳᠠᠭᠤᠯᠤᠨ ᠭᠦᠢᠴᠡᠳᠬᠡᠬᠦ ᠶᠢ ᠴᠢᠩᠭᠠᠳᠬᠠᠵᠤ᠂ ᠨᠢᠭᠡ ᠨᠢᠭᠡ ᠪᠠᠷ ᠲᠠᠩᠰᠠ ᠪᠠᠨ ᠬᠠᠰᠤᠵᠤ ᠨᠠᠶᠢᠳᠠᠪᠤᠷᠢᠵᠢᠭᠤᠯᠬᠤ ᠶᠢᠨ ᠬᠠᠮᠲᠤ᠂ ᠲᠤᠰᠬᠠᠢ ᠬᠥᠮᠥᠨ ᠲᠣᠮᠢᠯᠠᠨ ᠬᠠᠷᠢᠭᠤᠴᠠᠭᠤᠯᠵᠤ᠂ ᠰᠠᠷ᠎ᠠ ᠪᠦᠷᠢ ᠶᠢᠨ 15᠎ ᠤ ᠡᠳᠦᠷ ᠠᠴᠠ ᠡᠮᠦᠨ᠎ᠡ ︽ᠬᠢᠩᠭᠠᠨ ᠠᠶᠢᠮᠠᠭ ᠤᠨ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠢᠭ᠋︶᠎ ᠶᠢᠨ ᠨᠡᠷᠡᠰ︾ ︵ᠳᠠᠭᠠᠯᠳᠤᠭᠤᠯᠤᠯ 4︶᠎ ᠢ ᠲᠠᠭᠯᠠᠵᠤ ᠬᠤᠰᠢᠭᠤᠨ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠳᠤ ᠮᠡᠳᠡᠭᠦᠯᠦᠨ ᠬᠦᠷᠭᠡᠵᠦ᠂ ᠬᠤᠯᠪᠣᠭᠳᠠᠯ ᠪᠦᠬᠦᠢ ᠮᠡᠳᠡᠭᠡ ᠵᠠᠩᠭᠢ ᠶᠢ ᠬᠤᠰᠢᠭᠤᠨ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠠᠴᠠ ᠨᠡᠶᠢᠭᠡᠮ ᠳᠤ ᠢᠯᠡ ᠪᠣᠯᠭᠠᠨ᠎ᠠ᠃ ︵ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠢᠭ᠋︶᠎ ᠶᠢᠨ ᠪᠦᠲᠦᠭᠡᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠬᠠᠷᠢᠯᠴᠠᠬᠤ ᠬᠥᠮᠥᠨ᠄ ᠵᠢᠷᠭᠠᠯ︔ᠬᠠᠷᠢᠯᠴᠠᠬᠤ ᠤᠲᠠᠰᠤ᠄ 18704894000︔ ᠰᠢᠤᠳᠠᠨ ᠬᠠᠶᠢᠷᠴᠠᠭ᠄ 304284329@qq.com)    ︵ᠭᠤᠷᠪᠠ︶ ᠥᠷᠭᠡᠨ ᠢᠶᠠᠷ ᠤᠬᠠᠭᠤᠯᠵᠤ᠂ ᠨᠡᠶᠢᠲᠡᠯᠢᠭ ᠵᠢᠱᠢᠶ᠎ᠡ ᠶᠢ ᠪᠤᠢ ᠪᠣᠯᠭᠠᠬᠤ ᠬᠡᠷᠡᠭᠲᠡᠢ᠃ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ︽15 ᠮᠢᠨᠦ᠋ᠲ ᠤᠨ ᠡᠮ ᠡᠮᠨᠡᠯᠭᠡ ᠶᠢᠨ ᠳᠠᠭᠠᠳᠬᠠᠯ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠦᠷᠢᠶ᠎ᠡ︾᠎ ᠶᠢᠨ ᠤᠬᠠᠭᠤᠯᠭ᠎ᠠ ᠶᠢ ᠥᠷᠭᠡᠨ ᠢᠶᠠᠷ ᠥᠷᠨᠢᠭᠦᠯᠬᠦ ᠶᠢᠨ ᠬᠠᠮᠲᠤ᠂ ᠥᠯᠢᠭᠡᠷ ᠳᠠᠭᠤᠷᠢᠶᠠᠯ ᠪᠣᠯᠬᠤ᠂ ᠨᠡᠶᠢᠲᠡᠯᠢᠭ ᠵᠢᠱᠢᠶ᠎ᠡ ᠶᠢ ᠪᠣᠶ ᠪᠣᠯᠭᠠᠬᠤ ᠶᠢ ᠴᠢᠬᠤᠯᠠᠴᠢᠯᠠᠵᠤ᠂ ᠰᠠᠶᠢᠨ ᠠᠷᠭ᠎ᠠ ᠬᠢᠳᠡᠯ ᠢ ᠲᠦᠷᠭᠡᠨ ᠬᠠᠭᠤᠯᠪᠤᠷᠢᠯᠠᠨ ᠳᠡᠯᠭᠡᠷᠡᠭᠦᠯᠵᠦ᠂ ᠠᠵᠢᠯ ᠤᠨ ᠮᠡᠳᠡᠭᠡ ᠵᠠᠩᠭᠢ ᠶᠢ ᠴᠠᠭ ᠲᠤᠬᠠᠢ ᠳᠤᠨᠢ ᠳ᠋ᠦᠩᠨᠡᠨ ᠪᠦᠷᠢᠯᠳᠦᠭᠦᠯᠬᠦ ᠬᠡᠷᠡᠭᠲᠡᠢ᠃ 
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号