ᠬᠤᠷᠴᠢᠨ ᠪᠠᠷᠠᠭᠤᠨ ᠭᠠᠷᠤᠨ ᠳᠤᠮᠳᠠᠳᠤ ᠵᠠᠰᠠᠭ ᠠᠯᠪᠠᠨ ᠲᠠᠷᠬᠠᠭᠠᠭᠰᠠᠨ 〔2023〕 11 ᠳ᠋ᠤᠭᠡᠷ ᠲᠣᠭᠠᠲᠤ | | | | | ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2023 ᠣᠨ ᠤ ᠦᠨᠳᠦᠰᠦᠨ ᠱᠠᠲᠤᠨ ᠤ ᠡᠮ | ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠡᠭ︶ ᠶᠢᠨ ᠪᠦᠲᠦᠭᠡᠨ ᠪᠠᠶᠢᠭᠤᠯᠤᠯᠲᠠ ᠶᠢᠨ | ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠶᠠᠪᠤᠭᠤᠯᠬᠤ ᠲᠤᠬᠠᠢ ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ | | | | | ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠠᠵᠢᠯ ᠤᠨ ᠬᠡᠯᠲᠡᠰ᠂ ᠨᠠᠮ ᠪᠠ ᠣᠯᠠᠨ ᠲᠦᠮᠡᠨ ᠤ | ᠦᠢᠯᠡᠴᠢᠯᠡᠭᠡᠨ ᠤ ᠲᠥᠪ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠲᠤ᠄ | 2023 ᠣᠨ ᠤ ᠦᠨᠳᠦᠰᠦᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡ ᠶᠢ ᠯᠠᠪᠳᠠᠭᠤᠨ | ᠪᠠᠲᠤᠲᠠᠢ ᠰᠠᠶᠢᠲᠤᠷ ᠬᠢᠵᠦ᠂ ᠡᠮ ᠡᠮᠨᠡᠯᠭᠡ ᠶᠢᠨ ᠪᠠᠲᠤᠯᠠᠭ᠎ᠠ ᠶᠢᠨ ᠭᠠᠷᠲᠠᠨ ᠭᠦᠢᠴᠡᠳᠬᠡᠬᠦ ᠦᠢᠯᠡᠴᠢᠯᠡᠭᠡᠨ ᠤ | ᠰᠢᠰᠲ᠋ᠧᠮᠵᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠤᠰᠠᠳᠠ᠂ ᠡᠳᠦᠭᠡ ︽ᠬᠤᠷᠴᠢᠨ | ᠪᠠᠷᠠᠭᠤᠨ ᠭᠠᠷᠤᠨ ᠳᠤᠮᠳᠠᠳᠤ ᠬᠤᠰᠢᠭᠤᠨ ᠤ 2023 ᠣᠨ ᠤ ᠦᠨᠳᠦᠰᠦᠨ ᠱᠠᠲᠤᠨ ᠤ ᠡᠮ ᠡᠮᠨᠡᠯᠭᠡ ᠶᠢᠨ | ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠢᠭ᠋︶ ᠶᠢᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ︾ ᠢ | ᠲᠠᠨᠠᠷ ᠲᠤ ᠤᠯᠠᠮᠵᠢᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠵᠣᠬᠢᠶᠠᠨ ᠪᠠᠶᠢᠭᠤᠯᠤᠨ | ᠬᠡᠷᠡᠭᠵᠢᠭᠦᠯᠲᠦᠭᠡᠢ᠃ | 2023 ᠣᠨ ᠤ 2 ᠰᠠᠷ᠎ᠠ ᠶᠢᠨ 20 ᠤ ᠡᠳᠦᠷ | | | | | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2023 ᠣᠨ ᠤ ᠦᠨᠳᠦᠰᠦᠨ ᠱᠠᠲᠤᠨ ᠤ ᠡᠮ | ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠡᠭ︶ ᠶᠢᠨ ᠪᠦᠲᠦᠭᠡᠨ ᠪᠠᠶᠢᠭᠤᠯᠤᠯᠲᠠ ᠶᠢᠨ | ᠬᠡᠷᠡᠭᠵᠢᠭᠦᠯᠬᠦ ᠲᠥᠰᠥᠯ | | | ︽ᠬᠢᠩᠭᠠᠨ ᠠᠶᠢᠮᠠᠭ ᠤᠨ 2023 ᠣᠨ ᠤ ᠦᠨᠳᠦᠰᠦᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ | ᠦᠢᠯᠡᠴᠢᠯᠡᠭᠡᠨ ᠤ ᠥᠷᠲᠡᠭᠡ ︵ᠴᠢᠭ᠋︶ ᠶᠢᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ︾ ᠤᠨ | ᠱᠠᠭᠠᠷᠳᠠᠯᠭ᠎ᠠ ᠶᠣᠰᠣᠭᠠᠷ᠂ ᠡᠮ ᠡᠮᠨᠡᠯᠭᠡ ᠶᠢᠨ ᠪᠠᠲᠤᠯᠠᠭ᠎ᠠ ᠶᠢᠨ ᠭᠠᠷᠲᠠᠨ ᠭᠦᠢᠴᠡᠳᠬᠡᠬᠦ ᠦᠢᠯᠡᠴᠢᠯᠡᠭᠡᠨ ᠤ | ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠮ ᠡᠮᠨᠡᠯᠭᠡ ᠶᠢᠨ | ᠳᠠᠭᠠᠳᠬᠠᠯ ᠤᠨ ᠭᠠᠷᠲᠠᠨ ᠭᠦᠢᠴᠡᠳᠬᠡᠬᠦ ᠦᠢᠯᠡᠴᠢᠯᠡᠭᠡ ᠶᠢ ᠳᠣᠷᠣᠭᠰᠢ ᠪᠠᠭᠤᠯᠭᠠᠬᠤ ᠶᠢ ᠠᠬᠢᠭᠤᠯᠬᠤ ᠶᠢᠨ ᠲᠤᠰᠠᠳᠠ᠂ | ᠮᠠᠨ ᠤ ᠬᠤᠰᠢᠭᠤᠨ ᠤ ᠦᠨᠳᠦᠰᠦᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ | ᠴᠢᠭ᠋︶ ᠶᠢᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ ᠢ ᠲᠣᠭᠲᠠᠭᠠᠪᠠ᠃ | ᠨᠢᠭᠡ᠂ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠳᠤ ᠰᠠᠭᠤᠷᠢᠯᠠᠵᠤ᠂ ᠡᠮᠴᠢᠯᠡᠭᠡᠨ ᠤ ᠪᠠᠲᠤᠯᠠᠭ᠎ᠠ ᠶᠢᠨ ᠳᠦᠷᠢᠮ ᠤᠨ | ᠥᠭᠡᠷᠡᠴᠢᠯᠡᠯᠲᠡ ᠪᠠ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ | ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠠᠷᠲᠠᠨ ᠭᠦᠢᠴᠡᠳᠬᠡᠬᠦ | ᠬᠠᠮᠢᠶᠠᠷᠤᠯᠲᠠ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠦᠢᠯᠡᠴᠢᠯᠡᠭᠡ ᠪᠠᠨ | ᠳᠣᠷᠣᠭᠰᠢᠯᠠᠭᠤᠯᠬᠤ ᠶᠢ ᠶᠡᠭᠡ ᠪᠠᠷ ᠠᠬᠢᠭᠤᠯᠵᠤ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ︵ᠨᠡᠶᠢᠭᠡᠮ | ᠲᠣᠭᠤᠷᠢᠭ︶ ᠤ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠦᠢᠯᠡᠴᠢᠯᠡᠭᠡᠨ ᠢ ᠨᠢᠭᠡ | ᠴᠣᠭᠴᠠᠵᠢᠭᠤᠯᠤᠭᠰᠠᠨ ᠪᠠᠶᠢᠷᠢᠰᠢᠯ ᠢ ᠪᠠᠶᠢᠭᠤᠯᠵᠤ᠂ ︽15 ᠮᠢᠨᠦ᠋ᠲ ᠤᠨ ᠡᠮᠴᠢᠯᠡᠭᠡᠨ ᠤ ᠳᠠᠭᠠᠳᠬᠠᠯ ᠤᠨ | ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠦᠷᠢᠶ᠎ᠡ︾ ᠶᠢ ᠬᠦᠴᠦᠯᠡᠨ ᠪᠠᠶᠢᠭᠤᠯᠵᠤ᠂ ᠣᠯᠠᠨ ᠲᠦᠮᠡᠨ ᠳᠤ | ᠦᠢᠯᠡᠴᠢᠯᠡᠬᠦ ᠳᠤ ︽ᠭᠡᠷ ᠤᠨ ᠡᠭᠦᠳᠡᠨ ᠳᠤ︾ ᠭᠦᠢᠴᠡᠳᠬᠡᠬᠦ ᠶᠢ ᠪᠡᠶᠡᠯᠡᠭᠦᠯᠦᠨ᠂ ᠡᠮᠴᠢᠯᠡᠭᠡᠨ ᠤ ᠳᠠᠭᠠᠳᠬᠠᠯ ᠤᠨ | ᠭᠠᠷᠲᠠᠨ ᠭᠦᠢᠴᠡᠳᠬᠡᠬᠦ ᠳᠤ ︽ᠡᠴᠦᠰ ᠤᠨ ᠨᠢᠭᠡ ᠺᠢᠯᠣᠮᠧᠲᠷ︾ ᠤᠨ ᠠᠰᠠᠭᠤᠳᠠᠯ ᠢ ᠰᠢᠢᠳᠪᠦᠷᠢᠯᠡᠬᠦ ᠳᠤ | ᠦᠢᠯᠡᠴᠢᠯᠡᠵᠦ᠂ ᠳᠠᠭᠤᠷᠢᠶᠠᠵᠤ ᠳᠡᠯᠭᠡᠷᠡᠭᠦᠯᠵᠦ ᠪᠣᠯᠬᠤ ᠲᠤᠷᠰᠢᠯᠭ᠎ᠠ ᠶᠢ ᠪᠣᠶ ᠪᠣᠯᠭᠠᠵᠤ᠂ ᠠᠷᠠᠳ ᠣᠯᠠᠨ ᠤ | ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠦᠷᠭᠦᠯᠵᠢᠯᠡᠨ | ᠳᠡᠭᠡᠭᠰᠢᠯᠡᠭᠦᠯᠦᠨ᠎ᠡ᠃ | ᠬᠤᠶᠠᠷ᠂ ᠦᠨᠳᠦᠰᠦᠨ ᠵᠠᠷᠴᠢᠮ | ︵ᠨᠢᠭᠡ︶ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠨ᠎ᠡ᠃ ᠣᠯᠠᠨ ᠲᠦᠮᠡᠨ ᠤ | ᠬᠡᠷᠡᠭᠴᠡᠭᠡ᠂ ᠬᠦᠰᠡᠯ᠂ ᠪᠣᠳᠣᠯ ᠤᠨ ᠲᠣᠭᠤᠷᠢᠨ ᠳᠤ᠂ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ | ᠦᠢᠯᠡᠴᠢᠯᠡᠭᠡ ᠶᠢ ᠰᠤᠮᠤ ᠪᠠᠯᠭᠠᠰᠤ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠤ ᠳᠣᠷᠣᠭᠰᠢ | ᠪᠠᠭᠤᠯᠭᠠᠬᠤ ᠶᠢ ᠢᠳᠡᠪᠬᠢᠲᠡᠢ ᠪᠠᠷ ᠠᠬᠢᠭᠤᠯᠵᠤ᠂ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠪᠠᠶᠢᠭᠤᠯᠤᠮᠵᠢ᠂ | ᠡᠭᠦᠷᠭᠡ ᠴᠢᠳᠠᠪᠤᠷᠢ᠂ ᠲᠤᠬᠠᠶᠢᠯᠠᠭᠰᠠᠨ ᠠᠵᠢᠯ ᠤᠨ ᠦᠵᠦᠭᠦᠷ ᠢ ᠤᠷᠢᠳ ᠢᠶᠠᠷ ᠪᠠᠶᠢᠷᠢᠯᠠᠭᠤᠯᠬᠤ᠂ ᠬᠢᠨᠠᠨ | ᠵᠥᠪᠰᠢᠶᠡᠷᠡᠬᠦ ᠪᠣᠭᠤᠮᠲᠠ ᠶᠢ ᠤᠷᠢᠳ ᠢᠶᠠᠷ ᠰᠢᠯᠵᠢᠭᠦᠯᠬᠦ ᠶᠢ ᠠᠬᠢᠭᠤᠯᠵᠤ᠂ ᠣᠯᠠᠨ ᠲᠦᠮᠡᠨ ᠳᠤ ᠦᠢᠯᠡᠴᠢᠯᠡᠬᠦ ︽ | ᠡᠴᠦᠰ ᠤᠨ ᠨᠢᠭᠡ ᠺᠢᠯᠣᠮᠧᠲᠷ︾ ᠢ ᠰᠠᠭᠠᠳ ᠦᠭᠡᠢ ᠨᠡᠪᠲᠡᠷᠡᠭᠦᠯᠦᠨ᠎ᠡ᠃ | ︵ᠬᠤᠶᠠᠷ︶ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠎ᠠ᠃ ᠨᠠᠮ ᠪᠠ ᠣᠯᠠᠨ ᠲᠦᠮᠡᠨ ᠤ | ᠦᠢᠯᠡᠴᠢᠯᠡᠭᠡᠨ ᠤ ᠲᠥᠪ᠂ ᠰᠤᠮᠤ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ᠂ ᠭᠠᠴᠠᠭ᠎ᠠ ᠲᠣᠰᠬᠤᠨ ︵ | ᠨᠡᠶᠢᠭᠡᠮ ᠲᠣᠭᠤᠷᠢᠭ︶ ᠤ ᠡᠷᠡᠭᠦᠯ ᠬᠠᠮᠠᠭᠠᠯᠠᠯ ᠤᠨ ᠲᠠᠰᠤᠭ᠂ ᠪᠠᠩᠬᠢ ᠶᠢᠨ ᠲᠣᠣᠷ ᠴᠢᠭ᠋ ᠵᠡᠷᠭᠡ ᠳᠤ ᠲᠦᠰᠢᠭᠯᠡᠨ᠂ | ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠢᠭ᠋︶ ᠶᠢ ᠵᠦᠢ ᠵᠣᠬᠢᠰᠲᠠᠢ | ᠪᠠᠶᠢᠷᠢᠯᠠᠭᠤᠯᠤᠨ᠎ᠠ᠃ | ︵ᠭᠤᠷᠪᠠ︶ ᠪᠠᠷᠢᠮᠵᠢᠶ᠎ᠠ ᠶᠢᠨ ᠵᠢᠷᠤᠮᠵᠢᠯ᠃ ᠪᠦᠲᠦᠭᠡᠨ ᠪᠠᠶᠢᠭᠤᠯᠬᠤ ᠪᠠᠷᠢᠮᠵᠢᠶ᠎ᠠ ᠶᠢ ᠨᠢᠭᠡᠳᠦᠯᠲᠡᠢ ᠪᠣᠯᠭᠠᠵᠤ᠂ | ᠲᠠᠯᠠᠪᠤᠷ ᠭᠠᠵᠠᠷ ᠤᠨ ᠪᠠᠶᠢᠷᠢᠯᠠᠭᠤᠯᠤᠯᠲᠠ᠂ ᠠᠵᠢᠯᠲᠠᠨ ᠤ ᠲᠣᠬᠢᠷᠠᠭᠤᠯᠤᠯᠲᠠ᠂ ᠦᠢᠯᠡᠴᠢᠯᠡᠭᠡᠨ ᠤ ᠵᠦᠢᠯᠡᠰ᠂ | ᠬᠠᠮᠢᠶᠠᠷᠤᠯᠲᠠ ᠶᠢᠨ ᠠᠵᠢᠯᠯᠠᠭᠠᠨ ᠵᠡᠷᠭᠡ ᠶᠢ ᠵᠢᠷᠤᠮᠵᠢᠭᠤᠯᠤᠨ᠂ ︽ᠠᠵᠢᠯᠲᠠᠨ ᠲᠠᠢ᠂ ᠦᠢᠯᠡᠴᠢᠯᠡᠭᠡᠨ ᠤ | ᠪᠠᠶᠢᠭᠤᠯᠤᠮᠵᠢ ᠶᠢᠨ ᠫᠠᠶᠢᠰᠠ ᠲᠠᠢ᠂ ᠭᠠᠷᠲᠠᠨ ᠭᠦᠢᠴᠡᠳᠬᠡᠬᠦ ᠴᠣᠩᠬᠤ ᠲᠠᠢ᠂ ᠰᠢᠰᠲ᠋ᠧᠮ ᠤᠨ ᠲᠥᠬᠦᠭᠡᠷᠦᠮᠵᠢ ᠲᠠᠢ᠂ | ᠨᠢᠭᠡᠳᠦᠯᠲᠡᠢ ᠲᠡᠮᠳᠡᠭ ᠲᠠᠢ᠂ ᠠᠵᠢᠯ ᠤᠨ ᠳᠦᠷᠢᠮ ᠲᠠᠢ᠂ ᠦᠢᠯᠡᠴᠢᠯᠡᠭᠡᠨ ᠤ ᠵᠦᠢᠯᠡᠰ ᠤᠨ ᠨᠠᠷᠢᠨ ᠬᠠᠭᠤᠳᠠᠰᠤ ᠲᠠᠢ︾ | ᠪᠠᠶᠢᠬᠤ ︽ᠲᠤᠯᠤᠭᠠᠨ ᠵᠦᠢᠯ ᠲᠠᠢ︾ ᠪᠠᠶᠢᠬᠤ ᠱᠠᠭᠠᠷᠳᠠᠯᠭ᠎ᠠ ᠶᠣᠰᠣᠭᠠᠷ᠂ ᠦᠨᠳᠦᠰᠦᠨ ᠱᠠᠲᠤᠨ ᠤ ᠡᠮᠴᠢᠯᠡᠭᠡᠨ ᠤ | ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠢᠭ᠋︶ ᠶᠢ ᠵᠢᠷᠤᠮᠵᠢᠭᠤᠯᠤᠨ ᠪᠠᠷᠢᠮᠵᠢᠶᠠᠵᠢᠭᠤᠯᠬᠤ ᠶᠢ | ᠪᠡᠶᠡᠯᠡᠭᠦᠯᠦᠨ᠎ᠡ᠃ | ᠭᠤᠷᠪᠠ᠂ ᠬᠠᠷᠠᠯᠲᠠ ᠶᠢᠨ ᠡᠭᠦᠷᠭᠡ | 2023 ᠣᠨ ᠳᠤ᠂ ︽ᠠᠷᠪᠠ ᠶᠢ ᠪᠣᠳᠠᠲᠠᠶᠢᠵᠢᠭᠤᠯᠬᠤ︾ ᠪᠠᠷᠢᠮᠵᠢᠶ᠎ᠠ ᠪᠠᠷ ᠰᠤᠮᠤ ᠪᠠᠯᠭᠠᠰᠤ ᠶᠢᠨ ᠦᠨᠳᠦᠰᠦᠨ | ᠱᠠᠲᠤᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ᠨᠡᠶᠢᠲᠡ 12᠂ ᠭᠠᠴᠠᠭ᠎ᠠ ᠲᠣᠰᠬᠤᠨ ︵ | ᠨᠡᠶᠢᠭᠡᠮ ᠲᠣᠭᠤᠷᠢᠭ︶ ᠤ ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠴᠢᠭ᠋ ᠢ 139 | ᠪᠠᠶᠢᠭᠤᠯᠵᠤ᠂ 11 ᠳ᠋ᠤᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠰᠤᠮᠤ ᠪᠠᠯᠭᠠᠰᠤ ᠶᠢᠨ ᠦᠨᠳᠦᠰᠦᠨ ᠱᠠᠲᠤᠨ ᠤ | ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ᠶᠢ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠭᠠᠴᠠᠭ᠎ᠠ | ᠲᠣᠰᠬᠤᠨ ︵ᠨᠡᠶᠢᠭᠡᠮ ᠲᠣᠭᠤᠷᠢᠭ︶ ᠤ ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ | ᠴᠢᠭ᠋ ᠤᠨ ᠪᠦᠷᠬᠦᠴᠡ ᠶᠢ 70% ᠳᠤ ᠬᠦᠷᠦᠭᠦᠯᠦᠨ᠎ᠡ᠃ | ᠳᠥᠷᠪᠡ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ | ᠬᠠᠷᠠᠯᠲᠠ ᠶᠢᠨ ᠡᠭᠦᠷᠭᠡ ᠶᠢ ᠥᠨᠳᠥᠷ ᠪᠦᠲᠦᠮᠵᠢᠲᠡᠶ ᠪᠡᠶᠡᠯᠡᠭᠦᠯᠬᠦ ᠶᠢ ᠠᠬᠢᠭᠤᠯᠬᠤ ᠶᠢᠨ ᠲᠥᠯᠥᠭᠡ᠂ ᠪᠥᠬᠦ | ᠬᠤᠰᠢᠭᠤᠨ ᠤ ᠦᠨᠳᠦᠰᠦᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠡᠭ︶ | ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠤᠨ᠎ᠠ᠃ | ᠳᠤᠭᠤᠶᠢᠯᠠᠩ ᠤᠨ ᠳᠠᠷᠤᠭ᠎ᠠ᠄ ᠯᠢ ᠵᠢᠩ ᠭᠤᠸᠠᠩ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ | ᠳᠠᠷᠤᠭ᠎ᠠ | ᠳᠡᠳ᠋ ᠳᠤᠭᠤᠶᠢᠯᠠᠩ ᠤᠨ ᠳᠠᠷᠤᠭ᠎ᠠ᠄ ᠾᠧ ᠮᠠᠨ ᠼᠠᠩ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ | ᠲᠣᠪᠴᠢᠶ᠎ᠠ ᠶᠢᠨ ᠳᠠᠷᠤᠭ᠎ᠠ | ᠪᠦᠷᠢᠯᠳᠦᠭᠦᠨ᠄ ᠯᠢᠦ ᠯᠢᠨ ᠵᠥᠩ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠳᠡᠳ᠋ | ᠳᠠᠷᠤᠭ᠎ᠠ | ᠶᠤᠸᠠᠢ ᠰᠢᠶᠠᠩ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶᠠᠨ ᠤ ᠳᠡᠳ᠋ ᠳᠠᠷᠤᠭ᠎ᠠ | ᠯᠢᠦ ᠰᠢ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠬᠡᠨ ᠤ ᠳᠦᠪ ᠤᠨ ᠡᠷᠬᠢᠯᠡᠭᠴᠢ | ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ᠠᠯᠪᠠᠨ ᠭᠡᠷ ᠢ ᠬᠤᠰᠢᠭᠤᠨ ᠤ ᠡᠮ | ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ ᠲᠤ ᠪᠠᠶᠢᠷᠢᠯᠠᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ | ᠲᠤᠰᠢᠶᠠᠯ ᠢ ᠵᠢᠷᠭᠠᠯ ᠨᠥᠬᠦᠷ ᠬᠠᠪᠰᠤᠷᠭᠠᠨ ᠬᠠᠷᠢᠭᠤᠴᠠᠨ᠎ᠠ᠃ ᠬᠤᠰᠢᠭᠤᠨ ᠤ ᠤᠳᠤᠷᠢᠳᠤᠯᠭ᠎ᠠ ᠳᠤ ᠬᠤᠪᠢᠷᠠᠯᠲᠠ | ᠭᠠᠷᠤᠭᠰᠠᠨ ᠠᠴᠠ ᠭᠠᠳᠠᠨ᠎ᠠ᠂ ᠪᠤᠰᠤᠳ ᠪᠦᠷᠢᠯᠳᠦᠭᠦᠨ ᠳᠤ ᠬᠤᠪᠢᠷᠠᠯᠲᠠ ᠭᠠᠷᠪᠠᠯ᠂ ᠰᠢᠨ᠎ᠡ ᠪᠠᠷ ᠲᠣᠮᠢᠯᠠᠭᠳᠠᠭᠰᠠᠨ | ᠵᠣᠬᠢᠬᠤ ᠲᠤᠰᠢᠶᠠᠯ ᠤᠨ ᠬᠥᠮᠥᠰ ᠥᠪᠡᠷ ᠢᠶᠠᠨ ᠣᠷᠣᠯᠠᠵᠤ᠂ ᠳᠠᠭᠢᠵᠤ ᠠᠰᠲᠠᠭᠠᠨ ᠠᠯᠪᠠᠨ ᠪᠢᠴᠢᠭ ᠶᠠᠪᠤᠭᠤᠯᠬᠤ | ᠦᠭᠡᠢ᠃ | ᠲᠠᠪᠤ᠂ ᠠᠵᠢᠯ ᠤᠨ ᠠᠷᠭ᠎ᠠ ᠬᠡᠮᠵᠢᠶ᠎ᠡ | ︵ᠨᠢᠭᠡ︶ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠨᠢᠭᠡᠳᠦᠯᠲᠡᠢ ᠵᠢᠷᠤᠮᠵᠢᠭᠤᠯᠬᠤ ᠬᠡᠷᠡᠭᠲᠡᠢ | ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠢᠭ᠋︶ ᠶᠢ ︽ᠠᠷᠪᠠ ᠶᠢ | ᠪᠣᠳᠠᠲᠠᠶᠢᠵᠢᠭᠤᠯᠬᠤ︾ ᠪᠠᠷᠢᠮᠵᠢᠶ᠎ᠠ ᠶᠣᠰᠣᠭᠠᠷ ᠪᠦᠲᠦᠭᠡᠨ ᠪᠠᠶᠢᠭᠤᠯᠤᠨ᠎ᠠ᠃ | 1. ᠡᠭᠦᠷᠭᠡ ᠴᠢᠳᠠᠪᠤᠷᠢ ᠶᠢᠨ ᠡᠷᠬᠡ ᠣᠯᠭᠤᠯᠲᠠ ᠶᠢ ᠪᠣᠳᠠᠲᠠᠶᠢᠵᠢᠭᠤᠯᠤᠨ᠎ᠠ᠃ ᠬᠤᠰᠢᠭᠤᠨ ᠤ ᠡᠮ ᠡᠮᠨᠡᠯᠭᠡ ᠶᠢᠨ | ᠳᠠᠭᠠᠳᠬᠠᠯ ᠤᠨ ᠦᠢᠯᠡᠴᠢᠯᠡᠭᠡᠨ ᠤ ᠲᠥᠪ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠮᠤ | ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠬᠠᠪᠰᠤᠷᠤᠨ ᠭᠦᠢᠴᠡᠳᠬᠡᠬᠦ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠤᠨ ᠰᠠᠭᠤᠷᠢ ᠨᠠᠷᠢᠨ ᠲᠠᠩᠰᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠬᠠᠪᠰᠤᠷᠤᠨ ᠭᠦᠢᠴᠡᠳᠬᠡᠬᠦ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠤᠨ ᠰᠠᠭᠤᠷᠢ ᠨᠠᠷᠢᠨ ᠲᠠᠩᠰᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠭᠠᠷᠳᠠᠨ | ᠭᠦᠢᠴᠡᠳᠬᠡᠬᠦ ᠵᠦᠢᠯᠡᠰ ᠤᠨ ᠨᠠᠷᠢᠨ ᠲᠠᠩᠰᠠ︾ ᠶᠢ ᠴᠢᠩᠭ᠎ᠠ ᠵᠢᠷᠤᠮᠯᠠᠨ᠂ ᠡᠷᠬᠡ ᠣᠯᠭᠤᠨ ᠨᠠᠶᠢᠳᠠᠵᠤ ᠰᠤᠮᠤ | ᠪᠠᠯᠭᠠᠰᠤ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠡᠮᠴᠢᠯᠡᠭᠡᠨ ᠤ ᠳᠠᠭᠠᠳᠬᠠᠯ ᠤᠨ ᠭᠠᠷᠲᠠᠨ | ᠭᠦᠢᠴᠡᠳᠬᠡᠬᠦ ᠦᠢᠯᠡᠴᠢᠯᠡᠭᠡᠨ ᠤ ᠵᠦᠢᠯᠡᠰ ᠲᠤ ᠨᠠᠶᠢᠳᠠᠵᠤ᠂ ᠬᠠᠷᠢᠭᠤᠴᠠᠯᠭ᠎ᠠ ᠶᠢ ᠲᠣᠳᠣᠷᠬᠠᠶᠢᠯᠠᠨ᠂ ᠠᠵᠢᠯ ᠤᠨ | ᠳᠦᠷᠢᠮ ᠢ ᠪᠠᠶᠢᠭᠤᠯᠵᠤ᠂ ᠲᠤᠬᠠᠶᠢᠯᠠᠭᠰᠠᠨ ᠠᠵᠢᠯ ᠤᠨ ᠵᠠᠯᠭᠠᠨ ᠵᠣᠯᠭᠠᠭᠤᠯᠬᠤ ᠶᠢᠨ ᠰᠠᠭᠠᠳ ᠦᠭᠡᠢ ᠶᠠᠪᠤᠭᠳᠠᠬᠤ ᠶᠢ | ᠦᠨᠡᠨᠬᠦ ᠪᠠᠲᠤᠯᠠᠬᠤ ᠬᠡᠷᠡᠭᠲᠡᠢ᠃ | 2. ᠦᠢᠯᠡᠴᠢᠯᠡᠭᠡᠨ ᠤ ᠲᠠᠯᠠᠪᠤᠷ ᠭᠠᠵᠠᠷ ᠢ ᠪᠣᠳᠠᠲᠠᠶᠢᠵᠢᠭᠤᠯᠤᠨ᠎ᠠ᠃ᠰᠤᠮᠤ ᠪᠠᠯᠭᠠᠰᠤ᠂ ᠭᠠᠴᠠᠭ᠎ᠠ ᠲᠣᠰᠬᠤᠨ ︵ | ᠨᠡᠶᠢᠭᠡᠮ ᠲᠣᠭᠤᠷᠢᠭ︶ ᠤ ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ | ᠴᠢᠭ᠋︶ ᠳᠤ ᠠᠳᠠᠭ ᠲᠠᠭᠠᠨ ᠲᠣᠰ ᠲᠣᠰ 1 ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠴᠣᠩᠬᠤ | ᠲᠣᠬᠢᠷᠠᠭᠤᠯᠬᠤ ᠶᠢᠨ ᠬᠠᠮᠲᠤ᠂ ᠬᠠᠮᠢᠶ᠎ᠠ ᠪᠦᠬᠦᠢ ᠲᠥᠬᠦᠭᠡᠷᠦᠮᠵᠢ ᠵᠢᠴᠢ ᠠᠷᠠᠳ ᠲᠤ ᠲᠥᠬᠦᠮ ᠦᠵᠡᠭᠦᠯᠬᠦ | ᠪᠡᠯᠡᠳᠬᠡᠮᠵᠢ ᠶᠢ ᠲᠣᠬᠢᠷᠠᠭᠤᠯᠬᠤ ᠬᠡᠷᠡᠭᠲᠡᠢ᠃ ᠰᠠᠭᠤᠷᠢ ᠨᠥᠬᠦᠴᠡᠯ ᠢᠶᠠᠷ ᠨᠡᠯᠢᠶᠡᠳ ᠰᠠᠶᠢᠨ ᠭᠠᠵᠠᠷ ᠣᠷᠣᠨ ᠳᠤ | ᠯᠠᠪᠯᠠᠭ᠎ᠠ ᠥᠭᠴᠦ ᠬᠥᠲᠥᠯᠥᠨ ᠵᠢᠯᠤᠭᠤᠳᠬᠤ᠂ ᠥᠪᠡᠰᠦᠪᠡᠨ ᠦᠢᠯᠡᠴᠢᠯᠡᠬᠦ ᠵᠡᠷᠭᠡ ᠶᠢ ᠲᠣᠬᠢᠷᠠᠭᠤᠯᠵᠤ ᠪᠣᠯᠣᠨ᠎ᠠ᠃ | 3. ᠦᠢᠯᠡᠴᠢᠯᠡᠭᠡᠨ ᠤ ᠲᠡᠮᠳᠡᠭ ᠢ ᠪᠣᠳᠠᠲᠠᠶᠢᠵᠢᠭᠤᠯᠬᠤ ᠬᠡᠷᠡᠭᠲᠡᠢ᠃ ᠦᠨᠳᠦᠰᠦᠨ ᠱᠠᠲᠤᠨ ᠤ ᠡᠮᠴᠢᠯᠡᠭᠡᠨ ᠤ | ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠢᠭ᠋︶ ᠨᠢ ︽XX ᠰᠤᠮᠤ ᠪᠠᠯᠭᠠᠰᠤ ᠶᠢᠨ ᠦᠨᠳᠦᠰᠦᠨ | ᠱᠠᠲᠤᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠥᠷᠲᠡᠭᠡ︾᠂ ︽XX ᠭᠠᠴᠠᠭ᠎ᠠ ᠲᠣᠰᠬᠤᠨ ︵ | ᠨᠡᠶᠢᠭᠡᠮ ᠲᠣᠭᠤᠷᠢᠭ︶ ᠤ ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠴᠢᠭ᠋︾ ᠢ | ᠨᠢᠭᠡᠳᠦᠯᠲᠡᠢ ᠡᠯᠭᠦᠵᠦ᠂ ᠶᠡᠷᠦᠩᠬᠡᠶᠢᠯᠡᠭᠰᠡᠨ ᠦᠢᠯᠡᠴᠢᠯᠡᠭᠡᠨ ᠤ ᠲᠢᠩᠬᠢᠮ ᠨᠢ ︽ᠳᠤᠮᠳᠠᠳᠤ ᠤᠯᠤᠰ ᠤᠨ ᠡᠮᠴᠢᠯᠡᠭᠡᠨ ᠤ | ᠪᠠᠲᠤᠯᠠᠭ᠎ᠠ ᠶᠢᠨ ᠠᠯᠪᠠᠨ ᠤ ᠲᠠᠯ᠎ᠠ ᠶᠢᠨ ᠲᠡᠮᠳᠡᠭ ᠢ ᠬᠡᠷᠡᠭᠯᠡᠬᠦ ᠬᠠᠮᠢᠶᠠᠷᠤᠯᠲᠠ ᠶᠢᠨ ᠠᠷᠭ᠎ᠠ ︵ᠲᠦᠷ ᠬᠡᠷᠡᠭᠵᠢᠭᠦᠯᠬᠦ︶︾ | ᠶᠢᠨ ᠲᠣᠭᠲᠠᠭᠠᠯ ᠶᠣᠰᠣᠭᠠᠷ᠂ ᠡᠮᠴᠢᠯᠡᠭᠡᠨ ᠤ ᠳᠠᠭᠠᠳᠬᠠᠯ ᠤᠨ ᠠᠯᠪᠠᠨ ᠤ ᠲᠠᠯ᠎ᠠ ᠶᠢᠨ ᠲᠡᠮᠳᠡᠭ᠂ ︽ᠳᠤᠮᠳᠠᠳᠤ | ᠤᠯᠤᠰ ᠤᠨ ᠡᠮᠴᠢᠯᠡᠭᠡᠨ ᠤ ᠳᠠᠭᠠᠳᠬᠠᠯ ᠤᠨ ᠨᠢᠭᠡ ᠨᠠᠰᠤ ᠪᠠᠷ ᠢᠶᠠᠨ ᠰᠠᠬᠢᠨ ᠬᠠᠮᠠᠭᠠᠯᠠᠬᠤ︾ ᠦᠢᠯᠡᠴᠢᠯᠡᠭᠡᠨ ᠤ | ᠤᠷᠢᠶ᠎ᠠ ᠪᠠ | 4. ᠠᠵᠢᠯᠲᠠᠨ ᠤ ᠲᠣᠬᠢᠷᠠᠭᠤᠯᠤᠯᠲᠠ ᠶᠢ ᠪᠣᠳᠠᠲᠠᠶᠢᠵᠢᠭᠤᠯᠤᠨ᠎ᠠ᠃ᠲᠤᠷᠰᠢᠯᠲᠠ ᠶᠢᠨ ᠴᠢᠭ᠋ ᠤᠨ ᠨᠡᠶᠢᠭᠡᠮ | ᠲᠣᠭᠤᠷᠢᠭ ᠨᠢ ᠲᠣᠰ ᠬᠠᠷᠢᠶ᠎ᠠ ᠣᠷᠣᠨ ᠤ ᠪᠠᠨ ᠪᠠᠶᠢᠷᠢᠰᠢᠭᠤᠯᠤᠯ᠂ ᠬᠥᠮᠥᠨ ᠠᠮᠠ ᠶᠢᠨ ᠬᠡᠪᠴᠢᠶ᠎ᠡ ᠵᠢᠴᠢ ᠣᠲᠣ ᠶᠢᠨ | ᠪᠠᠶᠢᠭ᠎ᠠ ᠬᠠᠮᠢᠶᠠᠷᠤᠯᠲᠠ ᠦᠢᠯᠡᠴᠢᠯᠡᠭᠡᠨ ᠤ ᠪᠠᠶᠢᠭᠤᠯᠤᠮᠵᠢ ᠶᠢᠨ ᠪᠠᠶᠢᠳᠠᠯ ᠲᠠᠢ ᠪᠠᠨ ᠤᠶᠠᠯᠳᠤᠭᠤᠯᠤᠨ᠂ ᠲᠤᠰᠬᠠᠢ | ᠬᠥᠮᠥᠨ ᠲᠤᠰᠬᠠᠢ ᠠᠵᠢᠯᠯᠠᠬᠤ᠂ ᠲᠤᠰᠢᠶᠠᠯ ᠬᠠᠪᠰᠤᠷᠭᠠᠨ ᠬᠢᠨᠠᠨ ᠬᠠᠮᠢᠶᠠᠷᠬᠤ ᠵᠡᠷᠭᠡ ᠠᠷᠭ᠎ᠠ ᠬᠡᠮᠵᠢᠶ᠎ᠡ ᠶᠢ ᠠᠪᠴᠤ᠂ | ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠴᠣᠩᠬᠤ ᠶᠢ ᠪᠠᠶᠢᠭᠤᠯᠬᠤ ᠬᠡᠷᠡᠭᠲᠡᠢ᠃ ᠵᠠᠷᠴᠢᠮ ᠳᠡᠭᠡᠷ᠎ᠡ ᠪᠠᠨ | ᠠᠵᠢᠯᠲᠠᠨ ᠤ ᠲᠤᠭ᠎ᠠ ᠶᠢ 2 ᠬᠥᠮᠥᠨ ᠠᠴᠠ ᠳᠤᠲᠠᠭᠤ ᠪᠠᠶᠢᠯᠭᠠᠵᠤ ᠪᠣᠯᠬᠤ ᠦᠭᠡᠢ᠂ AB ᠠᠵᠢᠯ ᠤᠨ ᠪᠠᠶᠢᠷᠢ ᠳᠤ | ᠡᠭᠡᠯᠵᠢᠯᠡᠨ ᠠᠵᠢᠯᠯᠠᠬᠤ ᠶᠢ ᠬᠡᠷᠡᠭᠵᠢᠭᠦᠯᠦᠨ᠎ᠡ᠃ | 5. ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠪᠣᠳᠠᠲᠠᠶᠢᠵᠢᠭᠤᠯᠤᠨ᠎ᠠ᠃ ᠡᠮ ᠡᠮᠨᠡᠯᠭᠡ ᠶᠢᠨ | ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠡᠭ︶ ᠨᠢ ᠲᠤᠬᠠᠶᠢᠯᠠᠭᠰᠠᠨ ᠠᠵᠢᠯ ᠢᠶᠠᠨ ᠵᠢᠩᠬᠢᠨᠢ ᠪᠠᠷ | ᠭᠦᠢᠴᠡᠳᠬᠡᠬᠦ ᠠᠴᠠ ᠡᠮᠦᠨ᠎ᠡ᠂ ᠬᠤᠰᠢᠭᠤᠨ ᠡᠮ ᠡᠮᠨᠡᠯᠭᠡ ᠶᠢᠨ ᠳᠠᠭᠠᠳᠬᠠᠯ ᠤᠨ ᠲᠥᠪ ᠨᠢ ᠡᠮ ᠡᠮᠨᠡᠯᠭᠡ ᠶᠢᠨ | ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠡᠭ︶ ᠶᠢᠨ ᠠᠵᠢᠯᠲᠠᠳ ᠲᠤ ᠲᠥᠷᠥ ᠶᠢᠨ ᠪᠣᠳᠣᠯᠭ᠎ᠠ ᠶᠢᠨ | ᠲᠠᠶᠢᠯᠤᠮᠵᠢ ᠪᠠ ᠪᠣᠳᠠᠲᠤ ᠪᠣᠯᠪᠠᠰᠤᠷᠠᠯ ᠤᠨ ᠪᠣᠯᠪᠠᠰᠤᠷᠠᠭᠤᠯᠤᠯ ᠬᠢᠵᠦ᠂ ᠠᠵᠢᠯᠲᠠᠳ ᠤᠨ ᠪᠡᠶ᠎ᠡ ᠪᠠᠨ ᠳᠠᠭᠠᠭᠠᠵᠤ | ᠬᠠᠮᠢᠶ᠎ᠠ ᠪᠦᠬᠦᠢ ᠠᠵᠢᠯ ᠢᠶᠠᠨ ᠥᠷᠨᠢᠭᠦᠯᠬᠦ ᠶᠢ ᠠᠬᠢᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ | ᠥᠷᠲᠡᠭᠡ ︵ᠴᠢᠭ᠋︶ ᠨᠢ ᠲᠤᠬᠠᠶᠢᠯᠠᠭᠰᠠᠨ ᠠᠵᠢᠯ ᠢᠶᠠᠨ ᠵᠢᠩᠬᠢᠨᠢ ᠪᠠᠷ ᠭᠦᠢᠴᠡᠳᠬᠡᠭᠰᠡᠨ ᠡᠬᠢᠨ ᠤ ᠬᠤᠭᠤᠴᠠᠭᠠᠨ ᠳᠤ᠂ | ᠬᠤᠰᠢᠭᠤᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ ᠤᠨ ᠭᠠᠷᠲᠠᠨ ᠭᠦᠢᠴᠡᠳᠬᠡᠬᠦ ᠠᠵᠢᠯᠲᠠᠨ | ᠲᠣᠭᠤᠷᠢᠨ ᠵᠢᠯᠤᠭᠤᠳᠬᠤ᠂ ᠴᠢᠭ᠋ ᠲᠤ ᠰᠠᠭᠤᠵᠤ ᠤᠯᠠᠮᠵᠢᠯᠠᠬᠤ ᠬᠠᠪᠰᠤᠷᠬᠤ ᠳᠠᠭᠠᠭᠤᠯᠬᠤ ᠵᠡᠷᠭᠡ ᠠᠷᠭ᠎ᠠ | ᠮᠠᠶ᠋ᠢᠭ ᠢᠶᠠᠷ ᠭᠠᠷ ᠭᠠᠷ ᠤᠨ ᠪᠣᠯᠪᠠᠰᠤᠷᠠᠭᠤᠯᠤᠯ ᠬᠢᠵᠦ᠂ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ | ᠥᠷᠲᠡᠭᠡ ︵ᠴᠢᠭ᠋︶ ᠶᠢᠨ ᠠᠵᠢᠯᠲᠠᠨ ᠤ ᠭᠠᠷᠲᠠᠨ ᠭᠦᠢᠴᠡᠳᠬᠡᠬᠦ ᠴᠢᠳᠠᠪᠤᠷᠢ ᠶᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠎ᠡ᠃ | 6. ᠭᠠᠷ ᠠᠪᠤᠯᠭ᠎ᠠ ᠶᠢᠨ ᠭᠠᠷ ᠠᠪᠤᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ᠃ ᠬᠤᠰᠢᠭᠤᠨ ᠤ ᠡᠮ ᠡᠮᠨᠡᠯᠭᠡ ᠶᠢᠨ | ᠳᠠᠭᠠᠳᠬᠠᠯ ᠤᠨ ᠦᠢᠯᠡᠴᠢᠯᠡᠭᠡᠨ ᠤ ᠲᠥᠪ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ | ᠡᠮᠨᠡᠯᠭᠡ ᠶᠢᠨ ᠪᠠᠲᠤᠯᠠᠭ᠎ᠠ ᠶᠢᠨ ᠭᠠᠷᠲᠠᠨ ᠭᠦᠢᠴᠡᠳᠬᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ | ᠨᠠᠷᠢᠨ ᠲᠠᠩᠰᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠪᠠᠲᠤᠯᠠᠭ᠎ᠠ ᠶᠢᠨ | ᠭᠠᠷᠲᠠᠨ ᠭᠦᠢᠴᠡᠳᠬᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠠᠵᠢᠯᠯᠠᠭᠠᠨ ᠤ ᠵᠢᠷᠤᠮᠵᠢᠯ︾ | ᠶᠣᠰᠣᠭᠠᠷ᠂ ᠮᠠᠨ ᠤ ᠬᠤᠰᠢᠭᠤᠨ ᠤ ᠦᠨᠳᠦᠰᠦᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ | ᠥᠷᠲᠡᠭᠡ ︵ᠴᠢᠭ᠋︶ ᠶᠢᠨ ᠠᠵᠢᠯᠯᠠᠭᠠᠨ ᠤ ᠭᠠᠷ ᠳᠡᠪᠲᠡᠷ ᠢ ᠳᠠᠷᠤᠮᠯᠠᠨᠠ᠃ | 7. ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠶᠢ ᠪᠣᠳᠠᠲᠠᠶᠢᠵᠢᠭᠤᠯᠤᠨ᠎ᠠ᠃ ᠸᠢᠴᠠᠲ ᠤᠨ ᠵᠢᠯᠤᠭᠤᠳᠬᠤ | ᠪᠦᠯᠦᠭ ᠢ ᠪᠠᠶᠢᠭᠤᠯᠵᠤ᠂ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠶᠢ ᠱᠠᠲᠤ ᠳᠠᠷᠠᠭᠠᠯᠠᠨ ᠬᠢᠵᠦ᠂ ᠦᠨᠳᠦᠰᠦᠨ | ᠱᠠᠲᠤᠨ ᠤ ᠴᠣᠩᠬᠤᠪᠴᠢ ᠦᠢᠯᠡᠴᠢᠯᠡᠭᠡᠨ ᠤ ᠳᠤᠮᠳᠠ ᠲᠤᠯᠭᠠᠷᠠᠭᠰᠠᠨ ᠲᠤᠬᠠᠶᠢᠯᠠᠭᠰᠠᠨ ᠠᠵᠢᠯ ᠤᠨ ᠬᠦᠴᠢᠷ | ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ᠃ | 8. ᠭᠠᠷᠲᠠᠨ ᠭᠦᠢᠴᠡᠳᠬᠡᠬᠦ ᠦᠢᠯᠡᠴᠢᠯᠡᠭᠡᠨ ᠤ ᠡᠬᠡ ᠲᠠᠩᠰᠠ ᠶᠢ ᠪᠣᠳᠠᠲᠠᠶᠢᠵᠢᠭᠤᠯᠤᠨ᠎ᠠ᠃ ᠡᠮᠴᠢᠯᠡᠭᠡᠨ ᠤ | ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠨᠢ ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ | ᠦᠢᠯᠡᠴᠢᠯᠡᠭᠡᠨ ᠤ ᠥᠷᠲᠡᠭᠡ ︵ᠴᠢᠭ᠋︶ ᠶᠢ ᠵᠢᠯᠤᠭᠤᠳᠴᠤ ᠪᠠᠶᠢᠭᠠᠳ ᠬᠠᠷᠢᠶ᠎ᠠ ᠣᠷᠣᠨ ᠤ ᠳᠠᠭᠠᠳᠬᠠᠯ ᠳᠤ | ᠣᠷᠣᠯᠴᠠᠭᠰᠠᠨ ᠣᠯᠠᠨ ᠲᠦᠮᠡᠨ ᠳᠤ ᠲᠣᠰ ᠲᠣᠰ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ᠂ | ᠲᠤᠬᠠᠶᠢᠯᠠᠭᠰᠠᠨ ᠠᠵᠢᠯ ᠢ ᠭᠦᠢᠴᠡᠳᠬᠡᠬᠦ᠂ ᠡᠮᠴᠢᠯᠡᠭᠡᠨ ᠤ ᠵᠠᠷᠤᠳᠠᠯ ᠢ ᠭᠠᠷ ᠢᠶᠠᠷ ᠲᠠᠩᠰᠠ ᠲᠠᠶᠢᠯᠬᠤ ᠵᠡᠷᠭᠡ | ᠠᠵᠢᠯ ᠤᠨ ᠡᠬᠡ ᠲᠠᠩᠰᠠ ᠪᠠᠶᠢᠭᠤᠯᠵᠤ᠂ ᠨᠡᠬᠡᠮᠵᠢᠯᠡᠵᠦ ᠪᠣᠯᠬᠤ᠂ ᠪᠠᠶᠢᠴᠠᠭᠠᠨ ᠰᠢᠯᠭᠠᠵᠤ ᠪᠣᠯᠬᠤ ᠶᠢ ᠪᠡᠶᠡᠯᠡᠭᠦᠯᠬᠦ | ᠬᠡᠷᠡᠭᠲᠡᠢ᠃ | 9. ᠦᠢᠯᠡᠴᠢᠯᠡᠭᠡᠨ ᠤ ᠠᠴᠢᠶᠠᠯᠠᠭᠴᠢ ᠶᠢ ᠪᠣᠳᠠᠲᠠᠶᠢᠵᠢᠭᠤᠯᠤᠨ᠎ᠠ᠃ ᠦᠨᠳᠦᠰᠦᠨ ᠱᠠᠲᠤᠨ ᠤ ᠡᠮᠴᠢᠯᠡᠭᠡᠨ ᠤ | ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠢᠭ᠋︶ ᠨᠢ ᠡᠮᠴᠢᠯᠡᠭᠡᠨ ᠤ ᠳᠠᠭᠠᠳᠬᠠᠯ ᠤᠨ ᠲᠤᠰᠬᠠᠢ ᠱᠤᠭᠤᠮ | ᠪᠤᠶᠤ ᠡᠮᠴᠢᠯᠡᠭᠡᠨ ᠤ ᠳᠠᠭᠠᠳᠬᠠᠯ ᠤᠨ ᠦᠨᠳᠦᠰᠦᠨ ᠱᠠᠲᠤᠨ ᠤ ᠦᠢᠯᠡᠴᠢᠯᠡᠭᠡᠨ ᠤ ᠲᠠᠪᠴᠠᠩ ᠳᠤ ᠵᠠᠯᠭᠠᠨ | ᠣᠷᠣᠭᠤᠯᠬᠤ ᠪᠠᠷ ᠳᠠᠮᠵᠢᠭᠤᠯᠤᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠶᠢ ᠪᠡᠶᠡᠯᠡᠭᠦᠯᠵᠦ᠂ ᠨᠥᠬᠦᠴᠡᠯ ᠲᠠᠢ ᠭᠠᠵᠠᠷ | ᠣᠷᠣᠨ ᠨᠢ ᠦᠢᠯᠡᠴᠢᠯᠡᠭᠡᠨ ᠤ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠣᠯᠠᠨ ᠵᠦᠢᠯ ᠦᠨᠡᠮᠴᠢᠯᠡᠭᠡᠨ ᠤ | ᠳᠠᠭᠠᠳᠬᠠᠯ ᠤᠨ ᠲᠤᠰᠬᠠᠢ ᠱᠤᠭᠤᠮ ᠳᠤ ᠵᠠᠯᠭᠠᠵᠤ ᠣᠷᠣᠭᠤᠯᠤᠭᠰᠠᠨ ᠦᠢᠯᠡᠴᠢᠯᠡᠭᠡᠨ ᠤ ᠥᠷᠲᠡᠭᠡ ︵ᠴᠢᠭ᠋︶ ᠨᠢ | ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠤᠨ ᠬᠡᠷᠡᠭᠯᠡᠬᠦ ᠱᠠᠭᠠᠷᠳᠠᠯᠭ᠎ᠠ ᠶᠣᠰᠣᠭᠠᠷ᠂ | ᠰᠦᠯᠵᠢᠶᠡᠨ ᠤ ᠠᠮᠤᠷ ᠲᠦᠪᠰᠢᠨ ᠤ ᠬᠡᠷᠡᠭᠯᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠲᠤᠰᠬᠠᠢ ᠬᠥᠮᠥᠨ | ᠲᠤᠰᠬᠠᠢ ᠨᠢᠰᠬᠡᠯ᠂ ᠲᠤᠰᠬᠠᠢ ᠰᠦᠯᠵᠢᠶ᠎ᠡ ᠶᠢ ᠲᠤᠰᠬᠠᠢ ᠬᠡᠷᠡᠭᠯᠡᠬᠦ ᠶᠢ ᠪᠡᠶᠡᠯᠡᠭᠦᠯᠵᠦ᠂ ᠰᠦᠯᠵᠢᠶᠡᠨ ᠤ | ᠬᠡᠷᠡᠭᠯᠡᠯᠲᠡ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ | 10. ᠲᠤᠬᠠᠶᠢᠯᠠᠭᠰᠠᠨ ᠠᠵᠢᠯ ᠤᠨ ᠮᠡᠳᠡᠭᠡ ᠵᠠᠩᠭᠢ ᠶᠢ ᠢᠯᠡ ᠪᠣᠯᠭᠠᠬᠤ ᠶᠢ ᠪᠣᠳᠠᠲᠠᠶᠢᠵᠢᠭᠤᠯᠤᠨ᠎ᠠ᠃ | ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠢᠭ᠋︶ ᠨᠢ ︽ᠳᠥᠷᠪᠡᠨ | ᠬᠠᠮᠤᠭ ᠤᠨ︾ ︵ᠳᠠᠷᠤᠢ᠄ ᠭᠡᠷᠡᠴᠢᠯᠡᠬᠦ ᠮᠠᠲ᠋ᠧᠷᠢᠶᠠᠯ ᠢᠶᠠᠷ ᠬᠠᠮᠤᠭ ᠤᠨ ᠴᠥᠭᠡᠨ᠂ ᠬᠡᠷᠡᠭ ᠭᠦᠢᠴᠡᠳᠬᠡᠬᠦ | ᠴᠤᠪᠤᠷᠠᠯ ᠢᠶᠠᠷ ᠬᠠᠮᠤᠭ ᠤᠨ ᠲᠥᠬᠦᠮ᠂ ᠭᠦᠢᠴᠡᠳᠬᠡᠬᠦ ᠴᠠᠭ ᠤᠨ ᠬᠢᠵᠠᠭᠠᠷ ᠢᠶᠠᠷ ᠬᠠᠮᠤᠭ ᠤᠨ ᠣᠬᠤᠷ᠂ | ᠦᠢᠯᠡᠴᠢᠯᠡᠭᠡᠨ ᠤ ᠶᠠᠰᠤ ᠴᠢᠨᠠᠷ ᠢᠶᠠᠷ ᠬᠠᠮᠤᠭ ᠤᠨ ᠰᠢᠯᠢᠳᠡᠭ︶ ᠪᠠ ︽ᠵᠢᠷᠭᠤᠭ᠎ᠠ ᠶᠢ ᠨᠢᠭᠡᠳᠦᠯᠲᠡᠢ︾ ︵ᠳᠠᠷᠤᠢ᠄ | ᠭᠠᠷᠲᠠᠨ ᠭᠦᠢᠴᠡᠳᠬᠡᠬᠦ ᠵᠦᠢᠯᠡᠰ ᠤᠨ ᠨᠡᠷᠡᠶᠢᠳᠦᠯ᠂ ᠭᠠᠷᠲᠠᠨ ᠭᠦᠢᠴᠡᠳᠬᠡᠬᠦ ᠠᠷᠭ᠎ᠠ ᠮᠠᠶ᠋ᠢᠭ ᠢ ᠨᠢᠭᠡᠳᠬᠡᠵᠦ᠂ | ᠭᠠᠷᠲᠠᠨ ᠭᠦᠢᠴᠡᠳᠬᠡᠬᠦ ᠴᠤᠪᠤᠷᠠᠯ ᠢ ᠨᠢᠭᠡᠳᠬᠡᠵᠦ᠂ ᠭᠤᠶᠤᠴᠢᠯᠠᠨ ᠭᠦᠢᠴᠡᠳᠬᠡᠬᠦ ᠮᠠᠲ᠋ᠧᠷᠢᠶᠠᠯ ᠢ ᠨᠢᠭᠡᠳᠬᠡᠵᠦ᠂ | ᠭᠦᠢᠴᠡᠳᠬᠡᠬᠦ ᠴᠠᠭ ᠤᠨ ᠬᠢᠵᠠᠭᠠᠷ ᠢ ᠨᠢᠭᠡᠳᠬᠡᠵᠦ᠂ ᠦᠢᠯᠡᠴᠢᠯᠡᠭᠡᠨ ᠤ ᠪᠠᠷᠢᠮᠵᠢᠶ᠎ᠠ ᠶᠢ ᠨᠢᠭᠡᠳᠬᠡᠨ᠎ᠡ︶ ᠶᠣᠰᠣᠭᠠᠷ | ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠵᠦᠢᠯᠡᠰ ᠤᠨ ᠨᠠᠷᠢᠨ ᠬᠠᠭᠤᠳᠠᠰᠤ ᠵᠢᠴᠢ ᠵᠦᠭᠯᠡᠭᠦᠷ ᠢ ᠭᠠᠳᠠᠭᠰᠢ | ᠢᠯᠡ ᠨᠡᠶᠢᠲᠡᠯᠡᠨ᠎ᠡ᠃ ᠡᠭᠦᠨ ᠳᠤ ᠭᠠᠷᠲᠠᠨ ᠭᠦᠢᠴᠡᠳᠬᠡᠬᠦ ᠲᠤᠬᠠᠶᠢᠯᠠᠭᠰᠠᠨ ᠠᠵᠢᠯ ᠤᠨ ᠨᠡᠷᠡᠶᠢᠳᠦᠯ᠂ ᠦᠢᠯᠡᠴᠢᠯᠡᠬᠦ | ᠡᠲᠡᠭᠡᠳ᠂ ᠭᠦᠢᠴᠡᠳᠬᠡᠬᠦ ᠠᠷᠭ᠎ᠠ ᠮᠠᠶ᠋ᠢᠭ᠂ ᠭᠦᠢᠴᠡᠳᠬᠡᠬᠦ ᠶᠠᠪᠤᠴᠠ᠂ ᠭᠦᠢᠴᠡᠳᠬᠡᠬᠦ ᠮᠠᠲ᠋ᠧᠷᠢᠶᠠᠯ᠂ ᠭᠦᠢᠴᠡᠳᠬᠡᠬᠦ | ᠴᠠᠭ ᠤᠨ ᠬᠢᠵᠠᠭᠠᠷ᠂ ᠪᠠᠶᠢᠴᠠᠭᠠᠨ ᠯᠠᠪᠯᠠᠬᠤ ᠠᠷᠭ᠎ᠠ ᠮᠠᠶ᠋ᠢᠭ᠂ ᠬᠢᠨᠠᠯᠲᠠ ᠲᠠᠯᠪᠢᠬᠤ ᠳ᠋ᠢᠶᠠᠩᠬᠤᠸᠠ ᠵᠡᠷᠭᠡ ᠶᠢ | ᠪᠠᠭᠲᠠᠭᠠᠬᠤ ᠶᠢᠨ ᠬᠠᠮᠲᠤ᠂ ᠡᠮᠴᠢᠯᠡᠭᠡᠨ ᠤ ᠳᠠᠭᠠᠳᠬᠠᠯ ᠤᠨ ᠤᠬᠠᠭᠤᠯᠭ᠎ᠠ ᠶᠢᠨ ᠮᠠᠲ᠋ᠧᠷᠢᠶᠠᠯ ᠢ ᠳᠡᠯᠭᠡᠨ ᠲᠠᠯᠪᠢᠬᠤ ᠶᠢᠨ | ᠬᠠᠮᠲᠤ ᠴᠠᠭ ᠲᠤᠬᠠᠢ ᠳᠤᠨᠢ ᠰᠢᠨᠡᠳᠬᠡᠬᠦ ᠬᠡᠷᠡᠭᠲᠡᠢ᠃ | ︵ᠬᠤᠶᠠᠷ︶ ᠦᠢᠯᠡᠴᠢᠯᠡᠭᠡᠨ ᠤ ᠵᠦᠢᠯᠡᠰ ᠢ ᠨᠢᠭᠡᠳᠦᠯᠲᠡᠢ ᠵᠢᠷᠤᠮᠵᠢᠭᠤᠯᠤᠨ᠎ᠠ | ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠨᠢ ︽ᠴᠢᠯᠦᠭᠡᠲᠡᠢ ᠲᠠᠯᠪᠢᠵᠤ ᠪᠣᠯᠬᠤ ᠶᠢ | ᠵᠠᠪᠠᠯ ᠴᠢᠯᠦᠭᠡᠲᠡᠢ ᠲᠠᠯᠪᠢᠬᠤ᠂ ᠴᠢᠯᠦᠭᠡᠲᠡᠢ ᠲᠠᠯᠪᠢᠬᠤ ᠶᠣᠰᠣᠲᠠᠢ ᠶᠢ ᠨᠢ ᠪᠦᠬᠦᠨ ᠢ ᠴᠢᠯᠦᠭᠡᠲᠡᠢ ᠲᠠᠯᠪᠢᠬᠤ︾ | ᠵᠠᠷᠴᠢᠮ ᠢ ᠴᠢᠩᠭ᠎ᠠ ᠵᠢᠷᠤᠮᠯᠠᠨ᠂ ᠰᠤᠮᠤ ᠪᠠᠯᠭᠠᠰᠤ ᠪᠠ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ | ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠢᠭ᠋︶ ᠳᠤ ᠡᠷᠬᠡ | ᠣᠯᠭᠤᠵᠤ᠂ ᠳᠣᠣᠷᠠᠬᠢ ᠮᠡᠲᠦ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠠᠵᠢᠯ ᠢ | ᠥᠷᠨᠢᠭᠦᠯᠬᠦ ᠬᠡᠷᠡᠭᠲᠡᠢ᠃ | 1. ᠰᠤᠮᠤ ᠪᠠᠯᠭᠠᠰᠤ ᠶᠢᠨ ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ | ᠥᠷᠲᠡᠭᠡ ᠶᠢᠨ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠵᠦᠢᠯᠡᠰ᠄ ︵1︶ ᠨᠢᠭᠡᠴᠡ ᠶᠢᠨ ᠳᠠᠭᠠᠳᠬᠠᠯ ᠳᠤ | ᠣᠷᠣᠯᠴᠠᠭᠰᠠᠨ ᠳᠠᠩᠰᠠᠯᠠᠯᠲᠠ︔ ︵2︶ ᠠᠵᠢᠯᠲᠠᠨ ᠠᠵᠢᠯᠴᠢᠨ ᠤ ᠳᠠᠭᠠᠳᠬᠠᠯ ᠳᠤ ᠣᠷᠣᠯᠴᠠᠭᠰᠠᠨ ᠳᠠᠩᠰᠠᠯᠠᠯᠲᠠ︔ | ︵3︶ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠭᠰᠠᠨ ᠮᠡᠳᠡᠭᠡ ᠵᠠᠩᠭᠢ ᠶᠢ | ᠬᠤᠪᠢᠷᠠᠭᠤᠯᠬᠤ ᠳᠠᠩᠰᠠᠯᠠᠯᠲᠠ︔︵4︶ᠡᠭᠦᠳᠡᠨ ᠡᠮᠨᠡᠯᠭᠡ ᠶᠢᠨ ᠵᠠᠷᠤᠳᠠᠯ ᠢ ᠳᠠᠩᠰᠠᠨ ᠠᠴᠠ ᠲᠠᠶᠢᠯᠬᠤ︔ ︵5︶ | ᠡᠮᠨᠡᠯᠭᠡ ᠳᠤ ᠰᠠᠭᠤᠭᠰᠠᠨ ᠵᠠᠷᠤᠳᠠᠯ ᠢ ᠳᠠᠩᠰᠠᠨ ᠠᠴᠠ ᠲᠠᠶᠢᠯᠤᠨ᠎ᠠ;︵6︶ ᠬᠥᠩᠭᠡᠵᠢᠬᠦ ᠠᠴᠠ ᠡᠮᠦᠨᠡᠬᠢ | ᠪᠠᠶᠢᠴᠠᠭᠠᠯᠲᠠ ᠶᠢᠨ ᠵᠠᠷᠤᠳᠠᠯ ᠢ ᠥᠭᠬᠦ︔ ︵7︶ ᠬᠥᠩᠭᠡᠵᠢᠯ ᠤᠨ ᠡᠮᠴᠢᠯᠡᠭᠡᠨ ᠤ ᠵᠠᠷᠤᠳᠠᠯ ᠢ ᠥᠭᠬᠦ︔︵8︶ | ᠲᠥᠯᠥᠪᠯᠡᠭᠡ ᠲᠠᠢ ᠪᠠᠷ ᠬᠡᠦᠬᠡᠳ ᠠᠪᠬᠤ ᠡᠮ ᠡᠮᠨᠡᠯᠭᠡ ᠶᠢᠨ ᠵᠠᠷᠤᠳᠠᠯ ᠢ ᠥᠭᠬᠦ︔ ︵9︶ ᠦᠷᠡᠵᠢᠯ ᠤᠨ ᠨᠥᠬᠦᠪᠦᠷᠢ | ᠮᠥᠩᠭᠦ ᠥᠭᠬᠦ;︵10︶ ᠡᠮ ᠡᠮᠨᠡᠯᠭᠡ ᠶᠢᠨ ᠠᠪᠤᠷᠠᠨ ᠲᠤᠰᠠᠯᠠᠯᠲᠠ ᠬᠦᠷᠲᠡᠬᠦ ᠡᠲᠡᠭᠡᠳ ᠭᠠᠷ ᠢᠶᠠᠷ ᠳᠠᠩᠰᠠ ᠲᠠᠶᠢᠯᠬᠤ | ︵ᠬᠡᠰᠡᠭ ᠪᠤᠰᠠᠭ︶ ᠪᠠᠷ ᠳᠠᠩᠰᠠ ᠲᠠᠶᠢᠯᠬᠤ︔ ︵11︶ ᠬᠤᠳᠠ ᠬᠥᠳᠡᠭᠡ ᠶᠢᠨ ᠰᠠᠭᠤᠭᠠᠯᠢ ᠠᠷᠠᠳ ᠤᠨ | ᠳᠠᠭᠠᠳᠬᠠᠯ ᠳᠤ ᠣᠷᠣᠯᠴᠠᠭᠰᠠᠨ ᠳᠠᠩᠰᠠᠯᠠᠯᠲᠠ︔ ︵12︶ ᠳᠠᠭᠠᠳᠬᠠᠯ ᠲᠤ ᠣᠷᠣᠯᠴᠠᠭᠰᠠᠨ ᠨᠢᠭᠡᠴᠡ ᠶᠢᠨ | ᠳᠠᠭᠠᠳᠬᠠᠯ ᠲᠤ ᠣᠷᠣᠯᠴᠠᠭᠰᠠᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ︵13︶ ᠳᠠᠭᠠᠳᠬᠠᠯ ᠳᠤ | ᠣᠷᠣᠭᠰᠠᠳ ᠤᠨ ᠳᠠᠭᠠᠳᠬᠠᠯ ᠳᠤ ᠣᠷᠣᠯᠴᠠᠭᠰᠠᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ︔ ︵14︶ ᠣᠨᠳᠣᠣ | ᠭᠠᠵᠠᠷ ᠲᠤ ᠲᠥᠪᠬᠢᠨᠡᠭᠦᠯᠦᠭᠰᠡᠨ ᠠᠵᠢᠯ ᠠᠴᠠ ᠪᠠᠨ ᠪᠠᠭᠤᠵᠤ ᠠᠮᠠᠷᠠᠭᠰᠠᠳ ᠢ ᠳᠠᠩᠰᠠᠯᠠᠬᠤ︔ ︵15︶ ᠣᠨᠳᠣᠣ | ᠭᠠᠵᠠᠷ ᠲᠤ ᠤᠷᠳᠤ ᠬᠤᠭᠤᠴᠠᠭ᠎ᠠ ᠪᠠᠷ ᠣᠷᠣᠰᠢᠨ ᠰᠠᠭᠤᠭᠰᠠᠳ ᠢ ᠳᠠᠩᠰᠠᠯᠠᠭᠤᠯᠬᠤ︔ ︵16︶ ᠣᠨᠳᠣᠣ | ᠭᠠᠵᠠᠷ ᠲᠤ ᠪᠠᠶᠢᠩᠭᠤ ᠰᠠᠭᠤᠭ᠎ᠠ ᠠᠵᠢᠯᠲᠠᠨ ᠢ ᠳᠠᠩᠰᠠᠯᠠᠭᠤᠯᠤᠨ᠎ᠠ︔ ︵17︶ ᠣᠨᠳᠣᠣ ᠭᠠᠵᠠᠷ ᠲᠤ ᠰᠢᠯᠵᠢᠭᠦᠯᠦᠨ | ᠡᠮᠨᠡᠭᠦᠯᠬᠦ ᠬᠥᠮᠥᠰ ᠢ ᠳᠠᠩᠰᠠᠯᠠᠭᠤᠯᠤᠨ᠎ᠠ᠃ | 2. ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ | ᠦᠢᠯᠡᠴᠢᠯᠡᠭᠡᠨ ᠤ ᠴᠢᠭ᠋ ᠤᠨ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠵᠦᠢᠯᠡᠰ᠄ ︵1︶ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠭᠰᠠᠨ ᠳᠠᠩᠰᠠᠯᠠᠯᠲᠠ︔ ︵2︶ ᠳᠠᠭᠠᠳᠬᠠᠯ ᠳᠤ ᠣᠷᠣᠯᠴᠠᠭᠰᠠᠨ | ᠨᠢᠭᠡᠴᠡ ᠶᠢᠨ ᠳᠠᠭᠠᠳᠬᠠᠯ ᠳᠤ ᠣᠷᠣᠯᠴᠠᠭᠰᠠᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ︔ ︵3︶ ᠳᠠᠭᠠᠳᠬᠠᠯ ᠳᠤ | ᠣᠷᠣᠭᠰᠠᠳ ᠤᠨ ᠳᠠᠭᠠᠳᠬᠠᠯ ᠳᠤ ᠣᠷᠣᠯᠴᠠᠭᠰᠠᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ︔ ︵4︶ ᠣᠨᠳᠣᠣ | ᠭᠠᠵᠠᠷ ᠲᠤ ᠲᠥᠪᠬᠢᠨᠡᠭᠦᠯᠦᠭᠰᠡᠨ ᠠᠵᠢᠯ ᠠᠴᠠ ᠪᠠᠨ ᠪᠠᠭᠤᠵᠤ ᠠᠮᠠᠷᠠᠭᠰᠠᠳ ᠢ ᠳᠠᠩᠰᠠᠯᠠᠬᠤ︔ ︵5︶ ᠣᠨᠳᠣᠣ | ᠭᠠᠵᠠᠷ ᠲᠤ ᠤᠷᠳᠤ ᠬᠤᠭᠤᠴᠠᠭ᠎ᠠ ᠪᠠᠷ ᠣᠷᠣᠰᠢᠨ ᠰᠠᠭᠤᠭᠰᠠᠳ ᠢ ᠳᠠᠩᠰᠠᠯᠠᠬᠤ︔ ︵6︶ ᠣᠨᠳᠣᠣ ᠭᠠᠵᠠᠷ ᠲᠤ | ᠪᠠᠶᠢᠩᠭᠤ ᠰᠠᠭᠤᠭ᠎ᠠ ᠠᠵᠢᠯᠲᠠᠨ ᠢ ᠳᠠᠩᠰᠠᠯᠠᠭᠤᠯᠤᠨ᠎ᠠ︔ ︵7︶ ᠣᠨᠳᠣᠣ ᠭᠠᠵᠠᠷ ᠲᠤ ᠰᠢᠯᠵᠢᠭᠦᠯᠦᠨ | ᠡᠮᠨᠡᠭᠦᠯᠦᠭᠰᠡᠳ ᠢ ᠳᠠᠩᠰᠠᠯᠠᠭᠤᠯᠤᠨ᠎ᠠ᠃ | ᠵᠢᠷᠭᠤᠭ᠎ᠠ᠂ ᠬᠡᠷᠡᠭᠵᠢᠭᠦᠯᠬᠦ ᠠᠯᠬᠤᠮ ᠳᠠᠷᠠᠭ᠎ᠠ | ︵ᠨᠢᠭᠡ︶ ᠳᠠᠶᠢᠴᠢᠯᠠᠨ ᠪᠠᠶᠢᠷᠢᠯᠠᠭᠤᠯᠬᠤ ︵2 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ︶᠃ᠡᠯ᠎ᠡ ᠰᠤᠮᠤ | ᠪᠠᠯᠭᠠᠰᠤ ᠶᠢᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠥᠰᠥᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ | ᠪᠣᠳᠠᠲᠠᠢ ᠪᠠᠶᠢᠳᠠᠯ ᠲᠠᠢ ᠪᠠᠨ ᠤᠶᠠᠯᠳᠤᠭᠤᠯᠵᠤ᠂ ᠡᠭᠦᠷᠭᠡ ᠶᠢ ᠵᠠᠳᠠᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ | ᠦᠨᠳᠦᠰᠦᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠢᠭ᠋︶ ᠶᠢᠨ ᠪᠦᠲᠦᠭᠡᠨ | ᠪᠠᠶᠢᠭᠤᠯᠤᠯᠲᠠ ᠶᠢᠨ ᠨᠠᠷᠢᠨ ᠲᠠᠩᠰᠠ ︵ᠳᠠᠭᠠᠯᠳᠤᠭᠤᠯᠤᠯ 2᠂ 3︶ ᠶᠢ ᠲᠣᠳᠣᠷᠬᠠᠶᠢᠯᠠᠵᠤ᠂ ᠠᠵᠢᠯ ᠢ ᠠᠬᠢᠭᠤᠯᠬᠤ | ᠡᠬᠡ ᠲᠠᠩᠰᠠ ᠪᠠᠶᠢᠭᠤᠯᠵᠤ᠂ 2 ᠳ᠋ᠤᠭᠠᠷ ᠰᠠᠷ᠎ᠠ ᠶᠢᠨ 22 ᠤᠨ ᠡᠳᠦᠷ ᠠᠴᠠ ᠡᠮᠦᠨ᠎ᠡ ᠬᠡᠷᠡᠭᠵᠢᠭᠦᠯᠬᠦ ᠲᠥᠰᠥᠯ᠂ | ᠪᠦᠲᠦᠭᠡᠨ ᠪᠠᠶᠢᠭᠤᠯᠤᠯᠲᠠ ᠶᠢᠨ ᠨᠠᠷᠢᠨ ᠲᠠᠩᠰᠠ ᠪᠠ ᠠᠵᠢᠯ ᠤᠨ ᠡᠬᠡ ᠲᠠᠩᠰᠠ ᠪᠠᠨ ᠬᠤᠰᠢᠭᠤᠨ ᠡᠮ ᠡᠮᠨᠡᠯᠭᠡ ᠶᠢᠨ | ᠪᠠᠲᠤᠯᠠᠭ᠎ᠠ ᠶᠢᠨ ᠲᠣᠪᠴᠢᠶ᠎ᠠ ᠳᠤ ᠮᠡᠳᠡᠭᠦᠯᠵᠦ ᠳᠠᠩᠰᠠᠯᠠᠭᠤᠯᠤᠨ᠎ᠠ᠃ | ︵ᠬᠤᠶᠠᠷ︶ ᠨᠢᠭᠡᠳᠦᠯᠲᠡᠢ ᠲᠥᠯᠥᠪᠯᠡᠨ ᠠᠬᠢᠭᠤᠯᠤᠨ᠎ᠠ ︵11 ᠳ᠋ᠦᠭᠡᠷ ᠰᠠᠷ᠎ᠠ ᠶᠢᠨ ᠳᠤᠮᠳᠠᠴᠢ ᠠᠴᠠ ᠡᠮᠦᠨ᠎ᠡ︶ | ᠃ ᠣᠨ ᠤ ᠲᠤᠰᠬᠠᠢ ᠠᠵᠢᠯ ᠤᠨ ᠲᠣᠬᠢᠷᠠᠭᠤᠯᠤᠯᠲᠠ ᠶᠣᠰᠣᠭᠠᠷ᠂ ᠪᠦᠭᠦ ᠬᠤᠰᠢᠭᠤᠨ ᠤ ᠨᠢᠭᠡᠳᠦᠭᠡᠷ ᠤᠯᠠᠷᠢᠯ ᠳᠤ | ᠣᠨ ᠤ ᠡᠭᠦᠷᠭᠡ ᠶᠢᠨ 50 ᠶᠢ ᠪᠡᠶᠡᠯᠡᠭᠦᠯᠵᠦ᠂ ᠬᠤᠶᠠᠳᠤᠭᠠᠷ ᠤᠯᠠᠷᠢᠯ ᠳᠤ ᠣᠨ ᠤ ᠡᠭᠦᠷᠭᠡ ᠶᠢᠨ 70 ᠶᠢ | ᠪᠡᠶᠡᠯᠡᠭᠦᠯᠵᠦ᠂ ᠭᠤᠷᠪᠠᠳᠤᠭᠠᠷ ᠤᠯᠠᠷᠢᠯ ᠳᠤ ᠣᠨ ᠤ ᠡᠭᠦᠷᠭᠡ ᠶᠢᠨ 95 ᠶᠢ ᠪᠡᠶᠡᠯᠡᠭᠦᠯᠵᠦ᠂ 11 ᠰᠠᠷ᠎ᠠ ᠶᠢᠨ | ᠰᠡᠭᠦᠯᠴᠢ ᠠᠴᠠ ᠡᠮᠦᠨ᠎ᠡ 100 ᠪᠠᠷ ᠣᠨ ᠤ ᠡᠭᠦᠷᠭᠡ ᠪᠠᠨ ᠪᠡᠶᠡᠯᠡᠭᠦᠯᠦᠨ᠎ᠡ᠃ ᠬᠤᠰᠢᠭᠤᠨ ᠤ ᠡᠮ ᠡᠮᠨᠡᠯᠭᠡ ᠶᠢᠨ | ᠪᠠᠲᠤᠯᠠᠭ᠎ᠠ ᠶᠢᠨ ᠲᠣᠪᠴᠢᠶ᠎ᠠ ᠦᠨᠳᠦᠰᠦᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ | ᠥᠷᠲᠡᠭᠡ ︵ᠴᠢᠭ᠋︶ ᠳᠤ ᠤᠯᠠᠷᠢᠯ ᠤᠯᠠᠷᠢᠯ ᠢᠶᠠᠷ ᠰᠤᠭᠤᠴᠢᠨ ᠪᠠᠶᠢᠴᠠᠭᠠᠯᠲᠠ ᠬᠢᠵᠦ᠂ 5 ᠲᠣᠰᠬᠤᠨ ᠠᠴᠠ | ᠳᠤᠲᠠᠭᠤ ᠦᠭᠡᠢ ᠰᠤᠭᠤᠴᠢᠨ ᠪᠠᠶᠢᠴᠠᠭᠠᠯᠲᠠ ᠬᠢᠨ᠎ᠡ᠃ | ︵ᠭᠤᠷᠪᠠ︶ ᠶᠡᠷᠦᠩᠬᠡᠢ ᠳᠤᠨᠢ ᠰᠢᠯᠭᠠᠨ ᠠᠪᠬᠤ ︵12 ᠳ᠋ᠤᠭᠠᠷ ᠰᠠᠷ᠎ᠠ ᠶᠢᠨ ᠳᠤᠮᠳᠠᠴᠢ ᠠᠴᠠ ᠡᠮᠦᠨ᠎ᠡ︶᠃ | ᠬᠤᠰᠢᠭᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠨᠢ 10 ᠳ᠋ᠤᠭᠠᠷ ᠰᠠᠷ᠎ᠠ ᠶᠢᠨ ᠳᠤᠮᠳᠠᠴᠢ ᠠᠴᠠ ᠡᠮᠦᠨ᠎ᠡ | ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠢᠭ᠋︶ ᠶᠢᠨ ᠪᠦᠲᠦᠭᠡᠨ | ᠪᠠᠶᠢᠭᠤᠯᠤᠯᠲᠠ ᠶᠢᠨ ᠪᠠᠶᠢᠳᠠᠯ ᠢ ᠵᠠᠷᠯᠠᠨ ᠮᠡᠳᠡᠭᠳᠡᠵᠦ᠂ 11 ᠳ᠋ᠦᠭᠡᠷ ᠰᠠᠷ᠎ᠠ ᠶᠢᠨ 30 ᠤ ᠡᠳᠦᠷ ᠠᠴᠠ ᠡᠮᠦᠨ᠎ᠡ | ᠪᠦᠲᠦᠭᠡᠨ ᠪᠠᠶᠢᠭᠤᠯᠤᠯᠲᠠ ᠶᠢᠨ ᠠᠵᠢᠯ ᠢᠶᠠᠨ ᠪᠡᠶᠡᠯᠡᠭᠦᠯᠦᠭᠰᠡᠨ ᠪᠠᠶᠢᠳᠠᠯ ᠢᠶᠠᠨ ᠬᠤᠰᠢᠭᠤᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠵᠢᠴᠢ ᠠᠶᠢᠮᠠᠭ ᠤᠨ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠳᠤ ᠮᠡᠳᠡᠭᠦᠯᠬᠦ ᠬᠡᠷᠡᠭᠲᠡᠢ᠃ | ᠳᠣᠯᠤᠭ᠎ᠠ᠂ ᠠᠵᠢᠯ ᠤᠨ ᠱᠠᠭᠠᠷᠳᠠᠯᠭ᠎ᠠ | ︵ᠨᠢᠭᠡ︶ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠳᠲᠡᠷ ᠲᠦᠷᠭᠡᠨ ᠪᠠᠶᠢᠷᠢᠯᠠᠭᠤᠯᠬᠤ ᠬᠡᠷᠡᠭᠲᠡᠢ᠃ | ᠦᠨᠳᠦᠰᠦᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠢᠭ᠋︶ ᠶᠢᠨ ᠪᠦᠲᠦᠭᠡᠨ | ᠪᠠᠶᠢᠭᠤᠯᠤᠯᠲᠠ ᠪᠣᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 2023 ᠣᠨ ᠤ ︽ | ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠭᠤᠣᠯᠳᠠᠯᠭ᠎ᠠ ᠲᠠᠢ ᠠᠵᠢᠯ ᠤᠨ ᠡᠭᠦᠷᠭᠡ ᠪᠠ ᠥᠪᠡᠷᠲᠡᠭᠡᠨ | ᠵᠠᠰᠠᠬᠤ ᠣᠷᠣᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠪᠠᠶᠢᠷᠢᠯᠠᠭᠤᠯᠤᠭᠰᠠᠨ ᠨᠢᠭᠡ ᠵᠦᠢᠯ ᠤᠨ | ᠭᠤᠣᠯᠳᠠᠯᠭ᠎ᠠ ᠲᠠᠢ ᠠᠵᠢᠯ ᠮᠥᠨ᠂ ᠨᠠᠩ ᠴᠤ ᠡᠮ ᠡᠮᠨᠡᠯᠭᠡ ᠶᠢᠨ ᠳᠠᠭᠠᠳᠬᠠᠯ ᠤᠨ ᠣᠯᠠᠨ ᠲᠦᠮᠡᠨ ᠳᠤ ᠦᠢᠯᠡᠴᠢᠯᠡᠬᠦ | ︽ᠡᠴᠦᠰ ᠤᠨ ᠨᠢᠭᠡ ᠺᠢᠯᠣᠮᠧᠲᠷ︾ ᠢ ᠰᠢᠢᠳᠪᠦᠷᠢᠯᠡᠬᠦ ᠠᠷᠠᠳ ᠤᠨᠡᠯ᠎ᠡ ᠰᠤᠮᠤ ᠪᠠᠯᠭᠠᠰᠤ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠨᠢᠭᠡᠳᠦᠭᠡᠷ ᠬᠠᠷᠢᠭᠤᠴᠠᠯᠭᠠᠲᠠᠨ ᠢᠶᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠤᠳᠤᠷᠢᠳᠬᠤ | ᠳᠤᠭᠤᠶᠢᠯᠠᠩ ᠢ ᠲᠦᠷᠭᠡᠨ ᠪᠠᠶᠢᠭᠤᠯᠵᠤ᠂ ᠠᠵᠢᠯ ᠤᠨ ᠲᠥᠰᠥᠯ ᠢᠶᠠᠨ ᠰᠤᠳᠤᠯᠤᠨ᠂ ᠪᠣᠳᠠᠲᠠᠢ ᠠᠷᠭ᠎ᠠ ᠬᠡᠮᠵᠢᠶ᠎ᠡ | ᠲᠣᠭᠲᠠᠭᠠᠵᠤ᠂ ᠨᠢᠭᠡᠳᠦᠯᠲᠡᠢ ᠲᠥᠯᠥᠪᠯᠡᠨ ᠪᠠᠶᠢᠷᠢᠯᠠᠭᠤᠯᠵᠤ ᠲᠣᠬᠢᠷᠠᠭᠤᠯᠤᠨ᠂ ᠠᠵᠢᠯ ᠢᠶᠠᠨ ᠲᠦᠷᠭᠡᠳᠬᠡᠨ | ᠠᠬᠢᠭᠤᠯᠵᠤ᠂ ᠡᠭᠦᠷᠭᠡ ᠪᠠᠨ ᠤᠷᠤᠭᠰᠢᠲᠠᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ | ︵ᠬᠤᠶᠠᠷ︶ ᠲᠣᠬᠢᠷᠠᠭᠤᠯᠤᠯᠲᠠ ᠶᠢ ᠴᠢᠩᠭᠠᠳᠬᠠᠵᠤ᠂ ᠡᠬᠡ ᠲᠠᠩᠰᠠ ᠶᠢ ᠰᠠᠶᠢᠲᠤᠷ ᠬᠢᠨ᠎ᠡ᠃ ᠬᠤᠰᠢᠭᠤᠨ ᠤ | ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠬᠠᠷᠠᠯᠲᠠᠲᠤ ᠡᠭᠦᠷᠭᠡ ᠶᠢ ᠨᠠᠶᠢᠳᠠᠪᠤᠷᠢᠵᠢᠭᠤᠯᠬᠤ ᠡᠬᠡ ᠲᠠᠩᠰᠠ | ᠪᠠᠶᠢᠭᠤᠯᠵᠤ᠂ ᠰᠠᠷ᠎ᠠ ᠳᠤ ᠲᠣᠬᠢᠷᠠᠭᠤᠯᠬᠤ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠬᠤ᠂ ᠲᠠᠰᠢᠷᠠᠮ ᠳᠠᠭᠠᠤ | ᠰᠤᠭᠤᠴᠢᠨ ᠪᠠᠶᠢᠴᠠᠭᠠᠬᠤ ᠠᠷᠭ᠎ᠠ ᠮᠠᠶ᠋ᠢᠭ ᠢ ᠠᠪᠴᠤ᠂ ᠡᠯ᠎ᠡ ᠭᠠᠵᠠᠷ ᠤᠨ ᠡᠭᠦᠷᠭᠡ ᠶᠢ ᠨᠠᠶᠢᠳᠠᠪᠤᠷᠢᠵᠢᠭᠤᠯᠵᠤ ᠪᠠᠶᠢᠭ᠎ᠠ | ᠪᠠᠶᠢᠳᠠᠯ ᠢ ᠲᠣᠬᠢᠷᠠᠭᠤᠯᠤᠨ ᠰᠢᠮᠳᠠᠭᠤᠯᠤᠨ ᠭᠦᠢᠴᠡᠳᠬᠡᠬᠦ ᠶᠢ ᠴᠢᠩᠭᠠᠳᠬᠠᠨ᠎ᠠ᠃ ᠡᠯ᠎ᠡ ᠭᠠᠵᠠᠷ ᠤᠨ ᠬᠢᠨ ᠡᠷᠬᠡᠪᠰᠢ | ᠡᠬᠡ ᠲᠠᠩᠰᠠ ᠶᠢᠨ ᠬᠠᠮᠢᠶᠠᠷᠤᠯᠲᠠ ᠶᠢ ᠪᠣᠳᠠᠲᠠᠶᠢᠵᠢᠭᠤᠯᠤᠨ ᠨᠠᠷᠢᠨ ᠨᠢᠮᠪᠠᠢ ᠬᠢᠵᠦ᠂ ᠪᠦᠲᠦᠭᠡᠨ ᠪᠠᠶᠢᠭᠤᠯᠤᠯᠲᠠ ᠶᠢᠨ | ᠨᠠᠷᠢᠨ ᠲᠠᠩᠰᠠ᠂ ᠬᠠᠷᠢᠭᠤᠴᠠᠯᠭᠠᠲᠤ ᠤᠳᠤᠷᠢᠳᠤᠯᠭ᠎ᠠ᠂ ᠬᠠᠷᠢᠭᠤᠴᠠᠯᠭᠠᠲᠠᠨ ᠪᠠ ᠪᠡᠶᠡᠯᠡᠭᠦᠯᠬᠦ ᠴᠠᠭ ᠤᠨ ᠬᠢᠵᠠᠭᠠᠷ ᠢ | ᠲᠣᠳᠣᠷᠬᠠᠶᠢᠯᠠᠨ᠂ ᠡᠳᠦᠷ ᠲᠤᠲᠤᠮ ᠤᠨ ᠰᠢᠮᠳᠠᠭᠤᠯᠤᠨ ᠭᠦᠢᠴᠡᠳᠬᠡᠬᠦ ᠶᠢ ᠴᠢᠩᠭᠠᠳᠬᠠᠵᠤ᠂ ᠨᠢᠭᠡ ᠨᠢᠭᠡ ᠪᠠᠷ | ᠲᠠᠩᠰᠠ ᠪᠠᠨ ᠬᠠᠰᠤᠵᠤ ᠨᠠᠶᠢᠳᠠᠪᠤᠷᠢᠵᠢᠭᠤᠯᠬᠤ ᠶᠢᠨ ᠬᠠᠮᠲᠤ᠂ ᠲᠤᠰᠬᠠᠢ ᠬᠥᠮᠥᠨ ᠲᠣᠮᠢᠯᠠᠨ ᠬᠠᠷᠢᠭᠤᠴᠠᠭᠤᠯᠵᠤ᠂ | ᠰᠠᠷ᠎ᠠ ᠪᠦᠷᠢ ᠶᠢᠨ 15 ᠤ ᠡᠳᠦᠷ ᠠᠴᠠ ᠡᠮᠦᠨ᠎ᠡ ︽ᠬᠢᠩᠭᠠᠨ ᠠᠶᠢᠮᠠᠭ ᠤᠨ ᠡᠮᠴᠢᠯᠡᠭᠡᠨ ᠤ ᠪᠠᠲᠤᠯᠠᠭ᠎ᠠ ᠶᠢᠨ | ᠦᠢᠯᠡᠴᠢᠯᠡᠭᠡᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠢᠭ᠋︶ ᠶᠢᠨ ᠨᠡᠷᠡᠰ︾ ︵ | ᠳᠠᠭᠠᠯᠳᠤᠭᠤᠯᠤᠯ 4︶ ᠢ ᠲᠠᠭᠯᠠᠵᠤ ᠬᠤᠰᠢᠭᠤᠨ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠳᠤ ᠮᠡᠳᠡᠭᠦᠯᠦᠨ | ᠬᠦᠷᠭᠡᠵᠦ᠂ ᠬᠤᠯᠪᠣᠭᠳᠠᠯ ᠪᠦᠬᠦᠢ ᠮᠡᠳᠡᠭᠡ ᠵᠠᠩᠭᠢ ᠶᠢ ᠬᠤᠰᠢᠭᠤᠨ ᠡᠮᠴᠢᠯᠡᠭᠡᠨ ᠤ ᠳᠠᠭᠠᠳᠬᠠᠯ ᠤᠨ ᠰᠠᠯᠠᠭ᠎ᠠ | ᠮᠥᠴᠢᠷ ᠠᠴᠠ ᠨᠡᠶᠢᠭᠡᠮ ᠳᠤ ᠢᠯᠡ ᠪᠣᠯᠭᠠᠨ᠎ᠠ᠃ ︵ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ | ᠦᠢᠯᠡᠴᠢᠯᠡᠭᠡᠨ ᠤ ᠥᠷᠲᠡᠭᠡ ︵ᠴᠢᠭ᠋︶ ᠶᠢᠨ ᠪᠦᠲᠦᠭᠡᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ | ᠠᠯᠪᠠᠨ ᠭᠡᠷ ᠤᠨ ᠬᠠᠷᠢᠯᠴᠠᠬᠤ ᠬᠥᠮᠥᠨ᠄ ᠵᠢᠷᠭᠠᠯ︔ᠬᠠᠷᠢᠯᠴᠠᠬᠤ ᠤᠲᠠᠰᠤ᠄ 18704894000︔ ᠰᠢᠤᠳᠠᠨ | ᠬᠠᠶᠢᠷᠴᠠᠭ᠄ 304284329@qq.com) | ︵ᠭᠤᠷᠪᠠ︶ ᠥᠷᠭᠡᠨ ᠢᠶᠠᠷ ᠤᠬᠠᠭᠤᠯᠵᠤ᠂ ᠨᠡᠶᠢᠲᠡᠯᠢᠭ ᠵᠢᠱᠢᠶ᠎ᠡ ᠶᠢ ᠪᠤᠢ ᠪᠣᠯᠭᠠᠬᠤ ᠬᠡᠷᠡᠭᠲᠡᠢ᠃ ᠡᠯ᠎ᠡ ᠭᠠᠵᠠᠷ | ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ︽15 ᠮᠢᠨᠦ᠋ᠲ ᠤᠨ ᠡᠮ ᠡᠮᠨᠡᠯᠭᠡ ᠶᠢᠨ ᠳᠠᠭᠠᠳᠬᠠᠯ ᠤᠨ | ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠦᠷᠢᠶ᠎ᠡ︾ ᠶᠢᠨ ᠤᠬᠠᠭᠤᠯᠭ᠎ᠠ ᠶᠢ ᠥᠷᠭᠡᠨ ᠢᠶᠠᠷ | ᠥᠷᠨᠢᠭᠦᠯᠬᠦ ᠶᠢᠨ ᠬᠠᠮᠲᠤ᠂ ᠥᠯᠢᠭᠡᠷ ᠳᠠᠭᠤᠷᠢᠶᠠᠯ ᠪᠣᠯᠬᠤ᠂ ᠨᠡᠶᠢᠲᠡᠯᠢᠭ ᠵᠢᠱᠢᠶ᠎ᠡ ᠶᠢ ᠪᠣᠶ ᠪᠣᠯᠭᠠᠬᠤ ᠶᠢ | ᠴᠢᠬᠤᠯᠠᠴᠢᠯᠠᠵᠤ᠂ ᠰᠠᠶᠢᠨ ᠠᠷᠭ᠎ᠠ ᠬᠢᠳᠡᠯ ᠢ ᠲᠦᠷᠭᠡᠨ ᠬᠠᠭᠤᠯᠪᠤᠷᠢᠯᠠᠨ ᠳᠡᠯᠭᠡᠷᠡᠭᠦᠯᠵᠦ᠂ ᠠᠵᠢᠯ ᠤᠨ ᠮᠡᠳᠡᠭᠡ | ᠵᠠᠩᠭᠢ ᠶᠢ ᠴᠠᠭ ᠲᠤᠬᠠᠢ ᠳᠤᠨᠢ ᠳ᠋ᠦᠩᠨᠡᠨ ᠪᠦᠷᠢᠯᠳᠦᠭᠦᠯᠬᠦ ᠬᠡᠷᠡᠭᠲᠡᠢ᠃ | | |