︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2023 ᠣᠨ ᠤ ᠣᠷᠣᠯᠠᠨ ᠳᠠᠷᠢᠬᠤ ᠪᠠ ᠣᠷᠣᠯᠠᠨ ᠳᠠᠷᠢᠬᠤ ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠷᠥᠯ ᠵᠦᠢᠯ ᠤᠨ ᠬᠡᠷᠡᠭᠵᠢᠭᠦᠯᠬᠦ ᠲᠥᠰᠥᠯ︾ ᠵᠡᠷᠭᠡ ᠵᠢᠷᠭᠤᠭᠠᠨ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/4/6
   ᠬᠤᠷᠴᠢᠨ ᠪᠠᠷᠠᠭᠤᠨ ᠭᠠᠷᠤᠨ ᠳᠤᠮᠳᠠᠳᠤ ᠠᠯᠪᠠᠨ ᠵᠠᠰᠠᠭ ᠠᠯᠪᠠᠨ ᠲᠠᠷᠬᠠᠭᠠᠭᠰᠠᠨ 〔2023〕 8 ᠳ᠋ᠤᠭᠠᠷ ᠲᠣᠭᠠᠲᠤ   ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2023 ᠣᠨ ᠤ ᠣᠷᠣᠯᠠᠨ ᠳᠠᠷᠢᠬᠤ ᠪᠠ ᠣᠷᠣᠯᠠᠨ ᠳᠠᠷᠢᠬᠤ ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠷᠥᠯ ᠵᠦᠢᠯ ᠤᠨ ᠬᠡᠷᠡᠭᠵᠢᠭᠦᠯᠬᠦ ᠲᠥᠰᠥᠯ︾ ᠵᠡᠷᠭᠡ ᠵᠢᠷᠭᠤᠭᠠᠨ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄    ᠬᠤᠰᠢᠭᠤᠨ ᠤ ᠵᠠᠰᠠᠭ ᠤᠨ ᠣᠷᠳᠣᠨ ᠤ ᠵᠥᠪᠰᠢᠶᠡᠷᠡᠯ ᠢᠶᠠᠷ᠂ ᠣᠲᠣ ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2023 ᠣᠨ ᠤ ᠣᠷᠣᠯᠠᠨ ᠳᠠᠷᠢᠬᠤ ᠪᠠ ᠣᠷᠣᠯᠠᠨ ᠳᠠᠷᠢᠬᠤ ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠷᠥᠯ ᠵᠦᠢᠯ ᠤᠨ ᠬᠡᠷᠡᠭᠵᠢᠭᠦᠯᠬᠦ ᠲᠥᠰᠥᠯ︾ ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2023 ᠣᠨ ᠤ ᠴᠢᠨᠠᠷ ᠰᠠᠶᠢᠲᠠᠢ ᠬᠥᠭᠵᠢᠯᠲᠡ ᠶᠢᠨ ᠬᠦᠷᠢᠶᠡᠨ ᠤ ᠠᠵᠤ ᠠᠬᠤᠢ ᠶᠢᠨ ᠲᠥᠷᠥᠯ ᠵᠦᠢᠯ ᠢ ᠬᠡᠷᠡᠭᠵᠢᠭᠦᠯᠬᠦ ᠲᠥᠰᠥᠯ︾ ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2023 ᠣᠨ ᠤ ᠮᠠᠯ ᠤᠨ ᠡᠭᠦᠯᠳᠡᠷ ᠢ ᠰᠠᠶᠢᠵᠢᠷᠠᠭᠤᠯᠵᠤ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠲᠥᠷᠥᠯ ᠵᠦᠢᠯ ᠤᠨ ᠬᠡᠷᠡᠭᠵᠢᠭᠦᠯᠬᠦ ᠲᠥᠰᠥᠯ︾ ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2023 ᠣᠨ ᠤ ᠵᠠᠬ᠎ᠠ ᠳᠡᠯᠭᠡᠭᠦᠷ ᠤᠨ ᠭᠤᠣᠯ ᠴᠣᠭᠴᠠ ᠎ ᠠᠴᠠ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠶᠢ ᠳᠠᠶᠢᠴᠢᠯᠠᠬᠤ ᠲᠥᠷᠥᠯ ᠵᠦᠢᠯ ᠤᠨ ᠬᠡᠷᠡᠭᠵᠢᠭᠦᠯᠬᠦ ᠲᠥᠰᠥᠯ︾ ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2023 ᠣᠨ ᠤ ᠪᠡᠯᠡ ᠮᠥᠩᠭᠦ ᠶᠢ ᠵᠣᠯᠭᠠᠭᠤᠯᠵᠤ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠵᠤ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠲᠥᠷᠥᠯ ᠵᠦᠢᠯ ᠤᠨ ᠬᠡᠷᠡᠭᠵᠢᠭᠦᠯᠬᠦ ᠲᠥᠰᠥᠯ︾ ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2023 ᠣᠨ ᠤ ᠠᠵᠢᠯ ᠬᠢᠵᠦ ᠠᠵᠢᠯ ᠣᠯᠵᠤ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠲᠥᠷᠥᠯ ᠵᠦᠢᠯ ᠤᠨ ᠬᠡᠷᠡᠭᠵᠢᠭᠦᠯᠬᠦ ᠲᠥᠰᠥᠯ︾᠎ ᠢ ᠲᠠᠨᠠᠷ ᠲᠤ ᠳᠠᠷᠤᠮᠠᠯᠯᠠᠨ ᠲᠠᠷᠬᠠᠭᠠᠪᠠ᠃ ᠡᠭᠦᠨ ᠢ ᠨᠠᠷᠢᠨ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠬᠦ ᠪᠣᠯᠪᠠᠤ᠃    ᠳᠠᠭᠠᠯᠳᠤᠭᠤᠯᠤᠯ᠄   1. ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2023 ᠣᠨ ᠤ ᠣᠷᠣᠯᠠᠨ ᠳᠠᠷᠢᠵᠤ ᠣᠷᠣᠯᠠᠨ ᠳᠠᠷᠢᠬᠤ ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠷᠥᠯ ᠵᠦᠢᠯ ᠤᠨ ᠬᠡᠷᠡᠭᠵᠢᠭᠦᠯᠬᠦ ᠲᠥᠰᠥᠯ   2. ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2023 ᠣᠨ ᠤ ᠴᠢᠨᠠᠷ ᠰᠠᠶᠢᠲᠠᠢ ᠬᠥᠭᠵᠢᠯᠲᠡ ᠶᠢᠨ ᠬᠦᠷᠢᠶᠡᠨ ᠤ ᠠᠵᠤ ᠠᠬᠤᠢ ᠶᠢᠨ ᠲᠥᠷᠥᠯ ᠵᠦᠢᠯ ᠢ ᠬᠡᠷᠡᠭᠵᠢᠭᠦᠯᠬᠦ ᠲᠥᠰᠥᠯ   3. ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2023 ᠣᠨ ᠤ ᠮᠠᠯ ᠤᠨ ᠡᠭᠦᠯᠳᠡᠷ ᠢ ᠰᠠᠶᠢᠵᠢᠷᠠᠭᠤᠯᠵᠤ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠲᠥᠷᠥᠯ ᠵᠦᠢᠯ ᠤᠨ ᠬᠡᠷᠡᠭᠵᠢᠭᠦᠯᠬᠦ ᠲᠥᠰᠥᠯ   4. ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2023 ᠣᠨ ᠤ ᠵᠠᠬ᠎ᠠ ᠳᠡᠯᠭᠡᠭᠦᠷ ᠤᠨ ᠭᠤᠣᠯ ᠴᠣᠭᠴᠠ ᠎ ᠠᠴᠠ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠶᠢ ᠳᠠᠶᠢᠴᠢᠯᠠᠬᠤ ᠲᠥᠷᠥᠯ ᠵᠦᠢᠯ ᠤᠨ ᠬᠡᠷᠡᠭᠵᠢᠭᠦᠯᠬᠦ ᠲᠥᠰᠥᠯ   5. ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2023 ᠣᠨ ᠤ ᠪᠡᠯᠡ ᠮᠥᠩᠭᠦ ᠶᠢ ᠵᠣᠯᠭᠠᠭᠤᠯᠵᠤ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠵᠤ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠲᠥᠷᠥᠯ ᠵᠦᠢᠯ ᠤᠨ ᠬᠡᠷᠡᠭᠵᠢᠭᠦᠯᠬᠦ ᠲᠥᠰᠥᠯ   6. ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2023 ᠣᠨ ᠤ ᠠᠵᠢᠯ ᠣᠯᠵᠤ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠲᠥᠷᠥᠯ ᠵᠦᠢᠯ ᠤᠨ ᠬᠡᠷᠡᠭᠵᠢᠭᠦᠯᠬᠦ ᠲᠥᠰᠥᠯ          2023 ᠣᠨ ᠤ 2 ᠰᠠᠷ᠎ᠠ ᠶᠢᠨ 24᠎ ᠤ ᠤ ᠡᠳᠦᠷ   ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2023 ᠣᠨ ᠤ ᠣᠷᠣᠯᠠᠨ ᠳᠠᠷᠢᠵᠤ ᠣᠷᠣᠯᠠᠨ ᠳᠠᠷᠢᠬᠤ ᠨᠡᠶᠢᠭᠡᠮᠴᠢᠯᠡᠭᠰᠡᠨ ᠦᠢᠯᠡᠴᠢᠯᠡᠭᠡ ᠶᠢᠨ ᠲᠦᠷᠦᠯ ᠵᠦᠢᠯ ᠢ ᠬᠡᠷᠡᠭᠵᠢᠭᠦᠯᠬᠦ ᠲᠥᠰᠥᠯ   ᠬᠢᠩᠭᠠᠨ ᠠᠶᠢᠮᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ︽ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠮᠠᠯᠴᠢᠨ ᠲᠠᠷᠢᠶᠠᠴᠢᠨ ᠤ ᠣᠷᠣᠯᠭ᠎ᠠ ᠶᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠬᠤ ᠲᠤᠬᠠᠢ ᠵᠢᠯᠤᠭᠤᠳᠬᠤ ᠰᠠᠨᠠᠯ︾᠎ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠪᠥᠬᠦ ᠬᠤᠰᠢᠭᠤᠨ ᠤ ᠬᠡᠪᠴᠢᠶᠡᠨ ᠳᠠᠬᠢ ᠪᠦᠬᠦᠶᠢᠯᠡ ᠬᠥᠳᠡᠯᠮᠦᠷᠢᠯᠡᠬᠦ ᠴᠢᠳᠠᠪᠤᠷᠢ ᠦᠭᠡᠢ ᠮᠠᠯᠴᠢᠨ ᠲᠠᠷᠢᠶᠠᠴᠢᠨ ᠡᠷᠦᠬᠡ ︵ᠣᠨᠴᠠᠭᠠᠶᠢᠯᠠᠨ ᠶᠠᠳᠠᠭᠤ ᠎ ᠠᠴᠠ ᠠᠩᠭᠢᠵᠢᠷᠠᠭᠤᠯᠬᠤ ᠡᠷᠦᠬᠡ ᠪᠠ ᠬᠢᠨᠠᠨ ᠰᠢᠯᠭᠠᠬᠤ ᠡᠷᠦᠬᠡ︶᠎ ᠶᠢᠨ ᠳᠠᠷᠢᠬᠤ ᠪᠠ ᠲᠡᠵᠢᠭᠡᠨ ᠦᠷᠡᠵᠢᠭᠦᠯᠬᠦ ᠳᠤ ᠬᠦᠴᠢᠷ ᠠᠴᠠ ᠪᠣᠯᠵᠤ ᠣᠷᠣᠯᠭ᠎ᠠ ᠨᠢ ᠳᠣᠣᠷ᠎ᠠ ᠪᠠᠶᠢᠬᠤ ᠠᠰᠠᠭᠤᠳᠠᠯ ᠢ ᠰᠢᠢᠳᠪᠦᠷᠢᠯᠡᠵᠦ᠂ ᠬᠥᠳᠡᠯᠮᠦᠷᠢ ᠶᠢᠨ ᠴᠢᠳᠠᠪᠤᠷᠢ ᠪᠠᠭᠤᠷᠠᠢ ᠮᠠᠯᠴᠢᠨ ᠲᠠᠷᠢᠶᠠᠴᠢᠨ ᠡᠷᠦᠬᠡ ᠶᠢᠨ ᠣᠷᠣᠯᠭ᠎ᠠ ᠶᠢ ᠡᠳ᠋ ᠬᠥᠷᠥᠩᠭᠡ ᠶᠢᠨ ᠴᠢᠨᠠᠷᠲᠠᠢ ᠣᠷᠣᠯᠭ᠎ᠠ ᠎ ᠠᠴᠠ ᠡᠵᠡᠩᠨᠡᠯᠲᠡ ᠶᠢᠨ ᠴᠢᠨᠠᠷᠲᠠᠢ ᠣᠷᠣᠯᠭ᠎ᠠ ᠳᠠᠰᠢ ᠬᠤᠪᠢᠷᠠᠭᠤᠯᠬᠤ ᠶᠢ ᠲᠦᠯᠬᠢᠨ ᠠᠬᠢᠭᠤᠯᠵᠤ᠂ ᠭᠡᠷ ᠪᠦᠯᠢ ᠶᠢᠨ ᠣᠷᠣᠯᠭ᠎ᠠ ᠶᠢᠨ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠦᠨ᠎ᠡ᠂ ᠡᠳᠦᠭᠡ ᠮᠠᠨ ᠤ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠲᠥᠰᠥᠯ ᠢ ᠣᠨᠴᠠᠭᠠᠶᠢᠯᠠᠨ ᠲᠣᠭᠲᠠᠭᠠᠪᠠ᠃    ᠨᠢᠭᠡ᠂ ᠶᠡᠷᠦᠩᠬᠡᠢ ᠰᠡᠳᠬᠢᠴᠡ    ᠭᠠᠴᠠᠭᠠᠨ ᠤ ᠣᠷᠣᠯᠠᠨ ᠳᠠᠷᠢᠵᠤ ᠣᠷᠣᠯᠠᠨ ᠳᠠᠷᠢᠬᠤ ᠨᠡᠶᠢᠭᠡᠮᠴᠢᠯᠡᠭᠰᠡᠨ ᠦᠢᠯᠡᠴᠢᠯᠡᠭᠡᠨ ᠤ ᠪᠠᠶᠢᠭᠤᠯᠤᠮᠵᠢ᠂ ᠬᠤᠷᠰᠢᠶ᠎ᠠ᠂ ᠴᠢᠳᠠᠪᠤᠷᠢᠲᠠᠨ ᠲᠣᠮᠣ ᠡᠷᠦᠬᠡ ᠪᠠᠷ ᠳᠠᠮᠵᠢᠭᠤᠯᠤᠨ᠂ ᠭᠠᠴᠠᠭᠠᠨ ᠤ ᠳᠣᠲᠣᠷᠠᠬᠢ ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠠᠴᠠ ᠪᠣᠯᠵᠤ ᠵᠢᠯ ᠲᠤᠷᠰᠢ ᠭᠠᠵᠠᠷ ᠰᠢᠷᠣᠢ ᠪᠠᠨ ᠬᠢᠮᠳᠠ ᠦᠨ᠎ᠡ ᠪᠠᠷ ᠭᠠᠳᠠᠭᠰᠢ ᠳᠠᠭᠠᠭᠠᠴᠢᠯᠠᠭᠤᠯᠤᠭᠰᠠᠨ ᠮᠠᠯᠵᠢᠬᠤ ᠲᠠᠷᠢᠶᠠᠯᠠᠬᠤ ᠡᠷᠦᠬᠡ ᠳᠤ ᠣᠷᠣᠯᠠᠨ ᠳᠠᠷᠢᠵᠤ ᠣᠷᠣᠯᠠᠨ ᠳᠠᠷᠢᠬᠤ ᠦᠢᠯᠡᠴᠢᠯᠡᠭᠡ ᠬᠠᠩᠭᠠᠵᠤ᠂ ᠬᠤᠷᠰᠢᠶ᠎ᠠ᠂ ᠠᠵᠤ ᠠᠬᠤᠶᠢᠯᠠᠯ ᠤᠳ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠶᠣᠰᠣᠭᠠᠷ ᠦᠢᠯᠡᠴᠢᠯᠡᠭᠡᠨ ᠤ ᠰᠦᠢᠳᠬᠡᠯ ᠢ ᠬᠡᠪ ᠤᠨ ᠶᠣᠰᠣᠭᠠᠷ ᠬᠤᠷᠢᠶᠠᠵᠤ᠂ ᠦᠢᠯᠡᠳᠬᠦᠨ ᠤ ᠪᠣᠷᠣᠯᠠᠭᠤᠯᠤᠯᠲᠠ ᠶᠢᠨ ᠠᠰᠢᠭ ᠣᠯᠵᠠᠪᠤᠷᠢ ᠶᠢ ᠪᠦᠬᠦᠨ ᠢ ᠲᠠᠷᠢᠶᠠᠴᠢᠨ ᠡᠷᠦᠬᠡ ᠳᠤ ᠥᠮᠴᠢᠯᠡᠭᠦᠯᠬᠦ ᠶᠢᠨ ᠬᠠᠮᠲᠤ ᠨᠡᠶᠢᠭᠡᠮᠴᠢᠯᠡᠭᠰᠡᠨ ᠦᠢᠯᠡᠴᠢᠯᠡᠭᠡᠨ ᠳᠤ ᠣᠷᠣᠯᠴᠠᠭᠰᠠᠨ ᠶᠠᠳᠠᠭᠤ ᠎ ᠠᠴᠠ ᠠᠩᠭᠢᠵᠢᠷᠠᠭᠰᠠᠨ ᠡᠷᠦᠬᠡ ᠬᠢᠭᠡᠳ ᠬᠢᠨᠠᠨ ᠰᠢᠯᠭᠠᠬᠤ ᠡᠷᠦᠬᠡ ᠳᠤ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠣᠯᠭᠤᠵᠤ᠂ ᠲᠠᠷᠢᠶᠠᠴᠢᠨ ᠡᠷᠦᠬᠡ ᠶᠢᠨ ᠲᠠᠷᠢᠶᠠᠨ ᠭᠠᠵᠠᠷ ᠤᠨ ᠣᠷᠣᠯᠭ᠎ᠠ ᠶᠢ ᠡᠳ᠋ ᠬᠥᠷᠥᠩᠭᠡ ᠶᠢᠨ ᠴᠢᠨᠠᠷᠲᠠᠢ ᠣᠷᠣᠯᠭ᠎ᠠ ᠎ ᠠᠴᠠ ᠡᠵᠡᠩᠨᠡᠯᠲᠡ ᠶᠢᠨ ᠴᠢᠨᠠᠷᠲᠠᠢ ᠣᠷᠣᠯᠭ᠎ᠠ ᠳᠠᠰᠢ ᠬᠤᠪᠢᠷᠠᠭᠤᠯᠬᠤ ᠶᠢ ᠠᠬᠢᠭᠤᠯᠵᠤ᠂ ᠮᠠᠯᠵᠢᠬᠤ ᠲᠠᠷᠢᠶᠠᠯᠠᠬᠤ ᠡᠷᠦᠬᠡ ᠶᠢᠨ ᠣᠷᠣᠯᠭ᠎ᠠ ᠶᠢᠨ ᠬᠢᠷᠢ ᠬᠡᠮᠵᠢᠶ᠎ᠡ ᠶᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ ᠨᠥᠬᠦᠴᠡᠯ ᠲᠠᠢ ᠭᠠᠴᠠᠭ᠎ᠠ ᠶᠢ ᠳᠡᠮᠵᠢᠵᠦ ᠪᠠᠶᠢᠭᠠᠳ ᠬᠡᠪᠴᠢᠶᠡᠵᠢᠭᠦᠯᠦᠭᠰᠡᠨ᠂ ᠡᠷᠴᠢᠮᠵᠢᠭᠦᠯᠦᠭᠰᠡᠨ ᠬᠥᠭᠵᠢᠯᠲᠡ ᠶᠢᠨ ᠵᠠᠭᠪᠤᠷ ᠶᠣᠰᠣᠭᠠᠷ᠂ ᠣᠷᠣᠯᠠᠨ ᠳᠠᠷᠢᠵᠤ ᠣᠷᠣᠯᠠᠨ ᠳᠠᠷᠢᠬᠤ ᠨᠡᠶᠢᠭᠡᠮᠴᠢᠯᠡᠭᠰᠡᠨ ᠦᠢᠯᠡᠴᠢᠯᠡᠭᠡ ᠶᠢ ᠪᠥᠬᠦ ᠲᠣᠰᠬᠤᠨ ᠢᠶᠠᠷ ᠨᠢ ᠲᠦᠯᠬᠢᠨ ᠠᠬᠢᠭᠤᠯᠵᠤ᠂ ᠮᠠᠯᠵᠢᠬᠤ ᠲᠠᠷᠢᠶᠠᠯᠠᠬᠤ ᠡᠷᠦᠬᠡ ᠬᠢᠭᠡᠳ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠤᠶᠠᠷ ᠲᠠᠯ᠎ᠠ ᠪᠠᠷ ᠢᠶᠠᠨ ᠠᠰᠢᠭ ᠭᠥᠷᠳᠡᠬᠦ ᠬᠠᠷᠠᠯᠲᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠡᠶᠡᠯᠡᠭᠦᠯᠦᠨ᠎ᠡ᠃    ᠬᠤᠶᠠᠷ᠂ ᠦᠨᠳᠦᠰᠦᠨ ᠵᠠᠷᠴᠢᠮ    ︵ᠨᠢᠭᠡ︶ ᠲᠠᠷᠢᠶᠠᠯᠠᠬᠤ ᠮᠠᠯᠵᠢᠬᠤ ᠡᠷᠥᠭᠡ ᠶᠢᠨ ᠰᠠᠶᠢᠨ ᠳᠤᠷ᠎ᠠ ᠠᠴᠠ ᠪᠠᠨ᠂ ᠶᠠᠳᠠᠭᠤ ᠠᠴᠠ ᠠᠩᠭᠢᠵᠢᠷᠠᠭᠤᠯᠬᠤ ᠡᠷᠥᠭᠡ᠂ ᠬᠢᠨᠠᠨ ᠰᠢᠯᠭᠠᠬᠤ ᠡᠷᠥᠭᠡ ᠶᠢ ᠡᠩ ᠲᠡᠷᠢᠭᠦᠨ ᠳᠤ ᠪᠠᠶᠢᠯᠭᠠᠬᠤ ᠵᠠᠷᠴᠢᠮᠪᠣᠳᠠᠲᠠᠢ ᠬᠡᠷᠡᠭᠵᠢᠭᠦᠯᠬᠦ ᠶᠠᠪᠤᠴᠠ ᠳᠤ᠂ ᠰᠤᠮᠤ ᠪᠠᠯᠭᠠᠰᠤ᠂ ᠭᠠᠴᠠᠭ᠎ᠠ ᠨᠢ ᠮᠠᠯᠴᠢᠨ ᠲᠠᠷᠢᠶᠠᠴᠢᠨ ᠡᠷᠦᠬᠡ ᠶᠢᠨ ᠬᠦᠰᠡᠯ ᠰᠠᠨᠠᠭ᠎ᠠ ᠶᠢ ᠭᠦᠢᠴᠡᠳ ᠬᠦᠨᠳᠦᠳᠬᠡᠵᠦ᠂ ᠮᠠᠯᠴᠢᠨ ᠲᠠᠷᠢᠶᠠᠴᠢᠨ ᠢ ᠲᠦᠷ ᠴᠠᠭ ᠣᠶᠢᠯᠠᠭᠠᠬᠤ ᠦᠭᠡᠢ ᠪᠠᠶᠢᠪᠠᠯ᠂ ᠲᠥᠷᠥ ᠶᠢᠨ ᠪᠣᠳᠣᠯᠭ᠎ᠠ ᠶᠢ ᠲᠣᠳᠣᠷᠬᠠᠢ ᠶᠠᠷᠢᠵᠤ᠂ ᠵᠣᠷᠢᠭᠵᠢᠭᠤᠯᠤᠨ ᠬᠥᠲᠥᠯᠥᠨ ᠵᠢᠯᠤᠭᠤᠳᠴᠤ ᠪᠣᠯᠣᠨ᠎ᠠ᠂ ᠭᠡᠪᠡᠴᠦ ᠮᠠᠯᠴᠢᠨ ᠲᠠᠷᠢᠶᠠᠴᠢᠨ ᠤ ᠬᠦᠰᠡᠯ ᠰᠠᠨᠠᠭ᠎ᠠ ᠎ ᠠᠴᠠ ᠵᠥᠷᠢᠴᠡᠨ ᠠᠯᠪᠠᠳᠠᠯᠭ᠎ᠠ ᠪᠠᠷ ᠣᠷᠣᠯᠠᠨ ᠳᠠᠷᠢᠵᠤ ᠣᠷᠣᠯᠠᠨ ᠳᠠᠷᠢᠬᠤ ᠶᠢ ᠬᠡᠷᠡᠭᠵᠢᠭᠦᠯᠵᠦ᠂ ᠴᠢᠬᠤᠯᠠ ᠪᠤᠰᠤ ᠵᠥᠷᠢᠴᠡᠯ ᠢ ᠡᠭᠦᠰᠬᠡᠵᠦ ᠶᠠᠭᠠᠬᠢᠭᠰᠠᠨ ᠴᠤ ᠪᠣᠯᠬᠤ ᠦᠭᠡᠢ᠃ ᠶᠠᠳᠠᠭᠤ ᠎ ᠠᠴᠠ ᠠᠩᠭᠢᠵᠢᠷᠠᠭᠰᠠᠨ ᠡᠷᠦᠬᠡ ᠪᠠ ᠬᠢᠨᠠᠨ ᠰᠢᠯᠭᠠᠬᠤ ᠡᠷᠦᠬᠡ ᠶᠢᠨ ᠳᠣᠲᠣᠷᠠᠬᠢ ᠬᠥᠳᠡᠯᠮᠦᠷᠢᠯᠡᠬᠦ ᠴᠢᠳᠠᠪᠤᠷᠢ ᠪᠠᠷ ᠪᠠᠭᠤᠷᠠᠢ᠂ ᠬᠥᠳᠡᠯᠮᠦᠷᠢᠯᠡᠬᠦ ᠴᠢᠳᠠᠪᠤᠷᠢ ᠦᠭᠡᠢ ᠡᠷᠦᠬᠡ ᠶᠢᠨ ᠲᠤᠭ᠎ᠠ ᠨᠢ ᠣᠯᠠᠨ ᠪᠠᠶᠢᠳᠠᠭ ᠪᠣᠯᠬᠤᠷ ᠣᠷᠣᠯᠠᠨ ᠳᠠᠷᠢᠵᠤ ᠣᠷᠣᠯᠠᠨ ᠳᠠᠷᠢᠬᠤ ᠨᠡᠶᠢᠭᠡᠮᠴᠢᠯᠡᠭᠰᠡᠨ ᠦᠢᠯᠡᠴᠢᠯᠡᠭᠡ ᠶᠢ ᠬᠡᠷᠡᠭᠵᠢᠭᠦᠯᠬᠦ ᠳᠡᠭᠡᠨ ᠬᠦᠰᠡᠯ ᠡᠷᠡᠮᠡᠯᠵᠡᠯ ᠲᠠᠢ ᠶᠠᠳᠠᠭᠤ ᠎ ᠠᠴᠠ ᠠᠩᠭᠢᠵᠢᠷᠠᠭᠰᠠᠨ ᠡᠷᠦᠬᠡ ᠪᠠ ᠬᠢᠨᠠᠨ ᠰᠢᠯᠭᠠᠬᠤ ᠡᠷᠦᠬᠡ ᠶᠢᠨ ᠦᠢᠯᠡᠴᠢᠯᠡᠭᠡ ᠭᠥᠷᠳᠡᠬᠦ ᠶᠢ ᠤᠷᠢᠳᠠᠪᠠᠷ ᠪᠠᠲᠤᠯᠠᠬᠤ ᠬᠡᠷᠡᠭᠲᠡᠢ᠃    ︵ᠬᠤᠶᠠᠷ︶ ᠣᠷᠣᠯᠠᠨ ᠳᠠᠷᠢᠵᠤ ᠣᠷᠣᠯᠠᠨ ᠳᠠᠷᠢᠬᠤ ᠭᠤᠣᠯ ᠴᠣᠭᠴᠠ ᠪᠠᠷ ᠭᠤᠣᠯ ᠪᠣᠯᠭᠠᠵᠤ᠂ ᠵᠠᠰᠠᠭ ᠤᠨ ᠣᠷᠳᠣᠨ ᠠᠴᠠ ᠨᠥᠬᠦᠪᠦᠷᠢ ᠥᠭᠬᠦ ᠪᠠᠷ ᠬᠠᠪᠰᠤᠷᠤᠮᠵᠢ ᠪᠣᠯᠭᠠᠬᠤ ᠵᠠᠷᠴᠢᠮᠡᠯ᠎ᠡ ᠭᠠᠵᠠᠷ ᠤᠨ ᠬᠢᠨ ᠣᠷᠣᠯᠠᠨ ᠳᠠᠷᠢᠵᠤ ᠣᠷᠣᠯᠠᠨ ᠳᠠᠷᠢᠬᠤ ᠡᠵᠡᠩᠨᠡᠯᠲᠡ ᠶᠢᠨ ᠪᠡᠶᠡᠴᠢ ᠴᠣᠭᠴᠠ ᠶᠢ ᠰᠣᠩᠭᠤᠬᠤ ᠳᠠᠭᠠᠨ ᠡᠷᠬᠡᠪᠰᠢ ᠪᠣᠳᠠᠲᠤ ᠬᠦᠴᠦᠨ ᠢᠶᠠᠷ ᠨᠡᠯᠢᠶᠡᠳ ᠴᠢᠩᠭ᠎ᠠ᠂ ᠡᠵᠡᠩᠨᠡᠯᠲᠡ ᠨᠢ ᠬᠡᠪ ᠤᠨ᠂ ᠢᠲᠡᠭᠡᠯ ᠬᠦᠨᠳᠦ ᠪᠠᠷ ᠨᠡᠯᠢᠶᠡᠳ ᠰᠠᠶᠢᠨ ᠪᠡᠶᠡᠴᠢ ᠴᠣᠭᠴᠠ ᠶᠢ ᠰᠣᠩᠭᠤᠵᠤ ᠬᠤᠷᠰᠢᠬᠤ ᠡᠲᠡᠭᠡᠳ ᠢᠶᠠᠨ ᠪᠣᠯᠭᠠᠬᠤ ᠬᠡᠷᠡᠭᠲᠡᠢ᠃ ᠵᠠᠰᠠᠭ ᠤᠨ ᠣᠷᠳᠣᠨ ᠎ ᠠᠴᠠ ᠲᠥᠷᠥ ᠶᠢᠨ ᠪᠣᠳᠣᠯᠭ᠎ᠠ ᠶᠢᠨ ᠳᠡᠮᠵᠢᠯᠭᠡ ᠬᠠᠩᠭᠠᠵᠤ᠂ ᠰᠢᠭᠤᠳ ᠨᠥᠬᠦᠪᠦᠷᠢ ᠶᠢ ᠡᠷᠦᠬᠡ ᠳᠤ ᠬᠦᠷᠭᠡᠬᠦ ᠠᠷᠭ᠎ᠠ ᠮᠠᠶ᠋ᠢᠭ ᠢᠶᠠᠷ ᠬᠥᠳᠡᠯᠮᠦᠷᠢ ᠬᠦᠴᠦᠨ ᠦᠭᠡᠢ ᠶᠠᠳᠠᠭᠤ ᠎ ᠠᠴᠠ ᠠᠩᠭᠢᠵᠢᠷᠠᠭᠰᠠᠨ ᠡᠷᠦᠬᠡ ᠵᠢᠴᠢ ᠬᠢᠨᠠᠨ ᠬᠡᠮᠵᠢᠬᠦ ᠡᠷᠦᠬᠡ ᠳᠤ ᠣᠷᠣᠯᠠᠨ ᠳᠠᠷᠢᠵᠤ ᠣᠷᠣᠯᠠᠨ ᠳᠠᠷᠢᠬᠤ ᠨᠥᠬᠦᠪᠦᠷᠢ ᠬᠠᠩᠭᠠᠨ᠎ᠠ᠃    ᠭᠤᠷᠪᠠ᠂ ᠲᠥᠷᠥᠯ ᠵᠦᠢᠯ ᠢ ᠬᠡᠷᠡᠭᠵᠢᠭᠦᠯᠬᠦ ᠭᠤᠣᠯ ᠴᠣᠭᠴᠠ    ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠪᠣᠯ ᠲᠥᠷᠥᠯ ᠵᠦᠢᠯ ᠢ ᠬᠡᠷᠡᠭᠵᠢᠭᠦᠯᠬᠦ ᠭᠤᠣᠯ ᠴᠣᠭᠴᠠ ᠮᠥᠨ᠂ ᠡᠯ᠎ᠡ ᠰᠤᠮᠤ ᠪᠠᠯᠭᠠᠰᠤᠨ ᠤ ᠵᠠᠰᠠᠭ ᠤᠨ ᠣᠷᠳᠣᠨ ᠨᠢ ᠬᠠᠮᠵᠢᠯᠴᠠᠬᠤ ᠨᠢᠭᠡᠴᠡ ᠪᠣᠯᠣᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠤᠳ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠭᠠᠷᠳᠠᠮ ᠢ ᠭᠦᠢᠴᠡᠳᠬᠡᠵᠦ᠂ ᠲᠥᠷᠥᠯ ᠵᠦᠢᠯ ᠤᠨ ᠬᠡᠷᠡᠭᠵᠢᠭᠦᠯᠦᠯᠲᠡ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠤᠮᠤ ᠪᠠᠯᠭᠠᠰᠤ ᠶᠢᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠪᠣᠳᠠᠲᠠᠢ ᠠᠵᠢᠯ᠂ ᠲᠠᠷᠠᠭᠠᠴᠢ ᠶᠢᠨ ᠬᠢᠨᠠᠯᠲᠠ ᠬᠠᠮᠢᠶᠠᠷᠤᠯᠲᠠ ᠵᠢᠴᠢ ᠪᠡᠯᠡ ᠮᠥᠩᠭᠦ ᠰᠠᠯᠭᠠᠨ ᠥᠭᠬᠦ ᠶᠢ ᠪᠥᠬᠦ ᠶᠠᠪᠤᠴᠠ ᠳᠤ ᠵᠢᠯᠣᠭᠤᠳᠤᠨ᠎ᠠ᠃    ᠳᠥᠷᠪᠡ᠂ ᠲᠥᠷᠥᠯ ᠵᠦᠢᠯ ᠢ ᠬᠡᠷᠡᠭᠵᠢᠭᠦᠯᠬᠦ ᠠᠭᠤᠯᠭ᠎ᠠ    ︵ᠨᠢᠭᠡ︶ ᠲᠥᠷᠥᠯ ᠵᠦᠢᠯ ᠤᠨ ᠨᠡᠷᠡᠶᠢᠳᠦᠯ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2023 ᠣᠨ ᠤ ᠣᠷᠣᠯᠠᠨ ᠳᠠᠷᠢᠵᠤ ᠣᠷᠣᠯᠠᠨ ᠳᠠᠷᠢᠬᠤ ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠷᠥᠯ ᠵᠦᠢᠯ᠃    ︵ᠬᠤᠶᠠᠷ︶ ᠲᠥᠷᠥᠯ ᠵᠦᠢᠯ ᠤᠨ ᠲᠥᠷᠥᠯ ᠢᠯᠭᠠᠯ ᠵᠢᠴᠢ ᠪᠦᠲᠦᠭᠡᠨ ᠪᠠᠶᠢᠭᠤᠯᠤᠯᠲᠠ ᠶᠢᠨ ᠰᠢᠨᠵᠢ ᠴᠢᠨᠠᠷ᠄ ᠲᠥᠷᠥᠯ ᠵᠦᠢᠯ ᠨᠢ ᠮᠠᠯᠵᠢᠬᠤ ᠲᠠᠷᠢᠶᠠᠯᠠᠬᠤ ᠣᠷᠣᠨ ᠤ ᠠᠵᠤ ᠦᠢᠯᠡᠰ ᠤᠨ ᠬᠥᠭᠵᠢᠯᠲᠡ ᠶᠢᠨ ᠲᠥᠷᠥᠯ ᠤᠨ ᠨᠥᠬᠦᠪᠦᠷᠢ ᠶᠢᠨ ᠲᠥᠷᠥᠯ ᠵᠦᠢᠯ ᠪᠣᠯᠣᠨ᠎ᠠ᠃    ︵ᠭᠤᠷᠪᠠ︶ ᠪᠦᠲᠦᠭᠡᠨ ᠪᠠᠶᠢᠭᠤᠯᠬᠤ ᠭᠠᠵᠠᠷ᠄ ᠲᠥᠷᠥᠯ ᠵᠦᠢᠯ ᠨᠢ ᠪᠥᠬᠦ ᠬᠤᠰᠢᠭᠤᠨ ᠤ 12 ᠰᠤᠮᠤ ᠪᠠᠯᠭᠠᠰᠤ ᠶᠢ ᠬᠠᠮᠤᠷᠤᠨ᠎ᠠ᠃    ︵ᠳᠥᠷᠪᠡ︶ ᠬᠠᠷᠢᠭᠤᠴᠠᠯᠭᠠᠲᠤ ᠨᠢᠭᠡᠴᠡ ᠵᠢᠴᠢ ᠬᠢᠨᠠᠨ ᠬᠠᠮᠢᠶᠠᠷᠬᠤ ᠨᠢᠭᠡᠴᠡ᠄ ᠲᠥᠷᠥᠯ ᠵᠦᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠎ ᠠᠴᠠ ᠬᠠᠷᠢᠭᠤᠴᠠᠵᠤ᠂ ᠡᠯ᠎ᠡ ᠬᠠᠮᠢᠶ᠎ᠠ ᠪᠦᠬᠦᠢ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠭᠠᠴᠠᠭ᠎ᠠ ᠶᠢᠨ ᠠᠬᠢᠭᠤᠯᠤᠨ ᠨᠠᠶᠢᠳᠠᠪᠤᠷᠢᠵᠢᠭᠤᠯᠬᠤ ᠲᠥᠷᠥᠯ ᠵᠦᠢᠯ ᠳᠤ ᠬᠢᠨᠠᠯᠲᠠ ᠲᠠᠯᠪᠢᠨ ᠵᠢᠯᠣᠭᠤᠳᠤᠨ᠎ᠠ᠃ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠨᠢ ᠲᠥᠷᠥᠯ ᠵᠦᠢᠯ ᠢ ᠬᠥᠮᠥᠷᠭᠡ ᠳᠤ ᠣᠷᠣᠭᠤᠯᠬᠤ᠂ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠲᠥᠷᠥᠯ ᠵᠦᠢᠯ ᠢ ᠪᠠᠶᠢᠭᠤᠯᠬᠤ ᠵᠡᠷᠭᠡ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠵᠦ ᠂ ᠰᠤᠮᠤ ᠪᠠᠯᠭᠠᠰᠤ᠂ ᠭᠠᠴᠠᠭ᠎ᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠲᠠᠷᠠᠭᠠᠴᠢ ᠶᠢᠨ ᠡᠵᠡᠩᠨᠡᠯᠲᠡ ᠬᠠᠮᠢᠶᠠᠷᠤᠯᠲᠠ ᠬᠠᠮᠠᠭᠠᠯᠠᠯᠲᠠ ᠶᠢ ᠵᠣᠬᠢᠶᠠᠨ ᠪᠠᠶᠢᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠭᠰᠡᠨ ᠤ ᠳᠠᠷᠠᠭ᠎ᠠ ᠲᠥᠷᠥᠯ ᠵᠦᠢᠯ ᠢ ᠰᠢᠯᠭᠠᠨ ᠠᠪᠬᠤ ᠵᠡᠷᠭᠡ ᠠᠵᠢᠯ ᠢ ᠵᠣᠬᠢᠶᠠᠨ ᠪᠠᠶᠢᠭᠤᠯᠤᠨ᠎ᠠ᠃    ︵ᠲᠠᠪᠤ︶ ᠠᠬᠢᠴᠠ ᠶᠢᠨ ᠲᠣᠬᠢᠷᠠᠭᠤᠯᠤᠯᠲᠠ    1. ᠡᠮᠦᠨᠡᠬᠢ ᠬᠤᠭᠤᠴᠠᠭᠠᠨ ᠤ ᠪᠡᠯᠡᠳᠬᠡᠯ᠄ 2023 ᠣᠨ ᠤ 2 ᠰᠠᠷ᠎ᠠ ᠳᠤ ᠲᠥᠷᠥᠯ ᠵᠦᠢᠯ ᠤᠨ ᠬᠡᠷᠡᠭᠵᠢᠭᠦᠯᠬᠦ ᠲᠥᠰᠥᠯ ᠢ ᠨᠠᠶᠢᠷᠠᠭᠤᠯᠤᠨ ᠵᠣᠬᠢᠶᠠᠬᠤ ᠵᠢᠴᠢ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠶᠢ ᠪᠡᠶᠡᠯᠡᠭᠦᠯᠦᠨ᠎ᠡ︔     2. ᠲᠥᠷᠥᠯ ᠵᠦᠢᠯ ᠢ ᠬᠡᠷᠡᠭᠵᠢᠭᠦᠯᠬᠦ᠄ 2023 ᠣᠨ ᠤ 3 ᠳ᠋ᠤᠭᠠᠷ ᠰᠠᠷ᠎ᠠ ᠠᠴᠠ 7 ᠳ᠋ᠤᠭᠠᠷ ᠰᠠᠷ᠎ᠠ ᠪᠣᠯᠲᠠᠯᠠᠬᠢ ᠬᠤᠭᠤᠴᠠᠭ᠎ᠠ ᠶᠢ ᠲᠥᠷᠥᠯ ᠵᠦᠢᠯ ᠢ ᠬᠡᠷᠡᠭᠵᠢᠭᠦᠯᠬᠦ ᠱᠠᠲᠤ ᠦᠶ᠎ᠡ ᠪᠣᠯᠭᠠᠨ᠎ᠠ︔    3. ᠲᠥᠷᠥᠯ ᠵᠦᠢᠯ ᠢ ᠰᠢᠯᠭᠠᠨ ᠠᠪᠬᠤ᠄ 2023 ᠣᠨ ᠤ 9 ᠳ᠋ᠦᠭᠡᠷ ᠰᠠᠷ᠎ᠠ ᠳᠤ ᠲᠥᠷᠥᠯ ᠵᠦᠢᠯ ᠢ ᠰᠢᠯᠭᠠᠨ ᠠᠪᠬᠤ ᠪᠠ ᠪᠡᠯᠡ ᠮᠥᠩᠭᠦ ᠥᠭᠬᠦ ᠶᠢ ᠪᠡᠶᠡᠯᠡᠭᠦᠯᠦᠨ᠎ᠡ᠃    ︵ᠵᠢᠷᠭᠤᠭ᠎ᠠ︶ ᠪᠦᠲᠦᠭᠡᠨ ᠪᠠᠶᠢᠭᠤᠯᠤᠯᠲᠠ ᠶᠢᠨ ᠡᠭᠦᠷᠭᠡ᠄ ᠮᠠᠨ ᠤ ᠬᠤᠰᠢᠭᠤᠨ ᠤ ᠭᠤᠣᠯᠯᠠᠭᠴᠢ ᠠᠵᠤ ᠦᠢᠯᠡᠰ ᠤᠨ ᠰᠠᠭᠤᠷᠢ ᠪᠣᠯᠣᠨ ᠨᠤᠲᠤᠭ ᠤᠨ ᠣᠨᠴᠠᠯᠢᠭ ᠲᠠᠢ ᠤᠶᠠᠯᠳᠤᠭᠤᠯᠵᠤ᠂ ᠡᠷᠳᠡᠨᠢ ᠰᠢᠰᠢ᠂ ᠤᠰᠤᠨ ᠲᠤᠲᠤᠷᠭ᠎ᠠ᠂ ᠡᠯᠳᠡᠪ ᠠᠮᠤ ᠡᠯᠳᠡᠪ ᠪᠤᠷᠴᠠᠭ ᠵᠡᠷᠭᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠲᠣᠭᠤᠷᠢᠨ ᠳᠤ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠠᠩᠭᠢᠯᠠᠭ᠎ᠠ ᠶᠢᠨ ᠭᠤᠭᠴᠤᠭ᠎ᠠ ᠪᠠ ᠪᠠᠭᠤᠷᠠᠢ ᠭᠤᠭᠴᠤᠭ᠎ᠠ ᠶᠢ ᠳᠡᠮᠵᠢᠵᠦ᠂ ᠠᠵᠤ ᠠᠬᠤᠶᠢᠯᠠᠯ᠂ ᠬᠤᠷᠰᠢᠶ᠎ᠠ᠂ ᠴᠢᠳᠠᠪᠤᠷᠢᠲᠠᠨ ᠲᠣᠮᠣ ᠡᠷᠦᠬᠡ ᠵᠡᠷᠭᠡ ᠣᠷᠣᠯᠠᠨ ᠳᠠᠷᠢᠵᠤ ᠣᠷᠣᠯᠠᠨ ᠳᠠᠷᠢᠬᠤ ᠡᠵᠡᠩᠨᠡᠯᠲᠡ ᠶᠢᠨ ᠭᠤᠣᠯ ᠴᠣᠭᠴᠠ ᠳᠤ ᠲᠦᠰᠢᠭᠯᠡᠨ ᠬᠥᠳᠡᠯᠮᠦᠷᠢᠯᠡᠬᠦ ᠴᠢᠳᠠᠪᠤᠷᠢ ᠦᠭᠡᠢ ᠮᠠᠯᠵᠢᠬᠤ ᠲᠠᠷᠢᠶᠠᠯᠠᠬᠤ ᠡᠷᠦᠬᠡ ᠳᠤ ᠣᠷᠣᠯᠠᠨ ᠳᠠᠷᠢᠵᠤ ᠣᠷᠣᠯᠠᠨ ᠳᠠᠷᠢᠬᠤ ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠷᠥᠯ ᠵᠦᠢᠯ ᠢ ᠬᠡᠷᠡᠭᠵᠢᠭᠦᠯᠵᠦ᠂ ᠡᠭᠦᠨ ᠳᠤ ᠣᠷᠣᠯᠠᠨ ᠳᠠᠷᠢᠵᠤ ᠣᠷᠣᠯᠠᠨ ᠳᠠᠷᠢᠬᠤ ᠶᠢ ᠬᠡᠷᠡᠭᠵᠢᠭᠦᠯᠦᠭᠰᠡᠨ ᠬᠥᠳᠡᠯᠮᠦᠷᠢ ᠬᠦᠴᠦᠨ ᠦᠭᠡᠢ ᠪᠠᠷ ᠶᠠᠳᠠᠭᠤ ᠎ ᠠᠴᠠ ᠠᠩᠭᠢᠵᠢᠷᠠᠭᠰᠠᠨ ᠡᠷᠦᠬᠡ ᠪᠠ ᠬᠢᠨᠠᠨ ᠬᠡᠮᠵᠢᠬᠦ ᠡᠷᠦᠬᠡ ᠳᠤ ᠣᠷᠣᠯᠠᠨ ᠳᠠᠷᠢᠵᠤ ᠣᠷᠣᠯᠠᠨ ᠳᠠᠷᠢᠬᠤ ᠨᠥᠬᠦᠪᠦᠷᠢ ᠶᠢ ᠨᠠᠶᠢᠳᠠᠪᠤᠷᠢᠵᠢᠭᠤᠯᠵᠤ ᠂ ᠪᠥᠬᠦ ᠬᠤᠰᠢᠭᠤᠨ ᠤ 12 ᠰᠤᠮᠤ ᠪᠠᠯᠭᠠᠰᠤ ᠶᠢᠨ 154 ᠭᠠᠴᠠᠭ᠎ᠠ᠂ ᠠᠰᠢᠭ ᠭᠥᠷᠳᠡᠭᠰᠡᠨ ᠶᠠᠳᠠᠭᠤ ᠎ ᠠᠴᠠ ᠠᠩᠭᠢᠵᠢᠷᠠᠭᠰᠠᠨ ᠡᠷᠦᠬᠡ ᠵᠢᠴᠢ ᠬᠢᠨᠠᠨ ᠬᠡᠮᠵᠢᠬᠦ ᠡᠷᠦᠬᠡ 1937 ᠡᠷᠦᠬᠡ ᠶᠢ ᠬᠠᠮᠤᠷᠪᠠ᠃    ︵ᠳᠣᠯᠤᠭ᠎ᠠ︶ ᠪᠡᠯᠡ ᠮᠥᠩᠭᠦ ᠶᠢᠨ ᠣᠷᠣᠭᠤᠯᠤᠯᠲᠠ ᠵᠢᠴᠢ ᠨᠥᠬᠦᠪᠦᠷᠢ ᠶᠢᠨ ᠪᠠᠷᠢᠮᠵᠢᠶ᠎ᠠ᠄ ᠲᠥᠷᠥᠯ ᠵᠦᠢᠯ ᠤᠨ ᠶᠡᠷᠦᠩᠬᠡᠢ ᠣᠷᠣᠭᠤᠯᠤᠯᠲᠠ 244 ᠲᠦᠮᠡᠨ ᠲᠥᠭᠦᠷᠢᠭ ᠪᠠᠶᠢᠵᠤ᠂ ᠶᠠᠳᠠᠭᠤ ᠎ ᠠᠴᠠ ᠠᠩᠭᠢᠵᠢᠷᠠᠭᠤᠯᠬᠤ ᠡᠷᠦᠬᠡ ᠵᠢᠴᠢ ᠬᠢᠨᠠᠨ ᠰᠢᠯᠭᠠᠬᠤ ᠡᠷᠦᠬᠡ ᠶᠢᠨ ᠬᠦᠨᠡᠰᠦᠨ ᠠᠮᠤ ᠶᠢᠨ ᠲᠠᠷᠢᠶ᠎ᠠ ᠪᠠᠷ ᠰᠠᠭᠤᠷᠢ ᠲᠤᠭ᠎ᠠ ᠪᠣᠯᠭᠠᠵᠤ᠂ ᠮᠦ ᠪᠦᠷᠢ ᠳᠤ 42  — 70 ᠲᠥᠭᠦᠷᠢᠭ ᠤᠨ ᠨᠥᠬᠦᠪᠦᠷᠢ ᠥᠭᠭᠦᠨ᠎ᠡ᠃    ︵ᠨᠠᠢᠮᠠ︶ ᠪᠡᠯᠡ ᠮᠥᠩᠭᠦ ᠶᠢᠨ ᠢᠷᠡᠯᠲᠡ᠄ ᠭᠤᠣᠯᠳᠠᠭᠤ 2023 ᠣᠨ ᠤ ᠵᠣᠯᠭᠠᠭᠤᠯᠬᠤ ᠪᠡᠯᠡ ᠮᠥᠩᠭᠦ ᠵᠢᠴᠢ ᠲᠠᠷᠢᠶᠠᠯᠠᠩ ᠮᠠᠯ ᠠᠵᠤ ᠠᠬᠤᠢ ᠳᠤ ᠬᠤᠯᠪᠣᠭᠳᠠᠬᠤ ᠪᠡᠯᠡ ᠮᠥᠩᠭᠦ ᠶᠢ ᠡᠮᠬᠢᠯᠡᠨ ᠨᠡᠶᠢᠯᠡᠭᠦᠯᠦᠨ᠎ᠡ᠃    ︵ᠶᠢᠰᠦ︶ ᠵᠣᠬᠢᠶᠠᠨ ᠪᠠᠶᠢᠭᠤᠯᠵᠤ ᠬᠡᠷᠡᠭᠵᠢᠭᠦᠯᠬᠦ    1. ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠨᠢ ᠲᠥᠷᠥᠯ ᠵᠦᠢᠯ ᠤᠨ ᠬᠡᠷᠡᠭᠵᠢᠭᠦᠯᠬᠦ ᠲᠥᠰᠥᠯ ᠢ ᠨᠠᠶᠢᠷᠠᠭᠤᠯᠤᠨ ᠵᠣᠬᠢᠶᠠᠬᠤ ᠠᠵᠢᠯ ᠢ ᠬᠠᠷᠢᠭᠤᠴᠠᠵᠤ᠂ ᠰᠤᠮᠤ ᠪᠠᠯᠭᠠᠰᠤ᠂ ᠭᠠᠴᠠᠭ᠎ᠠ ᠨᠢ ᠲᠥᠰᠥᠯ ᠤᠨ ᠱᠠᠭᠠᠷᠳᠠᠯᠭ᠎ᠠ ᠶᠣᠰᠣᠭᠠᠷ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃    2. ᠡᠯ᠎ᠡ ᠰᠤᠮᠤ ᠪᠠᠯᠭᠠᠰᠤ᠂ ᠭᠠᠴᠠᠭ᠎ᠠ ᠨᠢ ᠣᠷᠣᠯᠠᠨ ᠳᠠᠷᠢᠵᠤ ᠣᠷᠣᠯᠠᠨ ᠳᠠᠷᠢᠬᠤ ᠭᠤᠣᠯ ᠴᠣᠭᠴᠠ ᠶᠢ ᠰᠣᠩᠭᠤᠬᠤ ᠳᠠᠭᠠᠨ ᠡᠵᠡᠩᠨᠡᠯᠲᠡ ᠶᠢᠨ ᠴᠢᠳᠠᠪᠤᠷᠢ ᠪᠠᠷ ᠰᠠᠶᠢᠨ᠂ ᠢᠲᠡᠭᠡᠯ ᠬᠦᠨᠳᠦ ᠪᠠᠷ ᠰᠠᠶᠢᠨ ᠠᠵᠤ ᠠᠬᠤᠶᠢᠯᠠᠯ᠂ ᠬᠤᠷᠰᠢᠶ᠎ᠠ ᠶᠢ ᠰᠣᠩᠭᠤᠵᠤ᠂ ᠡᠵᠡᠩᠨᠡᠯᠲᠡ ᠶᠢᠨ ᠦᠨᠡᠮᠯᠡᠯ ᠲᠠᠢ ᠮᠥᠷᠲᠡᠭᠡᠨ ᠬᠡᠪ ᠤᠨ ᠡᠵᠡᠩᠨᠡᠯᠲᠡ ᠶᠢᠨ ᠪᠠᠶᠢᠳᠠᠯ ᠳᠤ ᠪᠠᠶᠢᠬᠤ ᠬᠡᠷᠡᠭᠲᠡᠢ᠂ ᠡᠵᠡᠩᠨᠡᠯᠲᠡ ᠶᠢᠨ ᠭᠤᠣᠯ ᠴᠣᠭᠴᠠ ᠳᠤ ᠬᠡᠷᠡᠭ ᠤᠨ ᠡᠮᠦᠨ᠎ᠡ ᠪᠠᠶᠢᠴᠠᠭᠠᠯᠲᠠ ᠬᠢᠵᠦ᠂ ᠳᠠᠯᠳᠠ ᠬᠡᠮ ᠣᠷᠣᠰᠢᠵᠤ ᠪᠠᠶᠢᠭ᠎ᠠ ᠠᠵᠤ ᠠᠬᠤᠶᠢᠯᠠᠯ᠂ ᠬᠤᠷᠰᠢᠶ᠎ᠠ᠂ ᠲᠣᠮᠣ ᠡᠷᠦᠬᠡ ᠶᠢ ᠣᠷᠣᠭᠤᠯᠵᠤ ᠪᠣᠯᠬᠤ ᠦᠭᠡᠢ᠃   3. ᠡᠯ᠎ᠡ ᠰᠤᠮᠤ ᠪᠠᠯᠭᠠᠰᠤ᠂ ᠭᠠᠴᠠᠭ᠎ᠠ ᠨᠢ ᠣᠯᠠᠨ ᠲᠦᠮᠡᠨ ᠢ ᠳᠠᠶᠢᠴᠢᠯᠠᠬᠤ ᠠᠵᠢᠯ ᠢ ᠰᠠᠶᠢᠲᠤᠷ ᠬᠢᠵᠦ᠂ ᠲᠣᠰ ᠬᠠᠷᠢᠶ᠎ᠠ ᠣᠷᠣᠨ ᠤ ᠪᠠᠨ ᠬᠥᠳᠡᠯᠮᠦᠷᠢ ᠬᠦᠴᠦᠨ ᠦᠭᠡᠢ ᠡᠷᠦᠬᠡ ᠶᠢᠨ ᠮᠡᠳᠡᠭᠡ ᠵᠠᠩᠭᠢ᠂ ᠲᠠᠷᠢᠶᠠᠯᠠᠬᠤ ᠨᠥᠬᠦᠴᠡᠯ ᠵᠢᠴᠢ ᠣᠷᠣᠯᠠᠨ ᠳᠠᠷᠢᠵᠤ ᠣᠷᠣᠯᠠᠨ ᠳᠠᠷᠢᠬᠤ ᠭᠤᠣᠯ ᠴᠣᠭᠴᠠ ᠶᠢ ᠤᠷᠢᠳᠴᠢᠯᠠᠨ ᠴᠤᠭᠯᠠᠭᠤᠯᠤᠨ᠎ᠠ᠃   4. ᠡᠯ᠎ᠡ ᠰᠤᠮᠤ ᠪᠠᠯᠭᠠᠰᠤ ᠲᠥᠷᠥᠯ ᠵᠦᠢᠯ ᠤᠨ ᠡᠷᠦᠬᠡ ᠶᠢᠨ ᠬᠦᠰᠡᠯ ᠰᠠᠨᠠᠭ᠎ᠠ ᠶᠢ ᠴᠤᠭᠯᠠᠭᠤᠯᠬᠤ ᠳᠠᠭᠠᠨ ᠲᠠᠷᠢᠶᠠᠯᠠᠩ ᠠᠵᠤ ᠠᠬᠤᠢ ᠶᠢᠨ ᠰᠠᠯᠠᠭ᠎ᠠ ᠮᠥᠴᠢᠷ ᠲᠠᠢ ᠰᠠᠶᠢᠲᠤᠷ ᠵᠣᠯᠭᠠᠭᠤᠯᠵᠤ᠂ ᠲᠥᠷᠥᠯ ᠵᠦᠢᠯ ᠤᠨ ᠠᠰᠢᠭ ᠭᠥᠷᠳᠡᠬᠦ ᠡᠷᠦᠬᠡ ᠬᠢᠭᠡᠳ ᠲᠠᠷᠢᠶᠠᠯᠠᠩ ᠠᠵᠤ ᠠᠬᠤᠢ ᠶᠢᠨ ᠰᠠᠯᠠᠭ᠎ᠠ ᠮᠥᠴᠢᠷ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠰᠢᠭ ᠭᠥᠷᠳᠡᠬᠦ ᠡᠷᠦᠬᠡ ᠶᠢᠨ ᠲᠥᠷᠥ ᠶᠢᠨ ᠪᠣᠳᠣᠯᠭ᠎ᠠ ᠶᠢ ᠳᠠᠬᠢᠨ ᠳᠠᠪᠲᠠᠨ ᠭᠥᠷᠳᠡᠬᠦ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃   5᠂ ᠡᠯ᠎ᠡ ᠰᠤᠮᠤ ᠪᠠᠯᠭᠠᠰᠤ ᠨᠢ ᠭᠠᠴᠠᠭ᠎ᠠ ᠶᠢ ᠬᠢᠨᠠᠨ ᠵᠢᠯᠤᠭᠤᠳᠴᠤ ᠪᠠᠶᠢᠭᠠᠳ ᠣᠷᠣᠯᠠᠨ ᠳᠠᠷᠢᠵᠤ ᠣᠷᠣᠯᠠᠨ ᠳᠠᠷᠢᠬᠤ ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠷᠥᠯ ᠵᠦᠢᠯ ᠤᠨ ᠬᠠᠷᠠᠯᠲᠠᠲᠤ ᠡᠭᠦᠷᠭᠡ ᠶᠢᠨ ᠶᠣᠰᠣᠭᠠᠷ᠂ ᠣᠷᠣᠯᠠᠨ ᠳᠠᠷᠢᠵᠤ ᠣᠷᠣᠯᠠᠨ ᠳᠠᠷᠢᠬᠤ ᠭᠤᠣᠯ ᠴᠣᠭᠴᠠ ᠯᠤᠭ᠎ᠠ ᠣᠷᠣᠯᠠᠨ ᠳᠠᠷᠢᠵᠤ ᠣᠷᠣᠯᠠᠨ ᠳᠠᠷᠢᠬᠤ ᠡᠷᠦᠬᠡ᠂ ᠲᠠᠯᠠᠪᠠᠶ᠂ ᠬᠤᠭᠤᠴᠠᠭ᠎ᠠ ᠬᠢᠵᠠᠭᠠᠷ ᠵᠢᠴᠢ ᠦᠢᠯᠡᠴᠢᠯᠡᠬᠦ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ᠂ ᠲᠠᠷᠢᠮᠠᠯ ᠤᠨ ᠲᠥᠷᠥᠯ ᠵᠦᠢᠯ᠂ ᠦᠢᠯᠡᠴᠢᠯᠡᠭᠡᠨ ᠤ ᠠᠭᠤᠯᠭ᠎ᠠ ︵ᠣᠷᠣᠯᠠᠨ ᠳᠠᠷᠢᠬᠤ᠂ ᠣᠷᠣᠯᠠᠨ ᠳᠠᠷᠢᠬᠤ᠂ ᠣᠷᠣᠯᠠᠨ ᠬᠤᠷᠢᠶᠠᠬᠤ᠂ ᠣᠷᠣᠯᠠᠨ ᠪᠣᠷᠣᠯᠠᠭᠤᠯᠬᠤ︶ ᠵᠡᠷᠭᠡ ᠶᠢ ᠪᠠᠭᠲᠠᠭᠠᠭᠰᠠᠨ ᠪᠦᠷᠢᠨ ᠲᠡᠭᠦᠯᠳᠡᠷ ᠭᠡᠷ᠎ᠡ ᠶᠢᠨ ᠵᠥᠪᠯᠡᠯᠴᠡᠭᠡᠷ ᠲᠣᠭᠲᠠᠵᠤ᠂ ᠡᠯ᠎ᠡ ᠲᠠᠯ᠎ᠠ ᠶᠢᠨ ᠡᠷᠬᠡ ᠪᠠ ᠡᠭᠦᠷᠭᠡ ᠶᠢ ᠲᠣᠳᠣᠷᠬᠠᠶᠢᠯᠠᠵᠤ᠂ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠲᠣᠭᠲᠠᠴᠠ ᠶᠢ ᠴᠢᠩᠭᠠᠷᠠᠭᠤᠯᠤᠨ᠎ᠠ᠃   6. ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠨᠢ ᠡᠯ᠎ᠡ ᠰᠤᠮᠤ ᠪᠠᠯᠭᠠᠰᠤ᠂ ᠭᠠᠴᠠᠭ᠎ᠠ ᠶᠢᠨ ᠬᠠᠷᠠᠯᠲᠠᠲᠤ ᠡᠭᠦᠷᠭᠡ ᠶᠢ ᠦᠨᠳᠦᠰᠦᠯᠡᠨ᠂ ᠨᠥᠬᠦᠪᠦᠷᠢ ᠶᠢᠨ ᠪᠡᠯᠡ ᠮᠥᠩᠭᠦ ᠶᠢ ᠡᠯ᠎ᠡ ᠰᠤᠮᠤ ᠪᠠᠯᠭᠠᠰᠤ ᠶᠢᠨ ᠡᠳ᠋ ᠤᠨ ᠵᠠᠰᠠᠭ ᠤᠨ ᠭᠠᠵᠠᠷ ᠲᠤ ᠤᠷᠢᠳᠴᠢᠯᠠᠨ ᠰᠠᠯᠭᠠᠨ ᠥᠭᠴᠦ᠂ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠢ ᠲᠥᠷᠥᠯ ᠵᠦᠢᠯ ᠢ ᠰᠢᠯᠭᠠᠨ ᠬᠤᠷᠢᠶᠠᠭᠰᠠᠨ ᠪᠠᠶᠢᠳᠠᠯ ᠢ ᠦᠨᠳᠦᠰᠦᠯᠡᠨ ᠪᠦᠬᠦᠨ ᠳᠤ ᠲᠣᠬᠢᠷᠠᠬᠤ ᠺᠠᠷᠲ ᠢᠶᠠᠷ ᠳᠡᠮᠵᠢᠨ ᠨᠥᠬᠦᠪᠦᠷᠢ ᠶᠢᠨ ᠪᠡᠯᠡ ᠮᠥᠩᠭᠦ ᠣᠯᠭᠤᠨ᠎ᠠ᠃   7. ᠭᠠᠴᠠᠭ᠎ᠠ ᠨᠢ ᠲᠥᠷᠥᠯ ᠵᠦᠢᠯ ᠤᠨ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠤᠨ ᠱᠠᠭᠠᠷᠳᠠᠯᠭ᠎ᠠ ᠵᠢᠴᠢ ᠬᠡᠷᠡᠭᠵᠢᠭᠦᠯᠬᠦ ᠠᠬᠢᠴᠠ ᠶᠢ ᠦᠨᠳᠦᠰᠦᠯᠡᠨ᠂ 2023 ᠣᠨ ᠤ 9 ᠳ᠋ᠦᠭᠡᠷ ᠰᠠᠷ᠎ᠠ ᠎ ᠠᠴᠠ ᠡᠮᠦᠨ᠎ᠡ ᠰᠤᠮᠤ ᠪᠠᠯᠭᠠᠰᠤ ᠎ ᠯᠤᠭ᠎ᠠ ᠰᠢᠯᠭᠠᠨ ᠠᠪᠬᠤ ᠠᠵᠢᠯ ᠢ ᠪᠡᠶᠡᠯᠡᠭᠦᠯᠬᠦ ᠶᠢᠨ ᠬᠠᠮᠲᠤ ᠰᠤᠮᠤ ᠪᠠᠯᠭᠠᠰᠤ᠂ ᠭᠠᠴᠠᠭ᠎ᠠ ᠨᠢ ᠪᠡᠯᠡ ᠮᠥᠩᠭᠦ ᠶᠢ ᠰᠢᠯᠵᠢᠭᠦᠯᠦᠨ ᠥᠭᠬᠦ ᠪᠠ ᠠᠰᠢᠭ ᠭᠥᠷᠳᠡᠬᠦ ᠡᠷᠦᠬᠡ ᠶᠢ ᠢᠯᠡ ᠨᠡᠶᠢᠲᠡᠯᠡᠬᠦ ᠵᠡᠷᠭᠡ ᠬᠠᠮᠢᠶ᠎ᠠ ᠪᠦᠬᠦᠢ ᠠᠵᠢᠯ ᠢ ᠰᠠᠶᠢᠲᠤᠷ ᠬᠢᠪᠡᠯ ᠰᠠᠶ᠋ᠢ ᠪᠡᠯᠡ ᠮᠥᠩᠭᠦ ᠶᠢ ᠡᠷᠦᠬᠡ ᠳᠤ ᠰᠢᠯᠵᠢᠭᠦᠯᠦᠨ ᠥᠭᠴᠦ ᠪᠣᠯᠣᠨ᠎ᠠ᠃   8. ᠣᠷᠣᠯᠠᠨ ᠳᠠᠷᠢᠵᠤ ᠣᠷᠣᠯᠠᠨ ᠳᠠᠷᠢᠬᠤ ᠭᠤᠣᠯ ᠴᠣᠭᠴᠠ ᠨᠢ ᠡᠷᠬᠡᠪᠰᠢ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠵᠢᠱᠢᠭᠰᠡᠨ ᠦᠷ᠎ᠡ ᠠᠰᠢᠭ ᠢ ᠪᠡᠶᠡᠯᠡᠭᠦᠯᠬᠦ ᠬᠡᠷᠡᠭᠲᠡᠢ᠂ ᠲᠥᠷᠥᠯ ᠵᠦᠢᠯ ᠨᠢ ᠪᠦᠲᠦᠭᠰᠡᠨ ᠦᠭᠡᠢ᠂ ᠦᠷ᠎ᠡ ᠠᠰᠢᠭ ᠦᠭᠡᠢ ᠶᠢ ᠨᠢ ᠰᠢᠯᠭᠠᠨ ᠠᠪᠬᠤ ᠦᠭᠡᠢ᠂ ᠨᠥᠬᠦᠪᠦᠷᠢ ᠥᠭᠬᠦ ᠦᠭᠡᠢ ᠪᠠᠶᠢᠬᠤ ᠬᠡᠷᠡᠭᠲᠡᠢ᠃   9. ᠬᠥᠳᠡᠯᠮᠦᠷᠢ ᠬᠦᠴᠦᠨ ᠲᠠᠢ ᠶᠠᠳᠠᠭᠤ ᠎ ᠠᠴᠠ ᠠᠩᠭᠢᠵᠢᠷᠠᠭᠰᠠᠨ ᠡᠷᠦᠬᠡ ᠶᠢᠨ ᠬᠢᠨᠠᠨ ᠰᠢᠯᠭᠠᠬᠤ ᠡᠷᠦᠬᠡ ᠳᠤ ᠣᠷᠣᠯᠠᠨ ᠳᠠᠷᠢᠵᠤ ᠣᠷᠣᠯᠠᠨ ᠳᠠᠷᠢᠬᠤ ᠨᠥᠬᠦᠪᠦᠷᠢ ᠣᠯᠭᠤᠬᠤ ᠶᠢ ᠴᠢᠩᠭ᠎ᠠ ᠴᠠᠭᠠᠵᠠᠯᠠᠨ᠎ᠠ᠃   10᠂ ᠰᠤᠮᠤ ᠪᠠᠯᠭᠠᠰᠤ᠂ ᠭᠠᠴᠠᠭ᠎ᠠ ᠨᠢ ᠣᠷᠣᠯᠠᠨ ᠳᠠᠷᠢᠵᠤ ᠣᠷᠣᠯᠠᠨ ᠳᠠᠷᠢᠬᠤ ᠦᠢᠯᠡᠴᠢᠯᠡᠭᠡᠨ ᠤ ᠠᠭᠤᠯᠭ᠎ᠠ ᠶᠢ ᠡᠷᠦᠬᠡ ᠳᠠᠷᠠᠭᠠᠯᠠᠨ ᠬᠢᠨᠠᠨ ᠬᠠᠷᠭᠤᠭᠤᠯᠵᠤ᠂ ᠭᠡᠷ᠎ᠡ ᠳᠤ ᠪᠣᠯᠵᠣᠨ ᠲᠣᠭᠲᠠᠭᠰᠠᠨ ᠠᠭᠤᠯᠭ᠎ᠠ ᠬᠢᠭᠡᠳ ᠨᠥᠬᠦᠪᠦᠷᠢ ᠶᠢᠨ ᠪᠠᠷᠢᠮᠵᠢᠶ᠎ᠠ ᠶᠢ ᠦᠨᠳᠦᠰᠦᠯᠡᠨ ᠨᠥᠬᠦᠪᠦᠷᠢ ᠶᠢᠨ ᠮᠥᠩᠭᠦ ᠶᠢᠨ ᠲᠤᠭ᠎ᠠ ᠶᠢ ᠨᠠᠷᠢᠨ ᠲᠣᠳᠣᠷᠬᠠᠢ ᠲᠣᠭᠲᠠᠭᠠᠵᠤ᠂ ᠨᠥᠬᠦᠪᠦᠷᠢ ᠶᠢᠨ ᠬᠡᠪᠴᠢᠶ᠎ᠡ ᠬᠢᠭᠡᠳ ᠪᠠᠷᠢᠮᠵᠢᠶ᠎ᠠ ᠶᠢ ᠳᠤᠷ᠎ᠠ ᠪᠠᠷ ᠢᠶᠠᠨ ᠥᠷᠭᠡᠳᠬᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠢ᠃   ︵ᠠᠷᠪᠠ︶ ᠠᠰᠢᠭ ᠭᠥᠷᠳᠡᠬᠦ ᠡᠲᠡᠭᠡᠳ᠄ ᠣᠷᠣᠯᠠᠨ ᠳᠠᠷᠢᠵᠤ ᠣᠷᠣᠯᠠᠨ ᠳᠠᠷᠢᠬᠤ ᠨᠡᠶᠢᠭᠡᠮᠴᠢᠯᠡᠭᠰᠡᠨ ᠦᠢᠯᠡᠴᠢᠯᠡᠭᠡ ᠶᠢ ᠰᠣᠩᠭᠤᠭᠰᠠᠨ ᠬᠥᠳᠡᠯᠮᠦᠷᠢ ᠬᠦᠴᠦᠨ ᠦᠭᠡᠢ ᠮᠠᠯᠵᠢᠬᠤ ᠲᠠᠷᠢᠶᠠᠯᠠᠬᠤ ᠡᠷᠦᠬᠡ᠃   ︵ᠠᠷᠪᠠᠨ ᠨᠢᠭᠡ︶ ᠠᠵᠢᠯ ᠤᠨ ᠠᠮᠵᠢᠯᠲᠠ ᠪᠦᠲᠦᠮᠵᠢ ᠶᠢᠨ ᠬᠠᠷᠠᠯᠲᠠ ᠵᠢᠴᠢ ᠦᠷ᠎ᠡ ᠠᠰᠢᠭ ᠤᠨ ᠵᠠᠳᠠᠯᠤᠯᠲᠠ᠄   1. ᠠᠵᠤ ᠠᠬᠤᠢ ᠶᠢᠨ ᠦᠷ᠎ᠡ ᠠᠰᠢᠭ᠃ᠲᠥᠷᠥᠯ ᠵᠦᠢᠯ ᠤᠨ ᠬᠡᠷᠡᠭᠵᠢᠭᠦᠯᠦᠯᠲᠡ ᠨᠢ ᠬᠥᠳᠡᠯᠮᠦᠷᠢᠯᠡᠬᠦ ᠴᠢᠳᠠᠪᠤᠷᠢ ᠦᠭᠡᠢ ᠮᠠᠯᠵᠢᠬᠤ ᠲᠠᠷᠢᠶᠠᠯᠠᠬᠤ ᠡᠷᠦᠬᠡ ᠶᠢᠨ ᠭᠠᠵᠠᠷ ᠰᠢᠷᠣᠢ ᠶᠢ ᠰᠢᠭᠤᠳ ᠬᠤᠪᠢᠷᠠᠭᠤᠯᠵᠤ᠂ ᠡᠵᠡᠩᠨᠡᠯᠲᠡ ᠶᠢᠨ ᠠᠷᠭ᠎ᠠ ᠮᠠᠶ᠋ᠢᠭ ᠢ ᠡᠳ᠋ ᠬᠥᠷᠥᠩᠭᠡ ᠶᠢᠨ ᠴᠢᠨᠠᠷᠲᠠᠢ ᠣᠷᠣᠯᠭ᠎ᠠ ᠎ ᠠᠴᠠ ᠡᠵᠡᠩᠨᠡᠯᠲᠡ ᠶᠢᠨ ᠴᠢᠨᠠᠷᠲᠠᠢ ᠣᠷᠣᠯᠭ᠎ᠠ ᠪᠣᠯᠭᠠᠨ ᠬᠤᠪᠢᠷᠠᠭᠤᠯᠵᠤ᠂ ᠮᠠᠯᠵᠢᠬᠤ ᠲᠠᠷᠢᠶᠠᠯᠠᠬᠤ ᠡᠷᠦᠬᠡ ᠶᠢᠨ ᠠᠵᠤ ᠠᠬᠤᠢ ᠶᠢᠨ ᠣᠷᠣᠯᠭ᠎ᠠ ᠶᠢ ᠶᠡᠬᠡᠪᠡᠷ ᠨᠡᠮᠡᠭᠳᠡᠭᠦᠯᠦᠨ᠂ ᠮᠦ ᠪᠦᠷᠢ ᠶᠢᠨ ᠭᠠᠷᠤᠯᠲᠠ ᠶᠢᠨ ᠣᠷᠣᠯᠭ᠎ᠠ ᠶᠢ 200 ᠲᠥᠭᠦᠷᠢᠭ ᠠᠴᠠ ᠳᠡᠭᠡᠭᠰᠢ ᠨᠡᠮᠡᠭᠳᠡᠭᠦᠯᠦᠨ᠎ᠡ᠃   2. ᠠᠮᠢ ᠠᠬᠤᠢ ᠶᠢᠨ ᠦᠷ᠎ᠡ ᠠᠰᠢᠭ᠃ ᠲᠠᠷᠢᠶᠠᠴᠢᠨ ᠡᠷᠦᠬᠡ ᠶᠢ ᠬᠤᠷᠰᠢᠶ᠎ᠠ᠂ ᠠᠵᠤ ᠠᠬᠤᠶᠢᠯᠠᠯ ᠠᠴᠠ ᠲᠥᠪᠯᠡᠷᠡᠭᠦᠯᠦᠨ ᠣᠷᠣᠯᠠᠨ ᠲᠠᠷᠢᠵᠤ ᠣᠷᠣᠯᠠᠨ ᠲᠠᠷᠢᠵᠤ᠂ ᠲᠠᠷᠢᠮᠠᠯ ᠤᠨ ᠪᠠᠷᠢᠮᠵᠢᠶᠠᠵᠢᠯᠲᠠ᠂ ᠬᠡᠪᠴᠢᠶᠡᠵᠢᠯᠲᠡ ᠶᠢ ᠳᠡᠭᠡᠭᠰᠢᠯᠡᠭᠦᠯᠬᠦ ᠨᠢ ᠬᠢᠮᠢ ᠶᠢᠨ ᠪᠣᠷᠳᠣᠭᠤᠷ᠂ ᠲᠠᠷᠢᠶᠠᠨ ᠡᠮ ᠤᠨ ᠬᠡᠷᠡᠭᠯᠡᠯᠲᠡ ᠶᠢ ᠨᠡᠩ ᠰᠢᠨᠵᠢᠯᠡᠬᠦ ᠤᠬᠠᠭᠠᠨᠴᠢ᠂ ᠨᠠᠷᠢᠯᠢᠭ ᠣᠨᠣᠴᠠᠲᠠᠢ ᠪᠣᠯᠭᠠᠵᠤ᠂ ᠦᠷᠭᠦᠯᠵᠢᠯᠡᠬᠦ ᠲᠠᠷᠢᠶᠠᠯᠠᠩ᠂ ᠪᠣᠬᠢᠷᠳᠤᠯ ᠦᠭᠡᠢ ᠲᠠᠷᠢᠶᠠᠯᠠᠩ ᠢ ᠬᠥᠭᠵᠢᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃   3. ᠨᠡᠶᠢᠭᠡᠮ ᠤᠨ ᠦᠷ᠎ᠡ ᠠᠰᠢᠭ᠃ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡ ᠶᠢ ᠥᠷᠭᠡᠨ ᠢᠶᠠᠷ ᠳᠡᠯᠭᠡᠷᠡᠭᠦᠯᠵᠦ᠂ ︽ᠳᠠᠷᠢᠬᠤ᠂ ᠳᠠᠷᠢᠬᠤ᠂ ᠬᠤᠷᠢᠶᠠᠬᠤ︾ ᠪᠥᠬᠦ ᠶᠠᠪᠤᠴᠠ ᠶᠢᠨ ᠮᠠᠰᠢᠨᠴᠢᠯᠠᠭᠰᠠᠨ ᠦᠢᠯᠡᠴᠢᠯᠡᠭᠡ ᠪᠠᠷ ᠳᠠᠮᠵᠢᠭᠤᠯᠤᠨ᠂ ᠲᠠᠷᠢᠶᠠᠴᠢᠨ ᠡᠷᠦᠬᠡ ᠪᠣᠯᠣᠨ ᠠᠵᠤ ᠠᠬᠤᠶᠢᠯᠠᠯ᠂ ᠬᠤᠷᠰᠢᠶ᠎ᠠ ᠶᠢᠨ ᠬᠤᠣᠰ ᠠᠮᠵᠢᠯᠲᠠ ᠶᠢ ᠪᠡᠶᠡᠯᠡᠭᠦᠯᠵᠦ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠮᠤ ᠪᠤᠳᠠᠭ᠎ᠠ ᠶᠢ ᠬᠡᠪᠴᠢᠶᠡᠵᠢᠭᠦᠯᠦᠨ ᠳᠠᠷᠢᠬᠤ᠂ ᠴᠢᠨᠠᠷ ᠰᠠᠶᠢᠲᠠᠢ ᠦᠢᠯᠡᠳᠪᠦᠷᠢᠯᠡᠯ ᠵᠢᠴᠢ ᠲᠠᠷᠢᠶᠠᠴᠢᠨ ᠡᠷᠦᠬᠡ ᠶᠢᠨ ᠡᠯᠪᠡᠭ ᠬᠤᠷᠢᠶᠠᠯᠲᠠ ᠣᠷᠣᠯᠭ᠎ᠠ ᠶᠢ ᠨᠡᠮᠡᠭᠳᠡᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ᠃   ︵ᠠᠷᠪᠠᠨ ᠬᠤᠶᠠᠷ︶ ᠣᠯᠠᠨ ᠲᠦᠮᠡᠨ ᠣᠷᠤᠯᠴᠠᠬᠤ ᠪᠠ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠲᠣᠭᠲᠠᠴᠠ᠄ ᠲᠥᠷᠥᠯ ᠵᠦᠢᠯ ᠨᠢ ᠪᠣᠳᠠᠲᠠᠢ ᠎ ᠠᠴᠠ ᠡᠭᠦᠰᠴᠦ᠂ ᠨᠤᠲᠤᠭ ᠤᠨ ᠣᠨᠴᠠᠯᠢᠭ ᠢ ᠲᠣᠪᠤᠶᠢᠯᠭᠠᠨ᠂ ᠣᠨᠴᠠᠯᠢᠬᠵᠢᠭᠤᠯᠬᠤ᠂ ᠵᠦᠷᠢᠶᠡᠵᠢᠬᠦᠯᠦᠨ ᠬᠥᠭᠵᠢᠭᠦᠯᠬᠦ ᠵᠠᠮ ᠢᠶᠠᠷ ᠵᠠᠮᠨᠠᠵᠤ᠂ ᠬᠠᠷᠢᠶ᠎ᠠ ᠣᠷᠣᠨ ᠤ ᠳᠣᠲᠣᠷᠠᠬᠢ ᠬᠥᠳᠡᠯᠮᠦᠷᠢᠯᠡᠬᠦ ᠴᠢᠳᠠᠪᠤᠷᠢ ᠦᠭᠡᠢ ᠶᠠᠳᠠᠭᠤ ᠎ ᠠᠴᠠ ᠠᠩᠭᠢᠵᠢᠷᠠᠭᠰᠠᠨ ᠡᠷᠦᠬᠡ ᠪᠠ ᠬᠢᠨᠠᠨ ᠰᠢᠯᠭᠠᠬᠤ ᠡᠷᠦᠬᠡ ᠶᠢ ᠤᠷᠢᠳᠠᠪᠠᠷ ᠬᠠᠮᠤᠷᠴᠤ᠂ ᠣᠷᠣᠯᠠᠨ ᠳᠠᠷᠢᠵᠤ ᠣᠷᠣᠯᠠᠨ ᠳᠠᠷᠢᠬᠤ ᠶᠢ ᠬᠡᠷᠡᠭᠵᠢᠭᠦᠯᠵᠦ ᠪᠠᠶᠢᠭ᠎ᠠ ᠬᠥᠳᠡᠯᠮᠦᠷᠢᠯᠡᠬᠦ ᠴᠢᠳᠠᠪᠤᠷᠢ ᠦᠭᠡᠢ ᠶᠠᠳᠠᠭᠤ ᠎ ᠠᠴᠠ ᠠᠩᠭᠢᠵᠢᠷᠠᠭᠰᠠᠨ ᠡᠷᠦᠬᠡ ᠪᠠ ᠬᠢᠨᠠᠨ ᠰᠢᠯᠭᠠᠬᠤ ᠡᠷᠦᠬᠡ ᠳᠤ ᠨᠥᠬᠦᠪᠦᠷᠢ ᠣᠯᠭᠤᠨ᠎ᠠ᠃   ︵ᠠᠷᠪᠠᠨ ᠭᠤᠷᠪᠠ︶ ᠲᠥᠷᠥᠯ ᠵᠦᠢᠯ ᠤᠨ ᠠᠰᠢᠭ ᠣᠷᠣᠯᠭ᠎ᠠ ᠶᠢᠨ ᠬᠤᠪᠢᠶᠠᠷᠢᠯᠠᠯᠲᠠ᠄ ᠭᠤᠣᠯᠳᠠᠭᠤ ᠠᠵᠤ ᠠᠬᠤᠶᠢᠯᠠᠯ᠂ ᠬᠤᠷᠰᠢᠶ᠎ᠠ᠂ ᠴᠢᠳᠠᠪᠤᠷᠢᠲᠠᠨ ᠲᠣᠮᠣ ᠡᠷᠦᠬᠡ ᠳᠤ ᠲᠦᠰᠢᠭᠯᠡᠨ ᠣᠷᠣᠯᠠᠨ ᠳᠠᠷᠢᠵᠤ ᠣᠷᠣᠯᠠᠨ ᠳᠠᠷᠢᠵᠤ᠂ ᠲᠠᠷᠢᠶᠠᠴᠢᠨ ᠡᠷᠦᠬᠡ ᠶᠢᠨ ᠲᠠᠷᠢᠶᠠᠯᠠᠩ ᠤᠨ ᠦᠢᠯᠡᠳᠪᠦᠷᠢᠯᠡᠯ ᠤᠨ ᠠᠷᠭ᠎ᠠ ᠮᠠᠶ᠋ᠢᠭ ᠢ ᠬᠤᠪᠢᠷᠠᠭᠤᠯᠵᠤ᠂ ᠠᠰᠢᠭ ᠣᠷᠣᠯᠭ᠎ᠠ ᠶᠢ ᠲᠠᠷᠢᠶᠠᠴᠢᠨ ᠡᠷᠦᠬᠡ ᠳᠤ ᠥᠮᠴᠢᠯᠡᠭᠦᠯᠦᠨ᠎ᠡ᠃   ︵ᠠᠷᠪᠠᠨ ᠳᠥᠷᠪᠡ︶ ᠲᠥᠷᠥᠯ ᠵᠦᠢᠯ ᠤᠨ ᠪᠡᠯᠡ ᠮᠥᠩᠭᠦ ᠶᠢᠨ ᠬᠠᠮᠢᠶᠠᠷᠤᠯᠲᠠ ᠬᠢᠭᠡᠳ ᠲᠦᠭᠰᠢᠭᠦᠷᠢ ᠶᠢ ᠬᠠᠮᠢᠶᠠᠷᠤᠨ ᠡᠵᠡᠮᠳᠡᠬᠦ᠄ ᠲᠥᠷᠥᠯ ᠵᠦᠢᠯ ᠢ ᠴᠣᠬᠤᠯᠠᠪᠤᠷᠢᠯᠠᠭᠰᠠᠨ ᠤ ᠳᠠᠷᠠᠭ᠎ᠠ᠂ ᠲᠥᠷᠥᠯ ᠵᠦᠢᠯ ᠤᠨ ᠪᠡᠯᠡ ᠮᠥᠩᠭᠦ ᠶᠢ ᠪᠡᠯᠡ ᠮᠥᠩᠭᠦ ᠶᠢᠨ ᠪᠣᠳᠠᠲᠠᠶᠢᠵᠢᠭᠰᠠᠨ ᠪᠠᠶᠢᠳᠠᠯ ᠢ ᠦᠨᠳᠦᠰᠦᠯᠡᠨ ᠡᠯ᠎ᠡ ᠰᠤᠮᠤ ᠪᠠᠯᠭᠠᠰᠤ ᠶᠢᠨ ᠡᠳ᠋ ᠤᠨ ᠵᠠᠰᠠᠭ ᠤᠨ ᠭᠠᠵᠠᠷ ᠲᠤ ᠰᠢᠯᠵᠢᠭᠦᠯᠦᠨ ᠥᠭᠴᠦ᠂ ᠡᠯ᠎ᠡ ᠰᠤᠮᠤ ᠪᠠᠯᠭᠠᠰᠤ ᠨᠢ ᠲᠥᠷᠥᠯ ᠵᠦᠢᠯ ᠢ ᠰᠢᠯᠭᠠᠨ ᠠᠪᠤᠭᠰᠠᠨ ᠪᠠᠶᠢᠳᠠᠯ ᠢ ᠦᠨᠳᠦᠰᠦᠯᠡᠨ ᠲᠥᠷᠥᠯ ᠵᠦᠢᠯ ᠤᠨ ᠪᠡᠯᠡ ᠮᠥᠩᠭᠦ ᠶᠢ ᠰᠢᠯᠵᠢᠭᠦᠯᠦᠨ ᠥᠭᠭᠦᠨ᠎ᠡ᠃ᠡᠯ᠎ᠡ ᠰᠤᠮᠤ ᠪᠠᠯᠭᠠᠰᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠦᠲᠦᠮᠵᠢᠲᠡᠶ ᠠᠷᠭ᠎ᠠ ᠬᠡᠮᠵᠢᠶ᠎ᠡ ᠲᠣᠭᠲᠠᠭᠠᠵᠤ᠂ ᠲᠥᠷᠥᠯ ᠵᠦᠢᠯ ᠢ ᠲᠦᠯᠬᠢᠨ ᠠᠬᠢᠭᠤᠯᠬᠤ ᠶᠢᠨ ᠠᠷᠭ᠎ᠠ ᠦᠭᠡᠢ᠂ ᠣᠯᠠᠨ ᠲᠦᠮᠡᠨ ᠤ ᠰᠠᠨᠠᠯ ᠶᠡᠭᠡ᠂ ᠬᠠᠷᠢᠭᠤ ᠲᠤᠰᠬᠠᠭᠰᠠᠨ ᠠᠰᠠᠭᠤᠳᠠᠯ ᠣᠯᠠᠨ᠂ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠢ ᠵᠡᠷᠭᠡ ᠪᠠᠶᠢᠳᠠᠯ ᠭᠠᠷᠬᠤ ᠎ ᠠᠴᠠ ᠵᠠᠶᠢᠯᠠᠰᠬᠢᠵᠦ᠂ ᠲᠥᠷᠥᠯ ᠵᠦᠢᠯ ᠢ ᠤᠷᠤᠭᠰᠢᠲᠠᠢ ᠨᠠᠶᠢᠳᠠᠪᠤᠷᠢᠵᠢᠭᠤᠯᠵᠤ᠂ ᠦᠷ᠎ᠡ ᠠᠰᠢᠭ ᠢ ᠨᠢ ᠪᠠᠳᠠᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃   ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ   ︵ᠨᠢᠭᠡ︶ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ᠃ ᠡᠯ᠎ᠡ ᠰᠤᠮᠤ ᠪᠠᠯᠭᠠᠰᠤ ᠨᠢ ᠲᠤᠰᠬᠠᠢ ᠬᠥᠮᠥᠨ ᠲᠣᠬᠢᠷᠠᠭᠤᠯᠤᠨ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠢᠨᠠᠨ ᠬᠠᠮᠢᠶᠠᠷᠴᠤ᠂ ᠡᠯ᠎ᠡ ᠭᠠᠴᠠᠭ᠎ᠠ ᠶᠢ ᠵᠣᠬᠢᠶᠠᠨ ᠪᠠᠶᠢᠭᠤᠯᠤᠨ ᠮᠠᠯᠵᠢᠬᠤ ᠲᠠᠷᠢᠶᠠᠯᠠᠬᠤ ᠡᠷᠦᠬᠡ ᠶᠢ ᠳᠠᠶᠢᠴᠢᠯᠠᠨ ᠣᠷᠣᠯᠠᠨ ᠳᠠᠷᠢᠵᠤ ᠣᠷᠣᠯᠠᠨ ᠳᠠᠷᠢᠬᠤ ᠲᠥᠷᠥᠯ ᠵᠦᠢᠯ ᠳᠤ ᠣᠷᠣᠯᠴᠠᠭᠤᠯᠵᠤ᠂ ᠣᠷᠣᠯᠠᠨ ᠳᠠᠷᠢᠵᠤ ᠣᠷᠣᠯᠠᠨ ᠳᠠᠷᠢᠬᠤ ᠭᠤᠣᠯ ᠴᠣᠭᠴᠠ ᠶᠢ ᠬᠠᠪᠰᠤᠷᠤᠨ ᠠᠰᠢᠭ ᠭᠥᠷᠳᠡᠬᠦ ᠲᠠᠷᠢᠶᠠᠴᠢᠨ ᠡᠷᠦᠬᠡ ᠯᠦᠭᠡ ᠵᠥᠪᠯᠡᠯᠴᠡᠭᠡᠷ ᠲᠣᠭᠲᠠᠵᠤ᠂ ᠣᠷᠣᠯᠠᠨ ᠳᠠᠷᠢᠵᠤ ᠣᠷᠣᠯᠠᠨ ᠳᠠᠷᠢᠬᠤ ᠭᠤᠣᠯ ᠴᠣᠭᠴᠠ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤ ᠬᠢᠨᠠᠯᠲᠠ ᠲᠠᠯᠪᠢᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠨᠢ ᠰᠠᠷ᠎ᠠ ᠶᠢᠨ ᠲᠣᠬᠢᠷᠠᠭᠤᠯᠬᠤ ᠬᠡᠯᠪᠡᠷᠢ ᠪᠠᠷ ᠲᠣᠬᠢᠷᠠᠭᠤᠯᠤᠨ ᠰᠢᠮᠳᠠᠭᠤᠯᠤᠨ ᠪᠠᠶᠢᠴᠠᠭᠠᠵᠤ᠂ ᠠᠵᠢᠯ ᠤᠨ ᠠᠬᠢᠴᠠ ᠶᠢᠨ ᠪᠠᠶᠢᠳᠠᠯ ᠢ ᠪᠠᠶᠢᠴᠠᠭᠠᠬᠤ ᠬᠡᠷᠡᠭᠲᠡᠢ᠃ ᠡᠯ᠎ᠡ ᠰᠤᠮᠤ ᠪᠠᠯᠭᠠᠰᠤ ᠶᠢᠨ ᠭᠤᠣᠯ ᠤᠳᠤᠷᠢᠳᠤᠯᠭ᠎ᠠ ᠨᠢ ᠲᠣᠰ ᠲᠣᠰ ᠤᠨ ᠬᠠᠷᠢᠶ᠎ᠠ ᠣᠷᠣᠨ ᠤ ᠪᠠᠨ ᠲᠥᠷᠥᠯ ᠵᠦᠢᠯ ᠢ ᠠᠬᠢᠭᠤᠯᠬᠤ ᠠᠵᠢᠯ ᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠨ᠂ ᠣᠷᠣᠯᠠᠨ ᠳᠠᠷᠢᠵᠤ ᠣᠷᠣᠯᠠᠨ ᠳᠠᠷᠢᠬᠤ ᠭᠤᠣᠯ ᠴᠣᠭᠴᠠ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠢ ᠠᠬᠢᠭᠤᠯᠬᠤ ᠠᠵᠢᠯ ᠤᠨ ᠲᠣᠭᠲᠠᠴᠠ ᠶᠢ ᠲᠣᠭᠲᠠᠭᠠᠬᠤ ᠬᠡᠷᠡᠭᠲᠡᠢ᠃ ᠡᠭᠦᠨ ᠤ ᠬᠠᠮᠲᠤ ᠭᠠᠴᠠᠭ᠎ᠠ᠂ ᠲᠣᠰᠬᠤᠨ ᠳᠤ ᠰᠠᠭᠤᠬᠤ ᠠᠵᠢᠯᠯᠠᠬᠤ ᠠᠩᠭᠢ᠂ ᠠᠵᠤ ᠦᠢᠯᠡᠰ ᠤᠨ ᠵᠢᠭᠠᠨ ᠵᠢᠯᠣᠭᠤᠳᠤᠭᠴᠢ ᠵᠢᠴᠢ ᠨᠡᠶᠢᠭᠡᠮ ᠤᠨ ᠬᠦᠴᠦᠨ ᠢ ᠵᠢᠯᠣᠭᠤᠳᠤᠨ ᠲᠣᠰ ᠠᠵᠢᠯ ᠳᠤ ᠬᠠᠮᠲᠤᠪᠠᠷ ᠣᠷᠣᠯᠴᠠᠭᠤᠯᠤᠨ᠎ᠠ᠃    ︵ᠬᠤᠶᠠᠷ︶ ᠲᠥᠷᠥᠯ ᠵᠦᠢᠯ ᠢ ᠰᠢᠨᠵᠢᠯᠡᠬᠦ ᠤᠬᠠᠭᠠᠨᠴᠢ ᠪᠠᠷ ᠰᠣᠩᠭᠤᠨ᠎ᠠ᠃ᠡᠯ᠎ᠡ ᠰᠤᠮᠤ ᠪᠠᠯᠭᠠᠰᠤ᠂ ᠭᠠᠴᠠᠭ᠎ᠠ ᠨᠤᠭᠤᠳ ᠨᠠᠷᠢᠨ ᠬᠢᠨᠠᠮᠠᠭᠠᠢ ᠲᠥᠯᠥᠪᠵᠢᠭᠦᠯᠵᠦ᠂ ᠲᠣᠰ ᠭᠠᠵᠠᠷ ᠣᠷᠣᠨ ᠤ ᠬᠥᠭᠵᠢᠯᠲᠡ ᠳᠤ ᠲᠣᠬᠢᠷᠠᠬᠤ ᠲᠠᠷᠢᠮᠠᠯ ᠤᠨ ᠵᠦᠢᠯ ᠢ ᠰᠣᠩᠭᠤᠵᠤ᠂ ᠲᠠᠷᠢᠮᠠᠯ ᠤᠨ ᠲᠥᠷᠥᠯ ᠵᠦᠢᠯ ᠢ ᠪᠤᠷᠤᠭᠤ ᠰᠣᠩᠭᠤᠭᠰᠠᠨ ᠎ ᠠᠴᠠ ᠪᠣᠯᠵᠤ ᠮᠠᠭᠤ ᠨᠥᠯᠥᠭᠡ ᠭᠠᠷᠭᠠᠬᠤ ᠎ ᠠᠴᠠ ᠵᠠᠶᠢᠯᠠᠰᠬᠢᠬᠦ ᠬᠡᠷᠡᠭᠲᠡᠢ᠃    ︵ᠭᠤᠷᠪᠠ︶ ᠬᠠᠤᠯᠢ ᠴᠠᠭᠠᠵᠠ ᠶᠢᠨ ᠵᠢᠷᠤᠮ ᠢ ᠴᠢᠩᠭ᠎ᠠ ᠬᠡᠷᠡᠭᠵᠢᠭᠦᠯᠵᠦ᠂ ᠲᠣᠭᠲᠠᠭᠠᠭᠰᠠᠨ ᠡᠯ᠎ᠡ ᠵᠦᠢᠯ ᠤᠨ ᠬᠡᠯᠡᠯᠴᠡᠭᠡᠷ᠂ ᠭᠡᠷ᠎ᠡ ᠶᠢ ᠬᠠᠤᠯᠢ ᠴᠠᠭᠠᠵᠠ᠂ ᠬᠠᠤᠯᠢᠴᠢ ᠵᠡᠷᠭᠡ ᠲᠤᠰᠬᠠᠢ ᠮᠡᠷᠭᠡᠵᠢᠯ ᠤᠨ ᠠᠵᠢᠯᠲᠠᠨ ᠢᠶᠠᠷ ᠬᠠᠷᠢᠭᠤᠴᠠᠭᠤᠯᠵᠤ᠂ ᠨᠥᠬᠦᠴᠡᠯ ᠲᠠᠢ ᠨᠢ ᠠᠯᠪᠠᠨ ᠭᠡᠷᠡᠴᠢᠯᠡᠭᠡ ᠶᠢᠨ ᠭᠠᠵᠠᠷ ᠢᠶᠠᠷ ᠠᠯᠪᠠᠨ ᠭᠡᠷᠡᠴᠢᠯᠡᠭᠡ ᠬᠢᠯᠭᠡᠬᠦ ᠬᠡᠷᠡᠭᠲᠡᠢ᠃    ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ 2023 ᠣᠨ ᠳᠤ ᠬᠦᠷᠢᠶᠡᠨ ᠤ ᠠᠵᠤ ᠠᠬᠤᠢ ᠪᠠᠨ ᠴᠢᠨᠠᠷ ᠰᠠᠶᠢᠲᠠᠢ  ᠬᠦᠭᠵᠢᠬᠦᠯᠬᠦ ᠳᠦᠷᠦᠯ ᠵᠦᠢᠯ ᠢ ᠬᠡᠷᠡᠭᠵᠢᠭᠦᠯᠬᠦ ᠲᠥᠰᠥᠯ    ᠥᠷᠭᠡᠨ ᠣᠯᠠᠨ ᠮᠠᠯᠴᠢᠨ ᠲᠠᠷᠢᠶᠠᠴᠢᠨ ᠤ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠰᠠᠭᠤᠷᠢ ᠶᠢ ᠲᠠᠰᠤᠷᠠᠯᠲᠠ ᠦᠭᠡᠢ ᠪᠠᠲᠤᠳᠬᠠᠬᠤ ᠶᠢᠨ ᠲᠥᠯᠥᠭᠡ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠦᠷᠭᠦᠯᠵᠢᠯᠡᠨ ᠥᠷᠭᠡᠳᠬᠡᠵᠦ᠂ ᠮᠠᠯᠴᠢᠨ ᠲᠠᠷᠢᠶᠠᠴᠢᠨ ᠤ ᠥᠪᠡᠷ ᠢ ᠪᠠᠨ ᠬᠥᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠬᠡᠪᠴᠢᠶᠡᠵᠢᠯ ᠤᠨ ᠴᠢᠨᠠᠷᠲᠠᠢ ᠳᠠᠬᠢᠨ ᠶᠠᠳᠠᠭᠤᠷᠠᠬᠤ ᠬᠢᠵᠠᠭᠠᠷ ᠱᠤᠭᠤᠮ ᠢ ᠡᠷᠡᠰ ᠪᠠᠲᠤ ᠰᠠᠬᠢᠵᠤ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ  ᠶᠢ ᠲᠤᠬᠠᠢ ᠶᠢᠨ ᠭᠠᠵᠠᠷ ᠤᠨ ᠮᠠᠯᠴᠢᠨ ᠲᠠᠷᠢᠶᠠᠴᠢᠨ ᠤ ᠣᠷᠣᠯᠭ᠎ᠠ ᠶᠢᠨ ᠶᠠᠳᠠᠭᠤ ᠎ ᠠᠴᠠ ᠠᠩᠭᠢᠵᠢᠷᠠᠭᠤᠯᠬᠤ ᠭᠠᠵᠠᠷ ᠣᠷᠣᠨ ᠤ ᠮᠠᠯᠴᠢᠨ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠶᠢ ᠪᠥᠬᠦ ᠤᠯᠤᠰ᠂ ᠪᠥᠬᠦ ᠣᠷᠣᠨ ᠤ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠶᠢᠨ ᠬᠠᠷᠠᠯᠲᠠ ᠎ ᠠᠴᠠ ᠥᠨᠳᠥᠷ ᠪᠠᠶᠢᠯᠭᠠᠵᠤ᠂ ᠬᠦᠷᠢᠶ᠎ᠡ ᠬᠠᠰᠢᠶ᠎ᠠ ᠶᠢᠨ ᠠᠵᠤ ᠠᠬᠤᠢ ᠶᠢ ᠬᠡᠪᠴᠢᠶᠡᠵᠢᠭᠦᠯᠬᠦ᠂ ᠣᠨᠴᠠᠯᠢᠬᠵᠢᠭᠤᠯᠬᠤ᠂ ᠨᠠᠷᠠᠲᠤ ᠲᠥᠷᠥᠯ ᠲᠡᠮᠳᠡᠭᠵᠢᠭᠦᠯᠬᠦ ᠴᠢᠭᠯᠡᠯ ᠢᠶᠠᠷ ᠬᠥᠭᠵᠢᠭᠦᠯᠬᠦ ᠶᠢ ᠠᠬᠢᠭᠤᠯᠤᠨ᠂ ᠬᠦᠷᠢᠶ᠎ᠡ ᠬᠠᠰᠢᠶ᠎ᠠ ᠶᠢᠨ ᠠᠵᠤ ᠠᠬᠤᠢ ᠶᠢᠨ ᠲᠠᠷᠢᠮᠠᠯ ᠤᠨ ᠦᠷ᠎ᠡ ᠠᠰᠢᠭ ᠢ ᠬᠠᠮᠤᠭ ᠤᠨ ᠶᠡᠭᠡ ᠪᠣᠯᠭᠠᠵᠤ᠂ ︽ᠵᠢᠵᠢᠭ ᠬᠦᠷᠢᠶ᠎ᠡ ᠬᠠᠰᠢᠶ᠎ᠠ︾᠎ ᠶᠢ ︽ᠲᠣᠮᠣ ᠠᠵᠤ ᠦᠢᠯᠡᠰ︾ ᠪᠣᠯᠭᠠᠨ ᠪᠦᠲᠦᠭᠡᠨ ᠪᠠᠶᠢᠭᠤᠯᠵᠤ᠂ ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ᠂ ᠶᠠᠳᠠᠭᠤ ᠎ ᠠᠴᠠ ᠠᠩᠭᠢᠵᠢᠷᠠᠭᠤᠯᠤᠭᠰᠠᠨ ᠡᠷᠦᠬᠡ ᠶᠢ ᠳᠠᠬᠢᠨ ᠶᠠᠳᠠᠭᠤᠷᠠᠭᠤᠯᠬᠤ ᠦᠭᠡᠢ ᠪᠠᠶᠢᠬᠤ ᠶᠢ ᠪᠡᠶᠡᠯᠡᠭᠦᠯᠦᠨ᠎ᠡ᠂ ᠣᠨᠴᠣᠭᠤᠶᠢᠯᠠᠨ ᠳᠣᠣᠷᠠᠬᠢ ᠮᠡᠲᠦ ᠬᠡᠷᠡᠭᠵᠢᠭᠦᠯᠬᠦ ᠲᠥᠰᠥᠯ ᠢ ᠲᠣᠭᠲᠠᠭᠠᠪᠠ᠃    ᠨᠢᠭᠡ᠂ ᠵᠢᠯᠤᠭᠤᠳᠬᠤ ᠦᠵᠡᠯ ᠰᠠᠨᠠᠭ᠎ᠠ    ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠲᠠᠷᠢᠶᠠᠯᠠᠩ ᠬᠥᠳᠡᠭᠡ ᠲᠣᠰᠬᠤᠨ ᠢ ᠤᠷᠢᠳ ᠢᠶᠠᠷ ᠬᠥᠭᠵᠢᠭᠦᠯᠬᠦ ᠶᠡᠷᠦᠩᠬᠡᠢ ᠴᠢᠭᠯᠡᠯᠲᠡ ᠶᠢ ᠪᠠᠷᠢᠮᠲᠠᠯᠠᠵᠤ᠂ ᠶᠠᠳᠠᠭᠤ ᠠᠴᠠ ᠠᠩᠭᠢᠵᠢᠷᠠᠭᠤᠯᠬᠤ ᠬᠥᠮᠥᠨ ᠠᠮᠠ ᠪᠠ ᠬᠢᠨᠠᠨ ᠰᠢᠯᠭᠠᠬᠤ ᠡᠲᠡᠭᠡᠳ ᠢᠶᠠᠷ ᠭᠤᠣᠯᠳᠠᠯᠭ᠎ᠠ ᠪᠣᠯᠭᠠᠨ᠂ ︽ᠬᠤᠶᠠᠷ ᠢ ᠳᠡᠭᠡᠭᠦᠷ ᠪᠠᠶᠢᠯᠭᠠᠬᠤ︾ ᠬᠠᠷᠠᠯᠲᠠ ᠶᠢ ᠪᠡᠶᠡᠯᠡᠭᠦᠯᠬᠦ ᠲᠠᠢ ᠨᠢᠭᠲᠠ ᠤᠶᠠᠯᠳᠤᠭᠤᠯᠤᠨ᠂ ᠴᠢᠨᠠᠷ ᠰᠠᠶᠢᠲᠠᠢ ᠬᠦᠷᠢᠶᠡᠨ ᠤ ᠠᠵᠤ ᠠᠬᠤᠢ ᠶᠢ ᠬᠥᠭᠵᠢᠭᠦᠯᠬᠦ ᠪᠠᠷ ᠳᠠᠮᠵᠢᠭᠤᠯᠤᠨ᠂ ᠡᠵᠡᠩᠨᠡᠯᠲᠡ ᠶᠢᠨ ᠴᠢᠨᠠᠷᠲᠠᠢ ᠣᠷᠣᠯᠭ᠎ᠠ ᠶᠢᠨ ᠨᠡᠮᠡᠭᠳᠡᠯ ᠤᠨ ᠲᠠᠯᠳᠠ ᠬᠦᠴᠦᠨ ᠢ ᠬᠦᠴᠦᠯᠡᠨ ᠠᠭᠤᠳᠠᠯᠵᠤ᠂ ᠡᠵᠡᠩᠨᠡᠯᠲᠡ ᠶᠢᠨ ᠴᠢᠨᠠᠷᠲᠠᠢ ᠣᠷᠣᠯᠭ᠎ᠠ ᠶᠢᠨ ᠨᠡᠮᠡᠭᠳᠡᠯ ᠤᠨ ᠬᠠᠨᠳᠤᠰᠢ ᠶᠢ ᠲᠣᠭᠲᠠᠪᠤᠷᠢᠵᠢᠭᠤᠯᠤᠨ᠂ ᠲᠠᠷᠢᠶᠠᠴᠢᠨ ᠮᠠᠯᠴᠢᠨ ᠲᠦᠮᠡᠨ ᠤ ᠦᠷᠭᠦᠯᠵᠢᠯᠡᠨ ᠨᠡᠯᠢᠶᠡᠳ ᠲᠦᠷᠭᠡᠨ ᠢᠶᠠᠷ ᠨᠡᠮᠡᠭᠳᠡᠬᠦ ᠶᠢ ᠦᠨᠡᠨ ᠬᠦ ᠪᠠᠲᠤᠯᠠᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠲᠦᠷᠭᠡᠪᠴᠢᠯᠡᠨ ᠪᠡᠶᠡᠯᠡᠭᠦᠯᠦᠨ᠎ᠡ᠃   ᠬᠤᠶᠠᠷ᠂ ᠠᠵᠢᠯ ᠤᠨ ᠵᠠᠷᠴᠢᠮ   ᠬᠠᠤᠯᠢ ᠲᠣᠭᠲᠠᠭᠠᠯ ᠶᠣᠰᠣᠭᠠᠷ᠂ ᠲᠥᠷᠥ ᠶᠢᠨ ᠪᠣᠳᠣᠯᠭ᠎ᠠ ᠳᠤ ᠨᠡᠶᠢᠴᠡᠭᠦᠯᠬᠦ ᠶᠢ ᠪᠠᠷᠢᠮᠲᠠᠯᠠᠨ᠎ᠠ᠃ ᠭᠠᠵᠠᠷ ᠰᠢᠷᠣᠢ᠂ ᠣᠷᠴᠢᠨ ᠠᠬᠤᠢ ᠶᠢᠨ ᠬᠠᠮᠠᠭᠠᠯᠠᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠲᠠᠯ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠵᠤ᠂ ᠤᠯᠤᠰ ᠤᠨ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠭᠠᠵᠠᠷ ᠰᠢᠷᠣᠢ ᠶᠢ ᠠᠷᠪᠢᠲᠠᠢ ᠡᠷᠴᠢᠮᠯᠢᠭ ᠬᠡᠷᠡᠭᠯᠡᠬᠦ ᠶᠢ ᠪᠠᠷᠢᠮᠲᠠᠯᠠᠨ ᠂ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠭᠦᠯᠦᠨ ᠦᠢᠯᠡᠳᠪᠦᠷᠢᠯᠡᠵᠦ ᠡᠵᠡᠩᠨᠡᠵᠦ᠂ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠬᠦ᠂ ᠲᠣᠭᠲᠠᠭᠠᠯ ᠠᠴᠠ ᠵᠥᠷᠢᠴᠡᠨ ᠪᠠᠷᠢᠬᠤ᠂ ᠶᠠᠰᠤ ᠴᠢᠨᠠᠷ ᠤᠨ ᠠᠶᠤᠯᠭᠦᠢ ᠪᠠᠶᠢᠬᠤ ᠵᠡᠷᠭᠡ ᠠᠰᠠᠭᠤᠳᠠᠯ ᠭᠠᠷᠬᠤ ᠶᠢ ᠡᠷᠡᠰ ᠰᠡᠷᠭᠡᠶᠢᠯᠡᠨ᠎ᠡ᠃ ᠬᠠᠮᠢᠶ᠎ᠠ ᠪᠦᠬᠦᠢ ᠲᠣᠭᠲᠠᠭᠠᠯ ᠪᠠ ᠱᠠᠭᠠᠷᠳᠠᠯᠭ᠎ᠠ ᠳᠤ ᠨᠡᠶᠢᠴᠡᠬᠦ ᠦᠭᠡᠢ ᠬᠦᠷᠢᠶᠡᠨ ᠤ ᠠᠵᠤ ᠠᠬᠤᠢ ᠶᠢᠨ ᠲᠥᠷᠥᠯ ᠵᠦᠢᠯ ᠢ ᠳᠡᠮᠵᠢᠬᠦ ᠦᠭᠡᠢ᠃   ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠲᠥᠷᠥᠯ ᠬᠤᠪᠢᠶᠠᠨ ᠵᠢᠯᠤᠭᠤᠳᠬᠤ ᠶᠢ ᠪᠠᠷᠢᠮᠲᠠᠯᠠᠨ᠎ᠠ᠃ ᠬᠦᠷᠢᠶᠡᠨ ᠤ ᠠᠵᠤ ᠠᠬᠤᠢ ᠶᠢ ᠬᠥᠭᠵᠢᠭᠦᠯᠬᠦ ᠰᠠᠭᠤᠷᠢ ᠪᠠ ᠨᠥᠬᠦᠴᠡᠯ ᠢ ᠰᠢᠨᠵᠢᠯᠡᠬᠦ ᠤᠬᠠᠭᠠᠨᠴᠢ ᠪᠠᠷ ᠡᠵᠡᠮᠳᠡᠵᠦ᠂ ᠲᠣᠬᠢᠷᠠᠮᠵᠢᠲᠠᠢ ᠭᠠᠵᠠᠷ ᠣᠷᠣᠨ ᠳᠤ ᠴᠢᠨᠠᠷ ᠰᠠᠶᠢᠲᠠᠢ ᠬᠦᠷᠢᠶᠡᠨ ᠤ ᠠᠵᠤ ᠠᠬᠤᠢ ᠶᠢᠨ ᠵᠦᠢᠯᠡᠰ ᠢ ᠬᠡᠷᠡᠭᠵᠢᠭᠦᠯᠬᠦ ᠶᠢ ᠲᠦᠯᠬᠢᠨ ᠠᠬᠢᠭᠤᠯᠤᠨ᠎ᠠ᠃ ᠪᠣᠳᠠᠲᠤ ᠪᠠᠶᠢᠳᠠᠯ ᠠᠴᠠ ᠡᠭᠦᠰᠴᠦ᠂ ᠣᠷᠣᠨ ᠨᠤᠲᠤᠭ ᠤᠨ ᠣᠨᠴᠠᠯᠢᠭ ᠢ ᠲᠣᠪᠤᠶᠢᠯᠭᠠᠨ᠂ ᠥᠪᠡᠷᠮᠢᠴᠡ ᠣᠨᠴᠠᠯᠢᠭ ᠲᠠᠢ᠂ ᠵᠦᠷᠢᠶᠡᠴᠢᠯᠡᠭᠰᠡᠨ ᠬᠥᠭᠵᠢᠯᠲᠡ ᠶᠢᠨ ᠵᠠᠮ ᠢᠶᠠᠷ ᠵᠠᠮᠨᠠᠵᠤ ᠂ ᠲᠠᠷᠢᠬᠤ ᠳᠤ ᠲᠣᠬᠢᠷᠠᠪᠠᠯ ᠲᠠᠷᠢᠵᠤ᠂ ᠲᠡᠵᠢᠭᠡᠬᠦ ᠳᠤ ᠲᠣᠬᠢᠷᠠᠪᠠᠯ ᠲᠡᠵᠢᠭᠡᠵᠦ᠂ ᠨᠡᠮᠡᠬᠦ ᠳᠤ ᠲᠣᠬᠢᠷᠠᠪᠠᠯ ᠨᠡᠮᠡᠵᠦ᠂ ᠠᠷᠠᠯᠵᠢᠶ᠎ᠠ ᠬᠢᠬᠦ ᠳᠤ ᠲᠣᠬᠢᠷᠠᠪᠠᠯ ᠠᠷᠠᠯᠵᠢᠶ᠎ᠠ ᠬᠢᠵᠦ᠂ ᠤᠯᠠᠨ ᠲᠦᠷᠦᠯ ᠤᠨ ᠬᠡᠯᠪᠡᠷᠢ ᠶᠢᠨ ᠬᠦᠷᠢᠶᠡᠨ ᠤ ᠠᠵᠤ ᠠᠬᠤᠢ ᠶᠢ ᠰᠦᠪᠡᠭᠴᠢᠯᠡᠨ ᠬᠥᠭᠵᠢᠭᠦᠯᠦᠨ᠎ᠡ᠃   ᠯᠠᠪᠳᠠᠭᠤᠨ ᠪᠠᠲᠤᠲᠠᠢ ᠠᠵᠢᠯᠯᠠᠬᠤ᠂ ᠡᠮᠬᠢ ᠵᠢᠷᠤᠮ ᠲᠠᠢ ᠪᠠᠷ ᠲᠦᠯᠬᠢᠨ ᠠᠬᠢᠭᠤᠯᠬᠤ ᠶᠢ ᠪᠠᠷᠢᠮᠲᠠᠯᠠᠨ᠎ᠠ᠃ ᠰᠢᠨᠵᠢᠯᠡᠬᠦ ᠤᠬᠠᠭᠠᠨᠴᠢ ᠪᠠᠷ ᠨᠤᠲᠠᠯᠠᠯᠲᠠ ᠬᠢᠬᠦ ᠶᠢ ᠴᠢᠩᠭᠠᠳᠬᠠᠵᠤ᠂ ᠨᠡᠶᠢᠲᠡᠯᠢᠭ ᠵᠢᠱᠢᠶ᠎ᠡ ᠪᠠᠷ ᠵᠠᠮ ᠳᠠᠭᠠᠭᠤᠯᠬᠤ ᠶᠢ ᠴᠢᠬᠤᠯᠠᠴᠢᠯᠠᠵᠤ᠂ ᠬᠥᠭᠵᠢᠯᠲᠡ ᠶᠢᠨ ᠬᠡᠪ ᠵᠠᠭᠪᠤᠷ ᠪᠠ ᠬᠠᠷᠠᠯᠲᠠ ᠶᠢ ᠵᠦᠢ ᠵᠣᠬᠢᠰᠲᠠᠢ ᠪᠠᠷ ᠲᠣᠭᠲᠠᠭᠠᠨ᠎ᠠ᠃ ᠠᠵᠢᠯ ᠤᠨ ᠪᠦᠲᠦᠮᠵᠢ ᠶᠢᠨ ᠲᠤᠬᠠᠢ ᠵᠥᠪ ᠦᠵᠡᠯᠲᠡ ᠶᠢ ᠪᠤᠢ ᠪᠣᠯᠭᠠᠵᠤ᠂ ᠰᠠᠯᠬᠢ ᠰᠠᠯᠬᠢᠯᠠᠨ ᠬᠥᠳᠡᠯᠭᠡᠭᠡᠨ ᠬᠢᠬᠦ ᠶᠢ ᠡᠷᠡᠰ ᠬᠤᠷᠢᠭᠯᠠᠵᠤ᠂ ᠪᠣᠳᠠᠲᠤ ᠪᠠᠶᠢᠳᠠᠯ ᠢ ᠬᠠᠶᠢᠬᠤᠷᠬᠤ ᠦᠭᠡᠢ ᠪᠠᠷ ᠨᠢᠭᠡ ᠯᠡ ᠳᠣᠣᠷ᠎ᠠ ᠳᠦᠷᠬᠢᠷᠡᠨ ᠬᠢᠬᠦ ᠶᠢ ᠰᠡᠷᠭᠡᠶᠢᠯᠡᠬᠦ ᠬᠡᠷᠡᠭᠲᠡᠢ᠃ ᠨᠢᠭᠡ ᠯᠡ ᠠᠳᠠᠯᠢ ᠪᠠᠷ ᠱᠠᠭᠠᠷᠳᠠᠬᠤ ᠦᠭᠡᠢ᠂ ᠬᠡᠯᠪᠡᠷᠢ ᠶᠢᠨ ᠦᠵᠡᠯ ᠢ ᠶᠠᠪᠤᠭᠤᠯᠬᠤ ᠦᠭᠡᠢ᠂ ᠥᠨᠢ ᠤᠳᠠᠭᠠᠨ ᠠᠵᠢᠯᠯᠠᠵᠤ᠂ ᠯᠠᠪᠳᠠᠭᠤᠨ ᠢᠶᠠᠷ ᠠᠬᠢᠭᠤᠯᠬᠤ ᠬᠡᠷᠡᠭᠲᠡᠢ᠃   ᠵᠠᠰᠠᠭ ᠤᠨ ᠣᠷᠳᠣᠨ ᠠᠴᠠ ᠬᠥᠲᠥᠯᠥᠨ ᠵᠢᠯᠤᠭᠤᠳᠴᠤ᠂ ᠲᠠᠷᠢᠶᠠᠴᠢᠳ ᠢᠶᠠᠷ ᠭᠤᠣᠯ ᠴᠣᠭᠴᠠ ᠪᠤᠯᠭᠠᠵᠤ᠂ ᠲᠠᠷᠢᠶᠠᠴᠢᠳ ᠤᠨ ᠬᠦᠰᠡᠯ ᠰᠠᠨᠠᠭ᠎ᠠ ᠶᠢ ᠬᠦᠨᠳᠦᠳᠬᠡᠵᠦ᠂ ᠲᠠᠷᠢᠶᠠᠴᠢᠨ ᠡᠷᠦᠬᠡ ᠪᠠᠷ ᠭᠤᠣᠯ ᠴᠣᠭᠴᠠ ᠪᠣᠯᠭᠠᠨ ᠬᠦᠷᠢᠶ᠎ᠡ ᠬᠠᠰᠢᠶ᠎ᠠ ᠶᠢᠨ ᠦᠢᠯᠡᠳᠪᠦᠷᠢᠯᠡᠯ ᠡᠵᠡᠩᠨᠡᠯᠲᠡ ᠶᠢ ᠥᠷᠨᠢᠭᠦᠯᠵᠦ᠂ ᠵᠣᠬᠢᠶᠠᠨ ᠪᠠᠶᠢᠭᠤᠯᠵᠤ ᠬᠥᠲᠥᠯᠥᠨ ᠵᠢᠯᠤᠭᠤᠳᠬᠤ ᠪᠠᠨ ᠴᠢᠩᠭᠠᠳᠬᠠᠵᠤ᠂ ᠲᠠᠷᠢᠶᠠᠴᠢᠳ ᠤᠨ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠳᠠᠶᠢᠴᠢᠯᠠᠬᠤ ᠬᠡᠷᠡᠭᠲᠡᠢ᠃ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠤᠭᠤᠳᠬᠤ᠂ ᠮᠡᠷᠭᠡᠵᠢᠯ ᠢᠶᠠᠷ ᠦᠢᠯᠡᠴᠢᠯᠡᠬᠦ᠂ ᠬᠡᠷᠡᠭᠯᠡᠭᠡ ᠪᠠᠷ ᠬᠠᠪᠰᠤᠷᠤᠨ ᠲᠡᠳᠬᠦᠬᠦ ᠵᠡᠷᠭᠡ ᠠᠷᠭ᠎ᠠ ᠬᠡᠮᠵᠢᠶ᠎ᠡ ᠶᠢ ᠠᠪᠴᠤ᠂ ᠣᠯᠠᠨ ᠲᠥᠷᠥᠯ ᠬᠡᠯᠪᠡᠷᠢ ᠶᠢᠨ᠂ ᠵᠣᠬᠢᠬᠤ ᠬᠡᠪᠴᠢᠶ᠎ᠡ ᠲᠠᠢ ᠬᠦᠷᠢᠶ᠎ᠡ ᠬᠠᠰᠢᠶ᠎ᠠ ᠶᠢᠨ ᠠᠵᠤ ᠠᠬᠤᠢ ᠶᠢᠨ ᠬᠥᠭᠵᠢᠯᠲᠡ ᠶᠢ ᠲᠡᠳᠬᠦᠨ ᠳᠡᠮᠵᠢᠨ᠎ᠡ᠃   ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠵᠤ᠂ ᠠᠭᠤᠰᠤᠯᠴᠠᠭᠤᠯᠤᠨ ᠬᠥᠭᠵᠢᠭᠦᠯᠬᠦ ᠶᠢ ᠪᠠᠷᠢᠮᠲᠠᠯᠠᠨ᠎ᠠ᠃ ᠡᠬᠢ ᠪᠠᠶᠠᠯᠢᠭ ᠤᠨ ᠨᠥᠬᠦᠴᠡᠯ ᠪᠠ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠨ᠂ ᠠᠵᠤ ᠦᠢᠯᠡᠰ ᠤᠨ ᠬᠥᠭᠵᠢᠯᠲᠡ ᠶᠢᠨ ᠵᠢᠮ᠎ᠡ ᠶᠣᠰᠣᠨ ᠳᠤ ᠵᠣᠬᠢᠴᠠᠭᠤᠯᠤᠨ᠂ ᠡᠵᠡᠩᠨᠡᠯᠲᠡ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ ᠂ ᠬᠦᠷᠢᠶ᠎ᠡ ᠬᠠᠰᠢᠶ᠎ᠠ ᠶᠢᠨ ᠠᠵᠤ ᠠᠬᠤᠢ ᠶᠢᠨ ᠡᠵᠡᠩᠨᠡᠯᠲᠡ ᠶᠢᠨ ᠡᠷᠦᠬᠡ ᠬᠢᠭᠡᠳ ᠬᠥᠲᠥᠴᠢ ᠠᠵᠤ ᠠᠬᠤᠶᠢᠯᠠᠯ᠂ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠶ ᠵᠡᠷᠭᠡ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠶᠢᠨ ᠠᠵᠢᠯ ᠬᠤᠪᠢᠶᠠᠷᠢᠯᠠᠨ ᠬᠠᠮᠵᠢᠯᠴᠠᠬᠤ ᠪᠠ ᠠᠰᠢᠭ ᠲᠤᠰᠠ ᠶᠢᠨ ᠬᠤᠯᠪᠣᠭᠠᠯᠠᠯ ᠢ ᠴᠢᠩᠭᠠᠷᠠᠭᠤᠯᠵᠤ᠂ ᠬᠦᠷᠢᠶ᠎ᠡ ᠬᠠᠰᠢᠶ᠎ᠠ ᠶᠢᠨ ᠠᠵᠤ ᠠᠬᠤᠢ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠦᠨ᠂ ᠬᠦᠷᠢᠶ᠎ᠡ ᠬᠠᠰᠢᠶ᠎ᠠ ᠶᠢᠨ ᠠᠵᠤ ᠠᠬᠤᠢ ᠶᠢᠨ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃   ᠠᠮᠢ ᠠᠬᠤᠢ ᠶᠢ ᠲᠡᠷᠢᠭᠦᠨ ᠳᠤ ᠲᠠᠯᠪᠢᠵᠤ᠂ ᠪᠣᠬᠢᠷᠳᠤᠯ ᠦᠭᠡᠢ ᠪᠠᠷ ᠬᠥᠲᠥᠯᠥᠨ ᠳᠠᠭᠠᠭᠤᠯᠬᠤ ᠶᠢ ᠬᠦᠷᠢᠶ᠎ᠡ ᠬᠠᠰᠢᠶ᠎ᠠ ᠶᠢᠨ ᠠᠵᠤ ᠠᠬᠤᠢ ᠶᠢᠨ ᠬᠥᠭᠵᠢᠯᠲᠡ ᠬᠢᠭᠡᠳ ᠪᠠᠶᠢᠭᠠᠯᠢ ᠶᠢᠨ ᠣᠷᠴᠢᠨ ᠠᠬᠤᠢ ᠶᠢᠨ ᠠᠭᠤᠰᠤᠯᠴᠠᠯ ᠢ ᠴᠢᠩᠭᠠᠳᠬᠠᠵᠤ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠪᠠ ᠬᠥᠳᠡᠭᠡ ᠲᠣᠰᠬᠤᠨ ᠤ ᠵᠠᠰᠠᠯᠲᠠ ᠯᠤᠭ᠎ᠠ ᠬᠠᠷᠢᠯᠴᠠᠨ ᠤᠶᠠᠯᠳᠤᠭᠤᠯᠵᠤ᠂ ᠠᠵᠤ ᠠᠬᠤᠢ ᠶᠢᠨ ᠦᠷ᠎ᠡ ᠠᠰᠢᠭ ᠬᠢᠭᠡᠳ ᠠᠮᠢ ᠠᠬᠤᠢ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠤᠨ ᠬᠠᠷᠢᠯᠴᠠᠨ ᠨᠢᠭᠡᠳᠬᠦ ᠶᠢ ᠠᠬᠢᠭᠤᠯᠵᠤ᠂ ᠬᠦᠷᠢᠶ᠎ᠡ ᠬᠠᠰᠢᠶ᠎ᠠ ᠶᠢ ᠨᠣᠭᠤᠭᠠᠷᠠᠭᠤᠯᠤᠨ ᠭᠤᠶᠣᠵᠢᠭᠤᠯᠵᠤ᠂ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠰᠠᠶᠢᠵᠢᠷᠠᠭᠤᠯᠵᠤ᠂ ᠡᠬᠢ ᠪᠠᠶᠠᠯᠢᠭ ᠤᠨ ᠠᠰᠢᠭᠯᠠᠯᠲᠠ ᠶᠢ ᠨᠡᠩ ᠥᠨᠳᠥᠷ ᠪᠦᠲᠦᠮᠵᠢᠲᠡᠶ ᠪᠣᠯᠭᠠᠵᠤ᠂ ᠬᠦᠷᠢᠶ᠎ᠡ ᠬᠠᠰᠢᠶ᠎ᠠ ᠶᠢᠨ ᠣᠷᠴᠢᠨ ᠨᠥᠬᠦᠴᠡᠯ ᠢ ᠨᠡᠩ ᠦᠵᠡᠰᠬᠦᠯᠡᠩᠲᠦ ᠰᠠᠶᠢᠬᠠᠨ ᠪᠣᠯᠭᠠᠨ᠎ᠠ᠃   ᠭᠤᠷᠪᠠ᠂ ᠭᠤᠣᠯ ᠬᠠᠷᠠᠯᠲᠠ   2023 ᠣᠨ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠦᠷᠢᠶᠡᠨ ᠤ ᠠᠵᠤ ᠠᠬᠤᠢ ᠶᠢᠨ ᠠᠵᠤ ᠦᠢᠯᠡᠰ ᠤᠨ ᠬᠡᠪᠴᠢᠶ᠎ᠡ ᠲᠠᠰᠤᠷᠠᠯᠲᠠ ᠦᠭᠡᠢ ᠥᠷᠭᠡᠳᠴᠦ᠂ ᠠᠵᠤ ᠦᠢᠯᠡᠰ ᠤᠨ ᠲᠥᠷᠥᠯ ᠬᠡᠯᠪᠡᠷᠢ ᠨᠢ ᠨᠠᠩ ᠪᠠᠶᠠᠯᠢᠭᠵᠢᠵᠤ᠂ ᠦᠢᠯᠡᠳᠪᠦᠷᠢᠯᠡᠯ ᠪᠣᠷᠤᠯᠠᠭᠤᠯᠭ᠎ᠠ ᠶᠢᠨ ᠵᠣᠯᠭᠠᠯᠴᠠᠭ᠎ᠠ ᠨᠢ ᠨᠠᠩ ᠤᠷᠤᠭᠰᠢᠲᠠᠢ ᠪᠣᠯᠵᠤ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠨᠢ ᠦᠷᠭᠦᠯᠵᠢᠯᠡᠨ ᠴᠢᠩᠭᠠᠷᠠᠵᠤ᠂ ᠬᠥᠭᠵᠢᠯᠲᠡ ᠶᠢᠨ ᠬᠢᠷᠢ ᠲᠦᠪᠰᠢᠨ ᠨᠢ ᠢᠯᠡᠳᠲᠡ ᠳᠡᠭᠡᠭᠰᠢᠯᠡᠪᠡ᠃ ᠮᠠᠯᠵᠢᠬᠤ ᠲᠠᠷᠢᠶᠠᠯᠠᠬᠤ ᠡᠷᠦᠬᠡ ᠢᠯᠠᠩᠭᠤᠶ᠎ᠠ ᠶᠠᠳᠠᠭᠤ ᠎ ᠠᠴᠠ ᠠᠩᠭᠢᠵᠢᠷᠠᠭᠰᠠᠨ ᠬᠥᠮᠥᠨ ᠠᠮᠠ ᠪᠣᠯᠣᠨ ᠬᠢᠨᠠᠨ ᠰᠢᠯᠭᠠᠬᠤ ᠡᠲᠡᠭᠡᠳ ᠬᠦᠷᠢᠶᠡᠨ ᠤ ᠠᠵᠤ ᠠᠬᠤᠢ ᠶᠢ ᠬᠥᠭᠵᠢᠭᠦᠯᠬᠦ ᠳᠤ ᠣᠷᠣᠯᠴᠠᠭᠠᠳ ᠢᠯᠡᠳᠲᠡ ᠦᠷ᠎ᠡ ᠪᠦᠲᠦᠮᠵᠢ ᠣᠯᠵᠤ᠂ ᠳᠣᠲᠣᠭᠠᠳᠤ ᠬᠥᠳᠡᠯᠭᠡᠭᠦ ᠬᠦᠴᠦᠨ ᠢ ᠤᠯᠠᠮ ᠨᠢᠭᠡ ᠠᠯᠬᠤᠮ ᠬᠥᠭᠵᠢᠭᠡᠨ᠂ ᠥᠪᠡᠷ ᠢ ᠪᠠᠨ ᠬᠥᠭᠵᠢᠭᠦᠯᠬᠦ ᠴᠢᠳᠠᠪᠤᠷᠢ ᠶᠢ ᠲᠠᠰᠤᠷᠠᠯᠲᠠ ᠦᠭᠡᠢ ᠴᠢᠩᠭᠠᠷᠠᠭᠤᠯᠵᠤ᠂ ᠬᠦᠷᠢᠶᠡᠨ ᠤ ᠠᠵᠤ ᠠᠬᠤᠢ ᠪᠠᠷ ᠳᠡᠮᠵᠢᠨ ᠣᠯᠣᠭᠰᠠᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠦᠨ᠎ᠡ᠃ ᠶᠠᠳᠠᠭᠤ ᠎ ᠠᠴᠠ ᠠᠩᠭᠢᠵᠢᠷᠠᠭᠰᠠᠨ ᠬᠥᠮᠥᠨ ᠠᠮᠠ ᠪᠠ ᠬᠢᠨᠠᠨ ᠰᠢᠯᠭᠠᠬᠤ ᠡᠲᠡᠭᠡᠳ ᠤᠨ ᠬᠦᠷᠢᠶᠡᠨ ᠤ ᠠᠵᠤ ᠠᠬᠤᠢ ᠶᠢ ᠪᠦᠬᠦᠨ ᠢ ᠬᠠᠮᠤᠷᠬᠤ ᠶᠢ ᠴᠢᠷᠮᠠᠶᠢᠨ ᠪᠡᠶᠡᠯᠡᠭᠦᠯᠦᠨ᠎ᠡ᠃   ᠳᠥᠷᠪᠡ᠂ ᠬᠥᠭᠵᠢᠭᠦᠯᠦᠯᠲᠡ ᠶᠢᠨ ᠭᠤᠣᠯᠳᠠᠯᠭ᠎ᠠ   ︵ᠨᠢᠭᠡ︶ ᠬᠦᠷᠢᠶ᠎ᠡ ᠬᠠᠰᠢᠶ᠎ᠠ ᠶᠢᠨ ᠣᠨᠴᠠᠯᠢᠭᠲᠤ ᠲᠠᠷᠢᠮᠠᠯ ᠢ ᠬᠥᠭᠵᠢᠭᠦᠯᠦᠨ᠎ᠡ᠃ᠵᠠᠬ᠎ᠠ ᠳᠡᠯᠭᠡᠭᠦᠷ ᠤᠨ ᠢᠷᠡᠭᠡᠳᠦᠢ ᠶᠢᠨ ᠲᠥᠯᠥᠪ ᠢᠶᠠᠷ ᠰᠠᠶᠢᠨ᠂ ᠨᠡᠮᠡᠯᠲᠡ ᠦᠷᠳᠡᠭ ᠢᠶᠠᠷ ᠥᠨᠳᠥᠷ ᠲᠠᠷᠢᠮᠠᠯ ᠤᠨ ᠡᠭᠦᠯᠳᠡᠷ ᠢ ᠰᠢᠯᠢᠨ ᠰᠣᠩᠭᠤᠵᠤ᠂ ᠢᠳᠡᠰᠢᠨ ᠨᠣᠭᠤᠭ᠎ᠠ᠂ ᠤᠢ ᠵᠢᠮᠢᠰ᠂ ᠬᠢᠲᠠᠳ ᠡᠪᠡᠰᠦᠨ ᠡᠮ᠂ ᠮᠦᠬᠦ ᠶᠢᠨ ᠲᠦᠷᠦᠯ᠂ ᠡᠯᠳᠡᠪ ᠠᠮᠤ ᠡᠯᠳᠡᠪ ᠪᠤᠷᠴᠠᠭ᠂ ᠤᠰᠤᠨ ᠲᠤᠲᠤᠷᠭ᠎ᠠ ᠵᠡᠷᠭᠡ ᠣᠨᠴᠠᠯᠢᠭᠲᠤ ᠲᠠᠷᠢᠮᠠᠯ ᠢ ᠭᠤᠣᠯᠳᠠᠯᠭ᠎ᠠ ᠲᠠᠢ ᠪᠠᠷ ᠬᠥᠭᠵᠢᠭᠦᠯᠵᠦ᠂ ᠰᠢᠨ᠎ᠡ ᠡᠭᠦᠯᠳᠡᠷ᠂ ᠰᠢᠨ᠎ᠡ ᠮᠡᠷᠭᠡᠵᠢᠯ ᠤᠨ ᠲᠤᠷᠰᠢᠯᠲᠠ ᠬᠢᠵᠦ ᠳᠡᠯᠭᠡᠷᠡᠭᠦᠯᠬᠦ ᠶᠢ ᠨᠡᠮᠡᠭᠳᠡᠭᠦᠯᠵᠦ᠂ ᠲᠠᠷᠢᠶᠠᠨ ᠤ ᠲᠠᠷᠢᠮᠠᠯ ᠎ ᠯᠤᠭ᠎ᠠ ᠵᠦᠷᠢᠶᠡᠴᠢᠯᠡᠭᠰᠡᠨ᠂ ᠬᠠᠷᠢᠯᠴᠠᠨ ᠨᠥᠬᠦᠪᠦᠷᠢᠯᠡᠬᠦ ᠴᠢᠨᠠᠷᠲᠠᠢ ᠬᠥᠭᠵᠢᠯᠲᠡ ᠶᠢ ᠪᠤᠢ ᠪᠣᠯᠭᠠᠵᠤ᠂ ᠵᠠᠬ᠎ᠠ ᠳᠡᠯᠭᠡᠭᠦᠷ ᠤᠨ ᠬᠤᠭᠤᠰᠤᠨ ᠢ ᠨᠥᠬᠦᠪᠦᠷᠢᠯᠡᠨ᠂ ᠲᠠᠷᠢᠮᠠᠯ ᠤᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ᠬᠦᠷᠢᠶ᠎ᠡ ᠬᠠᠰᠢᠶ᠎ᠠ ᠶᠢᠨ ᠲᠥᠬᠦᠭᠡᠷᠦᠮᠵᠢᠲᠦ ᠲᠠᠷᠢᠶᠠᠯᠠᠩ ᠢ ᠬᠥᠭᠵᠢᠭᠦᠯᠵᠦ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠵᠢᠮᠢᠰ᠂ ᠤᠯᠠᠷᠢᠯ ᠰᠥᠷᠬᠦ ᠢᠳᠡᠰᠢᠨ ᠨᠣᠭᠤᠭ᠎ᠠ ᠵᠡᠷᠭᠡ ᠨᠡᠮᠡᠯᠲᠡ ᠦᠷᠳᠡᠭ ᠢᠶᠠᠷ ᠥᠨᠳᠥᠷ ᠣᠨᠴᠠᠯᠢᠭᠲᠤ ᠠᠵᠤ ᠠᠬᠤᠢ ᠶᠢᠨ ᠲᠠᠷᠢᠮᠠᠯ ᠢ ᠲᠠᠷᠢᠨ᠎ᠠ᠃ᠨᠢᠭᠡᠳᠦᠯᠲᠡᠢ ᠲᠥᠯᠥᠪᠵᠢᠭᠦᠯᠦᠨ ᠪᠠᠶᠢᠷᠢᠯᠠᠭᠤᠯᠬᠤ᠂ ᠨᠢᠭᠡᠳᠦᠯᠲᠡᠢ ᠮᠡᠷᠭᠡᠵᠢᠯ ᠤᠨ ᠪᠠᠷᠢᠮᠵᠢᠶ᠎ᠠ ᠲᠠᠢ ᠪᠠᠶᠢᠯᠭᠠᠬᠤ᠂ ᠨᠢᠭᠡᠳᠦᠯᠲᠡᠢ ᠬᠤᠳᠠᠯᠳᠤᠨ ᠠᠪᠴᠤ ᠪᠣᠷᠣᠯᠠᠭᠤᠯᠬᠤ᠂ ᠡᠷᠦᠬᠡ ᠬᠤᠪᠢᠶᠠᠨ ᠡᠵᠡᠩᠨᠡᠵᠦ ᠳᠠᠷᠢᠬᠤ ᠬᠥᠭᠵᠢᠯᠲᠡ ᠶᠢᠨ ᠵᠠᠭᠪᠤᠷ ᠢ ᠰᠦᠪᠡᠭᠴᠢᠯᠡᠨ ᠬᠡᠷᠡᠭᠵᠢᠭᠦᠯᠬᠦ ᠶᠢ ᠵᠣᠷᠢᠭᠵᠢᠭᠤᠯᠤᠨ᠎ᠠ᠃ ᠡᠭᠦᠨ ᠤ ᠬᠠᠮᠲᠤ ᠵᠠᠬᠢᠶᠠᠯᠠᠭ᠎ᠠ ᠶᠢᠨ ᠲᠦᠷᠦᠯ ᠤᠨ ᠲᠠᠷᠢᠮᠠᠯ ᠢ ᠬᠥᠭᠵᠢᠭᠦᠯᠬᠦ ᠶᠢ ᠵᠣᠷᠢᠭᠵᠢᠭᠤᠯᠵᠤ᠂ ᠲᠤᠬᠠᠢ ᠶᠢᠨ ᠭᠠᠵᠠᠷ ᠤᠨ ᠬᠤᠷᠰᠢᠶ᠎ᠠ ᠂ ᠠᠵᠤ ᠠᠬᠤᠶᠢᠯᠠᠯ ᠯᠤᠭ᠎ᠠ ᠵᠠᠬᠢᠶᠠᠯᠠᠭ᠎ᠠ ᠶᠢᠨ ᠬᠡᠯᠪᠡᠷᠢ ᠪᠠᠷ ᠬᠦᠷᠢᠶᠡᠨ ᠤ ᠠᠵᠤ ᠠᠬᠤᠢ ᠶᠢᠨ ᠲᠠᠷᠢᠮᠠᠯ ᠢ ᠲᠠᠶᠢᠴᠢᠯᠠᠨ ᠬᠥᠭᠵᠢᠭᠦᠯᠵᠦ᠂ ᠠᠵᠤ ᠦᠢᠯᠡᠰ ᠤᠨ ᠦᠷᠭᠦᠯᠵᠢᠯᠡᠬᠦ ᠴᠢᠨᠠᠷᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ᠃    ︵ᠬᠤᠶᠠᠷ︶ ᠬᠦᠷᠢᠶ᠎ᠡ ᠬᠠᠰᠢᠶ᠎ᠠ ᠶᠢᠨ ᠣᠨᠴᠠᠯᠢᠭᠲᠤ ᠲᠡᠵᠢᠭᠡᠨ ᠦᠷᠡᠵᠢᠭᠦᠯᠬᠦ ᠶᠢ ᠬᠥᠭᠵᠢᠭᠦᠯᠦᠨ᠎ᠡ᠃  ᠬᠦᠷᠢᠶ᠎ᠡ ᠬᠠᠰᠢᠶ᠎ᠠ ᠪᠠᠷ ᠲᠡᠵᠢᠭᠡᠨ ᠦᠷᠡᠵᠢᠭᠦᠯᠬᠦ ᠳᠤ ᠲᠣᠬᠢᠷᠠᠬᠤ ᠣᠨᠴᠠᠯᠢᠭ ᠲᠠᠢ ᠰᠢᠯᠢᠳᠡᠭ ᠡᠭᠦᠯᠳᠡᠷ ᠢ ᠢᠳᠡᠪᠬᠢᠲᠡᠢ ᠪᠠᠷ ᠳᠡᠯᠭᠡᠷᠡᠭᠦᠯᠵᠦ᠂ ᠲᠡᠵᠢᠭᠡᠨ ᠦᠷᠡᠵᠢᠭᠦᠯᠬᠦ ᠪᠦᠲᠦᠴᠡ ᠶᠢ ᠰᠢᠯᠢᠳᠡᠭᠵᠢᠭᠦᠯᠦᠨ᠂ ᠲᠡᠵᠢᠭᠡᠨ ᠦᠷᠡᠵᠢᠭᠦᠯᠬᠦ ᠰᠢᠨ᠎ᠡ ᠮᠡᠷᠭᠡᠵᠢᠯ᠂ ᠰᠢᠨ᠎ᠡ ᠵᠠᠭᠪᠤᠷ ᠢ ᠬᠡᠷᠡᠭᠯᠡᠨ᠎ᠡ᠃ ᠨᠢᠭᠡ ᠳᠤ ᠦᠬᠡᠷ ᠤᠨ ᠠᠵᠤ ᠦᠢᠯᠡᠰ ᠢ ᠬᠥᠭᠵᠢᠭᠦᠯᠵᠦ᠂ ᠪᠣᠷᠳᠣᠵᠤ ᠲᠠᠷᠭᠤᠯᠠᠭᠤᠯᠬᠤ ᠦᠬᠡᠷ ᠤᠨ ᠠᠵᠤ ᠦᠢᠯᠡᠰ ᠤᠨ ᠬᠥᠭᠵᠢᠯᠲᠡ ᠶᠢ ᠶᠡᠬᠡᠪᠡᠷ ᠲᠦᠯᠬᠢᠨ ᠠᠬᠢᠭᠤᠯᠬᠤ ᠶᠢᠨ ᠬᠠᠮᠲᠤ ᠲᠡᠵᠢᠭᠡᠨ ᠦᠷᠡᠵᠢᠭᠦᠯᠬᠦ ᠰᠢᠨᠵᠢᠯᠡᠬᠦ ᠤᠬᠠᠭᠠᠨ ᠮᠡᠷᠭᠡᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠮᠠᠯ ᠤᠨ ᠡᠭᠦᠯᠳᠡᠷ ᠤᠨ ᠪᠦᠲᠦᠴᠡ ᠶᠢ ᠰᠠᠶᠢᠵᠢᠷᠠᠭᠤᠯᠵᠤ᠂ ᠰᠠᠶᠢᠨ ᠡᠭᠦᠯᠳᠡᠷ ᠤᠨ ᠦᠬᠡᠷ ᠤᠨ ᠲᠤᠭ᠎ᠠ ᠬᠡᠮᠵᠢᠶ᠎ᠡ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ︔ ᠬᠤᠶᠠᠷ ᠲᠤ ᠲᠤᠬᠠᠢ ᠶᠢᠨ ᠭᠠᠵᠠᠷ ᠤᠨ ᠪᠣᠳᠠᠲᠠᠢ ᠪᠠᠶᠢᠳᠠᠯ ᠢ ᠦᠨᠳᠦᠰᠦᠯᠡᠨ ᠬᠦᠷᠢᠶ᠎ᠡ ᠬᠠᠰᠢᠶ᠎ᠠ ᠶᠢᠨ ᠠᠮᠢᠳᠤᠷᠠᠯ ᠤᠨ ᠲᠣᠭᠤᠷᠢᠭ ᠪᠠ ᠲᠡᠵᠢᠭᠡᠨ ᠦᠷᠡᠵᠢᠭᠦᠯᠬᠦ ᠲᠣᠭᠤᠷᠢᠭ ᠢ ᠵᠣᠬᠢᠰᠲᠠᠢ ᠲᠥᠯᠥᠪᠵᠢᠭᠦᠯᠵᠦ᠂ ᠬᠥᠮᠥᠨ ᠮᠠᠯ ᠢ ᠰᠠᠯᠭᠠᠵᠤ᠂ ᠴᠡᠪᠡᠷ ᠲᠡᠭᠰᠢ ᠪᠠᠶᠢᠯᠭᠠᠬᠤ ᠶᠢ ᠪᠡᠶᠡᠯᠡᠭᠦᠯᠦᠨ᠎ᠡ᠃ᠬᠦᠷᠢᠶ᠎ᠡ ᠬᠠᠰᠢᠶ᠎ᠠ ᠶᠢᠨ ᠲᠡᠵᠢᠭᠡᠨ ᠦᠷᠡᠵᠢᠭᠦᠯᠬᠦ ᠨᠥᠬᠦᠴᠡᠯ ᠢ ᠰᠠᠶᠢᠵᠢᠷᠠᠭᠤᠯᠤᠨ᠂ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠬᠦᠷᠢᠶ᠎ᠡ ᠬᠠᠰᠢᠶ᠎ᠠ ᠶᠢᠨ ᠲᠡᠵᠢᠭᠡᠨ ᠦᠷᠡᠵᠢᠭᠦᠯᠬᠦ ᠶᠢ ᠲᠤᠬᠠᠢ ᠶᠢᠨ ᠭᠠᠵᠠᠷ ᠤᠨ ᠣᠲᠣ ᠦᠶ᠎ᠡ ᠶᠢᠨ ᠲᠡᠵᠢᠭᠡᠨ ᠦᠷᠡᠵᠢᠭᠦᠯᠬᠦ ᠦᠢᠯᠡᠰ ᠤᠨ ᠦᠢᠯᠡᠳᠪᠦᠷᠢᠯᠡᠯ ᠤᠨ ᠰᠢᠰᠲ᠋ᠧᠮᠵᠢ ᠳᠤ ᠳᠤᠬᠢᠷᠠᠭᠤᠯᠤᠯᠳᠠ ᠬᠢᠨ᠎ᠠ᠃   ︵ᠭᠤᠷᠪᠠ︶ ᠬᠦᠷᠢᠶ᠎ᠡ ᠬᠠᠰᠢᠶ᠎ᠠ ᠶᠢᠨ ᠣᠨᠴᠠᠯᠢᠭᠲᠤ ᠭᠠᠷ ᠤᠷᠠᠯᠠᠯ ᠢ ᠬᠥᠭᠵᠢᠭᠦᠯᠦᠨ᠎ᠡ᠃ ᠬᠥᠳᠡᠭᠡ ᠲᠣᠰᠬᠤᠨ ᠤ ᠣᠨᠴᠠᠯᠢᠭᠲᠤ ᠡᠬᠢ ᠪᠠᠶᠠᠯᠢᠭ ᠲᠤ ᠰᠠᠭᠤᠷᠢᠯᠠᠨ᠂ ᠢᠯᠡ ᠲᠣᠳᠣ ᠭᠠᠵᠠᠷ ᠣᠷᠣᠨ ᠤ ᠣᠨᠴᠠᠯᠢᠭ᠂ ᠦᠨᠳᠦᠰᠦᠲᠡᠨ ᠤ ᠣᠨᠴᠠᠯᠢᠭ᠂ ᠨᠤᠲᠤᠭ ᠤᠨ ᠣᠨᠴᠠᠯᠢᠭ ᠲᠠᠢ ᠣᠨᠴᠠᠯᠢᠭᠲᠤ ᠪᠦᠲᠦᠭᠡᠭᠳᠡᠬᠦᠨ ᠢ ᠨᠡᠭᠡᠭᠡᠨ ᠬᠥᠭᠵᠢᠭᠦᠯᠵᠦ᠂ ᠵᠠᠬ᠎ᠠ ᠳᠡᠯᠭᠡᠭᠦᠷ ᠤᠨ ᠣᠯᠠᠨ ᠶᠠᠩᠵᠤᠯᠠᠭᠰᠠᠨ᠂ ᠤᠨᠴᠠᠯᠢᠬᠵᠢᠭᠰᠠᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠨᠡᠮᠡᠭᠳᠡᠯ ᠤᠨ ᠴᠡᠭ ᠢ ᠪᠣᠶᠢᠵᠢᠭᠤᠯᠤᠨ᠎ᠠ᠃ ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ᠦᠢᠯᠡᠳᠪᠦᠷᠢ ᠶᠢᠨ ᠲᠠᠰᠤᠭ ᠲᠤ ᠲᠦᠰᠢᠭᠯᠡᠨ᠂ ᠨᠢᠭᠡ ᠪᠦᠯᠦᠭ ᠣᠨᠴᠠᠯᠢᠭ ᠢᠶᠠᠷ ᠢᠯᠡ ᠲᠣᠳᠣ᠂ ᠳᠠᠶᠢᠴᠢᠯᠠᠬᠤ ᠦᠢᠯᠡᠳᠦᠯ ᠢᠶᠠᠷ ᠢᠯᠡᠷᠬᠡᠢ ᠪᠠᠶᠢᠬᠤ ᠶᠢ ᠬᠥᠭᠵᠢᠭᠦᠯᠵᠦ᠂ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠣᠯ ᠴᠣᠭᠴᠠ᠂ ᠠᠷᠠᠳ ᠤᠨ ᠳᠤᠮᠳᠠᠬᠢ ᠭᠠᠷ ᠤᠷᠠᠴᠤᠳ ᠵᠡᠷᠭᠡ ᠶᠢ ᠬᠥᠲᠥᠯᠥᠨ ᠵᠢᠯᠤᠭᠤᠳᠴᠤ ᠪᠠᠶᠢᠭᠠᠳ ᠨᠢᠭᠡ ᠪᠦᠯᠦᠭ ᠭᠡᠷ ᠪᠦᠯᠢ ᠶᠢᠨ ᠦᠢᠯᠡᠳᠪᠦᠷᠢ᠂ ᠭᠠᠷ ᠦᠢᠯᠡᠳᠬᠡᠯ ᠤᠨ ᠭᠠᠵᠠᠷ ᠢ ᠳᠠᠭᠠᠭᠤᠯᠤᠨ ᠡᠷᠭᠢᠯᠡᠬᠦ ᠪᠤᠶᠤ ᠡᠭᠦᠳᠦᠨ ᠡᠷᠭᠢᠯᠡᠨ᠎ᠡ᠃ ᠰᠤᠯᠠ ᠪᠠᠶᠢᠭ᠎ᠠ ᠬᠦᠷᠢᠶ᠎ᠡ ᠬᠠᠰᠢᠶ᠎ᠠ ᠶᠢ ᠠᠰᠢᠭᠯᠠᠨ ᠬᠠᠪᠰᠤᠷᠤᠨ ᠲᠡᠳᠬᠦᠬᠦ ᠦᠢᠯᠡᠳᠪᠦᠷᠢ ᠶᠢᠨ ᠲᠠᠰᠤᠭ ᠪᠠᠶᠢᠭᠤᠯᠬᠤ ᠶᠢ ᠵᠢᠯᠤᠭᠤᠳᠴᠤ᠂ ᠬᠦᠷᠢᠶ᠎ᠡ ᠬᠠᠰᠢᠶ᠎ᠠ ᠶᠢᠨ ᠪᠡᠭᠡᠯᠡᠢ ᠵᠢᠴᠢ ᠬᠤᠪᠴᠠᠰᠤ ᠬᠤᠨᠠᠷ ᠡᠳ᠋ᠰᠢᠭᠦᠯᠬᠦ ᠵᠡᠷᠭᠡ ᠶᠢ ᠳᠠᠶᠢᠴᠢᠯᠠᠨ᠂ ᠣᠯᠠᠨ ᠲᠦᠮᠡᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ᠎ᠡ᠃   ︵ᠳᠥᠷᠪᠡ︶ ᠬᠦᠷᠢᠶ᠎ᠡ ᠬᠠᠰᠢᠶ᠎ᠠ ᠶᠢᠨ ᠣᠨᠴᠠᠯᠢᠭᠲᠤ ᠰᠡᠯᠡᠭᠦᠴᠡᠯ ᠤᠨ ᠵᠢᠭᠤᠯᠴᠢᠯᠠᠯ ᠢ ᠬᠥᠭᠵᠢᠭᠦᠯᠦᠨ᠎ᠡ᠃ ᠬᠦᠷᠢᠶ᠎ᠡ ᠬᠠᠰᠢᠶ᠎ᠠ ᠶᠢᠨ ᠠᠵᠤ ᠠᠬᠤᠢ ᠬᠢᠭᠡᠳ ᠰᠡᠯᠡᠭᠦᠴᠡᠯ ᠤᠨ ᠲᠠᠷᠢᠶᠠᠯᠠᠩ᠂ ᠠᠷᠠᠳ ᠤᠨ ᠣᠷᠣᠨ ᠰᠠᠭᠤᠴᠠ ᠶᠢᠨ ᠵᠢᠭᠤᠯᠴᠢᠯᠠᠯ ᠵᠡᠷᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠬᠦᠷᠢᠶ᠎ᠡ ᠬᠠᠰᠢᠶ᠎ᠠ ᠶᠢᠨ ᠣᠯᠠᠨ ᠳᠠᠪᠬᠤᠷ ᠴᠢᠳᠠᠮᠵᠢ ᠶᠢ ᠥᠷᠭᠡᠳᠬᠡᠨ᠎ᠡ᠃ ᠲᠠᠷᠢᠶᠠᠴᠢᠨ ᠡᠷᠦᠬᠡ ᠶᠢ ᠵᠢᠯᠤᠭᠤᠳᠴᠤ ᠪᠠᠶᠢᠭᠠᠳ ᠲᠤᠬᠠᠢ ᠶᠢᠨ ᠭᠠᠵᠠᠷ ᠤᠨ ᠰᠣᠶᠣᠯ ᠵᠢᠭᠤᠯᠴᠢᠯᠠᠯ ᠤᠨ ᠡᠬᠢ ᠪᠠᠶᠠᠯᠢᠭ ᠲᠤ ᠲᠦᠰᠢᠭᠯᠡᠨ᠂ ᠥᠪᠡᠷ ᠤᠨ ᠪᠠᠶᠢᠭ᠎ᠠ ᠬᠦᠷᠢᠶ᠎ᠡ ᠬᠠᠰᠢᠶ᠎ᠠ ᠪᠠᠨ ᠠᠰᠢᠭᠯᠠᠨ ᠣᠨᠴᠠᠯᠢᠭᠲᠤ ᠠᠷᠠᠳ ᠤᠨ ᠣᠷᠣᠨ ᠰᠠᠭᠤᠴᠠ᠂ ᠭᠡᠷ ᠪᠦᠯᠢ ᠶᠢᠨ ᠪᠠᠭᠤᠳᠠᠯ᠂ ᠰᠡᠯᠡᠭᠦᠴᠡᠯ ᠤᠨ ᠲᠠᠷᠢᠶᠠᠯᠠᠩ ᠤᠨ ᠲᠠᠯᠠᠪᠠᠶ᠂ ᠲᠠᠷᠢᠶᠠᠴᠢᠨ ᠠᠶᠢᠯ ᠤᠨ ᠵᠤᠭᠠᠴᠠᠯ᠂ ᠵᠢᠵᠢᠭ ᠬᠡᠯᠪᠡᠷᠢ ᠶᠢᠨ ᠲᠡᠭᠦᠵᠦ ᠲᠡᠭᠦᠬᠦ ᠬᠦᠷᠢᠶᠡᠯᠡᠩ ᠵᠡᠷᠭᠡ ᠶᠢ ᠬᠥᠭᠵᠢᠭᠦᠯᠵᠦ᠂ ᠲᠠᠷᠢᠶᠠᠯᠠᠩ ᠰᠣᠶᠣᠯ ᠵᠢᠭᠤᠯᠴᠢᠯᠠᠯ ᠤᠨ ᠠᠭᠤᠰᠤᠯᠴᠠᠯ ᠢ ᠠᠬᠢᠭᠤᠯᠤᠨ᠂ ᠨᠢᠭᠡ ᠪᠦᠯᠦᠭ ᠰᠣᠳᠣᠨ ᠲᠠᠷᠢᠶᠠᠨ ᠭᠠᠵᠠᠷ ᠪᠠ ᠦᠵᠡᠰᠬᠦᠯᠡᠩᠲᠦ ᠰᠠᠶᠢᠬᠠᠨ ᠬᠦᠷᠢᠶ᠎ᠡ ᠬᠠᠰᠢᠶ᠎ᠠ ᠶᠢ ᠪᠠᠶᠢᠭᠤᠯᠤᠨ᠎ᠠ᠃ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠬᠥᠳᠡᠭᠡ ᠲᠣᠰᠬᠤᠨ ᠳᠤ ᠣᠴᠢᠵᠤ ᠬᠡᠷᠡᠭᠯᠡᠭᠡ ᠬᠢᠬᠦ ᠶᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ᠂ ᠬᠥᠳᠡᠭᠡ ᠲᠣᠰᠬᠤᠨ ᠤ ᠬᠦᠷᠢᠶ᠎ᠡ ᠬᠠᠰᠢᠶ᠎ᠠ ᠶᠢ ᠬᠤᠲᠠ ᠶᠢᠨ ᠰᠠᠭᠤᠭᠠᠯᠢ ᠠᠷᠠᠳ ᠤᠨ ᠵᠢᠵᠢᠭ ᠨᠣᠭᠤᠭ᠎ᠠ ᠶᠢᠨ ᠬᠦᠷᠢᠶᠡᠯᠡᠩ᠂ ᠠᠷᠤ ᠴᠡᠴᠡᠷᠯᠢᠭ᠂ ᠪᠢᠴᠢᠯ ᠲᠠᠷᠢᠶᠠᠯᠠᠩ ᠤᠨ ᠲᠠᠯᠠᠪᠠᠶ ᠪᠣᠯᠭᠠᠨ ᠬᠤᠪᠢᠷᠠᠭᠤᠯᠵᠤ᠂ ᠲᠣᠭᠲᠠᠭᠰᠠᠨ᠂ ᠥᠪᠡᠷᠮᠢᠴᠡ᠂ ᠵᠦᠷᠢᠶᠡᠴᠢᠯᠡᠭᠰᠡᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠬᠥᠳᠡᠭᠡ ᠲᠣᠰᠬᠤᠨ ᠤ ᠠᠮᠢ ᠠᠬᠤᠢ ᠶᠢᠨ ᠣᠷᠴᠢᠨ ᠲᠣᠭᠤᠷᠢᠨ ᠤ ᠳᠠᠪᠠᠭᠤᠯᠢᠭ ᠢ ᠠᠵᠤ ᠦᠢᠯᠡᠰ ᠤᠨ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠤᠨ᠎ᠠ᠃   ︵ᠲᠠᠪᠤ︶ ᠬᠦᠷᠢᠶ᠎ᠡ ᠬᠠᠰᠢᠶ᠎ᠠ ᠶᠢᠨ ᠦᠢᠯᠡᠳᠪᠦᠷᠢᠯᠡᠯ ᠠᠮᠢᠳᠤᠷᠠᠯ ᠤᠨ ᠦᠢᠯᠡᠴᠢᠯᠡᠭᠡ ᠶᠢ ᠬᠥᠭᠵᠢᠭᠦᠯᠦᠨ᠎ᠡ᠃ ᠬᠥᠲᠥᠴᠢ ᠠᠵᠤ ᠠᠬᠤᠶᠢᠯᠠᠯ᠂ ᠲᠠᠷᠢᠶᠠᠴᠢᠳ ᠤᠨ ᠲᠤᠰᠬᠠᠢ ᠠᠵᠢᠯ ᠤᠨ ᠬᠤᠷᠰᠢᠶ᠎ᠠ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠶ ᠪᠠ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠵᠣᠷᠢᠭᠵᠢᠭᠤᠯᠵᠤ ᠪᠠᠶᠢᠭᠠᠳ ᠪᠥᠬᠦ ᠲᠣᠰᠬᠤᠨ ᠢᠶᠠᠷ ᠢᠶᠠᠨ ᠳᠠᠭᠠᠭᠤᠯᠤᠨ ᠡᠷᠭᠢᠯᠡᠬᠦ᠂ ᠬᠤᠷᠰᠢᠨ ᠡᠵᠡᠩᠨᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠠᠷᠢᠶᠠᠴᠢᠨ ᠡᠷᠦᠬᠡ ᠶᠢ ᠳᠠᠶᠢᠴᠢᠯᠠᠨ ᠣᠲᠣ ᠶᠢᠨ ᠪᠠᠶᠢᠭ᠎ᠠ ᠬᠦᠷᠢᠶ᠎ᠡ ᠬᠠᠰᠢᠶ᠎ᠠ ᠶᠢ ᠠᠰᠢᠭᠯᠠᠨ ᠣᠷᠣᠯᠠᠨ ᠬᠤᠷᠢᠶᠠᠵᠤ ᠣᠷᠣᠯᠠᠨ ᠬᠠᠳᠠᠭᠠᠯᠠᠬᠤ᠂ ᠪᠦᠲᠦᠭᠡᠭᠳᠡᠬᠦᠨ ᠢ ᠣᠷᠣᠯᠠᠨ ᠪᠣᠷᠣᠯᠠᠭᠤᠯᠬᠤ᠂ ᠲᠦᠭᠦᠬᠡᠢ ᠮᠠᠲ᠋ᠧᠷᠢᠶᠠᠯ ᠡᠳ᠋ᠰᠢᠭᠦᠯᠬᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠲᠣᠬᠢᠷᠠᠭᠤᠯᠤᠨ ᠬᠦᠷᠭᠡᠬᠦ᠂ ᠲᠠᠷᠢᠶᠠᠯᠠᠩ ᠤᠨ ᠮᠠᠰᠢᠨ ᠢᠶᠠᠷ ᠠᠵᠢᠯᠯᠠᠬᠤ ᠵᠡᠷᠭᠡ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡ ᠥᠷᠨᠢᠭᠦᠯᠦᠨ᠎ᠡ᠃ ᠲᠠᠷᠢᠶᠠᠴᠢᠨ ᠡᠷᠦᠬᠡ ᠶᠢ ᠵᠢᠯᠤᠭᠤᠳᠴᠤ ᠪᠠᠶᠢᠭᠠᠳ ᠥᠪᠡᠷ ᠤᠨ ᠬᠦᠷᠢᠶ᠎ᠡ ᠬᠠᠰᠢᠶ᠎ᠠ ᠪᠠᠨ ᠠᠰᠢᠭᠯᠠᠨ ᠡᠯᠧᠺᠲᠷᠣᠨ ᠬᠤᠳᠠᠯᠳᠤᠭᠠᠨ ᠤ ᠪᠣᠷᠤᠯᠠᠭᠤᠯᠭ᠎ᠠ ᠶᠢᠨ ᠴᠢᠭ᠋᠂ ᠰᠢᠭᠤᠳ ᠨᠡᠪᠲᠡᠷᠡᠭᠦᠯᠬᠦ ᠪᠠᠷᠠᠭ᠎ᠠ ᠠᠪᠴᠤ ᠶᠠᠪᠤᠬᠤ ᠴᠢᠭ᠋᠂ ᠲᠦᠷᠭᠡᠨ ᠬᠦᠷᠭᠡᠯᠲᠡ ᠶᠢᠨ ᠣᠷᠣᠯᠠᠨ ᠭᠦᠢᠴᠡᠳᠬᠡᠬᠦ ᠴᠢᠭ᠋ ᠵᠡᠷᠭᠡ ᠶᠢ ᠪᠠᠶᠢᠭᠤᠯᠵᠤ᠂ ᠵᠢᠵᠢᠭ ᠬᠡᠲᠦ ᠳᠡᠯᠭᠡᠭᠦᠷ᠂ ᠵᠢᠵᠢᠭ ᠢᠳᠡᠭᠡᠨ ᠤᠮᠳᠠᠭᠠᠨ᠂ ᠦᠰᠦ ᠵᠠᠰᠠᠬᠤ ᠳᠡᠯᠭᠡᠭᠦᠷ᠂ ᠰᠡᠯᠪᠢᠨ ᠵᠠᠰᠠᠬᠤ ᠳᠡᠯᠭᠡᠭᠦᠷ ᠵᠡᠷᠭᠡ ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠨᠡᠭᠡᠭᠡᠨ ᠡᠷᠭᠢᠯᠡᠵᠦ᠂ ᠲᠣᠰᠬᠤᠨ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠬᠠᠩᠭᠠᠵᠤ᠂ ᠲᠠᠷᠢᠶᠠᠴᠢᠨ ᠡᠷᠦᠬᠡ ᠶᠢᠨ ᠡᠵᠡᠩᠨᠡᠯᠲᠡ ᠶᠢᠨ ᠣᠷᠣᠯᠭ᠎ᠠ ᠶᠢ ᠨᠡᠮᠡᠭᠳᠡᠭᠦᠯᠦᠨ᠎ᠡ᠃   ᠲᠠᠪᠤ᠂ ᠲᠥᠷᠥᠯ ᠵᠦᠢᠯ ᠤᠨ ᠲᠣᠬᠢᠷᠠᠭᠤᠯᠤᠯᠲᠠ   ︵ᠨᠢᠭᠡ︶ ᠲᠥᠷᠥᠯ ᠵᠦᠢᠯ ᠤᠨ ᠨᠡᠷᠡᠶᠢᠳᠦᠯ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2023 ᠣᠨ ᠤ ᠴᠢᠨᠠᠷ ᠰᠠᠶᠢᠲᠠᠢ ᠬᠥᠭᠵᠢᠯᠲᠡ ᠶᠢᠨ ᠬᠦᠷᠢᠶᠡᠨ ᠤ ᠠᠵᠤ ᠠᠬᠤᠢ ᠶᠢᠨ ᠲᠥᠷᠥᠯ ᠵᠦᠢᠯ᠃   ︵ᠬᠤᠶᠠᠷ︶ ᠲᠥᠷᠥᠯ ᠵᠦᠢᠯ ᠤᠨ ᠲᠥᠷᠥᠯ ᠢᠯᠭᠠᠯ ᠵᠢᠴᠢ ᠪᠦᠲᠦᠭᠡᠨ ᠪᠠᠶᠢᠭᠤᠯᠤᠯᠲᠠ ᠶᠢᠨ ᠰᠢᠨᠵᠢ ᠴᠢᠨᠠᠷ᠄ ᠲᠥᠷᠥᠯ ᠵᠦᠢᠯ ᠨᠢ ᠮᠠᠯᠵᠢᠬᠤ ᠲᠠᠷᠢᠶᠠᠯᠠᠬᠤ ᠣᠷᠣᠨ ᠢ ᠡᠷᠦᠬᠡ ᠳᠤ ᠬᠦᠷᠦᠭᠦᠯᠬᠦ ᠲᠥᠷᠥᠯ ᠳᠤ ᠱᠠᠩᠨᠠᠵᠤ ᠨᠥᠬᠦᠪᠦᠷᠢᠯᠡᠬᠦ ᠬᠡᠯᠪᠡᠷᠢ ᠪᠠᠷ ᠬᠡᠷᠡᠭᠵᠢᠭᠦᠯᠦᠭᠰᠡᠨ ᠠᠵᠤ ᠦᠢᠯᠡᠰ ᠤᠨ ᠬᠥᠭᠵᠢᠯᠲᠡ ᠶᠢᠨ ᠲᠥᠷᠥᠯ ᠤᠨ ᠰᠢᠨ᠎ᠡ ᠪᠠᠷ ᠪᠠᠶᠢᠭᠤᠯᠬᠤ ᠲᠥᠷᠥᠯ ᠵᠦᠢᠯ ᠪᠣᠯᠣᠨ᠎ᠠ᠃   ︵ᠭᠤᠷᠪᠠ︶ ᠪᠦᠲᠦᠭᠡᠨ ᠪᠠᠶᠢᠭᠤᠯᠬᠤ ᠭᠠᠵᠠᠷ᠄ ᠲᠥᠷᠥᠯ ᠵᠦᠢᠯ ᠨᠢ ᠪᠥᠬᠦ ᠬᠤᠰᠢᠭᠤᠨ ᠤ 12 ᠰᠤᠮᠤ ᠪᠠᠯᠭᠠᠰᠤ ᠶᠢᠨ 173 ᠶᠠᠳᠠᠭᠤ ᠎ ᠠᠴᠠ ᠠᠩᠭᠢᠵᠢᠷᠠᠭᠰᠠᠨ ᠬᠥᠮᠥᠨ ᠠᠮᠠ ᠲᠠᠢ ᠭᠠᠴᠠᠭ᠎ᠠ ᠲᠣᠰᠬᠤᠨ ᠢ ᠬᠠᠮᠤᠷᠤᠨ᠎ᠠ᠃   ︵ᠳᠥᠷᠪᠡ︶ ᠬᠠᠷᠢᠭᠤᠴᠠᠯᠭᠠᠲᠤ ᠨᠢᠭᠡᠴᠡ ᠵᠢᠴᠢ ᠬᠢᠨᠠᠨ ᠬᠠᠮᠢᠶᠠᠷᠬᠤ ᠨᠢᠭᠡᠴᠡ᠄ ᠲᠥᠷᠥᠯ ᠵᠦᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠎ ᠠᠴᠠ ᠬᠠᠷᠢᠭᠤᠴᠠᠨ ᠬᠢᠨᠠᠨ ᠵᠢᠯᠤᠭᠤᠳᠴᠤ᠂ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠢ ᠬᠡᠷᠡᠭᠵᠢᠭᠦᠯᠬᠦ ᠭᠤᠣᠯ ᠴᠣᠭᠴᠠ ᠪᠣᠯᠤᠭᠰᠠᠨ ᠤ ᠬᠤᠪᠢ ᠳᠤ ᠡᠯ᠎ᠡ ᠭᠠᠴᠠᠭ᠎ᠠ ᠶᠢᠨ ᠬᠦᠷᠢᠶᠡᠨ ᠤ ᠠᠵᠤ ᠠᠬᠤᠢ ᠶᠢᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠬᠢᠨᠠᠨ ᠵᠢᠯᠣᠭᠤᠳᠤᠨ᠎ᠠ᠃    ︵ᠲᠠᠪᠤ︶ ᠠᠬᠢᠴᠠ ᠶᠢᠨ ᠲᠣᠬᠢᠷᠠᠭᠤᠯᠤᠯᠲᠠ   1. ᠡᠮᠦᠨᠡᠬᠢ ᠬᠤᠭᠤᠴᠠᠭᠠᠨ ᠤ ᠪᠡᠯᠡᠳᠬᠡᠯ᠄ 2023 ᠣᠨ ᠤ 2 ᠰᠠᠷ᠎ᠠ ᠳᠤ ᠰᠤᠮᠤ ᠪᠠᠯᠭᠠᠰᠤ ᠪᠠᠷ ᠨᠢᠭᠡᠴᠢ ᠪᠣᠯᠭᠠᠭᠰᠠᠨ ᠲᠥᠷᠥᠯ ᠵᠦᠢᠯ ᠤᠨ ᠬᠡᠷᠡᠭᠵᠢᠭᠦᠯᠬᠦ ᠲᠥᠰᠥᠯ ᠵᠢᠴᠢ ᠲᠠᠷᠢᠶᠠᠴᠢᠨ ᠡᠷᠦᠬᠡ ᠶᠢᠨ ᠬᠦᠰᠡᠯ ᠰᠠᠨᠠᠭ᠎ᠠ ᠶᠢ ᠴᠤᠭᠯᠠᠭᠤᠯᠬᠤ ᠶᠢ ᠪᠡᠶᠡᠯᠡᠭᠦᠯᠦᠨ᠎ᠡ᠂ ᠡᠭᠦᠨ ᠳᠤ ᠲᠠᠷᠢᠶᠠᠴᠢᠨ ᠡᠷᠦᠬᠡ ᠶᠢ ᠬᠠᠮᠤᠷᠬᠤ᠂ ᠪᠦᠲᠦᠭᠡᠨ ᠪᠠᠶᠢᠭᠤᠯᠬᠤ ᠠᠭᠤᠯᠭ᠎ᠠ᠂ ᠲᠤᠭ᠎ᠠ ᠬᠡᠮᠵᠢᠶ᠎ᠡ ᠵᠡᠷᠭᠡ ᠶᠢ ᠪᠠᠭᠲᠠᠭᠠᠨ᠎ᠠ︔   2. ᠲᠥᠷᠥᠯ ᠵᠦᠢᠯ ᠢ ᠬᠡᠷᠡᠭᠵᠢᠭᠦᠯᠬᠦ᠄ 2023 ᠣᠨ ᠤ 3 ᠳ᠋ᠤᠭᠠᠷ ᠰᠠᠷ᠎ᠠ ᠎ ᠠᠴᠠ 8 ᠳ᠋ᠤᠭᠠᠷ ᠰᠠᠷ᠎ᠠ ᠪᠣᠯ ᠲᠥᠷᠥᠯ ᠵᠦᠢᠯ ᠢ ᠬᠡᠷᠡᠭᠵᠢᠭᠦᠯᠬᠦ ᠱᠠᠲᠤ ᠦᠶ᠎ᠡ ᠪᠣᠯᠣᠨ᠎ᠠ᠂ ᠡᠭᠦᠨ ᠳᠤ ᠲᠠᠷᠢᠮᠠᠯ ᠤᠨ ᠲᠥᠷᠥᠯ ᠤᠨ ᠲᠥᠷᠥᠯ ᠵᠦᠢᠯ ᠢ 7 ᠳ᠋ᠤᠭᠠᠷ ᠰᠠᠷ᠎ᠠ ᠎ ᠠᠴᠠ ᠡᠮᠦᠨ᠎ᠡ ᠪᠡᠶᠡᠯᠡᠭᠦᠯᠬᠦ ᠬᠡᠷᠡᠭᠲᠡᠢ︔   3. ᠰᠢᠯᠭᠠᠨ ᠠᠪᠬᠤ ᠵᠢᠴᠢ ᠰᠢᠯᠵᠢᠭᠦᠯᠦᠨ ᠲᠤᠰᠢᠶᠠᠬᠤ᠄ 2023 ᠣᠨ ᠤ 10 ᠳ᠋ᠤᠭᠠᠷ ᠰᠠᠷ᠎ᠠ ᠳᠤ ᠲᠥᠷᠥᠯ ᠵᠦᠢᠯ ᠢ ᠰᠢᠯᠭᠠᠨ ᠠᠪᠬᠤ ᠶᠢ ᠳᠠᠭᠤᠰᠬᠠᠵᠤ᠂ ᠵᠡᠷᠭᠡᠪᠡᠷ ᠰᠢᠯᠵᠢᠭᠦᠯᠦᠨ ᠲᠤᠰᠢᠶᠠᠨ᠎ᠠ᠃   ︵ᠵᠢᠷᠭᠤᠭ᠎ᠠ︶ ᠪᠦᠲᠦᠭᠡᠨ ᠪᠠᠶᠢᠭᠤᠯᠤᠯᠲᠠ ᠶᠢᠨ ᠡᠭᠦᠷᠭᠡ᠄ ︽ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠶᠠᠳᠠᠭᠤ ᠎ ᠠᠴᠠ ᠠᠩᠭᠢᠵᠢᠷᠠᠭᠰᠠᠨ ᠭᠠᠵᠠᠷ ᠣᠷᠣᠨ ᠤ ᠬᠦᠷᠢᠶᠡᠨ ᠤ ᠠᠵᠤ ᠠᠬᠤᠢ ᠶᠢ ᠴᠢᠨᠠᠷ ᠰᠠᠶᠢᠲᠠᠢ ᠬᠥᠭᠵᠢᠭᠦᠯᠬᠦ ᠶᠢ ᠵᠣᠷᠢᠭᠵᠢᠭᠤᠯᠤᠨ ᠬᠥᠲᠥᠯᠥᠨ ᠵᠢᠯᠤᠭᠤᠳᠬᠤ ᠲᠤᠬᠠᠢ ᠵᠢᠯᠤᠭᠤᠳᠬᠤ ᠰᠠᠨᠠᠯ︾᠎ ᠤᠨ ᠬᠠᠮᠢᠶ᠎ᠠ ᠪᠦᠬᠦᠢ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ ᠭᠤᠣᠯᠯᠠᠬᠤ ᠠᠵᠤ ᠦᠢᠯᠡᠰ ᠤᠨ ᠰᠠᠭᠤᠷᠢ ᠪᠠ ᠨᠤᠲᠤᠭ ᠤᠨ ᠣᠨᠴᠠᠯᠢᠭ ᠲᠠᠢ ᠤᠶᠠᠯᠳᠤᠭᠤᠯᠤᠨ᠂ ᠮᠠᠯᠴᠢᠨ ᠲᠠᠷᠢᠶᠠᠴᠢᠨ ᠢ ᠬᠥᠲᠥᠯᠥᠨ ᠵᠢᠯᠤᠭᠤᠳᠴᠤ ᠪᠠᠶᠢᠭᠠᠳ ᠣᠯᠠᠨ ᠲᠥᠷᠥᠯ ᠤᠨ ᠬᠡᠯᠪᠡᠷᠢ ᠶᠢᠨ ᠬᠦᠷᠢᠶᠡᠨ ᠤ ᠠᠵᠤ ᠠᠬᠤᠢ ᠶᠢ ᠰᠦᠪᠡᠭᠴᠢᠯᠡᠨ ᠬᠥᠭᠵᠢᠭᠦᠯᠦᠨ᠎ᠡ᠃ ᠬᠦᠷᠢᠶ᠎ᠡ ᠬᠠᠰᠢᠶ᠎ᠠ ᠶᠢᠨ ᠣᠨᠴᠠᠯᠢᠭᠲᠤ ᠲᠠᠷᠢᠮᠠᠯ ᠤᠨ ᠲᠠᠯ᠎ᠠ ᠪᠠᠷ ᠲᠠᠷᠢᠶᠠᠨ ᠤ ᠲᠠᠷᠢᠮᠠᠯ ᠯᠤᠭ᠎ᠠ ᠵᠦᠷᠢᠶᠡᠴᠢᠯᠡᠭᠰᠡᠨ᠂ ᠬᠠᠷᠢᠯᠴᠠᠨ ᠨᠥᠬᠦᠪᠦᠷᠢᠯᠡᠬᠦ ᠴᠢᠨᠠᠷᠲᠠᠢ ᠬᠥᠭᠵᠢᠯᠲᠡ ᠶᠢ ᠪᠡᠶᠡᠯᠡᠭᠦᠯᠵᠦ ᠪᠣᠯᠬᠤ ᠣᠨᠴᠠᠯᠢᠭᠲᠤ ᠠᠵᠤ ᠠᠬᠤᠢ ᠶᠢᠨ ᠲᠠᠷᠢᠮᠠᠯ ᠤᠨ ᠲᠥᠷᠥᠯ ᠵᠦᠢᠯ ᠢ ᠭᠤᠣᠯᠳᠠᠯᠭ᠎ᠠ ᠲᠠᠢ ᠳᠡᠮᠵᠢᠨ᠎ᠡ︔ᠬᠦᠷᠢᠶ᠎ᠡ ᠬᠠᠰᠢᠶ᠎ᠠ ᠶᠢᠨ ᠣᠨᠴᠠᠯᠢᠭᠲᠤ ᠲᠡᠵᠢᠭᠡᠨ ᠦᠷᠡᠵᠢᠭᠦᠯᠬᠦ ᠲᠠᠯ᠎ᠠ ᠪᠠᠷ ᠮᠠᠯᠵᠢᠬᠤ ᠲᠠᠷᠢᠶᠠᠯᠠᠬᠤ ᠡᠷᠦᠬᠡ ᠶᠢᠨ ᠬᠦᠷᠢᠶ᠎ᠡ ᠬᠠᠰᠢᠶ᠎ᠠ ᠶᠢᠨ ᠳᠣᠲᠣᠷᠠᠬᠢ ᠬᠥᠮᠥᠨ ᠮᠠᠯ ᠢ ᠰᠠᠯᠭᠠᠬᠤ ᠲᠥᠷᠥᠯ ᠵᠦᠢᠯ ᠢ ᠭᠤᠣᠯᠳᠠᠯᠭ᠎ᠠ ᠲᠠᠢ ᠳᠡᠮᠵᠢᠨ᠎ᠡ︔ ᠬᠦᠷᠢᠶ᠎ᠡ ᠬᠠᠰᠢᠶ᠎ᠠ ᠶᠢᠨ ᠣᠨᠴᠠᠯᠢᠭᠲᠤ ᠭᠠᠷ ᠤᠷᠠᠯᠠᠯ ᠤᠨ ᠲᠠᠯ᠎ᠠ ᠪᠠᠷ ᠬᠥᠳᠡᠭᠡ ᠲᠣᠰᠬᠤᠨ ᠤ ᠣᠨᠴᠠᠯᠢᠭᠲᠤ ᠡᠬᠢ ᠪᠠᠶᠠᠯᠢᠭ ᠲᠤ ᠰᠠᠭᠤᠷᠢᠯᠠᠭᠰᠠᠨ᠂ ᠦᠢᠯᠡᠳᠬᠦᠨ ᠨᠢ ᠢᠯᠡ ᠲᠣᠳᠣ ᠣᠨᠴᠠᠯᠢᠭ ᠲᠠᠢ ᠮᠥᠷᠲᠡᠭᠡᠨ ᠵᠠᠬ᠎ᠠ ᠳᠡᠯᠭᠡᠭᠦᠷ ᠨᠢ ᠠᠩᠬ᠎ᠠ ᠠᠯᠬᠤᠮ ᠬᠡᠪᠴᠢᠶ᠎ᠡ ᠲᠠᠢ ᠪᠣᠯᠤᠭᠰᠠᠨ ᠣᠨᠴᠠᠯᠢᠭᠲᠤ ᠭᠠᠷ ᠤᠷᠠᠯᠠᠯ ᠤᠨ ᠪᠦᠲᠦᠭᠡᠭᠳᠡᠬᠦᠨ ᠦᠶᠯᠡᠳᠬᠦ ᠲᠥᠷᠥᠯ ᠵᠦᠢᠯ ᠢ ᠭᠤᠣᠯᠳᠠᠯᠭ᠎ᠠ ᠲᠠᠢ ᠳᠡᠮᠵᠢᠨ᠎ᠡ︔ ᠣᠨᠴᠠᠯᠢᠭᠲᠤ ᠰᠡᠯᠡᠭᠦᠴᠡᠯ ᠵᠢᠭᠤᠯᠴᠢᠯᠠᠯ ᠤᠨ ᠲᠠᠯ᠎ᠠ ᠪᠠᠷ ᠰᠡᠯᠡᠭᠦᠴᠡᠯ ᠲᠠᠷᠢᠶᠠᠯᠠᠩ᠂ ᠠᠷᠠᠳ ᠤᠨ ᠣᠷᠣᠨ ᠰᠠᠭᠤᠴᠠ ᠶᠢᠨ ᠵᠢᠭᠤᠯᠴᠢᠯᠠᠯ ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠯᠤᠭ᠎ᠠ ᠠᠭᠤᠰᠤᠯᠴᠠᠨ ᠬᠥᠭᠵᠢᠵᠦ ᠪᠣᠯᠬᠤ᠂ ᠴᠢᠳᠠᠮᠵᠢ ᠨᠢ ᠣᠯᠠᠨ ᠶᠠᠩᠵᠤ ᠶᠢᠨ ᠲᠥᠷᠥᠯ ᠵᠦᠢᠯ ᠢ ᠭᠤᠣᠯᠳᠠᠯᠭ᠎ᠠ ᠲᠠᠢ ᠳᠡᠮᠵᠢᠨ᠎ᠡ︔ ᠬᠦᠷᠢᠶ᠎ᠡ ᠬᠠᠰᠢᠶ᠎ᠠ ᠶᠢᠨ ᠦᠢᠯᠡᠳᠪᠦᠷᠢᠯᠡᠯ ᠠᠮᠢᠳᠤᠷᠠᠯ ᠤᠨ ᠦᠢᠯᠡᠴᠢᠯᠡᠭᠡᠨ ᠤ ᠲᠠᠯ᠎ᠠ ᠪᠠᠷ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠣᠷᠣᠯᠠᠨ ᠳᠠᠷᠢᠵᠤ ᠣᠷᠣᠯᠠᠨ ᠳᠠᠷᠢᠬᠤ ᠵᠡᠷᠭᠡ ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠷᠥᠯ ᠵᠦᠢᠯ ᠥᠷᠨᠢᠭᠦᠯᠬᠦ ᠶᠢ ᠭᠤᠣᠯᠳᠠᠯᠭ᠎ᠠ ᠲᠠᠢ ᠳᠡᠮᠵᠢᠨ᠎ᠡ᠃ ᠳᠡᠭᠡᠷᠡᠬᠢ ᠲᠥᠷᠥᠯ ᠬᠡᠯᠪᠡᠷᠢ ᠶᠢᠨ ᠴᠢᠨᠠᠷ ᠰᠠᠶᠢᠲᠠᠢ ᠬᠦᠷᠢᠶ᠎ᠡ ᠬᠠᠰᠢᠶ᠎ᠠ ᠶᠢᠨ ᠠᠵᠤ ᠠᠬᠤᠢ ᠶᠢᠨ ᠲᠥᠷᠥᠯ ᠵᠦᠢᠯ ᠢ ᠢᠳᠡᠪᠬᠢᠲᠡᠢ ᠬᠥᠭᠵᠢᠭᠦᠯᠬᠦ ᠳᠤ ᠮᠠᠯᠴᠢᠨ ᠲᠠᠷᠢᠶᠠᠴᠢᠨ ᠡᠷᠦᠬᠡ ᠳᠤ ᠵᠦᠷᠢᠶᠡᠴᠢᠯᠡᠭᠰᠡᠨ ᠨᠥᠬᠦᠪᠦᠷᠢ ᠳᠡᠮᠵᠢᠯᠭᠡ ᠦᠵᠡᠭᠦᠯᠦᠨ᠎ᠡ᠃ ᠡᠯ᠎ᠡ ᠰᠤᠮᠤ ᠪᠠᠯᠭᠠᠰᠤ ᠶᠢᠨ ᠬᠢᠨ ᠴᠢᠨᠠᠷ ᠰᠠᠶᠢᠲᠠᠢ ᠬᠦᠷᠢᠶᠡᠨ ᠤ ᠠᠵᠤ ᠠᠬᠤᠢ ᠶᠢ ᠬᠥᠭᠵᠢᠭᠦᠯᠬᠦ ᠶᠢ ᠥᠷᠭᠡᠨ ᠣᠯᠠᠨ ᠮᠠᠯᠴᠢᠨ ᠲᠠᠷᠢᠶᠠᠴᠢᠨ ᠤ ᠣᠷᠣᠯᠭ᠎ᠠ ᠶᠢᠨ ᠢᠷᠡᠯᠲᠡ ᠪᠠᠨ ᠦᠷᠭᠦᠯᠵᠢᠯᠡᠨ ᠨᠡᠮᠡᠭᠳᠡᠭᠦᠯᠬᠦ ᠶᠢᠨ ᠴᠢᠬᠤᠯᠠ ᠭᠠᠷᠳᠠᠴᠠ ᠪᠣᠯᠭᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠪᠠᠷ ᠳᠠᠶᠢᠴᠢᠯᠠᠬᠤ ᠶᠢ ᠪᠣᠶᠢᠵᠢᠭᠤᠯᠬᠤ ᠪᠠᠷ ᠳᠡᠮᠵᠢᠨ᠂ ᠬᠦᠷᠢᠶᠡᠨ ᠤ ᠠᠵᠤ ᠠᠬᠤᠢ ᠶᠢᠨ ᠬᠤᠭᠤᠰᠤᠨ ᠡᠷᠦᠬᠡ ᠪᠠ ᠰᠤᠯᠠ ᠪᠠᠶᠢᠬᠤ ᠡᠷᠦᠬᠡ ᠶᠢ ᠬᠦᠴᠦᠯᠡᠨ ᠤᠰᠠᠳᠬᠠᠵᠤ᠂ ᠨᠥᠬᠦᠴᠡᠯ ᠲᠠᠢ ᠭᠠᠴᠠᠭ᠎ᠠ ᠲᠣᠰᠬᠤᠨ ᠤ ᠪᠦᠬᠦᠶᠢᠯᠡ ᠲᠣᠰᠬᠤᠨ ᠢᠶᠠᠷ ᠬᠦᠷᠢᠶᠡᠨ ᠤ ᠠᠵᠤ ᠠᠬᠤᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠢ ᠤᠷᠢᠳᠠᠪᠠᠷ ᠳᠡᠮᠵᠢᠵᠦ᠂ ︽ᠨᠢᠭᠡ ᠰᠢᠶᠠᠩ ᠨᠢᠭᠡ ᠠᠵᠤ ᠦᠢᠯᠡᠰ᠂ ᠨᠢᠭᠡ ᠲᠣᠰᠬᠤᠨ ᠨᠢᠭᠡ ᠲᠥᠷᠥᠯ ᠵᠦᠢᠯ︾᠎ ᠤᠨ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠣᠶ ᠪᠣᠯᠭᠠᠨ᠎ᠠ᠃ 2023 ᠣᠨ ᠳᠤ᠂ ᠪᠥᠬᠦ ᠬᠤᠰᠢᠭᠤᠨ ᠤ 9320 ᠬᠦᠷᠢᠶᠡᠨ ᠤ ᠠᠵᠤ ᠠᠬᠤᠢ ᠶᠢᠨ ᠲᠥᠷᠥᠯ ᠵᠦᠢᠯ ᠢ ᠨᠠᠶᠢᠳᠠᠪᠤᠷᠢᠵᠢᠭᠤᠯᠵᠤ᠂ ᠡᠭᠦᠨ ᠳᠤ 7259 ᠶᠠᠳᠠᠭᠤ  ᠎ ᠠᠴᠠ ᠠᠩᠭᠢᠵᠢᠷᠠᠭᠰᠠᠨ ᠡᠷᠦᠬᠡ ᠪᠠ ᠬᠢᠨᠠᠨ ᠰᠢᠯᠭᠠᠬᠤ ᠡᠷᠦᠬᠡ ᠶᠢᠨ ᠬᠦᠷᠢᠶᠡᠨ ᠤ ᠠᠵᠤ ᠠᠬᠤᠢ ᠶᠢ ᠪᠦᠷᠢᠨ ᠪᠦᠷᠬᠦᠭᠦᠯᠬᠦ ᠪᠠᠷ ᠴᠢᠷᠮᠠᠶᠢᠨ᠎ᠠ᠃   ︵ᠳᠣᠯᠤᠭ᠎ᠠ︶ ᠪᠡᠯᠡ ᠮᠥᠩᠭᠦ ᠶᠢᠨ ᠢᠷᠡᠯᠲᠡ᠄ ᠭᠤᠣᠯᠳᠠᠭᠤ 2023 ᠣᠨ ᠤ ᠡᠯ᠎ᠡ ᠱᠠᠲᠤᠨ ᠤ ᠵᠣᠯᠭᠠᠭᠤᠯᠬᠤ ᠪᠡᠯᠡ ᠮᠥᠩᠭᠦ᠂ ᠲᠠᠷᠢᠶᠠᠯᠠᠩ ᠮᠠᠯ ᠠᠵᠤ ᠠᠬᠤᠢ ᠳᠤ ᠬᠤᠯᠪᠣᠭᠳᠠᠬᠤ ᠪᠡᠯᠡ ᠮᠥᠩᠭᠦ ᠵᠢᠴᠢ ᠵᠡᠭᠦᠨ ᠪᠠᠷᠠᠭᠤᠨ ᠣᠷᠣᠨ ᠤ ᠬᠠᠮᠵᠢᠯᠴᠠᠬᠤ ᠪᠡᠯᠡ ᠮᠥᠩᠭᠦ ᠶᠢ ᠡᠮᠬᠢᠯᠡᠨ ᠨᠡᠶᠢᠯᠡᠭᠦᠯᠵᠦ᠂ ᠨᠡᠶᠢᠲᠡ 4000 ᠲᠦᠮᠡᠨ ᠲᠥᠭᠦᠷᠢᠭ ᠪᠣᠯᠣᠨ᠎ᠠ᠃   ︵ᠨᠠᠢᠮᠠ︶ ᠱᠠᠩᠨᠠᠵᠤ ᠲᠤᠰᠠᠯᠠᠬᠤ ᠪᠠᠷᠢᠮᠵᠢᠶ᠎ᠠ ᠬᠢᠭᠡᠳ ᠠᠷᠭ᠎ᠠ ᠮᠠᠶ᠋ᠢᠭ   1. ᠲᠥᠷᠥᠯ ᠵᠦᠢᠯ ᠤᠨ ᠱᠠᠩᠨᠠᠯ ᠨᠥᠬᠦᠪᠦᠷᠢ ᠳᠤ ᠵᠦᠷᠢᠶᠡᠴᠢᠯᠡᠭᠰᠡᠨ ᠨᠥᠬᠦᠪᠦᠷᠢ ᠶᠢᠨ ᠪᠠᠷᠢᠮᠵᠢᠶ᠎ᠠ ᠶᠢ ᠲᠣᠬᠢᠷᠠᠭᠤᠯᠵᠤ᠂ ᠮᠠᠯᠴᠢᠨ ᠲᠠᠷᠢᠶᠠᠴᠢᠨ ᠡᠷᠦᠬᠡ ᠶᠢᠨ ᠡᠵᠡᠨ ᠮᠡᠳᠡᠵᠦ ᠰᠣᠩᠭᠤᠭᠰᠠᠨ ᠬᠦᠷᠢᠶᠡᠨ ᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠵᠢᠴᠢ ᠬᠡᠪᠴᠢᠶ᠎ᠡ ᠶᠢ ᠦᠨᠳᠦᠰᠦᠯᠡᠨ᠂ ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2023 ᠣᠨ ᠤ ᠴᠢᠨᠠᠷ ᠰᠠᠶᠢᠲᠠᠢ ᠬᠥᠭᠵᠢᠯᠲᠡ ᠶᠢᠨ ᠬᠦᠷᠢᠶᠡᠨ ᠤ ᠠᠵᠤ ᠠᠬᠤᠢ ᠶᠢᠨ ᠲᠥᠷᠥᠯ ᠵᠦᠢᠯ ᠤᠨ ᠱᠠᠩᠨᠠᠯ ᠨᠥᠬᠦᠪᠦᠷᠢ ᠶᠢᠨ ᠭᠠᠷᠴᠠᠭ︾ ︵ᠳᠠᠭᠠᠯᠳᠤᠭᠤᠯᠤᠯ 2.2︶᠎ ᠤᠨ ᠲᠣᠭᠲᠠᠭᠠᠯ ᠢᠶᠠᠷ ᠯᠠᠪᠯᠠᠯᠲᠠ ᠪᠣᠯᠭᠠᠨ ᠱᠠᠩᠨᠠᠯ ᠨᠥᠬᠦᠪᠦᠷᠢ ᠶᠢᠨ ᠵᠣᠭᠤᠰ ᠤᠨ ᠲᠤᠭ᠎ᠠ ᠶᠢ ᠪᠤᠳᠤᠵᠤ᠂ ᠬᠢᠨᠠᠨ ᠬᠡᠮᠵᠢᠬᠦ ᠡᠷᠦᠬᠡ ᠶᠢᠨ ᠡᠷᠦᠬᠡ ᠪᠦᠷᠢ ᠶᠢᠨ ᠨᠥᠬᠦᠪᠦᠷᠢ ᠶᠢᠨ ᠳᠡᠭᠡᠳᠦ ᠬᠢᠵᠠᠭᠠᠷ ᠨᠢ 5000 ᠲᠥᠭᠦᠷᠢᠭ᠂ ᠶᠠᠳᠠᠭᠤ ᠎ ᠠᠴᠠ ᠠᠩᠭᠢᠵᠢᠷᠠᠭᠤᠯᠬᠤ ᠡᠷᠦᠬᠡ ᠶᠢᠨ ᠡᠷᠦᠬᠡ ᠪᠦᠷᠢ ᠶᠢᠨ ᠨᠥᠬᠦᠪᠦᠷᠢ ᠶᠢᠨ ᠳᠡᠭᠡᠳᠦ ᠬᠢᠵᠠᠭᠠᠷ ᠨᠢ 4500 ᠲᠥᠭᠦᠷᠢᠭ᠂ ᠡᠩ ᠤᠨ ᠲᠠᠷᠢᠶᠠᠴᠢᠨ ᠡᠷᠦᠬᠡ ᠶᠢᠨ ᠡᠷᠦᠬᠡ ᠪᠦᠷᠢ ᠶᠢᠨ ᠨᠥᠬᠦᠪᠦᠷᠢ ᠶᠢᠨ ᠳᠡᠭᠡᠳᠦ ᠬᠢᠵᠠᠭᠠᠷ ᠨᠢ 3600 ᠲᠥᠭᠦᠷᠢᠭ    2. ᠲᠥᠷᠥᠯ ᠵᠦᠢᠯ ᠢ ᠱᠠᠩᠨᠠᠬᠤ ᠪᠠᠷ ᠨᠥᠬᠦᠪᠦᠷᠢᠯᠡᠬᠦ ᠶᠢ ᠣᠷᠣᠯᠠᠭᠤᠯᠬᠤ ᠬᠡᠯᠪᠡᠷᠢ ᠪᠠᠷ ᠨᠠᠶᠢᠳᠠᠪᠤᠷᠢᠵᠢᠭᠤᠯᠵᠤ᠂ ᠲᠠᠷᠢᠶᠠᠴᠢᠨ ᠡᠷᠦᠬᠡ ᠥᠪᠡᠷ ᠤᠨ ᠬᠦᠷᠢᠶ᠎ᠡ ᠬᠠᠰᠢᠶ᠎ᠠ ᠳᠠᠭᠠᠨ ᠬᠦᠷᠢᠶ᠎ᠡ ᠬᠠᠰᠢᠶ᠎ᠠ ᠶᠢᠨ ᠠᠵᠤ ᠠᠬᠤᠢ ᠶᠢᠨ ᠲᠥᠷᠥᠯ ᠵᠦᠢᠯ ᠢ ᠬᠥᠭᠵᠢᠭᠦᠯᠵᠦ᠂ ᠭᠠᠴᠠᠭ᠎ᠠ᠂ ᠰᠤᠮᠤ ᠪᠠᠯᠭᠠᠰᠤ ᠶᠢᠨ ᠰᠢᠯᠭᠠᠨ ᠠᠪᠬᠤ ᠪᠠᠷ ᠳᠡᠮᠵᠢᠨ ᠱᠠᠩᠨᠠᠵᠤ ᠨᠥᠬᠦᠪᠦᠷᠢᠯᠡᠬᠦ ᠪᠡᠯᠡ ᠮᠥᠩᠭᠦ ᠣᠯᠭᠤᠨ᠎ᠠ︔   3. ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠬᠤ ᠪᠠ ᠮᠠᠯᠴᠢᠨ ᠲᠠᠷᠢᠶᠠᠴᠢᠨ ᠤ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠬᠠᠷᠠᠯᠲᠠ ᠶᠢ ᠠᠬᠢᠭᠤᠯᠬᠤ ᠶᠢᠨ ᠲᠤᠰᠠᠳᠠ᠂ ᠱᠠᠩᠨᠠᠵᠤ ᠨᠥᠬᠦᠪᠦᠷᠢᠯᠡᠬᠦ ᠭᠠᠷᠴᠠᠭ ᠤᠨ ᠡᠷᠦᠬᠡ ᠶᠢᠨ ᠱᠠᠩᠨᠠᠵᠤ ᠨᠥᠬᠦᠪᠦᠷᠢᠯᠡᠬᠦ ᠵᠣᠭᠤᠰ ᠤᠨ ᠲᠤᠭ᠎ᠠ ᠨᠢ 500 ᠲᠥᠭᠦᠷᠢᠭ ᠠᠴᠠ ᠳᠣᠣᠷ᠎ᠠ ᠪᠠᠶᠢᠪᠠᠯ ᠱᠠᠩᠨᠠᠵᠤ ᠨᠥᠬᠦᠪᠦᠷᠢᠯᠡᠬᠦ ᠦᠭᠡᠢ᠂ ᠨᠥᠬᠦᠪᠦᠷᠢ ᠶᠢᠨ ᠳᠡᠭᠡᠳᠦ ᠬᠢᠵᠠᠭᠠᠷ ᠎ ᠠᠴᠠ ᠬᠡᠲᠦᠷᠡᠭᠰᠡᠨ ᠬᠡᠰᠡᠭ ᠢ ᠱᠠᠩᠨᠠᠵᠤ ᠨᠥᠬᠦᠪᠦᠷᠢᠯᠡᠬᠦ ᠦᠭᠡᠢ︔ᠲᠥᠷᠥᠯ ᠵᠦᠢᠯ ᠳᠤ ᠰᠢᠯᠭᠠᠨ ᠠᠪᠬᠤ ᠶᠢ ᠥᠩᠭᠡᠷᠡᠭᠡᠭᠰᠡᠨ᠂ ᠡᠳᠡᠭᠡᠷᠡᠭᠰᠡᠨ᠂ ᠦᠷ᠎ᠡ ᠠᠰᠢᠭ ᠲᠠᠢ᠂ ᠢᠯᠠᠭᠳᠠᠭᠰᠠᠨ ᠲᠥᠷᠥᠯ ᠵᠦᠢᠯ ᠤᠨ ᠡᠷᠦᠬᠡ ᠳᠤ ᠱᠠᠩᠨᠠᠯ ᠨᠥᠬᠦᠪᠦᠷᠢ ᠶᠢᠨ ᠪᠡᠯᠡ ᠮᠥᠩᠭᠦ ᠣᠯᠭᠤᠵᠤ ᠪᠣᠯᠬᠤ ᠦᠭᠡᠢ ᠭᠡᠵᠦ ᠱᠠᠭᠠᠷᠳᠠᠭᠰᠠᠨ ᠪᠠᠶᠢᠬᠤ ᠬᠡᠷᠡᠭᠲᠡᠢ᠃    ︵ᠶᠢᠰᠦ︶ ᠵᠣᠬᠢᠶᠠᠨ ᠪᠠᠶᠢᠭᠤᠯᠵᠤ ᠬᠡᠷᠡᠭᠵᠢᠭᠦᠯᠬᠦ    ᠡᠯ᠎ᠡ ᠰᠤᠮᠤ ᠪᠠᠯᠭᠠᠰᠤ ᠨᠢ ᠲᠣᠰ ᠬᠡᠷᠡᠭᠵᠢᠭᠦᠯᠬᠦ ᠲᠥᠰᠥᠯ ᠢ ᠦᠨᠳᠦᠰᠦᠯᠡᠨ᠂ ᠰᠤᠮᠤ ᠪᠠᠯᠭᠠᠰᠤ ᠪᠠᠷ ᠨᠢᠭᠡᠴᠢ ᠪᠣᠯᠭᠠᠨ ᠡᠯ᠎ᠡ ᠰᠤᠮᠤ ᠪᠠᠯᠭᠠᠰᠤ ᠶᠢᠨ ᠬᠡᠷᠡᠭᠵᠢᠭᠦᠯᠬᠦ ᠲᠥᠰᠥᠯ ᠢ ᠨᠠᠶᠢᠷᠠᠭᠤᠯᠤᠨ ᠵᠣᠬᠢᠶᠠᠵᠤ᠂ ᠭᠠᠴᠠᠭ᠎ᠠ ᠭᠤᠶᠤᠴᠢᠯᠠᠨ ᠮᠡᠳᠡᠭᠦᠯᠬᠦ᠂ ᠰᠤᠮᠤ ᠪᠠᠯᠭᠠᠰᠤ ᠶᠢ ᠬᠢᠨᠠᠨ ᠬᠠᠷᠭᠤᠭᠤᠯᠬᠤ᠂ ᠬᠤᠰᠢᠭᠤ ᠪᠠᠷ ᠬᠢᠨᠠᠨ ᠵᠥᠪᠰᠢᠶᠡᠷᠡᠭᠦᠯᠬᠦ᠂ ᠰᠤᠮᠤ ᠪᠠᠯᠭᠠᠰᠤ ᠶᠢᠨ ᠵᠣᠬᠢᠶᠠᠨ ᠪᠠᠶᠢᠭᠤᠯᠤᠨ ᠬᠡᠷᠡᠭᠵᠢᠭᠦᠯᠬᠦ ᠲᠠᠰ ᠳᠠᠷᠠᠭᠠᠯᠠᠯ ᠤᠨ ᠶᠣᠰᠣᠭᠠᠷ ᠲᠥᠷᠥᠯ ᠵᠦᠢᠯ ᠢ ᠨᠠᠶᠢᠳᠠᠪᠤᠷᠢᠵᠢᠭᠤᠯᠬᠤ ᠬᠡᠷᠡᠭᠲᠡᠢ᠃   1. ᠭᠠᠴᠠᠭ᠎ᠠ ᠭᠤᠶᠤᠴᠢᠯᠠᠨ ᠮᠡᠳᠡᠭᠦᠯᠦᠨ᠎ᠡ᠃ ᠭᠠᠴᠠᠭᠠᠨ ᠤ ᠬᠢᠨ ᠱᠠᠩᠨᠠᠯ ᠨᠥᠬᠦᠪᠦᠷᠢ ᠶᠢᠨ ᠭᠠᠷᠴᠠᠭ ᠤᠨ ᠲᠣᠭᠲᠠᠭᠠᠯ ᠢ ᠦᠨᠳᠦᠰᠦᠯᠡᠵᠦ᠂ ᠴᠢᠨᠠᠷ ᠰᠠᠶᠢᠲᠠᠢ ᠬᠦᠷᠢᠶᠡᠨ ᠤ ᠠᠵᠤ ᠠᠬᠤᠢ ᠶᠢᠨ ᠲᠥᠷᠥᠯ ᠵᠦᠢᠯ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ  ᠶᠢ ᠥᠷᠭᠡᠨ ᠳᠡᠯᠭᠡᠷ ᠤᠬᠠᠭᠤᠯᠵᠤ᠂ ᠮᠠᠯᠴᠢᠨ ᠲᠠᠷᠢᠶᠠᠴᠢᠨ ᠡᠷᠦᠬᠡ ᠶᠢᠨ ᠲᠥᠷᠥᠯ ᠵᠦᠢᠯ ᠤᠨ ᠬᠡᠷᠡᠭᠵᠢᠭᠦᠯᠬᠦ ᠰᠠᠨᠠᠯ ᠢ ᠵᠣᠬᠢᠶᠠᠨ ᠪᠠᠶᠢᠭᠤᠯᠤᠨ ᠬᠤᠷᠢᠶᠠᠵᠤ᠂ ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2023 ᠣᠨ ᠤ ᠴᠢᠨᠠᠷ ᠰᠠᠶᠢᠲᠠᠢ ᠬᠥᠭᠵᠢᠯᠲᠡ ᠶᠢᠨ ᠬᠦᠷᠢᠶ᠎ᠡ ᠬᠠᠰᠢᠶ᠎ᠠ ᠶᠢᠨ ᠠᠵᠤ ᠠᠬᠤᠢ ᠶᠢᠨ ᠲᠥᠷᠥᠯ ᠵᠦᠢᠯ ᠤᠨ ᠬᠦᠰᠡᠯ ᠡᠷᠡᠮᠡᠯᠵᠡᠯ ᠤᠨ ᠬᠦᠰᠦᠨᠦᠭᠲᠦ︾᠎ ᠶᠢ ᠲᠠᠭᠯᠠᠨ ᠪᠢᠴᠢᠬᠦ ᠶᠢᠨ ᠬᠠᠮᠲᠤ ᠮᠠᠯᠴᠢᠨ ᠲᠠᠷᠢᠶᠠᠴᠢᠨ ᠤ ᠬᠥᠭᠵᠢᠯᠲᠡ ᠶᠢᠨ ᠬᠦᠰᠡᠯ ᠡᠷᠡᠮᠡᠯᠵᠡᠯ ᠢ ᠬᠤᠷᠢᠶᠠᠩᠭᠤᠶᠢᠯᠠᠭᠰᠠᠨ ᠤ ᠳᠠᠷᠠᠭ᠎ᠠ᠂ ᠭᠠᠴᠠᠭ᠎ᠠ ᠶᠢᠨ ᠬᠡᠷᠡᠭᠵᠢᠭᠦᠯᠬᠦ ᠴᠢᠨᠠᠷ ᠰᠠᠶᠢᠲᠠᠢ ᠬᠦᠷᠢᠶ᠎ᠡ ᠬᠠᠰᠢᠶ᠎ᠠ ᠶᠢᠨ ᠠᠵᠤ ᠠᠬᠤᠢ ᠶᠢᠨ ᠲᠥᠯᠥᠪᠯᠡᠭᠡ ᠶᠢ ᠪᠣᠶ ᠪᠣᠯᠭᠠᠵᠤ᠂ ᠲᠣᠰᠬᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢᠶᠠᠷ ᠬᠢᠨᠠᠨ ᠵᠥᠪᠯᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ ᠢᠯᠡ ᠨᠡᠶᠢᠲᠡᠯᠡᠵᠦ᠂ ᠢᠯᠡ ᠨᠡᠶᠢᠲᠡᠯᠡᠬᠦ ᠳᠤ ᠣᠨᠳᠣᠣ ᠰᠠᠨᠠᠯ ᠦᠭᠡᠢ ᠪᠣᠯ ᠰᠤᠮᠤ ᠪᠠᠯᠭᠠᠰᠤᠨ ᠳᠤ ᠮᠡᠳᠡᠭᠦᠯᠦᠨ ᠬᠢᠨᠠᠨ ᠬᠠᠷᠭᠤᠭᠤᠯᠵᠤ ᠳᠠᠩᠰᠠᠯᠠᠭᠤᠯᠤᠨ᠎ᠠ᠃   2. ᠰᠤᠮᠤ ᠪᠠᠯᠭᠠᠰᠤ ᠎ ᠠᠴᠠ ᠬᠢᠨᠠᠨ ᠬᠠᠷᠭᠤᠭᠤᠯᠤᠨ᠎ᠠ᠃ ᠰᠤᠮᠤ ᠪᠠᠯᠭᠠᠰᠤ ᠨᠢ ᠡᠯ᠎ᠡ ᠭᠠᠴᠠᠭᠠᠨ ᠤ ᠳᠡᠭᠡᠭᠰᠢ ᠮᠡᠳᠡᠭᠦᠯᠦᠭᠰᠡᠨ ᠬᠦᠷᠢᠶ᠎ᠡ ᠬᠠᠰᠢᠶ᠎ᠠ ᠶᠢᠨ ᠠᠵᠤ ᠠᠬᠤᠢ ᠶᠢᠨ ᠲᠥᠷᠥᠯ ᠵᠦᠢᠯ ᠤᠨ ᠲᠥᠯᠥᠪᠯᠡᠭᠡ ᠶᠢ ᠬᠤᠷᠢᠶᠠᠩᠭᠤᠶᠢᠯᠠᠭᠰᠠᠨ ᠤ ᠳᠠᠷᠠᠭ᠎ᠠ᠂ ᠰᠤᠮᠤ ᠪᠠᠯᠭᠠᠰᠤ ᠶᠢᠨ ᠴᠢᠨᠠᠷ ᠰᠠᠶᠢᠲᠠᠢ ᠬᠥᠭᠵᠢᠯᠲᠡ ᠶᠢᠨ ᠬᠦᠷᠢᠶ᠎ᠡ ᠬᠠᠰᠢᠶ᠎ᠠ ᠶᠢᠨ ᠠᠵᠤ ᠠᠬᠤᠢ ᠶᠢᠨ ᠲᠥᠷᠥᠯ ᠵᠦᠢᠯ ᠤᠨ ᠣᠨ ᠤ ᠬᠡᠷᠡᠭᠵᠢᠭᠦᠯᠬᠦ ᠲᠥᠰᠥᠯ ᠢ ᠨᠠᠶᠢᠷᠠᠭᠤᠯᠤᠨ ᠵᠣᠬᠢᠶᠠᠵᠤ᠂ ᠰᠤᠮᠤ ᠪᠠᠯᠭᠠᠰᠤ ᠶᠢᠨ ᠬᠤᠷᠠᠯ ᠢᠶᠠᠷ ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ᠂ ᠰᠤᠮᠤ ᠪᠠᠯᠭᠠᠰᠤ ᠳᠤ ᠢᠯᠡ ᠨᠡᠶᠢᠲᠡᠯᠡᠬᠦ ᠲᠠᠰ ᠳᠠᠷᠠᠭᠠᠯᠠᠯ ᠢ ᠭᠦᠢᠴᠡᠳᠬᠡᠵᠦ᠂ ᠢᠯᠡ ᠨᠡᠶᠢᠲᠡᠯᠡᠬᠦ ᠳᠤ ᠣᠨᠳᠣᠣ ᠰᠠᠨᠠᠯ ᠦᠭᠡᠢ ᠪᠣᠯ᠂ ᠬᠡᠷᠡᠭᠵᠢᠭᠦᠯᠬᠦ ᠲᠥᠰᠥᠯ ᠢᠶᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠳᠤ ᠮᠡᠳᠡᠭᠦᠯᠦᠨ ᠬᠦᠷᠭᠡᠵᠦ ᠬᠢᠨᠠᠨ ᠬᠠᠷᠭᠤᠭᠤᠯᠤᠭᠤᠯᠵᠤ᠂ ᠣᠨᠳᠣᠣ ᠰᠠᠨᠠᠯ ᠦᠭᠡᠢ ᠪᠣᠯ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠬᠢᠨᠠᠨ ᠵᠥᠪᠰᠢᠶᠡᠷᠡᠭᠦᠯᠦᠨ᠎ᠡ᠃   3. ᠬᠤᠰᠢᠭᠤ ᠬᠢᠨᠠᠨ ᠵᠥᠪᠰᠢᠶᠡᠷᠡᠨ᠎ᠡ᠃ ᠬᠤᠰᠢᠭᠤᠨ ᠵᠠᠰᠠᠭ ᠤᠨ ᠣᠷᠳᠣᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠡᠯ᠎ᠡ ᠰᠤᠮᠤ ᠪᠠᠯᠭᠠᠰᠤ ᠶᠢᠨ ᠳᠡᠭᠡᠭᠰᠢ ᠮᠡᠳᠡᠭᠦᠯᠦᠭᠰᠡᠨ ᠬᠡᠷᠡᠭᠵᠢᠭᠦᠯᠬᠦ ᠲᠥᠰᠥᠯ ᠢ ᠭᠥᠯᠢᠶᠡᠨ ᠠᠪᠤᠭᠰᠠᠨ ᠤ ᠳᠠᠷᠠᠭ᠎ᠠ᠂ ᠡᠯ᠎ᠡ ᠰᠤᠮᠤ ᠪᠠᠯᠭᠠᠰᠤ ᠶᠢᠨ ᠴᠢᠨᠠᠷ ᠰᠠᠶᠢᠲᠠᠢ ᠬᠥᠭᠵᠢᠯᠲᠡ ᠶᠢᠨ ᠬᠦᠷᠢᠶ᠎ᠡ ᠬᠠᠰᠢᠶ᠎ᠠ ᠶᠢᠨ ᠠᠵᠤ ᠠᠬᠤᠢ ᠶᠢᠨ ᠲᠥᠷᠥᠯ ᠵᠦᠢᠯ ᠤᠨ ᠬᠡᠷᠡᠭᠵᠢᠭᠦᠯᠬᠦ ᠲᠥᠰᠥᠯ ᠢ ᠴᠠᠭ ᠲᠤᠬᠠᠢ ᠳᠤᠨᠢ ᠬᠢᠨᠠᠨ ᠬᠠᠷᠭᠤᠭᠤᠯᠬᠤ ᠶᠢᠨ ᠬᠠᠮᠲᠤ᠂ ᠬᠤᠰᠢᠭᠤ ᠰᠢᠶᠠᠨ ᠤ ᠡᠭᠦᠳᠡ ᠡᠷᠦᠬᠡ ᠳᠤ ᠭᠠᠷᠳᠠᠮ ᠭᠦᠢᠴᠡᠳᠬᠡᠵᠦ᠂ ᠢᠯᠡ ᠨᠡᠶᠢᠲᠡᠯᠡᠭᠡᠳ ᠣᠨᠳᠣᠣ ᠰᠠᠨᠠᠯ ᠦᠭᠡᠢ ᠪᠣᠯᠤᠭᠰᠠᠨ ᠤ ᠳᠠᠷᠠᠭ᠎ᠠ᠂ ᠰᠤᠮᠤ ᠪᠠᠯᠭᠠᠰᠤ ᠳᠤ ᠴᠣᠬᠤᠯᠠᠪᠤᠷᠢᠯᠠᠭᠰᠠᠨ ᠪᠢᠴᠢᠭ ᠮᠠᠲ᠋ᠧᠷᠢᠶᠠᠯ ᠢ ᠵᠢᠩᠬᠢᠨᠢ ᠪᠠᠷ ᠪᠠᠭᠤᠯᠭᠠᠨ᠎ᠠ᠃   4. ᠰᠤᠮᠤ ᠪᠠᠯᠭᠠᠰᠤ ᠎ ᠠᠴᠠ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠰᠤᠮᠤ ᠪᠠᠯᠭᠠᠰᠤ ᠨᠢ ᠴᠣᠬᠤᠯᠠᠪᠤᠷᠢᠯᠠᠭᠰᠠᠨ ᠪᠢᠴᠢᠭ ᠮᠠᠲ᠋ᠧᠷᠢᠶᠠᠯ ᠢ ᠣᠯᠣᠭᠰᠠᠨ ᠤ ᠳᠠᠷᠠᠭ᠎ᠠ᠂ ᠰᠤᠮᠤ ᠪᠠᠯᠭᠠᠰᠤ ᠨᠢ ᠴᠣᠬᠤᠯᠠᠪᠤᠷᠢᠯᠠᠭᠰᠠᠨ ᠬᠡᠷᠡᠭᠵᠢᠭᠦᠯᠬᠦ ᠲᠥᠰᠥᠯ ᠪᠠ ᠭᠠᠴᠠᠭ᠎ᠠ ᠲᠣᠰᠬᠤᠨ ᠤ ᠴᠢᠨᠠᠷ ᠰᠠᠶᠢᠲᠠᠢ ᠬᠦᠷᠢᠶ᠎ᠡ ᠬᠠᠰᠢᠶ᠎ᠠ ᠶᠢᠨ ᠠᠵᠤ ᠠᠬᠤᠢ ᠶᠢᠨ ᠲᠥᠷᠥᠯ ᠵᠦᠢᠯ ᠢ ᠬᠡᠷᠡᠭᠵᠢᠭᠦᠯᠬᠦ ᠲᠥᠯᠥᠪᠯᠡᠭᠡ ᠶᠢᠨ ᠶᠣᠰᠣᠭᠠᠷ᠂ ᠭᠠᠴᠠᠭ᠎ᠠ ᠶᠢ ᠵᠢᠯᠣᠭᠤᠳᠤᠨ ᠮᠠᠯᠵᠢᠬᠤ ᠲᠠᠷᠢᠶᠠᠯᠠᠬᠤ ᠡᠷᠦᠬᠡ ᠶᠢ ᠵᠣᠬᠢᠶᠠᠨ ᠪᠠᠶᠢᠭᠤᠯᠵᠤ ᠥᠪᠡᠷ ᠲᠡᠭᠡᠨ ᠬᠡᠷᠡᠭᠵᠢᠭᠦᠯᠦᠨ᠎ᠡ᠃ ᠡᠭᠦᠨ ᠳᠤ᠂ ᠪᠦᠬᠦᠯᠢ ᠡᠷᠦᠬᠡ ᠪᠠᠷ ᠢᠶᠠᠨ ᠬᠥᠳᠡᠯᠮᠦᠷᠢᠯᠡᠬᠦ ᠴᠢᠳᠠᠪᠤᠷᠢ ᠦᠭᠡᠢ ᠮᠠᠯᠵᠢᠬᠤ ᠲᠠᠷᠢᠶᠠᠯᠠᠬᠤ ᠡᠷᠦᠬᠡ ᠳᠤ᠂ ᠥᠮᠴᠢᠯᠡᠬᠦ ᠡᠷᠬᠡ ᠶᠢ ᠨᠢ ᠥᠯᠥ ᠬᠤᠪᠢᠷᠠᠭᠤᠯᠬᠤ ᠰᠠᠭᠤᠷᠢᠨ ᠳᠡᠭᠡᠷ᠎ᠡ᠂ ᠣᠷᠣᠯᠠᠨ ᠳᠠᠷᠢᠵᠤ ᠣᠷᠣᠯᠠᠨ ᠬᠠᠮᠢᠶᠠᠷᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠪᠤᠰᠤᠳ ᠮᠠᠯᠵᠢᠬᠤ ᠲᠠᠷᠢᠶᠠᠯᠠᠬᠤ ᠡᠷᠦᠬᠡ ᠶᠢ ᠵᠣᠬᠢᠶᠠᠨ ᠪᠠᠶᠢᠭᠤᠯᠤᠨ ᠪᠦᠲᠦᠭᠡᠨ ᠪᠠᠶᠢᠭᠤᠯᠵᠤ ᠪᠣᠯᠣᠨ᠎ᠠ ᠂ ᠨᠥᠬᠦᠪᠦᠷᠢ ᠪᠡᠯᠡ ᠮᠥᠩᠭᠦ ᠶᠢ ᠨᠢ ᠪᠦᠲᠦᠭᠡᠨ ᠪᠠᠶᠢᠭᠤᠯᠤᠭᠴᠢᠳ ᠲᠤ ᠥᠮᠴᠢᠯᠡᠭᠦᠯᠵᠦ᠂ ᠰᠡᠭᠦᠯᠴᠢ ᠶᠢᠨ ᠬᠤᠭᠤᠴᠠᠭᠠᠨ ᠤ ᠡᠵᠡᠩᠨᠡᠯᠲᠡ ᠶᠢᠨ ᠠᠰᠢᠭ ᠣᠯᠵᠠᠪᠤᠷᠢ ᠶᠢ ᠨᠢ ᠡᠷᠦᠬᠡ ᠶᠢᠨ ᠡᠵᠡᠨ ᠳᠤ ᠥᠮᠴᠢᠯᠡᠭᠦᠯᠦᠨ᠎ᠡ︔ ᠬᠤᠭᠤᠰᠤᠨ ᠡᠷᠦᠬᠡ ᠪᠠ ᠰᠤᠯᠠ ᠪᠠᠶᠢᠭ᠎ᠠ ᠬᠦᠷᠢᠶ᠎ᠡ ᠬᠠᠰᠢᠶ᠎ᠠ ᠶᠢ ᠭᠠᠴᠠᠭ᠎ᠠ ᠲᠣᠰᠬᠤᠨ ᠤ ᠬᠠᠮᠲᠤ ᠨᠡᠶᠢᠲᠡ ᠠᠴᠠ ᠨᠢᠭᠡᠳᠦᠯᠲᠡᠢ ᠡᠷᠭᠢᠯᠳᠦᠭᠦᠯᠵᠦ᠂ ᠥᠮᠴᠢᠯᠡᠬᠦ ᠡᠷᠬᠡ ᠶᠢ ᠥᠯᠥ ᠬᠤᠪᠢᠷᠠᠭᠤᠯᠬᠤ ᠰᠠᠭᠤᠷᠢᠨ ᠳᠡᠭᠡᠷ᠎ᠡ᠂ ᠣᠷᠣᠯᠠᠨ ᠳᠠᠷᠢᠵᠤ ᠣᠷᠣᠯᠠᠨ ᠬᠠᠮᠢᠶᠠᠷᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠬᠥᠳᠡᠯᠮᠦᠷᠢᠯᠡᠬᠦ ᠴᠢᠳᠠᠪᠤᠷᠢ ᠲᠠᠢ ᠡᠷᠦᠬᠡ ᠶᠢ ᠵᠣᠬᠢᠶᠠᠨ ᠪᠠᠶᠢᠭᠤᠯᠤᠨ ᠪᠦᠲᠦᠭᠡᠨ ᠪᠠᠶᠢᠭᠤᠯᠵᠤ᠂ ᠨᠥᠬᠦᠪᠦᠷᠢ ᠶᠢᠨ ᠪᠡᠯᠡ ᠮᠥᠩᠭᠦ ᠶᠢ ᠪᠦᠲᠦᠭᠡᠨ ᠪᠠᠶᠢᠭᠤᠯᠤᠭᠴᠢᠳ ᠲᠤ ᠥᠮᠴᠢᠯᠡᠭᠦᠯᠵᠦ᠂ ᠰᠡᠭᠦᠯᠴᠢ ᠶᠢᠨ ᠬᠤᠭᠤᠴᠠᠭᠠᠨ ᠤ ᠡᠵᠡᠩᠨᠡᠯᠲᠡ ᠶᠢᠨ ᠠᠰᠢᠭ ᠣᠯᠵᠠᠪᠤᠷᠢ ᠶᠢ ᠭᠠᠴᠠᠭ᠎ᠠ ᠲᠣᠰᠬᠤᠨ ᠤ ᠬᠠᠮᠲᠤ ᠨᠡᠶᠢᠲᠡ ᠳᠤ ᠥᠮᠴᠢᠯᠡᠭᠦᠯᠦᠨ᠎ᠡ᠃ ᠲᠥᠷᠥᠯ ᠵᠦᠢᠯ ᠢ ᠬᠡᠷᠡᠭᠵᠢᠭᠦᠯᠵᠦ ᠳᠠᠭᠤᠰᠤᠭᠰᠠᠨ ᠤ ᠳᠠᠷᠠᠭ᠎ᠠ᠂ ᠭᠠᠴᠠᠭ᠎ᠠ ᠡᠷᠦᠬᠡ ᠪᠦᠷᠢ ᠳᠤ ᠴᠢᠨᠠᠷ ᠰᠠᠶᠢᠲᠠᠢ ᠪᠠᠶᠢᠬᠤ ᠬᠡᠷᠡᠭᠲᠡᠢ᠃    ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ 2023 ᠣᠨ ᠳᠤ ᠮᠠᠯ ᠤᠨ ᠡᠭᠦᠯᠳᠡᠷ ᠢ ᠰᠠᠶᠢᠵᠢᠷᠠᠭᠤᠯᠵᠤ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠲᠦᠷᠦᠯ ᠵᠦᠢᠯ ᠤᠨ ᠬᠡᠷᠡᠭᠵᠢᠭᠦᠯᠬᠦ ᠲᠥᠰᠥᠯ    ᠠᠯᠠᠰᠢᠨ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠵᠦ᠂ ᠮᠠᠯ ᠤᠨ ᠡᠭᠦᠯᠳᠡᠷ ᠢ ᠰᠠᠶᠢᠵᠢᠷᠠᠭᠤᠯᠬᠤ ᠶᠢ ᠶᠡᠬᠡᠪᠡᠷ ᠬᠡᠷᠡᠭᠵᠢᠭᠦᠯᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠶᠢᠨ ᠲᠥᠯᠥᠭᠡ᠂ ᠡᠳᠦᠭᠡ ᠮᠠᠨ ᠤ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠲᠥᠰᠥᠯ ᠢ ᠣᠨᠴᠠᠭᠠᠶᠢᠯᠠᠨ ᠲᠣᠭᠲᠠᠭᠠᠪᠠ᠃   ᠨᠢᠭᠡ᠂ ᠶᠡᠷᠦᠩᠬᠡᠢ ᠰᠡᠳᠬᠢᠴᠡ   ᠲᠥᠪ ᠤᠨ ᠤᠬᠠᠭᠤᠯᠬᠤ ᠬᠡᠯᠲᠡᠰ ᠤᠨ ︽ᠦᠬᠡᠷ ᠤᠨ ᠠᠵᠢᠯ ᠬᠢᠬᠦ︾ ᠬᠥᠭᠵᠢᠯᠲᠡ ᠶᠢᠨ ᠰᠡᠳᠬᠢᠴᠡ ᠶᠢ ᠪᠦᠬᠦ ᠲᠠᠯ᠎ᠠ  ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠯᠠᠰᠢᠨ ᠦᠬᠡᠷ ᠤᠨ ᠰᠢᠵᠢᠷ ᠠᠯᠲᠠᠨ ᠠᠵᠤ ᠦᠢᠯᠡᠰ ᠤᠨ ᠪᠦᠰᠡ ᠳᠤ ᠰᠠᠭᠤᠷᠢᠯᠠᠵᠤ᠂ ᠪᠣᠬᠢᠷᠳᠤᠯ ᠦᠭᠡᠢ ᠴᠢᠨᠠᠷ ᠰᠠᠶᠢᠲᠠᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠬᠦᠴᠦᠯᠡᠨ ᠪᠠᠶᠢᠭᠤᠯᠵᠤ᠂ ᠵᠠᠰᠠᠭ ᠤᠨ ᠣᠷᠳᠣᠨ  ᠎ ᠠᠴᠠ ᠬᠥᠲᠥᠯᠥᠨ ᠵᠢᠯᠤᠭᠤᠳᠬᠤ + ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ + ᠮᠠᠯᠵᠢᠬᠤ ᠲᠠᠷᠢᠶᠠᠯᠠᠬᠤ ᠡᠷᠦᠬᠡ ᠶᠢᠨ ᠵᠠᠭᠪᠤᠷ ᠢᠶᠠᠷ ᠳᠠᠮᠵᠢᠭᠤᠯᠤᠨ᠂ ᠮᠠᠯ ᠤᠨ ᠡᠭᠦᠯᠳᠡᠷ ᠢ ᠰᠠᠶᠢᠵᠢᠷᠠᠭᠤᠯᠬᠤ ᠶᠢ ᠬᠡᠷᠡᠭᠵᠢᠭᠦᠯᠵᠦ᠂ ᠬᠥᠮᠥᠨ ᠤ ᠬᠦᠴᠦ ᠪᠠᠷ ᠦᠷ᠎ᠡ ᠲᠣᠭᠲᠠᠭᠠᠬᠤ᠂ ᠬᠦᠪᠦᠷᠡᠯ ᠰᠢᠯᠵᠢᠭᠦᠯᠦᠨ ᠰᠠᠭᠤᠯᠭᠠᠬᠤ᠂ ᠴᠢᠨᠠᠷ ᠰᠠᠶᠢᠲᠠᠢ ᠡᠭᠦᠯᠳᠡᠷ ᠤᠨ ᠪᠤᠬ᠎ᠠ ᠶᠢ ᠣᠷᠣᠭᠤᠯᠤᠨ ᠠᠪᠴᠢᠷᠠᠬᠤ ᠵᠡᠷᠭᠡ ᠠᠷᠭ᠎ᠠ ᠮᠠᠶ᠋ᠢᠭ ᠢᠶᠠᠷ ᠡᠭᠦᠯᠳᠡᠷ ᠰᠠᠶᠢᠵᠢᠷᠠᠭᠤᠯᠤᠭᠰᠠᠨ ᠮᠠᠯᠵᠢᠬᠤ ᠲᠠᠷᠢᠶᠠᠯᠠᠬᠤ ᠡᠷᠦᠬᠡ ᠳᠤ ᠵᠦᠷᠢᠶᠡᠴᠢᠯᠡᠭᠰᠡᠨ ᠨᠥᠬᠦᠪᠦᠷᠢ ᠶᠢᠨ ᠲᠥᠷᠥ ᠶᠢᠨ ᠪᠣᠳᠣᠯᠭ᠎ᠠ ᠣᠯᠭᠤᠵᠤ᠂ ᠶᠠᠳᠠᠭᠤ ᠎ ᠠᠴᠠ ᠠᠩᠭᠢᠵᠢᠷᠠᠭᠤᠯᠬᠤ ᠡᠷᠦᠬᠡ᠂ ᠬᠢᠨᠠᠨ ᠬᠡᠮᠵᠢᠬᠦ ᠡᠷᠦᠬᠡ ᠶᠢᠨ ᠮᠠᠯ ᠤᠨ ᠡᠭᠦᠯᠳᠡᠷ ᠰᠠᠶᠢᠵᠢᠷᠠᠭᠤᠯᠬᠤ ᠶᠢᠨ ᠤᠷᠤᠭᠰᠢᠲᠠᠢ ᠬᠡᠷᠡᠭᠵᠢᠭᠦᠯᠦᠭᠳᠡᠬᠦ ᠶᠢ ᠤᠷᠢᠳᠠᠪᠠᠷ ᠪᠠᠲᠤᠯᠠᠨ᠎ᠠ᠃   ᠬᠤᠶᠠᠷ᠂ ᠦᠨᠳᠦᠰᠦᠨ ᠵᠠᠷᠴᠢᠮ   ︵ᠨᠢᠭᠡ︶ ᠴᠠᠭ ᠲᠤᠨᠢ ᠲᠣᠬᠢᠷᠠᠬᠤ ᠴᠢᠨᠠᠷᠲᠠᠢ ᠵᠠᠷᠴᠢᠮ᠃ᠲᠡᠵᠢᠭᠡᠨ ᠦᠷᠡᠵᠢᠭᠦᠯᠬᠦ ᠡᠷᠦᠬᠡ ᠨᠢ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠪᠠᠶᠢᠳᠠᠯ ᠢ ᠨᠢᠭᠲᠠ ᠠᠩᠬᠠᠷᠴᠤ᠂ ᠵᠠᠬ᠎ᠠ ᠳᠡᠯᠭᠡᠭᠦᠷ ᠤᠨ ᠬᠡᠷᠡᠭᠴᠡᠭᠡ ᠪᠠᠷ ᠲᠦᠷᠦᠯ ᠵᠦᠢᠯ ᠢ ᠲᠣᠬᠢᠷᠠᠭᠤᠯᠬᠤ ᠶᠢᠨ ᠯᠠᠪᠯᠠᠯᠲᠠ ᠪᠣᠯᠭᠠᠬᠤ ᠦᠨᠳᠦᠰᠦᠯᠡᠯ ᠪᠣᠯᠭᠠᠬᠤ ᠬᠡᠷᠡᠭᠲᠡᠢ᠃ᠵᠠᠬ᠎ᠠ ᠳᠡᠯᠭᠡᠭᠦᠷ ᠤᠨ ᠪᠠᠶᠢᠴᠠᠭᠠᠯᠲᠠ ᠪᠠ ᠵᠢᠱᠢᠯᠲᠡ ᠶᠢ ᠬᠢᠵᠦ᠂ ᠵᠠᠬ᠎ᠠ ᠳᠡᠯᠭᠡᠭᠦᠷ ᠤᠨ ᠬᠡᠷᠡᠭᠴᠡᠭᠡ ᠳᠤ ᠲᠣᠬᠢᠷᠠᠭᠰᠠᠨ ᠲᠠᠸᠠᠷ ᠤᠨ ᠠᠯᠠᠰᠢᠨ ᠦᠬᠡᠷ ᠢ ᠬᠥᠭᠵᠢᠭᠦᠯᠵᠦ᠂ ᠦᠬᠡᠷ ᠤᠨ ᠮᠢᠬᠠᠨ ᠤ ᠭᠠᠷᠤᠯᠲᠠ ᠥᠨᠳᠥᠷ ᠪᠥᠭᠡᠳ ᠴᠢᠨᠠᠷ ᠰᠠᠶᠢᠲᠠᠢ ᠪᠠᠶᠢᠬᠤ ᠶᠢ ᠪᠠᠲᠤᠯᠠᠬᠤ ᠬᠡᠷᠡᠭᠲᠡᠢ᠃   ︵ᠬᠤᠶᠠᠷ︶ ᠵᠣᠬᠢᠴᠠᠬᠤ ᠴᠢᠨᠠᠷ ᠤᠨ ᠵᠠᠷᠴᠢᠮ᠃ᠶᠡᠭᠡ ᠣᠷᠴᠢᠨ ᠲᠣᠭᠤᠷᠢᠨ᠂ ᠶᠡᠭᠡ ᠵᠠᠬ᠎ᠠ ᠳᠡᠯᠭᠡᠭᠦᠷ ᠲᠤ ᠵᠣᠬᠢᠴᠠᠬᠤ ᠶᠢᠨ ᠬᠠᠮᠲᠤ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠳᠤ ᠪᠠᠰᠠ ᠡᠷᠬᠡᠪᠰᠢ ᠲᠤᠬᠠᠢ ᠶᠢᠨ ᠭᠠᠵᠠᠷ ᠤᠨ ᠪᠠᠶᠢᠭᠠᠯᠢ ᠶᠢᠨ ᠡᠬᠢ ᠪᠠᠶᠠᠯᠢᠭ ᠪᠠ ᠣᠷᠴᠢᠨ ᠲᠣᠭᠤᠷᠢᠨ ᠤ ᠨᠥᠬᠦᠴᠡᠯ ᠲᠠᠢ ᠵᠣᠬᠢᠴᠠᠭᠤᠯᠬᠤ ᠬᠡᠷᠡᠭᠲᠡᠢ᠃ᠬᠡᠷᠪᠡ ᠲᠤᠬᠠᠢ ᠶᠢᠨ ᠭᠠᠵᠠᠷ ᠤᠨ ᠪᠠᠶᠢᠭᠠᠯᠢ ᠶᠢᠨ ᠣᠷᠴᠢᠨ ᠲᠣᠭᠤᠷᠢᠨ ᠤ ᠨᠥᠬᠦᠴᠡᠯ ᠬᠢᠭᠡᠳ ᠣᠷᠣᠭᠤᠯᠵᠤ ᠠᠪᠴᠢᠷᠠᠭᠰᠠᠨ ᠭᠠᠵᠠᠷ ᠤᠨ ᠵᠥᠷᠢᠶ᠎ᠡ ᠨᠢ ᠬᠡᠲᠦᠷᠬᠡᠢ ᠶᠡᠭᠡ ᠪᠠᠶᠢᠵᠤ᠂ ᠠᠯᠠᠰᠢᠨ ᠦᠬᠡᠷ ᠵᠣᠬᠢᠴᠠᠬᠤ ᠶᠢᠨ ᠠᠷᠭ᠎ᠠ ᠦᠭᠡᠢ ᠪᠣᠯᠵᠤ᠂ ᠠᠵᠤ ᠠᠬᠤᠢ ᠶᠢᠨ ᠦᠷ᠎ᠡ ᠠᠰᠢᠭ ᠨᠢ ᠴᠦ ᠲᠡᠶᠢᠮᠦ ᠰᠠᠶᠢᠨ ᠪᠢᠰᠢ ᠪᠣᠯᠣᠨ᠎ᠠ᠃ᠪᠦᠳᠦᠭᠦᠯᠢᠭ ᠪᠣᠷᠳᠣᠭᠠᠨ ᠳᠤ ᠳᠠᠭᠠᠭᠠᠮᠠᠭᠠᠢ᠂ ᠵᠣᠬᠢᠴᠠᠬᠤ ᠴᠢᠨᠠᠷ ᠢᠶᠠᠷ ᠴᠢᠩᠭ᠎ᠠ ᠵᠡᠷᠭᠡ ᠣᠷᠣᠨ ᠨᠤᠲᠤᠭ ᠤᠨ ᠡᠭᠦᠯᠳᠡᠷ ᠤᠨ ᠰᠢᠯᠢᠳᠡᠭ ᠣᠨᠴᠠᠯᠢᠭ ᠢ ᠪᠠᠲᠤᠯᠠᠵᠤ᠂ ᠣᠷᠣᠨ ᠨᠤᠲᠤᠭ ᠤᠨ ᠲᠡᠵᠢᠭᠡᠯ ᠪᠣᠷᠳᠣᠭᠠᠨ ᠤ ᠡᠬᠢ ᠪᠠᠶᠠᠯᠢᠭ ᠢ ᠠᠰᠢᠭᠯᠠᠨ ᠠᠯᠠᠰᠢᠨ ᠦᠬᠡᠷ ᠤᠨ ᠠᠵᠤ ᠦᠢᠯᠡᠰ ᠢ ᠬᠥᠭᠵᠢᠭᠦᠯᠬᠦ ᠳᠤ ᠠᠰᠢᠭᠲᠠᠢ ᠪᠠᠶᠢᠯᠭᠠᠬᠤ ᠬᠡᠷᠡᠭᠲᠡᠢ᠃   ︵ᠭᠤᠷᠪᠠ︶ ᠬᠡᠷᠡᠭᠯᠡᠭᠡᠨ ᠤ ᠴᠢᠨᠠᠷᠲᠠᠢ ᠵᠠᠷᠴᠢᠮ᠃ ᠠᠯᠠᠰᠢᠨ ᠦᠬᠡᠷ ᠤᠨ ᠡᠭᠦᠯᠳᠡᠷ ᠢ ᠰᠣᠩᠭᠤᠬᠤ ᠳᠠᠭᠠᠨ ᠲᠣᠰ ᠡᠭᠦᠯᠳᠡᠷ ᠨᠢ ᠵᠠᠬ᠎ᠠ ᠳᠡᠯᠭᠡᠭᠦᠷ ᠤᠨ ᠳᠠᠪᠠᠭᠤᠯᠢᠭ ᠲᠠᠢ ᠪᠠᠶᠢᠬᠤ ᠡᠰᠡᠬᠦ᠂ ᠵᠠᠬ᠎ᠠ ᠳᠡᠯᠭᠡᠭᠦᠷ ᠤᠨ ᠳᠠᠪᠠᠭᠤᠯᠢᠭ ᠲᠠᠢ ᠪᠠᠶᠢᠬᠤ ᠡᠰᠡᠬᠦ ᠶᠢ ᠪᠣᠳᠣᠯᠬᠢᠯᠠᠬᠤ ᠴᠢᠬᠤᠯᠠᠲᠠᠢ᠂ ᠪᠦᠲᠦᠭᠡᠭᠳᠡᠬᠦᠨ ᠤ ᠦᠨ᠎ᠡ ᠨᠢ ᠳᠣᠣᠷ᠎ᠠ ᠮᠥᠷᠲᠡᠭᠡᠨ ᠪᠣᠷᠣᠯᠠᠭᠤᠯᠬᠤ ᠬᠡᠮᠵᠢᠶ᠎ᠡ ᠨᠢ ᠬᠢᠵᠠᠭᠠᠷ ᠲᠠᠢ᠂ ᠲᠡᠵᠢᠭᠡᠨ ᠦᠷᠡᠵᠢᠭᠦᠯᠬᠦ ᠦᠷ᠎ᠡ ᠠᠰᠢᠭ ᠨᠢ ᠥᠨᠳᠥᠷ ᠪᠢᠰᠢ ᠪᠠᠶᠢᠳᠠᠭ᠃   ᠭᠤᠷᠪᠠ᠂ ᠲᠥᠷᠥᠯ ᠵᠦᠢᠯ ᠢ ᠬᠡᠷᠡᠭᠵᠢᠭᠦᠯᠬᠦ ᠭᠤᠣᠯ ᠴᠣᠭᠴᠠ   ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠪᠠᠷ ᠲᠥᠷᠥᠯ ᠵᠦᠢᠯ ᠢ ᠬᠡᠷᠡᠭᠵᠢᠭᠦᠯᠬᠦ ᠭᠤᠣᠯ ᠴᠣᠭᠴᠠ ᠪᠣᠯᠭᠠᠵᠤ᠂ ᠬᠤᠰᠢᠭᠤᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠡᠯ᠎ᠡ ᠰᠤᠮᠤ ᠪᠠᠯᠭᠠᠰᠤᠨ ᠤ ᠵᠠᠰᠠᠭ ᠤᠨ ᠣᠷᠳᠣᠨ ᠢᠶᠠᠷ ᠬᠠᠮᠵᠢᠯᠴᠠᠬᠤ ᠨᠢᠭᠡᠴᠡ ᠪᠣᠯᠭᠠᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠨᠢ ᠲᠣᠰ ᠲᠥᠰᠥᠯ ᠤᠨ ᠱᠠᠭᠠᠷᠳᠠᠯᠭ᠎ᠠ ᠶᠣᠰᠣᠭᠠᠷ᠂ ᠬᠠᠮᠢᠶ᠎ᠠ ᠪᠦᠬᠦᠢ ᠨᠢᠭᠡᠴᠡ ᠶᠢ ᠵᠣᠬᠢᠶᠠᠨ ᠪᠠᠶᠢᠭᠤᠯᠤᠨ ᠮᠠᠯ ᠤᠨ ᠡᠭᠦᠯᠳᠡᠷ ᠰᠠᠶᠢᠵᠢᠷᠠᠭᠤᠯᠬᠤ ᠠᠵᠢᠯ ᠢ ᠥᠷᠨᠢᠭᠦᠯᠵᠦ᠂ ᠲᠥᠷᠥᠯ ᠵᠦᠢᠯ ᠢ ᠭᠤᠶᠤᠴᠢᠯᠠᠨ ᠮᠡᠳᠡᠭᠦᠯᠬᠦ᠂ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠲᠥᠷᠥᠯ ᠵᠦᠢᠯ ᠢ ᠰᠢᠯᠭᠠᠨ ᠠᠪᠬᠤ ᠪᠠ ᠦᠷᠭᠦᠯᠵᠢᠯᠡᠨ ᠬᠢᠨᠠᠨ ᠬᠠᠮᠢᠶᠠᠷᠬᠤ ᠶᠢ ᠭᠦᠢᠴᠡᠳᠬᠡᠨ᠎ᠡ᠃   ᠳᠥᠷᠪᠡ᠂ ᠲᠥᠷᠥᠯ ᠵᠦᠢᠯ ᠢ ᠬᠡᠷᠡᠭᠵᠢᠭᠦᠯᠬᠦ ᠠᠭᠤᠯᠭ᠎ᠠ   ︵ᠨᠢᠭᠡ︶ ᠲᠥᠷᠥᠯ ᠵᠦᠢᠯ ᠤᠨ ᠨᠡᠷᠡᠶᠢᠳᠦᠯ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2023 ᠣᠨ ᠤ ᠮᠠᠯ ᠤᠨ ᠡᠭᠦᠯᠳᠡᠷ ᠢ ᠰᠠᠶᠢᠵᠢᠷᠠᠭᠤᠯᠵᠤ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠲᠥᠷᠥᠯ ᠵᠦᠢᠯ᠃   ︵ᠬᠤᠶᠠᠷ︶ ᠲᠥᠷᠥᠯ ᠵᠦᠢᠯ ᠤᠨ ᠲᠥᠷᠥᠯ ᠢᠯᠭᠠᠯ ᠵᠢᠴᠢ ᠪᠦᠲᠦᠭᠡᠨ ᠪᠠᠶᠢᠭᠤᠯᠤᠯᠲᠠ ᠶᠢᠨ ᠰᠢᠨᠵᠢ ᠴᠢᠨᠠᠷ᠄ ᠲᠥᠷᠥᠯ ᠵᠦᠢᠯ ᠨᠢ ᠮᠠᠯᠵᠢᠬᠤ ᠲᠠᠷᠢᠶᠠᠯᠠᠬᠤ ᠣᠷᠣᠨ ᠤ ᠠᠵᠤ ᠦᠢᠯᠡᠰ ᠤᠨ ᠬᠥᠭᠵᠢᠯᠲᠡ ᠶᠢᠨ ᠲᠥᠷᠥᠯ ᠤᠨ ᠰᠢᠨ᠎ᠡ ᠪᠠᠷ ᠪᠠᠶᠢᠭᠤᠯᠬᠤ ᠲᠥᠷᠥᠯ ᠵᠦᠢᠯ ᠪᠣᠯᠣᠨ᠎ᠠ᠃   ︵ᠭᠤᠷᠪᠠ︶ ᠪᠦᠲᠦᠭᠡᠨ ᠪᠠᠶᠢᠭᠤᠯᠬᠤ ᠭᠠᠵᠠᠷ᠄ ᠲᠥᠷᠥᠯ ᠵᠦᠢᠯ ᠨᠢ ᠪᠥᠬᠦ ᠬᠤᠰᠢᠭᠤᠨ ᠤ 12 ᠰᠤᠮᠤ ᠪᠠᠯᠭᠠᠰᠤ ᠶᠢ ᠬᠠᠮᠤᠷᠤᠨ᠎ᠠ᠃   ︵ᠳᠥᠷᠪᠡ︶ ᠬᠠᠷᠢᠭᠤᠴᠠᠯᠭᠠᠲᠤ ᠨᠢᠭᠡᠴᠡ ᠵᠢᠴᠢ ᠬᠢᠨᠠᠨ ᠬᠠᠮᠢᠶᠠᠷᠬᠤ ᠨᠢᠭᠡᠴᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠨᠢ ᠲᠥᠷᠥᠯ ᠵᠦᠢᠯ ᠤᠨ ᠬᠠᠷᠢᠭᠤᠴᠠᠯᠭᠠᠲᠤ ᠨᠢᠭᠡᠴᠡ ᠪᠠᠶᠢᠵᠤ᠂ ᠲᠥᠷᠥᠯ ᠵᠦᠢᠯ ᠤᠨ ᠪᠦᠬᠦᠯᠢ ᠴᠣᠭᠴᠠ ᠶᠢᠨ ᠬᠡᠷᠡᠭᠵᠢᠭᠦᠯᠦᠯᠲᠡ ᠶᠢ ᠬᠠᠷᠢᠭᠤᠴᠠᠨ᠂ ᠪᠥᠬᠦ ᠶᠠᠪᠤᠴᠠ ᠳᠤ ᠡᠯ᠎ᠡ ᠰᠤᠮᠤ ᠪᠠᠯᠭᠠᠰᠤ᠂ ᠭᠠᠴᠠᠭ᠎ᠠ ᠶᠢ ᠡᠷᠦᠬᠡ ᠳᠤ ᠬᠦᠷᠲᠡᠯ᠎ᠡ ᠰᠠᠶᠢᠵᠢᠷᠠᠭᠤᠯᠤᠭᠰᠠᠨ ᠬᠡᠰᠡᠭ ᠢ ᠰᠢᠯᠭᠠᠨ ᠬᠤᠷᠢᠶᠠᠵᠤ ᠨᠤᠲᠠᠯᠠᠬᠤ ᠠᠵᠢᠯ ᠳᠤ ᠬᠢᠨᠠᠯᠲᠠ ᠲᠠᠯᠪᠢᠵᠤ ᠵᠢᠯᠣᠭᠤᠳᠤᠨ᠎ᠠ᠃ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠨᠢ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠰᠤᠮᠤ ᠪᠠᠯᠭᠠᠰᠤ ᠵᠢᠴᠢ ᠬᠠᠮᠢᠶ᠎ᠠ ᠪᠦᠬᠦᠢ ᠭᠠᠴᠠᠭ᠎ᠠ ᠶᠢ ᠵᠣᠬᠢᠶᠠᠨ ᠪᠠᠶᠢᠭᠤᠯᠤᠨ ᠲᠥᠷᠥᠯ ᠵᠦᠢᠯ ᠪᠠ ᠲᠠᠷᠠᠭᠠᠴᠢ ᠶᠢᠨ ᠡᠵᠡᠩᠨᠡᠯᠲᠡ ᠬᠠᠮᠢᠶᠠᠷᠤᠯᠲᠠ ᠬᠠᠮᠠᠭᠠᠯᠠᠯᠲᠠ ᠶᠢ ᠨᠠᠶᠢᠳᠠᠪᠤᠷᠢᠵᠢᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠭᠰᠡᠨ ᠤ ᠳᠠᠷᠠᠭ᠎ᠠ ᠲᠥᠷᠥᠯ ᠵᠦᠢᠯ ᠢ ᠰᠢᠯᠭᠠᠨ ᠠᠪᠬᠤ ᠪᠠ ᠰᠢᠯᠵᠢᠭᠦᠯᠦᠨ ᠲᠤᠰᠢᠶᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ᠎ᠠ᠃   ︵ᠲᠠᠪᠤ︶ ᠠᠬᠢᠴᠠ ᠶᠢᠨ ᠲᠣᠬᠢᠷᠠᠭᠤᠯᠤᠯᠲᠠ   1. ᠡᠮᠦᠨᠡᠬᠢ ᠬᠤᠭᠤᠴᠠᠭᠠᠨ ᠤ ᠪᠡᠯᠡᠳᠬᠡᠯ᠄ 2023 ᠣᠨ ᠤ 2 ᠰᠠᠷ᠎ᠠ ᠳᠤ ᠲᠥᠷᠥᠯ ᠵᠦᠢᠯ ᠤᠨ ᠬᠡᠷᠡᠭᠵᠢᠭᠦᠯᠬᠦ ᠲᠥᠰᠥᠯ ᠢ ᠨᠠᠶᠢᠷᠠᠭᠤᠯᠤᠨ ᠵᠣᠬᠢᠶᠠᠬᠤ ᠵᠢᠴᠢ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠶᠢ ᠪᠡᠶᠡᠯᠡᠭᠦᠯᠦᠨ᠎ᠡ    2. ᠲᠥᠷᠥᠯ ᠵᠦᠢᠯ ᠢ ᠬᠡᠷᠡᠭᠵᠢᠭᠦᠯᠬᠦ᠄ 2023 ᠣᠨ ᠤ 3 ᠳ᠋ᠤᠭᠠᠷ ᠰᠠᠷ᠎ᠠ ᠎ ᠠᠴᠠ 10 ᠳ᠋ᠤᠭᠠᠷ ᠰᠠᠷ᠎ᠠ ᠪᠣᠯᠲᠠᠯᠠᠬᠢ ᠬᠤᠭᠤᠴᠠᠭ᠎ᠠ ᠶᠢ ᠲᠥᠷᠥᠯ ᠵᠦᠢᠯ ᠢ ᠬᠡᠷᠡᠭᠵᠢᠭᠦᠯᠬᠦ ᠱᠠᠲᠤ ᠦᠶ᠎ᠡ ᠪᠣᠯᠭᠠᠨ᠎ᠠ︔   3. ᠰᠢᠯᠭᠠᠨ ᠠᠪᠬᠤ ᠵᠢᠴᠢ ᠰᠢᠯᠵᠢᠭᠦᠯᠦᠨ ᠲᠤᠰᠢᠶᠠᠬᠤ᠄ 2023 ᠣᠨ ᠤ 12 ᠳ᠋ᠤᠭᠠᠷ ᠰᠠᠷ᠎ᠠ ᠳᠤ ᠲᠥᠷᠥᠯ ᠵᠦᠢᠯ ᠢ ᠰᠢᠯᠭᠠᠨ ᠠᠪᠬᠤ ᠶᠢ ᠳᠠᠭᠤᠰᠬᠠᠵᠤ᠂ ᠵᠡᠷᠭᠡᠪᠡᠷ ᠰᠢᠯᠵᠢᠭᠦᠯᠦᠨ ᠲᠤᠰᠢᠶᠠᠨ᠎ᠠ᠃︵ᠵᠢᠷᠭᠤᠭ᠎ᠠ︶ ᠪᠦᠲᠦᠭᠡᠨ ᠪᠠᠶᠢᠭᠤᠯᠤᠯᠲᠠ ᠶᠢᠨ ᠡᠭᠦᠷᠭᠡ᠄ ᠮᠠᠨ ᠤ ᠬᠤᠰᠢᠭᠤᠨ ᠤ ᠭᠤᠣᠯᠯᠠᠬᠤ ᠠᠵᠤ ᠦᠢᠯᠡᠰ ᠤᠨ ᠰᠠᠭᠤᠷᠢ ᠪᠠ ᠨᠤᠲᠤᠭ ᠤᠨ ᠣᠨᠴᠠᠯᠢᠭ ᠲᠠᠢ ᠤᠶᠠᠯᠳᠤᠭᠤᠯᠤᠨ᠂ ᠦᠬᠡᠷ ᠤᠨ ᠡᠭᠦᠯᠳᠡᠷ ᠢ ᠰᠠᠶᠢᠵᠢᠷᠠᠭᠤᠯᠬᠤ ᠪᠠᠷ ᠭᠤᠣᠯ ᠪᠣᠯᠭᠠᠭᠰᠠᠨ ᠮᠠᠯ ᠤᠨ ᠡᠭᠦᠯᠳᠡᠷ ᠰᠠᠶᠢᠵᠢᠷᠠᠭᠤᠯᠬᠤ ᠲᠥᠷᠥᠯ ᠵᠦᠢᠯ ᠢ ᠥᠷᠨᠢᠭᠦᠯᠦᠨ᠎ᠡ᠂ ᠨᠢᠭᠡ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠎ ᠠᠴᠠ ᠬᠤᠰᠢᠭᠤᠨ ᠤ ᠪᠤᠬ᠎ᠠ ᠶᠢᠨ ᠥᠷᠲᠡᠭᠡ ᠶᠢᠨ ᠴᠢᠬᠤᠯᠠ ᠪᠦᠬᠦᠢ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠵᠢᠴᠢ ᠢᠵᠢ ᠪᠦᠷᠢᠳᠦᠭᠦᠯᠬᠦ ᠪᠡᠯᠡᠳᠬᠡᠮᠵᠢ ᠶᠢ ᠬᠠᠷᠢᠭᠤᠴᠠᠨ ᠲᠡᠭᠦᠯᠳᠡᠷᠵᠢᠭᠦᠯᠵᠦ᠂ 6 ᠰᠠᠷᠠᠪᠴᠢ ᠶᠢ ᠰᠢᠨ᠎ᠡ ᠪᠠᠷ ᠪᠠᠶᠢᠭᠤᠯᠵᠤ᠂ 200 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠤᠨ᠎ᠠ︔ᠬᠤᠶᠠᠷ ᠲᠤ᠂ ᠪᠥᠬᠦ ᠬᠤᠰᠢᠭᠤᠨ ᠤ ᠶᠠᠳᠠᠭᠤ ᠎ ᠠᠴᠠ ᠠᠩᠭᠢᠵᠢᠷᠠᠭᠰᠠᠨ ᠡᠷᠦᠬᠡ ᠵᠢᠴᠢ ᠬᠢᠨᠠᠨ ᠰᠢᠯᠭᠠᠬᠤ ᠡᠷᠦᠬᠡ ᠶᠢᠨ ᠵᠢᠯ ᠤᠨ ᠰᠠᠭᠤᠷᠢ ᠡᠬᠡ ᠮᠠᠯ ᠤᠨ ᠰᠠᠶᠢᠵᠢᠷᠠᠭᠤᠯᠤᠯᠲᠠ ᠶᠢ ᠪᠡᠶᠡᠯᠡᠭᠦᠯᠦᠭᠰᠡᠨ ᠲᠤᠭ᠎ᠠ ᠬᠡᠮᠵᠢᠶ᠎ᠡ ᠵᠢᠴᠢ ᠬᠤᠴᠠ ᠬᠤᠳᠠᠯᠳᠤᠨ ᠠᠪᠬᠤ ᠶᠢ ᠦᠨᠳᠦᠰᠦᠯᠡᠨ ᠱᠠᠩᠨᠠᠵᠤ ᠨᠥᠬᠦᠪᠦᠷᠢᠯᠡᠨ᠎ᠡ᠂ ᠱᠠᠩᠨᠠᠵᠤ ᠨᠥᠬᠦᠪᠦᠷᠢᠯᠡᠬᠦ ᠳᠤ 300 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠤᠨ᠎ᠠ᠃   ︵ᠳᠣᠯᠤᠭ᠎ᠠ︶ ᠪᠡᠯᠡ ᠮᠥᠩᠭᠦ ᠶᠢᠨ ᠣᠷᠣᠭᠤᠯᠤᠯᠲᠠ ᠵᠢᠴᠢ ᠨᠥᠬᠦᠪᠦᠷᠢ ᠶᠢᠨ ᠪᠠᠷᠢᠮᠵᠢᠶ᠎ᠠ᠄ ᠲᠥᠷᠥᠯ ᠵᠦᠢᠯ ᠤᠨ ᠶᠡᠷᠦᠩᠬᠡᠢ ᠣᠷᠣᠭᠤᠯᠤᠯᠲᠠ 500 ᠲᠦᠮᠡᠨ ᠲᠥᠭᠦᠷᠢᠭ᠂ ᠨᠢᠭᠡ ᠳᠤ ᠪᠤᠬ᠎ᠠ ᠶᠢᠨ ᠥᠷᠲᠡᠭᠡ ᠶᠢᠨ ᠢᠵᠢ ᠪᠦᠷᠢᠳᠦᠭᠦᠯᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ 200 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠤᠨ᠎ᠠ︔ ᠬᠤᠶᠠᠷ ᠲᠤ ᠮᠠᠯ ᠤᠨ ᠡᠭᠦᠯᠳᠡᠷ ᠢ ᠰᠠᠶᠢᠵᠢᠷᠠᠭᠤᠯᠵᠤ᠂ ᠦᠬᠡᠷ ᠨᠢᠭᠡᠪᠦᠷᠢ ᠶᠢ 200 ᠲᠥᠭᠦᠷᠢᠭ ᠱᠠᠩᠨᠠᠨ ᠨᠥᠬᠦᠪᠦᠷᠢᠯᠡᠵᠦ᠂ ᠱᠠᠩᠨᠠᠨ ᠨᠥᠬᠦᠪᠦᠷᠢᠯᠡᠬᠦ ᠶᠡᠷᠦᠩᠬᠡᠢ ᠬᠡᠪᠴᠢᠶ᠎ᠡ ᠨᠢ 10000 ᠲᠣᠯᠣᠭᠠᠢ ᠪᠠᠶᠢᠵᠤ᠂ 200 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠤᠨ᠎ᠠ︔ ᠬᠤᠴᠠ 2000 ᠬᠤᠳᠠᠯᠳᠤᠨ ᠠᠪᠴᠤ᠂ ᠬᠤᠴᠠ ᠨᠢᠭᠡᠪᠦᠷᠢ ᠶᠢ 500 ᠲᠥᠭᠦᠷᠢᠭ ᠱᠠᠩᠨᠠᠨ ᠨᠥᠬᠦᠪᠦᠷᠢᠯᠡᠵᠦ᠂ 100 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠤᠨ᠎ᠠ᠃   ︵ᠨᠠᠢᠮᠠ︶ ᠪᠡᠯᠡ ᠮᠥᠩᠭᠦ ᠶᠢᠨ ᠢᠷᠡᠯᠲᠡ᠄ ᠭᠤᠣᠯᠳᠠᠭᠤ 2023 ᠣᠨ ᠤ ᠪᠡᠯᠡ ᠮᠥᠩᠭᠦ ᠶᠢ ᠵᠣᠯᠭᠠᠭᠤᠯᠬᠤ᠂ ᠲᠠᠷᠢᠶᠠᠯᠠᠩ ᠮᠠᠯ ᠠᠵᠤ ᠠᠬᠤᠢ ᠳᠤ ᠬᠤᠯᠪᠣᠭᠳᠠᠬᠤ ᠪᠡᠯᠡ ᠮᠥᠩᠭᠦ ᠶᠢ ᠡᠮᠬᠢᠯᠡᠨ ᠨᠡᠶᠢᠯᠡᠭᠦᠯᠬᠦ ᠵᠢᠴᠢ ᠵᠡᠭᠦᠨ ᠪᠠᠷᠠᠭᠤᠨ ᠣᠷᠣᠨ ᠤ ᠬᠠᠮᠵᠢᠯᠴᠠᠬᠤ ᠪᠡᠯᠡ ᠮᠥᠩᠭᠦ ᠪᠣᠯᠣᠨ᠎ᠠ᠃   ︵ᠶᠢᠰᠦ︶ ᠵᠣᠬᠢᠶᠠᠨ ᠪᠠᠶᠢᠭᠤᠯᠵᠤ ᠬᠡᠷᠡᠭᠵᠢᠭᠦᠯᠬᠦ   1. ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠲᠣᠰ ᠬᠡᠷᠡᠭᠵᠢᠭᠦᠯᠬᠦ ᠲᠥᠰᠥᠯ ᠢ ᠦᠨᠳᠦᠰᠦᠯᠡᠨ᠂ ᠪᠤᠬ᠎ᠠ ᠶᠢᠨ ᠥᠷᠲᠡᠭᠡ ᠲᠠᠢ ᠵᠣᠯᠭᠠᠭᠤᠯᠬᠤ ᠠᠵᠢᠯ ᠢ ᠰᠠᠶᠢᠲᠤᠷ ᠬᠢᠵᠦ᠂ ᠬᠤᠰᠢᠭᠤᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠡᠯ᠎ᠡ ᠰᠤᠮᠤ ᠪᠠᠯᠭᠠᠰᠤ ᠬᠠᠮᠵᠢᠯᠴᠠᠨ ᠮᠠᠯ ᠤᠨ ᠡᠭᠦᠯᠳᠡᠷ ᠰᠠᠶᠢᠵᠢᠷᠠᠭᠤᠯᠬᠤ ᠠᠵᠢᠯ ᠢ ᠰᠠᠶᠢᠲᠤᠷ ᠬᠢᠨ᠎ᠡ᠃   2. ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠪᠤᠬ᠎ᠠ ᠲᠠᠷᠢᠬᠤ ᠥᠷᠲᠡᠭᠡᠨ ᠤ ᠬᠠᠰᠢᠶ᠎ᠠ ᠰᠠᠷᠠᠪᠴᠢ ᠶᠢᠨ ᠪᠣᠳᠠᠲᠠᠢ ᠪᠦᠲᠦᠭᠡᠨ ᠪᠠᠶᠢᠭᠤᠯᠤᠯᠲᠠ ᠶᠢ ᠬᠠᠷᠢᠭᠤᠴᠠᠵᠤ᠂ ᠡᠭᠦᠨ ᠤ ᠬᠠᠮᠲᠤ ᠡᠯ᠎ᠡ ᠰᠤᠮᠤ ᠪᠠᠯᠭᠠᠰᠤ ᠶᠢ ᠵᠣᠬᠢᠶᠠᠨ ᠪᠠᠶᠢᠭᠤᠯᠤᠨ ᠬᠠᠷᠢᠶ᠎ᠠ ᠣᠷᠣᠨ ᠳᠠᠭᠠᠨ ᠦᠬᠡᠷ ᠤᠨ ᠡᠭᠦᠯᠳᠡᠷ ᠰᠠᠶᠢᠵᠢᠷᠠᠭᠤᠯᠬᠤ ᠶᠢ ᠵᠢᠯᠤᠭᠤᠳᠬᠤ ᠪᠠ ᠰᠢᠮᠳᠠᠭᠤᠯᠤᠨ ᠪᠠᠶᠢᠴᠠᠭᠠᠬᠤ ᠠᠵᠢᠯ ᠢ ᠥᠷᠨᠢᠭᠦᠯᠵᠦ᠂ ᠦᠬᠡᠷ ᠤᠨ ᠡᠭᠦᠯᠳᠡᠷ ᠰᠠᠶᠢᠵᠢᠷᠠᠭᠤᠯᠬᠤ ᠲᠥᠷᠥ ᠶᠢᠨ ᠪᠣᠳᠣᠯᠭ᠎ᠠ ᠪᠠ ᠣᠷᠣᠯᠭ᠎ᠠ ᠶᠢ ᠨᠡᠮᠡᠭᠳᠡᠭᠦᠯᠬᠦ ᠦᠷ᠎ᠡ ᠪᠦᠲᠦᠮᠵᠢ ᠶᠢ ᠥᠷᠭᠡᠨ ᠢᠶᠠᠷ ᠤᠬᠠᠭᠤᠯᠬᠤ ᠶᠢᠨ ᠬᠠᠮᠲᠤ᠂ ᠣᠯᠠᠨ ᠶᠠᠩᠵᠤ ᠬᠡᠯᠪᠡᠷᠢ ᠶᠢᠨ ᠦᠬᠡᠷ ᠤᠨ ᠡᠭᠦᠯᠳᠡᠷ ᠰᠠᠶᠢᠵᠢᠷᠠᠭᠤᠯᠬᠤ ᠮᠡᠷᠭᠡᠵᠢᠯ ᠪᠠ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ ᠪᠣᠯᠪᠠᠰᠤᠷᠠᠭᠤᠯᠤᠯ ᠢ ᠥᠷᠨᠢᠭᠦᠯᠵᠦ᠂ ᠠᠷᠠᠳ ᠲᠤ ᠠᠰᠢᠭ ᠬᠦᠷᠲᠡᠭᠡᠬᠦ᠂ ᠠᠷᠠᠳ ᠲᠤ ᠲᠥᠬᠦᠮ ᠦᠵᠡᠭᠦᠯᠬᠦ ᠲᠠᠯ᠎ᠠ ᠎ ᠠᠴᠠ ᠡᠭᠦᠰᠴᠦ᠂ ᠮᠠᠯᠴᠢᠨ ᠲᠠᠷᠢᠶᠠᠴᠢᠨ ᠢ ᠬᠥᠲᠥᠯᠥᠨ ᠵᠢᠯᠤᠭᠤᠳᠴᠤ ᠪᠠᠶᠢᠭᠠᠳ ᠦᠬᠡᠷ ᠤᠨ ᠡᠭᠦᠯᠳᠡᠷ ᠰᠠᠶᠢᠵᠢᠷᠠᠭᠤᠯᠬᠤ᠂ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ ᠬᠡᠷᠡᠭᠲᠡᠢ᠃   3. ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠎ ᠠᠴᠠ ᠡᠯ᠎ᠡ ᠭᠠᠴᠠᠭ᠎ᠠ ᠶᠢᠨ ᠡᠷᠦᠬᠡ ᠳᠤ ᠣᠷᠣᠵᠤ ᠴᠤᠭᠯᠠᠭᠤᠯᠵᠤ ᠲᠡᠵᠢᠭᠡᠨ ᠦᠷᠡᠵᠢᠭᠦᠯᠬᠦ ᠡᠷᠦᠬᠡ ᠶᠢᠨ ᠬᠦᠰᠡᠯ ᠰᠠᠨᠠᠭ᠎ᠠ ᠶᠢ ᠬᠢᠨᠠᠨ ᠵᠢᠯᠤᠭᠤᠳᠴᠤ᠂ ᠣᠯᠠᠨ ᠲᠦᠮᠡᠨ ᠢ ᠳᠠᠶᠢᠴᠢᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠡᠭᠦᠨ ᠤ ᠵᠡᠷᠭᠡ ᠳᠤ ᠬᠤᠰᠢᠭᠤᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠪᠤᠬ᠎ᠠ ᠶᠢᠨ ᠥᠷᠲᠡᠭᠡ ᠲᠠᠢ ᠰᠠᠶᠢᠲᠤᠷ ᠵᠣᠯᠭᠠᠭᠤᠯᠵᠤ᠂ ᠲᠥᠷᠥᠯ ᠵᠦᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠨ᠎ᠠ᠃   4. ᠭᠠᠴᠠᠭ᠎ᠠ ᠨᠢ ᠴᠤᠭᠯᠠᠭᠤᠯᠵᠤ ᠣᠯᠣᠭᠰᠠᠨ ᠰᠠᠶᠢᠵᠢᠷᠠᠭᠤᠯᠬᠤ ᠬᠦᠰᠡᠯ ᠲᠠᠢ ᠶᠠᠳᠠᠭᠤ ᠎ ᠠᠴᠠ ᠠᠩᠭᠢᠵᠢᠷᠠᠭᠰᠠᠨ ᠡᠷᠦᠬᠡ ᠵᠢᠴᠢ ᠬᠢᠨᠠᠨ ᠰᠢᠯᠭᠠᠬᠤ ᠡᠷᠦᠬᠡ ᠶᠢᠨ ᠮᠡᠳᠡᠭᠡ ᠵᠠᠩᠭᠢ ᠶᠢ ᠦᠨᠳᠦᠰᠦᠯᠡᠨ᠂ ᠪᠤᠬ᠎ᠠ ᠶᠢᠨ ᠥᠷᠲᠡᠭᠡ᠂ ᠲᠠᠷᠢᠶᠠᠯᠠᠩ ᠮᠠᠯ ᠠᠵᠤ ᠠᠬᠤᠢ ᠬᠢᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠲᠠᠢ ᠵᠣᠯᠭᠠᠭᠤᠯᠤᠨ ᠲᠥᠷᠥᠯ ᠵᠦᠢᠯ ᠢ ᠬᠡᠷᠡᠭᠵᠢᠭᠦᠯᠵᠦ᠂ ᠲᠥᠷᠥᠯ ᠵᠦᠢᠯ ᠤᠨ ᠠᠬᠢᠴᠠ ᠶᠢ ᠦᠨᠡᠨᠬᠦ ᠪᠠᠲᠤᠯᠠᠬᠤ ᠶᠢᠨ ᠬᠠᠮᠲᠤ ᠡᠳᠦᠷ ᠲᠤᠲᠤᠮ ᠤᠨ ᠬᠢᠨᠠᠨ ᠬᠡᠮᠵᠢᠯᠲᠡ ᠶᠢ ᠰᠠᠶᠢᠲᠤᠷ ᠬᠢᠬᠦ ᠬᠡᠷᠡᠭᠲᠡᠢ᠂ ᠡᠭᠦᠨ ᠳᠤ ᠰᠠᠶᠢᠵᠢᠷᠠᠭᠤᠯᠤᠭᠰᠠᠨ ᠡᠷᠦᠬᠡ ᠶᠢᠨ ᠮᠡᠳᠡᠭᠡ ᠵᠠᠩᠭᠢ᠂ ᠰᠠᠶᠢᠵᠢᠷᠠᠭᠤᠯᠤᠭᠰᠠᠨ ᠦᠬᠡᠷ ᠤᠨ ᠮᠡᠳᠡᠭᠡ ᠵᠠᠩᠭᠢ᠂ ᠲᠤᠭᠤᠯᠯᠠᠭᠰᠠᠨ ᠪᠠᠶᠢᠳᠠᠯ᠂ ᠲᠤᠭᠤᠯᠯᠠᠭᠰᠠᠨ ᠪᠠᠶᠢᠳᠠᠯ ᠵᠡᠷᠭᠡ ᠪᠠᠭᠲᠠᠨ᠎ᠠ᠃   5᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠣᠨ ᠤ ᠶᠠᠳᠠᠭᠤ ᠎ ᠠᠴᠠ ᠠᠩᠭᠢᠵᠢᠷᠠᠭᠤᠯᠬᠤ ᠡᠷᠦᠬᠡ᠂ ᠬᠢᠨᠠᠨ ᠰᠢᠯᠭᠠᠬᠤ ᠡᠷᠦᠬᠡ ᠳᠤ ᠪᠡᠶᠡᠯᠡᠭᠦᠯᠦᠭᠰᠡᠨ ᠰᠠᠭᠤᠷᠢ ᠡᠬᠡ ᠮᠠᠯ ᠤᠨ ᠡᠭᠦᠯᠳᠡᠷ ᠰᠠᠶᠢᠵᠢᠷᠠᠭᠤᠯᠤᠭᠰᠠᠨ ᠤ ᠳᠠᠷᠠᠭᠠᠬᠢ ᠲᠤᠭᠤᠯ ᠤᠨ ᠲᠤᠭ᠎ᠠ ᠬᠡᠮᠵᠢᠶ᠎ᠡ ᠶᠢ ᠦᠨᠳᠦᠰᠦᠯᠡᠨ᠂ ᠦᠬᠡᠷ ᠪᠦᠷᠢ ᠳᠤ 160 ᠲᠥᠭᠦᠷᠢᠭ ᠤᠨ ᠱᠠᠩᠨᠠᠯ ᠨᠥᠬᠦᠪᠦᠷᠢ ᠶᠢᠨ ᠪᠡᠯᠡ ᠮᠥᠩᠭᠦ ᠤᠷᠢᠳᠴᠢᠯᠠᠨ ᠥᠭᠴᠦ᠂ ᠰᠢᠯᠭᠠᠨ ᠬᠤᠷᠢᠶᠠᠵᠤ ᠳᠠᠭᠤᠰᠤᠭᠰᠠᠨ ᠤ ᠳᠠᠷᠠᠭ᠎ᠠ᠂ ᠲᠤᠭᠤᠯᠯᠠᠭᠰᠠᠨ ᠰᠠᠭᠤᠷᠢ ᠡᠬᠡ ᠮᠠᠯ ᠤᠨ ᠡᠭᠦᠯᠳᠡᠷ ᠰᠠᠶᠢᠵᠢᠷᠠᠭᠤᠯᠤᠭᠰᠠᠨ ᠲᠤᠭ᠎ᠠ ᠬᠡᠮᠵᠢᠶ᠎ᠡ ᠪᠠᠷ ᠦᠯᠡᠳᠡᠭᠰᠡᠨ ᠱᠠᠩᠨᠠᠯ ᠨᠥᠬᠦᠪᠦᠷᠢ ᠶᠢᠨ ᠪᠡᠯᠡ ᠮᠥᠩᠭᠦ ᠶᠢ ᠥᠭᠭᠦᠨ᠎ᠡ᠃ ᠰᠠᠶᠢᠵᠢᠷᠠᠭᠤᠯᠤᠭᠰᠠᠨ ᠵᠠᠷᠤᠳᠠᠯ ᠢ ᠠᠵᠤ ᠠᠬᠤᠶᠢᠯᠠᠯ ᠠᠴᠠ ᠰᠠᠶᠢᠵᠢᠷᠠᠭᠤᠯᠤᠭᠰᠠᠨ ᠡᠷᠦᠬᠡ ᠠᠴᠠ ᠰᠢᠭᠤᠳ ᠬᠤᠷᠢᠶᠠᠵᠤ᠂ ᠱᠠᠩᠨᠠᠵᠤ ᠲᠤᠰᠠᠯᠠᠬᠤ ᠬᠡᠰᠡᠭ ᠢ ᠠᠵᠤ ᠠᠬᠤᠶᠢᠯᠠᠯ ᠠᠴᠠ ᠤᠷᠢᠳᠠᠪᠠᠷ ᠣᠷᠣᠯᠠᠨ ᠥᠭᠴᠦ᠂ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ ᠱᠠᠩᠨᠠᠵᠤ ᠲᠤᠰᠠᠯᠠᠬᠤ ᠪᠡᠯᠡ ᠮᠥᠩᠭᠦ ᠶᠢ ᠠᠵᠤ ᠠᠬᠤᠶᠢᠯᠠᠯ ᠳᠤ ᠰᠢᠯᠵᠢᠭᠦᠯᠦᠨ ᠥᠭᠭᠦᠨ᠎ᠡ ᠃ ᠶᠠᠳᠠᠭᠤ ᠎ ᠠᠴᠠ ᠠᠩᠭᠢᠵᠢᠷᠠᠭᠤᠯᠬᠤ ᠡᠷᠦᠬᠡ ᠵᠢᠴᠢ ᠬᠢᠨᠠᠨ ᠰᠢᠯᠭᠠᠬᠤ ᠡᠷᠦᠬᠡ ᠶᠢᠨ ᠬᠤᠴᠠ ᠬᠤᠳᠠᠯᠳᠤᠨ ᠠᠪᠤᠭᠰᠠᠨ ᠪᠠᠶᠢᠳᠠᠯ ᠢ ᠦᠨᠳᠦᠰᠦᠯᠡᠨ᠂ ᠲᠥᠷᠥᠯ ᠵᠦᠢᠯ ᠤᠨ ᠪᠡᠯᠡ ᠮᠥᠩᠭᠦ ᠶᠢ ᠰᠤᠮᠤ ᠪᠠᠯᠭᠠᠰᠤᠨ ᠳᠤ ᠰᠠᠯᠭᠠᠨ ᠥᠭᠴᠦ᠂ ᠰᠤᠮᠤ ᠪᠠᠯᠭᠠᠰᠤ ᠨᠢ ᠲᠥᠷᠥᠯ ᠵᠦᠢᠯ ᠢ ᠰᠢᠯᠭᠠᠨ ᠠᠪᠤᠭᠰᠠᠨ ᠪᠠᠶᠢᠳᠠᠯ ᠢ ᠦᠨᠳᠦᠰᠦᠯᠡᠨ ᠪᠦᠬᠦᠨ ᠳᠤ ᠲᠣᠬᠢᠷᠠᠬᠤ ᠺᠠᠷᠲ ᠢᠶᠠᠷ ᠳᠡᠮᠵᠢᠨ ᠨᠥᠬᠦᠪᠦᠷᠢ ᠶᠢᠨ ᠪᠡᠯᠡ ᠮᠥᠩᠭᠦ ᠶᠢ ᠡᠷᠦᠬᠡ ᠳᠤ ᠣᠯᠭᠤᠨ᠎ᠠ᠃   6. ᠮᠠᠯ ᠤᠨ ᠡᠭᠦᠯᠳᠡᠷ ᠰᠠᠶᠢᠵᠢᠷᠠᠭᠤᠯᠤᠭᠰᠠᠨ ᠢ ᠱᠠᠩᠨᠠᠵᠤ ᠨᠥᠬᠦᠪᠦᠷᠢ ᠥᠭᠬᠦ ᠳᠤ ᠡᠷᠬᠡᠪᠰᠢ ᠲᠠᠷᠢᠶᠠᠯᠠᠩ ᠲᠠᠢ ᠬᠤᠯᠪᠣᠭᠳᠠᠭᠤᠯᠤᠨ ᠲᠠᠷᠢᠶᠠᠯᠠᠩ ᠢ ᠳᠠᠶᠢᠴᠢᠯᠠᠬᠤ ᠵᠢᠱᠢᠭᠰᠡᠨ ᠦᠷ᠎ᠡ ᠠᠰᠢᠭ ᠢ ᠪᠡᠶᠡᠯᠡᠭᠦᠯᠬᠦ ᠬᠡᠷᠡᠭᠲᠡᠢ᠂ ᠡᠭᠦᠯᠳᠡᠷ ᠰᠠᠶᠢᠵᠢᠷᠠᠭᠤᠯᠤᠭᠰᠠᠨ ᠢᠶᠠᠷ ᠪᠦᠲᠦᠭᠰᠡᠨ ᠦᠭᠡᠢ᠂ ᠦᠷ᠎ᠡ ᠠᠰᠢᠭ ᠦᠭᠡᠢ ᠪᠣᠯ ᠰᠢᠯᠭᠠᠨ ᠠᠪᠬᠤ ᠦᠭᠡᠢ᠂ ᠱᠠᠩᠨᠠᠵᠤ ᠨᠥᠬᠦᠪᠦᠷᠢ ᠥᠭᠬᠦ ᠦᠭᠡᠢ᠃   ︵ᠠᠷᠪᠠ︶ ᠠᠰᠢᠭ ᠭᠥᠷᠳᠡᠬᠦ ᠡᠲᠡᠭᠡᠳ᠄ ᠦᠬᠡᠷ ᠤᠨ ᠡᠭᠦᠯᠳᠡᠷ ᠢ ᠰᠠᠶᠢᠵᠢᠷᠠᠭᠤᠯᠬᠤ ᠪᠠ ᠬᠤᠴᠠ ᠬᠤᠳᠠᠯᠳᠤᠨ ᠠᠪᠬᠤ ᠶᠠᠳᠠᠭᠤ ᠎ ᠠᠴᠠ ᠠᠩᠭᠢᠵᠢᠷᠠᠭᠤᠯᠬᠤ ᠡᠷᠦᠬᠡ᠂ ᠬᠢᠨᠠᠨ ᠰᠢᠯᠭᠠᠬᠤ ᠡᠷᠦᠬᠡ ᠪᠠᠭᠲᠠᠨ᠎ᠠ᠃   ︵ᠠᠷᠪᠠᠨ ᠨᠢᠭᠡ︶ ᠠᠵᠢᠯ ᠤᠨ ᠠᠮᠵᠢᠯᠲᠠ ᠪᠦᠲᠦᠮᠵᠢ ᠶᠢᠨ ᠬᠠᠷᠠᠯᠲᠠ ᠵᠢᠴᠢ ᠦᠷ᠎ᠡ ᠠᠰᠢᠭ ᠤᠨ ᠵᠠᠳᠠᠯᠤᠯᠲᠠ᠄   1. ᠠᠵᠤ ᠠᠬᠤᠢ ᠶᠢᠨ ᠦᠷ᠎ᠡ ᠠᠰᠢᠭ᠃ ᠮᠠᠯ ᠤᠨ ᠡᠭᠦᠯᠳᠡᠷ ᠢ ᠰᠠᠶᠢᠵᠢᠷᠠᠭᠤᠯᠬᠤ ᠨᠢ ᠮᠠᠯ ᠤᠨ ᠥᠰᠦᠯᠲᠡ ᠶᠢᠨ ᠬᠤᠷᠳᠤᠴᠠ ᠶᠢ ᠳᠡᠭᠡᠭᠰᠢᠯᠡᠭᠦᠯᠬᠦ ᠪᠠᠷ ᠪᠠᠷᠠᠬᠤ ᠦᠭᠡᠢ᠂ ᠪᠠᠰᠠ ᠡᠪᠡᠳᠴᠢᠯᠡᠬᠦ ᠲᠣᠬᠢᠶᠠᠯᠳᠤᠮᠵᠢ ᠶᠢ ᠪᠠᠭᠤᠷᠠᠭᠤᠯᠵᠤ᠂ ᠲᠡᠵᠢᠭᠡᠪᠦᠷᠢ ᠶᠢᠨ ᠦᠢᠯᠡᠰ ᠤᠨ ᠠᠵᠤ ᠠᠬᠤᠢ ᠶᠢᠨ ᠠᠰᠢᠭ ᠣᠷᠣᠯᠭ᠎ᠠ ᠶᠢ ᠨᠡᠮᠡᠭᠳᠡᠭᠦᠯᠵᠦ᠂ ᠲᠡᠵᠢᠭᠡᠪᠦᠷᠢ ᠶᠢᠨ ᠡᠷᠦᠬᠡ ᠶᠢᠨ ᠦᠢᠯᠡᠳᠪᠦᠷᠢᠯᠡᠯ ᠡᠵᠡᠩᠨᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠵᠦ ᠴᠢᠳᠠᠨ᠎ᠠ᠃ ᠡᠪᠡᠳᠴᠢᠨ ᠡᠮᠭᠡᠭ ᠤᠨ ᠬᠠᠷᠢᠯᠴᠠᠨ ᠬᠠᠯᠳᠠᠪᠤᠷᠢᠯᠠᠬᠤ ᠶᠢ ᠶᠡᠭᠡ ᠪᠠᠷ ᠪᠠᠭᠠᠰᠬᠠᠪᠠᠯ᠂ ᠪᠠᠰᠠ ᠴᠢᠨᠠᠷ ᠰᠠᠶᠢᠲᠠᠢ ᠪᠡᠶ᠎ᠡ ᠪᠢᠯᠳᠠᠷ ᠲᠣᠮᠣ᠂ ᠮᠢᠬ᠎ᠠ ᠰᠠᠶᠢᠲᠠᠢ᠂ ᠥᠰᠦᠯᠲᠡ ᠲᠦᠷᠭᠡᠨ ᠠᠯᠠᠰᠢᠨ ᠦᠬᠡᠷ ᠠᠯᠠᠰᠢᠨ ᠬᠤᠨᠢ ᠶᠢ ᠣᠯᠵᠤ ᠪᠣᠯᠣᠨ᠎ᠠ᠃ ᠡᠨᠡ ᠨᠢ ᠡᠪᠡᠳᠴᠢᠨ ᠡᠮᠭᠡᠭ ᠤᠨ ᠬᠠᠷᠢᠯᠴᠠᠨ ᠬᠠᠯᠳᠠᠪᠤᠷᠢᠯᠠᠬᠤ ᠶᠢ ᠶᠡᠭᠡ ᠪᠠᠷ ᠪᠠᠭᠠᠰᠬᠠᠵᠤ᠂ ᠪᠠᠰᠠ ᠴᠢᠨᠠᠷ ᠰᠠᠶᠢᠲᠠᠢ ᠪᠡᠶ᠎ᠡ ᠪᠢᠯᠳᠠᠷ ᠰᠠᠶᠢᠲᠠᠢ᠂ ᠮᠢᠬ᠎ᠠ ᠰᠠᠶᠢᠲᠠᠢ᠂ ᠥᠰᠦᠯᠲᠡ ᠨᠢ ᠲᠦᠷᠭᠡᠨ ᠪᠠᠶᠢᠳᠠᠭ᠃   2. ᠠᠮᠢ ᠠᠬᠤᠢ ᠶᠢᠨ ᠦᠷ᠎ᠡ ᠠᠰᠢᠭ᠃ ᠲᠡᠵᠢᠭᠡᠨ ᠦᠷᠡᠵᠢᠭᠦᠯᠬᠦ ᠡᠷᠦᠬᠡ ᠶᠢᠨ ᠲᠠᠷᠠᠬᠠᠢ ᠮᠠᠯᠵᠢᠯ ᠤᠨ ᠬᠡᠮᠵᠢᠶᠡᠨ ᠤ ᠣᠷᠣᠭᠤᠯᠤᠯᠲᠠ ᠠᠴᠠ ᠬᠠᠰᠢᠶᠠᠯᠠᠨ ᠲᠡᠵᠢᠭᠡᠬᠦ ᠶᠢᠨ ᠶᠠᠰᠤ ᠴᠢᠨᠠᠷ ᠢ ᠳᠡᠭᠡᠭᠰᠢᠯᠡᠭᠦᠯᠬᠦ ᠳᠠᠰᠢ ᠬᠤᠪᠢᠷᠠᠭᠤᠯᠵᠤ᠂ ᠪᠠᠷᠢᠮᠵᠢᠶᠠᠵᠢᠭᠰᠠᠨ᠂ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠶᠢ ᠪᠡᠶᠡᠯᠡᠭᠦᠯᠦᠨ᠂ ᠲᠡᠵᠢᠭᠡᠨ ᠦᠷᠡᠵᠢᠭᠦᠯᠬᠦ ᠶᠢ ᠨᠠᠩ ᠨᠠᠷᠢᠯᠢᠭ ᠣᠨᠣᠴᠠᠲᠠᠢ᠂ ᠨᠠᠩ ᠰᠢᠨᠵᠢᠯᠡᠬᠦ ᠤᠬᠠᠭᠠᠨᠴᠢ ᠪᠣᠯᠭᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠳᠠᠷᠤᠯᠲᠠ ᠶᠢ ᠲᠤᠶᠢᠯ ᠤᠨ ᠶᠡᠭᠡ ᠪᠠᠷ ᠪᠠᠭᠠᠰᠬᠠᠨ᠂ ᠦᠷᠭᠦᠯᠵᠢᠯᠡᠬᠦ ᠮᠠᠯ ᠠᠵᠤ ᠠᠬᠤᠢ᠂ ᠪᠣᠬᠢᠷᠳᠤᠯ ᠦᠭᠡᠢ ᠦᠬᠡᠷ ᠤᠨ ᠠᠵᠤ ᠦᠢᠯᠡᠰ ᠤᠨ ᠬᠥᠭᠵᠢᠯᠲᠡ ᠳᠤ ᠴᠢᠬᠤᠯᠠ ᠠᠴᠢ ᠬᠤᠯᠪᠣᠭᠳᠠᠯ ᠲᠠᠢ ᠶᠤᠮ᠃   3. ᠨᠡᠶᠢᠭᠡᠮ ᠤᠨ ᠦᠷ᠎ᠡ ᠠᠰᠢᠭ᠃ᠲᠡᠵᠢᠭᠡᠨ ᠦᠷᠡᠵᠢᠭᠦᠯᠬᠦ ᠦᠢᠯᠡᠰ ᠤᠨ ᠣᠳᠣᠬᠢᠴᠢᠯᠠᠯᠲᠠ ᠶᠢᠨ ᠬᠥᠭᠵᠢᠯᠲᠡ ᠶᠢ ᠲᠦᠯᠬᠢᠨ ᠠᠬᠢᠭᠤᠯᠬᠤ ᠨᠢ ᠮᠠᠯ ᠠᠵᠤ ᠠᠬᠤᠢ ᠶᠢᠨ ᠲᠡᠵᠢᠭᠡᠨ ᠦᠷᠡᠵᠢᠭᠦᠯᠬᠦ ᠦᠢᠯᠡᠰ ᠤᠨ ᠣᠳᠣᠬᠢᠴᠢᠯᠠᠯᠲᠠ ᠶᠢᠨ ᠬᠥᠭᠵᠢᠯᠲᠡ ᠶᠢᠨ ᠠᠬᠢᠴᠠ ᠶᠢ ᠲᠦᠷᠭᠡᠳᠬᠡᠨ ᠠᠬᠢᠭᠤᠯᠵᠤ ᠪᠣᠯᠣᠨ᠎ᠠ᠃ ᠮᠡᠷᠭᠡᠵᠢᠯ ᠪᠣᠯᠣᠨ ᠡᠭᠦᠯᠳᠡᠷ ᠪᠣᠯ ᠮᠠᠯ ᠠᠵᠤ ᠠᠬᠤᠢ ᠲᠡᠵᠢᠭᠡᠨ ᠦᠷᠡᠵᠢᠭᠦᠯᠬᠦ ᠠᠵᠤ ᠦᠢᠯᠡᠰ ᠤᠨ ᠣᠳᠣᠬᠢᠴᠢᠯᠠᠯᠲᠠ ᠶᠢᠨ ᠬᠥᠭᠵᠢᠯᠲᠡ ᠶᠢ ᠪᠡᠶᠡᠯᠡᠭᠦᠯᠬᠦ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ᠂ ᠮᠠᠯ ᠵᠢᠭᠦᠷᠲᠡᠨ ᠤ ᠰᠠᠶᠢᠨ ᠡᠭᠦᠯᠳᠡᠷ ᠨᠢ ᠠᠮᠢᠳᠠᠨ ᠤ ᠲᠡᠵᠢᠭᠡᠨ ᠦᠷᠡᠵᠢᠭᠦᠯᠬᠦ ᠦᠶᠡᠯᠡᠯ ᠤᠨ ᠬᠤᠭᠤᠴᠠᠭ᠎ᠠ ᠶᠢ ᠶᠡᠭᠡ ᠪᠠᠷ ᠪᠣᠭᠤᠨᠢᠰᠬᠠᠵᠤ᠂ ᠠᠮᠢᠳᠠᠨ ᠤ ᠡᠷᠡᠭᠦᠯ ᠢᠶᠠᠷ ᠦᠰᠦᠨ ᠪᠣᠶᠢᠵᠢᠬᠤ ᠶᠢ ᠪᠠᠲᠤᠯᠠᠵᠤ᠂ ᠠᠮᠢᠳᠠᠨ ᠤ ᠪᠡᠶ᠎ᠡ ᠮᠠᠬᠠᠪᠤᠳ ᠤᠨ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠵᠦ᠂ ᠲᠡᠵᠢᠭᠡᠯ ᠪᠣᠷᠳᠤᠭ᠎ᠠ ᠶᠢ ᠰᠢᠩᠭᠡᠭᠡᠵᠦ ᠠᠰᠢᠭᠯᠠᠬᠤ ᠨᠤᠷᠮ᠎ᠠ ᠶᠢ ᠳᠡᠭᠡᠭᠰᠢᠯᠡᠭᠦᠯᠵᠦ᠂ ᠮᠠᠯ ᠤᠨ ᠴᠢᠨᠠᠷ ᠴᠢᠨᠰᠠᠭ᠎ᠠ ᠶᠢ ᠪᠠᠲᠤᠯᠠᠬᠤ ᠶᠢᠨ ᠤᠯᠠᠮ ᠠᠴᠠ ᠲᠡᠵᠢᠭᠡᠨ ᠦᠷᠡᠵᠢᠭᠦᠯᠬᠦ ᠡᠷᠦᠭᠡ ᠶᠢᠨ ᠠᠵᠤ ᠠᠬᠤᠢ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠮᠠᠯ ᠲᠡᠵᠢᠭᠡᠪᠦᠷᠢ ᠶᠢᠨ ᠠᠵᠤ ᠦᠢᠯᠡᠰ ᠤᠨ ᠡᠷᠡᠭᠦᠯ ᠢᠶᠠᠷ ᠦᠷᠭᠦᠯᠵᠢᠯᠡᠨ ᠬᠥᠭᠵᠢᠬᠦ ᠶᠢ ᠠᠬᠢᠭᠤᠯᠵᠤ ᠴᠢᠳᠠᠨ᠎ᠠ᠃   ︵ᠠᠷᠪᠠᠨ ᠬᠤᠶᠠᠷ︶ ᠣᠯᠠᠨ ᠲᠦᠮᠡᠨ ᠣᠷᠤᠯᠴᠠᠬᠤ ᠪᠠ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠲᠣᠭᠲᠠᠴᠠ᠄ ᠲᠥᠷᠥᠯ ᠵᠦᠢᠯ ᠳᠤ ᠪᠣᠳᠠᠲᠠᠢ ᠎ ᠠᠴᠠ ᠡᠭᠦᠰᠴᠦ᠂ ᠨᠤᠲᠤᠭ ᠤᠨ ᠣᠨᠴᠠᠯᠢᠭ ᠢ ᠲᠣᠪᠤᠶᠢᠯᠭᠠᠨ᠂ ᠬᠠᠷᠢᠶᠠᠲᠤ ᠣᠷᠣᠨ ᠤ ᠳᠣᠲᠣᠷᠠᠬᠢ ᠮᠠᠯ ᠢᠶᠠᠨ ᠰᠠᠶᠢᠵᠢᠷᠠᠭᠤᠯᠬᠤ ᠬᠦᠰᠡᠯ ᠲᠠᠢ ᠶᠠᠳᠠᠭᠤ ᠎ ᠠᠴᠠ ᠠᠩᠭᠢᠵᠢᠷᠠᠭᠤᠯᠤᠭᠰᠠᠨ ᠡᠷᠦᠬᠡ ᠪᠠ ᠬᠢᠨᠠᠨ ᠰᠢᠯᠭᠠᠬᠤ ᠡᠷᠦᠬᠡ ᠶᠢ ᠤᠷᠢᠳᠠᠪᠠᠷ ᠬᠠᠮᠤᠷᠴᠤ᠂ ᠡᠩ ᠤᠨ ᠮᠠᠯᠵᠢᠬᠤ ᠲᠠᠷᠢᠶᠠᠯᠠᠬᠤ ᠡᠷᠦᠬᠡ ᠶᠢᠨ ᠡᠭᠦᠯᠳᠡᠷ ᠰᠠᠶᠢᠵᠢᠷᠠᠭᠤᠯᠬᠤ ᠶᠢ ᠵᠣᠷᠢᠭᠵᠢᠭᠤᠯᠵᠤ᠂ ᠡᠭᠦᠨ ᠤ ᠤᠯᠠᠮ ᠢᠶᠠᠷ ᠮᠠᠯ ᠤᠨ ᠠᠵᠤ ᠠᠬᠤᠢ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃   ︵ᠠᠷᠪᠠᠨ ᠭᠤᠷᠪᠠ︶ ᠲᠥᠷᠥᠯ ᠵᠦᠢᠯ ᠤᠨ ᠠᠰᠢᠭ ᠣᠷᠣᠯᠭ᠎ᠠ ᠶᠢᠨ ᠬᠤᠪᠢᠶᠠᠷᠢᠯᠠᠯᠲᠠ᠄ ᠠᠰᠢᠭ ᠣᠷᠣᠯᠭ᠎ᠠ ᠶᠢ ᠭᠤᠷᠪᠠᠨ ᠬᠡᠰᠡᠭ ᠲᠤ ᠬᠤᠪᠢᠶᠠᠵᠤ᠂ ᠰᠠᠷᠠᠪᠴᠢᠨ ᠭᠡᠷ ᠤᠨ ᠪᠦᠲᠦᠭᠡᠨ ᠪᠠᠶᠢᠭᠤᠯᠤᠯᠲᠠ ᠶᠢᠨ ᠬᠡᠰᠡᠭ ᠥᠮᠴᠢᠯᠡᠯ ᠤᠨ ᠡᠷᠬᠡ ᠶᠢ ᠬᠤᠰᠢᠭᠤᠨ ᠵᠠᠰᠠᠭ ᠤᠨ ᠣᠷᠳᠣᠨ ᠳᠤ ᠥᠮᠴᠢᠯᠡᠭᠦᠯᠵᠦ᠂ ᠲᠥᠷᠥᠯ ᠵᠦᠢᠯ ᠢ ᠠᠵᠤ ᠠᠬᠤᠶᠢᠯᠠᠯ ᠳᠤ ᠲᠦᠰᠢᠭᠯᠡᠨ ᠮᠠᠯ ᠤᠨ ᠠᠰᠢᠭ ᠣᠷᠣᠯᠭ᠎ᠠ ᠶᠢ ᠰᠠᠶᠢᠵᠢᠷᠠᠭᠤᠯᠵᠤ᠂ ᠱᠠᠩᠨᠠᠯ ᠨᠥᠬᠦᠪᠦᠷᠢ ᠶᠢᠨ ᠪᠡᠯᠡ ᠮᠥᠩᠭᠦ ᠶᠢ ᠠᠵᠤ ᠠᠬᠤᠶᠢᠯᠠᠯ ᠳᠤ ᠰᠠᠯᠭᠠᠨ ᠥᠭᠴᠦ᠂ ᠮᠠᠯ ᠤᠨ ᠠᠰᠢᠭ ᠣᠷᠣᠯᠭ᠎ᠠ ᠶᠢ ᠲᠠᠷᠢᠶᠠᠴᠢᠨ ᠡᠷᠦᠬᠡ ᠳᠤ ᠥᠮᠴᠢᠯᠡᠭᠦᠯᠦᠨ᠎ᠡ᠃   ︵ᠠᠷᠪᠠᠨ ᠳᠥᠷᠪᠡ︶ ᠲᠥᠷᠥᠯ ᠵᠦᠢᠯ ᠤᠨ ᠪᠡᠯᠡ ᠮᠥᠩᠭᠦ ᠶᠢᠨ ᠬᠠᠮᠢᠶᠠᠷᠤᠯᠲᠠ ᠬᠢᠭᠡᠳ ᠲᠦᠭᠰᠢᠭᠦᠷᠢ ᠶᠢ ᠬᠠᠮᠢᠶᠠᠷᠤᠨ ᠡᠵᠡᠮᠳᠡᠬᠦ᠄ ᠲᠥᠷᠥᠯ ᠵᠦᠢᠯ ᠢ ᠴᠣᠬᠤᠯᠠᠪᠤᠷᠢᠯᠠᠭᠰᠠᠨ ᠤ ᠳᠠᠷᠠᠭ᠎ᠠ᠂ ᠲᠥᠷᠥᠯ ᠵᠦᠢᠯ ᠤᠨ ᠪᠡᠯᠡ ᠮᠥᠩᠭᠦ ᠶᠢ ᠪᠡᠯᠡ ᠮᠥᠩᠭᠦ ᠶᠢᠨ ᠪᠣᠳᠠᠲᠠᠶᠢᠵᠢᠭᠰᠠᠨ ᠪᠠᠶᠢᠳᠠᠯ ᠢ ᠦᠨᠳᠦᠰᠦᠯᠡᠨ ᠬᠤᠰᠢᠭᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠳᠤ ᠰᠢᠯᠵᠢᠭᠦᠯᠦᠨ ᠥᠭᠴᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠎ ᠠᠴᠠ ᠡᠯ᠎ᠡ ᠰᠤᠮᠤ ᠪᠠᠯᠭᠠᠰᠤ ᠶᠢᠨ ᠮᠠᠯ ᠤᠨ ᠡᠭᠦᠯᠳᠡᠷ ᠰᠠᠶᠢᠵᠢᠷᠠᠭᠤᠯᠵᠤ ᠰᠢᠯᠭᠠᠨ ᠬᠤᠷᠢᠶᠠᠭᠰᠠᠨ ᠪᠠᠶᠢᠳᠠᠯ ᠢ ᠦᠨᠳᠦᠰᠦᠯᠡᠨ ᠠᠵᠤ ᠠᠬᠤᠶᠢᠯᠠᠯ ᠤᠨ ᠱᠠᠩᠨᠠᠵᠤ ᠲᠤᠰᠠᠯᠠᠬᠤ ᠪᠡᠯᠡ ᠮᠥᠩᠭᠦ ᠶᠢ ᠰᠠᠯᠭᠠᠨ ᠥᠭᠭᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠦᠲᠦᠮᠵᠢᠲᠡᠢ ᠠᠷᠭ᠎ᠠ ᠬᠡᠮᠵᠢᠶ᠎ᠡ ᠶᠢ ᠰᠠᠶᠢᠲᠤᠷ ᠬᠢᠵᠦ᠂ ᠲᠦᠷᠦᠯ ᠵᠦᠢᠯ ᠢ ᠠᠬᠢᠭᠤᠯᠬᠤ ᠶᠢᠨ ᠠᠷᠭ᠎ᠠ ᠦᠭᠡᠢ᠂ ᠤᠯᠠᠨ ᠲᠦᠮᠡᠨ ᠤ ᠰᠠᠨᠠᠯ ᠶᠡᠭᠡ᠂ ᠬᠠᠷᠢᠭᠤ ᠲᠤᠰᠬᠠᠯ ᠤᠯᠠᠨ᠂ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠢ ᠵᠡᠷᠭᠡ ᠪᠠᠶᠢᠳᠠᠯ ᠭᠠᠷᠬᠤ ᠠᠴᠠ ᠵᠠᠶᠢᠯᠠᠰᠬᠢᠵᠦ᠂ ᠲᠦᠷᠦᠯ ᠵᠦᠢᠯ ᠢ ᠤᠷᠤᠭᠰᠢᠲᠠᠢ ᠨᠠᠶᠢᠳᠠᠪᠤᠷᠢᠵᠢᠭᠤᠯᠵᠤ᠂ ᠦᠷ᠎ᠡ ᠠᠰᠢᠭ ᠢ ᠨᠢ ᠪᠠᠳᠠᠷᠠᠭᠤᠯᠬᠤ ᠶᠢ ᠪᠠᠲᠤᠯᠠᠬᠤ ᠬᠡᠷᠡᠭᠲᠡᠢ᠃   ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ   ︵ᠨᠢᠭᠡ︶ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ᠃ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠡᠯ᠎ᠡ ᠰᠤᠮᠤ ᠪᠠᠯᠭᠠᠰᠤ ᠨᠤᠭᠤᠳ ᠲᠤᠰᠬᠠᠢ ᠬᠥᠮᠥᠨ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠥᠷᠥᠯ ᠵᠦᠢᠯ ᠢ ᠬᠢᠨᠠᠨ ᠬᠠᠮᠢᠶᠠᠷᠴᠤ᠂ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠤ᠂ ᠭᠠᠴᠠᠭ᠎ᠠ ᠶᠢ ᠵᠣᠬᠢᠶᠠᠨ ᠪᠠᠶᠢᠭᠤᠯᠤᠨ ᠮᠠᠯᠵᠢᠬᠤ ᠲᠠᠷᠢᠶᠠᠯᠠᠬᠤ ᠡᠷᠦᠬᠡ ᠶᠢ ᠳᠠᠶᠢᠴᠢᠯᠠᠨ ᠮᠠᠯ ᠤᠨ ᠡᠭᠦᠯᠳᠡᠷ ᠰᠠᠶᠢᠵᠢᠷᠠᠭᠤᠯᠬᠤ ᠳᠤ ᠣᠷᠣᠯᠴᠠᠭᠤᠯᠵᠤ᠂ ᠭᠠᠴᠠᠭ᠎ᠠ᠂ ᠲᠣᠰᠬᠤᠨ ᠳᠤ ᠰᠠᠭᠤᠬᠤ ᠠᠵᠢᠯᠯᠠᠬᠤ ᠠᠩᠭᠢ᠂ ᠠᠵᠤ ᠦᠢᠯᠡᠰ ᠤᠨ ᠵᠢᠭᠠᠨ ᠵᠢᠯᠣᠭᠤᠳᠤᠭᠴᠢ ᠵᠢᠴᠢ ᠨᠡᠶᠢᠭᠡᠮ ᠤᠨ ᠬᠦᠴᠦᠨ ᠢ ᠵᠢᠯᠣᠭᠤᠳᠤᠨ ᠲᠣᠰ ᠠᠵᠢᠯ ᠳᠤ ᠬᠠᠮᠲᠤᠪᠠᠷ ᠣᠷᠣᠯᠴᠠᠭᠤᠯᠬᠤ ᠬᠡᠷᠡᠭᠲᠡᠢ᠃   ︵ᠬᠤᠶᠠᠷ︶ ᠮᠡᠷᠭᠡᠵᠢᠯ ᠤᠨ ᠠᠵᠢᠯᠲᠠᠨ ᠤ ᠲᠤᠰᠬᠠᠢ ᠮᠡᠷᠭᠡᠵᠢᠯ ᠤᠨ ᠪᠣᠯᠪᠠᠰᠤᠷᠠᠭᠤᠯᠤᠯ ᠢ ᠴᠢᠩᠭᠠᠳᠬᠠᠵᠤ᠂ ᠡᠭᠦᠯᠳᠡᠷ ᠰᠠᠶᠢᠵᠢᠷᠠᠭᠤᠯᠬᠤ ᠠᠵᠢᠯᠲᠠᠨ ᠤ ᠶᠡᠷᠦᠩᠬᠡᠢ ᠬᠡᠪ ᠴᠢᠨᠠᠷ ᠢ ᠳᠡᠭᠡᠭᠰᠢᠯᠡᠭᠦᠯᠦᠨ᠎ᠡ᠃ ᠲᠧᠭᠨᠢᠭ ᠮᠡᠷᠭᠡᠵᠢᠯ ᠤᠨ ᠠᠵᠢᠯᠲᠠᠨ ᠳᠤ ᠲᠣᠭᠲᠠᠮᠠᠯ ᠬᠤᠭᠤᠴᠠᠭ᠎ᠠ ᠲᠠᠢ ᠪᠠᠷ ᠴᠢᠬᠤᠯᠠ ᠪᠦᠬᠦᠢ ᠪᠣᠯᠪᠠᠰᠤᠷᠠᠭᠤᠯᠤᠯ ᠬᠢᠵᠦ᠂ ᠦᠢᠯᠡᠴᠢᠯᠡᠬᠦ ᠤᠬᠠᠮᠰᠠᠷ ᠪᠠ ᠦᠢᠯᠡᠴᠢᠯᠡᠬᠦ ᠴᠢᠳᠠᠪᠤᠷᠢ ᠶᠢ ᠨᠢ ᠪᠦᠲᠦᠮᠵᠢᠲᠡᠶ ᠪᠠᠷ ᠳᠡᠭᠡᠭᠰᠢᠯᠡᠭᠦᠯᠵᠦ᠂ ᠲᠠᠷᠢᠶᠠᠴᠢᠳ ᠤᠨ ᠲᠧᠭᠨᠢᠭ ᠮᠡᠷᠭᠡᠵᠢᠯ ᠤᠨ ᠪᠣᠯᠪᠠᠰᠤᠷᠠᠭᠤᠯᠤᠯ ᠪᠠ ᠵᠢᠯᠣᠭᠤᠳᠤᠯᠭ᠎ᠠ ᠶᠢ ᠴᠢᠩᠭᠠᠳᠬᠠᠵᠤ᠂ ᠡᠭᠦᠯᠳᠡᠷ ᠰᠠᠶᠢᠵᠢᠷᠠᠭᠤᠯᠬᠤ ᠠᠵᠢᠯ ᠤᠨ ᠲᠤᠬᠠᠢ ᠲᠠᠨᠢᠯᠲᠠ ᠶᠢ ᠨᠢ ᠴᠢᠩᠭᠠᠳᠬᠠᠬᠤ ᠬᠡᠷᠡᠭᠲᠡᠢ᠃   ︵ᠭᠤᠷᠪᠠ︶ ᠬᠠᠤᠯᠢ ᠴᠠᠭᠠᠵᠠ ᠶᠢᠨ ᠵᠢᠷᠤᠮ ᠢ ᠴᠢᠩᠭ᠎ᠠ ᠬᠡᠷᠡᠭᠵᠢᠭᠦᠯᠵᠦ᠂ ᠲᠣᠭᠲᠠᠭᠠᠭᠰᠠᠨ ᠡᠯ᠎ᠡ ᠵᠦᠢᠯ ᠤᠨ ᠬᠡᠯᠡᠯᠴᠡᠭᠡᠷ᠂ ᠭᠡᠷ᠎ᠡ ᠶᠢ ᠲᠤᠰᠬᠠᠢ ᠮᠡᠷᠭᠡᠵᠢᠯ ᠤᠨ ᠠᠵᠢᠯᠲᠠᠨ ᠢᠶᠠᠷ ᠬᠠᠷᠢᠭᠤᠴᠠᠭᠤᠯᠵᠤ᠂ ᠬᠤᠯᠪᠣᠭᠳᠠᠯ ᠪᠦᠬᠦᠢ ᠭᠡᠷᠡᠴᠢ ᠮᠠᠲ᠋ᠧᠷᠢᠶᠠᠯ ᠨᠢ ᠪᠦᠷᠢᠨ ᠭᠦᠢᠴᠡᠳ ᠪᠠᠶᠢᠬᠤ ᠬᠡᠷᠡᠭᠲᠡᠢ᠃   ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠲᠥᠷᠥᠯ ᠵᠦᠢᠯ ᠢ ᠠᠬᠢᠭᠤᠯᠬᠤ ᠬᠡᠷᠡᠭᠵᠢᠭᠦᠯᠬᠦ ᠲᠥᠰᠥᠯ   ᠬᠢᠩᠭᠠᠨ ᠠᠶᠢᠮᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠮᠠᠯᠯᠠᠨ ᠲᠠᠷᠬᠠᠭᠠᠭᠰᠠᠨ ︽ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠮᠠᠯᠴᠢᠨ ᠲᠠᠷᠢᠶᠠᠴᠢᠨ ᠤ ᠣᠷᠣᠯᠭ᠎ᠠ ᠶᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠬᠤ ᠲᠤᠬᠠᠢ ᠵᠢᠯᠤᠭᠤᠳᠬᠤ ᠰᠠᠨᠠᠯ︾᠎ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠠᠵᠤ ᠠᠬᠤᠢ ᠶᠢᠨ ᠣᠢ ᠶᠢᠨ ᠬᠦᠢᠭᠵᠢᠯᠲᠠ ᠶᠢᠨ ᠴᠢᠭᠢᠷᠠᠭ ᠲᠥᠷᠥᠭᠦᠯᠬᠦ ᠪᠠ ᠠᠵᠤ ᠦᠢᠯᠡᠰ ᠤᠨ ᠬᠦᠢᠭᠵᠢᠯᠲᠠ ᠶᠢᠨ ᠳᠠᠪᠠᠭᠤᠯᠢᠭ ᠢ ᠬᠦᠢᠢᠴᠠᠣᠠ ᠪᠠᠳᠠᠷᠠᠭᠤᠯᠵᠤ᠂ ᠠᠵᠢᠯ ᠬᠦᠢᠭᠵᠢᠭᠦᠯᠭᠦ ᠪᠠᠷ ᠲᠡᠳᠬᠦᠮᠵᠢ ᠶᠢ ᠣᠷᠣᠯᠠᠭᠤᠯᠬᠤ ᠳᠣᠶᠢᠷᠣᠯ ᠵᠦᠢᠯ ᠢ ᠬᠡᠷᠠᠭᠵᠢᠭᠦᠯᠵᠤ᠂ ᠮᠠᠯᠴᠢᠨ ᠲᠠᠷᠢᠶᠠᠴᠢᠳ ᠲᠤ ᠣᠶᠢᠷ᠎ᠠ ᠬᠠᠪᠢ ᠶᠢᠨ ᠠᠵᠢᠯ ᠣᠯᠭᠤᠬᠤ ᠠᠵᠢᠯ ᠤᠨ ᠪᠠᠶᠢᠷᠢ ᠶᠢ ᠨᠠᠩ ᠣᠯᠠᠨ ᠬᠠᠩᠬᠠᠵᠤ᠂ ᠮᠠᠯᠴᠢᠨ ᠲᠠᠷᠢᠶᠠᠴᠢᠳ ᠢᠯᠠᠩᠭᠤᠶ᠎ᠠ ᠶᠠᠳᠠᠭᠤ ᠠᠴᠠ ᠠᠩᠭᠢᠵᠢᠷᠠᠭᠰᠠᠨ ᠬᠦᠢᠮᠣᠠ ᠠᠮᠠ ᠪᠠ ᠬᠢᠨᠠᠨ ᠰᠢᠯᠭᠠᠬᠤ ᠡᠲᠠᠭᠤᠠ ᠤᠨ ᠣᠷᠣᠯᠭ᠎ᠠ ᠶᠢ ᠦᠷᠭᠦᠯᠵᠢᠯᠡᠨ ᠨᠠᠮᠠᠭᠲᠠᠭᠦᠯᠭᠦ᠂ ᠠᠭᠯᠠᠭ ᠠᠭᠤᠯᠠ ᠶᠢ ᠦᠷᠭᠦᠯᠵᠢᠯᠡᠨ ᠨᠣᠭᠤᠭᠠᠷᠠᠭᠤᠯᠬᠤ ᠪᠠ ᠣᠢ ᠵᠢᠮᠢᠰ ᠤᠨ ᠭᠠᠷᠤᠯᠲᠠ ᠶᠢ ᠦᠷᠭᠦᠯᠵᠢᠯᠡᠨ ᠨᠠᠮᠠᠭᠲᠠᠭᠦᠯᠭᠦ ᠬᠠᠷᠠᠯᠲᠠ ᠶᠢ ᠳᠣᠶᠢᠷᠭᠤᠠᠭᠡᠵᠤ᠂ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ ᠳᠣᠰ ᠲᠥᠰᠥᠯ ᠢ ᠲᠣᠭᠲᠠᠭᠠᠪᠠ᠃   ᠨᠢᠭᠡ᠂ ᠶᠡᠷᠦᠩᠬᠡᠢ ᠰᠡᠳᠬᠢᠴᠡ   ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠪᠣᠯ ᠤᠯᠠᠨ ᠲᠦᠮᠡᠨ ᠤ ᠣᠶᠢᠷ᠎ᠠ ᠬᠠᠪᠢ ᠳᠠᠭᠠᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ᠂ ᠬᠥᠳᠡᠯᠮᠦᠷᠢ ᠶᠢᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠶᠢ ᠠᠬᠢᠭᠤᠯᠬᠤ ᠨᠢᠭᠡᠨ ᠴᠢᠬᠤᠯᠠ ᠲᠦᠷᠦ ᠶᠢᠨ ᠪᠣᠳᠣᠯᠭ᠎ᠠ ᠮᠥᠨ᠂ ᠤᠯᠠᠨ ᠲᠦᠮᠡᠨ ᠢᠯᠠᠩᠭᠤᠶ᠎ᠠ ᠬᠥᠯᠥᠰᠦᠨ ᠠᠵᠢᠯᠴᠢᠨ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠵᠡᠷᠭᠡ ᠳᠤ ᠬᠥᠯᠥᠰᠦᠨ ᠠᠵᠢᠯ ᠬᠢᠬᠦ ᠠᠵᠢᠯ ᠤᠨ ᠪᠠᠶᠢᠷᠢ ᠬᠠᠩᠭᠠᠬᠤ ᠪᠣᠯ ᠣᠷᠣᠯᠭ᠎ᠠ ᠶᠢᠨ ᠬᠤᠪᠢᠶᠠᠷᠢᠯᠠᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠠᠷᠠᠳ ᠤᠯᠠᠨ ᠤ ᠬᠥᠳᠡᠯᠮᠦᠷᠢ ᠪᠠᠷ ᠢᠶᠠᠨ ᠣᠷᠣᠯᠭ᠎ᠠ ᠪᠠᠨ ᠨᠡᠮᠡᠭᠳᠡᠭᠦᠯᠵᠦ ᠵᠣᠯ ᠵᠢᠷᠭᠠᠯᠲᠤ ᠠᠮᠢᠳᠤᠷᠠᠯ ᠢ ᠡᠭᠦᠳᠦᠨ ᠪᠦᠲᠦᠭᠡᠬᠦ ᠶᠢ ᠳᠡᠮᠵᠢᠬᠦ ᠴᠢᠬᠤᠯᠠ ᠠᠷᠭ᠎ᠠ ᠮᠠᠶ᠋ᠢᠭ ᠮᠥᠨ᠃ ᠣᠶ ᠵᠢᠮᠢᠰ ᠤᠨ ᠲᠥᠷᠥᠯ ᠤᠨ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠬᠡᠪᠴᠢᠶ᠎ᠡ ᠨᠢ ᠶᠡᠭᠡ᠂ ᠠᠰᠢᠭ ᠭᠥᠷᠳᠡᠬᠦ ᠬᠡᠪᠴᠢᠶ᠎ᠡ ᠨᠢ ᠥᠷᠭᠡᠨ᠂ ᠳᠠᠶᠢᠴᠢᠯᠠᠬᠤ ᠦᠢᠯᠡᠳᠦᠯ ᠎ ᠨᠢ ᠴᠢᠩᠭ᠎ᠠ ᠪᠠᠶᠢᠵᠤ᠂ ᠲᠤᠬᠠᠢ ᠶᠢᠨ ᠭᠠᠵᠠᠷ ᠤᠨ ᠣᠯᠠᠨ ᠲᠦᠮᠡᠨ ᠤ ᠠᠵᠢᠯ ᠣᠯᠭᠤᠯᠲᠠ ᠶᠢᠨ ᠳᠠᠯᠳᠠ ᠬᠦᠴᠦᠨ ᠯᠤᠲᠤ ᠶᠡᠭᠡ ᠪᠠᠶᠢᠵᠤ᠂ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠶᠢ ᠬᠡᠷᠡᠭᠵᠢᠭᠦᠯᠬᠦ ᠴᠢᠬᠤᠯᠠ ᠠᠴᠢᠶᠠᠯᠠᠪᠤᠷᠢ ᠪᠣᠯᠣᠨ᠎ᠠ᠃ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠲᠥᠷᠥ ᠶᠢᠨ ᠪᠣᠳᠣᠯᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠭᠠᠴᠠᠭ᠎ᠠ᠂ ᠰᠤᠮᠤ ᠪᠠᠯᠭᠠᠰᠤ ᠠᠴᠠ ᠣᠶ ᠵᠢᠮᠢᠰ ᠤᠨ ᠲᠥᠷᠥᠯ ᠤᠨ ᠲᠥᠷᠥᠯ ᠵᠦᠢᠯ ᠢ ᠬᠥᠭᠵᠢᠭᠦᠯᠬᠦ ᠳᠤ ᠲᠣᠬᠢᠷᠠᠮᠵᠢᠲᠠᠢ ᠪᠥᠭᠡᠳ ᠵᠣᠬᠢᠬᠤ ᠨᠥᠬᠦᠴᠡᠯ ᠢ ᠪᠦᠷᠢᠯᠳᠦᠭᠦᠯᠦᠭᠰᠡᠨ ᠭᠠᠵᠠᠷ ᠢ ᠰᠣᠩᠭᠤᠨ ᠥᠭᠡᠷᠡᠴᠢᠯᠡᠬᠦ ᠳᠤ ᠲᠣᠬᠢᠷᠠᠮᠵᠢᠲᠠᠢ ᠲᠥᠷᠥᠯ ᠵᠦᠢᠯ ᠢ ᠰᠣᠩᠭᠤᠵᠤ᠂ ᠭᠠᠴᠠᠭᠠᠨ ᠤ ᠬᠠᠮᠲᠤ ᠨᠡᠶᠢᠲᠡ ᠨᠢ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠠᠷᠭ᠎ᠠ ᠮᠠᠶ᠋ᠢᠭ ᠢᠶᠠᠷ ᠲᠣᠰᠬᠤᠨ ᠤ ᠠᠷᠠᠳ ᠢ ᠵᠣᠬᠢᠶᠠᠨ ᠪᠠᠶᠢᠭᠤᠯᠤᠨ ᠭᠠᠵᠠᠷ ᠲᠡᠭᠰᠢᠯᠡᠬᠦ᠂ ᠨᠦᠬᠡ ᠮᠠᠯᠲᠠᠬᠤ᠂ ᠬᠠᠮᠢᠶᠠᠷᠴᠤ ᠬᠠᠮᠠᠭᠠᠯᠠᠬᠤ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠵᠤ᠂ ᠪᠦᠲᠦᠭᠡᠨ ᠪᠠᠶᠢᠭᠤᠯᠬᠤ ᠲᠥᠷᠥᠯ ᠵᠦᠢᠯ ᠤᠨ ᠥᠮᠴᠢᠯᠡᠬᠦ ᠡᠷᠬᠡ ᠶᠢ ᠬᠤᠪᠢᠷᠠᠭᠤᠯᠬᠤ ᠦᠭᠡᠢ᠂ ᠡᠵᠡᠩᠨᠡᠯᠲᠡ ᠶᠢᠨ ᠡᠷᠬᠡ ᠨᠢ ᠬᠠᠷᠢᠴᠠᠯ ᠢᠶᠠᠷ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠳ ᠢ ᠬᠤᠪᠢᠶᠠᠷᠢᠯᠠᠵᠤ᠂ ᠮᠠᠯᠴᠢᠨ ᠲᠠᠷᠢᠶᠠᠴᠢᠨ ᠤ ᠣᠬᠤᠷ ᠬᠤᠭᠤᠴᠠᠭᠠᠨ ᠤ ᠠᠵᠢᠯ ᠬᠥᠳᠡᠯᠮᠦᠷᠢ ᠬᠢᠭᠰᠡᠨ ᠴᠠᠯᠢᠩ ᠣᠯᠬᠤ ᠮᠥᠷᠲᠡᠭᠡᠨ ᠪᠠᠰᠠ ᠣᠷᠳᠣ ᠬᠤᠭᠤᠴᠠᠭᠠᠨ ᠤ ᠲᠣᠭᠲᠠᠪᠤᠷᠢᠲᠠᠢ ᠠᠰᠢᠭ ᠣᠷᠣᠯᠭ᠎ᠠ ᠣᠯᠬᠤ ᠬᠠᠷᠠᠯᠲᠠ ᠶᠢ ᠦᠨᠡᠨᠬᠦ ᠪᠠᠲᠤᠯᠠᠵᠤ᠂ ᠣᠷᠣᠯᠭ᠎ᠠ ᠪᠠᠨ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠶᠢ ᠦᠨᠡᠨᠬᠦ ᠪᠡᠶᠡᠯᠡᠭᠦᠯᠬᠦ ᠬᠡᠷᠡᠭᠲᠡᠢ᠃    ᠬᠤᠶᠠᠷ᠂ ᠦᠨᠳᠦᠰᠦᠨ ᠵᠠᠷᠴᠢᠮ    ︵ᠨᠢᠭᠡ︶ ᠤᠷᠢᠳᠠᠪᠠᠷ ᠵᠢᠱᠢᠶ᠎ᠡ ᠦᠵᠡᠭᠦᠯᠵᠦ᠂ ᠱᠠᠲᠤ ᠱᠠᠲᠤ ᠪᠠᠷ ᠠᠬᠢᠭᠤᠯᠤᠨ᠎ᠠ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ 2023 ᠣᠨ ᠳᠤ 18 ᠲᠣᠬᠢᠷᠠᠮᠵᠢᠲᠠᠢ ᠭᠠᠵᠠᠷ ᠢ ᠰᠣᠩᠭᠤᠨ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠠᠷᠭ᠎ᠠ ᠬᠡᠯᠪᠡᠷᠢ ᠪᠠᠷ ᠣᠶ ᠰᠢᠭᠤᠢ ᠵᠢᠮᠢᠰ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠤᠷᠰᠢᠯᠲᠠ ᠶᠢᠨ ᠴᠢᠭ᠋᠂ ᠵᠢᠱᠢᠶ᠎ᠡ ᠦᠵᠡᠭᠦᠯᠦᠨ᠂ ᠲᠠᠷᠠᠭᠠᠴᠢ ᠶᠢᠨ ᠠᠯᠬᠤᠮ ᠳᠤ ᠪᠥᠬᠦ ᠲᠠᠯ᠎ᠠ ᠪᠠᠷ ᠳᠡᠯᠭᠡᠷᠡᠭᠦᠯᠬᠦ ᠳᠤ ᠲᠤᠷᠰᠢᠯᠭ᠎ᠠ ᠬᠤᠷᠠᠮᠳᠤᠭᠤᠯᠵᠤ ᠥᠭᠭᠦᠨ᠎ᠡ᠃   ︵ᠬᠤᠶᠠᠷ︶ ᠲᠠᠷᠢᠶᠠᠴᠢᠨ ᠤ ᠪᠡᠶᠡᠴᠢ ᠴᠣᠭᠴᠠ᠂ ᠣᠷᠣᠯᠭ᠎ᠠ ᠶᠢ ᠲᠡᠷᠢᠭᠦᠨ ᠳᠤ ᠲᠠᠯᠪᠢᠨ᠎ᠠ᠃ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠳᠣᠣᠷ᠎ᠠ ᠤᠨᠠᠯᠲᠠ ᠲᠠᠢ ᠤᠢ ᠰᠢᠭᠤᠢ ᠶᠢᠨ ᠥᠭᠡᠷᠡᠴᠢᠯᠡᠯᠲᠡ ᠶᠢ ᠬᠡᠷᠡᠭᠵᠢᠭᠦᠯᠬᠦ ᠶᠢᠨ ᠬᠠᠮᠤᠭ ᠤᠨ ᠭᠤᠣᠯ ᠵᠣᠷᠢᠯᠭ᠎ᠠ ᠪᠣᠯ ᠲᠠᠷᠢᠶᠠᠴᠢᠨ ᠮᠠᠯᠴᠢᠳ ᠤᠨ ᠣᠷᠣᠯᠭ᠎ᠠ ᠶᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠬᠤ ᠶᠢᠨ ᠲᠥᠯᠥᠭᠡ ᠶᠤᠮ᠃ ᠮᠠᠯᠴᠢᠨ ᠲᠠᠷᠢᠶᠠᠴᠢᠨ ᠪᠣᠯ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠤᠯᠴᠠᠬᠤ ᠭᠤᠣᠯ ᠴᠣᠭᠴᠠ ᠮᠥᠨ᠂ ᠡᠯ᠎ᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠭᠤᠭᠴᠤᠭ᠎ᠠ ᠳᠤ ᠬᠥᠮᠥᠨ ᠤ ᠬᠦᠴᠦ ᠶᠢ ᠬᠡᠷᠡᠭᠯᠡᠵᠦ ᠳᠡᠶᠢᠯᠬᠦ ᠳᠤ ᠭᠦᠷᠪᠡᠯ᠂ ᠴᠢᠳᠠᠬᠤ ᠶᠢᠨ ᠳᠣᠲᠣᠷ᠎ᠠ ᠬᠥᠮᠥᠨ ᠤ ᠬᠦᠴᠦ ᠶᠢ ᠬᠡᠷᠡᠭᠯᠡᠵᠦ᠂ ᠰᠡᠭᠦᠯᠴᠢ ᠶᠢᠨ ᠬᠤᠭᠤᠴᠠᠭᠠᠨ ᠤ ᠬᠠᠮᠢᠶᠠᠷᠴᠤ ᠬᠠᠮᠠᠭᠠᠯᠠᠬᠤ ᠭᠤᠭᠴᠤᠭ᠎ᠠ ᠳᠤ ᠴᠤ ᠮᠠᠯᠴᠢᠨ ᠲᠠᠷᠢᠶᠠᠴᠢᠨ ᠢ ᠤᠷᠢᠳᠠᠪᠠᠷ ᠣᠷᠣᠯᠴᠠᠭᠤᠯᠵᠤ᠂ ᠮᠠᠯᠴᠢᠨ ᠲᠠᠷᠢᠶᠠᠴᠢᠨ ᠢ ᠣᠶᠢᠵᠢᠭᠤᠯᠬᠤ᠂ ᠣᠶ ᠰᠢᠭᠤᠢ ᠬᠠᠮᠠᠭᠠᠯᠠᠬᠤ᠂ ᠣᠶ ᠰᠢᠭᠤᠢ ᠡᠵᠡᠩᠨᠡᠬᠦ ᠡᠯ᠎ᠡ ᠭᠤᠭᠴᠤᠭ᠎ᠠ ᠳᠤ ᠠᠯᠢ ᠴᠢᠳᠠᠬᠤ ᠪᠠᠷ ᠰᠢᠩᠭᠡᠭᠡᠵᠦ᠂ ᠮᠠᠯᠴᠢᠨ ᠲᠠᠷᠢᠶᠠᠴᠢᠨ ᠤ ᠠᠵᠢᠯ ᠬᠥᠳᠡᠯᠮᠦᠷᠢ ᠬᠢᠭᠰᠡᠨ ᠣᠷᠣᠯᠭ᠎ᠠ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠬᠦ ᠬᠡᠷᠡᠭᠲᠡᠢ᠃   ︵ᠭᠤᠷᠪᠠ︶ ᠤᠢ ᠵᠢᠮᠢᠰ᢭ᠣᠨ ᠰᠠᠭᠤᠷᠢᠨ ᠭᠠᠵᠠᠷ᢭ᠣᠨ ᠪᠦᠲᠦᠭᠡᠨ ᠪᠠᠶᠢᠭᠤᠯᠤᠯᠲᠠ ᠬᠢᠭᠡᠳ ᠤᠰᠤᠯᠠᠯᠲᠠ ᠶᠢ ᠤᠶᠠᠯᠳᠤᠭᠤᠯᠬᠤ᠃ᠮᠠᠨ ᠤ ᠬᠤᠰᠢᠭᠤᠨ ᠤ ᠵᠢᠮᠢᠰ ᠤᠨ ᠮᠣᠳᠣ ᠲᠠᠷᠢᠬᠤ ᠳᠤ ᠲᠣᠬᠢᠷᠠᠮᠵᠢᠲᠠᠢ ᠵᠢᠮᠢᠰ ᠤᠨ ᠮᠣᠳᠣᠨ ᠤ ᠲᠠᠷᠢᠮᠠᠯ ᠤᠨ ᠣᠯᠠᠩᠬᠢ ᠨᠢ ᠳᠣᠪᠣᠷᠬᠠᠭ ᠠᠭᠤᠯᠠᠷᠬᠠᠭ ᠣᠷᠣᠨ ᠳᠤ ᠪᠠᠶᠢᠵᠤ᠂ ᠭᠠᠩ ᠬᠠᠭᠤᠷᠠᠢ ᠪᠣᠷᠣᠭᠠᠨ ᠪᠠᠭ᠎ᠠ ᠪᠠᠶᠢᠳᠠᠭ᠂ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠬᠦ ᠳᠤ ᠡᠷᠬᠡᠪᠰᠢ ᠣᠶ ᠮᠣᠳᠣᠨ ᠤ ᠤᠰᠤᠯᠠᠯᠲᠠ ᠶᠢᠨ ᠠᠰᠠᠭᠤᠳᠠᠯ ᠢ ᠡᠩ ᠲᠡᠷᠢᠭᠦᠨ ᠳᠤ ᠰᠢᠢᠳᠪᠦᠷᠢᠯᠡᠵᠦ᠂ ᠥᠭᠡᠷᠡᠴᠢᠯᠡᠨ ᠰᠠᠶᠢᠵᠢᠷᠠᠭᠤᠯᠤᠭᠰᠠᠨ ᠣᠶ ᠮᠣᠳᠣᠨ ᠤ ᠣᠷᠣᠰᠢᠨ ᠠᠮᠢᠳᠤᠷᠠᠬᠤ ᠪᠠ ᠦᠷ᠎ᠡ ᠠᠰᠢᠭ ᠣᠯᠬᠤ ᠶᠢ ᠪᠠᠲᠤᠯᠠᠬᠤ ᠬᠡᠷᠡᠭᠲᠡᠢ᠃   ᠭᠤᠷᠪᠠ᠂ ᠲᠥᠷᠥᠯ ᠵᠦᠢᠯ ᠢ ᠬᠡᠷᠡᠭᠵᠢᠭᠦᠯᠬᠦ   ︵ᠨᠢᠭᠡ︶ ᠲᠥᠷᠥᠯ ᠵᠦᠢᠯ ᠤᠨ ᠨᠡᠷᠡᠶᠢᠳᠦᠯ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2023 ᠣᠨ ᠤ ᠪᠡᠯᠡ ᠮᠥᠩᠭᠦ ᠶᠢ ᠵᠣᠯᠭᠠᠭᠤᠯᠵᠤ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠵᠤ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠲᠥᠷᠥᠯ ᠵᠦᠢᠯ᠃   ︵ᠬᠤᠶᠠᠷ︶ ᠲᠥᠷᠥᠯ ᠵᠦᠢᠯ ᠤᠨ ᠲᠥᠷᠥᠯ ᠢᠯᠭᠠᠯ ᠬᠢᠭᠡᠳ ᠪᠦᠲᠦᠭᠡᠨ ᠪᠠᠶᠢᠭᠤᠯᠤᠯᠲᠠ ᠶᠢᠨ ᠰᠢᠨᠵᠢ ᠴᠢᠨᠠᠷ᠄ ᠲᠥᠷᠥᠯ ᠵᠦᠢᠯ ᠨᠢ ᠲᠠᠷᠢᠶᠠᠯᠠᠬᠤ ᠮᠠᠯᠵᠢᠬᠤ ᠣᠷᠣᠨ ᠎ ᠤ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠬᠡᠯᠪᠡᠷᠢ ᠪᠠᠷ ᠬᠡᠷᠡᠭᠵᠢᠭᠦᠯᠦᠭᠰᠡᠨ ᠠᠵᠤ ᠦᠢᠯᠡᠰ ᠟ᠣᠨ ᠬᠥᠭᠵᠢᠯᠲᠡ ᠶᠢᠨ ᠲᠥᠷᠥᠯ ᠎ ᠤᠨ ᠰᠢᠨ᠎ᠡ ᠪᠠᠷ ︵ᠥᠷᠭᠡᠳᠬᠡᠭᠰᠡᠨ︶ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯᠣᠨ᠎ᠠ᠃   ︵ᠭᠤᠷᠪᠠ︶ ᠪᠦᠲᠦᠭᠡᠨ ᠪᠠᠶᠢᠭᠤᠯᠬᠤ ᠭᠠᠵᠠᠷ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ᠃   ︵ᠳᠥᠷᠪᠡ︶ ᠬᠠᠷᠢᠭᠤᠴᠠᠯᠭᠠᠲᠤ ᠨᠢᠭᠡᠴᠡ ᠵᠢᠴᠢ ᠬᠢᠨᠠᠨ ᠬᠠᠮᠢᠶᠠᠷᠬᠤ ᠨᠢᠭᠡᠴᠡ᠄ ᠲᠥᠷᠥᠯ ᠵᠦᠢᠯ ᠢ ᠬᠤᠰᠢᠭᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ  ᠎ ᠠᠴᠠ ᠨᠠᠶᠢᠳᠠᠪᠤᠷᠢᠵᠢᠭᠤᠯᠤᠨ᠎ᠠ᠃ᠲᠥᠷᠥᠯ ᠵᠦᠢᠯ ᠤᠨ ᠬᠡᠷᠡᠭᠵᠢᠭᠦᠯᠦᠯᠲᠡ ᠶᠢ ᠨᠠᠶᠢᠷᠠᠭᠤᠯᠤᠨ ᠵᠣᠬᠢᠶᠠᠬᠤ᠂ ᠲᠥᠷᠥᠯ ᠵᠦᠢᠯ ᠢ ᠬᠥᠮᠥᠷᠭᠡ ᠳᠤ ᠣᠷᠣᠭᠤᠯᠬᠤ᠂ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠲᠥᠷᠥᠯ ᠵᠦᠢᠯ ᠢ ᠲᠥᠷᠥᠯ ᠵᠦᠢᠯ ᠲᠣᠭᠲᠠᠭᠠᠬᠤ ᠵᠡᠷᠭᠡ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠶᠢ ᠬᠠᠷᠢᠭᠤᠴᠠᠵᠤ᠂ ᠲᠥᠷᠥᠯ ᠵᠦᠢᠯ ᠤᠨ ᠭᠠᠴᠠᠭ᠎ᠠ ᠲᠠᠷᠢᠶᠠᠴᠢᠳ ᠢ ᠵᠣᠬᠢᠶᠠᠨ ᠪᠠᠶᠢᠭᠤᠯᠤᠨ ᠬᠦᠴᠦ ᠬᠥᠳᠡᠯᠮᠦᠷᠢ ᠣᠷᠣᠭᠤᠯᠬᠤ ᠬᠡᠯᠪᠡᠷᠢ ᠪᠠᠷ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠵᠠᠯᠭᠠᠮᠵᠢ ᠡᠵᠡᠩᠨᠡᠯᠲᠡ ᠬᠠᠮᠢᠶᠠᠷᠤᠯᠲᠠ ᠬᠠᠮᠠᠭᠠᠯᠠᠯᠲᠠ ᠳᠤ ᠣᠷᠣᠯᠴᠠᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠭᠰᠡᠨ ᠤ ᠳᠠᠷᠠᠭ᠎ᠠ ᠲᠥᠷᠥᠯ ᠵᠦᠢᠯ ᠢ ᠰᠢᠯᠭᠠᠨ ᠠᠪᠬᠤ ᠵᠡᠷᠭᠡ ᠠᠵᠢᠯ ᠢ ᠵᠣᠬᠢᠶᠠᠨ ᠪᠠᠶᠢᠭᠤᠯᠤᠨ᠎ᠠ᠃   ︵ᠲᠠᠪᠤ︶ ᠠᠬᠢᠴᠠ ᠶᠢᠨ ᠲᠣᠬᠢᠷᠠᠭᠤᠯᠤᠯᠲᠠ   1. ᠡᠮᠦᠨᠡᠬᠢ ᠬᠤᠭᠤᠴᠠᠭᠠᠨ ᠤ ᠪᠡᠯᠡᠳᠬᠡᠯ᠄ 2023 ᠣᠨ ᠤ 3 ᠰᠠᠷ᠎ᠠ ᠳᠤ ᠲᠥᠷᠥᠯ ᠵᠦᠢᠯ ᠤᠨ ᠪᠣᠳᠠᠲᠠᠢ ᠬᠡᠷᠡᠭᠵᠢᠭᠦᠯᠬᠦ ᠲᠥᠰᠥᠯ ᠢ ᠨᠠᠶᠢᠷᠠᠭᠤᠯᠤᠨ ᠵᠣᠬᠢᠶᠠᠬᠤ ᠵᠢᠴᠢ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠶᠢ ᠪᠡᠶᠡᠯᠡᠭᠦᠯᠦᠨ᠎ᠡ︔   2. ᠲᠥᠷᠥᠯ ᠵᠦᠢᠯ ᠤᠨ ᠬᠡᠷᠡᠭᠵᠢᠭᠦᠯᠦᠯᠲᠡ᠄ 2023 ᠣᠨ ᠤ 3 ᠰᠠᠷ᠎ᠠ ᠎ ᠠᠴᠠ 9 ᠰᠠᠷ᠎ᠠ ᠪᠣᠯᠲᠠᠯᠠᠬᠢ ᠬᠤᠭᠤᠴᠠᠭ᠎ᠠ ᠶᠢ ᠲᠥᠷᠥᠯ ᠵᠦᠢᠯ ᠤᠨ ᠬᠡᠷᠡᠭᠵᠢᠭᠦᠯᠦᠯᠲᠡ ᠶᠢᠨ ᠱᠠᠲᠤ ᠦᠶ᠎ᠡ ᠪᠣᠯᠭᠠᠨ᠎ᠠ︔   3. ᠰᠢᠯᠭᠠᠨ ᠠᠪᠬᠤ ᠪᠠ ᠰᠢᠯᠵᠢᠭᠦᠯᠦᠨ ᠲᠤᠰᠢᠶᠠᠬᠤ᠄ 2023 ᠣᠨ ᠤ 10 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠲᠥᠷᠥᠯ ᠵᠦᠢᠯ ᠢ ᠰᠢᠯᠭᠠᠨ ᠠᠪᠬᠤ ᠶᠢ ᠳᠠᠭᠤᠰᠬᠠᠵᠤ᠂ ᠵᠡᠷᠭᠡᠪᠡᠷ ᠰᠢᠯᠵᠢᠭᠦᠯᠦᠨ ᠲᠤᠰᠢᠶᠠᠨ᠎ᠠ᠃   ︵ᠵᠢᠷᠭᠤᠭ᠎ᠠ︶ ᠪᠦᠲᠦᠭᠡᠨ ᠪᠠᠶᠢᠭᠤᠯᠤᠯᠲᠠ ᠶᠢᠨ ᠡᠭᠦᠷᠭᠡ᠄ ︽ᠭᠤᠣᠯᠳᠠᠯᠭ᠎ᠠ ᠲᠠᠢ ᠢᠨᠵᠧᠨᠧᠷᠢᠩ ᠤᠨ ᠲᠥᠷᠥᠯ ᠵᠦᠢᠯ ᠳᠤ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠵᠤ ᠲᠤᠬᠠᠢ ᠶᠢᠨ ᠭᠠᠵᠠᠷ ᠤᠨ ᠣᠯᠠᠨ ᠲᠦᠮᠡᠨ ᠤ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠬᠤ ᠲᠤᠬᠠᠢ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠠᠵᠢᠯ ᠤᠨ ᠲᠥᠰᠥᠯ︾᠎ ᠤᠨ ᠬᠠᠮᠢᠶ᠎ᠠ ᠪᠦᠬᠦᠢ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ ᠭᠤᠣᠯᠯᠠᠬᠤ ᠠᠵᠤ ᠦᠢᠯᠡᠰ ᠤᠨ ᠰᠠᠭᠤᠷᠢ ᠪᠠ ᠨᠤᠲᠤᠭ ᠤᠨ ᠣᠨᠴᠠᠯᠢᠭ ᠲᠠᠢ ᠤᠶᠠᠯᠳᠤᠭᠤᠯᠤᠨ᠂ ᠪᠥᠬᠦ ᠬᠤᠰᠢᠭᠤᠨ ᠤ 12 ᠰᠤᠮᠤ ᠪᠠᠯᠭᠠᠰᠤ ᠳᠤ 6000 ᠮᠦ ᠭᠠᠵᠠᠷ ᠰᠢᠷᠣᠢ ᠶᠢ ᠰᠣᠩᠭᠤᠨ ᠲᠣᠭᠲᠠᠭᠠᠵᠤ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠬᠡᠯᠪᠡᠷᠢ ᠪᠠᠷ ᠣᠶ ᠵᠢᠮᠢᠰ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠦᠨ᠎ᠡ᠃   ︵ᠳᠣᠯᠤᠭ᠎ᠠ︶ ᠪᠡᠯᠡ ᠮᠥᠩᠭᠦ ᠶᠢᠨ ᠣᠷᠣᠭᠤᠯᠤᠯᠲᠠ᠄ ᠲᠥᠷᠥᠯ ᠵᠦᠢᠯ ᠤᠨ ᠶᠡᠷᠦᠩᠬᠡᠢ ᠣᠷᠣᠭᠤᠯᠤᠯᠲᠠ 1500 ᠲᠦᠮᠡᠨ ᠲᠥᠭᠦᠷᠢᠭ᠃   ︵ᠨᠠᠢᠮᠠ︶ ᠪᠡᠯᠡ ᠮᠥᠩᠭᠦ ᠶᠢᠨ ᠢᠷᠡᠯᠲᠡ᠄ ᠭᠤᠣᠯᠳᠠᠭᠤ 2023 ᠣᠨ ᠤ ᠡᠯ᠎ᠡ ᠱᠠᠲᠤᠨ ᠤ ᠵᠣᠯᠭᠠᠭᠤᠯᠬᠤ ᠪᠡᠯᠡ ᠮᠥᠩᠭᠦ ᠵᠢᠴᠢ ᠲᠠᠷᠢᠶᠠᠯᠠᠩ ᠮᠠᠯ ᠠᠵᠤ ᠠᠬᠤᠢ ᠳᠤ ᠬᠤᠯᠪᠣᠭᠳᠠᠬᠤ ᠪᠡᠯᠡ ᠮᠥᠩᠭᠦ ᠶᠢ ᠡᠮᠬᠢᠯᠡᠨ ᠨᠡᠶᠢᠯᠡᠭᠦᠯᠦᠨ᠎ᠡ᠃    ︵ᠶᠢᠰᠦ︶ ᠵᠣᠬᠢᠶᠠᠨ ᠪᠠᠶᠢᠭᠤᠯᠵᠤ ᠬᠡᠷᠡᠭᠵᠢᠭᠦᠯᠬᠦ   1. ᠬᠤᠰᠢᠭᠤᠨ ᠬᠥᠳᠡᠭᠡ ᠲᠣᠰᠬᠤᠨ ᠎ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠲᠣᠰ ᠬᠡᠷᠡᠭᠵᠢᠭᠦᠯᠬᠦ ᠲᠥᠰᠥᠯ ᠎ ᠢ ᠦᠨᠳᠦᠰᠦᠯᠡᠨ᠂ ᠪᠣᠳᠠᠲᠠᠢ ᠬᠡᠷᠡᠭᠵᠢᠭᠦᠯᠬᠦ ᠲᠥᠰᠥᠯ᠂ ᠲᠥᠷᠥᠯ ᠵᠦᠢᠯ ᠎ ᠢ ᠬᠢᠨᠠᠨ ᠵᠥᠪᠰᠢᠶᠡᠷᠡᠬᠦ ᠵᠢᠷᠤᠮ ᠎ ᠢ ᠨᠠᠶᠢᠷᠠᠭᠤᠯᠤᠨ ᠵᠣᠬᠢᠶᠠᠵᠤ ᠲᠥᠷᠥᠯ ᠵᠦᠢᠯ ᠎ ᠢ ᠨᠠᠶᠢᠳᠠᠪᠤᠷᠢᠵᠢᠭᠤᠯᠤᠨ᠎ᠠ᠃   2. ᠲᠦᠷᠦᠯ ᠵᠦᠢᠯ ᠢ ᠵᠢᠷᠤᠵᠤ ᠲᠥᠯᠥᠪᠯᠡᠬᠦ ᠳᠡᠭᠡᠨ ᠲᠦᠷᠦᠯ ᠵᠦᠢᠯ ᠤᠨ ᠪᠠᠶᠢᠭ᠎ᠠ ᠭᠠᠵᠠᠷ ᠤᠨ ᠭᠠᠵᠠᠷ ᠰᠢᠷᠣᠢ ᠶᠢᠨ ᠨᠥᠬᠦᠴᠡᠯ ᠢ ᠦᠨᠳᠦᠰᠦᠯᠡᠨ᠂ ᠲᠠᠷᠢᠵᠦ ᠤᠷᠭᠤᠭᠤᠯᠬᠤ ᠳᠤ ᠲᠣᠬᠢᠷᠠᠮᠵᠢᠲᠠᠢ ᠲᠦᠷᠦᠯ ᠵᠦᠢᠯ ᠢ ᠰᠣᠩᠭᠤᠵᠤ᠂ ᠲᠤᠰ ᠭᠠᠵᠠᠷ ᠣᠷᠣᠨ ᠤ ᠪᠠᠨ ᠵᠢᠮᠢᠰ ᠢ ᠬᠠᠳᠠᠭᠠᠯᠠᠵᠤ ᠵᠥᠭᠡᠭᠡᠪᠦᠷᠢᠯᠡᠬᠦ ᠤᠳᠤ ᠶᠢᠨ ᠨᠥᠬᠦᠴᠡᠯ ᠲᠠᠢ ᠤᠶᠠᠯᠳᠤᠭᠤᠯᠤᠨ᠂ ᠲᠠᠬᠢᠶᠠᠨ ᠭᠤᠣᠯᠲᠤ ᠵᠢᠮᠢᠰ᠂ ᠬᠡᠭᠡᠷ᠎ᠡ ᠶᠢᠨ ᠲᠢᠲᠢᠮᠲᠦ ᠵᠢᠮᠢᠰ᠂ ᠪᠠᠲᠤᠴᠠᠭᠠᠨ᠂ ᠵᠢᠭᠠᠷᠲᠤ ᠨᠠᠷᠠᠰᠤ ᠵᠡᠷᠭᠡ ᠲᠤᠰ ᠭᠠᠵᠠᠷ ᠣᠷᠣᠨ ᠤ ᠤᠷᠭᠤᠬᠤ ᠳᠤ ᠲᠣᠬᠢᠷᠠᠮᠵᠢᠲᠠᠢ ᠲᠦᠷᠦᠯ ᠵᠦᠢᠯ ᠢ ᠲᠠᠷᠢᠵᠦ ᠤᠷᠭᠤᠭᠤᠯᠬᠤ ᠬᠡᠷᠡᠭᠲᠡᠢ    3. ᠲᠥᠷᠥᠯ ᠵᠦᠢᠯ ᠢ ᠬᠡᠷᠡᠭᠵᠢᠭᠦᠯᠬᠦ ᠠᠴᠠ ᠡᠮᠦᠨ᠎ᠡ ᠲᠥᠷᠥᠯ ᠵᠦᠢᠯ ᠤᠨ ᠲᠣᠭᠤᠷᠢᠭ ᠤᠨ ᠭᠠᠵᠠᠷ ᠰᠢᠷᠣᠢ ᠶᠢᠨ ᠥᠮᠴᠢᠯᠡᠬᠦ ᠡᠷᠬᠡ ᠪᠠ ᠣᠶᠢᠲᠤ ᠭᠠᠵᠠᠷ ᠤᠨ ᠥᠮᠴᠢᠯᠡᠬᠦ ᠡᠷᠬᠡ ᠳᠤ ᠪᠠᠶᠢᠴᠠᠭᠠᠯᠲᠠ ᠬᠢᠵᠦ᠂ ᠬᠠᠮᠢᠶ᠎ᠠ ᠪᠦᠬᠦᠢ ᠭᠠᠷᠳᠠᠮ ᠢ ᠰᠠᠶᠢᠲᠤᠷ ᠬᠢᠵᠦ᠂ ᠴᠢᠬᠤᠯᠠ ᠪᠦᠬᠦᠢ ᠲᠠᠰ ᠳᠠᠷᠠᠭᠠᠯᠠᠯ ᠢ ᠭᠦᠢᠴᠡᠳᠬᠡᠭᠰᠡᠨ ᠤ ᠳᠠᠷᠠᠭ᠎ᠠ ᠬᠡᠷᠡᠭᠵᠢᠭᠦᠯᠦᠨ᠎ᠡ᠃ ᠲᠦᠷᠦᠯ ᠵᠦᠢᠯ ᠤᠨ ᠬᠡᠷᠡᠭᠵᠢᠭᠦᠯᠬᠦ ᠲᠥᠰᠥᠯ ᠢ ᠭᠤᠷᠪᠠᠨ ᠵᠢᠯ ᠬᠠᠮᠢᠶᠠᠷᠴᠤ᠂ ᠮᠣᠳᠣ ᠲᠠᠷᠢᠬᠤ ᠪᠠ ᠬᠠᠮᠢᠶᠠᠷᠴᠤ ᠬᠠᠮᠠᠭᠠᠯᠠᠬᠤ ᠶᠢ ᠲᠥᠰᠥᠯ ᠳᠤ ᠣᠷᠣᠭᠤᠯᠵᠤ᠂ ᠨᠢᠭᠡᠳᠦᠭᠡᠷ ᠵᠢᠯ ᠳᠤ ᠲᠠᠷᠢᠵᠤ ᠠᠷᠠᠴᠢᠯᠠᠬᠤ ᠶᠢ ᠬᠠᠮᠢᠶᠠᠷᠴᠤ᠂ ᠬᠤᠶᠠᠳᠤᠭᠠᠷ ᠵᠢᠯ ᠳᠤ ᠨᠥᠬᠦᠵᠦ ᠠᠷᠠᠴᠢᠯᠠᠵᠤ᠂ ᠭᠤᠷᠪᠠᠳᠤᠭᠠᠷ ᠵᠢᠯ ᠳᠤ ᠨᠥᠬᠦᠵᠦ ᠠᠷᠠᠴᠢᠯᠠᠵᠤ᠂ ᠵᠢᠯ ᠪᠦᠷᠢ ᠵᠢᠯ ᠤᠨ ᠲᠥᠯᠥᠪᠯᠡᠭᠡ ᠪᠠᠷ ᠬᠡᠷᠡᠭᠵᠢᠭᠦᠯᠵᠦ᠂ ᠵᠢᠯ ᠤᠨ ᠡᠴᠦᠰ ᠲᠤ ᠰᠢᠯᠭᠠᠨ ᠠᠪᠴᠤ᠂ ᠡᠳᠡᠭᠡᠷᠡᠯᠲᠡ ᠶᠢᠨ ᠨᠤᠷᠮ᠎ᠠ ᠪᠠᠷ ᠵᠣᠭᠤᠰ ᠥᠭᠴᠦ᠂ ᠭᠤᠷᠪᠠᠨ ᠵᠢᠯ ᠤᠨ ᠳᠠᠷᠠᠭ᠎ᠠ ᠲᠦᠷᠦᠯ ᠵᠦᠢᠯ ᠤᠨ ᠡᠴᠦᠰ ᠤᠨ ᠰᠢᠯᠭᠠᠯᠲᠠ ᠬᠢᠨ᠎ᠡ᠃    4. ᠲᠥᠷᠥᠯ ᠵᠦᠢᠯ ᠢ ᠬᠡᠷᠡᠭᠵᠢᠭᠦᠯᠬᠦ ᠨᠢᠭᠡᠴᠡ ᠨᠢ ᠲᠥᠷᠥᠯ ᠵᠦᠢᠯ ᠤᠨ ᠠᠵᠢᠯᠴᠢᠨ ᠬᠡᠷᠡᠭᠯᠡᠬᠦ ᠲᠣᠶᠢᠮᠣ ᠲᠥᠰᠥᠪ ᠢ ᠰᠠᠶᠢᠲᠤᠷ ᠬᠢᠵᠦ᠂ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠪᠠ ᠬᠥᠳᠡᠯᠮᠦᠷᠢ ᠬᠦᠴᠦᠨ ᠤ ᠪᠠᠶᠢᠳᠠᠯ ᠤᠨ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠶᠢ ᠴᠠᠭ ᠲᠤᠬᠠᠢ ᠳᠤᠨᠢ ᠥᠷᠨᠢᠭᠦᠯᠵᠦ᠂ ᠲᠤᠬᠠᠢ ᠶᠢᠨ ᠭᠠᠵᠠᠷ ᠤᠨ ᠬᠥᠳᠡᠭᠡ ᠲᠣᠰᠬᠤᠨ ᠤ ᠬᠥᠳᠡᠯᠮᠦᠷᠢ ᠬᠦᠴᠦᠨ᠂ ᠣᠷᠣᠯᠭ᠎ᠠ ᠪᠠᠭᠠᠲᠠᠢ ᠬᠥᠮᠥᠨ ᠠᠮᠠ ᠪᠠ ᠠᠵᠢᠯ ᠣᠯᠬᠤ ᠳᠤ ᠬᠦᠴᠢᠷᠲᠡᠢ ᠬᠠᠮᠲᠤᠯᠢᠭ ᠵᠡᠷᠭᠡ ᠶᠢ ᠢᠳᠡᠪᠬᠢᠲᠡᠢ ᠪᠠᠷ ᠳᠠᠶᠢᠴᠢᠯᠠᠨ ᠬᠥᠯᠥᠰᠦᠨ ᠠᠵᠢᠯ ᠬᠢᠬᠦ ᠳᠤ ᠣᠷᠣᠯᠴᠠᠭᠤᠯᠵᠤ᠂ ᠨᠤᠲᠤᠭ ᠲᠠᠭᠠᠨ ᠪᠤᠴᠠᠭᠰᠠᠨ ᠲᠠᠷᠢᠶᠠᠴᠢᠨ ᠬᠦᠴᠦ ᠶᠠᠪᠤᠭᠰᠠᠳ᠂ ᠶᠠᠳᠠᠭᠤ ᠎ ᠠᠴᠠ ᠠᠩᠭᠢᠵᠢᠷᠠᠭᠰᠠᠨ ᠬᠥᠮᠥᠨ ᠠᠮᠠ᠂ ᠳᠠᠬᠢᠨ ᠶᠠᠳᠠᠭᠤᠷᠠᠭᠰᠠᠨ ᠢ ᠬᠢᠨᠠᠨ ᠰᠢᠯᠭᠠᠬᠤ ᠡᠲᠡᠭᠡᠳ ᠵᠡᠷᠭᠡ ᠶᠢ ᠤᠷᠢᠳᠠᠪᠠᠷ ᠰᠢᠩᠭᠡᠬᠡᠨ ᠠᠪᠤᠨ᠎ᠠ᠃ᠡᠭᠦᠨ ᠤ ᠬᠠᠮᠲᠤ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠵᠤ ᠠᠵᠢᠯ ᠬᠥᠳᠡᠯᠮᠦᠷᠢ ᠬᠢᠭᠰᠡᠳ ᠤᠨ ᠭᠡᠷ᠎ᠡ ᠲᠣᠭᠲᠠᠬᠤ᠂ ᠡᠬᠡ ᠳᠠᠩᠰᠠ ᠶᠢ ᠳᠠᠩᠰᠠᠯᠠᠬᠤ᠂ ᠡᠳᠦᠷ ᠲᠤᠲᠤᠮ ᠤᠨ ᠠᠵᠢᠯ ᠳᠤ ᠭᠠᠷᠬᠤ ᠶᠢ ᠰᠢᠯᠭᠠᠬᠤ᠂ ᠴᠠᠯᠢᠩ ᠣᠯᠭᠤᠬᠤ ᠵᠡᠷᠭᠡ ᠦᠨᠡᠨ ᠨᠡᠷ᠎ᠡ ᠶᠢᠨ ᠳᠦᠷᠢᠮ ᠤᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠨ᠎ᠡ᠃   5. ᠣᠶᠢᠵᠢᠭᠤᠯᠬᠤ ᠢᠨᠵᠧᠨᠧᠷᠢᠩ ᠤᠨ ᠣᠨᠴᠠᠭᠠᠶ ᠴᠢᠨᠠᠷ ᠠᠴᠠ ᠪᠣᠯᠵᠤ᠂ ᠲᠥᠷᠥᠯ ᠵᠦᠢᠯ ᠢ ᠬᠡᠷᠡᠭᠵᠢᠭᠦᠯᠦᠭᠰᠡᠨ ᠤ ᠳᠠᠷᠠᠭ᠎ᠠ ᠵᠢᠯ ᠬᠤᠪᠢᠶᠠᠨ ᠰᠢᠯᠭᠠᠨ ᠠᠪᠬᠤ ᠬᠡᠷᠡᠭᠲᠡᠢ᠂ ᠵᠢᠯ ᠪᠦᠷᠢ ᠶᠢᠨ ᠰᠢᠯᠭᠠᠨ ᠠᠪᠬᠤ ᠴᠠᠭ ᠎ ᠨᠢ 10 ᠰᠠᠷ᠎ᠠ ᠶᠢᠨ 1᠎ ᠤ ᠡᠳᠦᠷ ᠠᠴᠠ ᠡᠮᠦᠨ᠎ᠡ᠂ ᠭᠤᠣᠯᠳᠠᠭᠤ ᠣᠶᠢᠵᠢᠭᠤᠯᠤᠯᠲᠠ ᠶᠢᠨ ᠡᠳᠡᠭᠡᠷᠡᠯᠲᠡ ᠶᠢᠨ ᠨᠣᠷᠮ᠎ᠠ ᠪᠠ ᠲᠥᠷᠥᠯ ᠵᠦᠢᠯ ᠢ ᠬᠡᠷᠡᠭᠵᠢᠭᠦᠯᠬᠦ ᠲᠥᠰᠥᠯ ᠳᠤ ᠱᠠᠭᠠᠷᠳᠠᠭᠰᠠᠨ ᠮᠡᠷᠭᠡᠵᠢᠯ ᠤᠨ ᠳᠦᠷᠢᠮ ᠲᠣᠭᠲᠠᠭᠠᠯ ᠶᠣᠰᠣᠭᠠᠷ ᠪᠠᠷᠢᠭᠰᠠᠨ ᠡᠰᠡᠬᠦ᠂ ᠬᠦᠴᠦ ᠬᠥᠳᠡᠯᠮᠦᠷᠢ ᠣᠷᠣᠭᠤᠯᠤᠭᠰᠠᠨ ᠡᠰᠡᠬᠦ ᠵᠢᠴᠢ ᠴᠠᠯᠢᠩ ᠤᠨ ᠪᠠᠷᠢᠮᠵᠢᠶ᠎ᠠ ᠨᠢ ᠲᠣᠭᠲᠠᠭᠠᠯ ᠳᠤ ᠨᠡᠶᠢᠴᠡᠬᠦ ᠡᠰᠡᠬᠦ ᠶᠢ ᠰᠢᠯᠭᠠᠨ ᠠᠪᠤᠨ᠎ᠠ᠃ ᠰᠢᠯᠭᠠᠨ ᠠᠪᠤᠭᠰᠠᠨ ᠮᠡᠳᠡᠭᠦᠯᠦᠯᠲᠡ ᠬᠢᠵᠦ ᠥᠭᠬᠦ ᠳᠡᠭᠡᠨ ᠪᠠᠷᠢᠯᠭ᠎ᠠ ᠶᠢᠨ ᠲᠠᠯᠠᠪᠠᠢ᠂ ᠣᠶᠢᠵᠢᠭᠤᠯᠤᠭᠰᠠᠨ ᠲᠤᠭ᠎ᠠ ᠬᠡᠮᠵᠢᠶ᠎ᠡ᠂ ᠡᠳᠡᠭᠡᠷᠡᠭᠦᠯᠦᠭᠰᠡᠨ ᠲᠤᠭ᠎ᠠ ᠬᠡᠮᠵᠢᠶ᠎ᠡ ᠵᠡᠷᠭᠡ ᠶᠢ ᠲᠣᠳᠣᠷᠬᠠᠶᠢᠯᠠᠵᠤ᠂ ᠭᠤᠷᠪᠠᠳᠤᠭᠠᠷ ᠵᠢᠯ ᠳᠤ ᠪᠠᠷᠢᠯᠭ᠎ᠠ ᠶᠢᠨ ᠵᠦᠢᠯ ᠤᠨ ᠡᠴᠦᠰ ᠤᠨ ᠰᠢᠯᠭᠠᠯᠲᠠ ᠬᠢᠬᠦ ᠬᠡᠷᠡᠭᠲᠡᠢ᠃   6. ᠵᠦᠢᠯᠡᠰ ᠢ ᠬᠡᠷᠡᠭᠵᠢᠭᠦᠯᠬᠦ ᠨᠢᠭᠡᠴᠢ ᠠᠯᠢ ᠴᠢᠳᠠᠬᠤ ᠪᠠᠷ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠠᠵᠢᠯ ᠤᠨ ᠪᠠᠶᠢᠷᠢ ᠶᠢ ᠥᠷᠭᠡᠳᠬᠡᠵᠦ᠂ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠬᠥᠳᠡᠯᠮᠦᠷᠢ ᠦᠢᠯᠡᠴᠢᠯᠡᠭᠡᠨ ᠤ ᠬᠥᠯᠥᠰᠦ ᠣᠯᠭᠤᠮᠵᠢ ᠶᠢᠨ ᠪᠠᠷᠢᠮᠵᠢᠶ᠎ᠠ ᠶᠢ ᠵᠦᠢ ᠵᠣᠬᠢᠰᠲᠠᠢ ᠲᠣᠭᠲᠠᠭᠠᠵᠤ᠂ ᠬᠥᠳᠡᠯᠮᠦᠷᠢ ᠦᠢᠯᠡᠴᠢᠯᠡᠭᠡᠨ ᠤ ᠬᠥᠯᠥᠰᠦ ᠣᠯᠭᠤᠮᠵᠢ ᠣᠯᠭᠤᠬᠤ ᠬᠡᠪᠴᠢᠶ᠎ᠡ ᠶᠢ ᠠᠯᠢ ᠴᠢᠳᠠᠬᠤ ᠪᠠᠷ ᠨᠡᠮᠡᠭᠳᠡᠭᠦᠯᠦᠨ᠎ᠡ᠃ ᠨᠢᠭᠡᠳᠦᠯᠲᠡᠢ ᠵᠢᠷᠤᠮᠵᠢᠭᠰᠠᠨ ᠠᠵᠢᠯᠴᠢᠨ ᠬᠡᠷᠡᠭᠯᠡᠬᠦ ᠨᠡᠷᠡᠰ ᠤᠨ ᠳᠡᠪᠲᠡᠷ ᠪᠠ ᠬᠥᠳᠡᠯᠮᠦᠷᠢ ᠦᠢᠯᠡᠴᠢᠯᠡᠭᠡᠨ ᠤ ᠬᠥᠯᠥᠰᠦ ᠣᠯᠭᠤᠮᠵᠢ ᠣᠯᠭᠤᠬᠤ ᠡᠬᠡ ᠲᠠᠩᠰᠠ ᠶᠢ ᠪᠠᠶᠢᠭᠤᠯᠵᠤ᠂ ᠬᠥᠯᠥᠰᠦᠨ ᠠᠵᠢᠯ ᠬᠢᠭᠰᠡᠳ ᠭᠠᠷ ᠤᠨ ᠥᠰᠥᠭ ᠵᠢᠷᠤᠵᠤ ᠨᠤᠲᠠᠯᠠᠭᠰᠠᠨ ᠤ ᠳᠠᠷᠠᠭ᠎ᠠ᠂ ᠵᠠᠷᠴᠢᠮ ᠳᠡᠭᠡᠷ᠎ᠡ ᠪᠠᠨ ᠬᠥᠳᠡᠯᠮᠦᠷᠢ ᠦᠢᠯᠡᠴᠢᠯᠡᠭᠡᠨ ᠤ ᠬᠥᠯᠥᠰᠦ ᠣᠯᠭᠤᠮᠵᠢ ᠶᠢ ᠪᠠᠩᠬᠢ ᠶᠢᠨ ᠺᠠᠷᠲ ︵ᠪᠦᠬᠦᠨ ᠳᠤ ᠲᠣᠬᠢᠷᠠᠬᠤ ᠺᠠᠷᠲ︶᠎ ᠢᠶᠠᠷ ᠳᠠᠮᠵᠢᠭᠤᠯᠤᠨ ᠲᠣᠰ ᠬᠥᠮᠥᠨ ᠳᠤᠨᠢ ᠣᠯᠭᠤᠬᠤ ᠶᠢᠨ ᠬᠠᠮᠲᠤ ᠬᠥᠳᠡᠯᠮᠦᠷᠢ ᠦᠢᠯᠡᠴᠢᠯᠡᠭᠡᠨ ᠤ ᠬᠥᠯᠥᠰᠦ ᠣᠯᠭᠤᠮᠵᠢ ᠣᠯᠭᠤᠬᠤ ᠡᠬᠡ ᠲᠠᠩᠰᠠ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠢ᠃ᠬᠥᠳᠡᠯᠮᠦᠷᠢ ᠦᠢᠯᠡᠴᠢᠯᠡᠭᠡᠨ ᠤ ᠬᠥᠯᠥᠰᠦ ᠣᠯᠭᠤᠮᠵᠢ ᠶᠢ ᠣᠯᠭᠤᠬᠤ ᠶᠠᠪᠤᠴᠠ ᠳᠤ ᠬᠤᠴᠣᠷᠭᠠᠨ ᠠᠪᠬᠤ ᠶᠢ ᠤᠳᠠᠭᠠᠰᠢᠷᠠᠭᠤᠯᠬᠤ  ᠂ ᠬᠤᠳᠠᠯ ᠢᠶᠠᠷ ᠵᠣᠬᠢᠶᠠᠨ ᠬᠠᠭᠤᠷᠮᠠᠭ ᠢᠶᠠᠷ ᠵᠣᠬᠢᠶᠠᠬᠤ ᠵᠡᠷᠭᠡ ᠦᠢᠯᠡ ᠠᠵᠢᠯᠯᠠᠭ᠎ᠠ ᠶᠢ ᠡᠷᠡᠰ ᠬᠤᠷᠢᠭᠯᠠᠨ᠎ᠠ᠃   7. ᠥᠮᠴᠢᠯᠡᠬᠦ ᠡᠷᠬᠡ ᠶᠢᠨ ᠰᠢᠢᠳᠪᠦᠷᠢᠯᠡᠯᠲᠡ ᠵᠢᠴᠢ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢ ᠰᠠᠶᠢᠲᠤᠷ ᠬᠢᠨ᠎ᠡ᠃ᠲᠥᠷᠥᠯ ᠵᠦᠢᠯ ᠤᠨ ᠭᠠᠵᠠᠷ ᠰᠢᠷᠣᠢ ᠨᠢ ᠭᠠᠴᠠᠭ᠎ᠠ ᠶᠢᠨ ᠬᠠᠮᠲᠤ ᠶᠢᠨ ᠭᠠᠵᠠᠷ ᠰᠢᠷᠣᠢ ᠶᠢ ᠰᠣᠩᠭᠤᠵᠤ᠂ ᠥᠮᠴᠢᠯᠡᠬᠦ ᠡᠷᠬᠡ ᠨᠢ ᠭᠠᠴᠠᠭ᠎ᠠ ᠶᠢᠨ ᠬᠠᠮᠲᠤ ᠶᠢᠨ ᠥᠮᠴᠢᠯᠡᠯ ᠳᠤ ᠬᠠᠷᠢᠶᠠᠯᠠᠭᠳᠠᠨ᠎ᠠ᠃ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠰᠢᠯᠵᠢᠭᠦᠯᠦᠨ ᠲᠤᠰᠢᠶᠠᠭᠰᠠᠨ ᠤ ᠳᠠᠷᠠᠭ᠎ᠠ ᠡᠵᠡᠩᠨᠡᠯᠲᠡ ᠶᠢᠨ ᠡᠷᠬᠡ ᠶᠢ ᠭᠠᠴᠠᠭ᠎ᠠ ᠶᠢᠨ ᠬᠠᠮᠲᠤ ᠨᠡᠶᠢᠲᠡ ᠳᠤ ᠬᠠᠷᠢᠶᠠᠯᠠᠭᠤᠯᠵᠤ᠂ ᠬᠠᠮᠲᠤ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠱᠠᠭᠠᠷᠳᠠᠯᠭ᠎ᠠ ᠶᠣᠰᠣᠭᠠᠷ ᠡᠵᠡᠩᠨᠡᠯᠲᠡ ᠶᠢᠨ ᠡᠷᠬᠡ ᠶᠢᠨ ᠬᠡᠰᠡᠭ ᠢ ᠪᠤᠶᠤ ᠪᠦᠬᠦᠨ ᠢ ᠪᠥᠬᠦ ᠲᠣᠰᠬᠤᠨ ᠤ ᠠᠷᠠᠳ ᠲᠤ ᠬᠤᠪᠢᠶᠠᠷᠢᠯᠠᠨ ᠥᠭᠴᠦ ᠪᠣᠯᠣᠨ᠎ᠠ᠃ᠭᠠᠴᠠᠭᠠᠨ ᠤ ᠬᠠᠮᠲᠤ ᠨᠡᠶᠢᠲᠡ ᠳᠤ ᠦᠯᠡᠳᠡᠭᠡᠨ ᠡᠵᠡᠩᠨᠡᠭᠦᠯᠵᠦ᠂ ᠠᠰᠢᠭ ᠣᠯᠵᠠᠪᠤᠷᠢ ᠶᠢ ᠨᠢ ᠲᠣᠰᠬᠤᠨ ᠤ ᠠᠷᠠᠳ ᠲᠤ ᠬᠤᠪᠢᠶᠠᠨ ᠥᠭᠭᠦᠭᠰᠡᠨ ᠴᠦ ᠪᠣᠯᠣᠨ᠎ᠠ᠃ᠡᠵᠡᠩᠨᠡᠯᠲᠡ ᠶᠢᠨ ᠡᠷᠬᠡ ᠶᠢ ᠭᠠᠵᠠᠷ ᠰᠢᠷᠣᠢ ᠳᠤ ᠨᠠᠶᠢᠳᠠᠪᠤᠷᠢᠵᠢᠭᠤᠯᠵᠤ᠂ ᠲᠣᠰᠬᠤᠨ ᠤ ᠠᠷᠠᠳ ᠲᠤ ᠬᠤᠪᠢᠶᠠᠷᠢᠯᠠᠨ ᠥᠭᠴᠦ᠂ ᠲᠣᠰᠬᠤᠨ ᠤ ᠠᠷᠠᠳ ᠢᠶᠠᠷ ᠥᠪᠡᠷ ᠎ ᠲᠤᠨᠢ ᠬᠠᠮᠢᠶᠠᠷᠤᠭᠤᠯᠵᠤ᠂ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢ ᠭᠡᠷ᠎ᠡ ᠶᠢᠨ ᠬᠡᠯᠡᠯᠴᠡᠭᠡᠷ ᠲᠤ ᠲᠣᠭᠲᠠᠭᠠᠭᠰᠠᠨ ᠥᠮᠴᠢᠯᠡᠬᠦ ᠡᠷᠬᠡ᠂ ᠡᠵᠡᠩᠨᠡᠬᠦ ᠡᠷᠬᠡ ᠶᠢᠨ ᠬᠠᠷᠢᠴᠠᠯ ᠢᠶᠠᠷ ᠬᠤᠪᠢᠶᠠᠷᠢᠯᠠᠵᠤ᠂ ᠪᠣᠶ ᠪᠣᠯᠤᠭᠰᠠᠨ ᠠᠰᠢᠭ ᠬᠤᠨᠵᠢᠪᠤᠷᠢ ᠶᠢ ᠲᠣᠰᠬᠤᠨ ᠤ ᠬᠠᠮᠲᠤ ᠶᠢᠨ ᠣᠷᠣᠯᠭ᠎ᠠ ᠪᠣᠯᠭᠠᠵᠤ᠂ ︽ᠭᠤᠷᠪᠠᠨ ᠪᠡᠯᠡ︾᠎ ᠶᠢᠨ ᠬᠠᠮᠢᠶᠠᠷᠤᠯᠲᠠ ᠶᠢᠨ ᠳᠦᠷᠢᠮ ᠶᠣᠰᠣᠭᠠᠷ ᠬᠠᠮᠢᠶᠠᠷᠬᠤ ᠶᠢ ᠵᠣᠷᠢᠭᠵᠢᠭᠤᠯᠤᠨ᠎ᠠ᠃   8᠂ ᠠᠰᠢᠭ ᠭᠥᠷᠳᠡᠬᠦ ᠭᠠᠴᠠᠭ᠎ᠠ ᠲᠣᠰᠬᠤᠨ ᠤ ᠠᠷᠠᠳ ᠢ ᠵᠣᠬᠢᠶᠠᠨ ᠪᠠᠶᠢᠭᠤᠯᠤᠨ ᠬᠦᠴᠦ ᠬᠥᠳᠡᠯᠮᠦᠷᠢ ᠣᠷᠣᠭᠤᠯᠵᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠤᠨ᠎ᠠ᠂ ᠪᠦᠲᠦᠭᠡᠨ ᠪᠠᠶᠢᠭᠤᠯᠬᠤ ᠳᠠᠭᠠᠨ ᠡᠷᠬᠡᠪᠰᠢ ᠴᠣᠬᠤᠯᠠᠪᠤᠷᠢᠯᠠᠨ ᠬᠠᠷᠢᠭᠤᠯᠤᠭᠰᠠᠨ ᠬᠡᠷᠡᠭᠵᠢᠭᠦᠯᠬᠦ ᠲᠥᠰᠥᠯ ᠶᠣᠰᠣᠭᠠᠷ ᠶᠠᠪᠤᠭᠳᠠᠭᠤᠯᠵᠤ᠂ ᠲᠣᠭᠲᠠᠭᠠᠭᠰᠠᠨ ᠴᠢᠬᠢ ᠮᠣᠳᠣᠨ ᠤ ᠲᠥᠷᠥᠯ ᠵᠦᠢᠯ᠂ ᠶᠠᠰᠤ ᠴᠢᠨᠠᠷ᠂ ᠵᠠᠶᠢᠯᠠᠬᠤ ᠪᠠ ᠬᠠᠮᠢᠶᠠᠷᠴᠤ ᠬᠠᠮᠠᠭᠠᠯᠠᠬᠤ ᠮᠡᠷᠭᠡᠵᠢᠯ ᠤᠨ ᠱᠠᠭᠠᠷᠳᠠᠯᠭ᠎ᠠ ᠶᠣᠰᠣᠭᠠᠷ ᠪᠠᠷᠢᠯᠭ᠎ᠠ ᠪᠠᠷᠢᠵᠤ᠂ ᠬᠦᠴᠦ ᠬᠥᠳᠡᠯᠮᠦᠷᠢ ᠣᠷᠣᠭᠤᠯᠵᠤ᠂ ᠲᠥᠷᠥᠯ ᠵᠦᠢᠯ ᠤᠨ ᠨᠢᠭᠡᠴᠢ ᠦᠨ᠎ᠡ ᠶᠢ ᠲᠥᠰᠥᠪ ᠤᠨ ᠨᠢᠭᠡᠴᠢ ᠦᠨ᠎ᠡ ᠪᠠᠷ ᠬᠡᠷᠡᠭᠵᠢᠭᠦᠯᠦᠨ᠎ᠡ᠃ᠭᠠᠴᠠᠭᠠᠨ ᠤ ᠠᠷᠠᠳ ᠢ ᠵᠣᠬᠢᠶᠠᠨ ᠪᠠᠶᠢᠭᠤᠯᠵᠤ ᠪᠠᠷᠢᠯᠭ᠎ᠠ ᠶᠢᠨ ᠠᠵᠢᠯ ᠬᠢᠬᠦ ᠦᠶ᠎ᠡ ᠳᠤ᠂ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠣᠷᠤᠯᠴᠠᠬᠤ ᠬᠦᠰᠡᠯ ᠲᠠᠢ ᠭᠠᠴᠠᠭᠠᠨ ᠤ ᠠᠷᠠᠳ ᠲᠤ ᠬᠤᠪᠢᠶᠠᠷᠢᠯᠠᠨ ᠥᠭᠴᠦ᠂ ᠣᠯᠠᠨ ᠲᠦᠮᠡᠨ ᠤ ᠠᠵᠢᠯ ᠢ ᠰᠠᠶᠢᠲᠤᠷ ᠬᠢᠵᠦ᠂ ᠠᠯᠢ ᠴᠢᠳᠠᠬᠤ ᠪᠠᠷ ᠬᠥᠳᠡᠯᠮᠦᠷᠢᠯᠡᠬᠦ ᠴᠢᠳᠠᠪᠤᠷᠢ ᠲᠠᠢ ᠭᠠᠴᠠᠭᠠᠨ ᠤ ᠠᠷᠠᠳ ᠢ ᠪᠦᠬᠦᠨ ᠢ ᠣᠷᠣᠯᠴᠠᠭᠤᠯᠤᠨ᠎ᠠ᠂ ᠬᠥᠳᠡᠯᠮᠦᠷᠢᠯᠡᠬᠦ ᠴᠢᠳᠠᠪᠤᠷᠢ ᠦᠭᠡᠢ ᠭᠠᠴᠠᠭᠠᠨ ᠤ ᠠᠷᠠᠳ ᠴᠤ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠬᠤᠪᠢᠶᠠᠷᠢᠯᠠᠨ ᠥᠭᠴᠦ ᠪᠣᠯᠣᠨ᠎ᠠ᠂ ᠡᠭᠦᠷᠭᠡ ᠶᠢ ᠦᠷ᠎ᠡ ᠬᠡᠦᠬᠡᠳ ᠪᠤᠶᠤ ᠲᠥᠷᠥᠯ ᠰᠠᠳᠤᠨ ᠨᠢ ᠪᠡᠶᠡᠯᠡᠭᠦᠯᠵᠦ᠂ ᠬᠥᠳᠡᠯᠮᠦᠷᠢ ᠶᠢᠨ ᠵᠠᠷᠤᠳᠠᠯ ᠢ ᠬᠥᠳᠡᠯᠮᠦᠷᠢᠴᠢᠨ ᠳᠤ ᠥᠮᠴᠢᠯᠡᠭᠦᠯᠦᠨ᠎ᠡ᠃ᠠᠷᠠᠳᠴᠢᠯᠠᠯ ᠤᠨ ᠵᠢᠷᠤᠮ ᠢ ᠭᠦᠢᠴᠡᠳᠬᠡᠵᠦ᠂ ᠰᠠᠶᠢᠨ ᠳᠤᠷ᠎ᠠ ᠶᠢᠨ ᠵᠠᠷᠴᠢᠮ ᠢ ᠵᠢᠷᠤᠮᠯᠠᠬᠤ ᠬᠡᠷᠡᠭᠲᠡᠢ᠂ ᠭᠠᠴᠠᠭᠠᠨ ᠤ ᠠᠷᠠᠳ ᠤᠨ ᠣᠷᠤᠯᠴᠠᠬᠤ ᠡᠷᠬᠡ ᠶᠢ ᠬᠠᠰᠤᠵᠤ ᠪᠣᠯᠬᠤ ᠦᠭᠡᠢ ᠮᠥᠷᠲᠡᠭᠡᠨ ᠪᠠᠰᠠ ᠭᠠᠴᠠᠭᠠᠨ ᠤ ᠠᠷᠠᠳ ᠢ ᠠᠯᠪᠠᠳᠠᠵᠤ ᠪᠠᠶᠢᠭᠠᠳ ᠡᠭᠦᠷᠭᠡ ᠶᠢ ᠨᠢ ᠪᠡᠶᠡᠯᠡᠭᠦᠯᠦᠭᠦᠯᠵᠦ ᠪᠣᠯᠬᠤ ᠦᠭᠡᠢ᠃   9. ᠲᠤᠬᠠᠢ ᠶᠢᠨ ᠵᠢᠯ ᠳᠤ ᠲᠥᠯᠥᠪᠯᠡᠭᠡ ᠪᠠᠨ ᠪᠡᠶᠡᠯᠡᠭᠦᠯᠵᠦ᠂ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ᠂ ᠪᠠᠷᠢᠯᠭ᠎ᠠ ᠶᠢᠨ ᠵᠣᠭᠤᠰ ᠢ ᠠᠯᠢ ᠲᠦᠷᠭᠡᠨ ᠢᠶᠠᠷ ᠥᠭᠬᠦ ᠬᠡᠷᠡᠭᠲᠡᠢ᠂ ᠭᠠᠴᠠᠭ᠎ᠠ ᠲᠣᠰᠬᠤᠨ ᠤ ᠠᠷᠠᠳ ᠤᠨ ᠪᠡᠶᠡᠯᠡᠭᠦᠯᠦᠭᠰᠡᠨ ᠡᠭᠦᠷᠭᠡ ᠶᠢᠨ ᠪᠠᠶᠢᠳᠠᠯ ᠢ ᠦᠨᠳᠦᠰᠦᠯᠡᠨ᠂ ᠬᠥᠳᠡᠯᠮᠦᠷᠢ ᠦᠢᠯᠡᠴᠢᠯᠡᠭᠡᠨ ᠤ ᠵᠠᠷᠤᠳᠠᠯ ᠢ ᠥᠭᠬᠦ ᠬᠡᠷᠡᠭᠲᠡᠢ᠂ ᠲᠠᠷᠢᠶᠠᠴᠢᠳ ᠤᠨ ᠴᠠᠯᠢᠩ ᠢ ᠤᠳᠠᠭᠠᠰᠢᠷᠠᠭᠤᠯᠵᠤ ᠪᠣᠯᠬᠤ ᠦᠭᠡᠢ᠃   ︵ᠠᠷᠪᠠ︶ ᠠᠰᠢᠭ ᠭᠥᠷᠳᠡᠬᠦ ᠡᠲᠡᠭᠡᠳ᠄ ᠲᠥᠷᠥᠯ ᠵᠦᠢᠯ ᠤᠨ ᠭᠠᠴᠠᠭ᠎ᠠ ᠨᠢ ᠬᠦᠴᠦ ᠬᠥᠳᠡᠯᠮᠦᠷᠢ ᠣᠷᠣᠭᠤᠯᠬᠤ ᠳᠤ ᠣᠷᠣᠯᠴᠠᠭᠰᠠᠨ ᠮᠠᠯᠴᠢᠨ ᠲᠠᠷᠢᠶᠠᠴᠢᠨ ᠡᠷᠦᠬᠡ ᠵᠢᠴᠢ ᠲᠥᠷᠥᠯ ᠵᠦᠢᠯ ᠤᠨ ᠠᠰᠢᠭ ᠣᠷᠣᠯᠭ᠎ᠠ ᠶᠢ ᠭᠥᠷᠳᠡᠭᠰᠡᠨ ᠤ ᠳᠠᠷᠠᠭ᠎ᠠ ᠠᠰᠢᠭ ᠭᠥᠷᠳᠡᠭᠰᠡᠨ ᠮᠠᠯᠴᠢᠨ ᠲᠠᠷᠢᠶᠠᠴᠢᠨ ᠡᠷᠦᠬᠡ᠃   ︵ᠠᠷᠪᠠᠨ ᠨᠢᠭᠡ︶ ᠠᠵᠢᠯ ᠤᠨ ᠠᠮᠵᠢᠯᠲᠠ ᠪᠦᠲᠦᠮᠵᠢ ᠶᠢᠨ ᠬᠠᠷᠠᠯᠲᠠ ᠵᠢᠴᠢ ᠦᠷ᠎ᠡ ᠠᠰᠢᠭ ᠤᠨ ᠵᠠᠳᠠᠯᠤᠯᠲᠠ᠄   1. ᠠᠵᠤ ᠠᠬᠤᠢ ᠶᠢᠨ ᠦᠷ᠎ᠡ ᠠᠰᠢᠭ᠃ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠪᠣᠯ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠴᠢᠬᠤᠯᠠ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠪᠣᠯᠣᠨ᠎ᠠ᠂ ᠡᠨᠡ ᠨᠢ ᠬᠥᠳᠡᠭᠡ ᠲᠣᠰᠬᠤᠨ ᠤ ᠠᠵᠢᠯ ᠣᠯᠭᠤᠯᠲᠠ ᠶᠢᠨ ᠠᠷᠭ᠎ᠠ ᠵᠠᠮ ᠢ ᠥᠷᠭᠡᠳᠬᠡᠵᠦ᠂ ᠣᠶᠢᠷ᠎ᠠ ᠬᠠᠪᠢ ᠶᠢᠨ ᠠᠵᠢᠯ ᠣᠯᠭᠤᠯᠲᠠ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ ᠳᠤ ᠠᠰᠢᠭᠲᠠᠢ︔ᠲᠠᠷᠢᠶᠠᠴᠢᠳ ᠤᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠦᠷ᠎ᠡ ᠪᠦᠲᠦᠭᠡᠯ ᠢ ᠪᠠᠬᠢᠵᠢᠭᠦᠯᠬᠦ᠂ ᠠᠵᠢᠯ ᠣᠯᠭᠤᠯᠲᠠ ᠶᠢᠨ ᠬᠥᠮᠥᠨ ᠳᠤᠮᠳᠠᠴᠢ ᠶᠢᠨ ᠣᠷᠣᠯᠭ᠎ᠠ ᠶᠢ 2000 ᠲᠥᠭᠦᠷᠢᠭ ᠠᠴᠠ ᠳᠡᠭᠡᠭᠰᠢ ᠨᠡᠮᠡᠭᠳᠡᠭᠦᠯᠬᠦ ᠶᠢ ᠪᠡᠶᠡᠯᠡᠭᠦᠯᠬᠦ ᠳᠤ ᠠᠰᠢᠭᠲᠠᠢ ᠪᠥᠭᠡᠳ ᠤᠢ ᠰᠢᠭᠤᠢ ᠵᠢᠮᠢᠰ ᠤᠨ ᠰᠠᠭᠤᠷᠢᠨ ᠭᠠᠵᠠᠷ ᠪᠠᠰᠠ ᠤᠷᠳᠤ ᠬᠤᠭᠤᠴᠠᠭᠠᠨ ᠤ ᠲᠣᠭᠲᠠᠪᠤᠷᠢᠲᠠᠢ ᠠᠵᠤ ᠠᠬᠤᠢ ᠶᠢᠨ ᠠᠰᠢᠭ ᠣᠷᠣᠯᠭ᠎ᠠ ᠶᠢ ᠬᠠᠩᠭᠠᠵᠤ ᠪᠣᠯᠣᠨ᠎ᠠ᠃   2. ᠠᠮᠢ ᠠᠬᠤᠢ ᠶᠢᠨ ᠦᠷ᠎ᠡ ᠠᠰᠢᠭ᠃ᠵᠦᠢᠯᠡᠰ ᠨᠢ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠬᠠᠮᠠᠭᠠᠯᠠᠬᠤ ᠳᠤ ᠠᠰᠢᠭᠲᠠᠢ ᠪᠠᠶᠢᠳᠠᠭ᠃ ᠨᠢᠭᠡ ᠲᠠᠯ᠎ᠠ ᠪᠠᠷ ᠭᠠᠵᠠᠷ ᠰᠢᠷᠣᠢ ᠶᠢᠨ ᠡᠬᠢ ᠪᠠᠶᠠᠯᠢᠭ ᠢ ᠭᠦᠢᠴᠡᠳ ᠠᠰᠢᠭᠯᠠᠨ᠂ ᠤᠢ ᠰᠢᠭᠤᠢ ᠵᠢᠮᠢᠰ ᠤᠨ ᠠᠵᠤ ᠦᠢᠯᠡᠰ ᠢ ᠬᠥᠭᠵᠢᠭᠦᠯᠦᠭᠡᠳ ᠠᠵᠤ ᠠᠬᠤᠢ ᠶᠢᠨ ᠦᠷ᠎ᠡ ᠠᠰᠢᠭ ᠣᠯᠵᠤ᠂ ᠨᠦᠬᠦᠭᠡ ᠲᠠᠯ᠎ᠠ ᠪᠠᠷ ᠪᠠᠰᠠ ᠠᠮᠢ ᠠᠬᠤᠢ ᠶᠢᠨ ᠣᠷᠴᠢᠨ ᠨᠥᠬᠦᠴᠡᠯ ᠢ ᠬᠠᠮᠠᠭᠠᠯᠠᠬᠤ ᠴᠢᠬᠤᠯᠠ ᠠᠷᠭ᠎ᠠ ᠬᠡᠮᠵᠢᠶ᠎ᠡ ᠪᠠ ᠣᠷᠴᠢᠨ ᠠᠬᠤᠢ ᠶᠢ ᠵᠠᠰᠠᠬᠤ ᠨᠢᠭᠡ ᠵᠦᠢᠯ ᠤᠨ ᠠᠷᠭ᠎ᠠ ᠪᠠᠷᠢᠯ ᠪᠣᠯᠣᠨ᠎ᠠ᠂ ᠡᠨᠡ ᠨᠢ ᠬᠥᠷᠥᠰᠥ ᠰᠢᠷᠣᠢ ᠶᠢᠨ ᠢᠳᠡᠭᠳᠡᠯ ᠢ ᠪᠦᠲᠦᠮᠵᠢᠲᠡᠶ ᠪᠠᠷ ᠪᠠᠭᠤᠷᠠᠭᠤᠯᠵᠤ᠂ ᠬᠥᠷᠥᠰᠥ ᠰᠢᠷᠣᠢ ᠶᠢᠨ ᠣᠷᠴᠢᠨ ᠨᠥᠬᠦᠴᠡᠯ ᠢ ᠰᠠᠶᠢᠵᠢᠷᠠᠭᠤᠯᠵᠤ ᠪᠣᠯᠣᠨ᠎ᠠ᠃   3.ᠨᠡᠶᠢᠭᠡᠮ ᠤᠨ ᠦᠷ᠎ᠡ ᠠᠰᠢᠭ᠃ᠬᠥᠳᠡᠭᠡ ᠲᠣᠰᠬᠤᠨ ᠤ ᠬᠥᠳᠡᠯᠮᠦᠷᠢ ᠶᠢᠨ ᠬᠦᠴᠦᠨ ᠤ ᠡᠬᠢ ᠪᠠᠶᠠᠯᠢᠭ ᠤᠨ ᠠᠰᠢᠭᠯᠠᠯᠲᠠ ᠶᠢ ᠪᠦᠲᠦᠮᠵᠢᠲᠡᠶ ᠪᠠᠷ ᠲᠠᠶᠢᠴᠢᠯᠠᠵᠦ᠂ ᠬᠥᠳᠡᠭᠡ ᠲᠣᠰᠬᠤᠨ ᠤ ᠦᠯᠡᠭᠦᠦ ᠬᠥᠳᠡᠯᠮᠦᠷᠢ ᠶᠢᠨ ᠬᠦᠴᠦᠨ ᠳᠤ ᠰᠢᠨ᠎ᠡ ᠠᠷᠭ᠎ᠠ ᠵᠠᠮ ᠢ ᠨᠡᠭᠡᠭᠡᠨ ᠥᠭᠴᠦ᠂ ᠠᠵᠢᠯ ᠣᠯᠬᠤ ᠲᠣᠬᠢᠶᠠᠯ ᠣᠯᠭᠤᠵᠤ᠂ ᠲᠠᠷᠢᠶᠠᠯᠠᠬᠤ ᠮᠠᠯᠵᠢᠬᠤ ᠡᠷᠦᠭᠡ ᠶᠢᠨ ᠦᠢᠯᠡᠳᠪᠦᠷᠢᠯᠡᠯ ᠤᠨ ᠲᠠᠯᠳᠠ ᠬᠦᠴᠦᠨ ᠢ ᠭᠦᠢᠴᠡᠳ ᠠᠭᠤᠳᠠᠯᠵᠤ ᠴᠢᠳᠠᠨ᠎ᠠ᠃   ︵ᠠᠷᠪᠠᠨ ᠬᠤᠶᠠᠷ︶ ᠣᠯᠠᠨ ᠲᠦᠮᠡᠨ ᠣᠷᠤᠯᠴᠠᠬᠤ ᠪᠠ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠲᠣᠭᠲᠠᠴᠠ᠄ ᠲᠥᠷᠥᠯ ᠵᠦᠢᠯ ᠳᠤ ᠪᠣᠳᠠᠲᠠᠢ ᠎ ᠠᠴᠠ ᠡᠭᠦᠰᠴᠦ᠂ ᠨᠤᠲᠤᠭ ᠤᠨ ᠣᠨᠴᠠᠯᠢᠭ ᠢᠶᠠᠨ ᠲᠣᠪᠤᠶᠢᠯᠭᠠᠨ᠂ ᠲᠤᠬᠠᠢ ᠶᠢᠨ ᠭᠠᠵᠠᠷ ᠤᠨ ᠣᠯᠠᠨ ᠲᠦᠮᠡᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠵᠤ᠂ ᠬᠠᠷᠢᠶ᠎ᠠ ᠣᠷᠣᠨ ᠤ ᠪᠠᠨ ᠳᠣᠲᠣᠷᠠᠬᠢ ᠬᠥᠳᠡᠯᠮᠦᠷᠢᠯᠡᠬᠦ ᠴᠢᠳᠠᠪᠤᠷᠢ ᠲᠠᠢ ᠶᠠᠳᠠᠭᠤ ᠎ ᠠᠴᠠ ᠠᠩᠭᠢᠵᠢᠷᠠᠭᠰᠠᠨ ᠡᠷᠦᠬᠡ ᠪᠠ ᠬᠢᠨᠠᠨ ᠰᠢᠯᠭᠠᠬᠤ ᠡᠷᠦᠬᠡ ᠶᠢ ᠤᠷᠢᠳᠠᠪᠠᠷ ᠬᠠᠮᠤᠷᠴᠤ᠂ ᠠᠵᠢᠯ ᠣᠯᠭᠤᠬᠤ ᠠᠵᠢᠯ ᠤᠨ ᠪᠠᠶᠢᠷᠢ ᠬᠠᠩᠭᠠᠵᠤ᠂ ᠠᠵᠢᠯ ᠬᠥᠳᠡᠯᠮᠦᠷᠢ ᠬᠢᠭᠰᠡᠨ ᠣᠷᠣᠯᠭ᠎ᠠ ᠪᠠᠨ ᠨᠡᠮᠡᠭᠳᠡᠭᠦᠯᠦᠨ᠎ᠡ᠃   ︵ᠠᠷᠪᠠᠨ ᠭᠤᠷᠪᠠ︶ ᠲᠥᠷᠥᠯ ᠵᠦᠢᠯ ᠤᠨ ᠠᠰᠢᠭ ᠣᠷᠣᠯᠭ᠎ᠠ ᠶᠢᠨ ᠬᠤᠪᠢᠶᠠᠷᠢᠯᠠᠯᠲᠠ᠄ ᠭᠤᠣᠯᠳᠠᠭᠤ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠠᠷᠭ᠎ᠠ ᠮᠠᠶ᠋ᠢᠭ ᠢᠶᠠᠷ ᠣᠶᠢᠷ᠎ᠠ ᠬᠠᠪᠢ ᠳᠠᠭᠠᠨ ᠠᠵᠢᠯ ᠣᠯᠣᠭᠰᠠᠨ ᠣᠷᠣᠯᠭ᠎ᠠ ᠶᠢ ᠨᠡᠮᠡᠭᠳᠡᠭᠦᠯᠬᠦ ᠪᠠ ᠣᠶ ᠰᠢᠭᠤᠢ ᠵᠢᠮᠢᠰ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠎ ᠠᠴᠠ ᠪᠣᠶ ᠪᠣᠯᠤᠭᠰᠠᠨ ᠬᠠᠮᠲᠤ ᠶᠢᠨ ᠠᠵᠤ ᠠᠬᠤᠢ ᠶᠢᠨ ᠦᠷ᠎ᠡ ᠠᠰᠢᠭ ᠢᠶᠠᠷ ᠭᠤᠣᠯ ᠪᠣᠯᠭᠠᠵᠤ᠂ ᠠᠵᠢᠯ ᠬᠥᠳᠡᠯᠮᠦᠷᠢ ᠬᠢᠭᠰᠡᠨ ᠣᠷᠣᠯᠭ᠎ᠠ ᠶᠢ ᠲᠠᠷᠢᠶᠠᠴᠢᠨ ᠡᠷᠦᠬᠡ ᠳᠤ ᠥᠮᠴᠢᠯᠡᠭᠦᠯᠵᠦ᠂ ᠭᠠᠴᠠᠭ᠎ᠠ ᠶᠢᠨ ᠬᠠᠮᠲᠤ ᠶᠢᠨ ᠥᠮᠴᠢᠯᠡᠯ ᠤᠨ ᠣᠶ ᠰᠢᠭᠤᠢ ᠵᠢᠮᠢᠰ ᠤᠨ ᠰᠠᠭᠤᠷᠢᠨ ᠭᠠᠵᠠᠷ ᠎ ᠠᠴᠠ ᠪᠣᠶ ᠪᠣᠯᠤᠭᠰᠠᠨ ᠠᠵᠤ ᠠᠬᠤᠢ ᠶᠢᠨ ᠦᠷ᠎ᠡ ᠠᠰᠢᠭ ᠢ ᠭᠠᠴᠠᠭ᠎ᠠ ᠶᠢᠨ ᠭᠦᠢᠴᠡᠳᠬᠡᠬᠦ ᠲᠠᠰ ᠳᠠᠷᠠᠭᠠᠯᠠᠯ ᠢᠶᠠᠷ ᠬᠤᠪᠢᠶᠠᠷᠢᠯᠠᠨ᠎ᠠ᠃   ︵ᠠᠷᠪᠠᠨ ᠳᠥᠷᠪᠡ︶ ᠲᠥᠷᠥᠯ ᠵᠦᠢᠯ ᠤᠨ ᠪᠡᠯᠡ ᠮᠥᠩᠭᠦ ᠶᠢᠨ ᠬᠠᠮᠢᠶᠠᠷᠤᠯᠲᠠ ᠬᠢᠭᠡᠳ ᠲᠦᠭᠰᠢᠭᠦᠷᠢ ᠶᠢ ᠬᠠᠮᠢᠶᠠᠷᠤᠨ ᠡᠵᠡᠮᠳᠡᠬᠦ᠄ ᠲᠥᠷᠥᠯ ᠵᠦᠢᠯ ᠢ ᠴᠣᠬᠤᠯᠠᠪᠤᠷᠢᠯᠠᠭᠰᠠᠨ ᠤ ᠳᠠᠷᠠᠭ᠎ᠠ᠂ ᠲᠥᠷᠥᠯ ᠵᠦᠢᠯ ᠤᠨ ᠪᠡᠯᠡ ᠮᠥᠩᠭᠦ ᠶᠢ ᠪᠡᠯᠡ ᠮᠥᠩᠭᠦ ᠶᠢᠨ ᠪᠣᠳᠠᠲᠠᠶᠢᠵᠢᠭᠰᠠᠨ ᠪᠠᠶᠢᠳᠠᠯ ᠢ ᠦᠨᠳᠦᠰᠦᠯᠡᠨ ᠲᠥᠷᠥᠯ ᠵᠦᠢᠯ ᠢ ᠬᠡᠷᠡᠭᠵᠢᠭᠦᠯᠬᠦ ᠨᠢᠭᠡᠴᠡ ᠳᠤ ᠰᠢᠯᠵᠢᠭᠦᠯᠦᠨ ᠥᠭᠴᠦ᠂ ᠲᠥᠷᠥᠯ ᠵᠦᠢᠯ ᠤᠨ ᠠᠬᠢᠴᠠ ᠪᠠ ᠰᠢᠯᠭᠠᠨ ᠠᠪᠤᠭᠰᠠᠨ ᠪᠠᠶᠢᠳᠠᠯ ᠢ ᠦᠨᠳᠦᠰᠦᠯᠡᠨ ᠲᠥᠷᠥᠯ ᠵᠦᠢᠯ ᠤᠨ ᠪᠡᠯᠡ ᠮᠥᠩᠭᠦ ᠶᠢ ᠰᠢᠯᠵᠢᠭᠦᠯᠦᠨ ᠥᠭᠭᠦᠨ᠎ᠡ᠃ ᠲᠥᠷᠥᠯ ᠵᠦᠢᠯ ᠤᠨ ᠨᠢᠭᠡᠴᠡ ᠨᠦᠭᠦᠳ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠦᠲᠦᠮᠵᠢᠲᠡᠶ ᠠᠷᠭ᠎ᠠ ᠬᠡᠮᠵᠢᠶ᠎ᠡ ᠲᠣᠭᠲᠠᠭᠠᠵᠤ᠂ ᠲᠥᠷᠥᠯ ᠵᠦᠢᠯ ᠢ ᠠᠬᠢᠭᠤᠯᠬᠤ ᠶᠢᠨ ᠠᠷᠭ᠎ᠠ ᠦᠭᠡᠢ᠂ ᠣᠯᠠᠨ ᠲᠦᠮᠡᠨ ᠤ ᠰᠠᠨᠠᠯ ᠶᠡᠭᠡ᠂ ᠬᠠᠷᠢᠭᠤ ᠲᠤᠰᠬᠠᠭᠰᠠᠨ ᠠᠰᠠᠭᠤᠳᠠᠯ ᠣᠯᠠᠨ᠂ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠢ ᠵᠡᠷᠭᠡ ᠪᠠᠶᠢᠳᠠᠯ ᠭᠠᠷᠬᠤ ᠎ ᠠᠴᠠ ᠵᠠᠶᠢᠯᠠᠰᠬᠢᠵᠦ᠂ ᠲᠥᠷᠥᠯ ᠵᠦᠢᠯ ᠢ ᠤᠷᠤᠭᠰᠢᠲᠠᠢ ᠨᠠᠶᠢᠳᠠᠪᠤᠷᠢᠵᠢᠭᠤᠯᠵᠤ᠂ ᠦᠷ᠎ᠡ ᠠᠰᠢᠭ ᠢ ᠪᠠᠳᠠᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃   ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ   ︵ᠨᠢᠭᠡ︶ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ᠃ᠬᠤᠰᠢᠭᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ᠂ ᠣᠶ ᠰᠢᠭᠤᠢ ᠡᠪᠡᠰᠦ ᠪᠡᠯᠴᠢᠭᠡᠷ ᠤᠨ ᠰᠠᠯᠠᠭ᠎ᠠ ᠮᠥᠴᠢᠷ ᠲᠤᠰᠬᠠᠢ ᠬᠥᠮᠥᠨ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠥᠷᠥᠯ ᠵᠦᠢᠯ ᠢ ᠬᠢᠨᠠᠨ ᠬᠠᠮᠢᠶᠠᠷᠴᠤ᠂ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠤ᠂ ᠡᠯ᠎ᠡ ᠰᠤᠮᠤ ᠪᠠᠯᠭᠠᠰᠤ ᠨᠢ ᠡᠯ᠎ᠡ ᠭᠠᠴᠠᠭ᠎ᠠ ᠶᠢ ᠵᠣᠬᠢᠶᠠᠨ ᠪᠠᠶᠢᠭᠤᠯᠤᠨ ᠮᠠᠯᠵᠢᠬᠤ ᠲᠠᠷᠢᠶᠠᠯᠠᠬᠤ ᠡᠷᠦᠬᠡ ᠶᠢ ᠳᠠᠶᠢᠴᠢᠯᠠᠨ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠲᠥᠷᠥᠯ ᠵᠦᠢᠯ ᠳᠤ ᠣᠷᠣᠯᠴᠠᠭᠤᠯᠵᠤ ᠂ ᠬᠤᠰᠢᠭᠤ ᠰᠢᠶᠠᠩ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠨᠢ ᠰᠠᠷ᠎ᠠ ᠶᠢᠨ ᠲᠣᠬᠢᠷᠠᠭᠤᠯᠬᠤ ᠬᠡᠯᠪᠡᠷᠢ ᠪᠠᠷ ᠰᠢᠮᠳᠠᠭᠤᠯᠤᠨ ᠪᠠᠶᠢᠴᠠᠭᠠᠵᠤ᠂ ᠠᠵᠢᠯ ᠤᠨ ᠠᠬᠢᠴᠠ ᠶᠢᠨ ᠪᠠᠶᠢᠳᠠᠯ ᠢ ᠲᠣᠬᠢᠷᠠᠭᠤᠯᠤᠨ ᠪᠠᠶᠢᠴᠠᠭᠠᠵᠤ᠂ ᠣᠶ ᠰᠢᠭᠤᠢ ᠡᠪᠡᠰᠦ ᠪᠡᠯᠴᠢᠭᠡᠷ ᠤᠨ ᠰᠠᠯᠠᠭ᠎ᠠ ᠮᠥᠴᠢᠷ ᠨᠢ ᠡᠯ᠎ᠡ ᠰᠤᠮᠤ ᠪᠠᠯᠭᠠᠰᠤ ᠶᠢᠨ ᠲᠥᠷᠥᠯ ᠵᠦᠢᠯ ᠢ ᠠᠬᠢᠭᠤᠯᠬᠤ ᠠᠵᠢᠯ ᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠂ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠣᠶ ᠰᠢᠭᠤᠢ ᠵᠢᠮᠢᠰ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠤᠨ ᠲᠣᠭᠲᠠᠴᠠ ᠶᠢ ᠲᠣᠭᠲᠠᠭᠠᠬᠤ ᠬᠡᠷᠡᠭᠲᠡᠢ᠃ᠡᠭᠦᠨ ᠤ ᠬᠠᠮᠲᠤ ᠭᠠᠴᠠᠭ᠎ᠠ᠂ ᠲᠣᠰᠬᠤᠨ ᠳᠤ ᠰᠠᠭᠤᠬᠤ ᠠᠵᠢᠯᠯᠠᠬᠤ ᠠᠩᠭᠢ᠂ ᠠᠵᠤ ᠦᠢᠯᠡᠰ ᠤᠨ ᠵᠢᠭᠠᠨ ᠵᠢᠯᠣᠭᠤᠳᠤᠭᠴᠢ ᠵᠢᠴᠢ ᠨᠡᠶᠢᠭᠡᠮ ᠤᠨ ᠬᠦᠴᠦᠨ ᠢ ᠵᠢᠯᠣᠭᠤᠳᠤᠨ ᠲᠣᠰ ᠠᠵᠢᠯ ᠳᠤ ᠬᠠᠮᠲᠤᠪᠠᠷ ᠣᠷᠣᠯᠴᠠᠭᠤᠯᠤᠨ᠎ᠠ᠃   ︵ᠬᠤᠶᠠᠷ︶ ᠲᠥᠷᠥᠯ ᠵᠦᠢᠯ ᠢ ᠰᠢᠨᠵᠢᠯᠡᠬᠦ ᠤᠬᠠᠭᠠᠨᠴᠢ ᠪᠠᠷ ᠰᠣᠩᠭᠤᠨ᠎ᠠ᠃ ᠨᠠᠷᠢᠨ ᠬᠢᠨᠠᠮᠠᠭᠠᠢ ᠲᠥᠯᠥᠪᠵᠢᠭᠦᠯᠵᠦ᠂ ᠲᠤᠰ ᠭᠠᠵᠠᠷ ᠣᠷᠣᠨ ᠤ ᠬᠥᠭᠵᠢᠯᠲᠡ ᠳᠤ ᠲᠣᠬᠢᠷᠠᠬᠤ ᠲᠦᠷᠦᠯ ᠵᠦᠢᠯ ᠤᠨ ᠠᠭᠤᠯᠭ᠎ᠠ ᠶᠢ ᠰᠣᠩᠭᠤᠵᠤ᠂ ᠳᠣᠲᠣᠭᠠᠳᠤ ᠶᠢᠨ ᠬᠥᠳᠡᠯᠭᠡᠭᠦ ᠬᠦᠴᠦᠨ ᠢ ᠬᠥᠭᠵᠢᠭᠡᠵᠦ᠂ ᠥᠪᠡᠷ ᠢ ᠪᠠᠨ ᠬᠥᠭᠵᠢᠭᠦᠯᠬᠦ ᠢᠲᠡᠭᠡᠯ ᠢ ᠨᠡᠮᠡᠭᠳᠡᠭᠦᠯᠬᠦ ᠬᠡᠷᠡᠭᠲᠡᠢ᠃   ︵ᠭᠤᠷᠪᠠ︶ ᠵᠢᠱᠢᠶ᠎ᠡ ᠦᠵᠡᠭᠦᠯᠦᠨ ᠬᠥᠲᠥᠯᠥᠨ ᠵᠢᠯᠤᠭᠤᠳᠬᠤ ᠶᠢ ᠰᠠᠶᠢᠲᠤᠷ ᠠᠳᠬᠤᠨ᠎ᠠ᠃ ᠬᠠᠭᠤᠯᠪᠤᠷᠢᠯᠠᠵᠤ ᠪᠣᠯᠬᠤ ᠳᠡᠯᠭᠡᠷᠡᠭᠦᠯᠵᠦ ᠪᠣᠯᠬᠤ ᠠᠮᠵᠢᠯᠲᠠ ᠲᠠᠢ ᠲᠤᠷᠰᠢᠯᠭ᠎ᠠ ᠶᠢ ᠢᠳᠡᠪᠬᠢᠲᠡᠢ ᠪᠠᠷ ᠳ᠋ᠦᠩᠨᠡᠵᠦ᠂ ᠲᠥᠷᠥᠯ ᠵᠦᠢᠯ ᠤᠨ ᠨᠠᠩ ᠶᠡᠭᠡ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ᠃   ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2023 ᠣᠨ ᠤ ᠠᠵᠢᠯ ᠣᠯᠭᠤᠯᠲᠠ ᠪᠠᠷ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠲᠥᠷᠥᠯ ᠵᠦᠢᠯ ᠤᠨ ᠬᠡᠷᠡᠭᠵᠢᠭᠦᠯᠬᠦ ᠲᠥᠰᠥᠯ    ᠬᠢᠩᠭᠠᠨ ᠠᠶᠢᠮᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠮᠠᠯᠯᠠᠨ ᠲᠠᠷᠬᠠᠭᠠᠭᠰᠠᠨ ︽ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠮᠠᠯᠴᠢᠨ ᠲᠠᠷᠢᠶᠠᠴᠢᠨ ᠤ ᠣᠷᠣᠯᠭ᠎ᠠ ᠶᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠬᠤ ᠲᠤᠬᠠᠢ ᠵᠢᠯᠤᠭᠤᠳᠬᠤ ᠰᠠᠨᠠᠯ︾᠎ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ ᠶᠢ ᠳᠡᠮᠵᠢᠬᠦ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠶᠠᠳᠠᠭᠤ ᠎ ᠠᠴᠠ ᠠᠩᠭᠢᠵᠢᠷᠠᠭᠰᠠᠨ ᠬᠥᠮᠥᠨ ᠠᠮᠠ ᠵᠢᠴᠢ ᠬᠥᠮᠥᠨ ᠠᠮᠠ ᠶᠢᠨ ᠠᠵᠢᠯ ᠬᠥᠳᠡᠯᠮᠦᠷᠢ ᠬᠢᠵᠦ ᠠᠵᠢᠯ ᠣᠯᠬᠤ ᠶᠢ ᠬᠢᠨᠠᠨ ᠬᠡᠮᠵᠢᠬᠦ ᠳᠤ ᠬᠦᠴᠦᠨ ᠨᠡᠮᠡᠷᠢᠯᠡᠵᠦ᠂ ᠭᠡᠷ ᠪᠦᠯᠢ ᠶᠢᠨ ᠣᠷᠣᠯᠭ᠎ᠠ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ᠂ ᠡᠳᠦᠭᠡ ᠮᠠᠨ ᠤ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠲᠥᠰᠥᠯ ᠢ ᠣᠨᠴᠠᠭᠠᠶᠢᠯᠠᠨ ᠲᠣᠭᠲᠠᠭᠠᠪᠠ᠃   ᠨᠢᠭᠡ᠂ ᠶᠡᠷᠦᠩᠬᠡᠢ ᠰᠡᠳᠬᠢᠴᠡ   ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠲᠥᠪ ᠬᠤᠷᠢᠶ᠎ᠠ ᠶᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ ᠠᠵᠢᠯ ᠤᠨ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ᠂ ᠶᠠᠳᠠᠭᠤ  ᠎ ᠠᠴᠠ ᠠᠩᠭᠢᠵᠢᠷᠠᠭᠰᠠᠨ ᠬᠥᠮᠥᠨ ᠠᠮᠠ ᠶᠢ ᠬᠢᠨᠠᠨ ᠰᠢᠯᠭᠠᠬᠤ᠂ ᠬᠥᠮᠥᠨ ᠠᠮᠠ ᠶᠢᠨ ᠠᠵᠢᠯ ᠣᠯᠭᠤᠯᠲᠠ ᠶᠢ ᠬᠠᠪᠰᠤᠷᠤᠨ ᠲᠡᠳᠬᠦᠬᠦ ᠶᠢ ᠦᠷᠭᠦᠯᠵᠢᠯᠡᠨ ᠰᠠᠶᠢᠲᠤᠷ ᠬᠢᠵᠦ᠂ ᠶᠠᠳᠠᠭᠤ ᠎ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠮᠠᠨ ᠤ ᠬᠤᠰᠢᠭᠤᠨ ᠤ ᠠᠵᠢᠯ ᠣᠯᠭᠤᠯᠲᠠ ᠶᠢ ᠶᠡᠷᠦᠩᠬᠡᠢ ᠎ ᠳᠤᠨᠢ ᠲᠣᠭᠲᠠᠭᠤᠨ ᠪᠠᠶᠢᠯᠭᠠᠬᠤ ᠬᠠᠷᠠᠯᠲᠠ ᠶᠢ ᠢᠳᠡᠪᠬᠢᠲᠡᠢ ᠠᠬᠢᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃   ᠬᠤᠶᠠᠷ᠂ ᠦᠨᠳᠦᠰᠦᠨ ᠵᠠᠷᠴᠢᠮ   ︵ᠨᠢᠭᠡ︶ ᠣᠲᠣ ᠶᠢᠨ ᠪᠠᠶᠢᠭ᠎ᠠ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ᠎ᠠ᠃ ᠠᠵᠤ ᠠᠬᠤᠶᠢᠯᠠᠯ ᠢ ᠵᠣᠯᠭᠠᠭᠤᠯᠬᠤ ᠠᠵᠢᠯ ᠢ ᠰᠠᠶᠢᠲᠤᠷ ᠬᠢᠵᠦ᠂ ᠠᠵᠤ ᠠᠬᠤᠶᠢᠯᠠᠯ ᠤᠨ ᠲᠣᠭᠲᠠᠪᠤᠷᠢᠲᠠᠢ ᠠᠵᠢᠯ ᠤᠨ ᠪᠠᠶᠢᠷᠢ ᠶᠢᠨ ᠬᠠᠩᠭᠠᠯᠭ᠎ᠠ ᠬᠠᠩᠭᠠᠬᠤ ᠶᠢ ᠦᠨᠡᠨᠬᠦ ᠪᠠᠲᠤᠯᠠᠵᠤ᠂ ᠰᠢᠩᠭᠡᠬᠡᠨ ᠠᠪᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃   ︵ᠬᠤᠶᠠᠷ︶ ᠠᠵᠢᠯ ᠤᠨ ᠪᠠᠶᠢᠷᠢ ᠰᠣᠯᠢᠬᠤ ᠦᠢᠯᠡᠴᠢᠯᠡᠭᠡ ᠶᠢ ᠰᠠᠶᠢᠲᠤᠷ ᠬᠢᠨ᠎ᠡ᠃ ᠬᠢᠵᠢᠭ ᠠᠴᠠ ᠪᠣᠯᠵᠤ ᠠᠵᠢᠯ ᠵᠣᠭᠰᠣᠭᠰᠠᠨ᠂ ᠲᠦᠷ ᠴᠠᠭ ᠠᠵᠢᠯ ᠠᠯᠳᠠᠭᠰᠠᠳ ᠪᠠ ᠰᠠᠶᠢᠨ ᠳᠤᠷ᠎ᠠ ᠠᠴᠠ ᠪᠠᠨ ᠠᠵᠢᠯ ᠢᠶᠠᠨ ᠲᠣᠬᠢᠷᠠᠭᠤᠯᠤᠭᠰᠠᠳ ᠢ ᠴᠠᠭ ᠲᠤᠬᠠᠢ ᠳᠤᠨᠢ ᠲᠥᠪᠬᠢᠨᠡᠭᠦᠯᠵᠦ᠂ ᠠᠵᠢᠯ ᠣᠯᠭᠤᠬᠤ ᠠᠷᠭ᠎ᠠ ᠵᠠᠮ ᠢ ᠬᠠᠩᠭᠠᠬᠤ ᠬᠡᠷᠡᠭᠲᠡᠢ᠃   ︵ᠭᠤᠷᠪᠠ︶ ᠠᠵᠢᠯ ᠤᠨ ᠪᠠᠶᠢᠷᠢ ᠶᠢᠨ ᠬᠠᠩᠭᠠᠯᠭ᠎ᠠ ᠶᠢ ᠥᠷᠭᠡᠳᠬᠡᠨ᠎ᠡ᠃ ᠭᠠᠵᠠᠷ ᠣᠷᠣᠨ ᠤ ᠬᠤᠭᠤᠷᠣᠨᠳᠣᠬᠢ᠂ ᠠᠵᠤ ᠠᠬᠤᠶᠢᠯᠠᠯ ᠯᠤᠭ᠎ᠠ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠠᠵᠢᠯ ᠤᠨ ᠪᠠᠶᠢᠷᠢ ᠶᠢᠨ ᠬᠡᠷᠡᠭᠴᠡᠭᠡ ᠶᠢ ᠴᠢᠨᠠᠷ ᠰᠠᠶᠢᠲᠠᠢ᠂ ᠤᠯᠠᠨ ᠤᠳᠠᠭ᠎ᠠ ᠪᠠᠷ ᠲᠠᠨᠢᠯᠴᠠᠭᠤᠯᠵᠤ᠂ ᠳᠣᠲᠣᠭᠠᠳᠤ ᠶᠢᠨ ᠣᠶᠢᠷ᠎ᠠ ᠬᠠᠪᠢ ᠶᠢᠨ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠵᠦ᠂ ᠬᠥᠳᠡᠯᠮᠦᠷᠢ ᠦᠢᠯᠡᠴᠢᠯᠡᠭᠡ ᠶᠢ ᠵᠣᠯᠭᠠᠭᠤᠯᠬᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠶ᠎ᠡ᠃   ᠭᠤᠷᠪᠠ᠂ ᠲᠥᠷᠥᠯ ᠵᠦᠢᠯ ᠢ ᠬᠡᠷᠡᠭᠵᠢᠭᠦᠯᠬᠦ ᠭᠤᠣᠯ ᠴᠣᠭᠴᠠ   ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠪᠣᠯ ᠲᠥᠷᠥᠯ ᠵᠦᠢᠯ ᠢ ᠬᠡᠷᠡᠭᠵᠢᠭᠦᠯᠬᠦ ᠭᠤᠣᠯ ᠴᠣᠭᠴᠠ ᠮᠥᠨ᠂ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠢᠶᠠᠷ ᠬᠠᠮᠵᠢᠯᠴᠠᠬᠤ ᠨᠢᠭᠡᠴᠡ ᠪᠣᠯᠭᠠᠵᠤ᠂ ᠬᠤᠰᠢᠭᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ  ᠎ ᠠᠴᠠ ᠡᠯ᠎ᠡ ᠰᠤᠮᠤ ᠪᠠᠯᠭᠠᠰᠤ ᠶᠢ ᠵᠣᠬᠢᠶᠠᠨ ᠪᠠᠶᠢᠭᠤᠯᠵᠤ ᠲᠥᠷᠥᠯ ᠵᠦᠢᠯ ᠢ ᠬᠡᠷᠡᠭᠵᠢᠭᠦᠯᠦᠨ᠎ᠡ᠃   ᠳᠥᠷᠪᠡ᠂ ᠲᠥᠷᠥᠯ ᠵᠦᠢᠯ ᠢ ᠬᠡᠷᠡᠭᠵᠢᠭᠦᠯᠬᠦ   ︵ᠨᠢᠭᠡ︶ ᠲᠥᠷᠥᠯ ᠵᠦᠢᠯ ᠤᠨ ᠨᠡᠷᠡᠶᠢᠳᠦᠯ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2023 ᠣᠨ ᠤ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠬᠤ ᠲᠥᠷᠥᠯ ᠵᠦᠢᠯ᠃   ︵  ᠬᠤᠶᠠᠷ︶ ᠲᠥᠷᠥᠯ ᠵᠦᠢᠯ ᠤᠨ ᠲᠥᠷᠥᠯ ᠢᠯᠭᠠᠯ ᠵᠢᠴᠢ ᠪᠦᠲᠦᠭᠡᠨ ᠪᠠᠶᠢᠭᠤᠯᠤᠯᠲᠠ ᠶᠢᠨ ᠰᠢᠨᠵᠢ ᠴᠢᠨᠠᠷ᠄ ᠲᠥᠷᠥᠯ ᠵᠦᠢᠯ ᠨᠢ ᠮᠠᠯᠵᠢᠬᠤ ᠲᠠᠷᠢᠶᠠᠯᠠᠬᠤ ᠣᠷᠣᠨ ᠤ ᠠᠵᠢᠯ ᠣᠯᠭᠤᠯᠲᠠ ᠶᠢᠨ ᠲᠥᠷᠥᠯ ᠤᠨ ᠰᠢᠨ᠎ᠡ ᠪᠠᠷ ᠪᠠᠶᠢᠭᠤᠯᠬᠤ ᠲᠥᠷᠥᠯ ᠵᠦᠢᠯ ᠪᠣᠯᠣᠨ᠎ᠠ᠃   ︵ᠭᠤᠷᠪᠠ︶ ᠪᠦᠲᠦᠭᠡᠨ ᠪᠠᠶᠢᠭᠤᠯᠬᠤ ᠭᠠᠵᠠᠷ᠄ ᠪᠥᠬᠦ ᠬᠤᠰᠢᠭᠤᠨ ᠤ 12 ᠰᠤᠮᠤ ᠪᠠᠯᠭᠠᠰᠤ᠃   ︵ᠳᠥᠷᠪᠡ︶ ᠬᠠᠷᠢᠭᠤᠴᠠᠯᠭᠠᠲᠤ ᠨᠢᠭᠡᠴᠡ ᠵᠢᠴᠢ ᠬᠢᠨᠠᠨ ᠬᠠᠮᠢᠶᠠᠷᠬᠤ ᠨᠢᠭᠡᠴᠡ᠄ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠬᠠᠷᠢᠭᠤᠴᠠᠨ ᠶᠠᠪᠤᠭᠳᠠᠭᠤᠯᠵᠤ᠂ ᠡᠯ᠎ᠡ ᠬᠠᠮᠢᠶ᠎ᠠ ᠪᠦᠬᠦᠢ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠲᠠᠢ ᠬᠠᠮᠵᠢᠯᠴᠠᠨ ᠲᠥᠷᠥᠯ ᠵᠦᠢᠯ ᠢ ᠨᠠᠶᠢᠳᠠᠪᠤᠷᠢᠵᠢᠭᠤᠯᠤᠨ᠎ᠠ᠃   ︵ᠲᠠᠪᠤ︶ ᠠᠬᠢᠴᠠ ᠶᠢᠨ ᠲᠣᠬᠢᠷᠠᠭᠤᠯᠤᠯᠲᠠ   1. ᠡᠮᠦᠨᠡᠬᠢ ᠬᠤᠭᠤᠴᠠᠭᠠᠨ ᠤ ᠪᠡᠯᠡᠳᠬᠡᠯ᠄ 2023 ᠣᠨ ᠤ 2 ᠰᠠᠷ᠎ᠠ ᠳᠤ ᠲᠥᠷᠥᠯ ᠵᠦᠢᠯ ᠤᠨ ᠬᠡᠷᠡᠭᠵᠢᠭᠦᠯᠬᠦ ᠲᠥᠰᠥᠯ ᠢ ᠨᠠᠶᠢᠷᠠᠭᠤᠯᠤᠨ ᠵᠣᠬᠢᠶᠠᠬᠤ ᠶᠢ ᠪᠡᠶᠡᠯᠡᠭᠦᠯᠦᠨ᠎ᠡ︔   2. ᠲᠥᠷᠥᠯ ᠵᠦᠢᠯ ᠢ ᠬᠡᠷᠡᠭᠵᠢᠭᠦᠯᠬᠦ᠄ 2023 ᠣᠨ ᠤ 3 ᠳ᠋ᠤᠭᠠᠷ ᠰᠠᠷ᠎ᠠ ᠎ ᠠᠴᠠ 12 ᠳ᠋ᠤᠭᠠᠷ ᠰᠠᠷ᠎ᠠ ᠪᠣᠯᠲᠠᠯᠠᠬᠢ ᠬᠤᠭᠤᠴᠠᠭ᠎ᠠ ᠶᠢ ᠲᠥᠷᠥᠯ ᠵᠦᠢᠯ ᠢ ᠬᠡᠷᠡᠭᠵᠢᠭᠦᠯᠬᠦ ᠱᠠᠲᠤ ᠦᠶ᠎ᠡ ᠪᠣᠯᠭᠠᠨ᠎ᠠ︔   3. ᠲᠥᠷᠥᠯ ᠵᠦᠢᠯ ᠢ ᠰᠢᠯᠭᠠᠨ ᠠᠪᠬᠤ᠄ 2023 ᠣᠨ ᠤ 12 ᠳ᠋ᠤᠭᠠᠷ ᠰᠠᠷ᠎ᠠ ᠳᠤ ᠲᠥᠷᠥᠯ ᠵᠦᠢᠯ ᠢ ᠰᠢᠯᠭᠠᠨ ᠠᠪᠬᠤ ᠪᠠ ᠨᠥᠬᠦᠪᠦᠷᠢ ᠣᠯᠭᠤᠬᠤ ᠶᠢ ᠪᠡᠶᠡᠯᠡᠭᠦᠯᠦᠨ᠎ᠡ᠃   ︵ᠳᠣᠯᠤᠭ᠎ᠠ︶ ᠪᠡᠯᠡ ᠮᠥᠩᠭᠦ ᠶᠢᠨ ᠣᠷᠣᠭᠤᠯᠤᠯᠲᠠ᠄ ᠲᠥᠷᠥᠯ ᠵᠦᠢᠯ ᠤᠨ ᠶᠡᠷᠦᠩᠬᠡᠢ ᠣᠷᠣᠭᠤᠯᠤᠯᠲᠠ 300 ᠲᠦᠮᠡᠨ ᠲᠥᠭᠦᠷᠢᠭ᠃        ︵ᠨᠠᠢᠮᠠ︶ ᠪᠡᠯᠡ ᠮᠥᠩᠭᠦ ᠶᠢᠨ ᠢᠷᠡᠯᠲᠡ᠄ ᠭᠤᠣᠯᠳᠠᠭᠤ 2023 ᠣᠨ ᠤ ᠵᠣᠯᠭᠠᠭᠤᠯᠬᠤ ᠪᠡᠯᠡ ᠮᠥᠩᠭᠦ᠂ ᠵᠡᠭᠦᠨ ᠪᠠᠷᠠᠭᠤᠨ ᠣᠷᠣᠨ ᠤ ᠬᠠᠮᠵᠢᠯᠴᠠᠬᠤ ᠪᠡᠯᠡ ᠮᠥᠩᠭᠦ ᠵᠢᠴᠢ ᠬᠤᠰᠢᠭᠤ ᠰᠢᠶᠠᠨ ᠤ ᠢᠵᠢ ᠪᠦᠷᠢᠳᠦᠭᠦᠯᠬᠦ ᠪᠤᠰᠤᠳ ᠪᠡᠯᠡ ᠮᠥᠩᠭᠦ ᠪᠣᠯᠣᠨ᠎ᠠ᠃   ︵ᠶᠢᠰᠦ︶ ᠵᠣᠬᠢᠶᠠᠨ ᠪᠠᠶᠢᠭᠤᠯᠵᠤ ᠬᠡᠷᠡᠭᠵᠢᠭᠦᠯᠬᠦ   1. ᠨᠥᠬᠦᠪᠦᠷᠢ ᠥᠭᠬᠦ ᠪᠠᠷᠢᠮᠵᠢᠶ᠎ᠠ   ᠵᠠᠮ ᠬᠠᠷᠢᠯᠴᠠᠭᠠᠨ ᠤ ᠨᠥᠬᠦᠪᠦᠷᠢ᠃ ᠬᠢᠩᠭᠠᠨ ᠠᠶᠢᠮᠠᠭ ᠤᠨ ᠡᠷᠦᠬᠡ ᠠᠮᠠ ᠶᠢᠨ ᠲᠠᠩᠰᠠ ᠲᠠᠢ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠲᠤᠬᠠᠢ ᠶᠢᠨ ᠭᠠᠵᠠᠷ ᠲᠠᠭᠠᠨ ᠣᠶᠢᠷ᠎ᠠ ᠬᠠᠪᠢ ᠳᠠᠭᠠᠨ᠂ ᠠᠶᠢᠮᠠᠭ ᠬᠤᠲᠠ ᠠᠯᠤᠰᠯᠠᠨ᠂ ᠮᠤᠵᠢ ᠠᠯᠤᠰᠯᠠᠨ ᠠᠵᠢᠯ ᠬᠢᠵᠦ ᠠᠵᠢᠯ ᠣᠯᠬᠤ ᠳᠤ᠂ ᠣᠨ ᠤ ᠠᠵᠢᠯ ᠣᠯᠬᠤ ᠴᠠᠭ ᠨᠢ ᠨᠡᠶᠢᠯᠡᠭᠡᠳ 3 ᠰᠠᠷ᠎ᠠ ᠪᠤᠶᠤ 3 ᠰᠠᠷ᠎ᠠ ᠎ ᠠᠴᠠ ᠳᠡᠭᠡᠭᠰᠢ ᠪᠣᠯᠤᠭᠰᠠᠨ ᠮᠥᠷᠲᠡᠭᠡᠨ ᠲᠣᠭᠲᠠᠭᠰᠠᠨ ᠬᠥᠳᠡᠯᠮᠦᠷᠢ ᠶᠢᠨ ᠭᠡᠷ᠎ᠡ ᠪᠤᠶᠤ ᠠᠵᠢᠯ ᠣᠯᠬᠤ ᠬᠡᠯᠡᠯᠴᠡᠭᠡᠷ᠂ ᠴᠠᠯᠢᠩ ᠤᠨ ᠭᠡᠷᠡᠴᠢ ᠪᠠᠨ ᠱᠠᠭᠠᠷᠳᠠᠯᠭ᠎ᠠ ᠶᠣᠰᠣᠭᠠᠷ ᠬᠠᠩᠭᠠᠵᠤ ᠳᠡᠶᠢᠯᠪᠡᠯ᠂ ᠠᠵᠢᠯ ᠣᠯᠣᠭᠰᠠᠨ ᠭᠠᠵᠠᠷ ᠣᠷᠣᠨ ᠢᠶᠠᠷ ᠨᠢ ᠵᠠᠮ ᠬᠠᠷᠢᠯᠴᠠᠭᠠᠨ ᠤ ᠨᠥᠬᠦᠪᠦᠷᠢ ᠣᠯᠭᠤᠨ᠎ᠠ᠂ ᠪᠠᠷᠢᠮᠵᠢᠶ᠎ᠠ ᠨᠢ ᠠᠶᠢᠮᠠᠭ ᠤᠨ ᠳᠣᠲᠣᠷᠠᠬᠢ ᠠᠵᠢᠯ ᠬᠢᠵᠦ ᠶᠠᠳᠠᠭᠤ ᠎ ᠠᠴᠠ ᠠᠩᠭᠢᠵᠢᠷᠠᠭᠰᠠᠨ ᠬᠥᠮᠥᠨ ᠠᠮᠠ 400 ᠲᠥᠭᠦᠷᠢᠭ ᠪᠣᠯᠣᠨ᠎ᠠ︔ᠠᠶᠢᠮᠠᠭ ᠤᠨ ᠭᠠᠳᠠᠨ᠎ᠠ ᠬᠥᠯᠥᠰᠦᠨ ᠠᠵᠢᠯ ᠬᠢᠵᠦ ᠶᠠᠳᠠᠭᠤ ᠎ ᠠᠴᠠ ᠠᠩᠭᠢᠵᠢᠷᠠᠭᠰᠠᠨ ᠬᠥᠮᠥᠨ ᠠᠮᠠ 800 ᠲᠥᠭᠦᠷᠢᠭ︔ᠵᠠᠮ ᠬᠠᠷᠢᠯᠴᠠᠭᠠᠨ ᠤ ᠨᠥᠬᠦᠪᠦᠷᠢ ᠶᠢ ᠰᠢᠯᠵᠢᠭᠦᠯᠬᠦ ᠴᠢᠨᠠᠷᠲᠠᠢ ᠣᠷᠣᠯᠭ᠎ᠠ ᠶᠢᠨ ᠬᠡᠪᠴᠢᠶᠡᠨ ᠳᠤ ᠣᠷᠣᠭᠤᠯᠵᠤ᠂ ᠬᠥᠮᠥᠨ ᠪᠦᠷᠢ ᠶᠢᠨ ᠵᠢᠯ ᠳᠤ ᠨᠢᠭᠡ ᠯᠡ ᠤᠳᠠᠭ᠎ᠠ ᠨᠥᠬᠦᠪᠦᠷᠢᠯᠡᠵᠦ ᠪᠣᠯᠣᠨ᠎ᠠ᠃   ᠠᠵᠢᠯ ᠣᠯᠭᠤᠯᠲᠠ ᠶᠢᠨ ᠪᠣᠯᠪᠠᠰᠤᠷᠠᠭᠤᠯᠤᠯ ᠤᠨ ᠱᠠᠩᠨᠠᠯ ᠨᠥᠬᠦᠪᠦᠷᠢ᠃ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ᠰᠠᠭᠤᠷᠢᠨ ᠭᠠᠵᠠᠷ᠂ ᠪᠣᠯᠪᠠᠰᠤᠷᠠᠭᠤᠯᠤᠯ ᠤᠨ ᠪᠠᠶᠢᠭᠤᠯᠤᠮᠵᠢ ᠨᠢ ᠵᠣᠬᠢᠶᠠᠨ ᠪᠠᠶᠢᠭᠤᠯᠤᠯᠲᠠ ᠲᠠᠢ ᠪᠠᠷ ᠰᠢᠯᠵᠢᠭᠦᠯᠦᠨ ᠠᠵᠢᠯ ᠣᠯᠭᠤᠬᠤ ᠪᠠᠷ ᠵᠣᠷᠢᠯᠭ᠎ᠠ ᠪᠣᠯᠭᠠᠭᠰᠠᠨ ᠬᠥᠳᠡᠯᠮᠦᠷᠢ ᠶᠢᠨ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠤᠨ ᠪᠣᠯᠪᠠᠰᠤᠷᠠᠭᠤᠯᠤᠯ ᠳᠤ ᠵᠣᠬᠢᠬᠤ ᠱᠠᠩᠨᠠᠯ ᠨᠥᠬᠦᠪᠦᠷᠢ ᠣᠯᠭᠤᠨ᠎ᠠ᠃ᠪᠣᠯᠪᠠᠰᠤᠷᠠᠭᠤᠯᠤᠯ ᠳᠤ ᠬᠢᠷᠢ ᠲᠡᠩᠴᠡᠭᠰᠡᠨ ᠤ ᠳᠠᠷᠠᠭ᠎ᠠ 3 ᠰᠠᠷ᠎ᠠ ᠎ ᠠᠴᠠ ᠳᠡᠭᠡᠭᠰᠢ ᠲᠣᠭᠲᠠᠪᠤᠷᠢᠲᠠᠢ ᠠᠵᠢᠯ ᠣᠯᠣᠭᠰᠠᠨ ᠪᠠᠶᠢᠪᠠᠯ᠂ ᠬᠥᠮᠥᠨ ᠪᠦᠷᠢ ᠳᠤ 3000 ᠲᠥᠭᠦᠷᠢᠭ ᠤᠨ ᠪᠠᠷᠢᠮᠵᠢᠶ᠎ᠠ ᠪᠠᠷ ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ᠰᠠᠭᠤᠷᠢᠨ ᠭᠠᠵᠠᠷ ᠵᠢᠴᠢ ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠱᠠᠩᠨᠠᠨ ᠨᠥᠬᠦᠪᠦᠷᠢᠯᠡᠵᠦ᠂ ᠬᠥᠮᠥᠨ ᠪᠦᠷᠢ ᠳᠤ ᠵᠢᠯ ᠪᠦᠷᠢ ᠨᠢᠭᠡ ᠯᠡ ᠤᠳᠠᠭ᠎ᠠ ᠨᠥᠬᠦᠪᠦᠷᠢ ᠥᠭᠴᠦ ᠪᠣᠯᠣᠨ᠎ᠠ᠃   ᠰᠢᠯᠵᠢᠭᠦᠯᠦᠨ ᠠᠵᠢᠯ ᠣᠯᠭᠤᠬᠤ ᠦᠢᠯᠡᠴᠢᠯᠡᠭᠡᠨ ᠤ ᠱᠠᠩᠨᠠᠯ ᠨᠥᠬᠦᠪᠦᠷᠢ ᠶᠢ ᠣᠯᠭᠤᠨ᠎ᠠ᠃ ᠬᠥᠳᠡᠯᠮᠦᠷᠢᠯᠡᠬᠦ ᠴᠢᠳᠠᠪᠤᠷᠢ ᠲᠠᠢ ᠲᠠᠩᠰᠠ ᠡᠪᠬᠡᠮᠡᠯ ᠪᠠᠶᠢᠭᠤᠯᠤᠨ ᠺᠠᠷᠲᠯᠠᠨ ᠶᠠᠳᠠᠭᠤ ᠎ ᠠᠴᠠ ᠠᠩᠭᠢᠵᠢᠷᠠᠭᠤᠯᠤᠭᠰᠠᠨ ᠡᠷᠦᠬᠡ᠂ ᠬᠢᠨᠠᠨ ᠰᠢᠯᠭᠠᠬᠤ ᠡᠷᠦᠬᠡ ᠶᠢ ᠬᠠᠪᠰᠤᠷᠤᠨ ᠬᠥᠳᠡᠯᠮᠦᠷᠢ ᠦᠢᠯᠡᠴᠢᠯᠡᠭᠡᠨ ᠤ ᠭᠠᠷᠭᠠᠯᠭ᠎ᠠ ᠶᠢ ᠵᠣᠬᠢᠶᠠᠨ ᠪᠠᠶᠢᠭᠤᠯᠵᠤ᠂ ᠬᠥᠳᠡᠯᠮᠦᠷᠢ ᠶᠢᠨ ᠭᠡᠷ᠎ᠡ ᠪᠤᠶᠤ ᠠᠵᠢᠯ ᠣᠯᠭᠤᠬᠤ ᠵᠥᠪᠯᠡᠯᠴᠡᠭᠡᠷ ᠲᠣᠭᠲᠠᠵᠤ᠂ 3 ᠰᠠᠷ᠎ᠠ ᠵᠢᠴᠢ 3 ᠰᠠᠷ᠎ᠠ ᠎ ᠠᠴᠠ ᠳᠡᠭᠡᠭᠰᠢ ᠲᠣᠭᠲᠠᠪᠤᠷᠢᠲᠠᠢ ᠠᠵᠢᠯ ᠣᠯᠬᠤ ᠶᠢ ᠪᠡᠶᠡᠯᠡᠭᠦᠯᠦᠭᠰᠡᠨ ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ᠰᠠᠭᠤᠷᠢᠨ ᠭᠠᠵᠠᠷ ᠵᠡᠷᠭᠡ ᠬᠠᠮᠢᠶ᠎ᠠ ᠪᠦᠬᠦᠢ ᠪᠠᠶᠢᠭᠤᠯᠤᠮᠵᠢ ᠳᠤ ᠨᠢᠭᠡ ᠤᠳᠠᠭ᠎ᠠ ᠶᠢᠨ ᠴᠢᠨᠠᠷᠲᠠᠢ ᠠᠵᠢᠯ ᠲᠠᠨᠢᠯᠴᠠᠭᠤᠯᠬᠤ ᠱᠠᠩᠨᠠᠯ ᠨᠥᠬᠦᠪᠦᠷᠢ ᠣᠯᠭᠤᠵᠤ᠂ ᠰᠢᠯᠵᠢᠭᠦᠯᠦᠨ ᠠᠵᠢᠯ ᠣᠯᠭᠤᠬᠤ ᠦᠢᠯᠡᠴᠢᠯᠡᠭᠡᠨ ᠤ ᠨᠥᠬᠦᠪᠦᠷᠢ ᠬᠥᠮᠥᠨ ᠪᠦᠷᠢ ᠤᠳᠠᠭ᠎ᠠ ᠳᠤ 300 ᠲᠥᠭᠦᠷᠢᠭ ᠥᠭᠴᠦ᠂ ᠬᠥᠮᠥᠨ ᠪᠦᠷᠢ ᠵᠢᠯ ᠳᠤ ᠨᠢᠭᠡ ᠤᠳᠠᠭ᠎ᠠ ᠨᠥᠬᠦᠪᠦᠷᠢᠯᠡᠨ᠎ᠡ᠃   2. ᠨᠥᠬᠦᠪᠦᠷᠢ ᠥᠭᠬᠦ ᠬᠡᠪᠴᠢᠶ᠎ᠡ   ᠵᠠᠮ ᠬᠠᠷᠢᠯᠴᠠᠭᠠᠨ ᠤ ᠨᠥᠬᠦᠪᠦᠷᠢ ᠪᠣᠯᠣᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠬᠥᠳᠡᠯᠮᠦᠷᠢ ᠬᠢᠬᠦ ᠨᠥᠬᠦᠪᠦᠷᠢ᠃ ᠨᠢᠭᠡ ᠳᠤ ᠬᠢᠩᠭᠠᠨ ᠠᠶᠢᠮᠠᠭ ᠤᠨ ᠡᠷᠦᠬᠡ ᠠᠮᠠ ᠶᠢᠨ ᠲᠠᠩᠰᠠ︔ ᠬᠤᠶᠠᠷ ᠲᠤ ᠵᠢᠯ ᠳᠤ ᠵᠣᠬᠢᠶᠠᠨ ᠪᠠᠶᠢᠭᠤᠯᠤᠯᠲᠠ ᠲᠠᠢ ᠪᠠᠷ ᠰᠢᠯᠵᠢᠭᠦᠯᠦᠨ ᠠᠵᠢᠯ ᠣᠯᠭᠤᠭᠰᠠᠨ ᠲᠤᠭ᠎ᠠ ᠬᠡᠮᠵᠢᠶ᠎ᠡ ᠨᠢ ᠨᠡᠶᠢᠲᠡ ᠭᠤᠷᠪᠠᠨ ᠰᠠᠷ᠎ᠠ ᠪᠤᠶᠤ ᠭᠤᠷᠪᠠᠨ ᠰᠠᠷ᠎ᠠ ᠠᠴᠠ ᠳᠡᠭᠡᠭᠰᠢ ᠪᠠᠶᠢᠬᠤ︔ᠭᠤᠷᠪᠠ ᠳᠤ ᠪᠡᠶ᠎ᠡ ᠮᠠᠬᠠᠪᠤᠳ ᠡᠷᠡᠭᠦᠯ ᠴᠢᠭᠢᠷᠠᠭ᠂ ᠬᠥᠳᠡᠯᠮᠦᠷᠢᠯᠡᠬᠦ ᠴᠢᠳᠠᠪᠤᠷᠢ ᠲᠠᠢ︔ ᠳᠥᠷᠪᠡ ᠳᠤ᠂ ᠶᠠᠳᠠᠭᠤ ᠠᠴᠠ ᠠᠩᠭᠢᠵᠢᠷᠠᠭᠤᠯᠬᠤ ᠬᠥᠮᠥᠨ ᠠᠮᠠ ᠵᠢᠴᠢ ᠬᠢᠨᠠᠨ ᠰᠢᠯᠭᠠᠬᠤ ᠬᠥᠮᠥᠨ ᠠᠮᠠ᠃ ᠲᠠᠪᠤ ᠳᠤ ᠠᠳᠠᠯᠢ ᠨᠢᠭᠡ ᠬᠥᠮᠥᠨ ᠬᠤᠶᠠᠷ ᠵᠦᠢᠯ ᠤᠨ ᠨᠥᠬᠦᠪᠦᠷᠢ ᠶᠢ ᠵᠡᠷᠭᠡ ᠪᠠᠷ ᠡᠳ᠋ᠯᠡᠵᠦ ᠪᠣᠯᠣᠨ᠎ᠠ᠃ ᠵᠢᠷᠭᠤᠭ᠎ᠠ ᠳᠤ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ ᠬᠥᠮᠥᠰ ᠢ ᠲᠥᠪᠬᠢᠨᠡᠭᠦᠯᠬᠦ ᠳᠤ ᠵᠠᠮ ᠬᠠᠷᠢᠯᠴᠠᠭᠠᠨ ᠤ ᠨᠥᠬᠦᠪᠦᠷᠢ ᠪᠠ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ ᠨᠥᠬᠦᠪᠦᠷᠢ ᠣᠯᠭᠤᠬᠤ‌‍ᠲ᠋ᠣᠯᠤᠭ᠎ᠠ ᠳᠤ 2023 ᠣᠨ ᠤ ᠠᠶᠢᠮᠠᠭ ᠤᠨ ᠲᠠᠰ ᠤᠨ ᠪᠡᠭᠡᠵᠢᠩ ᠥᠪᠥᠷ ᠮᠣᠩᠭᠤᠯ ᠤᠨ ᠵᠠᠮ ᠬᠠᠷᠢᠯᠴᠠᠭᠠᠨ ᠤ ᠨᠥᠬᠦᠪᠦᠷᠢ ᠪᠠ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠬᠥᠳᠡᠯᠮᠦᠷᠢ ᠬᠢᠬᠦ ᠨᠥᠬᠦᠪᠦᠷᠢ ᠶᠢ ᠬᠦᠷᠲᠡᠭᠰᠡᠳ ᠲᠤ ᠳᠠᠭᠢᠵᠤ ᠳᠠᠪᠬᠤᠷᠳᠠᠭᠤᠯᠤᠨ ᠣᠯᠭᠤᠬᠤ ᠦᠭᠡᠢ᠃   ᠠᠵᠢᠯ ᠣᠯᠭᠤᠬᠤ ᠪᠣᠯᠪᠠᠰᠤᠷᠠᠭᠤᠯᠤᠯ ᠤᠨ ᠱᠠᠩᠨᠠᠵᠤ ᠨᠥᠬᠦᠪᠦᠷᠢᠯᠡᠬᠦ ᠪᠠ ᠰᠢᠯᠵᠢᠭᠦᠯᠦᠨ ᠠᠵᠢᠯ ᠣᠯᠭᠤᠬᠤ ᠦᠢᠯᠡᠴᠢᠯᠡᠭᠡᠨ ᠤ ᠱᠠᠩᠨᠠᠵᠤ ᠨᠥᠬᠦᠪᠦᠷᠢᠯᠡᠨ᠎ᠡ᠃ ᠨᠢᠭᠡ ᠳᠤ ᠬᠢᠩᠭᠠᠨ ᠠᠶᠢᠮᠠᠭ ᠤᠨ ᠳᠣᠲᠣᠷᠠᠬᠢ ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ᠰᠠᠭᠤᠷᠢᠨ ᠭᠠᠵᠠᠷ᠂ ᠪᠣᠯᠪᠠᠰᠤᠷᠠᠭᠤᠯᠤᠯ ᠤᠨ ᠰᠤᠷᠭᠠᠭᠤᠯᠢ ᠵᠡᠷᠭᠡ ᠬᠢᠷᠢ ᠬᠡᠮ ᠲᠠᠢ ᠬᠠᠮᠢᠶ᠎ᠠ ᠪᠦᠬᠦᠢ ᠪᠠᠶᠢᠭᠤᠯᠤᠮᠵᠢ︔ ᠬᠤᠶᠠᠷ ᠲᠤ ᠠᠳᠠᠯᠢ ᠨᠢᠭᠡᠨ ᠪᠠᠶᠢᠭᠤᠯᠤᠮᠵᠢ ᠨᠢ ᠠᠳᠠᠯᠢ ᠨᠢᠭᠡᠨ ᠬᠥᠮᠥᠨ ᠠᠴᠠ ᠪᠣᠯᠵᠤ ᠬᠤᠶᠠᠷ ᠵᠦᠢᠯ ᠤᠨ ᠱᠠᠩᠨᠠᠯ ᠨᠥᠬᠦᠪᠦᠷᠢ ᠶᠢ ᠵᠡᠷᠭᠡ ᠪᠠᠷ ᠡᠳ᠋ᠯᠡᠵᠦ ᠪᠣᠯᠬᠤ ᠦᠭᠡᠢ;ᠭᠤᠷᠪᠠ ᠳᠤ ᠨᠢᠭᠡᠨᠲᠡ ᠠᠵᠢᠯ ᠣᠯᠵᠤ ᠪᠣᠯᠪᠠᠰᠤᠷᠠᠭᠤᠯᠤᠯ ᠳᠤ ᠣᠷᠣᠯᠴᠠᠭᠰᠠᠨ ᠪᠤᠶᠤ ᠬᠥᠳᠡᠯᠮᠦᠷᠢ ᠬᠦᠴᠦᠨ ᠤ ᠭᠠᠷᠭᠠᠯᠭ᠎ᠠ ᠳᠤ ᠣᠷᠣᠯᠴᠠᠭᠰᠠᠨ ᠪᠠᠶᠢᠪᠠᠯ ᠱᠠᠩᠨᠠᠵᠤ ᠨᠥᠬᠦᠪᠦᠷᠢ ᠥᠭᠬᠦ ᠦᠭᠡᠢ᠃    3. ᠬᠡᠷᠡᠭᠵᠢᠭᠦᠯᠬᠦ ᠠᠯᠬᠤᠮ ᠳᠠᠷᠠᠭ᠎ᠠ   ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠤᠨ ᠬᠢᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠡᠯ᠎ᠡ ᠰᠤᠮᠤ ᠪᠠᠯᠭᠠᠰᠤ᠂ ᠬᠠᠮᠵᠢᠨ ᠬᠠᠮᠢᠶᠠᠷᠤᠭᠴᠢ ᠶᠢ ᠵᠣᠬᠢᠶᠠᠨ ᠪᠠᠶᠢᠭᠤᠯᠵᠤ ᠲᠥᠰᠥᠯ ᠤᠨ ᠱᠠᠭᠠᠷᠳᠠᠯᠭ᠎ᠠ ᠶᠢ ᠦᠨᠳᠦᠰᠦᠯᠡᠨ ᠨᠥᠬᠦᠪᠦᠷᠢ ᠥᠭᠬᠦ ᠠᠭᠤᠯᠭ᠎ᠠ ᠶᠢ ᠦᠨᠳᠦᠰᠦᠯᠡᠵᠦ᠂ ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ ᠵᠢᠴᠢ ᠪᠡᠯᠡ ᠮᠥᠩᠭᠦ ᠰᠢᠯᠵᠢᠭᠦᠯᠦᠨ ᠥᠭᠬᠦ ᠴᠤᠪᠤᠷᠠᠯ ᠢ ᠲᠤᠰᠢᠶᠠᠨ᠎ᠠ᠃ ᠡᠭᠦᠨ ᠤ ᠬᠠᠮᠲᠤ ᠬᠠᠮᠢᠶ᠎ᠠ ᠪᠦᠬᠦᠢ ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ᠰᠠᠭᠤᠷᠢᠨ ᠭᠠᠵᠠᠷ ᠵᠢᠴᠢ ᠪᠣᠯᠪᠠᠰᠤᠷᠠᠭᠤᠯᠤᠯ ᠤᠨ ᠪᠠᠶᠢᠭᠤᠯᠤᠮᠵᠢ ᠲᠠᠢ ᠵᠣᠯᠭᠠᠭᠤᠯᠬᠤ ᠠᠵᠢᠯ ᠢ ᠰᠠᠶᠢᠲᠤᠷ ᠬᠢᠨ᠎ᠡ᠃ᠡᠯ᠎ᠡ ᠭᠠᠴᠠᠭ᠎ᠠ ᠨᠢ ᠲᠤᠭ᠎ᠠ ᠪᠦᠷᠢᠳᠬᠡᠯ ᠢ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠬᠢᠨᠠᠨ ᠪᠠᠶᠢᠴᠠᠭᠠᠯᠭᠠᠬᠤ ᠶᠢ ᠬᠠᠷᠢᠭᠤᠴᠠᠵᠤ᠂ ᠬᠢᠨᠠᠨ ᠪᠠᠶᠢᠴᠠᠭᠠᠭᠠᠳ ᠠᠯᠳᠠᠭ᠎ᠠ ᠦᠭᠡᠢ ᠪᠠᠶᠢᠬᠤ ᠶᠢ ᠢᠯᠡ ᠨᠡᠶᠢᠲᠡᠯᠡᠭᠰᠡᠨ ᠤ ᠳᠠᠷᠠᠭ᠎ᠠ ᠬᠤᠰᠢᠭᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠳᠤ ᠮᠡᠳᠡᠭᠦᠯᠦᠨ ᠬᠢᠨᠠᠨ ᠬᠠᠷᠭᠤᠭᠤᠯᠤᠭᠤᠯᠵᠤ᠂ ᠬᠢᠨᠠᠨ ᠬᠠᠷᠭᠤᠭᠤᠯᠵᠤ ᠪᠠᠲᠤᠯᠠᠬᠤ ᠶᠢᠨ ᠬᠠᠮᠲᠤ ᠢᠯᠡ ᠨᠡᠶᠢᠲᠡᠯᠡᠭᠡᠳ ᠣᠨᠳᠣᠣ ᠰᠠᠨᠠᠯ ᠦᠭᠡᠢ ᠪᠠᠶᠢᠬᠤ ᠶᠢ ᠢᠯᠡ ᠨᠡᠶᠢᠲᠡᠯᠡᠭᠰᠡᠨ ᠤ ᠳᠠᠷᠠᠭ᠎ᠠ ᠪᠡᠯᠡ ᠮᠥᠩᠭᠦ ᠰᠠᠯᠭᠠᠨ ᠥᠭᠭᠦᠨ᠎ᠡ᠃    ᠵᠠᠮ ᠬᠠᠷᠢᠯᠴᠠᠭᠠᠨ ᠤ ᠨᠥᠬᠦᠪᠦᠷᠢ ᠪᠠ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠬᠥᠳᠡᠯᠮᠦᠷᠢ ᠬᠢᠬᠦ ᠨᠥᠬᠦᠪᠦᠷᠢ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠪᠠᠷ ᠬᠢᠨᠠᠨ ᠬᠠᠷᠭᠤᠭᠤᠯᠤᠭᠤᠯᠤᠭᠠᠳ ᠣᠨᠳᠣᠣ ᠰᠠᠨᠠᠯ ᠦᠭᠡᠢ ᠪᠣᠯᠤᠭᠰᠠᠨ ᠤ ᠳᠠᠷᠠᠭ᠎ᠠ ᠨᠥᠬᠦᠪᠦᠷᠢ ᠶᠢᠨ ᠪᠡᠯᠡ ᠮᠥᠩᠭᠦ ᠶᠢ ᠡᠯ᠎ᠡ ᠰᠤᠮᠤ ᠪᠠᠯᠭᠠᠰᠤᠨ ᠤ ᠡᠳ᠋ ᠤᠨ ᠵᠠᠰᠠᠭ ᠤᠨ ᠭᠠᠵᠠᠷ ᠲᠤ ᠰᠢᠯᠵᠢᠭᠦᠯᠦᠨ ᠥᠭᠴᠦ᠂ ᠪᠦᠬᠦᠨ ᠳᠤ ᠲᠣᠬᠢᠷᠠᠬᠤ ᠺᠠᠷᠲ ᠢᠶᠠᠷ ᠡᠷᠦᠬᠡ ᠳᠤ ᠰᠢᠭᠤᠳ ᠨᠥᠬᠦᠪᠦᠷᠢᠯᠡᠨ᠎ᠡ︔ ᠠᠵᠢᠯ ᠣᠯᠭᠤᠬᠤ ᠪᠣᠯᠪᠠᠰᠤᠷᠠᠭᠤᠯᠤᠯ ᠤᠨ ᠱᠠᠩᠨᠠᠯ ᠨᠥᠬᠦᠪᠦᠷᠢ ᠬᠢᠭᠡᠳ ᠰᠢᠯᠵᠢᠭᠦᠯᠦᠨ ᠠᠵᠢᠯ ᠣᠯᠭᠤᠬᠤ ᠦᠢᠯᠡᠴᠢᠯᠡᠭᠡᠨ ᠤ ᠱᠠᠩᠨᠠᠯ ᠨᠥᠬᠦᠪᠦᠷᠢ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠪᠠᠷ ᠬᠢᠨᠠᠭᠤᠯᠤᠭᠠᠳ ᠣᠨᠳᠣᠣ ᠰᠠᠨᠠᠯ ᠦᠭᠡᠢ ᠪᠣᠯᠤᠭᠰᠠᠨ ᠤ ᠳᠠᠷᠠᠭ᠎ᠠ ᠱᠠᠩᠨᠠᠯ ᠨᠥᠬᠦᠪᠦᠷᠢ ᠶᠢᠨ ᠪᠡᠯᠡ ᠮᠥᠩᠭᠦ ᠶᠢ ᠬᠠᠮᠢᠶ᠎ᠠ ᠪᠦᠬᠦᠢ ᠲᠥᠷᠥᠯ ᠵᠦᠢᠯ ᠤᠨ ᠨᠢᠭᠡᠴᠡ ᠳᠤ ᠰᠢᠯᠵᠢᠭᠦᠯᠦᠨ ᠥᠭᠬᠦ ᠬᠡᠷᠡᠭᠲᠡᠢ᠃   ︵ᠠᠷᠪᠠ︶ ᠠᠰᠢᠭ ᠭᠥᠷᠳᠡᠬᠦ ᠡᠲᠡᠭᠡᠳ᠄ ᠨᠢᠭᠡ ᠳᠤ᠂ ᠣᠶᠢᠷ᠎ᠠ ᠬᠠᠪᠢ ᠳᠠᠭᠠᠨ ᠠᠵᠢᠯ ᠣᠯᠣᠭᠰᠠᠨ ᠵᠢᠴᠢ ᠭᠠᠳᠠᠭᠰᠢ ᠭᠠᠷᠴᠤ ᠠᠵᠢᠯ ᠬᠥᠳᠡᠯᠮᠦᠷᠢ ᠬᠢᠵᠦ ᠪᠠᠶᠢᠭ᠎ᠠ ᠶᠠᠳᠠᠭᠤ ᠎ ᠠᠴᠠ ᠠᠩᠭᠢᠵᠢᠷᠠᠭᠰᠠᠨ ᠬᠥᠮᠥᠨ ᠠᠮᠠ ᠪᠠ ᠬᠢᠨᠠᠨ ᠰᠢᠯᠭᠠᠬᠤ ᠬᠥᠮᠥᠨ ᠠᠮᠠ︔ ᠬᠤᠶᠠᠷ ᠲᠤ ᠠᠵᠢᠯ ᠬᠥᠳᠡᠯᠮᠦᠷᠢ ᠬᠢᠵᠦ ᠠᠵᠢᠯ ᠣᠯᠬᠤ ᠳᠤ ᠣᠷᠤᠯᠴᠠᠬᠤ ᠬᠢᠷᠢ ᠬᠡᠮ ᠲᠠᠢ ᠠᠵᠢᠯ ᠣᠯᠭᠤᠯᠲᠠ ᠶᠢ ᠬᠠᠪᠰᠤᠷᠤᠨ ᠲᠡᠳᠬᠦᠬᠦ ᠰᠠᠭᠤᠷᠢᠨ ᠭᠠᠵᠠᠷ᠂ ᠪᠣᠯᠪᠠᠰᠤᠷᠠᠯ ᠤᠨ ᠰᠤᠷᠭᠠᠭᠤᠯᠢ ᠵᠡᠷᠭᠡ    ︵ᠠᠷᠪᠠᠨ ᠨᠢᠭᠡ︶ ᠠᠵᠢᠯ ᠤᠨ ᠠᠮᠵᠢᠯᠲᠠ ᠪᠦᠲᠦᠮᠵᠢ ᠶᠢᠨ ᠬᠠᠷᠠᠯᠲᠠ ᠵᠢᠴᠢ ᠦᠷ᠎ᠡ ᠠᠰᠢᠭ ᠤᠨ ᠵᠠᠳᠠᠯᠤᠯᠲᠠ᠄   1. ᠠᠵᠤ ᠠᠬᠤᠢ ᠶᠢᠨ ᠦᠷ᠎ᠡ ᠠᠰᠢᠭ᠃ᠠᠵᠢᠯ ᠣᠯᠭᠤᠯᠲᠠ ᠶᠢᠨ ᠲᠡᠳᠬᠦᠮᠵᠢ ᠶᠢ ᠰᠠᠶᠢᠲᠤᠷ ᠬᠢᠵᠦ᠂ ᠶᠠᠳᠠᠭᠤ ᠎ ᠠᠴᠠ ᠠᠩᠭᠢᠵᠢᠷᠠᠭᠰᠠᠨ ᠬᠥᠮᠥᠨ ᠠᠮᠠ᠂ ᠬᠢᠨᠠᠨ ᠰᠢᠯᠭᠠᠬᠤ ᠠᠵᠢᠯᠲᠠᠨ᠂ ᠵᠠᠬ᠎ᠠ ᠬᠢᠵᠠᠭᠠᠷ ᠤᠨ ᠡᠷᠦᠬᠡ ᠵᠡᠷᠭᠡ ᠭᠤᠣᠯᠳᠠᠯᠭ᠎ᠠ ᠲᠠᠢ ᠬᠠᠮᠲᠤᠯᠢᠭ ᠤᠨ ᠬᠥᠳᠡᠯᠮᠦᠷᠢ ᠶᠢᠨ ᠬᠦᠴᠦᠨ ᠤ ᠦᠷᠭᠦᠯᠵᠢᠯᠡᠨ ᠲᠣᠭᠲᠠᠭᠤᠨ ᠢᠶᠠᠷ ᠠᠵᠢᠯ ᠣᠯᠬᠤ ᠶᠢ ᠪᠠᠲᠤᠯᠠᠬᠤ ᠨᠢ ᠶᠠᠳᠠᠭᠤ ᠎ ᠠᠴᠠ ᠠᠩᠭᠢᠵᠢᠷᠠᠭᠤᠯᠬᠤ ᠰᠢᠪᠲᠤᠯᠤᠯᠲᠠ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠵᠤ᠂ ᠪᠥᠬᠦ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠬᠦᠴᠦᠨ ᠨᠡᠮᠡᠷᠢᠯᠡᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠪᠣᠯ ᠣᠷᠣᠯᠭ᠎ᠠ ᠶᠢᠨ ᠨᠡᠮᠡᠭᠳᠡᠯ ᠢ ᠲᠣᠭᠲᠠᠪᠤᠷᠢᠵᠢᠭᠤᠯᠬᠤ ᠶᠠᠪᠤᠳᠠᠯ ᠮᠥᠨ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ ᠨᠥᠬᠦᠪᠦᠷᠢ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠠᠵᠢᠯᠲᠠᠨ ᠢᠶᠠᠨ ᠬᠠᠰᠤᠬᠤ ᠦᠭᠡᠢ ᠪᠠᠶᠢᠬᠤ ᠶᠢ ᠲᠡᠮᠵᠢᠵᠤ᠂ ᠤᠯᠠᠨ ᠲᠦᠮᠡᠨ ᠤ ᠠᠵᠢᠯ ᠤᠨ ᠪᠠᠶᠢᠷᠢ ᠠᠴᠠ ᠪᠠᠨ ᠰᠠᠯᠬᠤ ᠦᠭᠡᠢ᠂ ᠣᠷᠣᠯᠭ᠎ᠠ ᠶᠢᠨ ᠨᠡᠮᠡᠭᠳᠡᠯ ᠢ ᠲᠣᠭᠲᠠᠪᠤᠷᠢᠵᠢᠭᠤᠯᠤᠨ ᠲᠠᠬᠢᠨ ᠶᠠᠳᠠᠭᠤᠷᠠᠬᠤ ᠦᠭᠡᠢ ᠪᠠᠶᠢᠬᠤ ᠶᠢ ᠪᠠᠲᠤᠯᠠᠵᠤ᠂ ᠮᠠᠯᠵᠢᠬᠤ ᠲᠠᠷᠢᠶᠠᠯᠠᠬᠤ ᠡᠷᠤᠭᠡ ᠶᠢᠨ ᠠᠵᠢᠯ ᠬᠥᠳᠡᠯᠮᠦᠷᠢ ᠬᠢᠬᠦ ᠣᠷᠣᠯᠭ᠎ᠠ ᠶᠢᠨ ᠲᠣᠭᠲᠠᠭᠤᠨ ᠪᠠᠶᠢᠬᠤ ᠶᠢ ᠪᠠᠲᠤᠯᠠᠨ᠎ᠠ᠃   2. ᠨᠡᠶᠢᠭᠡᠮ ᠤᠨ ᠦᠷ᠎ᠡ ᠠᠰᠢᠭ᠃ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠨᠢ ᠥᠷᠭᠡᠨ ᠤᠯᠠᠨ ᠭᠡᠷ ᠪᠦᠯᠢ ᠶᠢᠨ ᠠᠵᠤ ᠠᠮᠢᠳᠤᠷᠠᠯ ᠲᠠᠢ ᠬᠤᠯᠪᠣᠭᠳᠠᠵᠤ᠂ ᠠᠵᠤ ᠠᠬᠤᠢ ᠶᠢᠨ ᠠᠵᠢᠯᠯᠠᠭᠠᠨ ᠤ ᠵᠦᠢ ᠵᠣᠬᠢᠰᠲᠠᠢ ᠣᠷᠣᠨ ᠵᠠᠢ ᠳᠤ ᠪᠠᠶᠢᠬᠤ ᠶᠢᠨ ᠴᠢᠬᠤᠯᠠ ᠲᠤᠯᠭᠠᠭᠤᠷᠢᠯᠠᠯ ᠪᠣᠯᠣᠨ᠎ᠠ᠃ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠪᠠᠷ ᠬᠦᠴᠦᠯᠡᠨ ᠴᠢᠷᠮᠠᠶᠢᠪᠠᠯ ᠠᠵᠤ ᠠᠬᠤᠢ ᠨᠡᠶᠢᠭᠡᠮ ᠤᠨ ᠬᠥᠭᠵᠢᠯᠲᠡ ᠳᠤ ᠨᠡᠩ ᠰᠠᠶᠢᠨ ᠦᠢᠯᠡᠴᠢᠯᠡᠵᠦ ᠴᠢᠳᠠᠨ᠎ᠠ᠃   ︵ᠠᠷᠪᠠᠨ ᠬᠤᠶᠠᠷ︶ ᠣᠯᠠᠨ ᠲᠦᠮᠡᠨ ᠣᠷᠤᠯᠴᠠᠬᠤ ᠪᠠ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠲᠣᠭᠲᠠᠴᠠ᠄ ᠲᠥᠷᠥᠯ ᠵᠦᠢᠯ ᠨᠢ ᠪᠣᠳᠠᠲᠠᠢ ᠎ ᠠᠴᠠ ᠡᠭᠦᠰᠴᠦ᠂ ᠨᠤᠲᠤᠭ ᠤᠨ ᠣᠨᠴᠠᠯᠢᠭ ᠢ ᠲᠣᠪᠤᠶᠢᠯᠭᠠᠨ᠂ ᠬᠠᠷᠢᠶᠠᠲᠤ ᠣᠷᠣᠨ ᠤ ᠳᠣᠲᠣᠷᠠᠬᠢ ᠬᠥᠳᠡᠯᠮᠦᠷᠢᠯᠡᠬᠦ ᠴᠢᠳᠠᠪᠤᠷᠢ ᠲᠠᠢ ᠶᠠᠳᠠᠭᠤ ᠎ ᠠᠴᠠ ᠠᠩᠭᠢᠵᠢᠷᠠᠭᠰᠠᠨ ᠬᠥᠮᠥᠨ ᠠᠮᠠ ᠪᠠ ᠬᠢᠨᠠᠨ ᠬᠡᠮᠵᠢᠬᠦ ᠬᠥᠮᠥᠨ ᠠᠮᠠ ᠶᠢ ᠬᠠᠮᠤᠷᠴᠤ᠂ ᠲᠣᠭᠲᠠᠪᠤᠷᠢᠲᠠᠢ ᠠᠵᠢᠯ ᠣᠯᠬᠤ ᠶᠢ ᠦᠨᠡᠨᠬᠦ ᠪᠠᠲᠤᠯᠠᠨ᠎ᠠ᠃   ︵ᠠᠷᠪᠠᠨ ᠭᠤᠷᠪᠠ︶ ᠲᠥᠷᠥᠯ ᠵᠦᠢᠯ ᠤᠨ ᠠᠰᠢᠭ ᠣᠷᠣᠯᠭ᠎ᠠ ᠶᠢᠨ ᠬᠤᠪᠢᠶᠠᠷᠢᠯᠠᠯᠲᠠ᠄ ᠵᠠᠮ ᠬᠠᠷᠢᠯᠴᠠᠭᠠᠨ ᠤ ᠨᠥᠬᠦᠪᠦᠷᠢ ᠬᠢᠭᠡᠳ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠬᠥᠳᠡᠯᠮᠦᠷᠢ ᠬᠢᠭᠰᠡᠨ ᠤ ᠨᠥᠬᠦᠪᠦᠷᠢ ᠭᠡᠬᠦ ᠬᠤᠶᠠᠷ ᠵᠦᠢᠯ ᠤᠨ ᠨᠥᠬᠦᠪᠦᠷᠢ ᠶᠢ ᠡᠷᠦᠬᠡ ᠳᠤ ᠰᠢᠭᠤᠳ ᠨᠥᠬᠦᠪᠦᠷᠢᠯᠡᠵᠦ᠂ ᠠᠵᠢᠯ ᠣᠯᠭᠤᠬᠤ ᠪᠣᠯᠪᠠᠰᠤᠷᠠᠭᠤᠯᠤᠯ ᠤᠨ ᠱᠠᠩᠨᠠᠨ ᠨᠥᠬᠦᠪᠦᠷᠢᠯᠡᠬᠦ ᠬᠢᠭᠡᠳ ᠰᠢᠯᠵᠢᠭᠦᠯᠦᠨ ᠠᠵᠢᠯ ᠣᠯᠭᠤᠬᠤ ᠦᠢᠯᠡᠴᠢᠯᠡᠭᠡᠨ ᠤ ᠱᠠᠩᠨᠠᠨ ᠨᠥᠬᠦᠪᠦᠷᠢᠯᠡᠬᠦ ᠬᠤᠶᠠᠷ ᠵᠦᠢᠯ ᠤᠨ ᠨᠥᠬᠦᠪᠦᠷᠢ ᠶᠢ ᠱᠠᠩᠨᠠᠨ ᠨᠥᠬᠦᠪᠦᠷᠢᠯᠡᠬᠦ ᠶᠢ ᠬᠢᠷᠢ ᠴᠢᠳᠠᠮᠵᠢ ᠲᠠᠢ ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ᠰᠠᠭᠤᠷᠢᠨ ᠭᠠᠵᠠᠷ᠂ ᠪᠣᠯᠪᠠᠰᠤᠷᠠᠭᠤᠯᠤᠯ ᠤᠨ ᠰᠤᠷᠭᠠᠭᠤᠯᠢ ᠵᠡᠷᠭᠡ ᠳᠤ ᠬᠦᠷᠦᠭᠦᠯᠦᠨ᠎ᠡ᠃   ︵ᠠᠷᠪᠠᠨ ᠳᠥᠷᠪᠡ︶ ᠲᠥᠷᠥᠯ ᠵᠦᠢᠯ ᠤᠨ ᠪᠡᠯᠡ ᠮᠥᠩᠭᠦ ᠶᠢᠨ ᠬᠠᠮᠢᠶᠠᠷᠤᠯᠲᠠ ᠬᠢᠭᠡᠳ ᠲᠦᠭᠰᠢᠭᠦᠷᠢ ᠶᠢ ᠬᠠᠮᠢᠶᠠᠷᠤᠨ ᠡᠵᠡᠮᠳᠡᠬᠦ᠄ ᠲᠥᠷᠥᠯ ᠵᠦᠢᠯ ᠢ ᠴᠣᠬᠤᠯᠠᠪᠤᠷᠢᠯᠠᠭᠰᠠᠨ ᠤ ᠳᠠᠷᠠᠭ᠎ᠠ᠂ ᠲᠥᠷᠥᠯ ᠵᠦᠢᠯ ᠤᠨ ᠪᠡᠯᠡ ᠮᠥᠩᠭᠦ ᠎ ᠨᠢ ᠲᠥᠷᠥᠯ ᠵᠦᠢᠯ ᠢ ᠰᠢᠯᠭᠠᠨ ᠬᠤᠷᠢᠶᠠᠭᠰᠠᠨ ᠪᠠᠶᠢᠳᠠᠯ ᠢ ᠦᠨᠳᠦᠰᠦᠯᠡᠨ ᠲᠥᠷᠥᠯ ᠵᠦᠢᠯ ᠤᠨ ᠪᠡᠯᠡ ᠮᠥᠩᠭᠦ ᠶᠢ ᠰᠠᠯᠭᠠᠨ ᠥᠭᠭᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠤᠨ ᠬᠢᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠦᠲᠦᠮᠵᠢᠲᠡᠢ ᠠᠷᠭ᠎ᠠ ᠬᠡᠮᠵᠢᠶ᠎ᠡ ᠲᠣᠭᠲᠠᠭᠠᠵᠤ᠂ ᠲᠦᠷᠦᠯ ᠵᠦᠢᠯ ᠢ ᠠᠬᠢᠭᠤᠯᠬᠤ ᠶᠢᠨ ᠠᠷᠭ᠎ᠠ ᠦᠭᠡᠢ᠂ ᠤᠯᠠᠨ ᠲᠦᠮᠡᠨ ᠤ ᠰᠠᠨᠠᠯ ᠶᠡᠭᠡ᠂ ᠬᠠᠷᠢᠭᠤ ᠲᠤᠰᠬᠠᠯ ᠤᠯᠠᠨ᠂ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠢ ᠵᠡᠷᠭᠡ ᠪᠠᠶᠢᠳᠠᠯ ᠭᠠᠷᠬᠤ ᠠᠴᠠ ᠵᠠᠶᠢᠯᠠᠰᠬᠢᠵᠦ᠂ ᠲᠦᠷᠦᠯ ᠵᠦᠢᠯ ᠢ ᠤᠷᠤᠭᠰᠢᠲᠠᠢ ᠨᠠᠶᠢᠳᠠᠪᠤᠷᠢᠵᠢᠭᠤᠯᠵᠤ᠂ ᠦᠷ᠎ᠡ ᠠᠰᠢᠭ ᠢ ᠨᠢ ᠪᠠᠳᠠᠷᠠᠭᠤᠯᠬᠤ ᠶᠢ ᠪᠠᠲᠤᠯᠠᠬᠤ ᠬᠡᠷᠡᠭᠲᠡᠢ᠃   ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ   ︵ᠨᠢᠭᠡ︶ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠡᠯ᠎ᠡ ᠰᠤᠮᠤ ᠪᠠᠯᠭᠠᠰᠤ᠂ ᠭᠠᠴᠠᠭ᠎ᠠ ᠳᠤ ᠬᠢᠨᠠᠯᠲᠠ ᠲᠠᠯᠪᠢᠵᠤ ᠵᠢᠯᠤᠭᠤᠳᠬᠤ ᠪᠠᠨ ᠴᠢᠩᠭᠠᠳᠬᠠᠵᠤ᠂ ᠨᠥᠬᠦᠪᠦᠷᠢ ᠶᠢᠨ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠤᠨ᠂ ᠪᠤᠷᠤᠭᠤ ᠲᠠᠷᠬᠠᠭᠠᠬᠤ᠂ ᠣᠷᠬᠢᠭᠳᠠᠭᠤᠯᠬᠤ ᠪᠠᠶᠢᠳᠠᠯ ᠭᠠᠷᠬᠤ ᠎ ᠠᠴᠠ ᠵᠠᠶᠢᠯᠠᠰᠬᠢᠬᠦ ᠬᠡᠷᠡᠭᠲᠡᠢ᠃   ︵ᠬᠤᠶᠠᠷ︶ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠨᠢᠭᠡᠴᠡ ᠨᠦᠭᠦᠳ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠭᠤᠶᠤᠴᠢᠯᠠᠨ ᠮᠡᠳᠡᠭᠦᠯᠵᠦ ᠬᠢᠨᠠᠨ ᠬᠠᠷᠭᠤᠭᠤᠯᠤᠭᠰᠠᠨ᠂ ᠪᠡᠯᠡ ᠮᠥᠩᠭᠦ ᠶᠢ ᠬᠡᠷᠡᠭᠯᠡᠭᠰᠡᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠬᠦ ᠬᠡᠷᠡᠭᠲᠡᠢ᠃ ᠨᠥᠬᠦᠪᠦᠷᠢ ᠶᠢᠨ ᠪᠡᠯᠡ ᠮᠥᠩᠭᠦ ᠶᠢ ᠬᠤᠳᠠᠯ ᠢᠶᠠᠷ ᠮᠡᠳᠡᠭᠦᠯᠵᠦ ᠮᠡᠬᠡᠯᠡᠨ ᠠᠪᠤᠭᠰᠠᠨ᠂ ᠮᠡᠬᠡᠯᠡᠨ ᠠᠪᠤᠭᠰᠠᠨ ᠨᠢᠭᠡᠴᠡ ᠪᠣᠯᠣᠨ ᠬᠤᠪᠢ ᠬᠥᠮᠥᠨ ᠠᠴᠠ ᠪᠣᠶ ᠪᠦᠬᠦᠢ ᠪᠡᠯᠡ ᠮᠥᠩᠭᠦ ᠶᠢ ᠬᠠᠤᠯᠢ ᠶᠣᠰᠣᠭᠠᠷ ᠨᠡᠬᠡᠮᠵᠢᠯᠡᠨ ᠲᠤᠰᠢᠶᠠᠯᠭᠠᠬᠤ ᠎ ᠠᠴᠠ ᠭᠠᠳᠠᠨ᠎ᠠ᠂ ᠪᠠᠰᠠ ᠬᠤᠯᠪᠣᠭᠳᠠᠯ ᠪᠦᠬᠦᠢ ᠲᠤᠬᠠᠢ ᠶᠢᠨ ᠬᠥᠮᠥᠨ ᠵᠢᠴᠢ ᠪᠠᠶᠢᠭ᠎ᠠ ᠨᠢᠭᠡᠴᠡ ᠶᠢᠨ ᠬᠠᠷᠢᠭᠤᠴᠠᠯᠭ᠎ᠠ ᠶᠢ ᠬᠠᠤᠯᠢ ᠲᠣᠭᠲᠠᠭᠠᠯ ᠶᠣᠰᠣᠭᠠᠷ ᠨᠡᠬᠡᠮᠵᠢᠯᠡᠬᠦ ᠬᠡᠷᠡᠭᠲᠡᠢ᠃   ︵ᠭᠤᠷᠪᠠ︶ ᠪᠡᠯᠡ ᠮᠥᠩᠭᠦ ᠶᠢ 2023 ᠣᠨ ᠤ ᠵᠣᠯᠭᠠᠭᠤᠯᠬᠤ ᠪᠡᠯᠡ ᠮᠥᠩᠭᠦ ᠶᠢᠨ ᠳᠣᠲᠣᠷ᠎ᠠ ᠎ ᠠᠴᠠ ᠭᠠᠷᠭᠠᠵᠤ᠂ ᠨᠥᠬᠦᠪᠦᠷᠢ ᠶᠢᠨ ᠪᠡᠯᠡ ᠮᠥᠩᠭᠦ ᠶᠢ ᠡᠯ᠎ᠡ ᠨᠢᠭᠡᠴᠡ ᠶᠢᠨ ᠬᠢᠨᠠᠨ ᠬᠠᠷᠭᠤᠭᠤᠯᠵᠤ ᠪᠠᠲᠤᠯᠠᠭᠰᠠᠨ ᠮᠡᠳᠡᠭᠦᠯᠬᠦ ᠮᠠᠲ᠋ᠧᠷᠢᠶᠠᠯ ᠤᠨ ᠶᠣᠰᠣᠭᠠᠷ ᠡᠭᠦᠨ ᠢᠶᠠᠷ ᠨᠥᠬᠦᠪᠦᠷᠢ ᠥᠭᠴᠦ᠂ ᠨᠥᠬᠦᠪᠦᠷᠢ ᠶᠢ ᠳᠠᠭᠤᠰᠲᠠᠯ᠎ᠠ ᠨᠥᠬᠦᠪᠦᠷᠢᠯᠡᠨ᠎ᠡ᠃ 
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号