ᠬᠤᠷᠴᠢᠨ ᠪᠠᠷᠠᠭᠤᠨ ᠭᠠᠷᠤᠨ ᠳᠤᠮᠳᠠᠳᠤ ᠵᠠᠰᠠᠭ ᠠᠯᠪᠠᠨ ᠲᠠᠷᠬᠠᠭᠠᠭᠰᠠᠨ 〔2023〕 6 ᠳ᠋ᠤᠭᠠᠷ ᠲᠣᠭᠠᠲᠤ | | | | ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠲᠠ ᠬᠥᠳᠡᠭᠡ ᠶᠢᠨ ᠵᠠᠮ ᠬᠠᠷᠢᠯᠴᠠᠭ᠎ᠠ | ᠲᠡᠭᠡᠭᠡᠪᠦᠷᠢ ᠶᠢ ᠨᠢᠭᠡ ᠴᠣᠭᠴᠠᠵᠢᠭᠤᠯᠬᠤ ᠵᠢᠱᠢᠶ᠎ᠡ ᠦᠵᠡᠭᠦᠯᠬᠦ ᠶᠢ ᠡᠭᠦᠳᠦᠨ ᠪᠠᠶᠢᠭᠤᠯᠬᠤ ᠶᠢᠨ ᠬᠡᠷᠡᠭᠵᠢᠭᠦᠯᠬᠦ | ᠲᠥᠰᠥᠯ︾ ᠢ ᠳᠠᠷᠤᠮᠠᠯᠯᠠᠨ ᠶᠠᠪᠤᠭᠤᠯᠬᠤ ᠲᠤᠬᠠᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ | | | ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠤ᠄ | ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠲᠠ ᠬᠥᠳᠡᠭᠡ ᠶᠢᠨ ᠵᠠᠮ ᠬᠠᠷᠢᠯᠴᠠᠭ᠎ᠠ | ᠲᠡᠭᠡᠭᠡᠪᠦᠷᠢ ᠶᠢ ᠨᠢᠭᠡ ᠴᠣᠭᠴᠠᠵᠢᠭᠤᠯᠬᠤ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠶᠢᠨ ᠬᠡᠷᠡᠭᠵᠢᠭᠦᠯᠬᠦ ᠲᠥᠰᠥᠯ︾ | ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ | ᠲᠤᠤᠱᠯᠠᠭᠤᠯᠤᠨ ᠨᠠᠶᠢᠳᠠᠪᠤᠷᠢᠵᠢᠭᠤᠯᠲᠤᠭᠠᠢ᠃ | 2023 ᠣᠨ ᠤ 2 ᠰᠠᠷ᠎ᠠ ᠶᠢᠨ 21 ᠤ ᠡᠳᠦᠷ | | | | | | | | | ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠲᠠ ᠬᠥᠳᠡᠭᠡ ᠶᠢᠨ ᠵᠠᠮ ᠬᠠᠷᠢᠯᠴᠠᠭ᠎ᠠ | ᠲᠡᠭᠡᠭᠡᠪᠦᠷᠢ ᠶᠢ ᠨᠢᠭᠡ ᠴᠣᠭᠴᠠᠵᠢᠭᠤᠯᠬᠤ ᠵᠢᠱᠢᠶ᠎ᠡ ᠦᠵᠡᠭᠦᠯᠬᠦ ᠶᠢ ᠡᠭᠦᠳᠦᠨ ᠪᠠᠶᠢᠭᠤᠯᠬᠤ ᠶᠢᠨ ᠬᠡᠷᠡᠭᠵᠢᠭᠦᠯᠬᠦ | ᠲᠥᠰᠥᠯ︾ ᠢ ᠳᠠᠷᠤᠮᠠᠯᠯᠠᠨ ᠶᠠᠪᠤᠭᠤᠯᠬᠤ ᠲᠤᠬᠠᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ | | | | | ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠤ᠄ | ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠲᠠ ᠬᠥᠳᠡᠭᠡ ᠶᠢᠨ ᠵᠠᠮ ᠬᠠᠷᠢᠯᠴᠠᠭ᠎ᠠ | ᠲᠡᠭᠡᠭᠡᠪᠦᠷᠢ ᠶᠢ ᠨᠢᠭᠡ ᠴᠣᠭᠴᠠᠵᠢᠭᠤᠯᠬᠤ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠶᠢᠨ ᠬᠡᠷᠡᠭᠵᠢᠭᠦᠯᠬᠦ ᠲᠥᠰᠥᠯ︾ | ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ | ᠲᠤᠤᠱᠯᠠᠭᠤᠯᠤᠨ ᠨᠠᠶᠢᠳᠠᠪᠤᠷᠢᠵᠢᠭᠤᠯᠲᠤᠭᠠᠢ᠃ | 2023 ᠣᠨ ᠤ 2 ᠰᠠᠷ᠎ᠠ ᠶᠢᠨ 21 ᠤ ᠡᠳᠦᠷ | | | | | | | | | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠲᠠ ᠬᠥᠳᠡᠭᠡ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢ | ᠨᠢᠭᠡ ᠴᠣᠭᠴᠠᠵᠢᠭᠤᠯᠬᠤ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠶᠢᠨ ᠬᠡᠷᠡᠭᠵᠢᠭᠦᠯᠬᠦ ᠲᠥᠰᠥᠯ | | | | | ᠬᠤᠲᠠ ᠬᠥᠳᠡᠭᠡ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠨᠢᠭᠡ ᠴᠣᠭᠴᠠᠵᠢᠭᠰᠠᠨ ᠵᠢᠱᠢᠶ᠎ᠡ ᠦᠵᠡᠭᠦᠯᠬᠦ | ᠰᠢᠶᠠᠨ ᠢ ᠡᠭᠦᠳᠦᠨ ᠪᠠᠶᠢᠭᠤᠯᠬᠤ ᠠᠵᠢᠯ ᠢ ᠤᠯᠠᠮ ᠨᠢᠭᠡ ᠠᠯᠬᠤᠮ ᠥᠷᠨᠢᠭᠦᠯᠬᠦ ᠶᠢᠨ ᠲᠥᠯᠥᠭᠡ᠂ ᠬᠤᠲᠠ | ᠬᠥᠳᠡᠭᠡ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠣᠯᠠᠨ ᠨᠡᠶᠢᠲᠡ ᠶᠢᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ | ᠬᠢᠷᠢ ᠲᠦᠪᠰᠢᠨ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠦᠴᠦᠲᠡᠢ | ᠠᠬᠢᠭᠤᠯᠵᠤ ᠰᠢᠨ᠎ᠡ ᠠᠬᠢᠴᠠ ᠲᠠᠢ ᠪᠣᠯᠭᠠᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ | ᠰᠢᠨ᠎ᠡ ᠠᠯᠬᠤᠮ ᠲᠠᠢ ᠪᠣᠯᠭᠠᠵᠤ᠂ ︽ᠬᠤᠲᠠ ᠬᠥᠳᠡᠭᠡ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢ ᠨᠢᠭᠡ | ᠴᠣᠭᠴᠠᠵᠢᠭᠤᠯᠬᠤ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠬᠠᠮᠢᠶᠠᠷᠤᠯᠲᠠ ᠶᠢᠨ ᠠᠷᠭ᠎ᠠ︾ ᠪᠠ ︽ | ᠭᠤᠷᠪᠠᠳᠤᠭᠠᠷ ᠪᠦᠯᠦᠭ ᠤᠨ ᠬᠤᠲᠠ ᠬᠥᠳᠡᠭᠡ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢ ᠨᠢᠭᠡ ᠴᠣᠭᠴᠠᠵᠢᠭᠤᠯᠬᠤ | ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠲᠤᠬᠠᠢ ᠵᠠᠮ | ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠮᠡᠳᠡᠭᠳᠡᠯ︾ ᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠲᠠᠢ ᠲᠠᠢ ᠪᠠᠨ | ᠤᠶᠠᠯᠳᠤᠭᠤᠯᠵᠤ᠂ ᠲᠣᠰ ᠲᠥᠰᠥᠯ ᠢ ᠣᠨᠴᠠᠭᠠᠶᠢᠯᠠᠨ ᠲᠣᠭᠲᠠᠭᠠᠪᠠ᠃ | ᠨᠢᠭᠡ᠂ ᠦᠨᠳᠦᠰᠦᠨ ᠵᠠᠷᠴᠢᠮ | ︵ᠨᠢᠭᠡ︶ ᠵᠠᠰᠠᠭ ᠤᠨ ᠣᠷᠳᠣᠨ ᠢᠶᠠᠷ ᠭᠤᠣᠯᠯᠠᠭᠤᠯᠵᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠤᠨ᠎ᠠ᠃ᠬᠤᠰᠢᠭᠤᠨ | ᠵᠠᠰᠠᠭ ᠤᠨ ᠣᠷᠳᠣᠨ ᠤ ᠭᠤᠣᠯ ᠤᠳᠤᠷᠢᠳᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠥᠳᠡᠭᠡ | ᠲᠣᠰᠬᠤᠨ ᠤ ᠠᠶᠠᠨᠴᠢᠳ ᠤᠨ ᠲᠡᠭᠡᠭᠡᠪᠦᠷᠢ᠂ ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡᠨ ᠤ ᠰᠢᠰᠲ᠋ᠧᠮᠵᠢ᠂ | ᠬᠤᠲᠠ ᠶᠢᠨ ᠨᠡᠶᠢᠲᠡ ᠶᠢᠨ ᠵᠠᠮ ᠬᠠᠷᠢᠯᠴᠠᠭ᠎ᠠ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠬᠦᠷᠢᠶᠡᠨ ᠳᠠᠬᠢ | ᠡᠳ᠋ ᠤᠨ ᠵᠠᠰᠠᠭ ᠤᠨ ᠣᠷᠣᠭᠤᠯᠤᠯᠲᠠ ᠪᠠ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ | ᠡᠯ᠎ᠡ ᠲᠠᠯ᠎ᠠ ᠶᠢᠨ ᠢᠳᠡᠪᠬᠢᠵᠢᠯ ᠢ ᠳᠠᠶᠢᠴᠢᠯᠠᠨ᠂ ᠨᠡᠶᠢᠭᠡᠮ ᠤᠨ ᠬᠢᠨ ᠤ ᠣᠷᠤᠯᠴᠠᠬᠤ ᠶᠢ ᠵᠤᠷᠢᠭᠵᠢᠭᠤᠯᠤᠨ᠎ᠠ᠃ | ︵ᠬᠤᠶᠠᠷ︶ ᠬᠥᠮᠥᠨ ᠢᠶᠠᠷ ᠦᠨᠳᠦᠰᠦ ᠪᠣᠯᠭᠠᠵᠤ᠂ ᠬᠠᠩᠭᠠᠯᠭ᠎ᠠ ᠶᠢ ᠰᠢᠯᠢᠳᠡᠭᠵᠢᠭᠦᠯᠦᠨ᠎ᠡ᠃ ᠦᠨᠳᠦᠰᠦᠨ | ᠵᠦᠢᠯ ᠢ ᠪᠠᠲᠤᠯᠠᠬᠤ᠂ ᠳᠤᠲᠠᠭᠤᠳᠠᠯ ᠢ ᠨᠥᠬᠦᠪᠦᠷᠢᠯᠡᠬᠦ᠂ ᠨᠠᠭᠠᠲᠤ ᠵᠠᠬ᠎ᠠ ᠶᠢᠨ ᠪᠠᠷᠢᠮᠵᠢᠶ᠎ᠠ ᠶᠢ ᠪᠠᠲᠤᠯᠠᠬᠤ ᠳᠤ | ᠰᠠᠭᠤᠷᠢᠯᠠᠨ᠂ ᠬᠥᠮᠥᠨ ᠤ ᠦᠢᠯᠡ ᠠᠵᠢᠯᠯᠠᠭ᠎ᠠ ᠳᠤᠨᠢ ᠲᠦᠭᠦᠮ ᠦᠵᠡᠭᠦᠯᠬᠦ᠂ ᠪᠣᠳᠠᠰ ᠤᠨ ᠭᠦᠢᠯᠭᠡᠭᠡ ᠶᠢ | ᠰᠢᠯᠤᠭᠤᠳᠬᠠᠬᠤ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ᠂ ᠦᠢᠯᠡᠴᠢᠯᠡᠭᠡ ᠶᠢ ᠴᠢᠨᠠᠷ ᠰᠠᠶᠢᠲᠠᠢ | ᠪᠠᠶᠢᠯᠭᠠᠬᠤ ᠪᠠᠷ ᠡᠭᠦᠰᠬᠡᠯ ᠪᠣᠯᠭᠠᠵᠤ᠂ ᠬᠤᠳᠠ ᠬᠥᠳᠡᠭᠡ ᠶᠢᠨ ᠵᠥᠷᠢᠶ᠎ᠡ ᠶᠢ ᠠᠯᠬᠤᠮ ᠠᠯᠬᠤᠮ ᠢᠶᠠᠷ ᠪᠠᠭᠠᠰᠬᠠᠵᠤ᠂ | ᠠᠷᠠᠳ ᠤᠯᠠᠨ ᠤ ᠬᠤᠳᠠ ᠬᠥᠳᠡᠭᠡ ᠶᠢᠨ ᠵᠠᠮ ᠲᠡᠭᠡᠭᠡᠪᠦᠷᠢ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ | ᠬᠡᠷᠡᠭᠴᠡᠭᠡ ᠶᠢ ᠪᠦᠬᠦ ᠲᠠᠯ᠎ᠠ ᠪᠠᠷ ᠬᠠᠩᠭᠠᠨ᠎ᠠ᠃ | ︵ᠭᠤᠷᠪᠠ︶ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠠᠭᠤᠰᠤᠯᠴᠠᠭᠤᠯᠤᠨ ᠬᠥᠭᠵᠢᠭᠦᠯᠦᠨ᠎ᠡ᠃ ᠬᠤᠳᠠ | ᠬᠥᠳᠡᠭᠡ ᠶᠢᠨ ᠬᠤᠭᠤᠷᠣᠨᠳᠣᠬᠢ ᠵᠠᠮ ᠬᠠᠷᠢᠯᠴᠠᠭ᠎ᠠ ᠲᠡᠭᠡᠭᠡᠪᠦᠷᠢ ᠶᠢᠨ ᠵᠣᠬᠢᠴᠠᠩᠭᠤᠢ ᠬᠥᠭᠵᠢᠯᠲᠡ ᠶᠢ ᠨᠢᠭᠡᠳᠦᠯᠲᠡᠢ | ᠲᠥᠯᠥᠪᠯᠡᠵᠦ᠂ ᠬᠤᠳᠠ ᠬᠥᠳᠡᠭᠡ ᠶᠢᠨ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢ ᠵᠣᠯᠭᠠᠭᠤᠯᠬᠤ ᠪᠠ ᠬᠤᠳᠠ | ᠬᠥᠳᠡᠭᠡ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠴᠢᠯᠡᠭᠡ ᠶᠢ ᠨᠢᠭᠡ ᠴᠣᠭᠴᠠᠵᠢᠭᠤᠯᠬᠤ ᠪᠦᠲᠦᠭᠡᠨ | ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠤᠨ᠎ᠠ᠃ ᠬᠤᠳᠠ ᠬᠥᠳᠡᠭᠡ ᠶᠢᠨ ᠵᠠᠮ ᠬᠠᠷᠢᠯᠴᠠᠭ᠎ᠠ ᠲᠡᠭᠡᠭᠡᠪᠦᠷᠢ ᠬᠢᠭᠡᠳ | ᠣᠨᠴᠠᠯᠢᠭᠲᠤ ᠠᠵᠤ ᠦᠢᠯᠡᠰ᠂ ᠵᠢᠭᠤᠯᠴᠢᠯᠠᠯ᠂ ᠡᠯᠧᠺᠲᠷᠣᠨ ᠬᠤᠳᠠᠯᠳᠤᠭ᠎ᠠ᠂ ᠰᠢᠤᠳᠠᠨ᠂ ᠲᠦᠷᠭᠡᠨ ᠬᠦᠷᠭᠡᠯᠲᠡ᠂ | ᠬᠠᠩᠭᠠᠨ ᠪᠣᠷᠤᠯᠠᠭᠤᠯᠭ᠎ᠠ ᠵᠡᠷᠭᠡ ᠡᠬᠢ ᠪᠠᠶᠠᠯᠢᠭ ᠢ ᠬᠠᠮᠲᠤᠪᠠᠷ ᠡᠳ᠋ᠯᠡᠬᠦ ᠶᠢ ᠲᠦᠯᠬᠢᠨ ᠠᠬᠢᠭᠤᠯᠵᠤ᠂ ᠳᠠᠪᠠᠭᠤᠯᠢᠭ ᠢᠶᠠᠨ | ᠬᠠᠷᠢᠯᠴᠠᠨ ᠨᠥᠬᠦᠪᠦᠷᠢᠯᠡᠬᠦ ᠪᠠ ᠠᠭᠤᠰᠤᠯᠴᠠᠨ ᠬᠥᠭᠵᠢᠬᠦ ᠶᠢ ᠪᠡᠶᠡᠯᠡᠭᠦᠯᠦᠨ᠎ᠡ᠃ ᠭᠠᠵᠠᠷ ᠣᠷᠣᠨ ᠤ ᠪᠠᠶᠢᠳᠠᠯ ᠳᠤᠨᠢ | ᠲᠣᠬᠢᠷᠠᠭᠤᠯᠤᠨ ᠵᠢᠭᠤᠯᠴᠢᠯᠠᠯ ᠤᠨ ᠵᠠᠮ᠂ ᠡᠬᠢ ᠪᠠᠶᠠᠯᠢᠭ ᠤᠨ ᠵᠠᠮ᠂ ᠠᠵᠤ ᠦᠢᠯᠡᠰ ᠤᠨ ᠵᠠᠮ ᠢ ᠪᠣᠶ ᠪᠣᠯᠭᠠᠵᠤ᠂ | ᠵᠠᠮ ᠬᠠᠷᠢᠯᠴᠠᠭ᠎ᠠ ᠲᠡᠭᠡᠭᠡᠪᠦᠷᠢ ᠶᠢᠨ ᠬᠤᠲᠠ ᠬᠥᠳᠡᠭᠡ ᠶᠢᠨ ᠠᠵᠤ ᠠᠬᠤᠢ ᠶᠢᠨ ᠬᠥᠭᠵᠢᠯᠲᠡ ᠳᠤ ᠭᠦᠨᠵᠡᠭᠡᠢ | ᠠᠭᠤᠰᠤᠯᠴᠠᠬᠤ ᠶᠢ ᠠᠬᠢᠭᠤᠯᠤᠨ᠎ᠠ᠃ | ︵ᠳᠥᠷᠪᠡ︶ ᠠᠯᠬᠤᠮ ᠬᠤᠪᠢᠶᠠᠨ ᠠᠬᠢᠭᠤᠯᠵᠤ᠂ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠤᠲᠠ | ᠬᠥᠳᠡᠭᠡ ᠶᠢᠨ ᠵᠠᠮ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠣᠳᠣᠬᠢ ᠪᠠᠶᠢᠳᠠᠯ ᠲᠠᠢ ᠤᠶᠠᠯᠳᠤᠭᠤᠯᠤᠨ᠂ | ᠬᠠᠮᠢᠶᠠᠷᠤᠯᠲᠠ ᠶᠢᠨ ᠲᠣᠭᠲᠠᠴᠠ ᠶᠢ ᠰᠢᠯᠤᠭᠤᠳᠬᠠᠵᠤ᠂ ᠠᠯᠬᠤᠮ ᠬᠤᠪᠢᠶᠠᠨ ᠬᠡᠷᠡᠭᠵᠢᠭᠦᠯᠵᠦ᠂ ᠡᠮᠬᠢ | ᠵᠢᠷᠤᠮ ᠲᠠᠢ ᠪᠠᠷ ᠠᠬᠢᠭᠤᠯᠤᠨ᠂ ᠬᠠᠭᠤᠯᠪᠤᠷᠢᠯᠠᠨ ᠳᠡᠯᠭᠡᠷᠡᠭᠦᠯᠵᠦ ᠪᠣᠯᠬᠤ ᠬᠤᠲᠠ ᠬᠥᠳᠡᠭᠡ ᠶᠢᠨ ᠵᠠᠮ ᠲᠡᠭᠡᠭᠡᠪᠦᠷᠢ ᠶᠢ | ᠨᠢᠭᠡ ᠴᠣᠭᠴᠠᠵᠢᠭᠤᠯᠤᠨ ᠬᠥᠭᠵᠢᠭᠦᠯᠬᠦ ᠵᠠᠭᠪᠤᠷ ᠵᠢᠴᠢ ᠬᠡᠷᠡᠭᠵᠢᠭᠦᠯᠬᠦ ᠠᠷᠭ᠎ᠠ ᠵᠠᠮ ᠢ ᠲᠦᠷᠭᠡᠳᠬᠡᠨ ᠪᠣᠶ ᠪᠣᠯᠭᠠᠵᠤ᠂ | ᠴᠡᠭ ᠢᠶᠠᠷ ᠨᠡᠶᠢᠳᠡᠮ ᠢ ᠳᠠᠶᠢᠴᠢᠯᠠᠨ ᠪᠥᠬᠦ ᠬᠤᠰᠢᠭᠤᠨ ᠤ ᠬᠤᠲᠠ ᠬᠥᠳᠡᠭᠡ ᠶᠢᠨ ᠵᠠᠮ ᠲᠡᠭᠡᠭᠡᠪᠦᠷᠢ ᠶᠢᠨ | ᠦᠢᠯᠡᠴᠢᠯᠡᠭᠡᠨ ᠤ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠬᠤᠶᠠᠷ᠂ ᠡᠭᠦᠳᠦᠨ ᠪᠠᠶᠢᠭᠤᠯᠬᠤ ᠰᠠᠭᠤᠷᠢ | ︵ᠨᠢᠭᠡ︶ ᠨᠡᠶᠢᠭᠡᠮ ᠤᠨ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ᠄ 2022 ᠣᠨ ᠳᠤ᠂ ᠪᠥᠬᠦ | ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 73.5 ᠳ᠋ᠦᠩᠰᠢᠭᠤᠷ ᠲᠥᠭᠦᠷᠢᠭ ᠲᠤ | ᠬᠦᠷᠴᠦ᠂ ᠵᠢᠯ ᠪᠦᠷᠢ ᠳᠤᠮᠳᠠᠴᠢ ᠪᠠᠷ 7.9% ᠨᠡᠮᠡᠭᠳᠡᠪᠡ᠃ ᠡᠩ ᠤᠨ ᠤᠯᠠᠨ ᠨᠡᠶᠢᠲᠡ ᠶᠢᠨ ᠲᠥᠰᠥᠪ ᠤᠨ | ᠣᠷᠣᠯᠭ᠎ᠠ 3.1 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠪᠦᠷᠢ ᠳᠤᠮᠳᠠᠴᠢ ᠪᠠᠷ 18.9% ᠪᠠᠷ ᠨᠡᠮᠡᠭᠳᠡᠪᠡ; | ᠡᠩ ᠤᠨ ᠤᠯᠠᠨ ᠨᠡᠶᠢᠲᠡ ᠶᠢᠨ ᠲᠥᠰᠥᠪ ᠤᠨ ᠵᠠᠷᠤᠯᠭ᠎ᠠ 32.4 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠪᠦᠷᠢ | ᠳᠤᠮᠳᠠᠴᠢ ᠪᠠᠷ 1.6% ᠪᠠᠷ ᠨᠡᠮᠡᠭᠳᠡᠪᠡ᠃ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ | ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 3.1 ᠲᠦᠮᠡᠨ ᠲᠥᠭᠦᠷᠢᠭ ᠪᠠ 1.3 ᠲᠦᠮᠡᠨ | ᠲᠥᠭᠦᠷᠢᠭ ᠲᠤ ᠬᠦᠷᠴᠦ᠂ ᠵᠢᠯ ᠪᠦᠷᠢ ᠳᠤᠮᠳᠠᠴᠢ ᠪᠠᠷ ᠲᠣᠰ ᠲᠣᠰ 7.1% ᠪᠠ 10.9% ᠨᠡᠮᠡᠭᠳᠡᠪᠡ᠃ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 11 ᠳ᠋ᠦᠩᠰᠢᠭᠤᠷ | ᠲᠥᠭᠦᠷᠢᠭ ᠲᠤ ᠬᠦᠷᠴᠦ᠂ ᠵᠢᠯ ᠪᠦᠷᠢ ᠳᠤᠮᠳᠠᠴᠢ ᠪᠠᠷ 3.9% ᠨᠡᠮᠡᠭᠳᠡᠪᠡ᠃ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠶᠠᠰᠤ ᠴᠢᠨᠠᠷ ᠲᠣᠭᠲᠠᠭᠤᠨ ᠢᠶᠠᠷ ᠳᠡᠭᠡᠭᠰᠢᠯᠡᠪᠡ᠃ | ︵ᠬᠤᠶᠠᠷ︶ ᠬᠤᠲᠠ ᠬᠥᠳᠡᠭᠡ ᠶᠢᠨ ᠵᠠᠮ ᠬᠠᠷᠢᠯᠴᠠᠭᠠᠨ ᠤ ᠬᠥᠭᠵᠢᠯᠲᠡ ᠶᠢᠨ ᠲᠣᠶᠢᠮᠣ ᠪᠠᠶᠢᠳᠠᠯ᠄ 2022 | ᠣᠨ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ | ᠬᠥᠳᠡᠭᠡ ᠲᠣᠰᠬᠤᠨ ᠤ ᠵᠠᠰᠠᠮᠠᠯ ᠵᠠᠮ ᠤᠨ ᠪᠥᠬᠦ ᠣᠷᠳᠣ ᠨᠢ 2833 ᠺᠢᠯᠣᠮᠧᠲᠷ᠂ ᠬᠥᠳᠡᠭᠡ ᠲᠣᠰᠬᠤᠨ ᠤ ᠵᠠᠰᠠᠮᠠᠯ | ᠵᠠᠮ ᠤᠨ ᠳᠥᠷᠪᠡᠳᠦᠭᠡᠷ ᠳᠡᠰ ᠵᠢᠴᠢ ᠲᠡᠭᠦᠨ ᠠᠴᠠ ᠳᠡᠭᠡᠭᠰᠢᠬᠢ ᠲᠠᠰ ᠤᠨ ᠵᠠᠰᠠᠮᠠᠯ ᠵᠠᠮ ᠤᠨ ᠣᠷᠳᠣ ᠨᠢ 2811 | ᠺᠢᠯᠣᠮᠧᠲᠷ᠂ ᠬᠥᠳᠡᠭᠡ ᠲᠣᠰᠬᠤᠨ ᠤ ᠵᠠᠰᠠᠮᠠᠯ ᠵᠠᠮ ᠤᠨ ᠲᠠᠰ ᠤᠨ ᠨᠣᠷᠮ᠎ᠠ ᠨᠢ 99% ᠪᠣᠯᠣᠨ᠎ᠠ︔ ᠳᠤᠮᠳᠠ | ᠵᠡᠷᠭᠡ ᠶᠢᠨ ᠰᠢᠯᠢᠳᠡᠭ ᠵᠠᠮ ᠤᠨ ᠨᠣᠷᠮ᠎ᠠ 79% ᠪᠠᠶᠢᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠲᠡᠵᠢᠭᠡᠨ | ᠠᠷᠠᠴᠢᠯᠠᠬᠤ ᠨᠣᠷᠮ᠎ᠠ 100% ᠳᠤ ᠬᠥᠷᠪᠡ︔ ᠬᠤᠳᠠ ᠶᠢᠨ ᠪᠠᠶᠢᠭᠤᠯᠤᠭᠰᠠᠨ ᠲᠣᠭᠤᠷᠢᠭ ᠤᠨ ᠵᠠᠮ ᠤᠨ ᠲᠣᠣᠷ ᠤᠨ | ᠨᠢᠭᠲᠠᠴᠠ 8.94km/k ᠳᠤ ᠬᠦᠷᠴᠦ᠂ ᠬᠤᠳᠠ ᠶᠢᠨ ᠪᠠᠶᠢᠭᠤᠯᠤᠭᠰᠠᠨ ᠲᠣᠭᠤᠷᠢᠭ ᠤᠨ ᠵᠠᠮ ᠤᠨ ᠲᠠᠯᠠᠪᠠᠢ ᠶᠢᠨ | ᠨᠤᠷᠮ᠎ᠠ 16.1% ᠳᠤ ᠬᠦᠷᠴᠡᠢ︔ ᠪᠠᠷᠠᠭᠠᠨ ᠤ ᠭᠦᠢᠯᠭᠡᠭᠡ᠂ ᠲᠦᠷᠭᠡᠨ ᠬᠦᠷᠭᠡᠯᠲᠡ ᠶᠢᠨ ᠠᠵᠤ ᠠᠬᠤᠶᠢᠯᠠᠯ ᠤᠨ | ᠪᠠᠷᠠᠭᠠᠨ ᠤ ᠭᠦᠢᠯᠭᠡᠭᠡᠨ ᠤ ᠲᠣᠣᠷ ᠴᠢᠭ᠋ ᠨᠢ ᠨᠢᠭᠡᠨᠲᠡ ᠪᠥᠬᠦ ᠬᠤᠰᠢᠭᠤᠨ ᠤ 12 ᠰᠤᠮᠤ᠂ 173 | ᠪᠠᠶᠢᠭᠤᠯᠤᠮᠵᠢ ᠶᠢᠨ ᠳᠦᠷᠢᠮᠲᠦ ᠲᠣᠰᠬᠤᠨ ᠢ ᠬᠠᠮᠤᠷᠴᠤ᠂ ᠪᠠᠶᠢᠭᠤᠯᠤᠮᠵᠢ ᠶᠢᠨ ᠳᠦᠷᠢᠮᠲᠦ ᠲᠣᠰᠬᠤᠨ ᠳᠤ | ᠠᠶᠠᠨᠴᠢᠳ ᠤᠨ ᠲᠡᠷᠭᠡ ᠨᠡᠪᠲᠡᠷᠡᠭᠰᠡᠨ ᠨᠣᠷᠮ᠎ᠠ ᠨᠢ 100% ᠪᠠᠶᠢᠵᠤ᠂ ᠬᠤᠲᠠ ᠶᠢᠨ ᠪᠠᠶᠢᠭᠤᠯᠤᠭᠰᠠᠨ | ᠲᠣᠭᠤᠷᠢᠭ ᠤᠨ ᠨᠡᠶᠢᠲᠡ ᠶᠢᠨ ᠮᠠᠰᠢᠨ ᠲᠡᠷᠭᠡᠨ ᠤ ᠥᠷᠲᠡᠭᠡ ᠴᠡᠭ ᠤᠨ 500 ᠮᠧᠲᠷ ᠤᠨ ᠪᠦᠷᠬᠦᠴᠡ ᠶᠢᠨ ᠨᠣᠷᠮ᠎ᠠ | ᠨᠢ 98% ᠪᠣᠯᠣᠨ᠎ᠠ᠃ | ︵ᠭᠤᠷᠪᠠ︶ ᠡᠭᠦᠳᠦᠨ ᠪᠠᠶᠢᠭᠤᠯᠬᠤ ᠳᠠᠪᠠᠭᠤᠯᠢᠭ᠄ ᠨᠢᠭᠡ ᠳᠤ᠂ ᠭᠠᠵᠠᠷ ᠵᠦᠢ ᠶᠢᠨ ᠪᠠᠶᠢᠷᠢᠯᠠᠯ ᠳᠠᠪᠠᠭᠤᠯᠢᠭ᠂ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠪᠣᠯ ᠬᠢᠩᠭᠠᠨ ᠠᠶᠢᠮᠠᠭ ᠤᠨ ᠡᠮᠦᠨ᠎ᠡ ᠶᠡᠭᠡ ᠡᠭᠦᠳᠡ ᠪᠠᠶᠢᠵᠤ᠂ | G5511 ᠶᠢ ᠨᠢᠭᠡᠨᠲᠡ ᠪᠠᠶᠢᠭᠤᠯᠵᠤ᠂ G1015 ᠳᠡᠭᠡᠳᠦ ᠬᠤᠷᠳᠤ ᠶᠢᠨ ᠵᠠᠰᠠᠮᠠᠯ ᠵᠠᠮ ᠢ ᠶᠠᠭ ᠪᠦᠲᠦᠭᠡᠨ | ᠪᠠᠶᠢᠭᠤᠯᠵᠤ᠂ ᠤᠯᠤᠰ ᠤᠨ ᠵᠠᠮ ᠤᠨ G111᠂ G334᠂ G207᠂ ᠮᠤᠵᠢ ᠶᠢᠨ ᠵᠠᠮ ᠤᠨ S210 ᠱᠤᠭᠤᠮ | ᠮᠠᠨ ᠤ ᠬᠤᠰᠢᠭᠤᠨ ᠤ ᠬᠢᠯᠢ ᠪᠠᠷ ᠨᠡᠪᠲᠡᠷᠡᠵᠦ᠂ ᠮᠠᠨ ᠤ ᠬᠤᠰᠢᠭᠤ ᠬᠢᠭᠡᠳ ᠡᠷᠬᠢᠨ ᠲᠣᠭᠤᠷᠢᠨ ᠤ ᠬᠤᠰᠢᠭᠤ | ᠰᠢᠶᠠᠨ ᠳᠤ ᠲᠦᠷᠭᠡᠨ ᠨᠡᠪᠲᠡᠷᠡᠬᠦ ᠶᠢ ᠪᠡᠶᠡᠯᠡᠭᠦᠯᠦᠨ᠎ᠡ︔ ᠬᠤᠶᠠᠷ ᠲᠤ᠂ ᠲᠡᠦᠬᠡ ᠰᠣᠶᠣᠯ ᠤᠨ ᠰᠠᠭᠤᠷᠢ ᠡᠯᠪᠡᠭ | ᠪᠠᠶᠠᠯᠢᠭ᠂ ᠦᠨᠳᠦᠰᠦᠲᠡᠨ ᠤ ᠰᠣᠶᠣᠯ ᠡᠯᠪᠡᠭ ᠪᠠᠶᠠᠯᠢᠭ᠂ ᠮᠠᠨ ᠤ ᠬᠤᠰᠢᠭᠤᠨ ᠤ ᠮᠣᠩᠭᠤᠯ ᠦᠨᠳᠦᠰᠦᠲᠡᠨ ᠤ | ᠬᠥᠮᠥᠨ ᠠᠮᠠ ᠶᠢᠨ ᠡᠵᠡᠯᠡᠬᠦ ᠬᠠᠷᠢᠴᠠᠯ 87% ᠠᠴᠠ ᠳᠡᠭᠡᠭᠰᠢ ᠪᠠᠶᠢᠵᠤ᠂ ᠦᠨᠳᠦᠰᠦᠲᠡᠨ ᠤ ᠤᠯᠠᠮᠵᠢᠯᠠᠯᠲᠤ | ᠰᠢᠯᠢᠳᠡᠭ ᠰᠣᠶᠣᠯ ᠢ ᠨᠡᠯᠢᠶᠡᠳ ᠪᠦᠷᠢᠨ ᠭᠦᠢᠴᠡᠳ ᠬᠠᠳᠠᠭᠠᠯᠠᠵᠤ ᠪᠠᠶᠢᠨ᠎ᠠ︔ ᠭᠤᠷᠪᠠ ᠳᠤ᠂ ᠵᠤᠭᠠᠴᠠᠯ ᠤᠨ ᠡᠬᠢ | ᠪᠠᠶᠠᠯᠢᠭ ᠡᠯᠪᠡᠭ ᠳᠡᠯᠪᠡᠭ᠂ ᠬᠠᠨᠭᠠᠯ ᠨᠠᠭᠤᠷ᠂ ᠲᠦᠱᠥᠲ᠋ᠦ᠋ ᠸᠠᠩ ᠤᠨ ᠣᠷᠳᠣᠨ᠂ ᠵᠦᠩ ᠶᠢᠩ ᠰᠠᠭᠤᠷᠢᠨ ᠭᠠᠵᠠᠷ᠂ | ᠲᠠᠪᠤᠯᠵᠢᠨ ᠪᠠᠲᠤᠴᠠᠭᠠᠨ ᠵᠡᠷᠭᠡ ᠵᠤᠭᠠᠴᠠᠯ ᠤᠨ ᠡᠬᠢ ᠪᠠᠶᠠᠯᠢᠭ ᠤᠯᠠᠨ ᠠᠴᠠ ᠣᠨᠴᠠᠭᠠᠢ ᠪᠠᠶᠢᠵᠤ᠂ ᠤᠯᠠᠨ | ᠲᠦᠷᠦᠯ ᠤᠨ ᠠᠵᠤ ᠦᠢᠯᠡᠰ ᠤᠨ ᠬᠠᠮᠵᠢᠯᠴᠠᠨ ᠬᠥᠭᠵᠢᠬᠦ ᠳᠤ ᠲᠣᠬᠢᠷᠠᠨ᠎ᠠ︔ ᠳᠥᠷᠪᠡ ᠳᠤ ᠵᠠᠮ ᠤᠨ ᠲᠣᠣᠷ ᠤᠨ | ᠪᠦᠲᠦᠭᠡᠨ ᠪᠠᠶᠢᠭᠤᠯᠤᠯᠲᠠ ᠪᠦᠷᠢᠨ ᠲᠡᠭᠦᠯᠳᠡᠷ᠂ ᠰᠠᠭᠤᠷᠢ ᠲᠥᠬᠦᠭᠡᠷᠦᠮᠵᠢ ᠰᠠᠶᠢᠨ ᠪᠠᠶᠢᠨ᠎ᠠ᠃ ᠬᠥᠳᠡᠭᠡ ᠲᠣᠰᠬᠤᠨ ᠤ | ᠵᠠᠰᠠᠮᠠᠯ ᠵᠠᠮ᠂ ᠵᠢᠭᠤᠯᠴᠢᠯᠠᠯ ᠤᠨ ᠵᠠᠰᠠᠮᠠᠯ ᠵᠠᠮ ᠵᠡᠷᠭᠡ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠭᠰᠡᠨ ᠪᠠᠶᠢᠳᠠᠯ ᠨᠡᠯᠢᠶᠡᠳ ᠰᠠᠶᠢᠨ᠂ ᠰᠠᠭᠤᠷᠢ ᠪᠡᠯᠡᠳᠬᠡᠮᠵᠢ ᠨᠢ | ᠪᠦᠷᠢᠨ᠂ ᠳᠠᠭᠠᠯᠲᠠ ᠪᠡᠯᠡᠳᠬᠡᠮᠵᠢ ᠨᠢ ᠪᠦᠷᠢᠨ ᠭᠦᠢᠴᠡᠳ᠂ ᠵᠢᠭᠤᠯᠴᠢᠯᠠᠯ ᠤᠨ ᠦᠵᠡᠮᠵᠢ ᠶᠢᠨ ᠭᠠᠵᠠᠷ᠂ ᠭᠤᠣᠯ | ᠪᠣᠯᠬᠤ ᠬᠤᠲᠠ ᠪᠠᠯᠭᠠᠰᠤ᠂ ᠴᠢᠬᠤᠯᠠ ᠭᠠᠴᠠᠭ᠎ᠠ᠂ ᠵᠠᠮ ᠤᠨ ᠲᠣᠣᠷ ᠤᠨ ᠪᠦᠲᠦᠭᠡᠨ ᠪᠠᠶᠢᠭᠤᠯᠤᠯᠲᠠ ᠳᠤ ᠲᠦᠰᠢᠭᠯᠡᠨ | ᠂ ᠵᠠᠮ ᠬᠠᠷᠢᠯᠴᠠᠭ᠎ᠠ ᠲᠥᠬᠦᠮ᠂ ᠵᠤᠭᠠᠴᠠᠨ ᠨᠠᠭᠠᠳᠬᠤ ᠳᠤ ᠲᠣᠬᠢᠷᠠᠨ᠎ᠠ᠃ | ᠭᠤᠷᠪᠠ᠂ ᠡᠭᠦᠳᠦᠨ ᠪᠠᠶᠢᠭᠤᠯᠬᠤ ᠰᠡᠳᠬᠢᠴᠡ ᠵᠢᠴᠢ ᠬᠠᠷᠠᠯᠲᠠ | 2025 ᠣᠨ ᠤ ᠰᠡᠭᠦᠯᠴᠢ ᠪᠣᠯᠬᠤ ᠳᠤ᠂ ᠪᠦᠬᠦ ᠬᠤᠰᠢᠭᠤᠨ ᠤ ᠬᠤᠲᠠ ᠬᠥᠳᠡᠭᠡ ᠶᠢᠨ ᠵᠠᠮ ᠬᠠᠷᠢᠯᠴᠠᠭ᠎ᠠ | ᠲᠡᠭᠡᠭᠡᠪᠦᠷᠢ ᠶᠢᠨ ᠨᠢᠭᠡ ᠴᠣᠭᠴᠠᠵᠢᠭᠰᠠᠨ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠥᠳᠡᠭᠡ | ᠲᠣᠰᠬᠤᠨ ᠤ ᠠᠶᠠᠨᠴᠢᠳ ᠤᠨ ᠲᠡᠭᠡᠭᠡᠪᠦᠷᠢ ᠶᠢᠨ ᠨᠡᠶᠢᠲᠡ ᠶᠢᠨ ᠮᠠᠰᠢᠨᠴᠢᠯᠠᠯᠲᠠ ᠶᠢᠨ ᠥᠭᠡᠷᠡᠴᠢᠯᠡᠯᠲᠡ ᠶᠢ ᠪᠡᠶᠡᠯᠡᠭᠦᠯᠵᠦ | ᠂ ᠬᠥᠳᠡᠭᠡ ᠲᠣᠰᠬᠤᠨ ᠤ ᠠᠶᠠᠨᠴᠢᠳ ᠤᠨ ᠪᠠ ᠪᠠᠷᠠᠭ᠎ᠠ ᠰᠢᠤᠳᠠᠨ ᠤ ᠠᠭᠤᠰᠤᠯᠴᠠᠨ ᠬᠥᠭᠵᠢᠬᠦ ᠶᠢ ᠠᠬᠢᠭᠤᠯᠵᠤ᠂ | ᠬᠤᠲᠠ ᠬᠥᠳᠡᠭᠡ ᠶᠢᠨ ᠠᠶᠠᠨᠴᠢᠳ ᠤᠨ ᠲᠡᠭᠡᠭᠡᠪᠦᠷᠢ ᠬᠢᠭᠡᠳ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ | ᠠᠬᠢᠭᠤᠯᠵᠤ᠂ ᠬᠥᠳᠡᠭᠡ ᠲᠣᠰᠬᠤᠨ ᠤ ᠲᠡᠭᠡᠭᠡᠪᠦᠷᠢ ᠶᠢᠨ ᠦᠢᠯᠡᠴᠢᠯᠡᠭᠡᠨ ᠤ ᠮᠡᠳᠡᠭᠡ ᠵᠠᠩᠭᠢᠵᠢᠯᠲᠠ ᠶᠢᠨ | ᠪᠠᠶᠢᠭᠤᠯᠤᠯᠲᠠ ᠶᠢ ᠠᠬᠢᠭᠤᠯᠵᠤ᠂ ᠪᠣᠳᠠᠲᠠᠢ ᠲᠠᠢ ᠪᠠᠨ ᠤᠶᠠᠯᠳᠤᠭᠤᠯᠤᠨ᠂ ᠮᠠᠨ ᠤ ᠬᠤᠰᠢᠭᠤᠨ ᠤ ᠵᠠᠮ | ᠲᠡᠭᠡᠭᠡᠪᠦᠷᠢ ᠶᠢᠨ ᠬᠤᠲᠠ ᠬᠥᠳᠡᠭᠡ ᠶᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢᠨ ᠠᠵᠢᠯ ᠢ ᠲᠣᠭᠲᠠᠭᠤᠨ ᠢᠶᠠᠷ | ᠠᠬᠢᠭᠤᠯᠤᠨ᠎ᠠ᠃ | ︵ᠨᠢᠭᠡ︶ ᠬᠤᠳᠠ ᠬᠥᠳᠡᠭᠡ ᠶᠢᠨ ᠠᠶᠠᠨᠴᠢᠳ ᠤᠨ ᠲᠡᠭᠡᠭᠡᠪᠦᠷᠢ ᠶᠢᠨ ᠤᠯᠠᠨ ᠨᠡᠶᠢᠳᠡ ᠶᠢᠨ ᠦᠢᠯᠡᠴᠢᠯᠡᠭᠡᠨ ᠤ | ᠶᠠᠰᠤ ᠴᠢᠨᠠᠷ ᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ | ᠱᠤᠭᠤᠮ ᠢ ᠬᠥᠳᠡᠭᠡ ᠲᠣᠰᠬᠤᠨ ᠵᠦᠭ ᠰᠤᠨᠵᠤᠷᠠᠭᠤᠯᠵᠤ᠂ ᠬᠤᠲᠠ ᠶᠢᠨ ᠲᠣᠭᠤᠷᠢᠭ ᠤᠨ ᠡᠷᠬᠢᠨ ᠲᠣᠭᠤᠷᠢᠨ ᠤ | ᠰᠤᠮᠤ ᠪᠠᠯᠭᠠᠰᠤ ᠶᠢ ᠨᠥᠯᠥᠭᠡᠯᠡᠨ᠂ ᠳᠥᠭᠦᠮ ᠳᠥᠲᠡ ᠣᠶᠢᠷ᠎ᠠ ᠵᠠᠮ ᠢᠶᠠᠷ ᠠᠶᠠᠯᠠᠨ᠎ᠠ︔ ᠬᠥᠳᠡᠭᠡ ᠲᠣᠰᠬᠤᠨ ᠤ | ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ ᠤᠨ ᠨᠡᠶᠢᠲᠡ ᠶᠢᠨ ᠮᠠᠰᠢᠨᠴᠢᠯᠠᠯᠲᠠ ᠶᠢᠨ | ᠥᠭᠡᠷᠡᠴᠢᠯᠡᠯᠲᠡ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠦᠢᠯᠡᠴᠢᠯᠡᠭᠡᠨ ᠤ | ᠤᠳᠠᠭ᠎ᠠ ᠶᠢ ᠨᠢᠭᠤᠴᠠᠯᠠᠬᠤ ᠶᠢᠨ ᠬᠠᠮᠲᠤ᠂ ᠮᠡᠳᠡᠭᠡ ᠵᠠᠩᠭᠢ ᠶᠢᠨ ᠲᠠᠪᠴᠠᠩ ᠤᠨ ᠰᠢᠰᠲ᠋ᠧᠮ ᠢ ᠠᠰᠢᠭᠯᠠᠨ ᠮᠡᠳᠡᠭᠡ | ᠵᠠᠩᠭᠢ ᠶᠢᠨ ᠡᠬᠢ ᠪᠠᠶᠠᠯᠢᠭ ᠢ ᠪᠦᠲᠦᠮᠵᠢᠲᠡᠶ ᠪᠠᠷ ᠡᠮᠬᠢᠯᠡᠨ ᠨᠡᠶᠢᠯᠡᠭᠦᠯᠵᠦ᠂ ᠬᠤᠲᠠ ᠶᠢᠨ ᠬᠤᠭᠤᠷᠣᠨᠳᠣᠬᠢ᠂ | ᠬᠤᠲᠠ ᠶᠢᠨ ᠲᠣᠭᠤᠷᠢᠭ᠂ ᠬᠤᠲᠠ ᠬᠥᠳᠡᠭᠡ ᠶᠢ ᠵᠠᠪᠰᠠᠷ ᠦᠭᠡᠢ ᠵᠣᠯᠭᠠᠭᠤᠯᠬᠤ ᠶᠢ ᠪᠡᠶᠡᠯᠡᠭᠦᠯᠵᠦ᠂ ᠪᠥᠬᠦ | ᠬᠤᠰᠢᠭᠤᠨ ᠤ ᠠᠷᠠᠳ ᠲᠦᠮᠡᠨ ᠳᠤ ᠨᠠᠩ ᠳᠥᠭᠦᠮ ᠳᠥᠲᠡ᠂ ᠲᠠᠭᠠᠯᠠᠮᠵᠢᠲᠠᠢ᠂ ᠠᠮᠤᠷ ᠲᠦᠪᠰᠢᠨ᠂ ᠥᠨᠳᠥᠷ | ᠪᠦᠲᠦᠮᠵᠢᠲᠡᠶ ᠬᠤᠲᠠ ᠬᠥᠳᠡᠭᠡ ᠶᠢᠨ ᠠᠶᠠᠨᠴᠢᠳ ᠤᠨ ᠲᠡᠭᠡᠭᠡᠪᠦᠷᠢ ᠶᠢᠨ ᠦᠢᠯᠡᠴᠢᠯᠡᠭᠡ ᠶᠢ ᠡᠳ᠋ᠯᠡᠭᠦᠯᠦᠨ᠎ᠡ᠃ | ︵ᠬᠤᠶᠠᠷ︶ ᠬᠥᠳᠡᠭᠡ ᠲᠣᠰᠬᠤᠨ ᠤ ᠠᠶᠠᠨᠴᠢᠨ ᠪᠠ ᠪᠠᠷᠠᠭ᠎ᠠ ᠰᠢᠤᠳᠠᠨ ᠤ ᠠᠭᠤᠰᠤᠯᠴᠠᠨ ᠬᠥᠭᠵᠢᠬᠦ ᠶᠢ | ᠠᠬᠢᠭᠤᠯᠤᠨ᠎ᠠ᠃ ᠣᠯᠠᠨ ᠬᠡᠯᠪᠡᠷᠢ ᠪᠠᠷ ᠬᠤᠯᠪᠤᠭᠠᠯᠠᠨ ᠲᠡᠭᠡᠭᠡᠪᠦᠷᠢᠯᠡᠬᠦ ᠶᠢ ᠠᠩᠬ᠎ᠠ ᠠᠯᠬᠤᠮ ᠪᠡᠶᠡᠯᠡᠭᠦᠯᠵᠦ᠂ | ᠪᠠᠷᠠᠭᠠᠨ ᠤ ᠭᠦᠢᠯᠭᠡᠭᠡᠨ ᠤ ᠰᠠᠭᠤᠷᠢᠨ ᠭᠠᠵᠠᠷ ᠢ ᠲᠦᠷᠭᠡᠳᠬᠡᠨ ᠪᠠᠶᠢᠭᠤᠯᠵᠤ᠂ ᠮᠠᠨ ᠤ ᠬᠤᠰᠢᠭᠤᠨ ᠤ ᠠᠶᠠᠨᠴᠢᠳ᠂ | ᠪᠠᠷᠠᠭ᠎ᠠ᠂ ᠰᠢᠤᠳᠠᠨ᠂ ᠬᠤᠳᠠᠯᠳᠤᠭᠠᠴᠢᠳ ᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠪᠠᠶᠢᠷᠢᠰᠢᠯ ᠢ ᠳᠠᠶᠢᠴᠢᠯᠠᠨ᠎ᠠ᠃ | ᠠᠵᠤ ᠦᠢᠯᠡᠰ ᠤᠨ ᠬᠠᠩᠭᠠᠯᠭ᠎ᠠ ᠶᠢᠨ ᠬᠡᠯᠬᠢᠶ᠎ᠡ ᠯᠦᠭᠡ ᠠᠭᠤᠰᠤᠯᠴᠠᠨ ᠬᠥᠭᠵᠢᠭᠰᠡᠨ ᠣᠨᠴᠠᠯᠢᠭ ᠲᠠᠢ ᠵᠢᠱᠢᠶ᠎ᠡ | ᠦᠵᠡᠭᠦᠯᠬᠦ 1 ︱ 2 ᠲᠥᠷᠥᠯ ᠵᠦᠢᠯ ᠢ ᠪᠠᠶᠢᠭᠤᠯᠤᠨ᠎ᠠ︔ᠬᠥᠳᠡᠭᠡ ᠲᠣᠰᠬᠤᠨ ᠤ ᠲᠦᠷᠪᠡᠨ ᠰᠠᠶᠢᠨ ᠵᠠᠮ ᠤᠨ | ᠰᠠᠭᠤᠷᠢᠨ ᠳᠡᠭᠡᠷ᠎ᠡ ᠵᠠᠮᠴᠢᠯᠠᠬᠤ ᠣᠷᠴᠢᠨ ᠨᠥᠬᠦᠴᠡᠯ ᠢ ᠳᠡᠭᠡᠭᠰᠢᠯᠡᠭᠦᠯᠦᠨ᠎ᠡ᠃ | ︵ᠭᠤᠷᠪᠠ︶ ᠬᠤᠲᠠ ᠬᠥᠳᠡᠭᠡ ᠶᠢᠨ ᠠᠶᠠᠨᠴᠢᠳ ᠤᠨ ᠲᠡᠭᠡᠭᠡᠪᠦᠷᠢ ᠬᠢᠭᠡᠳ ᠵᠢᠭᠤᠯᠴᠢᠯᠠᠯ ᠤᠨ ᠠᠭᠤᠰᠤᠯᠴᠠᠨ | ᠬᠥᠭᠵᠢᠬᠦ ᠶᠢ ᠠᠬᠢᠭᠤᠯᠤᠨ᠎ᠠ᠃ ᠮᠠᠨ ᠤ ᠬᠤᠰᠢᠭᠤᠨ ᠤ ᠪᠣᠳᠠᠲᠤ ᠪᠠᠶᠢᠳᠠᠯ ᠳᠤ ᠰᠠᠭᠤᠷᠢᠯᠠᠨ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠦᠢᠯᠡᠰ ᠬᠢᠭᠡᠳ ᠵᠢᠭᠤᠯᠴᠢᠯᠠᠯ ᠤᠨ ᠦᠢᠯᠡᠰ ᠢ ᠭᠦᠨᠵᠡᠭᠡᠶᠢᠷᠡᠭᠦᠯᠪᠡᠯ᠂ ᠬᠥᠳᠡᠭᠡ ᠲᠣᠰᠬᠤᠨ ᠤ | ᠵᠢᠭᠤᠯᠴᠢᠯᠠᠯ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠤᠲᠠ ᠬᠥᠳᠡᠭᠡ ᠶᠢᠨ | ᠠᠶᠠᠨᠴᠢᠳ ᠤᠨ ᠲᠡᠭᠡᠭᠡᠪᠦᠷᠢ ᠶᠢᠨ ᠲᠠᠯᠠᠪᠤᠷ ᠥᠷᠲᠡᠭᠡ ᠶᠢᠨ ᠵᠢᠭᠤᠯᠴᠢᠯᠠᠯ ᠤᠨ ᠲᠥᠪᠯᠡᠷᠡᠭᠦᠯᠦᠨ ᠲᠠᠷᠬᠠᠭᠠᠬᠤ | ᠦᠢᠯᠡᠴᠢᠯᠡᠭᠡᠨ ᠤ ᠴᠢᠳᠠᠮᠵᠢ ᠶᠢ ᠥᠷᠭᠡᠳᠬᠡᠨ᠂ ᠵᠢᠭᠤᠯᠴᠢᠯᠠᠯ ᠤᠨ ᠠᠶᠠᠨᠴᠢᠳ ᠤᠨ ᠲᠡᠭᠡᠭᠡᠪᠦᠷᠢ ᠶᠢᠨ | ᠦᠢᠯᠡᠴᠢᠯᠡᠭᠡᠨ ᠤ ᠲᠣᠣᠷ ᠰᠦᠯᠵᠢᠶ᠎ᠡ ᠶᠢ ᠲᠡᠭᠦᠯᠳᠡᠷᠵᠢᠭᠦᠯᠵᠦ᠂ ᠪᠠᠶᠠᠨᠬᠤᠰᠢᠭᠤ ᠮᠠᠰᠢᠨ ᠲᠡᠷᠭᠡᠨ ᠤ ᠥᠷᠲᠡᠭᠡ ᠶᠢ | ᠮᠠᠨ ᠤ ᠤᠯᠤᠰ ᠤᠨ ᠠᠭᠤᠰᠤᠯᠴᠠᠭᠰᠠᠨ ᠬᠤᠰᠢᠭᠤᠨ ᠤ ᠵᠢᠭᠤᠯᠴᠢᠯᠠᠯ ᠤᠨ ᠲᠥᠪᠯᠡᠷᠡᠭᠦᠯᠦᠨ ᠲᠠᠷᠬᠠᠭᠠᠬᠤ | ᠦᠢᠯᠡᠴᠢᠯᠡᠭᠡᠨ ᠤ ᠴᠢᠭ᠋ ᠢ ᠢᠳᠡᠭ ᠢᠳᠡᠭ ᠢᠶᠠᠷ ᠪᠦᠲᠦᠭᠡᠨ ᠪᠠᠶᠢᠭᠤᠯᠤᠨ᠎ᠠ᠃ | ︵ᠳᠥᠷᠪᠡ︶ ᠬᠥᠳᠡᠭᠡ ᠲᠣᠰᠬᠤᠨ ᠤ ᠲᠡᠭᠡᠭᠡᠪᠦᠷᠢ ᠶᠢᠨ ᠦᠢᠯᠡᠴᠢᠯᠡᠭᠡᠨ ᠤ ᠮᠡᠳᠡᠭᠡ ᠵᠠᠩᠭᠢᠵᠢᠯᠲᠠ ᠶᠢᠨ | ᠪᠠᠶᠢᠭᠤᠯᠤᠯᠲᠠ ᠵᠢᠬᠥ᠋ᠳᠡᠭᠡ ᠲᠣᠰᠬᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠦᠯᠵᠢᠶᠡᠨ ᠤ ᠲᠠᠪᠴᠠᠩ ᠢ ᠢᠨᠲ᠋ᠧᠷ | ᠰᠦᠯᠵᠢᠶᠡᠨ ᠳᠡᠭᠡᠷ᠎ᠡ ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ ᠤᠨ | ᠠᠵᠢᠯᠯᠠᠭᠠᠨ ᠤ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠵᠦ᠂ ᠬᠥᠳᠡᠭᠡ ᠲᠣᠰᠬᠤᠨ ᠤ ᠠᠶᠠᠨᠴᠢᠳ ᠤᠨ | ᠲᠡᠭᠡᠭᠡᠪᠦᠷᠢ᠂ ᠪᠠᠷᠠᠭᠠᠨ ᠤ ᠭᠦᠢᠯᠭᠡᠭᠡ᠂ ᠰᠢᠤᠳᠠᠨ ᠤ ᠲᠦᠷᠭᠡᠨ ᠬᠦᠷᠭᠡᠯᠲᠡ ᠵᠡᠷᠭᠡ ᠮᠡᠳᠡᠭᠡ ᠵᠠᠩᠭᠢ ᠶᠢ ᠬᠠᠮᠲᠤ ᠪᠠᠷ | ᠡᠳ᠋ᠯᠡᠬᠦ ᠶᠢ ᠴᠢᠩᠭᠠᠳᠬᠠᠨ᠂ ᠵᠢᠭᠤᠯᠴᠢᠯᠠᠯ ᠤᠨ ᠦᠢᠯᠡᠴᠢᠯᠡᠭᠡ᠂ ᠪᠠᠷᠠᠭᠠᠨ ᠤ ᠭᠦᠢᠯᠭᠡᠭᠡ ᠵᠡᠷᠭᠡ ᠴᠢᠳᠠᠮᠵᠢ ᠶᠢ ᠨᠢᠭᠡ | ᠴᠣᠭᠴᠠᠵᠢᠭᠤᠯᠤᠭᠰᠠᠨ ᠮᠡᠳᠡᠭᠡ ᠵᠠᠩᠭᠢᠵᠢᠯᠲᠠ ᠶᠢᠨ ᠲᠠᠪᠴᠠᠩ ᠢ ᠪᠠᠶᠢᠭᠤᠯᠵᠤ᠂ ᠬᠥᠳᠡᠭᠡ ᠲᠣᠰᠬᠤᠨ ᠤ | ᠲᠡᠭᠡᠭᠡᠪᠦᠷᠢ ᠶᠢᠨ ᠦᠢᠯᠡᠴᠢᠯᠡᠭᠡᠨ ᠤ ᠮᠡᠳᠡᠭᠡ ᠵᠠᠩᠭᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠠᠷᠠᠳ ᠣᠯᠠᠨ ᠤ | ᠶᠠᠪᠤᠵᠤ ᠰᠠᠭᠤᠬᠤ ᠳᠤ ᠲᠥᠬᠦᠮ ᠦᠵᠡᠭᠦᠯᠵᠦ᠂ ᠪᠠᠷᠠᠭᠠᠨ ᠤ ᠲᠡᠭᠡᠭᠡᠪᠦᠷᠢ ᠪᠠᠷᠠᠭᠠᠨ ᠤ ᠭᠦᠢᠯᠭᠡᠭᠡ ᠶᠢ ᠰᠠᠭᠠᠳ ᠦᠭᠡᠢ | ᠨᠡᠪᠲᠡᠷᠡᠭᠦᠯᠦᠨ᠎ᠡ᠃ | ᠳᠥᠷᠪᠡ᠂ ᠡᠭᠦᠳᠦᠨ ᠪᠠᠶᠢᠭᠤᠯᠬᠤ ᠡᠭᠦᠷᠭᠡ | ︵ᠨᠢᠭᠡ︶ ᠬᠤᠲᠠ ᠬᠥᠳᠡᠭᠡ ᠶᠢᠨ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ ᠲᠠᠰ ᠳᠡᠪᠰᠢᠬᠦ ᠶᠢ | ᠲᠦᠷᠭᠡᠳᠬᠡᠨ᠎ᠡ | 1. ᠬᠥᠳᠡᠭᠡ ᠲᠣᠰᠬᠤᠨ ᠤ ᠰᠠᠭᠤᠷᠢ ᠵᠠᠮ ᠤᠨ ᠲᠣᠣᠷ ᠢ ᠲᠦᠷᠭᠡᠪᠴᠢᠯᠡᠨ ᠲᠡᠭᠦᠯᠳᠡᠷᠵᠢᠭᠦᠯᠦᠨ᠎ᠡ᠃ | ᠭᠠᠳᠠᠭᠠᠳᠤ ᠳᠤ ᠨᠡᠪᠲᠡᠷᠡᠵᠦ ᠳᠣᠲᠣᠭᠠᠳᠤ ᠳᠠᠭᠠᠨ ᠬᠤᠯᠪᠣᠯᠳᠤᠭᠰᠠᠨ ᠬᠤᠲᠠ ᠬᠥᠳᠡᠭᠡ ᠶᠢᠨ ᠵᠠᠮ ᠬᠠᠷᠢᠯᠴᠠᠭᠠᠨ ᠤ | ᠭᠤᠣᠯ ᠨᠡᠪᠲᠡᠷᠡᠬᠦ ᠵᠠᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠤᠳᠠ ᠶᠢᠨ ᠵᠠᠮ᠂ ᠭᠤᠣᠯ ᠵᠠᠰᠠᠮᠠᠯ ᠵᠠᠮ᠂ | ᠬᠥᠳᠡᠭᠡ ᠲᠣᠰᠬᠤᠨ ᠤ ᠵᠠᠰᠠᠮᠠᠯ ᠵᠠᠮ ᠤᠨ ᠬᠤᠭᠤᠷᠣᠨᠳᠣᠬᠢ ᠵᠣᠯᠭᠠᠯᠴᠠᠭ᠎ᠠ ᠶᠢ ᠴᠢᠩᠭᠠᠳᠬᠠᠨ᠂ ᠬᠤᠲᠠ | ᠪᠠᠯᠭᠠᠰᠤ ᠶᠢᠨ ᠪᠠᠶᠢᠷᠢᠰᠢᠯ᠂ ᠠᠵᠤ ᠠᠬᠤᠢ ᠪᠣᠯᠣᠨ ᠬᠥᠮᠥᠨ ᠠᠮᠠ ᠶᠢᠨ ᠲᠠᠷᠬᠠᠯᠲᠠ᠂ ᠬᠤᠳᠠ ᠪᠠᠯᠭᠠᠰᠤᠴᠢᠯᠠᠯᠲᠠ ᠶᠢᠨ | ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠵᠡᠷᠭᠡ ᠲᠠᠢ ᠤᠶᠠᠯᠳᠤᠭᠤᠯᠤᠨ᠂ ᠰᠤᠮᠤ ᠪᠠᠯᠭᠠᠰᠤ ᠶᠢᠨ ᠠᠰᠠᠭᠤᠳᠠᠯ᠂ | ᠭᠠᠴᠠᠭ᠎ᠠ ᠶᠢᠨ ᠬᠤᠭᠤᠷᠣᠨᠳᠣᠬᠢ ᠲᠣᠣᠷ ᠬᠤᠯᠪᠣᠭᠰᠠᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠡᠮᠬᠢ | ᠵᠢᠷᠤᠮ ᠲᠠᠢ ᠪᠠᠷ ᠲᠦᠯᠬᠢᠨ ᠠᠬᠢᠭᠤᠯᠵᠤ᠂ ᠰᠢᠶᠠᠨ ᠰᠢᠶᠠᠩ ᠤᠨ ᠵᠠᠮ ᠪᠣᠯᠣᠨ ᠵᠠᠰᠠᠭ ᠵᠠᠬᠢᠷᠭᠠᠨ ᠤ ᠲᠣᠰᠬᠤᠨ ᠤ | ᠭᠤᠣᠯ ᠪᠣᠯᠬᠤ ᠲᠣᠰᠬᠤᠨ ᠤ ᠵᠠᠮ ᠤᠨ ᠲᠣᠣᠷ ᠬᠤᠯᠪᠣᠭᠰᠠᠨ ᠬᠡᠰᠡᠭ ᠢᠶᠠᠷ ᠴᠣᠭᠴᠠᠯᠠᠬᠤ ᠶᠢ ᠵᠣᠷᠢᠭᠵᠢᠭᠤᠯᠤᠨ᠂ | ᠬᠥᠳᠡᠭᠡ ᠲᠣᠰᠬᠤᠨ ᠤ ᠵᠠᠮ ᠤᠨ ᠲᠣᠣᠷ ᠰᠦᠯᠵᠢᠶᠡᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ | ᠠᠶᠠᠨᠴᠢᠳ ᠤᠨ ᠮᠠᠰᠢᠨ ᠲᠡᠷᠭᠡ ᠨᠡᠪᠲᠡᠷᠡᠬᠦ ᠵᠠᠮ ᠱᠤᠭᠤᠮ ᠢ ᠲᠡᠰ ᠳᠡᠪᠰᠢᠭᠦᠯᠦᠨ ᠲᠡᠰ ᠳᠡᠪᠰᠢᠭᠦᠯᠬᠦ ᠶᠢ | ᠲᠦᠷᠭᠡᠳᠬᠡᠵᠦ᠂ ᠢᠪᠴᠤᠤ ᠵᠠᠮ ᠤᠨ ᠰᠠᠭᠤᠷᠢ᠂ ᠵᠠᠮ ᠳᠡᠭᠡᠷᠡᠬᠢ ᠬᠥᠳᠡᠭᠡ ᠲᠣᠰᠬᠤᠨ ᠤ ᠵᠠᠰᠠᠮᠠᠯ ᠵᠠᠮ ᠢ ᠥᠷᠭᠡᠳᠬᠡᠨ | ᠥᠭᠡᠷᠡᠴᠢᠯᠡᠬᠦ ᠪᠤᠶᠤ ᠪᠤᠷᠤᠭᠤ ᠲᠡᠷᠭᠡᠨ ᠵᠠᠮ ᠭᠠᠷᠭᠠᠬᠤ ᠶᠢ ᠬᠡᠷᠡᠭᠵᠢᠭᠦᠯᠵᠦ᠂ ᠨᠥᠬᠦᠴᠡᠯ ᠪᠦᠷᠢᠳᠦᠭᠰᠡᠨ ᠨᠡᠯᠢᠶᠡᠳ | ᠶᠡᠭᠡ ᠬᠥᠮᠥᠨ ᠠᠮᠠ ᠶᠢᠨ ᠬᠡᠪᠴᠢᠶᠡᠲᠦ ᠠᠶᠢᠯ ᠲᠣᠰᠬᠤᠨ ᠳᠤ ᠬᠤᠣᠰ ᠲᠡᠷᠭᠡᠨ ᠵᠠᠮ ᠲᠠᠢ ᠵᠠᠰᠠᠮᠠᠯ ᠵᠠᠮ | ᠨᠡᠪᠲᠡᠷᠡᠭᠦᠯᠬᠦ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠤᠨ᠎ᠠ᠃ | 2. ᠬᠤᠲᠠ ᠬᠥᠳᠡᠭᠡ ᠶᠢᠨ ᠵᠠᠰᠠᠮᠠᠯ ᠵᠠᠮ ᠤᠨ ᠦᠢᠯᠡᠴᠢᠯᠡᠭᠡᠨ ᠤ ᠶᠠᠰᠤ ᠴᠢᠨᠠᠷ ᠢ ᠶᠡᠬᠡᠪᠡᠷ ᠳᠡᠭᠡᠭᠰᠢᠯᠡᠭᠦᠯᠦᠨ᠎ᠡ᠃ | ︽ᠬᠥᠳᠡᠭᠡ ᠲᠣᠰᠬᠤᠨ ᠤ ᠵᠠᠰᠠᠮᠠᠯ ᠵᠠᠮ+ ᠠᠵᠤ ᠦᠢᠯᠡᠰ︾ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ | ᠬᠥᠳᠡᠭᠡ ᠲᠣᠰᠬᠤᠨ ᠤ ᠵᠠᠰᠠᠮᠠᠯ ᠵᠠᠮ ᠤᠨ ᠶᠠᠰᠤ ᠴᠢᠨᠠᠷ ᠢ ᠳᠡᠭᠡᠭᠰᠢᠯᠡᠭᠦᠯᠦᠨ ᠥᠭᠡᠷᠡᠴᠢᠯᠡᠨ ᠰᠠᠶᠢᠵᠢᠷᠠᠭᠤᠯᠵᠤ᠂ | ᠭᠤᠣᠯ ᠪᠣᠯᠬᠤ ᠰᠤᠮᠤ ᠪᠠᠯᠭᠠᠰᠤ ᠰᠢᠶᠠᠨ ᠰᠢᠶᠠᠩ ᠳᠤ ᠨᠡᠪᠲᠡᠷᠡᠬᠦ ᠵᠠᠰᠠᠮᠠᠯ ᠵᠠᠮ ᠤᠨ ᠲᠣᠣᠷ ᠢ ᠪᠣᠶ ᠪᠣᠯᠭᠠᠨ᠎ᠠ᠃ | ᠣᠨᠴᠠᠯᠢᠭᠲᠤ ᠵᠢᠭᠤᠯᠴᠢᠯᠠᠯ ᠤᠨ ᠵᠠᠮ᠂ ᠠᠵᠤ ᠦᠢᠯᠡᠰ ᠤᠨ ᠵᠠᠮ ᠤᠨ ᠳᠣᠲᠣᠷ᠎ᠠ ᠭᠠᠳᠠᠨᠠᠬᠢ ᠬᠤᠣᠰ ᠲᠣᠭᠤᠷᠢᠯ | ᠵᠠᠮ ᠢ ᠲᠦᠷᠭᠡᠪᠴᠢᠯᠡᠨ ᠪᠤᠢ ᠪᠣᠯᠭᠠᠨ᠎ᠠ᠃ ᠵᠠᠮ ᠬᠠᠷᠢᠯᠴᠠᠭ᠎ᠠ ᠬᠢᠭᠡᠳ ᠵᠢᠭᠤᠯᠴᠢᠯᠠᠯ ᠤᠨ ᠪᠡᠯᠡᠳᠬᠡᠮᠵᠢ ᠶᠢ ᠨᠢᠭᠡ | ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ | ᠲᠣᠬᠢᠷᠠᠭᠤᠯᠤᠨ ᠵᠢᠭᠤᠯᠴᠢᠯᠠᠯ ᠤᠨ ᠶᠡᠭᠡ ᠵᠠᠮ ᠢ ᠪᠦᠲᠦᠭᠡᠨ ᠪᠠᠶᠢᠭᠤᠯᠵᠤ᠂ ᠵᠠᠮ ᠳᠠᠭᠠᠤ ᠶᠢᠨ ᠥᠩᠭᠡ ᠦᠵᠡᠮᠵᠢ ᠪᠠ | ᠵᠢᠭᠤᠯᠴᠢᠯᠠᠯ ᠤᠨ ᠡᠬᠢ ᠪᠠᠶᠠᠯᠢᠭ ᠲᠠᠢ ᠤᠶᠠᠯᠳᠤᠭᠤᠯᠤᠨ᠂ ᠨᠡᠪᠲᠡᠷᠡᠬᠦ᠂ ᠵᠤᠭᠠᠴᠠᠨ ᠠᠮᠠᠷᠠᠬᠤ᠂ ᠪᠡᠶᠡᠴᠢᠯᠡᠨ | ᠣᠶᠢᠯᠠᠭᠠᠬᠤ᠂ ᠬᠥᠳᠡᠯᠭᠡᠭᠡᠨ ᠬᠢᠬᠦ᠂ ᠪᠡᠶ᠎ᠡ ᠴᠢᠭᠢᠷᠠᠭᠵᠢᠭᠤᠯᠬᠤ᠂ ᠰᠣᠶᠣᠯ᠂ ᠰᠤᠷᠭᠠᠨ ᠬᠥᠮᠦᠵᠢᠯ ᠵᠡᠷᠭᠡ ᠨᠡᠶᠢᠯᠡᠮᠡᠯ | ᠴᠢᠳᠠᠮᠵᠢ ᠲᠠᠢ ᠭᠤᠣᠯ ᠰᠡᠳᠦᠪᠲᠦ ᠵᠠᠮ ᠱᠤᠭᠤᠮ ᠢ ᠪᠠᠶᠢᠭᠤᠯᠬᠤ ᠶᠢᠨ ᠬᠠᠮᠲᠤ᠂ ᠬᠡᠷᠡᠭᠴᠡᠭᠡ ᠱᠠᠭᠠᠷᠳᠠᠯᠭ᠎ᠠ ᠪᠠᠨ | ᠦᠨᠳᠦᠰᠦᠯᠡᠨ ᠳᠤᠭᠤᠢ ᠲᠡᠷᠭᠡᠨ ᠤ ᠵᠠᠮ᠂ ᠶᠠᠪᠠᠭᠠᠨ ᠵᠠᠮ ᠵᠡᠷᠭᠡ ᠤᠳᠠᠭᠠᠨ ᠶᠠᠪᠤᠬᠤ ᠪᠡᠯᠡᠳᠬᠡᠮᠵᠢ ᠶᠢ ᠨᠡᠮᠡᠵᠦ | ᠪᠠᠶᠢᠭᠤᠯᠬᠤ ᠬᠡᠷᠡᠭᠲᠡᠢ᠃ᠵᠠᠮ ᠬᠠᠷᠢᠯᠴᠠᠭᠠᠨ ᠤ ᠠᠮᠢ ᠠᠬᠤᠢ ᠶᠢᠨ ᠬᠤᠩᠭᠢᠯ ᠢ ᠨᠡᠭᠡᠭᠡᠨ ᠬᠥᠭᠵᠢᠭᠦᠯᠵᠦ᠂ ᠵᠠᠰᠠᠮᠠᠯ | ᠵᠠᠮ ᠤᠨ ᠵᠠᠮ ᠤᠨ ᠣᠷᠴᠢᠨ ᠲᠣᠭᠤᠷᠢᠨ ᠢ ᠨᠣᠭᠤᠭᠠᠷᠠᠭᠤᠯᠤᠨ ᠭᠤᠶᠣᠵᠢᠭᠤᠯᠵᠤ᠂ ᠲᠡᠮᠳᠡᠭ ᠫᠠᠶᠢᠰᠠ᠂ ᠵᠠᠮ | ᠬᠠᠷᠢᠯᠴᠠᠭᠠᠨ ᠤ ᠵᠢᠭᠤᠯᠴᠢᠯᠠᠯ ᠤᠨ ᠤᠯᠠᠭ᠎ᠠ ᠥᠷᠲᠡᠭᠡ ᠵᠡᠷᠭᠡ ᠰᠠᠭᠤᠷᠢ ᠪᠡᠯᠡᠳᠬᠡᠮᠵᠢ ᠪᠠ ᠣᠯᠠᠨ ᠨᠡᠶᠢᠲᠡ ᠶᠢᠨ | ᠦᠢᠯᠡᠴᠢᠯᠡᠭᠡᠨ ᠤ ᠢᠵᠢ ᠪᠦᠷᠢᠳᠦᠭᠦᠯᠬᠦ ᠶᠢ ᠲᠡᠭᠦᠯᠳᠡᠷᠵᠢᠭᠦᠯᠦᠨ᠂ ᠵᠢᠭᠤᠯᠴᠢᠯᠠᠯ ᠤᠨ ᠳᠠᠭᠠᠭᠠᠬᠤ ᠴᠢᠳᠠᠪᠤᠷᠢ ᠶᠢ | ᠳᠡᠭᠡᠭᠰᠢᠯᠡᠭᠦᠯᠵᠦ᠂ ︽ᠶᠠᠪᠤᠵᠤ ᠰᠠᠭᠤᠪᠠᠯ ᠵᠤᠭᠠᠴᠠᠬᠤ ᠪᠠᠷ ᠭᠠᠷᠬᠤ︾ ᠦᠢᠯᠡᠴᠢᠯᠡᠭᠡᠨ ᠤ ᠵᠠᠭᠪᠤᠷ ᠢ ᠪᠣᠶ ᠪᠣᠯᠭᠠᠨ᠎ᠠ᠃ | | 3. ᠵᠠᠩᠭᠢᠯᠠᠭ᠎ᠠ ᠶᠢᠨ ᠲᠠᠯᠠᠪᠤᠷ ᠥᠷᠲᠡᠭᠡ ᠶᠢᠨ ᠴᠢᠳᠠᠮᠵᠢ ᠶᠢᠨ ᠠᠭᠤᠰᠤᠯᠴᠠᠯ ᠢ ᠢᠳᠡᠪᠬᠢᠲᠡᠢ ᠪᠠᠷ ᠠᠬᠢᠭᠤᠯᠤᠨ᠎ᠠ᠃ | ᠭᠠᠯᠲᠤ ᠲᠡᠷᠭᠡᠨ ᠦᠷᠳᠡᠭᠡ᠂ ᠮᠠᠰᠢᠨ ᠲᠡᠷᠭᠡᠨ ᠦᠷᠳᠡᠭᠡ᠂ ᠨᠡᠶᠢᠲᠡ ᠶᠢᠨ ᠮᠠᠰᠢᠨ ᠲᠡᠷᠭᠡᠨ ᠦᠷᠳᠡᠭᠡ ᠶᠢᠨ ᠵᠠᠪᠰᠠᠷ | ᠦᠭᠡᠢ ᠴᠥᠷᠬᠡᠯᠡᠭᠡ ᠶᠢ ᠪᠡᠶᠡᠯᠡᠭᠦᠯᠵᠦ᠂ ᠬᠦᠢᠰᠦ ᠲᠠᠯᠠᠪᠤᠷ ᠦᠷᠳᠡᠭᠡ ᠶᠢᠨ ᠳᠣᠲᠣᠭᠠᠳᠤ ᠭᠠᠳᠠᠭᠠᠳᠤ ᠶᠢᠨ ᠵᠠᠮ | ᠬᠠᠷᠢᠯᠴᠠᠭᠠᠨ ᠤ ᠬᠤᠯᠪᠣᠯᠲᠠ ᠶᠢ ᠤᠯᠠᠮ ᠨᠢᠭᠡ ᠠᠯᠬᠤᠮ ᠰᠠᠭᠠᠳ ᠦᠭᠡᠢ ᠨᠡᠪᠲᠡᠷᠡᠭᠦᠯᠦᠨ᠎ᠡ᠃ | ︵ᠬᠤᠶᠠᠷ︶ ᠬᠤᠳᠠ ᠬᠥᠳᠡᠭᠡ ᠶᠢᠨ ᠠᠶᠠᠨᠴᠢᠳ ᠤᠨ ᠲᠡᠭᠡᠭᠡᠪᠦᠷᠢ ᠶᠢᠨ ᠦᠢᠯᠡᠴᠢᠯᠡᠭᠡᠨ ᠤ ᠶᠠᠰᠤ ᠴᠢᠨᠠᠷ ᠤᠨ | ᠳᠡᠰ ᠳᠡᠪᠰᠢᠬᠦ ᠶᠢ ᠲᠦᠯᠬᠢᠨ ᠠᠬᠢᠭᠤᠯᠤᠨ᠎ᠠ | ᠬᠤᠲᠠ ᠬᠥᠳᠡᠭᠡ ᠶᠢᠨ ᠠᠶᠠᠨᠴᠢᠳ ᠤᠨ ᠲᠡᠭᠡᠭᠡᠪᠦᠷᠢ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ | ᠰᠢᠯᠢᠳᠡᠭᠵᠢᠭᠦᠯᠵᠦ᠂ ᠵᠠᠰᠠᠭ ᠵᠠᠬᠢᠷᠭᠠᠨ ᠤ ᠲᠣᠰᠬᠤᠨ ᠳᠤ ᠠᠶᠠᠨᠴᠢᠳ ᠤᠨ ᠲᠡᠷᠭᠡ ᠨᠡᠪᠲᠡᠷᠡᠬᠦ ᠨᠣᠷᠮ᠎ᠠ ᠶᠢ | 100% ᠪᠠᠷ ᠦᠨᠡᠨ ᠬᠦ ᠪᠠᠲᠤᠯᠠᠭᠰᠠᠨ ᠰᠠᠭᠤᠷᠢᠨ ᠳᠡᠭᠡᠷ᠎ᠡ ᠬᠤᠲᠠ ᠬᠥᠳᠡᠭᠡ ᠶᠢᠨ ᠣᠯᠠᠨ ᠨᠡᠶᠢᠲᠡ ᠶᠢᠨ ᠵᠠᠮ | ᠬᠠᠷᠢᠯᠴᠠᠭᠠᠨ ᠤ ᠦᠢᠯᠡᠴᠢᠯᠡᠭᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠬᠤᠲᠠ ᠬᠥᠳᠡᠭᠡ ᠶᠢᠨ | ᠠᠶᠠᠨᠴᠢᠳ ᠤᠨ ᠲᠡᠭᠡᠭᠡᠪᠦᠷᠢ ᠶᠢᠨ ᠵᠠᠮ ᠱᠤᠭᠤᠮ ᠢ ᠰᠢᠯᠢᠳᠡᠭᠵᠢᠭᠦᠯᠵᠦ᠂ ᠣᠲᠣ ᠶᠢᠨ ᠪᠠᠶᠢᠭ᠎ᠠ ᠬᠥᠳᠡᠭᠡ ᠲᠣᠰᠬᠤᠨ ᠤ | ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ ᠢ ᠰᠢᠨ᠎ᠡ ᠪᠠᠷ ᠨᠡᠭᠡᠭᠡᠬᠦ᠂ ᠱᠤᠭᠤᠮ ᠢ ᠥᠭᠡᠷᠡᠴᠢᠯᠡᠬᠦ ᠪᠠᠷ | ᠳᠠᠮᠵᠢᠭᠤᠯᠤᠨ ᠤᠷᠲᠤᠳᠬᠠᠵᠤ᠂ ᠰᠣᠳᠣᠨ ᠡᠭᠡᠯᠵᠢ ᠶᠢᠨ ᠱᠤᠭᠤᠮ᠂ ᠵᠢᠭᠤᠯᠴᠢᠯᠠᠯ ᠤᠨ ᠡᠭᠡᠯᠵᠢ ᠶᠢᠨ ᠱᠤᠭᠤᠮ᠂ | ᠣᠨᠴᠠᠯᠢᠭᠲᠤᠬᠥ᠋ᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠶᠢᠨ ᠪᠦᠷᠬᠦᠴᠡ ᠪᠠ ᠦᠢᠯᠡᠴᠢᠯᠡᠭᠡᠨ ᠤ ᠬᠦᠷᠢᠶ᠎ᠡ | ᠬᠡᠪᠴᠢᠶ᠎ᠡ ᠶᠢ ᠥᠷᠭᠡᠳᠬᠡᠵᠦ᠂ ᠬᠤᠳᠠ ᠬᠥᠳᠡᠭᠡ ᠶᠢᠨ ᠠᠶᠠᠨᠴᠢᠳ ᠤᠨ ᠲᠡᠭᠡᠭᠡᠪᠦᠷᠢ ᠶᠢᠨ ᠴᠢᠨᠠᠷ ᠰᠠᠶᠢᠲᠠᠢ | ᠦᠢᠯᠡᠴᠢᠯᠡᠭᠡ ᠶᠢ ᠪᠤᠢ ᠪᠣᠯᠭᠠᠵᠤ᠂ ᠪᠦᠬᠦ ᠰᠢᠶᠠᠨ ᠤ ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠶᠢᠨ | ᠪᠦᠬᠦᠯᠢ ᠴᠣᠭᠴᠠ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠪᠠ ᠴᠢᠨᠠᠷ ᠴᠢᠨᠰᠠᠭ᠎ᠠ ᠶᠢ ᠦᠨᠡᠨ ᠬᠦ ᠳᠡᠭᠡᠭᠰᠢᠯᠡᠭᠦᠯᠵᠦ᠂ | ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠵᠠᠮ ᠬᠠᠷᠢᠯᠴᠠᠭᠠᠨ ᠤ ᠶᠠᠪᠤᠵᠤ | ︵ᠭᠤᠷᠪᠠ︶ ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠦᠷ᠎ᠡ | 1. ᠰᠢᠶᠠᠨ ᠰᠢᠶᠠᠩ ᠲᠣᠰᠬᠤᠨ ᠤ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠦᠢᠯᠡᠴᠢᠯᠡᠭᠡᠨ ᠦᠲ᠋ᠣᠰᠬᠤᠨ ᠤ | ᠲᠠᠰ ᠤᠨ ᠪᠠᠷᠠᠭᠠᠨ ᠤ ᠭᠦᠢᠯᠭᠡᠭᠡᠨ ᠤ ᠴᠢᠭ᠋ ᠤᠨ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠶᠢ ᠲᠦᠷᠭᠡᠳᠬᠡᠵᠦ᠂ | ᠨᠢᠭᠡᠳᠦᠯᠲᠡᠢ ᠣᠷᠣᠭᠤᠯᠬᠤ᠂ ᠨᠢᠭᠡᠳᠦᠯᠲᠡᠢ ᠬᠦᠷᠭᠡᠬᠦ ᠶᠢ ᠦᠷᠭᠦᠯᠵᠢᠯᠡᠨ ᠰᠠᠶᠢᠲᠤᠷ ᠬᠢᠵᠦ᠂ ᠬᠤᠰᠢᠭᠤᠨ ᠲᠠᠰ ᠤᠨ | ᠪᠠᠷᠠᠭᠠᠨ ᠤ ᠭᠦᠢᠯᠭᠡᠭᠡᠨ ᠤ ᠲᠥᠪ ᠤᠨ ᠬᠦᠢᠲᠡᠨ ᠬᠡᠯᠬᠢᠶᠡᠲᠦ ᠪᠡᠯᠡᠳᠬᠡᠮᠵᠢ ᠶᠢ ᠢᠵᠢ ᠪᠦᠷᠢᠳᠦᠭᠦᠯᠦᠨ ᠪᠦᠲᠦᠭᠡᠨ | ᠪᠠᠶᠢᠭᠤᠯᠬᠤ ᠶᠢ ᠵᠣᠷᠢᠭᠵᠢᠭᠤᠯᠤᠨ᠎ᠠ︔ ᠠᠶᠠᠨᠴᠢᠳ ᠤᠨ ᠲᠡᠭᠡᠭᠡᠪᠦᠷᠢ ᠶᠢᠨ ᠦᠢᠯᠡᠴᠢᠯᠡᠭᠡ ᠶᠢ ᠪᠦᠲᠦᠮᠵᠢᠲᠡᠶ ᠪᠠᠲᠤᠯᠠᠬᠤ | ᠪᠠ ᠠᠮᠤᠷ ᠲᠦᠪᠰᠢᠨ ᠤ ᠬᠠᠮᠢᠶᠠᠷᠤᠯᠲᠠ ᠶᠢᠨ ᠱᠠᠭᠠᠷᠳᠠᠯᠭ᠎ᠠ ᠶᠢ ᠬᠠᠩᠭᠠᠭᠰᠠᠨ ᠰᠠᠭᠤᠷᠢᠨ ᠳᠡᠭᠡᠷ᠎ᠡ᠂ ᠰᠤᠮᠤ | ᠪᠠᠯᠭᠠᠰᠤ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠥᠷᠲᠡᠭᠡ ᠨᠢ ᠬᠡᠷᠡᠭᠴᠡᠭᠡ ᠪᠠᠨ ᠦᠨᠳᠦᠰᠦᠯᠡᠨ ᠰᠢᠤᠳᠠᠨ᠂ | ᠲᠦᠷᠭᠡᠨ ᠬᠦᠷᠭᠡᠯᠲᠡ ᠶᠢᠨ ᠬᠠᠩᠭᠠᠨ ᠪᠣᠷᠣᠯᠠᠭᠤᠯᠬᠤ᠂ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠢ | ᠬᠥᠲᠥᠯᠥᠨ ᠵᠢᠯᠤᠭᠤᠳᠴᠤ ᠰᠤᠮᠤ ᠪᠠᠯᠭᠠᠰᠤ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠥᠷᠲᠡᠭᠡ ᠳᠤ ᠰᠠᠭᠤᠯᠭᠠᠵᠤ᠂ | ᠲᠠᠯᠠᠪᠤᠷ ᠥᠷᠲᠡᠭᠡ ᠶᠢᠨ ᠡᠬᠢ ᠪᠠᠶᠠᠯᠢᠭ ᠪᠠ ᠪᠡᠯᠡᠳᠬᠡᠮᠵᠢ ᠶᠢ ᠬᠠᠮᠲᠤᠪᠠᠷ ᠡᠳ᠋ᠯᠡᠭᠦᠯᠦᠨ᠎ᠡ᠃ | 2. ᠬᠥᠳᠡᠭᠡ ᠲᠣᠰᠬᠤᠨ ᠤ ᠪᠠᠷᠠᠭ᠎ᠠ ᠶᠢᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠵᠠᠭᠪᠤᠷ ᠢ | ᠰᠢᠯᠢᠳᠡᠭᠵᠢᠭᠦᠯᠦᠨ᠎ᠡ᠃ ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡ᠂ ᠡᠯᠧᠺᠲᠷᠣᠨ ᠬᠤᠳᠠᠯᠳᠤᠭᠠᠨ ᠤ ᠲᠦᠷᠭᠡᠨ | ᠬᠦᠷᠭᠡᠯᠲᠡ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠲᠣᠬᠢᠷᠠᠭᠤᠯᠤᠨ ᠬᠦᠷᠭᠡᠬᠦ ᠵᠡᠷᠭᠡ ᠶᠢ ᠣᠷᠭᠠᠨᠢᠭ ᠢᠶᠠᠷ | ᠤᠶᠠᠯᠳᠤᠭᠤᠯᠬᠤ ᠶᠢ ᠲᠦᠯᠬᠢᠨ ᠠᠬᠢᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ | ᠪᠦᠲᠦᠮᠵᠢᠲᠡᠶ ᠪᠠᠷ ᠵᠣᠯᠭᠠᠭᠤᠯᠬᠤ ᠶᠢ ᠪᠡᠶᠡᠯᠡᠭᠦᠯᠵᠦ᠂ ︽ᠲᠠᠷᠢᠶᠠᠯᠠᠩ ᠤᠨ ᠪᠦᠲᠦᠭᠡᠭᠳᠡᠬᠦᠨ ᠢ ᠬᠤᠳᠠ ᠳᠤ | ᠣᠷᠣᠭᠤᠯᠬᠤ︾ ᠪᠠ ︽ᠠᠵᠤ ᠦᠢᠯᠡᠳᠪᠦᠷᠢ ᠶᠢᠨ ᠦᠢᠯᠡᠳᠬᠦᠨ ᠢ ᠬᠥᠳᠡᠭᠡ ᠪᠠᠭᠤᠯᠭᠠᠬᠤ︾ ᠬᠤᠣᠰ ᠴᠢᠭᠯᠡᠯ ᠤᠨ | ᠭᠦᠢᠯᠭᠡᠭᠡᠨ ᠤ ᠲᠣᠣᠷ ᠢ ᠪᠠᠶᠢᠭᠤᠯᠤᠨ᠎ᠠ᠃ ᠡᠷᠴᠢᠮᠯᠢᠭ ᠪᠥᠭᠡᠳ ᠥᠨᠳᠥᠷ ᠪᠦᠲᠦᠮᠵᠢᠲᠡᠶ ᠪᠠᠷ ᠲᠣᠬᠢᠷᠠᠭᠤᠯᠤᠨ | ᠬᠦᠷᠭᠡᠬᠦ᠂ ᠨᠢᠭᠡᠳᠦᠯᠲᠡᠢ ᠬᠥᠮᠥᠷᠭᠡᠯᠡᠵᠦ ᠨᠢᠭᠡᠳᠦᠯᠲᠡᠢ ᠲᠣᠬᠢᠷᠠᠭᠤᠯᠬᠤ ᠵᠢᠴᠢ ᠲᠣᠭᠲᠠᠭᠰᠠᠨ ᠴᠠᠭ᠂ ᠲᠣᠭᠲᠠᠭᠰᠠᠨ ᠴᠡᠭ᠂ | ᠱᠤᠭᠤᠮ ᠲᠣᠭᠲᠠᠭᠠᠭᠰᠠᠨ ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡᠨ ᠤ ︽ᠪᠠᠷᠠᠭ᠎ᠠ ᠲᠡᠭᠡᠭᠡᠪᠦᠷᠢᠯᠡᠬᠦ | ᠡᠭᠡᠯᠵᠢ ᠶᠢᠨ ᠲᠡᠷᠭᠡ︾ ᠵᠡᠷᠭᠡ ᠵᠣᠬᠢᠶᠠᠨ ᠪᠠᠶᠢᠭᠤᠯᠤᠯᠲᠠ ᠶᠢᠨ ᠵᠠᠭᠪᠤᠷ ᠢ ᠳᠡᠯᠭᠡᠷᠡᠭᠦᠯᠵᠦ᠂ ᠲᠡᠭᠡᠭᠡᠪᠦᠷᠢ ᠶᠢᠨ | ᠥᠪᠡᠷ ᠤᠨ ᠦᠷᠳᠡᠭ ᠢ ᠪᠠᠭᠤᠷᠠᠭᠤᠯᠵᠤ᠂ ᠲᠡᠭᠡᠭᠡᠪᠦᠷᠢ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠠᠶᠠᠨᠴᠢᠳ | ᠪᠠ ᠪᠠᠷᠠᠭ᠎ᠠ ᠶᠢ ᠨᠢᠭᠡ ᠲᠣᠣᠷ ᠰᠦᠯᠵᠢᠶ᠎ᠡ ᠲᠠᠢ ᠪᠠᠶᠢᠯᠭᠠᠬᠤ᠂ ᠡᠬᠢ ᠪᠠᠶᠠᠯᠢᠭ ᠢ ᠬᠠᠮᠲᠤᠪᠠᠷ ᠭᠥᠷᠳᠡᠬᠦ ᠶᠢ | ᠵᠣᠷᠢᠭᠵᠢᠭᠤᠯᠵᠤ᠂ ᠬᠤᠲᠠ ᠬᠥᠳᠡᠭᠡ ᠶᠢᠨ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ ᠤᠨ | ᠲᠡᠭᠡᠭᠡᠪᠦᠷᠢ ᠶᠢᠨ ᠬᠦᠴᠦᠨ ᠤ ᠡᠬᠢ ᠪᠠᠶᠠᠯᠢᠭ ᠢ ᠭᠦᠢᠴᠡᠳ ᠠᠰᠢᠭᠯᠠᠨ᠂ ᠵᠢᠵᠢᠭ ᠵᠦᠢᠯ ᠤᠨ ᠲᠦᠷᠭᠡᠨ ᠲᠡᠭᠡᠭᠡᠪᠦᠷᠢ᠂ | ᠡᠯᠧᠺᠲᠷᠣᠨ ᠬᠤᠳᠠᠯᠳᠤᠭᠠᠨ ᠤ ᠲᠦᠷᠭᠡᠨ ᠬᠦᠷᠭᠡᠯᠲᠡ ᠵᠡᠷᠭᠡ ᠲᠡᠭᠡᠭᠡᠪᠦᠷᠢ ᠶᠢᠨ ᠦᠢᠯᠡᠴᠢᠯᠡᠭᠡᠨ ᠢ ᠥᠷᠨᠢᠭᠦᠯᠦᠨ᠎ᠡ᠃ | ᠲᠦᠷᠭᠡᠨ ᠬᠦᠷᠭᠡᠬᠦ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠬᠤᠯᠪᠣᠭᠠᠯᠠᠬᠤ᠂ ᠪᠡᠯᠡ ᠨᠡᠶᠢᠯᠡᠭᠦᠯᠬᠦ | ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠦᠷᠭᠡᠨ ᠬᠦᠷᠭᠡᠬᠦ ᠲᠤᠬᠠᠶᠢᠯᠠᠭᠰᠠᠨ ᠠᠵᠢᠯ ᠢ ᠬᠠᠮᠲᠤᠪᠠᠷ ᠳᠠᠭᠠᠭᠠᠨ | ᠬᠤᠷᠢᠶᠠᠬᠤ᠂ ᠢᠯᠭᠠᠬᠤ᠂ ᠲᠡᠭᠡᠭᠡᠪᠦᠷᠢᠯᠡᠬᠦ᠂ ᠲᠣᠮᠢᠯᠠᠨ ᠬᠦᠷᠭᠡᠬᠦ ᠶᠢ ᠥᠷᠨᠢᠭᠦᠯᠦᠨ᠎ᠡ᠃ | 3. ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠵᠢᠭᠦᠯᠬᠦ | ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠴᠢᠩᠭᠠᠳᠬᠠᠵᠤ᠂ ᠬᠥᠲᠥᠴᠢ ᠨᠢᠷᠤᠭᠤᠪᠴᠢ ᠠᠵᠤ ᠠᠬᠤᠶᠢᠯᠠᠯ ᠢ | ᠬᠥᠲᠥᠯᠥᠨ ᠵᠢᠯᠤᠭᠤᠳᠴᠤ ᠪᠠᠶᠢᠭᠠᠳ ᠲᠣᠣᠷ ᠰᠦᠯᠵᠢᠶ᠎ᠡ ᠶᠢᠨ ᠪᠦᠷᠬᠦᠴᠡ ᠨᠢ ᠪᠦᠷᠢᠨ ᠲᠡᠭᠦᠯᠳᠡᠷ᠂ ᠡᠬᠢ ᠪᠠᠶᠠᠯᠢᠭ ᠢ | ᠡᠮᠬᠢᠯᠡᠨ ᠨᠡᠶᠢᠯᠡᠭᠦᠯᠦᠭᠰᠡᠨ ᠥᠨᠳᠥᠷ ᠦᠷ᠎ᠡ ᠪᠦᠲᠦᠮᠵᠢᠲᠡᠶ᠂ ᠡᠵᠡᠩᠨᠡᠯᠲᠡ ᠶᠢᠨ ᠦᠢᠯᠡᠴᠢᠯᠡᠭᠡ ᠨᠢ ᠵᠢᠷᠤᠮᠵᠢᠯ ᠲᠠᠢ᠂ | ᠠᠵᠤ ᠦᠢᠯᠡᠰ ᠤᠨ ᠲᠤᠯᠭᠠᠭᠤᠷᠢᠯᠠᠯ ᠨᠢ ᠢᠯᠡᠷᠬᠡᠢ ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡᠨ ᠤ | ᠦᠢᠯᠡᠴᠢᠯᠡᠭᠡᠨ ᠤ ᠨᠠᠷᠠᠲᠤᠪᠠᠷᠢᠮᠵᠢᠶᠠᠵᠢᠭᠤᠯᠤᠭᠰᠠᠨ ᠠᠵᠢᠯᠯᠠᠭᠠᠨ ᠤ ᠬᠠᠮᠢᠶᠠᠷᠤᠯᠲᠠ ᠶᠢᠨ ᠶᠠᠪᠤᠴᠠ ᠶᠢ ᠲᠣᠭᠲᠠᠭᠠᠵᠤ᠂ | ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡᠨ ᠤ ᠡᠵᠡᠩᠨᠡᠯᠲᠡ ᠶᠢᠨ ᠦᠢᠯᠡᠴᠢᠯᠡᠭᠡᠨ ᠤ ᠠᠵᠢᠯᠯᠠᠭ᠎ᠠ ᠶᠢ | ᠵᠢᠷᠤᠮᠵᠢᠭᠤᠯᠤᠨ᠂ ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡᠨ ᠤ ᠬᠦᠷᠭᠡᠬᠦ ᠬᠦᠴᠦᠨ ᠲᠠᠢ ᠬᠤᠭᠤᠴᠠᠭ᠎ᠠ ᠶᠢ | ᠳᠡᠭᠡᠭᠰᠢᠯᠡᠭᠦᠯᠵᠦ᠂ ᠬᠥᠳᠡᠭᠡ ᠲᠣᠰᠬᠤᠨ ᠤ | 4. ᠰᠢᠶᠠᠨ ᠰᠢᠶᠠᠩ ᠤᠨ ᠨᠡᠶᠢᠲᠡ ᠶᠢᠨ ᠵᠠᠮ ᠬᠠᠷᠢᠯᠴᠠᠭᠠᠨ ᠤ ᠲᠡᠷᠭᠡ ᠬᠥᠰᠬᠡ ᠶᠢᠨ ᠪᠠᠷᠠᠭᠠᠨ ᠤ ᠭᠦᠢᠯᠭᠡᠭᠡᠨ ᠤ | ᠲᠦᠷᠭᠡᠨ ᠬᠦᠷᠭᠡᠬᠦ ᠵᠦᠢᠯ ᠢ ᠣᠷᠣᠯᠠᠨ ᠲᠡᠭᠡᠭᠡᠪᠦᠷᠢᠯᠡᠬᠦ ᠶᠢ ᠳᠡᠯᠭᠡᠷᠡᠭᠦᠯᠵᠦ᠂ ᠵᠠᠰᠠᠭ ᠵᠠᠬᠢᠷᠭᠠᠨ ᠤ ᠲᠣᠰᠬᠤᠨ ᠳᠤ | ᠨᠡᠪᠲᠡᠷᠡᠬᠦ ᠠᠶᠠᠨᠴᠢᠳ ᠤᠨ ᠲᠡᠷᠭᠡ ᠬᠢᠭᠡᠳ ᠰᠤᠮᠤ ᠪᠠᠯᠭᠠᠰᠤ ᠶᠢᠨ ᠪᠠᠷᠠᠭᠠᠨ ᠤ ᠭᠦᠢᠯᠭᠡᠭᠡᠨ ᠤ ᠬᠠᠮᠵᠢᠯᠴᠠᠨ | ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠨ᠂ ᠰᠢᠤᠳᠠᠨ ᠤ ᠶᠠᠪᠤᠳᠠᠯ᠂ ᠲᠦᠷᠭᠡᠨ ᠬᠦᠷᠭᠡᠬᠦ ᠠᠵᠤ ᠠᠬᠤᠶᠢᠯᠠᠯ | ᠬᠢᠭᠡᠳ ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠶᠢᠨ ᠬᠠᠮᠲᠤᠷᠠᠨ ᠬᠥᠳᠡᠭᠡ ᠲᠣᠰᠬᠤᠨ ᠤ ᠲᠦᠷᠭᠡᠨ | ᠬᠦᠷᠭᠡᠬᠦ ᠵᠦᠢᠯ ᠢ ᠣᠷᠣᠯᠠᠨ ᠬᠤᠷᠢᠶᠠᠵᠤ ᠣᠷᠣᠯᠠᠨ ᠬᠦᠷᠭᠡᠬᠦ ᠲᠤᠬᠠᠶᠢᠯᠠᠭᠰᠠᠨ ᠠᠵᠢᠯ ᠥᠷᠨᠢᠭᠦᠯᠬᠦ ᠶᠢ | ᠵᠣᠷᠢᠭᠵᠢᠭᠤᠯᠤᠨ᠎ᠠ᠃ᠲᠦᠷᠭᠡᠨ ᠬᠦᠷᠭᠡᠬᠦ ᠠᠵᠤ ᠠᠬᠤᠶᠢᠯᠠᠯ ᠤᠳ ᠲᠤᠬᠠᠶᠢᠯᠠᠭᠰᠠᠨ ᠠᠵᠢᠯ ᠤᠨ ᠬᠡᠪᠴᠢᠶ᠎ᠡ ᠪᠠᠨ | ᠦᠨᠳᠦᠰᠦᠯᠡᠨ᠂ ᠰᠤᠮᠤ ᠪᠠᠯᠭᠠᠰᠤ᠂ ᠭᠠᠴᠠᠭ᠎ᠠ ᠲᠣᠰᠬᠤᠨ ᠢ ᠰᠣᠩᠭᠤᠨ ᠵᠠᠩᠭᠢᠶᠠᠰᠤ ᠪᠣᠯᠭᠠᠵᠤ᠂ ᠵᠥᠪᠳᠡᠯᠴᠡᠨ | ᠬᠠᠮᠲᠤᠷᠠᠯᠴᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠤᠲᠠ ᠬᠥᠳᠡᠭᠡ ᠶᠢᠨ ᠠᠶᠠᠨᠴᠢᠳ ᠤᠨ ᠲᠡᠭᠡᠭᠡᠪᠦᠷᠢ ᠶᠢᠨ | ᠡᠭᠡᠯᠵᠢ ᠶᠢᠨ ᠱᠤᠭᠤᠮ ᠳᠤ ᠨᠠᠶᠢᠳᠠᠵᠤ ᠰᠢᠤᠳᠠᠨ ᠤ ᠵᠦᠢᠯ ᠤᠨ ᠲᠦᠷᠭᠡᠨ ᠬᠦᠷᠭᠡᠬᠦ ᠵᠦᠢᠯ ᠢ ᠣᠷᠣᠯᠠᠨ | ᠲᠡᠭᠡᠭᠡᠪᠦᠷᠢᠯᠡᠵᠦ᠂ ᠬᠠᠮᠲᠤᠪᠠᠷ ᠲᠣᠬᠢᠷᠠᠭᠤᠯᠤᠨ ᠬᠦᠷᠭᠡᠬᠦ᠂ ᠡᠷᠭᠢᠯᠳᠦᠭᠦᠯᠦᠨ ᠲᠣᠬᠢᠷᠠᠭᠤᠯᠬᠤ ᠶᠢ ᠪᠡᠶᠡᠯᠡᠭᠦᠯᠦᠨ᠂ | ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ᠲᠣᠬᠢᠷᠠᠭᠤᠯᠤᠨ ᠬᠦᠷᠭᠡᠬᠦ ᠥᠪᠡᠷ ᠤᠨ ᠥᠷᠲᠡᠭ ᠢ ᠪᠠᠭᠤᠷᠠᠭᠤᠯᠤᠨ᠎ᠠ᠃ | ︵ᠳᠥᠷᠪᠡ︶ ᠬᠤᠳᠠ ᠬᠥᠳᠡᠭᠡ ᠶᠢᠨ ᠵᠠᠮ ᠲᠡᠭᠡᠭᠡᠪᠦᠷᠢ ᠶᠢᠨ ᠦᠢᠯᠡᠴᠢᠯᠡᠭᠡ ᠶᠢ ᠣᠶᠤᠨᠴᠢᠯᠠᠨ ᠲᠡᠰ | ᠳᠡᠪᠰᠢᠭᠦᠯᠬᠦ ᠶᠢ ᠲᠦᠷᠭᠡᠳᠬᠡᠨ᠎ᠡ | 1. ᠲᠣᠭᠠᠴᠢᠯᠠᠭᠰᠠᠨ ᠬᠤᠲᠠ ᠬᠥᠳᠡᠭᠡ ᠶᠢᠨ ᠠᠶᠠᠨᠴᠢᠳ ᠤᠨ ᠲᠡᠭᠡᠭᠡᠪᠦᠷᠢ ᠶᠢᠨ ᠶᠠᠪᠤᠵᠤ ᠰᠠᠭᠤᠬᠤ | ᠦᠢᠯᠡᠴᠢᠯᠡᠭᠡ ᠶᠢ ᠳᠡᠭᠡᠭᠰᠢᠯᠡᠭᠦᠯᠦᠨ᠎ᠡ᠃ᠲᠡᠷᠭᠡ ᠬᠥᠰᠬᠡ ᠶᠢᠨ ᠣᠷᠣᠨ ᠪᠠᠶᠢᠷᠢ ᠶᠢ ᠴᠠᠭ ᠲᠤᠬᠠᠢ ᠳᠤᠨᠢ ᠪᠠᠶᠢᠴᠠᠭᠠᠨ | ᠯᠠᠪᠯᠠᠬᠤ᠂ ᠠᠶᠠᠨᠴᠢᠳ ᠤᠨ ᠲᠡᠭᠡᠭᠡᠪᠦᠷᠢ ᠶᠢᠨ ᠵᠠᠬᠢᠶᠠᠯᠠᠭ᠎ᠠ ᠬᠢᠬᠦ᠂ ᠭᠠᠷ ᠤᠲᠠᠰᠤ ᠪᠠᠷ ᠲᠥᠯᠥᠵᠦ ᠲᠡᠷᠭᠡᠨ ᠳᠤ | ᠰᠠᠭᠤᠬᠤ᠂ ᠰᠦᠯᠵᠢᠶ᠎ᠡ ᠪᠠᠷ ᠪᠢᠯᠧᠲ ᠬᠤᠳᠠᠯᠳᠤᠬᠤ ᠵᠡᠷᠭᠡ ᠶᠠᠪᠤᠵᠤ ᠰᠠᠭᠤᠬᠤ ᠮᠡᠳᠡᠭᠡ ᠵᠠᠩᠭᠢ ᠶᠢᠨ ᠦᠢᠯᠡᠴᠢᠯᠡᠭᠡ ᠶᠢ | ᠳᠡᠭᠡᠭᠰᠢᠯᠡᠭᠦᠯᠦᠨ᠎ᠡ᠃ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠰᠦᠯᠵᠢᠶ᠎ᠡ ᠪᠠᠷ ᠪᠢᠯᠧᠲ ᠬᠤᠳᠠᠯᠳᠤᠬᠤ | ᠰᠢᠰᠲ᠋ᠧᠮ ᠢ ᠳᠡᠯᠭᠡᠷᠡᠭᠦᠯᠵᠦ᠂ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠡᠯᠧᠺᠲᠷᠣᠨ ᠪᠢᠯᠧᠲ ᠪᠠ ᠪᠡᠯᠡᠨ | ᠵᠣᠭᠤᠰᠤᠨ ᠤ ᠪᠤᠰᠤ ᠲᠣᠭᠠᠴᠠᠭ᠎ᠠ ᠬᠢᠬᠦ ᠠᠷᠭ᠎ᠠ ᠮᠠᠶ᠋ᠢᠭ ᠢ ᠢᠳᠡᠪᠬᠢᠲᠡᠢ ᠪᠠᠷ ᠬᠡᠷᠡᠭᠵᠢᠭᠦᠯᠦᠨ᠂ ᠬᠤᠯᠪᠤᠭᠠᠯᠠᠨ | ᠲᠡᠭᠡᠭᠡᠪᠦᠷᠢᠯᠡᠬᠦ ᠪᠠ ᠨᠢᠭᠡ ᠪᠢᠯᠧᠲ ᠤᠨ ᠳᠦᠷᠢᠮᠲᠦ ᠦᠢᠯᠡᠴᠢᠯᠡᠭᠡᠨ ᠢ ᠰᠦᠪᠡᠭᠴᠢᠯᠡᠨ ᠠᠬᠢᠭᠤᠯᠤᠨ᠎ᠠ᠃ᠰᠦᠯᠵᠢᠶᠡᠨ ᠤ | ᠲᠠᠪᠴᠠᠩ ᠤᠨ ᠵᠠᠬᠢᠶᠠᠯᠠᠨ ᠦᠢᠯᠡᠳᠦᠭᠰᠡᠨ ᠠᠶᠠᠨᠴᠢᠳ ᠤᠨ ᠲᠡᠭᠡᠭᠡᠪᠦᠷᠢ ᠶᠢᠨ ᠳᠤᠮᠳᠠᠬᠢ ᠠᠶᠠᠨᠴᠢᠳ ᠢ ᠵᠣᠬᠢᠶᠠᠨ | ᠪᠠᠶᠢᠭᠤᠯᠬᠤ᠂ ᠲᠣᠬᠢᠷᠠᠭᠤᠯᠬᠤ᠂ ᠦᠨᠡᠯᠡᠬᠦ ᠦᠢᠯᠡᠴᠢᠯᠡᠭᠡᠨ ᠤ ᠴᠢᠳᠠᠮᠵᠢ ᠶᠢ ᠭᠦᠢᠴᠡᠳ ᠪᠠᠳᠠᠷᠠᠭᠤᠯᠵᠤ᠂ | ᠤᠯᠠᠮᠵᠢᠯᠠᠯᠲᠤ ᠡᠭᠡᠯᠵᠢ ᠶᠢᠨ ᠱᠤᠭᠤᠮ ᠤᠨ ᠠᠶᠠᠨᠴᠢᠳ ᠤᠨ ᠲᠡᠭᠡᠭᠡᠪᠦᠷᠢ ᠶᠢᠨ ᠠᠮᠢᠳᠤᠯᠢᠭ᠂ ᠲᠦᠷᠭᠡᠨ᠂ ᠪᠠᠭ᠎ᠠ | ᠬᠡᠮᠵᠢᠶᠡᠨ ᠤ ᠵᠠᠬᠢᠶᠠᠯᠠᠨ ᠦᠢᠯᠡᠳᠦᠭᠰᠡᠨ ᠠᠶᠠᠨᠴᠢᠳ ᠤᠨ ᠲᠡᠭᠡᠭᠡᠪᠦᠷᠢ ᠶᠢᠨ ᠦᠢᠯᠡᠴᠢᠯᠡᠭᠡ ᠳᠠᠰᠢ ᠡᠮᠬᠢ | ᠵᠢᠷᠤᠮ ᠲᠠᠢ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃ | 2. ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡᠨ ᠤ ᠢᠨᠲ᠋ᠧᠷ ᠰᠦᠯᠵᠢᠶ᠎ᠡ ᠶᠢᠨ ᠰᠢᠨ᠎ᠡ | ᠡᠵᠡᠩᠨᠡᠯᠲᠡ ᠵᠢᠨᠬᠥ᠋ᠳᠡᠭᠡ ᠲᠣᠰᠬᠤᠨ ᠤ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠣᠳᠣᠬᠢᠴᠢᠯᠠᠭᠰᠠᠨ | ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠪᠠᠶᠢᠭᠤᠯᠬᠤ ᠶᠢ ᠵᠣᠷᠢᠭᠵᠢᠭᠤᠯᠵᠤ᠂ ᠬᠤᠷᠰᠢᠭᠰᠠᠨ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ ᠤᠨ ᠮᠡᠳᠡᠭᠡ ᠵᠠᠩᠭᠢ ᠶᠢᠨ ᠵᠠᠯᠭᠠᠰᠤ ᠶᠢ ᠨᠠᠪᠲᠠᠷᠡᠭᠦᠯᠵᠦ᠂ ᠬᠥᠳᠡᠭᠡ | ᠲᠣᠰᠬᠤᠨ ᠤ ᠪᠠᠷᠠᠭᠠᠨ ᠤ ᠭᠦᠢᠯᠭᠡᠭᠡᠨ ᠤ ᠪᠠᠷᠠᠭᠠᠨ ᠤ ᠠᠷᠠᠯᠵᠢᠶ᠎ᠠ᠂ ᠲᠡᠭᠡᠭᠡᠪᠦᠷᠢ᠂ ᠬᠥᠮᠥᠷᠭᠡᠯᠡᠨ ᠬᠠᠳᠠᠭᠠᠯᠠᠬᠤ᠂ | ᠲᠣᠬᠢᠷᠠᠭᠤᠯᠤᠨ ᠬᠦᠷᠭᠡᠬᠦ ᠵᠡᠷᠭᠡ ᠮᠡᠳᠡᠭᠡ ᠵᠠᠩᠭᠢ ᠶᠢᠨ ᠪᠥᠬᠦ ᠶᠠᠪᠤᠴᠠ ᠶᠢ ᠮᠥᠷᠳᠡᠵᠦ ᠪᠣᠯᠬᠤ ᠶᠢ ᠪᠡᠶᠡᠯᠡᠭᠦᠯᠦᠨ᠎ᠡ᠃ | 3. ᠲᠡᠷᠢᠭᠦᠨ ᠤ ᠬᠡᠷᠡᠭᠯᠡᠭᠡᠨ ᠤ ᠲᠧᠭᠨᠢᠭ ᠮᠡᠷᠭᠡᠵᠢᠯ ᠤᠨ ᠲᠤᠨᠤᠭ ᠲᠥᠬᠦᠭᠡᠷᠦᠮᠵᠢ ᠶᠢ ᠳᠡᠯᠭᠡᠷᠡᠭᠦᠯᠦᠨ᠎ᠡ᠃ᠬᠤᠲᠠ | ᠬᠥᠳᠡᠭᠡ ᠶᠢᠨ ᠠᠶᠠᠨᠴᠢᠳ ᠤᠨ ᠲᠡᠭᠡᠭᠡᠪᠦᠷᠢ ᠶᠢᠨ ᠮᠡᠳᠡᠭᠡ ᠵᠠᠩᠭᠢᠵᠢᠯᠲᠠ ᠶᠢᠨ ᠲᠥᠬᠦᠭᠡᠷᠦᠮᠵᠢ ᠶᠢ ᠳᠡᠯᠭᠡᠷᠡᠭᠦᠯᠦᠨ | ᠬᠡᠷᠡᠭᠯᠡᠬᠦ ᠶᠢ ᠲᠦᠷᠭᠡᠳᠬᠡᠵᠦ᠂ ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠶᠢᠨ ᠲᠡᠷᠭᠡ ᠬᠥᠰᠬᠡ ᠳᠤ | ᠰᠢᠯᠵᠢᠮᠡᠯ ᠲᠣᠭᠠᠴᠠᠭ᠎ᠠ ᠬᠢᠬᠦ ᠲᠥᠬᠦᠭᠡᠷᠦᠮᠵᠢ᠂ ᠠᠪᠢᠶ᠎ᠠ ᠪᠠᠷ ᠥᠷᠲᠡᠭᠡ ᠮᠡᠳᠡᠭᠦᠯᠬᠦ ᠮᠠᠰᠢᠨ᠂ ᠺᠠᠷᠲ ᠱᠦᠷᠭᠦᠭᠡᠬᠦ | ᠮᠠᠰᠢᠨ ᠵᠡᠷᠭᠡ ᠶᠢ ᠲᠣᠬᠢᠷᠠᠭᠤᠯᠵᠤ᠂ ᠬᠦᠯᠢᠶᠡᠬᠦ ᠥᠷᠲᠡᠭᠡ ᠶᠢᠨ ᠲᠢᠩᠰᠡ ᠶᠢᠨ ᠡᠯᠧᠺᠲᠷᠣᠨ ᠥᠷᠲᠡᠭᠡᠨ ᠤ ᠫᠠᠶᠢᠰᠠ ᠶᠢ | ᠪᠠᠶᠢᠭᠤᠯᠤᠨ᠎ᠠ᠃ | 4. ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠶᠢ ᠴᠢᠩᠭᠠᠳᠬᠠᠨ᠎ᠠ᠃︽ᠳᠥᠷᠪᠡ | ᠶᠢ ᠴᠢᠩᠭ᠎ᠠ ᠴᠠᠭᠠᠵᠠᠯᠠᠵᠤ᠂ ᠳᠥᠷᠪᠡ ᠶᠢ ᠠᠳᠠᠯᠢ ᠪᠣᠯᠭᠠᠬᠤ︾ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠂ | |